2023 ᠣᠨ ᠤ ᠣᠨᠴᠠᠯᠢᠭᠲᠤ ᠬᠤᠳᠠᠯᠳᠤᠭᠠᠨ ᠤ ᠴᠤᠭᠯᠠᠷᠠᠯ ᠤᠨ ᠣᠷᠣᠨ ᠢ ᠵᠠᠷᠯᠠᠨ ᠨᠡᠶᠢᠲᠡᠯᠡᠬᠦ ᠲᠤᠬᠠᠢ
ᠨᠡᠶᠢᠲᠡᠯᠡᠭᠰᠡᠨ ᠴᠠᠭ᠄
2024/6/27
  ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠢ ᠭᠠᠳᠠᠭᠰᠢ ᠳᠡᠯᠭᠡᠵᠦ ᠠᠵᠤ ᠠᠬᠤᠶ ᠶᠢᠨ ᠬᠥᠭᠵᠢᠯᠲᠡ ᠶᠢ ᠵᠣᠷᠢᠭᠵᠢᠭᠤᠯᠬᠤ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠦᠪᠦᠷ ᠭᠦᠢᠯᠭᠡᠭᠡᠨ ᠤ ᠦᠢᠯᠡᠰ ᠤᠨ ᠬᠦᠭᠵᠢᠭᠦᠯᠦᠯᠲᠡ ᠥᠰᠥᠭ ﹇2023﹈ 409 ᠳ᠋ᠤᠭᠡᠷ ᠲᠣᠭᠠᠲᠤ︶᠂ ︽ᠣᠨᠴᠠᠯᠢᠭᠲᠤ ᠬᠤᠳᠠᠯᠳᠤᠭᠠᠨ ᠤ ᠶᠠᠪᠤᠳᠠᠯ ᠲᠥᠪᠯᠡᠷᠡᠭᠰᠡᠨ ᠣᠷᠣᠨ ᠳᠤ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠦᠪᠦᠷ ᠭᠦᠢᠯᠭᠡᠭᠡᠨ ᠤ ᠦᠢᠯᠡᠰ ᠤᠨ ᠬᠦᠭᠵᠢᠭᠦᠯᠦᠯᠲᠡ ᠥᠰᠥᠭ ﹇2023﹈ 917 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ ᠶᠢᠨ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ᠂ ᠲᠤᠰᠬᠠᠶ ᠮᠡᠷᠭᠡᠵᠢᠯᠲᠡᠨ ᠬᠢᠨᠠᠨ ᠲᠣᠭᠲᠠᠭᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠠᠴᠠ ᠬᠢᠨᠠᠨ ᠲᠣᠭᠲᠠᠭᠠᠬᠤ ᠪᠠᠷ ᠳᠡᠮᠵᠢᠨ᠂ 2023 ᠣᠨ ᠤ ᠣᠨᠴᠠᠯᠢᠭᠲᠤ ᠬᠤᠳᠠᠯᠳᠤᠭᠠᠨ ᠤ ᠶᠠᠪᠤᠳᠠᠯ ᠤᠨ ᠴᠤᠭᠯᠠᠷᠠᠯ ᠤᠨ 3 ᠣᠷᠣᠨ ᠢ ᠲᠣᠭᠲᠠᠭᠠᠪᠠ᠃ ᠡᠳᠦᠭᠡ ᠨᠡᠷᠡᠰ ᠢ ᠨᠡᠶᠢᠲᠡᠯᠡᠶ᠎ᠠ᠄  1. ᠬᠥᠬᠡᠬᠤᠲᠠ ᠶᠢᠨ ᠵᠥᠩ ᠱᠠᠨ ᠪᠠᠷᠠᠭᠤᠨ ᠵᠠᠮ ᠤᠨ ᠣᠨᠴᠠᠯᠢᠭᠲᠤ ᠬᠤᠳᠠᠯᠳᠤᠭᠠᠨ ᠤ ᠦᠢᠯᠡᠰ ᠤᠨ ᠲᠥᠪᠯᠡᠷᠡᠭᠰᠡᠨ ᠣᠷᠣᠨ  2. ᠴᠢᠨ ᠬᠠᠨ ᠵᠢᠦᠶᠤᠧᠠᠨ · ᠪᠣᠭᠤᠲᠦ ᠬᠤᠳᠠ ᠶᠢᠨ ᠬᠦᠨᠳᠡᠯᠡᠨ ᠭᠤᠯᠳᠤ ᠵᠡᠭᠡᠯᠢ  3. ᠬᠠᠶᠢᠯᠠᠷ ᠤᠨ ᠳ᠋ᠦᠩ ᠱᠠᠨ ᠬᠤᠩ ᠰᠢᠩ ᠰᠦᠨᠢ ᠶᠢᠨ ᠬᠤᠳᠠ  ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠬᠡᠷᠪᠡ ᠵᠠᠷᠯᠠᠨ ᠨᠡᠶᠢᠲᠡᠯᠡᠭᠰᠡᠨ ᠨᠡᠷᠡᠰ ᠲᠤ ᠣᠨᠳᠣᠤ ᠰᠠᠨᠠᠯ ᠲᠠᠢ ᠪᠠᠶᠢᠪᠠᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠲᠤᠰᠬᠠᠬᠤ ᠬᠡᠷᠡᠭᠲᠡᠶ᠃ ᠲᠤᠰᠬᠠᠭᠰᠠᠨ ᠮᠠᠲ᠋ᠧᠷᠢᠶᠠᠯ ᠳᠤ ᠠᠯᠪᠠᠨ ᠲᠠᠮᠠᠭ᠎ᠠ ᠳᠠᠷᠤᠭᠠᠷᠠᠢ᠂ ᠬᠤᠪᠢ ᠬᠥᠮᠦᠨ ᠭᠠᠷ ᠤᠨ ᠦᠰᠦᠭ ᠵᠢᠷᠤᠬᠤ ᠶᠢᠨ ᠬᠠᠮᠲᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠠᠷᠢᠯᠴᠠᠬᠤ ᠠᠷᠭ᠎ᠠ ᠮᠠᠶ᠋ᠢᠭ ᠢ ᠳᠠᠭᠠᠯᠳᠤᠭᠤᠯᠤᠨ᠎ᠠ᠃  ᠢᠯᠡ ᠨᠡᠶᠢᠳᠡᠯᠡᠬᠦ ᠴᠠᠭ᠄ 5 ᠠᠵᠢᠯᠯᠠᠬᠤ ᠡᠳᠦᠷ  ᠬᠠᠷᠢᠯᠴᠠᠬᠤ ᠪᠠᠶᠢᠭᠤᠯᠭ᠎ᠠ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ  ᠭᠦᠢᠯᠭᠡᠭᠡᠨ ᠤ ᠦᠢᠯᠡᠰ ᠤᠨ ᠬᠦᠭᠵᠢᠭᠦᠯᠦᠯᠲᠡ ᠶᠢᠨ ᠭᠠᠵᠠᠷ  ᠬᠠᠷᠢᠯᠴᠠᠬᠤ ᠤᠲᠠᠰᠤ᠄ 0471 — 6945209  ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 5 ᠳ᠋ᠤᠭᠠᠷ ᠠᠰᠠᠷ ᠤᠨ 614 ᠳ᠋ᠦ᠋ᠭᠡᠷ ᠥᠷᠥᠭᠡ    2024 ᠣᠨ ᠤ 6 ᠳ᠋ᠤᠭᠠᠷ ᠰᠠᠷ᠎ᠠ ᠶᠢᠨ 26 ᠤ ᠡᠳᠦᠷ 
 
ᠢᠷᠡᠯᠲᠡ᠄ ᠭᠦᠢᠯᠭᠡᠭᠡᠨ ᠤ ᠦᠢᠯᠡᠰ ᠤᠨ ᠬᠦᠭᠵᠢᠭᠦᠯᠦᠯᠲᠡ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号
Baidu
map