ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠣᠯ 2024 ᠣᠨ ᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠭᠲᠠᠭᠠᠭᠰᠠᠨ | ᠭᠤᠤᠯᠳᠠᠯᠭ᠎ᠠ ᠲᠠᠢ ᠢᠨᠵᠧᠨᠧᠷᠢᠩ ᠮᠥᠨ᠃ ᠡᠨᠡ ᠵᠢᠯ ᠤᠨ ᠠᠩᠬᠠᠨ ᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠨᠢ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃ | ᠣᠷᠳᠣᠰ ᠬᠤᠲᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠢᠶᠠᠷ ᠬᠦᠴᠦᠲᠡᠶ ᠭᠠᠷᠳᠠᠴᠠ ᠪᠣᠯᠭᠠᠬᠤ ᠶᠢ ᠪᠠᠷᠢᠮᠲᠠᠯᠠᠨ᠂ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ | ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ ᠶᠡᠭᠡ ᠬᠦᠷᠢᠶᠡᠨ ᠳᠤ ᠭᠦᠨᠵᠡᠭᠡᠶ ᠠᠩᠬᠠᠷᠤᠯ ᠢᠶᠠᠨ | ᠲᠥᠪᠯᠡᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠳᠠᠬᠢ ᠲᠣᠪᠤᠶᠢᠮ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠥᠷᠭᠡᠨ ᠣᠯᠠᠨ ᠡᠵᠡᠩᠨᠡᠯᠲᠡ ᠶᠢᠨ ᠭᠤᠤᠯ ᠴᠣᠭᠴᠠ ᠶᠢᠨ ᠪᠠᠯᠠ ᠣᠷᠣᠭᠤᠯᠵᠤ ᠦᠢᠯᠡᠰ | ᠪᠤᠰᠬᠠᠬᠤ ᠳᠤ ᠬᠤᠳᠠᠯᠳᠤᠭ᠎ᠠ ᠡᠵᠡᠩᠨᠡᠬᠦ ︽ᠬᠠᠯᠠᠭᠤᠨ ᠬᠥᠷᠥᠰᠥ︾ ᠶᠢ ᠡᠭᠦᠳᠴᠦ ᠥᠭᠪᠡ᠃ | ᠨᠢᠭᠡ ᠳᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 13 | ᠵᠦᠢᠯ ᠤᠨ ︽ᠦᠨᠳᠦᠷ ᠪᠦᠳᠦᠮᠵᠢᠳᠠᠢ ᠪᠠᠷ ᠨᠢᠬᠡ ᠶᠠᠪᠤᠳᠠᠯ ᠢ ᠰᠢᠢᠳᠪᠤᠷᠢᠯᠡᠬᠦ︾ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ︽ᠤᠷᠳᠤᠰ ᠤᠨ ᠠᠵᠤ ᠠᠬᠤᠢᠢᠯᠠᠯ ᠤᠨ ᠲᠤᠰᠬᠠᠢ ᠤᠷᠤᠨ ᠵᠠᠢ︾ ᠶᠢ ᠪᠤᠢ ᠪᠤᠯᠭᠠᠪᠠ᠃ ᠬᠤᠲᠠ᠂ | ᠬᠤᠰᠢᠭᠤ ︵ᠲᠣᠭᠤᠷᠢᠭ︶ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠬᠤ︾ ᠢᠯᠡᠴᠢᠯᠡᠨ ᠮᠡᠳᠡᠭᠦᠯᠬᠦ 12 ᠴᠣᠩᠬᠤ ᠭᠠᠷᠭᠠᠵᠤ᠂ ᠣᠲᠣ | ᠨᠢᠭᠡᠨᠲᠡ ᠵᠠᠰᠠᠭ ᠤᠨ ᠣᠷᠳᠣᠨ ᠤ ᠭᠡᠷ᠎ᠡ ᠶᠢ ᠵᠥᠷᠢᠴᠡᠭᠰᠡᠨ ᠵᠠᠭᠠᠯᠳᠤᠯᠭ᠎ᠠ ᠶᠢᠨ ᠴᠣᠩᠬᠤ᠂ ︽ᠥᠪᠥᠷ ᠮᠣᠩᠭᠤᠯ ᠤᠨ | ᠠᠵᠤ ᠠᠬᠤᠶᠢᠯᠠᠯ ᠳᠤ ᠨᠡᠪᠲᠡᠷᠡᠬᠦ︾ ᠲᠠᠪᠴᠠᠩ ᠬᠢᠭᠡᠳ 12345 ᠠᠷᠠᠳ ᠲᠤ ᠲᠥᠬᠦᠮ ᠦᠵᠡᠭᠦᠯᠬᠦ ᠤᠲᠠᠰᠤ ᠶᠢ | ᠭᠦᠨᠵᠡᠭᠡᠶ ᠠᠭᠤᠰᠤᠯᠴᠠᠭᠤᠯᠵᠤ᠂ ᠥᠨᠳᠥᠷ ᠪᠦᠲᠦᠮᠵᠢᠲᠡᠶ ᠠᠵᠢᠯᠯᠠᠭᠤᠯᠪᠠ᠃ ᠵᠠᠰᠠᠭ ᠤᠨ ᠣᠷᠳᠣᠨ ᠤ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠶᠢ ᠶᠡᠭᠡ ᠪᠠᠷ ᠵᠢᠭᠰᠠᠭᠠᠨ ᠪᠠᠶᠢᠴᠠᠭᠠᠵᠤ ᠦᠨᠳᠦᠰᠦᠨ ᠠᠴᠠ ᠨᠢ ᠰᠢᠢᠳᠪᠦᠷᠢᠯᠡᠬᠦ ᠪᠠ | 16 ᠬᠦᠷᠢᠶ᠎ᠡ ᠴᠠᠷᠠᠭ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠵᠣᠭᠤᠰ ᠢ ᠨᠡᠶᠢᠲᠡ 219 ᠳ᠋ᠦᠩᠰᠢᠭᠤᠷ ᠲᠥᠭᠦᠷᠢᠭ ᠲᠥᠯᠥᠵᠦ | ᠳᠠᠭᠤᠰᠬᠠᠨ᠂ ᠥᠷᠢ ᠰᠢᠷᠢ ᠶᠢ ᠢᠯᠭᠠᠷᠠᠭᠤᠯᠤᠭᠰᠠᠨ ᠠᠬᠢᠴᠠ ᠪᠥᠬᠦ ᠣᠷᠣᠨ ᠤ ᠲᠡᠷᠢᠭᠦᠨ ᠳᠤ ᠣᠷᠣᠪᠠ᠃ | ᠬᠤᠶᠠᠷ ᠲᠤ᠂ ᠢᠲᠡᠭᠡᠮᠵᠢ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭᠠᠨ ᠤ | ᠶᠠᠪᠤᠳᠠᠯ ᠤᠨ ᠦᠨᠡᠨᠴᠢ ᠢᠲᠡᠭᠡᠮᠵᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠥᠬᠦ | ᠬᠤᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠶᠢ ᠠᠬᠢᠭᠤᠯᠵᠤ᠂ ᠡᠯ᠎ᠡ | ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ 2600 ᠲᠦᠮᠡ ᠭᠠᠷᠤᠶ ᠰᠢᠩᠭᠡᠭᠡᠨ ᠠᠪᠴᠤ᠂ ᠥᠪᠡᠷᠲᠡᠭᠡᠨ | ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠨᠡᠶᠢᠲᠡ 3 ᠲᠦᠮᠡ ᠭᠠᠷᠤᠶ ᠰᠢᠯᠭᠠᠷᠠᠭᠤᠯᠪᠠ᠃ | ᠤᠯᠤᠰ ᠤᠨ ᠢᠲᠡᠭᠡᠮᠵᠢ ᠶᠢᠨ ᠬᠠᠮᠵᠢᠯᠴᠠᠬᠤ ᠠᠵᠢᠯ ᠤᠨ ᠲᠠᠪᠴᠠᠩ ᠳᠤ ᠲᠦᠰᠢᠭᠯᠡᠨ᠂ ᠨᠡᠶᠢᠲᠡ 2100 ᠠᠵᠤ | ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ ᠶᠢ ᠪᠡᠶᠡᠯᠡᠭᠦᠯᠪᠡ᠃ ᠵᠠᠰᠠᠭ ᠵᠠᠬᠢᠷᠭᠠᠨ ᠤ ᠵᠥᠪᠰᠢᠶᠡᠷᠡᠯ᠂ ᠪᠠᠯᠠ | ᠮᠥᠩᠭᠦ ᠪᠠᠷ ᠲᠡᠳᠬᠦᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠣᠯᠠᠨ ᠬᠦᠷᠢᠶᠡᠨ ᠳᠤ | ᠢᠲᠡᠭᠡᠮᠵᠢ ᠶᠢᠨ ᠲᠠᠯᠠᠪᠤᠷ ᠤᠨ ᠬᠡᠷᠡᠭᠯᠡᠯᠲᠡ ᠶᠢ ᠬᠡᠷᠡᠭᠵᠢᠭᠦᠯᠵᠦ᠂ ︽ᠢᠲᠡᠭᠡᠮᠵᠢ ᠶᠢ ᠬᠢᠨᠠᠨ ᠵᠥᠪᠰᠢᠶᠡᠷᠡᠬᠦ︾ ︽ | ᠢᠲᠡᠭᠡᠮᠵᠢᠲᠦ ᠵᠢᠭᠡᠯᠡᠯᠭᠡ︾ ︽ᠢᠲᠡᠭᠡᠮᠵᠢ ᠶᠢ ᠵᠥᠪᠰᠢᠶᠡᠷᠡᠨ ᠣᠷᠣᠭᠤᠯᠬᠤ︾ ᠵᠡᠷᠭᠡ ᠰᠢᠨ᠎ᠡ ᠵᠠᠭᠪᠤᠷ ᠢ ᠪᠣᠶ | ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠮᠠᠯᠠᠯᠲᠠ ᠳᠤ ᠲᠥᠬᠦᠮ ᠦᠵᠡᠭᠦᠯᠬᠦ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠪᠠ᠃ ᠣᠳᠣᠬᠠᠨ ᠪᠣᠯᠲᠠᠯ᠎ᠠ᠂ ᠣᠷᠳᠣᠰ | ᠬᠤᠲᠠ ᠥᠪᠥᠷ ᠮᠣᠩᠭᠤᠯ ᠤᠨ ᠳᠤᠮᠳᠠ ᠪᠠᠭ᠎ᠠ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠳᠤ 45933 ᠠᠵᠤ ᠠᠬᠤᠶᠢᠯᠠᠯ ᠳᠤ ᠣᠷᠣᠵᠤ᠂ ᠪᠥᠬᠦ ᠬᠤᠲᠠ ᠶᠢᠨ ᠠᠵᠤ | ᠠᠬᠤᠶᠢᠯᠠᠯ ᠳᠤ ᠨᠡᠶᠢᠲᠡ 1.1 ᠳ᠋ᠦᠩᠰᠢᠭᠤᠷ ᠲᠥᠭᠦᠷᠢᠭ ᠤᠨ ᠢᠲᠡᠭᠡᠮᠵᠢ ᠬᠠᠩᠭᠠᠭᠰᠠᠨ ᠪᠠᠶᠢᠨ᠎ᠠ᠃ | ᠭᠤᠷᠪᠠ ᠳᠤ᠂ ᠤᠳᠤᠷᠢᠳᠤᠮᠵᠢ ᠶᠢ ᠪᠣᠶ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ | ᠦᠨᠡᠨᠴᠢ ᠢᠲᠡᠭᠡᠮᠵᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ︽ | ᠣᠯᠠᠨ ᠦᠨᠡᠯᠡᠬᠦ · ᠺᠣᠳ᠋ ᠳᠡᠭᠡᠷᠡᠬᠢ ᠠᠮᠢᠳᠤᠷᠠᠯ︾ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠶᠤᠨᠴᠢ ᠲᠠᠪᠴᠠᠩ ᠳᠤ ᠲᠦᠰᠢᠭᠯᠡᠨ᠂ ᠦᠨᠡᠨᠴᠢ ᠢᠲᠡᠭᠡᠮᠵᠢᠲᠡᠶ ᠪᠠᠶᠢᠬᠤ ᠤᠷᠮᠠᠰᠢᠭᠤᠯᠬᠤ ᠲᠣᠭᠲᠠᠴᠠ ᠶᠢ | ᠪᠠᠶᠢᠭᠤᠯᠤᠨ᠎ᠠ︔ ᠬᠤᠲᠠ ᠶᠢᠨ ᠱᠠᠲᠤᠨ ᠤ ᠵᠠᠭᠤᠴᠢᠯᠠᠭᠤᠷ ᠤᠨ ᠲᠠᠪᠴᠠᠩ ᠢ ᠵᠣᠬᠢᠶᠠᠨ ᠪᠠᠶᠢᠭᠤᠯᠤᠨ ︽ᠦᠨᠡᠨᠴᠢ | ᠢᠲᠡᠭᠡᠮᠵᠢᠲᠡᠶ ᠲᠦᠮᠡᠨ ᠭᠠᠵᠠᠷ ᠤᠨ ᠠᠶᠠᠯᠠᠯ︾᠂ ︽ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ | ᠲᠡᠮᠳᠡᠭᠲᠦ ᠶᠢ ᠴᠤᠤᠷᠢᠶᠠᠲᠤᠭᠤᠯᠤᠨ᠎ᠠ · ᠣᠷᠳᠣᠰ ᠠᠵᠢᠯᠯᠠᠭ᠎ᠠ ᠬᠢᠵᠦ ᠪᠠᠶᠢᠨ᠎ᠠ︾ ᠵᠡᠷᠭᠡ ᠲᠤᠰᠬᠠᠶ ᠪᠤᠯᠤᠩ | ᠭᠠᠷᠭᠠᠵᠤ᠂ ᠨᠢᠭᠡ ᠪᠦᠯᠦᠭ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠤᠬᠠᠭᠤᠯᠤᠨ ᠲᠠᠨᠢᠯᠴᠠᠭᠤᠯᠪᠠ︔ | ᠬᠢᠶ᠎ᠠ ᠪᠠᠭᠰᠢ ᠲᠣᠭᠤᠷᠢᠭ ᠤᠨ ᠭᠤᠤᠯ ᠴᠡᠴᠡᠷᠯᠢᠭ ᠲᠤ ︽ᠶᠣᠰᠣ ᠮᠣᠷᠠᠯ ᠤᠨ ᠬᠤᠲᠠ · ᠥᠯᠢᠭᠡᠷ ᠳᠠᠭᠤᠷᠢᠶᠠᠯ ᠤᠨ | ᠬᠦᠴᠦᠨ︾ ᠪᠦᠬᠦᠢ ᠦᠨᠡᠨᠴᠢ ᠢᠲᠡᠭᠡᠮᠵᠢ ᠶᠢᠨ ᠭᠤᠤᠯ ᠰᠡᠳᠦᠪᠲᠦ ᠤᠬᠠᠭᠤᠯᠭ᠎ᠠ ᠶᠢᠨ ᠲᠣᠭᠤᠷᠢᠭ ᠢ ᠪᠠᠶᠢᠭᠤᠯᠤᠨ᠎ᠠ᠃ | ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠵᠠᠭᠪᠤᠷ ᠢ ᠬᠡᠷᠡᠭᠯᠡᠨ᠂ ᠡᠯ᠎ᠡ ᠵᠦᠢᠯ ᠤᠨ | ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ ᠪᠥᠬᠦ ᠬᠤᠲᠠ ᠳᠤ ᠦᠨᠡᠨᠴᠢ ᠢᠲᠡᠭᠡᠮᠵᠢ ᠶᠢᠨ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠮᠦᠨ ᠪᠦᠬᠦᠨ᠂ ᠤᠴᠢᠷ ᠶᠠᠪᠤᠳᠠᠯ᠂ ᠴᠠᠭ ᠮᠥᠴᠡ᠂ ᠭᠠᠵᠠᠷ | ᠪᠣᠯᠭᠠᠨ ᠳᠤ ᠦᠨᠡᠨᠴᠢ ᠢᠲᠡᠭᠡᠮᠵᠢᠲᠡᠶ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ | ᠣᠷᠳᠣᠰ ᠳᠤ ᠦᠨᠡᠨᠴᠢ ᠢᠲᠡᠭᠡᠮᠵᠢᠲᠡᠶ ᠪᠠᠶᠢᠬᠤ᠂ ᠠᠮᠠᠯᠠᠯᠲᠠ ᠪᠠᠨ ᠴᠢᠬᠤᠯᠠᠴᠢᠯᠠᠬᠤ᠂ ᠢᠲᠡᠭᠡᠮᠵᠢ ᠲᠠᠢ ᠪᠠᠶᠢᠬᠤ ᠶᠢ | ᠬᠡᠷᠡᠭᠯᠡᠬᠦ ᠳᠦᠷᠢ ᠲᠥᠷᠬᠦ ᠶᠢ ᠦᠨᠡᠨ ᠬᠦ ᠪᠣᠶ ᠪᠣᠯᠭᠠᠪᠠ᠃ | ᠳᠥᠷᠪᠡ ᠳᠤ᠂ ᠡᠷᠬᠡ ᠲᠡᠭᠰᠢ ᠲᠥᠪ ᠭᠤᠣᠯᠴᠢ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ | ᠪᠠᠷᠢᠬᠤ ᠨᠡᠶᠢᠲᠡ ᠶᠢᠨ ᠢᠲᠡᠭᠡᠮᠵᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠤᠲᠠ ᠶᠢ | ᠳᠤᠯᠠᠭᠠᠯᠠᠨ ︽ᠬᠤᠷᠠᠭᠰᠠᠨ ᠢ ᠠᠷᠢᠯᠭᠠᠬᠤ︾᠂ ᠬᠤᠲᠠ ᠶᠢ ᠳᠤᠯᠠᠭᠠᠯᠠᠨ ︽ᠴᠠᠰᠤ ᠶᠢ ᠠᠷᠢᠯᠭᠠᠬᠤ︾ ᠲᠤᠰᠬᠠᠶ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠤᠯᠢ ᠲᠣᠭᠲᠠᠭᠠᠯ | ᠶᠣᠰᠣᠭᠠᠷ ᠬᠠᠯᠬᠠᠪᠴᠢ ᠪᠣᠯᠵᠣ᠂ ᠢᠲᠡᠭᠡᠮᠵᠢ ᠠᠯᠳᠠᠭᠰᠠᠨ ᠪᠠᠶᠢᠳᠠᠯ ᠢ ᠬᠦᠴᠦᠨ ᠥᠬᠡᠶ ᠪᠣᠯᠭᠠᠬᠤ ᠳᠤ ᠬᠦᠴᠦᠨ | ᠨᠡᠮᠡᠷᠢᠯᠡᠪᠡ᠃ ︽ᠳᠣᠲᠣᠭᠠᠳᠤ ᠶᠢ ᠬᠠᠮᠠᠭᠠᠯᠠᠬᠤ + ᠰᠢᠭᠦᠬᠦ ᠬᠤᠷᠢᠶ᠎ᠠ ᠶᠢᠨ ᠭᠦᠢᠴᠡᠳᠬᠡᠬᠦ︾ ᠬᠠᠮᠲᠤᠷᠠᠨ | ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠭᠦᠢᠴᠡᠳᠬᠡᠬᠦ ᠳᠤ ᠬᠦᠴᠢᠷᠲᠡᠢ ᠪᠠᠶᠢᠬᠤ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠪᠡ᠃ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠴᠤ᠂ ᠢᠲᠡᠭᠡᠯ | ᠠᠯᠳᠠᠭᠰᠠᠨ ᠬᠥᠮᠦᠰ᠂ ᠥᠨᠳᠥᠷ ᠬᠡᠷᠡᠭᠯᠡᠭᠡ ᠶᠢᠨ ᠬᠥᠮᠦᠰ ᠢ ᠢᠯᠡᠴᠢᠯᠡᠵᠦ᠂ ᠬᠠᠤᠯᠢ ᠪᠤᠰᠤ ᠪᠠᠷ ᠡᠵᠡᠩᠨᠡᠭᠰᠡᠨ ᠬᠡᠷᠡᠭ ᠢ | ᠬᠦᠴᠦᠨ ᠢᠶᠠᠨ ᠲᠥᠪᠯᠡᠷᠡᠭᠦᠯᠦᠨ ᠳᠡᠩᠨᠡᠨ ᠢᠯᠡᠷᠡᠭᠦᠯᠵᠦ᠂ ᠨᠡᠶᠢᠭᠡᠮ ᠳᠠᠶᠠᠭᠠᠷ ᠲᠤ ᠦᠨᠡᠨᠴᠢ ᠢᠲᠡᠭᠡᠮᠵᠢᠲᠡᠶ ᠢᠷᠠᠭᠤ | ᠠᠯᠳᠠᠷᠲᠠᠶ᠂ ᠢᠲᠡᠭᠡᠮᠵᠢ ᠠᠯᠳᠠᠭᠰᠠᠨ ᠨᠢ ᠢᠴᠢᠭᠦᠷᠢ ᠭᠤᠳᠤᠮᠰᠢᠭ ᠲᠠᠢ ᠢᠯᠡ ᠲᠣᠳᠣ ᠤᠳᠤᠷᠢᠳᠤᠮᠵᠢ ᠶᠢ ᠦᠨᠡᠨᠬᠦ | ᠪᠣᠶ ᠪᠣᠯᠭᠠᠵᠤ᠂ ᠦᠨᠡᠨᠴᠢ ᠢᠲᠡᠭᠡᠮᠵᠢᠲᠡᠶ ᠪᠠᠶᠢᠬᠤ ᠶᠢ ᠬᠡᠪ ᠵᠠᠩᠰᠢᠯ ᠪᠣᠯᠭᠠᠨ᠎ᠠ᠃ | ᠦᠨᠡᠨᠴᠢ ᠢᠲᠡᠭᠡᠮᠵᠢ ᠪᠣᠯ ᠶᠡᠷᠦ ᠨᠢ ᠣᠷᠳᠣᠰ ᠤᠨ ᠨᠡᠷᠡᠲᠦ ᠲᠡᠮᠳᠡᠭᠲᠦ ᠶᠢᠨ ᠳᠦᠷᠢ ᠲᠥᠷᠬᠦ ᠶᠤᠮ᠃ | ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ | ᠲᠤᠬᠠᠶ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠶᠣᠰᠣᠭᠠᠷ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ | ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠵᠠᠰᠠᠭ ᠤᠨ ᠣᠷᠳᠣᠨ ᠤ ᠣᠯᠠᠨ ᠨᠡᠶᠢᠲᠡ ᠶᠢ | ᠢᠲᠡᠭᠡᠭᠦᠯᠬᠦ ᠬᠦᠴᠦᠨ ᠢ ᠬᠠᠮᠠᠭᠠᠯᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠦᠨ᠎ᠡ᠃ | ᠢᠷᠡᠯᠳᠡ᠄ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ | |