6 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ︽ | ᠥᠪᠥᠷ ᠮᠣᠩᠭᠤᠯ ᠤᠨ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠭᠦᠨᠵᠡᠭᠡᠢ | ᠠᠭᠤᠰᠤᠯᠴᠠᠬᠤ ᠶᠢ ᠠᠬᠢᠭᠤᠯᠬᠤ ︾ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ | ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ | ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠪᠠᠶᠢᠳᠠᠯ ᠢ ᠮᠡᠳᠡᠭᠳᠡᠵᠦ᠂ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠨ ᠷᠦᠨ ᠱᠧᠩ | ᠬᠤᠷᠠᠯ ᠢ ᠡᠷᠭᠢᠯᠡᠭᠰᠡᠨ ᠪᠥᠭᠡᠳ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ ᠲᠣᠳᠣᠷᠬᠠᠶᠢᠯᠠᠯᠲᠠ ᠬᠢᠪᠡ᠃ | ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ | ᠰᠤᠳᠤᠯᠬᠤ ᠲᠠᠰᠤᠭ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠠᠷᠢᠭᠤᠴᠠᠯᠭᠠᠲᠠᠨ ᠨᠥᠬᠦᠳ ᠪᠠᠶᠢᠳᠠᠯ ᠢ | ᠮᠡᠳᠡᠭᠳᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠦᠭᠡ ᠬᠡᠯᠡᠭᠰᠡᠨ ᠪᠥᠭᠡᠳ | ᠢᠳᠡᠪᠬᠢᠲᠡᠢ ᠶᠠᠷᠢᠯᠴᠠᠨ ᠰᠣᠯᠢᠯᠴᠠᠪᠠ᠃ | ᠬᠤᠷᠠᠯ ᠠᠴᠠ ᠪᠦᠭᠦ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠤᠨ ᠬᠢᠨ ᠥᠪᠥᠷ | ᠮᠣᠩᠭᠤᠯ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠠᠵᠤ ᠦᠢᠯᠡᠰ ᠤᠨ ᠰᠢᠯᠵᠢᠯᠲᠡ ᠶᠢᠨ | ᠥᠨᠳᠦᠷᠯᠢᠭ᠂ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠵᠠᠮ | ᠬᠠᠷᠢᠯᠴᠠᠭ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠪᠠᠶᠢᠷᠢᠰᠢᠯ᠂ ᠪᠣᠬᠢᠷᠳᠤᠯ ᠦᠭᠡᠢ ᠪᠣᠳᠣᠯᠲᠠ ᠶᠢᠨ | ᠬᠦᠴᠦᠨ ᠤ ᠪᠠᠲᠤᠯᠠᠭ᠎ᠠ ᠶᠢᠨ ᠰᠠᠭᠤᠷᠢᠨ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠬᠠᠩᠭᠠᠯᠭ᠎ᠠ ᠶᠢᠨ ᠰᠠᠭᠤᠷᠢᠨ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠥᠪᠥᠷ ᠮᠣᠩᠭᠤᠯ ᠤᠨ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ | ᠲᠢᠶᠠᠨᠵᠢᠨ ᠾᠧᠪᠧᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠨᠡᠶᠢᠭᠡᠮ ᠤᠨ ᠠᠵᠢᠯ ᠦᠢᠯᠡᠰ ᠤᠨ ᠬᠠᠮᠵᠢᠯᠴᠠᠨ ᠬᠥᠭᠵᠢᠬᠦ ᠳᠤ ᠢᠳᠡᠪᠬᠢᠲᠡᠢ ᠪᠠᠷ ᠬᠥᠭᠦᠷᠭᠡ ᠬᠤᠯᠪᠣᠭᠠᠰᠤ ᠪᠣᠯᠵᠤ᠂ | ᠠᠷᠭ᠎ᠠ ᠤᠬᠠᠭᠠᠨ ᠭᠠᠷᠭᠠᠵᠤ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ | |