︽ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾ ︵ᠲᠥᠷᠥ ᠶᠢᠨ | ᠶᠠᠪᠤᠳᠠᠯ ᠤᠨ ᠬᠤᠷᠢᠶᠠᠨ ᠤ ᠵᠠᠷᠯᠢᠭ 715 ᠳ᠋ᠤᠭᠠᠷ ᠲᠣᠭᠠᠲᠤ︶᠂ ︽ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ | ᠬᠤᠷᠢᠶᠠᠬᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ︾ ︵ᠬᠤᠳᠠᠯᠳᠤᠭᠠᠨ ᠤ ᠶᠠᠪᠤᠳᠠᠯ ᠤᠨ | ᠶᠠᠮᠤᠨ ᠤ ᠵᠠᠷᠯᠢᠭ 2020 ᠣᠨ ᠤ 2 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ | ᠶᠣᠰᠣᠭᠠᠷ᠂ ᠳᠣᠤᠷᠠᠬᠢ ᠨᠠᠢᠮᠠᠨ ᠠᠵᠤ ᠠᠬᠤᠶᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠲᠤᠰᠬᠠᠶ | ᠮᠡᠷᠭᠡᠵᠢᠯᠲᠡᠨ ᠤ ᠳᠤᠭᠤᠶᠢᠯᠠᠩ ᠤᠨ ᠲᠤᠬᠠᠶ ᠶᠢᠨ ᠲᠠᠯᠠᠪᠤᠷ ᠤᠨ ᠰᠢᠯᠭᠠᠨ ᠠᠪᠴᠤ ᠬᠢᠨᠠᠨ ᠲᠣᠭᠲᠠᠭᠠᠬᠤ ᠳᠤ ᠬᠢᠷᠢ | ᠲᠡᠩᠴᠡᠭᠰᠡᠨ᠄ | 1. ᠣᠷᠳᠣᠰ ᠬᠤᠲᠠ ᠶᠢᠨ ᠵᠤᠤ ᠢ ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠵᠤ ᠵᠠᠳᠠᠯᠤᠨ | ᠰᠠᠯᠭᠠᠬᠤ ᠬᠢᠵᠠᠭᠠᠷᠲᠤ ᠺᠣᠮᠫᠠᠨᠢ︔ | 2. ᠣᠷᠳᠣᠰ ᠬᠤᠲᠠ ᠶᠢᠨ ᠸᠠᠨ ᠯᠢ ᠳᠠᠬᠢᠯᠲᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ︔ | 3. ᠣᠷᠳᠣᠰ ᠬᠤᠲᠠ ᠶᠢᠨ ᠲᠦᠩ ᠢ ᠳᠠᠬᠢᠯᠲᠠ ᠡᠬᠢ ᠪᠠᠶᠠᠯᠢᠭ ᠤᠨ ᠬᠢᠵᠠᠭᠠᠷᠲᠤ ᠺᠣᠮᠫᠠᠨᠢ︔ | 4. ᠬᠢᠩᠭᠠᠨ ᠠᠶᠢᠮᠠᠭ ᠤᠨ ᠮᠢᠩ ᠯᠢ ᠪᠤᠴᠠᠭᠠᠨ ᠬᠤᠷᠢᠶᠠᠵᠤ ᠵᠠᠳᠠᠯᠤᠨ ᠰᠠᠯᠭᠠᠬᠤ ᠬᠢᠵᠠᠭᠠᠷᠲᠤ ᠺᠣᠮᠫᠠᠨᠢ︔ | 5. ᠤᠯᠠᠭᠠᠨᠬᠠᠳᠠ ᠬᠤᠲᠠ ᠶᠢᠨ ᠬᠤᠩ ᠵᠢᠤᠢ ᠳᠠᠬᠢᠯᠲᠠ ᠡᠬᠢ ᠪᠠᠶᠠᠯᠢᠭ ᠤᠨ ᠬᠢᠵᠠᠭᠠᠷᠲᠤ ᠺᠣᠮᠫᠠᠨᠢ︔ | 6. ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠨ ᠲᠦᠩ ᠳᠠᠬᠢᠯᠲᠠ ᠡᠬᠢ ᠪᠠᠶᠠᠯᠢᠭ ᠢ ᠬᠤᠷᠢᠶᠠᠨ | ᠠᠪᠴᠤ ᠠᠰᠢᠭᠯᠠᠬᠤ ᠬᠢᠵᠠᠭᠠᠷᠲᠤ ᠺᠣᠮᠫᠠᠨᠢ︔ | 7. ᠥᠪᠥᠷ ᠮᠣᠩᠭᠤᠯ ᠤᠨ ᠪᠸᠢ ᠾᠧᠩ ᠳᠠᠬᠢᠯᠲᠠ ᠡᠳ᠋ ᠪᠣᠳᠠᠰ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ︔ | 8. ᠥᠪᠥᠷ ᠮᠤᠩᠬᠤᠯ ᠤᠨ ᠬᠤᠩ ᠲᠧᠩ ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠵᠤ ᠵᠠᠳᠠᠯᠤᠨ | ᠰᠠᠯᠭᠠᠬᠤ ᠬᠢᠵᠠᠭᠠᠷᠲᠤ ᠬᠠᠷᠢᠭᠤᠴᠠᠯᠭᠠᠲᠤ ᠺᠤᠮᠫᠠᠨ᠋ᠢ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ ᠲᠣᠭᠲᠠᠭᠠᠵᠤ᠂ ᠨᠠᠢᠮᠠᠨ | ᠠᠵᠤ ᠠᠬᠤᠶᠢᠯᠠᠯ ᠬᠢᠷᠢ ᠬᠡᠮ ᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠵᠦ᠂ ᠬᠠᠶᠠᠭᠳᠠᠮᠠᠯ ᠮᠠᠰᠢᠨ | ᠲᠡᠷᠭᠡ ᠶᠢ ᠪᠤᠴᠠᠭᠠᠨ ᠬᠤᠷᠢᠶᠠᠵᠤ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ | ᠲᠣᠭᠲᠠᠭᠠᠬᠤ ᠶᠢ ᠵᠥᠪᠰᠢᠶᠡᠷᠡᠬᠦ ᠪᠠᠷ ᠪᠠᠶᠢᠨ᠎ᠠ᠃ ᠡᠳᠦᠭᠡ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ | 5 ᠠᠵᠢᠯᠯᠠᠬᠤ ᠡᠳᠦᠷ ᠪᠣᠯᠤᠨ᠎ᠠ᠃ ᠣᠨᠳᠣᠣ ᠰᠠᠨᠠᠯ ᠲᠠᠢ ᠪᠣᠯ ᠵᠠᠷᠯᠠᠨ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠲᠤᠰᠬᠠᠬᠤ ᠶᠢᠨ ᠬᠠᠮᠲᠤ ᠵᠣᠬᠢᠬᠤ ᠭᠡᠷᠡᠴᠢ | ᠮᠠᠲ᠋ᠧᠷᠢᠶᠠᠯ ᠬᠠᠩᠭᠠᠭᠠᠷᠠᠢ᠃ | ᠬᠠᠷᠢᠯᠴᠠᠬᠤ ᠣᠳᠠᠰᠣ᠄ 0471- 5332429᠂ 0471- 6946529 | ᠬᠢᠨᠠᠯᠲᠠ ᠲᠠᠯᠪᠢᠬᠤ ᠤᠲᠠᠰᠤ᠄ 0471- 6945059 | |