ᠬᠡᠯᠬᠢᠶᠡᠰᠦᠨ ᠨᠣᠮᠧᠷ᠄11150000011512749A/2024-04069 | ᠭᠤᠣᠯ ᠰᠡᠳᠦᠪ ᠤᠨ ᠠᠩᠭᠢᠯᠠᠯ᠄ ᠵᠠᠬᠢᠳᠠᠯ ᠰᠤᠷᠪᠤᠯᠵᠢᠯᠠᠯ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ | ᠪᠢᠴᠢᠭ ᠤᠨ ᠳ᠋ᠤᠭᠠᠷ᠄ | ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 6 ᠳ᠋ᠤᠭᠠᠷ ᠰᠠᠷ᠎ᠠ ᠶᠢᠨ 30 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠪᠠ ︽ᠵᠠᠬᠢᠳᠠᠯ ᠰᠤᠷᠪᠤᠯᠵᠢᠯᠠᠯ ᠤᠨ ᠭᠤᠮᠣᠳᠠᠯ | ᠱᠠᠭᠠᠷᠳᠠᠯᠭ᠎ᠠ ᠶᠢ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ ᠠᠵᠢᠯ ᠤᠨ ᠲᠦᠷᠢᠮ︾ ᠢ ᠤᠯᠠᠮ ᠨᠢᠭᠡ | ᠠᠯᠬᠤᠮ ᠲᠤᠭᠤᠰᠢᠯᠠᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠥᠯᠢ ᠪᠠᠷ ᠵᠠᠰᠠᠬᠤ ᠲᠤᠬᠠᠶ ᠨᠠᠮ ᠤᠨ | ᠲᠥᠪ ᠬᠤᠷᠢᠶ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠵᠠᠬᠢᠳᠠᠯ | ᠰᠤᠷᠪᠤᠯᠵᠢᠯᠠᠯ ᠤᠨ ᠵᠦᠢᠯᠡᠰ ᠢ ᠦᠨᠡᠨ ᠬᠦ ᠣᠨᠣᠪᠴᠢᠲᠠᠶ ᠪᠥᠭᠡᠳ ᠬᠠᠤᠯᠢ ᠶᠣᠰᠣᠭᠠᠷ ᠲᠥᠷᠥᠯ ᠬᠤᠪᠢᠶᠠᠨ | ᠰᠢᠢᠳᠪᠦᠷᠢᠯᠡᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠨ᠂ ᠵᠠᠬᠢᠳᠠᠯ | ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠵᠠᠬᠢᠳᠠᠯ ᠰᠤᠷᠪᠤᠯᠵᠢᠯᠠᠯ ᠤᠨ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ | ᠲᠥᠷᠥᠯ ᠬᠤᠪᠢᠶᠠᠨ ᠰᠢᠢᠳᠪᠦᠷᠢᠯᠡᠬᠦ ᠨᠠᠷᠢᠨ ᠲᠠᠩᠰᠠ︾ ᠶᠢ ᠰᠤᠳᠤᠯᠤᠨ ᠲᠣᠭᠲᠠᠭᠠᠵᠤ᠂ ᠡᠳᠦᠭᠡ ᠨᠡᠶᠢᠭᠡᠮ ᠳᠤ | ᠨᠡᠶᠢᠲᠡᠯᠡᠪᠡ᠃ ᠬᠤᠶᠢᠰᠢᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠯ ᠤᠨ ᠭᠤᠮᠣᠳᠠᠯ ᠱᠠᠭᠠᠷᠳᠠᠯᠭ᠎ᠠ ᠶᠢ ᠲᠥᠷᠥᠯ | ᠬᠤᠪᠢᠶᠠᠨ ᠰᠢᠢᠳᠪᠦᠷᠢᠯᠡᠬᠦ ᠨᠠᠷᠢᠨ ᠲᠠᠩᠰᠠ︾ ᠳᠤ ᠡᠰᠢᠯᠡᠨ ᠬᠡᠷᠡᠭᠯᠡᠭᠰᠡᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠵᠦᠢᠯ ᠵᠤᠷᠪᠤᠰ ᠲᠤ ᠬᠤᠪᠢᠷᠠᠯᠲᠠ ᠭᠠᠷᠪᠠᠯ᠂ ᠬᠤᠪᠢᠷᠠᠯᠲᠠ ᠭᠠᠷᠤᠭᠰᠠᠨ ᠤ ᠳᠠᠷᠠᠭᠠᠬᠢ ᠬᠠᠤᠯᠢ ᠴᠠᠭᠠᠵᠠ ᠶᠢᠨ ᠵᠦᠢᠯ | ᠵᠤᠷᠪᠤᠰ ᠢᠶᠠᠷ ᠪᠠᠷᠢᠮᠵᠢᠶ᠎ᠠ ᠪᠣᠯᠭᠠᠨ᠎ᠠ᠃ | ᠨᠢᠭᠡ᠂ ᠮᠠᠨ ᠤ ᠲᠢᠩᠬᠢᠮ ᠤᠨ ᠭᠠᠷᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠢ ᠬᠦᠯᠢᠶᠡᠬᠦ | ᠦᠭᠡᠢ | ︵ᠨᠢᠭᠡ︶ ᠪᠣᠳᠠᠲᠠᠢ ᠵᠠᠭᠠᠯᠳᠤᠯᠭ᠎ᠠ ᠭᠤᠶᠤᠴᠢᠯᠠᠯᠲᠠ | ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠪᠤᠶᠤ ᠬᠠᠤᠯᠢ ᠴᠠᠭᠠᠵᠠ ᠳᠡᠭᠡᠷᠡᠬᠢ ᠠᠰᠢᠭ ᠬᠤᠤᠷ ᠤᠨ | ᠬᠠᠷᠢᠴᠠᠭᠠᠳᠠᠨ ᠮᠠᠨ ᠤ ᠲᠢᠩᠬᠢᠮ ᠤᠨ ᠭᠠᠷᠭᠠᠭᠰᠠᠨ ᠳᠣᠤᠷᠠᠬᠢ ᠵᠠᠰᠠᠭ ᠵᠠᠬᠢᠷᠭᠠᠨ ᠤ ᠵᠥᠪᠰᠢᠶᠡᠷᠡᠯ ᠤᠨ ᠦᠢᠯᠡ | ᠠᠵᠢᠯᠯᠠᠭ᠎ᠠ ᠶᠢ ᠬᠦᠯᠢᠶᠡᠬᠦ ᠦᠭᠡᠶ᠄ ᠦᠨ᠎ᠡ ᠬᠠᠶᠠᠵᠤ ᠬᠤᠳᠠᠯᠳᠤᠬᠤ ᠲᠤᠬᠠᠶᠢᠯᠠᠭᠰᠠᠨ ᠠᠵᠢᠯ ᠤᠨ ᠵᠥᠪᠰᠢᠶᠡᠷᠡᠯ ᠢ | ᠡᠷᠬᠢᠯᠡᠨ᠎ᠡ︔ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠮᠡᠷᠭᠡᠵᠢᠯ ᠢ ᠭᠠᠳᠠᠭᠠᠳᠤ ᠠᠴᠠ | ᠣᠷᠣᠭᠤᠯᠬᠤ ᠪᠠ ᠭᠠᠳᠠᠭᠠᠳᠤ ᠳᠤ ᠭᠠᠷᠭᠠᠬᠤ ᠵᠥᠪᠰᠢᠶᠡᠷᠡᠯ ᠢ ᠬᠢᠵᠠᠭᠠᠷᠯᠠᠨ᠎ᠠ︔ ᠬᠠᠶᠠᠭᠳᠠᠮᠠᠯ ᠮᠠᠰᠢᠨ ᠲᠡᠷᠭᠡ | ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠨ᠎ᠠ᠃ | ︵ᠬᠤᠶᠠᠷ︶ ᠬᠠᠤᠯᠢ ᠪᠠᠷ ᠲᠣᠭᠲᠠᠭᠠᠭᠰᠠᠨ ᠠᠷᠭ᠎ᠠ ᠵᠠᠮ | ᠵᠠᠰᠠᠭ ᠵᠠᠬᠢᠷᠭ᠎ᠠ ᠪᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠵᠤ᠂ ᠵᠠᠰᠠᠭ ᠵᠠᠬᠢᠷᠭᠠᠨ ᠤ ᠵᠠᠭᠠᠯᠳᠤᠯᠭ᠎ᠠ | ᠭᠠᠷᠭᠠᠬᠤ ᠬᠡᠷᠡᠭᠲᠡᠢ᠃ | ︵ᠭᠤᠷᠪᠠ︶ ᠭᠤᠣᠯ ᠪᠣᠯᠬᠤ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ | ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠶᠠᠵᠤ ᠬᠤᠳᠠᠯᠳᠤᠬᠤ ᠬᠠᠤᠯᠢ︾᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠠᠷᠠᠯᠵᠢᠶᠠᠨ ᠤ ᠬᠠᠤᠯᠢ︾᠂ ︽ᠬᠠᠶᠠᠭᠳᠠᠮᠠᠯ | ᠮᠠᠰᠢᠨ ᠲᠡᠷᠭᠡ ᠶᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠡᠷᠭᠡ᠃ | ᠬᠤᠶᠠᠷ᠂ ᠮᠠᠨ ᠤ ᠲᠢᠩᠬᠢᠮ ᠤᠨ ᠭᠠᠷᠭᠠᠭᠰᠠᠨ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠢ ᠬᠦᠯᠢᠶᠡᠬᠦ | ᠦᠭᠡᠢ | ︵ᠨᠢᠭᠡ︶ ᠪᠣᠳᠠᠲᠠᠢ ᠵᠠᠭᠠᠯᠳᠤᠯᠭ᠎ᠠ ᠭᠤᠶᠤᠴᠢᠯᠠᠯᠲᠠ | ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠪᠤᠶᠤ ᠬᠠᠤᠯᠢ ᠴᠠᠭᠠᠵᠠ ᠶᠢᠨ ᠲᠠᠯ᠎ᠠ ᠪᠠᠷ ᠠᠰᠢᠭ ᠬᠤᠤᠷ ᠤᠨ | ᠬᠠᠷᠢᠴᠠᠭ᠎ᠠ ᠲᠠᠢ ᠬᠥᠮᠦᠨ ᠮᠠᠨ ᠤ ᠲᠢᠩᠬᠢᠮ ᠤᠨ ᠭᠠᠷᠭᠠᠭᠰᠠᠨ ᠳᠣᠤᠷᠠᠬᠢ ᠵᠠᠰᠠᠭ ᠵᠠᠬᠢᠷᠭᠠᠨ ᠤ ᠰᠢᠢᠳᠭᠡᠯ | ᠲᠣᠷᠭᠠᠭᠤᠯᠢ ᠶᠢ ᠬᠦᠯᠢᠶᠡᠬᠦ ᠦᠭᠡᠶ᠄ ︽ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ | ᠦᠨᠡᠮᠯᠡᠯ︾ ᠢ ᠬᠠᠭᠤᠷᠮᠠᠭᠯᠠᠨ ᠵᠣᠬᠢᠶᠠᠬᠤ᠂ ᠪᠠᠯᠠᠯᠤᠨ ᠥᠭᠡᠷᠡᠴᠢᠯᠡᠬᠦ᠂ ᠲᠦᠷᠢᠶᠡᠰᠦᠯᠡᠭᠦᠯᠬᠦ᠂ ᠵᠢᠭᠡᠯᠡᠭᠦᠯᠬᠦ ᠪᠤᠶᠤ | ᠶᠠᠮᠠᠷᠪᠠ ᠬᠡᠯᠪᠡᠷᠢ ᠪᠠᠷ ᠰᠢᠯᠵᠢᠭᠦᠯᠦᠨ ᠥᠭᠬᠦ ᠪᠠᠷ ᠰᠢᠢᠳᠭᠡᠨ ᠲᠣᠷᠭᠠᠨ᠎ᠠ︔ ᠦᠨ᠎ᠡ ᠬᠠᠶᠠᠵᠤ ᠬᠤᠳᠠᠯᠳᠤᠬᠤ ᠡᠵᠡᠩᠨᠡᠬᠦ | ᠡᠷᠬᠡ ᠶᠢ ᠲᠦᠷᠢᠶᠡᠰᠦᠯᠡᠭᠦᠯᠬᠦ᠂ ᠳᠤᠷ᠎ᠠ ᠪᠠᠷ ᠢᠶᠠᠨ ᠰᠢᠯᠵᠢᠭᠦᠯᠦᠨ ᠥᠭᠬᠦ᠂ ᠲᠣᠭᠲᠠᠭᠠᠯ ᠠᠴᠠ ᠵᠥᠷᠢᠴᠡᠨ ᠦᠨ᠎ᠡ | ᠬᠠᠶᠠᠵᠤ ᠬᠤᠳᠠᠯᠳᠤᠬᠤ ᠠᠯᠪᠠᠨ ᠵᠠᠷ ᠨᠡᠶᠢᠲᠡᠯᠡᠭᠰᠡᠨ ᠢᠶᠠᠷ ᠰᠢᠢᠳᠭᠡᠨ ᠲᠣᠷᠭᠠᠨ᠎ᠠ᠃ | ︵ᠬᠤᠶᠠᠷ︶ ᠬᠠᠤᠯᠢ ᠪᠠᠷ ᠲᠣᠭᠲᠠᠭᠠᠭᠰᠠᠨ ᠠᠷᠭ᠎ᠠ ᠵᠠᠮ | ᠵᠠᠰᠠᠭ ᠵᠠᠬᠢᠷᠭ᠎ᠠ ᠪᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠵᠤ᠂ ᠵᠠᠰᠠᠭ ᠵᠠᠬᠢᠷᠭᠠᠨ ᠤ ᠵᠠᠭᠠᠯᠳᠤᠯᠭ᠎ᠠ | ᠭᠠᠷᠭᠠᠬᠤ ᠬᠡᠷᠡᠭᠲᠡᠢ᠃ | ︵ᠭᠤᠷᠪᠠ︶ ᠭᠤᠣᠯ ᠪᠣᠯᠬᠤ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ | ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠲᠣᠷᠭᠠᠭᠤᠯᠢ ᠶᠢᠨ ᠬᠠᠤᠯᠢ︾᠂ ︽ | ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾᠂ ︽ᠦᠨ᠎ᠡ ᠬᠠᠶᠠᠨ ᠬᠤᠳᠠᠯᠳᠤᠬᠤ | ᠬᠠᠮᠢᠶᠠᠷᠤᠯᠲᠠ ᠶᠢᠨ ᠠᠷᠭ᠎ᠠ︾ ᠵᠡᠷᠭᠡ᠃ | ᠭᠤᠷᠪᠠ᠂ ᠮᠡᠳᠡᠭᠡ ᠵᠠᠩᠭᠢ ᠶᠢ ᠢᠯᠡ ᠪᠣᠯᠭᠠᠬᠤ | ︵ᠨᠢᠭᠡ︶ ᠪᠣᠳᠠᠲᠠᠢ ᠵᠠᠭᠠᠯᠳᠤᠯᠭ᠎ᠠ ᠭᠤᠶᠤᠴᠢᠯᠠᠯᠲᠠ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠭᠦᠷᠭᠡ ᠶᠢ ᠬᠠᠤᠯᠢ ᠶᠣᠰᠣᠭᠠᠷ ᠭᠦᠢᠴᠡᠳᠭᠡᠬᠦ | ᠦᠭᠡᠢ ᠪᠤᠶᠤ ᠵᠠᠰᠠᠭ ᠤᠨ ᠭᠠᠵᠠᠷ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ᠲᠡᠳᠡᠨ ᠤ ᠬᠠᠤᠯᠢ | ᠶᠣᠰᠣᠨ ᠤ ᠡᠷᠬᠡ ᠠᠰᠢᠭ ᠲᠤ ᠬᠠᠯᠠᠳᠠᠭᠰᠠᠨ ᠭᠡᠵᠦ ᠦᠵᠡᠬᠦ᠃ | ︵ᠬᠤᠶᠠᠷ︶ ᠬᠠᠤᠯᠢ ᠪᠠᠷ ᠲᠣᠭᠲᠠᠭᠠᠭᠰᠠᠨ ᠠᠷᠭ᠎ᠠ ᠵᠠᠮ | ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠭᠠᠯᠳᠣᠬᠤ᠂ | ᠢᠯᠡᠴᠢᠯᠡᠨ ᠮᠡᠳᠡᠭᠦᠯᠦᠭᠰᠡᠨ ᠴᠦ ᠪᠣᠯᠤᠨ᠎ᠠ᠃ | ︵ᠭᠤᠷᠪᠠ︶ ᠭᠤᠣᠯ ᠪᠣᠯᠬᠤ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ | ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠠᠶᠢᠯᠭᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 711 ᠳ᠋ᠦ᠋ᠭᠡᠷ ᠲᠣᠭᠠᠲᠤ︶᠃ | ᠳᠥᠷᠪᠡ᠂ ᠠᠵᠢᠯᠲᠠᠨ ᠤ ᠶᠠᠪᠤᠳᠠᠯ ᠬᠥᠳᠡᠯᠮᠦᠷᠢ ᠶᠢᠨ ᠮᠠᠷᠭᠤᠯᠳᠤᠭᠠᠨ | ︵ᠨᠢᠭᠡ︶ ᠪᠣᠳᠠᠲᠠᠢ ᠵᠠᠭᠠᠯᠳᠤᠯᠭ᠎ᠠ ᠭᠤᠶᠤᠴᠢᠯᠠᠯᠲᠠ | ᠬᠤᠳᠠᠯᠳᠤᠭᠠᠨ ᠤ ᠶᠠᠪᠤᠳᠠᠯ ᠤᠨ ᠲᠢᠩᠬᠢᠮ ︵ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ︶ ᠤᠨ | ᠪᠠᠶᠢᠭᠤᠯᠭ᠎ᠠ ᠶᠢᠨ ᠠᠯᠪᠠᠲᠠᠨ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠨᠢ ᠪᠠᠶᠢᠭᠤᠯᠭ᠎ᠠ᠂ ᠠᠵᠢᠯ ᠦᠢᠯᠡᠰ ᠤᠨ | ᠨᠢᠭᠡᠴᠢ ᠶᠢᠨ ᠬᠢᠨᠠᠨ ᠰᠢᠯᠭᠠᠭᠰᠠᠨ ᠦᠷ᠎ᠡ ᠳ᠋ᠦᠩ᠂ ᠠᠵᠢᠯᠲᠠᠨ ᠤ ᠶᠠᠪᠤᠳᠠᠯ ᠤᠨ ᠭᠠᠵᠠᠷ ᠨᠢ ᠵᠡᠷᠭᠡ ᠬᠤᠪᠢᠶᠠᠨ | ᠠᠵᠢᠯᠲᠠᠨ ᠤ ᠶᠠᠪᠤᠳᠠᠯ ᠤᠨ ᠰᠢᠢᠳᠪᠦᠷᠢᠯᠡᠬᠦ ᠲᠣᠭᠲᠠᠭᠠᠯ ᠢ ᠵᠥᠪᠰᠢᠶᠡᠷᠡᠬᠦ ᠦᠭᠡᠢ︔ ᠬᠤᠳᠠᠯᠳᠤᠭᠠᠨ ᠤ ᠶᠠᠪᠤᠳᠠᠯ ᠤᠨ | ᠲᠢᠩᠬᠢᠮ ︵ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ︶ ᠤᠨ ᠪᠠᠶᠢᠭᠤᠯᠭ᠎ᠠ ᠶᠢᠨ ᠠᠯᠪᠠᠲᠠᠨ᠂ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠨᠡᠷ᠎ᠡ ᠶᠢ ᠨᠢ ᠠᠷᠢᠯᠭᠠᠬᠤ᠂ ᠠᠵᠢᠯ ᠠᠴᠠ ᠨᠢ ᠪᠠᠭᠤᠯᠭᠠᠬᠤ ᠪᠠ | ᠲᠤᠰᠢᠶᠠᠯ ᠠᠴᠠ ᠪᠠᠨ ᠪᠠᠭᠤᠬᠤ᠂ ᠲᠤᠰᠢᠶᠠᠯ ᠠᠴᠠ ᠪᠠᠨ ᠰᠠᠯᠬᠤ ᠵᠡᠷᠭᠡ ᠪᠠᠷ ᠡᠭᠦᠰᠦᠭᠰᠡᠨ ᠬᠥᠳᠡᠯᠮᠦᠷᠢ ᠠᠵᠢᠯᠲᠠᠨ ᠤ | ᠶᠠᠪᠤᠳᠠᠯ ᠤᠨ ᠮᠠᠷᠭᠤᠯᠳᠤᠭᠠᠨ᠃ | ︵ᠬᠤᠶᠠᠷ︶ ᠬᠠᠤᠯᠢ ᠪᠠᠷ ᠲᠣᠭᠲᠠᠭᠠᠭᠰᠠᠨ ᠠᠷᠭ᠎ᠠ ᠵᠠᠮ | ᠳᠠᠬᠢᠨ ᠬᠢᠨᠠᠬᠤ᠂ ᠭᠤᠮᠣᠳᠠᠯ ᠲᠣᠭᠠᠴᠢᠬᠤ︔ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ᠂ ᠢᠷᠭᠡᠨ ᠤ | ᠵᠠᠷᠭᠤ᠃ | ︵ᠭᠤᠷᠪᠠ︶ ᠭᠤᠣᠯ ᠪᠣᠯᠬᠤ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ | ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠬᠥᠨᠳᠡᠯᠡᠨ ᠠᠴᠠ ᠲᠠᠰᠤᠯᠬᠤ | ᠬᠠᠤᠯᠢ︾᠂ ︽ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ︾ ︵ | ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 652 ᠳ᠋ᠤᠭᠠᠷ ᠲᠣᠭᠠᠲᠤ︶ ᠵᠡᠷᠭᠡ᠃ | ᠲᠠᠪᠤ᠂ ᠺᠠᠳ᠋ᠷᠴᠤᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠠᠷᠢᠭᠤᠨ ᠴᠢᠬᠡᠴᠢ ᠪᠠᠷ ᠪᠡᠶ᠎ᠡ ᠪᠠᠨ | ᠪᠠᠷᠢᠬᠤ | ︵ᠨᠢᠭᠡ︶ ᠪᠣᠳᠠᠲᠠᠢ ᠵᠠᠭᠠᠯᠳᠤᠯᠭ᠎ᠠ ᠭᠤᠶᠤᠴᠢᠯᠠᠯᠲᠠ | ᠬᠤᠳᠠᠯᠳᠤᠭᠠᠨ ᠤ ᠶᠠᠪᠤᠳᠠᠯ ᠤᠨ ᠲᠢᠩᠬᠢᠮ ︵ᠪᠣᠭᠤᠮᠲᠠ ᠶᠢᠨ ᠠᠯᠪᠠᠨ ᠭᠡᠷ︶ ᠵᠢᠴᠢ ᠠᠵᠢᠯᠲᠠᠨ ᠤ ᠵᠠᠰᠠᠭ | ᠵᠠᠬᠢᠷᠭᠠᠨ ᠤ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠬᠡᠷᠡᠭᠲᠡᠶ︔ | ᠬᠤᠳᠠᠯᠳᠤᠭᠠᠨ ᠤ ᠶᠠᠪᠤᠳᠠᠯ ᠤᠨ ᠲᠢᠩᠬᠢᠮ ︵ᠪᠣᠭᠤᠮᠲᠠ ᠶᠢᠨ ᠠᠯᠪᠠᠨ ᠭᠡᠷ︶ ᠤᠨ ᠨᠠᠮ ᠤᠨ ᠭᠡᠰᠢᠭᠦᠨ | ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠬᠦ ᠬᠡᠷᠡᠭᠲᠡᠶ᠃ | ︵ᠬᠤᠶᠠᠷ︶ ᠬᠠᠤᠯᠢ ᠪᠠᠷ ᠲᠣᠭᠲᠠᠭᠠᠭᠰᠠᠨ ᠠᠷᠭ᠎ᠠ ᠵᠠᠮ | ᠬᠢᠨᠠᠨ ᠪᠠᠶᠢᠴᠠᠭᠠᠬᠤ᠂ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ᠂ ᠵᠠᠷᠭᠤ ᠬᠢᠬᠦ᠃ | ︵ᠭᠤᠷᠪᠠ︶ ᠭᠤᠣᠯ ᠪᠣᠯᠬᠤ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ | ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠠᠷᠢᠭᠤᠴᠠᠯᠭ᠎ᠠ ᠨᠡᠬᠡᠮᠵᠢᠯᠡᠬᠦ ᠳᠦᠷᠢᠮ︾ ᠵᠡᠷᠭᠡ᠃ | |