ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠬᠤ ᠰᠠᠨᠠᠯ ︵ᠰᠠᠨᠠᠯ ᠬᠤᠷᠢᠶᠠᠬᠤ ᠨᠣᠤᠷᠠᠭ︶
ᠨᠡᠶᠢᠲᠡᠯᠡᠭᠰᠡᠨ ᠴᠠᠭ᠄
2024/6/7
  ᠶᠡᠷᠦᠩᠬᠡᠶ ᠱᠦᠵᠢ ᠰᠢ ᠶᠢᠨ ᠫᠢᠩ ᠤᠨ ︽ᠣᠶᠤᠨᠴᠢ ᠪᠣᠭᠤᠮᠲᠠ᠂ ᠣᠶᠤᠨᠴᠢ ᠬᠢᠯᠢ ᠬᠢᠵᠠᠭᠠᠷ᠂ ᠣᠶᠤᠨᠴᠢ ᠨᠡᠪᠲᠡᠷᠡᠯᠴᠡᠭᠡ︾ ᠶᠢᠨ ᠲᠤᠬᠠᠶ ᠴᠢᠬᠤᠯᠠ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠭᠤᠤᠯ ᠰᠢᠵᠢᠮ ᠤᠨ ᠲᠣᠭᠤᠷᠢᠨ ᠳᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2020﹈ 16 ᠳ᠋ᠤᠭᠠᠷ ᠲᠣᠭᠠᠲᠤ︶ ᠪᠠ ︽ᠤᠯᠤᠰ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠣᠭᠤᠮᠲᠠ ᠶᠢᠨ ᠬᠥᠭᠵᠢᠯᠲᠡ ᠶᠢᠨ ᠲᠥᠯᠥᠪᠵᠢᠭᠦᠯᠭᠡ︾ ᠵᠢᠴᠢ ᠥᠪᠡᠷᠲᠡᠭᠡᠨ ᠵᠠᠰᠠᠬᠤ ᠣᠷᠣᠨ ᠤ ︽ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠤᠨ ᠣᠶᠤᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠪᠣᠭᠤᠮᠲᠠ ᠶᠢᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠳᠣᠤᠷᠠᠬᠢ ᠮᠡᠲᠦ ᠰᠠᠨᠠᠯ ᠳᠤᠷᠠᠳᠪᠠ᠃  ᠨᠢᠭᠡ᠂ ᠪᠦᠲᠦᠭᠡᠨ ᠪᠠᠶᠢᠭᠤᠯᠤᠯᠲᠠ ᠶᠢᠨ ᠬᠠᠷᠠᠯᠲᠠ  ᠨᠢᠭᠡᠳᠦᠯᠲᠡᠶ ᠲᠦᠯᠦᠪᠯᠡᠨ ᠠᠬᠢᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠡᠷᠴᠢᠮᠵᠢᠭᠰᠡᠨ ᠥᠨᠳᠥᠷ ᠪᠦᠲᠦᠮᠵᠢᠲᠡᠶ᠂ ᠴᠢᠨᠠᠷ ᠰᠠᠶᠢᠲᠠᠶ ᠳᠥᠭᠦᠮ ᠳᠥᠲᠡ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠠᠷᠴᠢᠮ ᠶᠣᠰᠣᠭᠠᠷ᠂ ︽ᠨᠢᠭᠡ ᠰᠦᠯᠵᠢᠶ᠎ᠡ᠂ ᠨᠢᠭᠡ ᠲᠠᠪᠴᠠᠩ᠂ ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ︾ ᠪᠠᠷ ᠬᠠᠷᠠᠯᠲᠠ ᠪᠣᠯᠭᠠᠵᠤ᠂ ᠪᠣᠭᠤᠮᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠤᠶᠤᠨᠴᠢᠯᠠᠬᠤ᠂ ᠮᠡᠳᠡᠭᠡ ᠵᠠᠩᠭᠢ ᠶᠢᠨ ᠰᠢᠰᠲ᠋ᠧᠮ ᠢ ᠡᠷᠴᠢᠮᠵᠢᠭᠦᠯᠬᠦ᠂ ᠠᠵᠢᠯᠯᠠᠭᠠᠨ ᠤ ᠬᠠᠮᠢᠶᠠᠷᠤᠯᠲᠠ ᠶᠢ ᠲᠣᠭᠠᠴᠢᠯᠠᠬᠤ᠂ ᠶᠡᠷᠦᠩᠬᠡᠶᠢᠯᠡᠭᠰᠡᠨ ᠦᠢᠯᠡᠴᠢᠯᠡᠭᠡ ᠶᠢ ᠳᠥᠭᠦᠮᠴᠢᠯᠡᠬᠦ᠂ ᠬᠢᠯᠢ ᠠᠯᠤᠰᠯᠠᠭᠰᠠᠨ ᠬᠠᠮᠲᠤᠷᠠᠯᠴᠠᠭ᠎ᠠ ᠶᠢ ᠪᠠᠶᠢᠩᠭᠤᠵᠢᠭᠤᠯᠬᠤ ᠪᠠᠷ ᠭᠤᠤᠯ ᠣᠨᠴᠠᠯᠢᠭ ᠪᠣᠯᠭᠠᠭᠰᠠᠨ ᠪᠠᠶᠢᠪᠠᠯ᠂ ᠴᠢᠳᠠᠮᠵᠢ ᠶᠢᠨ ᠪᠠᠶᠢᠷᠢᠰᠢᠭᠤᠯᠤᠯ ᠨᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ᠂ ᠪᠡᠯᠡᠳᠬᠡᠮᠵᠢ ᠲᠥᠬᠦᠭᠡᠷᠦᠮᠵᠢ ᠨᠢ ᠨᠠᠩ ᠲᠡᠷᠢᠭᠦᠨ ᠤ᠂ ᠠᠵᠢᠯᠯᠠᠭᠠᠨ ᠤ ᠬᠠᠮᠢᠶᠠᠷᠤᠯᠲᠠ ᠨᠢ ᠠᠮᠤᠷ ᠲᠦᠪᠰᠢᠨ ᠥᠨᠳᠥᠷ ᠪᠦᠲᠦᠮᠵᠢᠲᠡᠶ᠂ ᠦᠢᠯᠡᠴᠢᠯᠡᠭᠡᠨ ᠤ ᠪᠠᠲᠤᠯᠠᠭ᠎ᠠ ᠨᠢ ᠴᠢᠨᠠᠷ ᠰᠠᠶᠢᠲᠠᠶ ᠳᠥᠭᠦᠮ ᠳᠥᠲᠡ᠂ ᠪᠣᠭᠤᠮᠲᠠ ᠶᠢᠨ ᠠᠵᠤ ᠠᠬᠤᠶ ᠶᠢ ᠵᠣᠬᠢᠴᠠᠩᠭᠤᠶ ᠬᠥᠭᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠱᠠᠭᠠᠷᠳᠠᠯᠭ᠎ᠠ ᠳᠤ ᠵᠣᠬᠢᠴᠠᠭᠰᠠᠨ ᠣᠳᠣᠬᠢᠴᠢᠯᠠᠭᠰᠠᠨ ᠣᠶᠤᠨᠴᠢ ᠪᠣᠭᠤᠮᠲᠠ ᠶᠢ ᠪᠠᠶᠢᠭᠤᠯᠤᠨ᠎ᠠ᠃  2025 ᠣᠨ ᠪᠣᠯᠬᠤ ᠳᠤ᠂ ᠤᠶᠤᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠢᠳᠡᠪᠬᠢᠲᠡᠶ ᠠᠭᠢᠵᠤ᠂ ᠮᠠᠨᠵᠤᠤᠷ᠂ ᠡᠷᠢᠶᠡᠨ ᠬᠤᠲᠠ ᠶᠢᠨ ᠶᠡᠷᠦᠩᠬᠡᠶᠢᠯᠡᠭᠰᠡᠨ ᠵᠠᠩᠭᠢᠯᠠᠭ᠎ᠠ ᠶᠢᠨ ᠪᠣᠭᠤᠮᠲᠠ ᠶᠢ ᠦᠨᠳᠦᠰᠦᠨ ᠳᠤ ᠪᠠᠨ ᠪᠠᠶᠢᠭᠤᠯᠤᠨ ᠪᠦᠲᠦᠭᠡᠵᠦ᠂ ᠪᠥᠬᠦ ᠤᠯᠤᠰ ᠲᠤ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠭᠠᠷᠭᠠᠨ᠎ᠠ︔ ᠭᠠᠭᠴᠠᠮᠤᠳᠤ᠂ ᠴᠡᠭᠡ᠂ ᠵᠡᠭᠦᠨ ᠬᠠᠲᠠᠪᠴᠢ ᠵᠡᠷᠭᠡ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠪᠣᠭᠤᠮᠲᠠ ᠶᠢᠨ ᠶᠡᠭᠡ ᠬᠡᠮᠵᠢᠶᠡᠨ ᠤ ᠲᠠᠸᠠᠷ ᠤᠨ ᠪᠣᠭᠤᠮᠲᠠ ᠪᠠᠷ ᠥᠩᠭᠡᠷᠡᠬᠦ ᠶᠢ ᠪᠠᠶᠢᠴᠠᠭᠠᠨ ᠰᠢᠯᠭᠠᠬᠤ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠲᠥᠬᠦᠭᠡᠷᠦᠮᠵᠢ ᠶᠢᠨ ᠮᠡᠳᠡᠭᠡ ᠵᠠᠩᠭᠢᠴᠢᠯᠠᠯᠲᠠ ᠶᠢᠨ ᠤᠶᠤᠨᠴᠢᠯᠠᠭᠰᠠᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠠᠵᠢᠯᠯᠠᠭᠠᠨ ᠤ ᠬᠠᠮᠢᠶᠠᠷᠤᠯᠲᠠ ᠶᠢ ᠲᠣᠭᠠᠴᠢᠯᠠᠬᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠳᠥᠭᠦᠮᠴᠢᠯᠡᠯᠲᠡ ᠶᠢ ᠢᠳᠡᠪᠬᠢᠲᠡᠶ ᠦᠷ᠎ᠡ ᠪᠦᠲᠦᠮᠵᠢ ᠤᠯᠤᠨ᠎ᠠ︔ ᠡᠩ ᠤᠨ ᠪᠣᠭᠤᠮᠲᠠ ᠶᠢᠨ ᠪᠡᠯᠡᠳᠬᠡᠮᠵᠢ ᠲᠥᠬᠦᠭᠡᠷᠦᠮᠵᠢ ᠶᠢᠨ ᠤᠶᠤᠨᠴᠢᠯᠠᠯᠲᠠ᠂ ᠮᠡᠳᠡᠭᠡ   ᠵᠠᠩᠭᠢᠴᠢᠯᠠᠯᠲᠠ᠂ ᠡᠷᠴᠢᠮᠵᠢᠭᠦᠯᠦᠭᠰᠡᠨ ᠳᠤᠲᠠᠭᠤᠳᠠᠯ ᠢ ᠨᠥᠬᠦᠪᠥᠷᠢᠯᠡᠵᠦ᠂ ᠪᠣᠭᠤᠮᠲᠠ ᠶᠢᠨ ᠨᠡᠪᠲᠡᠷᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃  2030 ᠣᠨ ᠪᠤᠯᠳᠡᠯ᠎ᠠ᠂ ᠣᠶᠣᠨᠴᠢ ᠪᠤᠭᠤᠮᠳᠡ ᠴᠢᠬᠤᠯᠡ ᠶᠡᠭᠡ ᠠᠬᠢᠴᠠ ᠲᠠᠢ ᠪᠤᠯᠵᠦ᠂ ᠡᠯ᠎ᠠ ᠪᠤᠭᠤᠮᠳᠡ ᠶᠢᠨ ᠭᠤᠤᠯ ᠴᠣᠠᠠᠴᠠ ᠶᠢᠨ ᠬᠤᠭᠤᠷᠤᠨᠳᠣᠬᠢ ᠣᠶᠣᠨᠴᠢ ᠬᠠᠷᠢᠯᠴᠠᠨ ᠬᠤᠯᠪᠤᠭᠠᠯᠬᠠᠰᠠᠨ᠂ ᠬᠠᠮᠵᠢᠯᠴᠠᠨ ᠬᠠᠮᠳᠣᠷᠡᠨ ᠬᠦᠳᠡᠯᠥᠯᠴᠡᠭᠰᠡᠨ᠂ ᠦᠨᠳᠣᠷ ᠦᠷ᠎ᠠ ᠪᠦᠳᠦᠮᠵᠢᠳᠡᠢ ᠪᠠᠷ ᠠᠵᠢᠯᠯᠠᠵᠤ ᠪᠦᠬᠦᠢ ᠰᠠᠶᠢᠨ ᠰᠠᠶᠢᠬᠠᠨ ᠠᠮᠢ ᠠᠬᠤᠢ ᠶᠢ ᠪᠦᠷᠢᠯᠳᠦᠬᠦᠯᠵᠦ᠂ ᠲᠣᠷᠰᠢᠯᠳᠡ ᠶᠢᠨ ᠴᠡᠭ ᠢ ᠪᠦᠳᠦᠭᠡᠨ ᠪᠠᠶᠢᠭᠤᠯᠬᠤ ᠶᠢᠨ ᠣᠶᠣᠨᠴᠢᠯᠬᠠᠰᠠᠨ ᠭᠡᠮᠵᠢᠶ᠎ᠠ ᠶᠢ ᠳᠡᠯᠡᠭᠡᠢ ᠶᠢᠨ ᠳᠡᠷᠢᠬᠦᠨ ᠤ ᠬᠢᠷᠢ ᠭᠡᠮᠵᠢᠶ᠎ᠠ ᠳᠤ ᠬᠦᠷᠦᠬᠦᠯᠥᠨ᠎ᠠ᠃  2035 ᠣᠨ ᠪᠣᠯᠬᠤ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠰᠡᠨ ᠤᠶᠤᠨᠴᠢ ᠪᠣᠭᠤᠮᠲᠠ ᠶᠢ ᠦᠨᠳᠦᠰᠦᠨ ᠳᠡᠭᠡᠨ ᠪᠠᠶᠢᠭᠤᠯᠵᠤ᠂ ᠡᠷᠬᠢᠨ ᠲᠣᠭᠤᠷᠢᠨ ᠤ ᠤᠯᠤᠰ ᠤᠨ ᠤᠶᠤᠨᠴᠢ ᠪᠣᠭᠤᠮᠲᠠ ᠶᠢᠨ ᠬᠥᠭᠵᠢᠯᠲᠡ ᠶᠢ ᠬᠥᠲᠥᠯᠦᠨ ᠳᠠᠭᠠᠭᠤᠯᠤᠨ᠎ᠠ᠃  ᠬᠤᠶᠠᠷ᠂ ᠭᠤᠣᠯᠳᠠᠯᠭ᠎ᠠ ᠲᠠᠢ ᠡᠭᠦᠷᠭᠡ  ︵ᠨᠢᠭᠡ︶ ᠪᠡᠯᠡᠳᠬᠡᠮᠵᠢ ᠲᠥᠬᠦᠭᠡᠷᠦᠮᠵᠢ ᠶᠢᠨ ᠤᠶᠤᠨᠴᠢᠯᠠᠯᠲᠠ ᠶᠢ ᠲᠦᠷᠭᠡᠪᠴᠢᠯᠡᠨ ᠠᠬᠢᠭᠤᠯᠤᠨ᠎ᠠ  1. ᠪᠣᠭᠤᠮᠲᠠ ᠶᠢᠨ ᠣᠷᠣᠨ ᠪᠦᠰᠡ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠪᠣᠭᠤᠮᠲᠠ ᠶᠢᠨ ᠪᠠᠶᠢᠴᠠᠭᠠᠨ ᠰᠢᠯᠭᠠᠬᠤ ᠨᠡᠪᠲᠡᠷᠡᠬᠦ ᠵᠠᠮ ᠤᠨ ᠴᠢᠳᠠᠮᠵᠢᠲᠦ ᠣᠷᠣᠨ ᠤ ᠬᠤᠪᠢᠶᠠᠷᠢᠯᠠᠯᠲᠠ ᠶᠢ ᠵᠦᠢ ᠵᠣᠬᠢᠰᠲᠠᠶ ᠲᠥᠯᠥᠪᠵᠢᠭᠦᠯᠦᠨ ᠪᠠᠶᠢᠷᠢᠯᠠᠭᠤᠯᠵᠤ᠂ ᠡᠭᠦᠷᠭᠡ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠭᠡᠷ ᠪᠠᠶᠢᠰᠢᠩ ᠢ ᠪᠠᠷᠢᠮᠵᠢᠶ᠎ᠠ ᠶᠣᠰᠣᠭᠠᠷ ᠪᠦᠷᠢᠨ ᠭᠦᠢᠴᠡᠳ ᠲᠣᠬᠢᠷᠠᠭᠤᠯᠤᠨ᠎ᠠ᠃ ᠬᠡᠷᠡᠭᠴᠡᠭᠡ ᠪᠠᠨ ᠦᠨᠳᠦᠰᠦᠯᠡᠨ ᠬᠢᠯᠢ ᠶᠢᠨ ᠪᠣᠭᠤᠮᠲᠠ ᠪᠠᠷ ᠣᠷᠣᠵᠤ ᠭᠠᠷᠬᠤ ᠣᠷᠣᠨ ᠪᠦᠰᠡ ᠳᠠᠬᠢ ᠠᠮᠤᠷ ᠲᠦᠪᠰᠢᠨ ᠤ ᠪᠠᠶᠢᠴᠠᠭᠠᠯᠲᠠ ᠶᠢᠨ ᠪᠡᠯᠡᠳᠬᠡᠮᠵᠢ ᠶᠢ ᠪᠠᠶᠢᠭᠤᠯᠵᠤ᠂ ᠬᠢᠯᠢ ᠶᠢᠨ ᠪᠣᠭᠤᠮᠲᠠ ᠶᠢᠨ ᠵᠢᠭᠤᠯᠴᠢᠯᠠᠯ ᠤᠨ ᠰᠢᠯᠭᠠᠨ ᠪᠠᠶᠢᠴᠠᠭᠠᠯᠲᠠ ᠶᠢᠨ ᠨᠡᠪᠲᠡᠷᠡᠬᠦ ᠵᠠᠮ ᠳᠤ ᠠᠮᠤᠷ ᠲᠦᠪᠰᠢᠨ ᠤ ᠰᠢᠯᠭᠠᠨ ᠪᠠᠶᠢᠴᠠᠭᠠᠯᠲᠠ ᠶᠢᠨ ᠤᠷᠢᠳᠠᠴᠢ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠨᠥᠬᠦᠴᠡᠯ ᠪᠦᠷᠢᠳᠦᠭᠦᠯᠦᠭᠰᠡᠨ ᠪᠠᠷᠠᠭᠠᠨ ᠤ ᠪᠠᠶᠢᠴᠠᠭᠠᠯᠲᠠ ᠶᠢᠨ ᠨᠡᠪᠲᠡᠷᠡᠬᠦ ᠵᠠᠮ ᠳᠤ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢ ᠤᠷᠢᠳᠠᠪᠠᠷ ᠬᠢᠬᠦ ᠶᠢ ᠪᠡᠶᠡᠯᠡᠭᠦᠯᠦᠨ᠎ᠡ᠃ ᠬᠡᠷᠡᠭᠴᠡᠭᠡ ᠪᠠᠨ ᠦᠨᠳᠦᠰᠦᠯᠡᠨ ᠲᠡᠮᠦᠷ ᠵᠠᠮ ᠤᠨ ᠪᠣᠭᠤᠮᠲᠠ ᠨᠢ ᠪᠣᠭᠤᠮᠲᠠ ᠶᠢᠨ ᠡᠮᠦᠨᠡᠬᠢ ᠬᠤᠷᠢᠭᠯᠠᠬᠤ᠂ ᠬᠢᠵᠢᠭ ᠤᠨ ᠪᠠᠶᠢᠴᠠᠭᠠᠯᠲᠠ ᠬᠢᠬᠦ᠂ ᠴᠥᠮ᠎ᠡ ᠠᠮᠢᠳᠤ ᠪᠣᠳᠠᠰ ᠢ ᠰᠢᠢᠳᠪᠦᠷᠢᠯᠡᠬᠦ᠂ ᠬᠤᠭᠤᠴᠠᠭ᠎ᠠ ᠬᠢᠵᠠᠭᠠᠷᠯᠠᠨ ᠠᠵᠢᠯᠯᠠᠬᠤ᠂ ᠬᠥᠮᠦᠨ ᠤ ᠬᠦᠴᠦ ᠪᠠᠷ ᠪᠠᠶᠢᠴᠠᠭᠠᠬᠤ᠂ ᠬᠢᠵᠢᠭ ᠤᠨ ᠪᠠᠶᠢᠴᠠᠭᠠᠯᠲᠠ ᠶᠢ ᠰᠢᠢᠳᠪᠦᠷᠢᠯᠡᠬᠦ᠂ ᠲᠦᠷ ᠬᠠᠳᠠᠭᠠᠯᠠᠬᠤ ᠵᠡᠷᠭᠡ ᠡᠯ᠎ᠡ ᠠᠵᠢᠯᠯᠠᠬᠤ ᠲᠣᠭᠤᠷᠢᠭ ︵ᠬᠥᠮᠥᠷᠭᠡ︶ ᠤᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠵᠦᠢ ᠵᠣᠬᠢᠰᠲᠠᠶ ᠰᠢᠯᠢᠳᠡᠭᠵᠢᠭᠦᠯᠵᠦ᠂ ᠬᠠᠮᠲᠤ ᠪᠠᠷ ᠬᠡᠷᠡᠭᠯᠡᠵᠦ ᠬᠠᠮᠲᠤ ᠪᠠᠷ ᠪᠠᠶᠢᠴᠠᠭᠠᠨ ᠰᠢᠯᠭᠠᠬᠤ ᠪᠡᠯᠡᠳᠬᠡᠮᠵᠢ ᠲᠥᠬᠦᠭᠡᠷᠦᠮᠵᠢ ᠪᠠ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠨ᠎ᠡ᠃ ᠵᠠᠰᠠᠮᠠᠯ ᠵᠠᠮ ᠤᠨ ᠪᠣᠭᠤᠮᠲᠠ ᠪᠠᠷ ᠣᠷᠣᠵᠤ ᠢᠷᠡᠭᠰᠡᠨ ᠵᠢᠯᠣᠭᠤᠴᠢ ᠪᠠ ᠰᠠᠭᠤᠳᠠᠯ ᠤᠨ ᠠᠵᠢᠯᠲᠠᠨ ᠤ ᠡᠷᠡᠭᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠲᠠ᠂ ᠲᠡᠷᠭᠡ ᠬᠥᠰᠬᠡ ᠶᠢᠨ ᠠᠷᠢᠭᠤᠳᠬᠠᠯ᠂ ᠴᠥᠮ᠎ᠡ ᠶᠢᠨ ᠠᠮᠢᠳᠤ ᠪᠣᠳᠠᠰ ᠤᠨ ᠬᠢᠮᠢ ᠶᠢᠨ ᠪᠠᠶᠢᠴᠠᠭᠠᠨ ᠬᠡᠮᠵᠢᠯᠲᠡ ᠵᠡᠷᠭᠡ ᠠᠵᠢᠯ ᠤᠨ ᠲᠣᠭᠤᠷᠢᠭ ᠪᠠ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠲᠦᠪᠯᠡᠷᠡᠭᠦᠯᠦᠨ ᠡᠮᠬᠢᠯᠡᠨ ᠨᠡᠶᠢᠯᠡᠭᠦᠯᠵᠦ᠂ ᠠᠳᠠᠯᠢ ᠨᠢᠭᠡᠨ ᠣᠷᠣᠨ ᠪᠦᠰᠡ ᠳᠤ ᠵᠡᠷᠭᠡ ᠪᠠᠷ ᠪᠡᠶᠡᠯᠡᠭᠦᠯᠬᠦ ᠶᠢ ᠪᠡᠶᠡᠯᠡᠭᠦᠯᠦᠨ᠎ᠡ᠃ ᠠᠭᠠᠷ ᠤᠨ ᠠᠶᠠᠯᠠᠯ ᠤᠨ ᠪᠣᠭᠤᠮᠲᠠ ᠳᠤ ᠠᠶᠠᠨᠴᠢᠳ ᠤᠨ ᠵᠠᠮ ᠵᠢᠴᠢ ᠣᠯᠠᠨ ᠤᠯᠤᠰ ᠤᠨ ᠲᠦᠷᠭᠡᠨ ᠬᠦᠷᠭᠡᠬᠦ ᠵᠦᠢᠯ ᠤᠨ ᠰᠢᠤᠳᠠᠨ ᠤ ᠵᠦᠢᠯ ᠤᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠪᠠᠢᠷᠢᠯᠠᠭᠤᠯᠬᠤ ᠬᠡᠷᠡᠭᠲᠡᠢ᠃  2. ᠳᠡᠰ ᠳᠡᠪᠰᠢᠭᠦᠯᠬᠦ ᠤᠶᠤᠨᠴᠢ ᠵᠢᠭᠤᠯᠴᠢᠯᠠᠯ ᠤᠨ ᠪᠠᠶᠢᠴᠠᠭᠠᠬᠤ ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠤᠨ᠎ᠠ᠃ ᠮᠠᠨᠵᠤᠤᠷ᠂ ᠡᠷᠢᠶᠡᠨ ᠬᠤᠲᠠ᠂ ᠠᠷᠤᠬᠠᠰᠢᠶᠠᠲᠤ ᠵᠡᠷᠭᠡ ᠬᠢᠯᠢ ᠪᠠᠷ ᠣᠷᠣᠵᠤ ᠭᠠᠷᠬᠤ ᠠᠶᠠᠨᠴᠢᠳ ᠤᠨ ᠴᠤᠪᠤᠷᠠᠯ ᠤᠨ ᠬᠡᠮᠵᠢᠶ᠎ᠡ ᠨᠡᠯᠢᠶᠡᠳ ᠶᠡᠭᠡ ᠬᠢᠯᠢ ᠶᠢᠨ ᠪᠣᠭᠤᠮᠲᠠ ᠪᠠ ᠠᠭᠠᠷ ᠤᠨ ᠠᠶᠠᠯᠠᠯ ᠤᠨ ᠪᠣᠭᠤᠮᠲᠠ ᠨᠢ ᠪᠣᠭᠤᠮᠲᠠ ᠪᠠᠷ ᠥᠩᠭᠡᠷᠡᠬᠦ ᠣᠷᠭᠢᠯ ᠬᠡᠮᠵᠢᠭᠳᠡᠯ ᠤᠨ ᠤᠷᠤᠰᠬᠠᠯ ᠤᠨ ᠬᠡᠮᠵᠢᠶ᠎ᠡ ᠪᠠᠷ ᠰᠠᠭᠤᠷᠢ   ᠪᠣᠯᠭᠠᠵᠤ᠂ ᠡᠷᠡᠭᠦᠯ ᠮᠡᠨᠳᠦ ᠶᠢ ᠭᠤᠶᠤᠴᠢᠯᠠᠨ ᠮᠡᠳᠡᠭᠦᠯᠵᠦ ᠬᠢᠨᠠᠨ ᠰᠢᠯᠭᠠᠬᠤ ᠨᠢᠭᠡ ᠴᠣᠭᠴᠠᠲᠤ ᠮᠠᠰᠢᠨ᠂ ᠳᠤᠯᠠᠭᠠᠨ ᠤ ᠬᠡᠮᠵᠢᠶ᠎ᠡ ᠶᠢ ᠤᠶᠤᠨᠴᠢ ᠪᠠᠷ ᠰᠢᠯᠭᠠᠨ ᠪᠠᠶᠢᠴᠠᠭᠠᠬᠤ ᠵᠢᠭᠤᠯᠴᠢᠯᠠᠯ ᠤᠨ ᠨᠡᠪᠲᠡᠷᠡᠬᠦ ᠵᠠᠮ᠂ ᠬᠥᠮᠦᠨ ᠤ ᠬᠦᠴᠦ ᠪᠠᠷ ᠰᠢᠯᠭᠠᠨ ᠬᠢᠨᠠᠬᠤ ᠠᠵᠢᠯ ᠤᠨ ᠥᠷᠲᠡᠭᠡ ᠵᠡᠷᠭᠡ ᠣᠶᠤᠨᠴᠢᠯᠠᠭᠰᠠᠨ ᠲᠥᠬᠦᠭᠡᠷᠦᠮᠵᠢ ᠶᠢ ᠤᠷᠢᠳᠠᠪᠠᠷ ᠳᠣᠭᠢᠷᠠᠭᠤᠯᠵᠤ᠂ ᠣᠲᠣ ᠶᠢᠨ ᠪᠠᠶᠢᠭ᠎ᠠ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠨᠡᠪᠲᠡᠷᠡᠬᠦ ᠵᠠᠮ ᠢ ᠲᠠᠰ ᠳᠡᠪᠰᠢᠭᠦᠯᠦᠨ ᠥᠭᠡᠷᠡᠴᠢᠯᠡᠵᠦ᠂ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠠᠵᠢᠯ ᠤᠨ ᠴᠤᠪᠤᠷᠠᠯ ᠢ ᠰᠢᠯᠢᠳᠡᠭᠵᠢᠭᠦᠯᠦᠨ᠂ ᠠᠶᠠᠨᠴᠢᠳ ᠤᠨ ᠪᠣᠭᠤᠮᠲᠠ ᠪᠠᠷ ᠥᠩᠭᠡᠷᠡᠬᠦ ᠴᠠᠭ ᠢ ᠪᠠᠭᠠᠰᠬᠠᠪᠠ᠃  ᠵᠠᠰᠠᠮᠠᠯ ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠪᠠ ᠠᠶᠠᠨᠴᠢᠳ ᠤᠨ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠵᠠᠮ ᠳᠤ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠨᠢᠭᠡ ᠴᠣᠭᠴᠠᠲᠤ ᠮᠠᠰᠢᠨ ᠢ ᠳᠣᠭᠢᠷᠠᠭᠤᠯᠵᠤ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠪᠠ ᠠᠶᠠᠨᠴᠢᠳ ᠤᠨ ᠥᠯᠥ ᠬᠦᠷᠦᠯᠴᠡᠬᠦ ᠬᠡᠯᠪᠡᠷᠢ ᠶᠢᠨ ᠪᠣᠭᠤᠮᠲᠠ ᠪᠠᠷ ᠥᠩᠭᠡᠷᠡᠬᠦ ᠵᠠᠭᠪᠤᠷ ᠢ ᠦᠷᠭᠦᠯᠵᠢᠯᠡᠨ ᠰᠠᠶᠢᠵᠢᠷᠠᠭᠤᠯᠵᠤ᠂ ᠪᠣᠭᠤᠮᠲᠠ ᠪᠠᠷ ᠥᠩᠭᠡᠷᠡᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠦᠨ᠎ᠡ᠃  3. ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠠᠨᠵᠤᠤᠷ᠂ ᠡᠷᠢᠶᠡᠨ ᠬᠤᠲᠠ ᠶᠢᠨ ᠶᠡᠷᠦᠩᠬᠡᠶᠢᠯᠡᠭᠰᠡᠨ ᠵᠠᠩᠭᠢᠯᠠᠭ᠎ᠠ ᠶᠢᠨ ᠪᠣᠭᠤᠮᠲᠠ᠂ ᠭᠠᠭᠴᠠᠮᠤᠳᠤ᠂ ᠴᠡᠭᠡ᠂ ᠵᠡᠭᠦᠨ ᠬᠠᠲᠠᠪᠴᠢ ᠵᠡᠷᠭᠡ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠪᠣᠭᠤᠮᠲᠠ ᠪᠠ ᠡᠪᠦᠳᠦᠭ ᠪᠣᠭᠤᠮᠲᠠ ᠨᠢ ᠵᠣᠬᠢᠶᠠᠮᠠᠯ ᠣᠶᠤᠨᠴᠢ᠂ ᠠᠮᠢᠳᠤ ᠪᠣᠳᠠᠰ ᠢ ᠢᠯᠭᠠᠨ ᠲᠠᠨᠢᠬᠤ᠂ ᠪᠣᠳᠠᠰ ᠤᠨ ᠮᠡᠳᠡᠭᠡ ᠵᠠᠩᠭᠢ ᠶᠢᠨ ᠰᠦᠯᠵᠢᠶ᠎ᠡ᠂ ᠳᠠᠭᠠᠭᠤᠯᠢ ᠣᠳᠣᠨ ᠤ ᠠᠶᠠᠯᠠᠯ ᠵᠠᠯᠠᠬᠤ ᠵᠡᠷᠭᠡ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠳᠣᠲᠣᠭᠠᠳᠤ ᠳᠤ ᠪᠠᠨ ᠨᠡᠪᠲᠡ ᠦᠵᠡᠬᠦ᠂ ᠭᠠᠳᠠᠷ ᠲᠠᠯ᠎ᠠ ᠶᠢᠨ ᠰᠢᠷᠪᠢᠯᠲᠡ᠂ ᠵᠢᠷᠤᠭ ᠳᠦᠷᠰᠦ ᠶᠢᠨ ᠵᠠᠳᠠᠯᠤᠯᠲᠠ᠂ ᠣᠶᠤᠨᠴᠢ ᠲᠦᠭᠰᠢᠭᠦᠷᠢ ᠮᠡᠳᠡᠭᠦᠯᠬᠦ ᠵᠡᠷᠭᠡ ᠴᠢᠳᠠᠮᠵᠢ ᠲᠠᠢ ᠲᠣᠮᠣ ᠬᠡᠯᠪᠡᠷᠢ ᠶᠢᠨ ᠴᠢᠩᠭᠡᠯᠢᠭᠲᠦ ᠨᠡᠪᠲᠡ ᠦᠵᠡᠬᠦ ᠪᠠᠶᠢᠴᠠᠭᠠᠯᠲᠠ᠂ ᠨᠡᠶᠢᠯᠡᠮᠡᠯ ᠨᠢᠷᠤᠭᠤᠨ ᠳᠡᠭᠡᠷᠡᠬᠢ ᠰᠠᠴᠤᠷᠠᠭ ᠤᠨ ᠪᠠᠶᠢᠴᠠᠭᠠᠯᠲᠠ᠂ ᠬᠤᠭᠤᠰᠣᠨ ᠬᠠᠶᠢᠷᠴᠠᠭ ᠤᠨ ᠡᠭᠦᠷᠬᠦ ᠰᠠᠴᠤᠷᠠᠭ ᠤᠨ ᠪᠠᠶᠢᠴᠠᠭᠠᠯᠲᠠ᠂ ᠳᠡᠯᠪᠡᠷᠡᠬᠦ ᠪᠣᠳᠠᠰ ᠢ ᠪᠠᠶᠢᠴᠠᠭᠠᠨ ᠰᠢᠯᠭᠠᠬᠤ ᠰᠢᠰᠲ᠋ᠧᠮ ᠵᠡᠷᠭᠡ ᠲᠡᠷᠭᠡᠨ ᠤ ᠪᠠᠶᠢᠴᠠᠭᠠᠬᠤ ᠪᠡᠯᠡᠳᠬᠡᠮᠵᠢ ᠲᠥᠬᠦᠭᠡᠷᠦᠮᠵᠢ ᠶᠢ ᠪᠠᠶᠢᠭᠤᠯᠵᠤ᠂ ᠭᠠᠳᠠᠷ 360 ᠭᠷᠠᠳᠦ᠋ᠰ ᠤᠨ ᠰᠢᠷᠪᠢᠯᠲᠡ ᠶᠢᠨ ᠪᠠᠶᠢᠴᠠᠭᠠᠨ ᠰᠢᠯᠭᠠᠬᠤ᠂ ᠳᠣᠲᠣᠭᠠᠳᠤ ᠳᠤ ᠪᠠᠨ ᠥᠨᠳᠥᠷ ᠲᠣᠳᠣ ᠨᠡᠪᠲᠡ ᠬᠠᠷᠠᠭ᠎ᠠ ᠶᠢ ᠪᠠᠶᠢᠴᠠᠭᠠᠨ ᠰᠢᠯᠭᠠᠬᠤ᠂ ᠵᠢᠷᠤᠭ ᠳᠦᠷᠰᠦ ᠶᠢ ᠤᠶᠤᠨᠴᠢᠯᠠᠨ ᠪᠠᠶᠢᠴᠠᠭᠠᠨ ᠰᠢᠯᠭᠠᠬᠤ᠂ ᠬᠥᠮᠥᠨ ᠪᠠ ᠮᠠᠰᠢᠨ ᠢ ᠤᠶᠠᠯᠳᠤᠭᠤᠯᠤᠨ ᠭᠤᠣᠯᠳᠠᠯᠭ᠎ᠠ ᠲᠠᠢ ᠪᠠᠶᠢᠴᠠᠭᠠᠨ ᠰᠢᠯᠭᠠᠬᠤ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠪᠣᠭᠤᠮᠲᠠ ᠶᠢᠨ ᠣᠶᠤᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠡᠷᠭᠡᠨ ᠫᠠᠶᠢᠰᠠ ᠶᠢ ᠠᠦ᠋ᠲ᠋ᠣ᠋ ᠢᠯᠭᠠᠨ ᠲᠠᠨᠢᠬᠤ᠂ ᠠᠦ᠋ᠲ᠋ᠣ᠋ ᠥᠯᠢᠭᠡᠷ ᠴᠤᠭᠯᠠᠭᠤᠯᠬᠤ᠂ ᠣᠶᠤᠨᠴᠢ ᠪᠠᠷ ᠬᠠᠷᠭᠤᠭᠤᠯᠤᠨ ᠪᠠᠶᠢᠴᠠᠭᠠᠨ ᠰᠢᠯᠭᠠᠬᠤ ᠴᠢᠳᠠᠮᠵᠢ ᠲᠠᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠪᠣᠭᠤᠮᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠪᠣᠭᠤᠮᠲᠠ ᠶᠢᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠰᠤᠳᠤᠯᠤᠨ ᠮᠠᠭᠠᠳᠯᠠᠬᠤ ᠴᠢᠳᠠᠮᠵᠢ ᠶᠢ ᠭᠤᠤᠯᠳᠠᠯᠭ᠎ᠠ ᠲᠠᠢ ᠪᠡᠶᠡᠯᠡᠭᠦᠯᠦᠨ᠎ᠡ᠃  4. ᠬᠢᠯᠢ ᠪᠠᠷ ᠣᠷᠣᠵᠤ ᠭᠠᠷᠬᠤ ᠪᠤᠰᠤ ᠬᠥᠮᠦᠰ ᠤᠨ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠯᠢ ᠶᠢᠨ ᠪᠣᠭᠤᠮᠲᠠ ᠪᠠᠷ ᠬᠢᠵᠠᠭᠠᠷᠯᠠᠨ ᠲᠣᠭᠲᠠᠭᠠᠭᠰᠠᠨ ᠣᠷᠣᠨ ᠪᠦᠰᠡ ᠳᠤ ᠪᠦᠷᠢᠳᠬᠡᠨ ᠳᠠᠩᠰᠠᠯᠠᠵᠤ ᠨᠡᠪᠲᠡᠷᠡᠬᠦ᠂ ᠲᠡᠷᠭᠡ ᠬᠥᠰᠬᠡ᠂ ᠬᠥᠮᠥᠰ ᠤᠨ ᠮᠡᠳᠡᠭᠡ ᠵᠠᠩᠭᠢ ᠶᠢ ᠤᠷᠢᠳᠴᠢᠯᠠᠨ ᠮᠡᠳᠡᠭᠡᠯᠡᠬᠦ ᠶᠢ ᠨᠢᠭᠡ ᠴᠤᠭᠴᠠᠵᠢᠭᠤᠯᠤᠭᠰᠠᠨ ᠬᠢᠯᠢ ᠪᠠᠷ ᠣᠷᠣᠵᠤ ᠭᠠᠷᠬᠤ ᠪᠤᠰᠤ ᠬᠥᠮᠥᠰ ᠤᠨ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠵᠢᠯᠲᠠᠨ ᠤ ᠨᠡᠪᠲᠡᠷᠡᠬᠦ ᠵᠠᠮ ᠳᠤ ᠪᠡᠶ᠎ᠡ ᠶᠢᠨ ᠭᠠᠷᠤᠯ ᠢ ᠬᠠᠷᠭᠤᠭᠤᠯᠤᠨ ᠪᠠᠶᠢᠴᠠᠭᠠᠬᠤ ᠡᠯᠧᠺᠲᠷᠣᠨ ᠡᠭᠦᠳᠡ ᠪᠠᠷ ᠴᠠᠭᠠᠵᠠᠯᠠᠬᠤ ᠪᠤᠶᠤ ᠡᠭᠦᠳᠡ ᠭᠠᠷᠭᠠᠵᠤ᠂ ᠬᠥᠮᠦᠨ ᠤ ᠨᠢᠭᠤᠷ᠂ ᠬᠤᠷᠤᠭᠤᠨ ᠣᠷᠣᠮ᠂ ᠰᠣᠯᠣᠩᠭᠠᠨ ᠪᠦᠷᠬᠦᠪᠴᠢ᠂ ᠳᠠᠭᠤᠨ ᠤ ᠢᠷᠠᠯᠵᠢ ᠵᠡᠷᠭᠡ ᠨᠠᠷᠢᠯᠢᠭ ᠣᠨᠣᠴᠠᠲᠠᠢ ᠠᠮᠢᠳᠤ ᠪᠣᠳᠠᠰ ᠢ ᠢᠯᠭᠠᠨ ᠲᠠᠨᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠡᠶ᠎ᠡ ᠶᠢᠨ ᠭᠠᠷᠤᠯ ᠢ ᠬᠠᠷᠭᠤᠭᠤᠯᠤᠨ ᠰᠢᠯᠭᠠᠨ᠎ᠠ᠃  5. ᠪᠣᠭᠤᠮᠲᠠ ᠶᠢᠨ ᠣᠷᠣᠨ ᠪᠦᠰᠡ ᠶᠢᠨ ᠣᠶᠤᠨᠴᠢᠯᠠᠭᠰᠠᠨ ᠬᠠᠮᠢᠶᠠᠷᠤᠯᠲᠠ ᠡᠵᠡᠮᠳᠡᠯ ᠢ ᠴᠢᠩᠭᠠᠷᠠᠭᠤᠯᠤᠨ᠎ᠠ᠃ ᠬᠠᠭᠤᠷᠠᠶ ᠵᠠᠮ ᠤᠨ ᠪᠣᠭᠤᠮᠲᠠ ᠶᠢᠨ ᠭᠠᠷᠠᠭ ᠤᠨ ᠵᠠᠭᠠᠭ ᠤᠨ ᠰᠠᠭᠤᠷᠢ ᠲᠣᠤᠷ ᠤᠨ ᠬᠦᠷᠢᠶ᠎ᠡ ᠶᠢ ᠲᠠᠰ ᠳᠡᠪᠰᠢᠭᠦᠯᠦᠨ ᠥᠭᠡᠷᠡᠴᠢᠯᠡᠵᠦ᠂ ᠹᠢᠽᠢᠺ ᠤᠨ ᠲᠤᠰᠠᠭᠠᠷᠯᠠᠯ᠂ ᠡᠯᠧᠺᠲᠷᠣᠨ ᠬᠠᠰᠢᠶ᠎ᠠ᠂ ᠡᠯᠧᠺᠲᠷᠣᠨ ᠡᠭᠦᠳᠡ ᠪᠠᠷ ᠴᠠᠭᠠᠵᠠᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ ᠳᠤ ᠬᠠᠮᠢᠶᠠᠷᠤᠯᠲᠠ ᠬᠢᠨ᠎ᠠ᠃ ᠪᠣᠭᠤᠮᠲᠠ ᠶᠢᠨ ᠲᠤᠬᠠᠶ ᠶᠢᠨ ᠲᠠᠯᠠᠪᠠᠶ ᠳᠤ ᠡᠮᠦᠨ᠎ᠡ ᠦᠵᠦᠭᠦᠷ ᠲᠤ ᠮᠡᠳᠡᠷᠡᠬᠦ᠂ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ᠂ ᠳᠠᠭᠤᠨ ᠭᠡᠷᠡᠯ ᠢ ᠲᠦᠭᠰᠢᠭᠦᠷᠢ ᠮᠡᠳᠡᠭᠦᠯᠬᠦ ᠪᠠ ᠰᠡᠷᠡᠮᠵᠢᠯᠡᠭᠦᠯᠵᠦ ᠵᠠᠶᠢᠯᠠᠭᠤᠯᠬᠤ ᠰᠢᠰᠲ᠋ᠧᠮ ᠢ ᠪᠠᠶᠢᠭᠤᠯᠵᠤ᠂ ᠫᠤᠤ ᠪᠥᠮᠪᠦᠭᠡ ᠬᠤᠯᠪᠣᠭᠠᠯᠠᠨ ᠬᠥᠳᠡᠯᠦᠯᠴᠡᠬᠦ᠂ ᠭᠠᠷᠠᠭ ᠤᠨ ᠵᠠᠭᠠᠭ ᠤᠨ ᠷᠠᠳᠠᠷ᠂ ᠯᠤᠭᠰᠢᠯᠲᠠ ᠶᠢᠨ ᠴᠠᠬᠢᠯᠭᠠᠨ ᠲᠣᠣᠷ ᠵᠡᠷᠭᠡ ᠭᠠᠷᠠᠭ ᠤᠨ ᠵᠠᠭᠠᠭ ᠤᠨ ᠤᠶᠤᠨᠴᠢᠯᠠᠭᠰᠠᠨ ᠰᠡᠷᠭᠡᠶᠢᠯᠡᠨ ᠡᠵᠡᠮᠳᠡᠬᠦ ᠪᠡᠯᠡᠳᠬᠡᠮᠵᠢ ᠶᠢ ᠢᠵᠢ ᠪᠥᠷᠢᠳᠦᠭᠦᠯᠦᠨ ᠬᠡᠷᠡᠭᠯᠡᠨ᠎ᠡ᠃ ᠭᠤᠣᠯᠳᠠᠯᠭ᠎ᠠ ᠲᠠᠢ ᠬᠠᠮᠢᠶᠠᠷᠬᠤ ᠬᠡᠰᠡᠭ᠂ ᠪᠣᠭᠤᠮᠲᠠ ᠪᠠ ᠣᠷᠣᠨ ᠪᠦᠰᠡ ᠳᠤ ᠥᠨᠳᠥᠷ ᠣᠭᠲᠠᠷᠭᠤᠢ ᠶᠢᠨ ᠪᠦᠬᠦ ᠦᠵᠡᠮᠵᠢ ᠶᠢ ᠬᠢᠨᠠᠨ ᠡᠵᠡᠮᠳᠡᠬᠦ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠲᠣᠬᠢᠷᠠᠭᠤᠯᠵᠤ᠂ ︽ᠪᠣᠯᠣᠳ ᠲᠡᠮᠦᠷ ᠤᠨ ᠪᠠᠶᠢᠯᠳᠤᠭᠴᠢ︾ ︽ᠡᠯᠧᠺᠲᠷᠣᠨ ᠬᠠᠷᠠᠭᠤᠯ ᠤᠨ ᠴᠡᠷᠢᠭ︾ ᠵᠡᠷᠭᠡ ᠲᠡᠷᠢᠭᠦᠨ ᠤ ᠲᠣᠨᠣᠭᠯᠠᠯ ᠢ ᠰᠦᠪᠡᠭᠴᠢᠯᠡᠨ ᠬᠡᠷᠡᠭᠯᠡᠵᠦ᠂ ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ ᠵᠢᠴᠢ ᠭᠠᠳᠠᠷ ᠲᠠᠯ᠎ᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠎ᠡ᠃ CT ᠣᠶᠤᠨᠴᠢ ᠵᠢᠷᠤᠭ ᠬᠢᠨᠠᠬᠤ ᠰᠢᠰᠲ᠋ᠧᠮ ᠢᠶᠠᠷ ᠭᠤᠣᠯ ᠪᠣᠯᠭᠠᠵᠤ᠂ ᠣᠶᠤᠨᠴᠢ ᠵᠢᠷᠤᠭ ᠬᠢᠨᠠᠬᠤ᠂ ᠬᠠᠶᠢᠷᠴᠠᠭ ᠪᠡᠶᠡᠲᠦ ᠶᠢ ᠢᠯᠭᠠᠨ ᠲᠠᠨᠢᠬᠤ᠂ ᠪᠣᠭᠤᠮᠲᠠ ᠶᠢᠨ ᠪᠣᠭᠤᠳᠠᠯ ᠪᠠᠭᠯᠠᠭ᠎ᠠ ᠶᠢ ᠬᠢᠨᠠᠨ ᠬᠠᠮᠢᠶᠠᠷᠴᠤ ᠣᠨᠢᠰᠤᠯᠠᠬᠤ ᠶᠢ ᠠᠶᠠᠨᠳᠠᠭᠠᠨ ᠪᠢᠲᠡᠭᠦᠮᠵᠢᠯᠡᠬᠦ᠂ ᠪᠣᠭᠤᠳᠠᠯ ᠪᠠᠭᠯᠠᠭ᠎ᠠ ᠶᠢ ᠮᠥᠷᠳᠡᠨ ᠪᠠᠶᠢᠷᠢ ᠲᠣᠭᠲᠠᠭᠠᠬᠤ᠂ ᠣᠶᠤᠨᠴᠢᠯᠠᠭᠰᠠᠨ ᠵᠠᠮ ᠵᠡᠷᠭᠡ ᠬᠠᠮᠤᠭ ᠤᠨ ᠰᠢᠨ᠎ᠡ ᠮᠡᠷᠭᠡᠵᠢᠯ ᠢ ᠬᠡᠷᠡᠭᠯᠡᠨ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠤᠷᠢᠳ ᠢᠶᠠᠷ ᠮᠠᠰᠢᠨ ᠪᠠᠶᠢᠴᠠᠭᠠᠬᠤ ᠰᠢᠰᠲ᠋ᠧᠮ ᠢ ᠢᠵᠢ ᠪᠦᠷᠢᠳᠦᠭᠦᠯᠦᠨ ᠬᠡᠷᠡᠭᠯᠡᠨ᠎ᠡ᠃ ᠤᠶᠤᠨᠴᠢ ᠬᠠᠭᠠᠯᠲᠠ ᠶᠢᠨ ᠮᠠᠰᠢᠨ᠂ ᠳᠠᠭᠤ ᠳᠦᠷᠰᠦ ᠰᠢᠩᠭᠡᠭᠡᠯᠲᠡ ᠴᠤᠭᠯᠠᠭᠤᠯᠬᠤ᠂ X ᠰᠠᠴᠤᠷᠠᠭ ᠤᠨ ᠮᠠᠰᠢᠨ᠂ CT ᠮᠠᠰᠢᠨ᠂ ᠳᠡᠯᠪᠡᠷᠡᠯᠲᠡ ᠶᠢ ᠰᠡᠷᠭᠡᠶᠢᠯᠡᠬᠦ᠂ ᠬᠤᠤᠷᠲᠤ ᠡᠳ᠋ ᠢ ᠪᠠᠶᠢᠴᠠᠭᠠᠨ ᠰᠢᠯᠭᠠᠬᠤ᠂ ᠰᠠᠴᠤᠷᠠᠭ ᠤᠨ ᠬᠠᠶᠢᠨ ᠬᠡᠮᠵᠢᠬᠦ᠂ ᠪᠠᠶᠢᠴᠠᠭᠠᠨ ᠰᠢᠯᠭᠠᠬᠤ ᠪᠠᠭᠠᠵᠢ ᠶᠢᠨ ᠬᠠᠶᠢᠷᠴᠠᠭ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠳᠣᠭᠢᠷᠠᠭᠤᠯᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠢᠯᠭᠠᠬᠤ ᠪᠠ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠮᠠᠰᠢᠨ ᠬᠥᠮᠦᠨ ᠤ ᠴᠠᠭᠳᠠᠨ ᠪᠠᠶᠢᠴᠠᠭᠠᠬᠤ ᠪᠠ ᠵᠣᠬᠢᠶᠠᠮᠠᠯ ᠣᠶᠤᠨᠴᠢ ᠲᠣᠭᠠᠴᠠᠭ᠎ᠠ ᠬᠢᠬᠦ ᠠᠷᠭ᠎ᠠ ᠶᠢ ᠳᠡᠯᠭᠡᠷᠡᠭᠦᠯᠦᠨ ᠬᠡᠷᠡᠭᠯᠡᠵᠦ᠂ ᠬᠦᠮᠦᠨ ᠥᠬᠡᠶ ᠮᠠᠰᠢᠨ ᠤ ᠭᠠᠵᠠᠷ ᠳᠡᠭᠡᠷᠡᠬᠢ ᠴᠠᠭᠳᠠᠨ ᠪᠠᠶᠢᠴᠠᠭᠠᠬᠤ ᠮᠠᠰᠢᠨ ᠬᠥᠮᠦᠨ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠦᠬᠦᠯᠢ ᠡᠳᠦᠷ᠂ ᠪᠥᠬᠦ ᠴᠠᠭ᠂ ᠪᠥᠬᠦ ᠣᠷᠣᠨ ᠪᠦᠰᠡ ᠳᠤ ᠲᠠᠰᠤᠯᠳᠠᠬᠤ ᠥᠬᠡᠶ ᠴᠠᠭᠳᠠᠨ ᠪᠠᠶᠢᠴᠠᠭᠠᠬᠤ ᠪᠠ ᠢᠯᠭᠠᠨ ᠲᠠᠨᠢᠵᠤ ᠲᠦᠭᠰᠢᠭᠦᠷᠢ ᠮᠡᠳᠡᠭᠦᠯᠬᠦ ᠴᠢᠳᠠᠮᠵᠢ ᠶᠢ ᠪᠡᠶᠡᠯᠡᠭᠦᠯᠵᠦ᠂ ᠤᠶᠤᠨᠴᠢᠯᠠᠭᠰᠠᠨ ᠬᠠᠮᠢᠶᠠᠷᠤᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃  6. ᠤᠶᠤᠨᠴᠢᠯᠠᠭᠰᠠᠨ ᠪᠠᠶᠢᠴᠠᠭᠠᠨ ᠰᠢᠨᠵᠢᠵᠦ ᠬᠢᠨᠠᠨ ᠰᠢᠨᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠷᠢᠭᠦᠨ ᠤ ᠪᠠᠶᠢᠴᠠᠭᠠᠨ ᠬᠡᠮᠵᠢᠬᠦ ᠲᠥᠬᠦᠭᠡᠷᠦᠮᠵᠢ ᠲᠣᠬᠢᠷᠠᠭᠤᠯᠵᠤ᠂ ᠬᠢᠮᠢ ᠶᠢᠨ ᠠᠭᠤᠷᠬᠠᠢ ᠶᠢᠨ ᠲᠥᠷᠥᠯ᠂ ᠢᠳᠡᠭᠡᠨ᠂ ᠠᠮᠤ ᠪᠤᠳᠠᠭ᠎ᠠ᠂ ᠮᠢᠬᠠᠨ ᠤ ᠵᠦᠢᠯ᠂ ᠵᠢᠮᠢᠰ᠂ ᠳᠠᠯᠠᠢ ᠶᠢᠨ ᠭᠠᠷᠤᠯᠲᠠ ᠵᠡᠷᠭᠡ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠬᠠᠤᠯᠢ ᠪᠠᠷ ᠲᠣᠭᠲᠠᠭᠠᠭᠰᠠᠨ ᠰᠢᠯᠭᠠᠨ ᠪᠠᠶᠢᠴᠠᠭᠠᠬᠤ ᠶᠢ ᠲᠤᠰ ᠭᠠᠵᠠᠷ ᠣᠷᠣᠨ ᠳᠤ ᠪᠡᠶᠡᠯᠡᠭᠦᠯᠪᠡ᠃ ᠲᠡᠷᠢᠭᠦᠨ ᠤ ᠡᠮᠴᠢᠯᠡᠭᠡᠨ ᠤ ᠲᠥᠬᠦᠭᠡᠷᠦᠮᠵᠢ ᠶᠢ ᠪᠦᠷᠢᠨ ᠲᠣᠬᠢᠷᠠᠭᠤᠯᠵᠤ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ᠂ ᠪᠠᠴᠢᠮ ᠡᠮᠴᠢᠯᠡᠭᠡ᠂ ᠰᠡᠵᠢᠭᠲᠡᠶ ᠴᠢᠨᠠᠷᠲᠠᠶ ᠬᠠᠳᠠᠮᠠᠯ ᠡᠪᠡᠳᠴᠢᠨ ᠤ ᠪᠠᠶᠢᠴᠠᠭᠠᠯᠲᠠ ᠪᠠ ᠡᠮᠴᠢᠯᠡᠭᠡᠨ ᠤ ᠰᠢᠯᠭᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠭᠤᠮᠲᠠ ᠶᠢᠨ ᠲᠦᠷᠭᠡᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠤᠨ ᠲᠥᠬᠦᠭᠡᠷᠦᠮᠵᠢ ᠪᠠ ᠲᠤᠷᠰᠢᠯᠲᠠ ᠶᠢᠨ ᠡᠮ ᠢ ᠭᠦᠢᠴᠡᠳ ᠲᠣᠬᠢᠷᠠᠭᠤᠯᠵᠤ᠂ ᠲᠦᠷᠭᠡᠨ ᠰᠢᠭᠰᠢᠨ ᠪᠠᠶᠢᠴᠠᠭᠠᠬᠤ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠶᠤᠯ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃  ︵ᠬᠤᠶᠠᠷ︶ ᠮᠡᠳᠡᠭᠡ ᠵᠠᠩᠭᠢ ᠶᠢᠨ ᠰᠢᠰᠲ᠋ᠧᠮ ᠤᠨ ᠡᠷᠴᠢᠮᠵᠢᠬᠦ ᠶᠢ ᠲᠦᠷᠭᠡᠳᠭᠡᠨ ᠠᠬᠢᠭᠤᠯᠤᠨ᠎ᠠ  7. ᠨᠢᠭᠡᠳᠦᠯᠲᠡᠶ ᠪᠥᠭᠡᠳ ᠥᠨᠳᠥᠷ ᠪᠦᠲᠦᠮᠵᠢᠲᠡᠶ ᠲᠤᠯᠭᠠᠭᠤᠷᠢᠯᠠᠬᠤ ᠲᠠᠪᠴᠠᠩ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠪᠣᠭᠤᠮᠲᠠ ᠶᠢᠨ ᠳ᠋ᠠᠶᠢᠲ᠋ᠠ ᠶᠢᠨ ᠰᠠᠭᠤᠷᠢ ᠰᠠᠭᠤᠳᠠᠯ ᠪᠠ ᠨᠢᠭᠡᠳᠦᠯᠲᠡᠶ ᠮᠡᠷᠭᠡᠵᠢᠯ ᠤᠨ ᠪᠠᠷᠢᠮᠵᠢᠶ᠎ᠠ ᠶᠢᠨ ᠲᠤᠯᠭᠠᠭᠤᠷᠢᠯᠠᠬᠤ ᠲᠠᠪᠴᠠᠩ ᠢ ᠪᠠᠶᠢᠭᠤᠯᠵᠤ᠂ ᠪᠣᠭᠤᠮᠲᠠ ᠶᠢᠨ ᠨᠡᠶᠢᠳᠡᠮ ᠬᠡᠷᠡᠭᠯᠡᠬᠦ ᠰᠠᠭᠤᠷᠢ ᠪᠠᠶᠢᠴᠠᠭᠠᠨ ᠰᠢᠯᠭᠠᠬᠤ᠂ ᠬᠠᠮᠢᠶᠠᠷᠤᠨ ᠡᠵᠡᠮᠳᠡᠬᠦ ᠪᠡᠯᠡᠳᠬᠡᠮᠵᠢ ᠲᠥᠬᠦᠭᠡᠷᠦᠮᠵᠢ ᠶᠢ ᠪᠥᠬᠦ ᠲᠠᠯ᠎ᠠ ᠪᠠᠷ ᠪᠦᠷᠢᠨ ᠭᠦᠢᠴᠡᠳ ᠵᠠᠯᠭᠠᠨ ᠣᠷᠣᠭᠤᠯᠵᠤ᠂ ᠲᠣᠭᠠᠴᠢᠯᠠᠭᠰᠠᠨ ᠠᠷᠠᠯᠵᠢᠶ᠎ᠠ᠂ ᠲᠣᠭᠠᠴᠢᠯᠠᠭᠰᠠᠨ ᠪᠠᠷᠠᠭᠠᠨ ᠤ ᠭᠦᠢᠯᠭᠡᠭᠡ᠂ ᠲᠣᠭᠠᠴᠢᠯᠠᠭᠰᠠᠨ ᠮᠥᠩᠭᠦᠨ ᠭᠦᠢᠯᠭᠡᠭᠡ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠯ᠎ᠡ ᠲᠥᠷᠥᠯ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠳᠡᠭᠡᠳᠦ ᠬᠡᠮᠵᠢᠶ᠎ᠡ ᠪᠠᠷ ᠬᠤᠷᠠᠮᠳᠤᠭᠤᠯᠵᠤ᠂ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ᠃ ᠪᠠᠶᠢᠴᠠᠭᠠᠨ ᠰᠢᠯᠭᠠᠬᠤ ᠰᠠᠯᠠᠭ᠎ᠠ ᠮᠥᠴᠢᠷ ᠵᠢᠴᠢ ᠵᠠᠰᠠᠭ ᠤᠨ ᠣᠷᠳᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠠᠮᠤᠷ ᠲᠦᠪᠰᠢᠨ ᠤ ᠳᠠᠮᠵᠢᠭᠤᠯᠬᠤ ᠪᠠᠷᠢᠮᠵᠢᠶ᠎ᠠ ᠶᠣᠰᠣᠭᠠᠷ᠂ ᠰᠦᠯᠵᠢᠶᠡᠨ ᠤ ᠵᠠᠭᠠᠭ ᠬᠢᠵᠠᠭᠠᠷ ᠤᠨ ᠠᠮᠤᠷ ᠲᠦᠪᠰᠢᠨ ᠤ ᠵᠠᠯᠭᠠᠨ ᠣᠷᠣᠭᠤᠯᠬᠤ ᠲᠠᠪᠴᠠᠩ ᠢ ᠪᠠᠶᠢᠭᠤᠯᠵᠤ᠂ ᠲᠤᠰᠬᠠᠶ ᠰᠦᠯᠵᠢᠶ᠎ᠡ᠂ ᠵᠠᠰᠠᠭ ᠤᠨ ᠣᠷᠳᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶ᠎ᠡ᠂ ᠢᠨᠲ᠋ᠧᠷ ᠰᠦᠯᠵᠢᠶ᠎ᠡ ᠶᠢ ᠵᠣᠯᠭᠠᠭᠤᠯᠬᠤ ᠶᠢ ᠪᠡᠶᠡᠯᠡᠭᠦᠯᠵᠦ᠂ ᠠᠳᠠᠯᠢ ᠪᠤᠰᠤ ᠰᠦᠯᠵᠢᠶᠡᠨ ᠤ ᠣᠷᠴᠢᠨ ᠲᠣᠭᠤᠷᠢᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠰᠣᠯᠢᠯᠴᠠᠭ᠎ᠠ᠂ ᠲᠣᠭᠲᠠᠭᠤᠨ ᠰᠣᠯᠢᠯᠴᠠᠭ᠎ᠠ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠦᠢᠯᠡᠴᠢᠯᠡᠭᠡ᠂ ᠰᠠᠯᠠᠭ᠎ᠠ ᠮᠥᠴᠢᠷ ᠤᠨ ᠰᠢᠯᠵᠢᠭᠦᠯᠦᠨ ᠬᠡᠷᠡᠭᠯᠡᠬᠦ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠳᠤ ᠲᠠᠪᠴᠠᠩ ᠤᠨ ᠲᠤᠯᠭᠠᠭᠤᠷᠢᠯᠠᠯ ᠬᠠᠩᠭᠠᠨ᠎ᠠ᠃  8. ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠡᠬᠢ ᠪᠠᠶᠠᠯᠢᠭ  ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠎ᠡ᠃ ᠰᠠᠯᠠᠭ᠎ᠠ ᠮᠥᠴᠢᠷ ᠠᠯᠤᠰᠯᠠᠭᠰᠠᠨ ᠬᠥᠨᠳᠡᠯᠡᠨ ᠭᠤᠯᠳᠤ ᠬᠤᠯᠪᠣᠭᠠᠯᠠᠨ ᠬᠥᠳᠡᠯᠦᠯᠴᠡᠬᠦ᠂ ᠬᠠᠮᠲᠤ ᠪᠠᠷ ᠬᠠᠮᠢᠶᠠᠷᠴᠤ ᠬᠠᠮᠲᠤ ᠪᠠᠷ ᠵᠠᠰᠠᠬᠤ᠂ ᠥᠨᠳᠥᠷ ᠪᠦᠲᠦᠮᠵᠢᠲᠡᠶ ᠬᠠᠮᠵᠢᠯᠴᠠᠭᠰᠠᠨ ᠨᠢᠭᠡ ᠴᠣᠭᠴᠠᠵᠢᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠠᠶᠤᠯ ᠲᠠᠢ ᠡᠳ᠋ ᠪᠣᠳᠠᠰ᠂ ᠬᠡᠭᠡᠷ᠎ᠡ ᠶᠢᠨ ᠠᠮᠢᠲᠠᠨ᠂ ᠣᠯᠠᠨ ᠤᠯᠤᠰ ᠤᠨ ᠵᠠᠮ ᠲᠡᠭᠡᠭᠡᠪᠦᠷᠢ ᠶᠢᠨ ᠲᠡᠷᠭᠡ ᠬᠥᠰᠬᠡ ᠪᠣᠯᠤᠨ ᠵᠢᠯᠣᠭᠤᠴᠢ ᠶᠢᠨ ᠳᠠᠩᠰᠠᠯᠠᠭᠤᠯᠤᠭᠰᠠᠨ ᠮᠡᠳᠡᠭᠡ ᠵᠠᠩᠭᠢ᠂ ᠬᠢᠯᠢ ᠪᠠᠷ ᠣᠷᠣᠵᠤ ᠭᠠᠷᠬᠤ ᠬᠥᠮᠦᠰ ᠤᠨ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢᠨ ᠬᠥᠳᠡᠯᠦᠩᠭᠦᠶ ᠮᠡᠳᠡᠭᠡ ᠵᠠᠩᠭᠢ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠮᠡᠳᠡᠭᠦᠯᠦᠯᠲᠡ ᠵᠡᠷᠭᠡ ᠮᠡᠳᠡᠭᠡ ᠵᠠᠩᠭᠢ ᠶᠢ ᠰᠦᠯᠵᠢᠶ᠎ᠡ ᠪᠠᠷ ᠬᠤᠯᠪᠣᠵᠤ ᠬᠠᠮᠲᠤᠪᠠᠷ ᠬᠡᠷᠡᠭᠯᠡᠬᠦ ᠶᠢ ᠠᠬᠢᠭᠤᠯᠵᠤ᠂ ᠪᠦᠬᠦ ᠬᠡᠯᠬᠢᠶᠡᠰᠦ ᠶᠢᠨ ᠴᠢᠩᠭ᠎ᠠ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠎ᠡ᠃ ᠰᠠᠯᠠᠭ᠎ᠠ ᠮᠥᠴᠢᠷ ᠠᠯᠤᠰᠯᠠᠨ ᠬᠠᠮᠵᠢᠯᠴᠠᠵᠤ ᠬᠢᠨᠠᠨ ᠬᠠᠮᠢᠶᠠᠷᠬᠤ ᠶᠢ ᠠᠬᠢᠭᠤᠯᠵᠤ᠂ ᠬᠢᠯᠢ ᠪᠠᠷ ᠣᠷᠣᠵᠤ ᠭᠠᠷᠬᠤ ᠠᠭᠠᠷ ᠤᠨ ᠨᠢᠰᠦᠭᠦᠷ᠂ ᠭᠠᠯᠲᠤ ᠲᠡᠷᠭᠡ᠂ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠵᠡᠷᠭᠡ ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠬᠠᠮᠲᠤᠷᠠᠨ ᠪᠠᠶᠢᠴᠠᠭᠠᠬᠤ ᠶᠢ ᠬᠡᠷᠡᠭᠵᠢᠭᠦᠯᠦᠨ᠂ ᠬᠢᠯᠢ ᠠᠯᠤᠰᠯᠠᠭᠰᠠᠨ ᠲᠡᠷᠭᠡ ᠬᠥᠰᠬᠡ ᠶᠢᠨ ᠣᠶᠤᠨᠴᠢ ᠰᠢᠯᠭᠠᠨ ᠪᠠᠶᠢᠴᠠᠭᠠᠵᠤ ᠶᠠᠪᠤᠭᠤᠯᠬᠤ ᠶᠢ ᠨᠢᠭᠡ ᠴᠤᠭᠴᠠᠵᠢᠭᠤᠯᠬᠤ ᠶᠢ ᠳᠡᠯᠭᠡᠷᠡᠭᠦᠯᠦᠨ᠎ᠡ᠃  9. ᠪᠡᠯᠡᠳᠬᠡᠮᠵᠢ ᠲᠥᠬᠦᠭᠡᠷᠦᠮᠵᠢ ᠶᠢ ᠡᠷᠴᠢᠮᠵᠢᠭᠦᠯᠦᠨ ᠬᠠᠮᠲᠤᠪᠠᠷ ᠡᠳ᠋ᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠯᠡᠳᠬᠡᠮᠵᠢ ᠲᠥᠬᠦᠭᠡᠷᠦᠮᠵᠢ ᠶᠢᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠᠬᠢᠯᠡᠯᠲᠡ ᠶᠢ ᠨᠡᠪᠲᠡᠷᠡᠭᠦᠯᠵᠦ᠂ ᠪᠣᠭᠤᠮᠲᠠ ᠶᠢᠨ ᠲᠥᠬᠦᠭᠡᠷᠦᠮᠵᠢ᠂ ᠪᠠᠶᠢᠴᠠᠭᠠᠨ ᠰᠢᠯᠭᠠᠬᠤ ᠪᠡᠯᠡᠳᠬᠡᠮᠵᠢ ᠲᠥᠬᠦᠭᠡᠷᠦᠮᠵᠢ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠵᠢᠴᠢ ᠭᠠᠭᠴᠠ ᠴᠡᠷᠢᠭ ᠤᠨ ᠣᠶᠤᠨᠴᠢ ᠲᠥᠬᠦᠭᠡᠷᠦᠮᠵᠢ ᠶᠢᠨ ᠲᠤᠭ᠎ᠠ ᠪᠠᠷᠢᠮᠲᠠ ᠶᠢ ᠬᠤᠯᠪᠣᠨ ᠨᠡᠪᠲᠡᠷᠡᠭᠦᠯᠬᠦ ᠶᠢ ᠠᠬᠢᠭᠤᠯᠤᠨ᠂ ᠣᠶᠤᠨᠴᠢ ᠵᠢᠷᠤᠭ ᠬᠢᠨᠠᠬᠤ᠂ ᠬᠠᠷᠠᠭᠠᠨ ᠳᠠᠪᠲᠠᠮᠵᠢ ᠪᠠᠷ ᠢᠯᠭᠠᠨ ᠲᠠᠨᠢᠬᠤ ᠵᠡᠷᠭᠡ ᠣᠶᠤᠨᠴᠢ ᠬᠡᠷᠡᠭᠯᠡᠯᠲᠡ ᠶᠢ ᠴᠢᠩᠭᠠᠳᠬᠠᠵᠤ᠂ ᠮᠡᠳᠡᠭᠡ ᠵᠠᠩᠭᠢ ᠶᠢ ᠡᠷᠴᠢᠮᠵᠢᠭᠦᠯᠦᠨ ᠬᠠᠮᠲᠤᠪᠠᠷ ᠭᠥᠷᠳᠡᠬᠦ᠂ ᠣᠶᠤᠨᠴᠢ ᠰᠤᠳᠤᠯᠤᠨ ᠮᠠᠭᠠᠳᠯᠠᠵᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ  ᠢ ᠬᠡᠷᠡᠭᠯᠡᠨ ᠬᠢᠨᠠᠨ ᠬᠠᠮᠢᠶᠠᠷᠬᠤ ᠲᠥᠬᠦᠭᠡᠷᠦᠮᠵᠢ ᠶᠢᠨ ᠲᠣᠤᠷ ᠬᠤᠯᠪᠣᠭᠰᠠᠨ ᠬᠥᠳᠡᠯᠦᠩᠭᠦᠶ ᠬᠠᠮᠢᠶᠠᠷᠤᠯᠲᠠ ᠪᠠ ᠲᠦᠪᠯᠡᠷᠡᠭᠦᠯᠦᠨ ᠬᠢᠨᠠᠨ ᠡᠵᠡᠮᠳᠡᠬᠦ ᠶᠢ ᠪᠡᠶᠡᠯᠡᠭᠦᠯᠵᠦ᠂ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠬᠢᠨᠠᠨ ᠬᠠᠮᠢᠶᠠᠷᠬᠤ ᠲᠥᠬᠦᠭᠡᠷᠦᠮᠵᠢ ᠶᠢᠨ ᠲᠤᠭ᠎ᠠ ᠪᠠᠷᠢᠮᠲᠠ᠂ ᠳᠠᠭᠤ ᠬᠠᠷᠠᠭᠠᠨ ᠳᠠᠪᠲᠠᠮᠵᠢ᠂ ᠵᠢᠷᠤᠭ ᠳᠦᠷᠰᠦ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠦᠯᠢᠶᠡᠨ ᠠᠪᠴᠤ᠂ ᠬᠤᠷᠢᠶᠠᠩᠭᠤᠶᠢᠯᠠᠵᠤ᠂ ᠡᠮᠬᠢᠯᠡᠨ ᠨᠡᠶᠢᠯᠡᠭᠦᠯᠬᠦ ᠶᠢᠨ ᠬᠠᠮᠲᠤ ᠲᠥᠬᠦᠭᠡᠷᠦᠮᠵᠢ ᠶᠢᠨ ᠠᠵᠢᠯᠯᠠᠭᠠᠨ ᠤ ᠲᠤᠭ᠎ᠠ ᠪᠠᠷᠢᠮᠲᠠ᠂ ᠬᠠᠷᠠᠭᠠᠨ ᠳᠠᠪᠲᠠᠮᠵᠢ ᠪᠠ ᠯᠣᠭᠢᠭ ᠬᠡᠪ ᠤᠨ ᠪᠤᠰᠤ ᠪᠠᠶᠢᠳᠠᠯ ᠳᠤ ᠤᠷᠢᠳᠴᠢᠯᠠᠨ ᠰᠡᠷᠡᠮᠵᠢ ᠨᠡᠶᠢᠲᠡᠯᠡᠬᠦ᠂ ᠬᠢᠨᠠᠯᠲᠠ ᠲᠠᠯᠪᠢᠨ ᠰᠡᠷᠡᠮᠵᠢᠯᠡᠭᠦᠯᠬᠦ ᠵᠠᠩᠭᠢᠯᠠᠭ᠎ᠠ᠂ ᠰᠡᠷᠭᠡᠭ ᠲᠤᠬᠠᠶᠢᠯᠠᠭᠰᠠᠨ ᠠᠵᠢᠯ ᠤᠨ ᠵᠠᠩᠭᠢᠯᠠᠭ᠎ᠠ ᠶᠢᠨ ᠲᠦᠭᠰᠢᠭᠦᠷᠢ ᠶᠢ ᠴᠠᠭ ᠲᠤᠬᠠᠶ ᠳᠤᠨᠢ ᠢᠯᠡᠷᠡᠭᠦᠯᠬᠦ ᠬᠡᠷᠡᠭᠲᠡᠶ᠃ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠤᠯᠵᠤ ᠬᠠᠮᠠᠭᠠᠯᠠᠬᠤ᠂ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠣᠶᠤᠨᠴᠢ ᠬᠡᠷᠡᠭᠯᠡᠭᠡᠨ ᠤ ᠲᠠᠪᠴᠠᠩ ᠳᠤ ᠵᠠᠯᠭᠠᠨ ᠣᠷᠣᠭᠤᠯᠵᠤ ᠡᠷᠴᠢᠮᠵᠢᠭᠦᠯᠦᠭᠰᠡᠨ ᠬᠠᠮᠢᠶᠠᠷᠤᠯᠲᠠ ᠬᠢᠨ᠎ᠠ᠃  ︵ᠭᠤᠷᠪᠠ︶ ᠠᠵᠢᠯᠯᠠᠭᠠᠨ ᠤ ᠬᠠᠮᠢᠶᠠᠷᠤᠯᠲᠠ ᠶᠢᠨ ᠲᠣᠭᠠᠴᠢᠯᠠᠯᠲᠠ ᠶᠢ ᠲᠦᠷᠭᠡᠪᠴᠢᠯᠡᠨ ᠪᠡᠶᠡᠯᠡᠭᠦᠯᠦᠨ᠎ᠡ  10. ᠪᠠᠷᠢᠮᠵᠢᠶᠠᠵᠢᠭᠤᠯᠤᠭᠰᠠᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠲᠠᠲᠠᠭᠠᠯ ᠪᠠᠶᠢᠭᠤᠯᠤᠨ᠎ᠠ᠃ AR ᠪᠣᠳᠠᠲᠤ ᠦᠵᠡᠮᠵᠢ᠂ ᠭᠤᠷᠪᠠᠨ ᠬᠡᠮᠵᠢᠯᠳᠦ ᠭᠠᠵᠠᠷ ᠤᠨ ᠵᠢᠷᠤᠭ᠂ ᠠᠵᠢᠯᠲᠠᠨ ᠤ ᠪᠠᠶᠢᠷᠢ ᠲᠣᠭᠲᠠᠭᠠᠯᠲᠠ᠂ ᠨᠢᠭᠤᠷ ᠲᠠᠯ᠎ᠠ ᠶᠢᠨ ᠬᠠᠷᠢᠴᠠᠭᠤᠯᠤᠯ᠂ ᠪᠣᠭᠤᠮᠲᠠ ᠶᠢᠨ ᠬᠠᠮᠢᠶᠠᠷᠤᠯᠲᠠ᠂ ᠵᠠᠮ ᠤᠨ ᠵᠠᠭᠠᠭ ᠤᠨ ᠡᠬᠢ ᠡᠭᠦᠰᠦᠯ᠂ ᠬᠤᠯᠪᠣᠭᠠᠯᠠᠨ ᠬᠥᠳᠡᠯᠦᠯᠴᠡᠵᠦ ᠲᠦᠭᠰᠢᠭᠦᠷᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠲᠤᠭ᠎ᠠ ᠪᠠᠷᠢᠮᠲᠠ ᠶᠢ ᠠᠭᠤᠰᠤᠯᠴᠠᠭᠤᠯᠬᠤ ᠵᠡᠷᠭᠡ ᠴᠢᠳᠠᠮᠵᠢ ᠶᠢᠨ ᠮᠡᠷᠭᠡᠵᠢᠯ ᠢ ᠭᠦᠨᠵᠡᠭᠡᠶ ᠬᠡᠷᠡᠭᠯᠡᠵᠦ᠂ ᠣᠶᠤᠨᠴᠢ ᠺᠠᠷᠲ᠂ ᠥᠷᠥᠭᠡᠨ ᠤ ᠬᠠᠮᠢᠶᠠᠷᠤᠯᠲᠠ᠂ ᠲᠡᠭᠡᠭᠡᠪᠦᠷᠢ ᠶᠢᠨ ᠪᠠᠭᠠᠵᠢ ᠶᠢᠨ ᠬᠠᠮᠢᠶᠠᠷᠤᠯᠲᠠ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠪᠠᠷᠠᠭᠠᠨ ᠤ ᠭᠦᠢᠯᠭᠡᠭᠡᠨ ᠤ ᠡᠬᠡ ᠲᠠᠩᠰᠠ ᠵᠡᠷᠭᠡ ᠰᠢᠰᠲ᠋ᠧᠮ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠪᠠᠷᠠᠭᠠᠨ ᠤ ᠭᠦᠢᠯᠭᠡᠭᠡ᠂ ᠬᠥᠮᠦᠨ ᠤ ᠤᠷᠤᠰᠬᠠᠯ᠂ ᠬᠠᠭᠤᠳᠠᠰᠤ ᠪᠠᠷᠢᠮᠲᠠ ᠶᠢᠨ ᠴᠤᠪᠤᠷᠠᠯ᠂ ᠠᠵᠢᠯ ᠤᠨ ᠤᠷᠤᠰᠬᠠᠯ ᠢᠶᠠᠷ ᠭᠤᠤᠯ ᠪᠣᠯᠭᠠᠭᠰᠠᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠬᠢᠨᠠᠨ ᠡᠵᠡᠮᠳᠡᠬᠦ ᠲᠣᠮᠣ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ᠎ᠠ᠃ ᠬᠢᠯᠢ ᠪᠠᠷ ᠣᠷᠣᠵᠤ ᠭᠠᠷᠬᠤ ᠬᠥᠮᠦᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ᠂ ᠪᠠᠷᠠᠭᠠᠨ ᠤ ᠲᠤᠭ᠎ᠠ ᠪᠠᠷᠢᠮᠲᠠ ᠵᠢᠴᠢ ᠬᠢᠯᠢ ᠠᠯᠤᠰᠯᠠᠭᠰᠠᠨ ᠠᠷᠠᠯᠵᠢᠶᠠᠨ ᠤ ᠭᠤᠤᠯ ᠴᠣᠭᠴᠠ ᠪᠠ ᠬᠢᠯᠢ ᠶᠢᠨ ᠬᠠᠮᠢᠶᠠᠷᠤᠯᠲᠠ ᠡᠵᠡᠮᠳᠡᠯ᠂ ᠬᠠᠤᠯᠢ ᠠᠴᠠ ᠵᠥᠷᠢᠴᠡᠵᠦ ᠶᠠᠯ᠎ᠠ ᠬᠢᠭᠰᠡᠨ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠴᠤᠭᠯᠠᠭᠤᠯᠵᠤ᠂ ᠲᠣᠮᠣ ᠳ᠋ᠠᠶᠢᠲ᠋ᠠ ᠶᠢᠨ ᠵᠠᠳᠠᠯᠤᠯᠲᠠ ᠪᠠᠷ ᠳᠠᠮᠵᠢᠭᠤᠯᠤᠨ᠂ ᠪᠣᠭᠤᠮᠲᠠ ᠶᠢᠨ ᠲᠤᠬᠠᠶᠢᠯᠠᠭᠰᠠᠨ ᠠᠵᠢᠯ ᠢ ᠪᠦᠷᠢᠳᠬᠡᠨ ᠵᠠᠳᠠᠯᠬᠤ᠂ ᠬᠤᠷᠸ᠎ᠠ ᠠᠵᠤ ᠠᠬᠤᠶ ᠶᠢ ᠵᠠᠳᠠᠯᠤᠨ ᠰᠤᠳᠤᠯᠵᠤ ᠮᠠᠭᠠᠳᠯᠠᠬᠤ ᠂ ᠬᠢᠯᠢ ᠶᠢᠨ ᠬᠠᠮᠢᠶᠠᠷᠤᠯᠲᠠ ᠡᠵᠡᠮᠳᠡᠯ ᠢ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠵᠡᠷᠭᠡ ᠪᠠᠷ ᠭᠤᠤᠯᠳᠠᠯᠭ᠎ᠠ ᠪᠣᠯᠭᠠᠭᠰᠠᠨ ᠲᠣᠭᠠᠴᠢᠯᠠᠭᠰᠠᠨ ᠬᠢᠯᠢ ᠶᠢᠨ ᠪᠥᠬᠦ ᠦᠵᠡᠮᠵᠢ ᠶᠢ ᠳᠡᠯᠭᠡᠨ ᠦᠵᠡᠭᠦᠯᠬᠦ ᠲᠠᠪᠴᠠᠩ ᠢ ᠪᠠᠶᠢᠭᠤᠯᠤᠨ᠎ᠠ᠃ ᠳ᠋ᠠᠶᠢᠲ᠋ᠠ ᠶᠢᠨ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃  11. ᠲᠣᠭᠠᠴᠢᠯᠠᠭᠰᠠᠨ ᠬᠠᠮᠢᠶᠠᠷᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ᠎ᠠ᠃ ᠵᠠᠳᠠᠯᠬᠤ᠂   ᠰᠡᠷᠡᠮᠵᠢᠯᠡᠭᠦᠯᠬᠦ᠂ ᠰᠢᠢᠳᠪᠦᠷᠢᠯᠡᠬᠦ᠂ ᠬᠢᠨᠠᠯᠲᠠ ᠲᠠᠯᠪᠢᠬᠤ ᠪᠠ ᠰᠢᠯᠭᠠᠨ ᠬᠢᠨᠠᠬᠤ ᠶᠢ ᠨᠢᠭᠡ ᠴᠣᠭᠴᠠᠵᠢᠭᠤᠯᠤᠭᠰᠠᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠳᠡᠯᠭᠡᠨ ᠦᠵᠡᠭᠦᠯᠬᠦ ᠲᠠᠪᠴᠠᠩ ᠢ ᠪᠠᠶᠢᠭᠤᠯᠤᠨ᠎ᠠ᠃ ᠡᠯ᠎ᠡ ᠬᠢᠯᠢ ᠶᠢᠨ ᠪᠣᠭᠤᠮᠲᠠ ᠨᠢ ᠠᠳᠠᠯᠢ ᠪᠤᠰᠤ ᠬᠢᠨᠠᠨ ᠬᠠᠮᠢᠶᠠᠷᠬᠤ ᠡᠲᠡᠭᠡᠳ ᠪᠠ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠦᠨᠳᠦᠰᠦᠯᠡᠨ᠂ ᠠᠵᠢᠯᠯᠠᠬᠤ ᠲᠠᠯᠠᠪᠤᠷ ᠤᠨ ᠲᠥᠷᠥᠯ ᠬᠤᠪᠢᠶᠠᠬᠤ ᠲᠣᠪᠶᠤᠭ ᠪᠠᠶᠢᠭᠤᠯᠵᠤ᠂ AI ᠤᠶᠤᠨᠴᠢ ᠲᠣᠮᠣ ᠵᠠᠭᠪᠤᠷ ᠢᠶᠠᠷ ᠳᠠᠮᠵᠢᠭᠤᠯᠤᠨ ᠬᠢᠯᠢ ᠪᠠᠷ ᠣᠷᠣᠵᠤ ᠭᠠᠷᠬᠤ ᠬᠥᠮᠦᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ᠂ ᠪᠡᠶ᠎ᠡ ᠳᠡᠭᠡᠨ ᠠᠪᠴᠤ ᠶᠠᠪᠤᠭ᠎ᠠ ᠡᠳ᠋ ᠪᠣᠳᠠᠰ ᠵᠢᠴᠢ ᠡᠷᠡᠭᠦᠯ ᠬᠠᠮᠠᠭᠠᠯᠠᠯ ᠤᠨ ᠬᠢᠵᠢᠭ ᠢ ᠰᠡᠷᠭᠡᠶᠢᠯᠡᠬᠦ᠂ ᠠᠮᠢᠲᠠᠨ ᠤᠷᠭᠤᠮᠠᠯ ᠤᠨ ᠬᠢᠵᠢᠭ ᠤᠨ ᠪᠠᠶᠢᠴᠠᠭᠠᠯᠲᠠ᠂ ᠢᠳᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠲᠠ᠂ ᠲᠠᠸᠠᠷ ᠤᠨ ᠰᠢᠯᠭᠠᠨ ᠪᠠᠶᠢᠴᠠᠭᠠᠯᠲᠠ ᠵᠡᠷᠭᠡ ᠬᠢᠨᠠᠨ ᠬᠠᠮᠢᠶᠠᠷᠬᠤ ᠭᠤᠭᠴᠤᠭ᠎ᠠ ᠳᠤ ᠪᠥᠬᠦ ᠲᠠᠯ᠎ᠠ ᠶᠢᠨ ᠵᠠᠳᠠᠯᠤᠯᠲᠠ ᠬᠢᠵᠦ᠂ ᠨᠢᠭᠡ ᠳᠡᠯᠭᠡᠴᠡ ᠳᠤ ᠣᠯᠠᠨ ᠵᠢᠷᠤᠭ   ᠭᠠᠷᠭᠠᠬᠤ᠂ ᠬᠢᠨᠠᠨ ᠬᠠᠮᠢᠶᠠᠷᠴᠤ ᠠᠵᠢᠯᠯᠠᠬᠤ ᠪᠥᠬᠦ ᠶᠠᠪᠤᠴᠠ ᠪᠠᠷ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ᠲᠡᠮᠦᠷ ᠵᠠᠮ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠷᠣᠨ ᠪᠦᠰᠡ ᠳᠤ ᠡᠯᠧᠺᠲᠷᠣᠨ ᠣᠷᠣᠨ ᠪᠠᠶᠢᠷᠢ ᠲᠣᠬᠢᠷᠠᠭᠤᠯᠵᠤ᠂ ᠪᠡᠯᠡᠳᠬᠡᠮᠵᠢ ᠲᠥᠬᠦᠭᠡᠷᠦᠮᠵᠢ ᠶᠢ ᠲᠠᠰ ᠳᠡᠪᠰᠢᠭᠦᠯᠦᠨ᠂ ᠲᠡᠷᠢᠭᠦᠨ ᠤ ᠲᠥᠬᠦᠭᠡᠷᠦᠮᠵᠢ ᠳᠣᠭᠢᠷᠠᠭᠤᠯᠵᠤ᠂ ᠬᠢᠵᠢᠭ ᠪᠠᠶᠢᠴᠠᠭᠠᠬᠤ ᠵᠡᠷᠭᠡ ᠠᠵᠢᠯ ᠢ ᠤᠯᠠᠮ ᠨᠢᠭᠡ ᠠᠯᠬᠤᠮ ᠡᠷᠴᠢᠮᠵᠢᠭᠦᠯᠦᠨ ᠪᠠᠶᠢᠴᠠᠭᠠᠨ ᠰᠢᠯᠭᠠᠬᠤ᠂ ᠬᠢᠵᠢᠭ ᠪᠠᠶᠢᠴᠠᠭᠠᠬᠤ ᠵᠡᠷᠭᠡ ᠠᠵᠢᠯ ᠢ ᠤᠯᠠᠮ ᠨᠢᠭᠡ ᠠᠯᠬᠤᠮ ᠡᠷᠴᠢᠮᠵᠢᠭᠦᠯᠦᠨ ᠂ ︽ᠬᠥᠮᠦᠨ ᠪᠠᠷᠠᠭ᠎ᠠ ᠡᠷᠢᠬᠦ︾ ᠪᠠᠶᠢᠭᠰᠠᠨ ᠠᠴᠠ ︽ᠬᠥᠮᠦᠨ ᠪᠠᠷᠠᠭ᠎ᠠ ᠬᠦᠯᠢᠶᠡᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃  12. ᠬᠠᠪᠲᠠᠭᠠᠢᠢᠵᠢᠭᠤᠯᠤᠭᠰᠠᠨ ᠵᠢᠯᠣᠭᠤᠳᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠴᠡᠷᠢᠭ᠂ ᠴᠠᠭᠳᠠᠭ᠎ᠠ᠂ ᠠᠷᠠᠳ ᠤᠨ ᠬᠠᠮᠵᠢᠯᠴᠠᠭᠰᠠᠨ ᠬᠠᠮᠢᠶᠠᠷᠤᠨ ᠡᠵᠡᠮᠳᠡᠬᠦ ᠶᠢ ᠨᠢᠭᠡ ᠴᠣᠭᠴᠠᠵᠢᠭᠤᠯᠤᠭᠰᠠᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠠ ᠲᠡᠭᠦᠨ ᠳᠤ ᠣᠷᠣᠯᠴᠠᠵᠤ᠂ ᠪᠣᠭᠤᠮᠲᠠ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠠ ᠣᠶᠤᠨᠴᠢᠯᠠᠭᠰᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠪᠣᠭᠤᠮᠲᠠ ᠶᠢᠨ ᠬᠢᠨ ᠬᠤᠶᠠᠳᠤᠭᠠᠷ   ᠳᠡᠰ᠂ ᠭᠤᠷᠪᠠᠳᠤᠭᠠᠷ ᠳᠡᠰ ᠤᠨ ᠵᠢᠯᠤᠭᠤᠳᠬᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ   ᠠᠬᠢᠭᠤᠯᠵᠤ᠂ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠰᠠᠯᠠᠭ᠎ᠠ ᠮᠥᠴᠢᠷ ᠤᠨ ᠵᠢᠯᠤᠭᠤᠳᠬᠤ ᠲᠥᠪ ᠤᠨ ᠴᠢᠳᠠᠮᠵᠢ ᠶᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠬᠠᠮᠤᠷᠬᠤ ᠬᠡᠪᠴᠢᠶ᠎ᠡ ᠶᠢ ᠥᠷᠭᠡᠳᠬᠡᠨ᠂ ᠲᠡᠮᠦᠷ ᠵᠠᠮ ᠤᠨ ᠰᠠᠯᠠᠭ᠎ᠠ ᠮᠥᠴᠢᠷ ᠤᠨ ᠵᠢᠯᠤᠭᠤᠳᠬᠤ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠤᠯᠪᠣᠭᠠᠯᠠᠨ ᠪᠠᠶᠢᠴᠠᠭᠠᠵᠤ ᠬᠤᠯᠪᠣᠭᠠᠯᠠᠨ ᠲᠡᠭᠡᠭᠡᠪᠦᠷᠢᠯᠡᠬᠦ ᠰᠠᠯᠠᠭ᠎ᠠ ᠮᠥᠴᠢᠷ ᠤᠳ ᠬᠥᠨᠳᠡᠯᠡᠨ ᠢᠶᠠᠷ ᠬᠠᠮᠵᠢᠯᠴᠠᠬᠤ᠂ ᠭᠤᠯᠳᠤ ᠪᠠᠷ ᠬᠤᠯᠪᠣᠭᠠᠯᠠᠨ ᠬᠥᠳᠡᠯᠦᠯᠴᠡᠬᠦ᠂ ᠬᠠᠮᠲᠤ ᠪᠠᠷ ᠵᠠᠰᠠᠵᠤ ᠬᠠᠮᠲᠤ ᠪᠠᠷ ᠬᠠᠮᠢᠶᠠᠷᠬᠤ᠂ ᠥᠨᠳᠥᠷ ᠪᠦᠲᠦᠮᠵᠢᠲᠡᠶ ᠠᠵᠢᠯᠯᠠᠭᠠᠨ ᠲᠠᠢ ᠣᠶᠤᠨᠴᠢ ᠬᠢᠨᠠᠯᠲᠠ ᠬᠠᠮᠢᠶᠠᠷᠤᠯᠲᠠ ᠶᠢᠨ ᠵᠢᠯᠤᠭᠤᠳᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠣᠣᠷᠵᠢᠯ ᠳᠤ ᠨᠡᠶᠢᠯᠡᠭᠦᠯᠦᠨ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃  ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ᠂ ᠪᠣᠭᠤᠮᠲᠠ ᠶᠢᠨ ᠬᠢᠨᠠᠨ ᠬᠠᠮᠢᠶᠠᠷᠬᠤ ᠭᠠᠵᠠᠷ ᠤᠨ ᠣᠷᠣᠨ ᠪᠦᠰᠡ ᠶᠢᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠠ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢ ᠨᠡᠶᠢᠳᠡᠮ ᠪᠦᠷᠬᠦᠭᠦᠯᠵᠦ᠂ ᠠᠮᠤᠷ ᠲᠦᠪᠰᠢᠨ ᠤ ᠬᠠᠮᠢᠶᠠᠷᠤᠯᠲᠠ᠂ ᠵᠠᠳᠠᠯᠤᠯᠲᠠ ᠬᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠡᠯ᠎ᠡ ᠭᠤᠭᠴᠤᠭ᠎ᠠ ᠳᠤ ᠦᠵᠡᠭᠳᠡᠬᠦ᠋ᠢᠴᠡ ᠲᠣᠬᠢᠷᠠᠭᠤᠯᠵᠤ᠂ ᠬᠠᠪᠲᠠᠭᠠᠶᠢᠷᠠᠭᠤᠯᠤᠨ ᠵᠢᠯᠣᠭᠤᠳᠬᠤ ᠶᠢ ᠪᠡᠶᠡᠯᠡᠭᠦᠯᠦᠨ᠎ᠡ᠃  ᠡᠯ᠎ᠡ ᠬᠢᠯᠢ ᠶᠢᠨ ᠪᠣᠭᠤᠮᠲᠠ ᠨᠢ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠲᠠᠪᠴᠠᠩ ᠢ ᠪᠥᠲᠥᠭᠡᠨ ᠪᠠᠶᠢᠭᠤᠯᠵᠤ᠂ ᠵᠠᠭᠠᠭ ᠬᠡᠮᠵᠢᠭᠳᠡᠯ᠂ AI ᠵᠠᠭᠪᠤᠷ᠂ ᠲᠦᠭᠰᠢᠭᠦᠷᠢ ᠶᠢᠨ ᠪᠣᠯᠵᠣᠯᠲᠤ ᠲᠤᠭ᠎ᠠ ᠠᠴᠢᠶᠠᠯᠠᠬᠤ ᠵᠡᠷᠭᠡ ᠠᠷᠭ᠎ᠠ ᠮᠠᠶ᠋ᠢᠭ ᠢᠶᠠᠷ ᠬᠢᠯᠢ ᠪᠠᠷ ᠣᠷᠣᠵᠤ ᠭᠠᠷᠬᠤ ᠲᠡᠭᠡᠭᠡᠪᠦᠷᠢ ᠶᠢᠨ ᠪᠠᠭᠠᠵᠢ᠂ ᠠᠵᠢᠯᠲᠠᠨ᠂ ᠡᠳ᠋ ᠪᠠᠷᠠᠭ᠎ᠠ᠂ ᠡᠳ᠋ ᠪᠣᠳᠠᠰ ᠤᠨ ᠪᠥᠬᠦ ᠬᠡᠯᠬᠢᠶ᠎ᠡ ᠶᠢᠨ ᠤᠶᠤᠨᠴᠢᠯᠠᠭᠰᠠᠨ ᠴᠠᠭ ᠲᠤᠬᠠᠶ ᠳᠤᠨᠢ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃  ︵ᠲᠦᠷᠪᠡ︶ ᠶᠡᠷᠦᠩᠬᠡᠶᠢᠯᠡᠭᠰᠡᠨ ᠦᠢᠯᠡᠴᠢᠯᠡᠭᠡᠨ ᠤ ᠳᠥᠭᠦᠮᠴᠢᠯᠡᠯᠲᠡ ᠶᠢ ᠲᠦᠷᠭᠡᠳᠬᠡᠨ ᠳᠡᠭᠡᠭᠰᠢᠯᠡᠭᠦᠯᠦᠨ᠎ᠡ  13. ᠣᠶᠤᠨᠴᠢ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠬᠡᠷᠡᠭᠴᠡᠭᠡ ᠶᠣᠰᠣᠭᠠᠷ ᠣᠶᠤᠨᠴᠢ ᠪᠣᠭᠤᠮᠲᠠ ᠶᠢᠨ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠣᠶᠤᠨᠴᠢ ᠭᠠᠶᠢᠯᠢ ᠶᠢᠨ ᠲᠦᠷᠢᠮ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠬᠠᠭᠤᠳᠠᠰᠤ ᠪᠠᠷᠢᠮᠲᠠ ᠶᠢ ᠣᠶᠤᠨᠴᠢ ᠪᠠᠷ ᠪᠣᠶ ᠪᠣᠯᠭᠠᠬᠤ᠂ ᠣᠶᠤᠨᠴᠢ ᠲᠤᠰᠠᠯᠠᠮᠵᠢ ᠶᠢ ᠲᠥᠷᠥᠯ ᠬᠤᠪᠢᠶᠠᠬᠤ᠂ ᠣᠶᠤᠨᠴᠢ ᠬᠢᠨᠠᠨ ᠰᠢᠯᠭᠠᠯᠲᠠ ᠶᠢ ᠵᠣᠬᠢᠴᠠᠭᠤᠯᠬᠤ᠂ ᠣᠶᠤᠨᠴᠢ ᠲᠣᠭᠲᠠᠭᠠᠯ ᠳᠤ ᠨᠡᠶᠢᠴᠡᠭᠦᠯᠦᠨ ᠪᠠᠶᠢᠴᠠᠭᠠᠬᠤ᠂ ᠣᠶᠤᠨᠴᠢ ᠲᠦᠭᠰᠢᠭᠦᠷᠢ ᠶᠢᠨ ᠰᠠᠨᠠᠭᠤᠯᠤᠮᠵᠢ ᠵᠡᠷᠭᠡ ᠦᠢᠯᠡᠴᠢᠯᠡᠭᠡ ᠶᠢ ᠬᠠᠩᠭᠠᠨ᠎ᠠ᠃ ᠳᠡᠮᠥᠷ ᠵᠠᠮ ᠤᠨ ᠬᠢᠯᠢ ᠠᠯᠥᠰᠯᠬᠠᠰᠠᠨ ᠠᠷᠡᠯᠵᠢᠶ᠎ᠠ ᠶᠢᠨ ᠳᠡᠩ ᠭᠡᠷᠡᠴᠢ ᠪᠠ ᠪᠠᠶᠢᠴᠠᠭᠠᠨ ᠰᠢᠯᠭᠠᠠᠠᠰᠠᠨ ᠦᠷ᠎ᠠ ᠳ᠋ᠦᠩ ᠵᠡᠷᠭᠡ ᠲᠤᠭ᠎ᠠ ᠪᠡᠷᠢᠮᠳᠡ ᠶᠢ ᠬᠠᠮᠳᠣᠪᠡᠷ ᠬᠦᠷᠲᠡᠬᠦ ᠶᠢ ᠠᠬᠢᠭᠤᠯᠵᠦ᠂ ᠨᠦᠬᠦᠴᠡᠯ ᠳᠤ ᠨᠡᠶᠢᠴᠡᠬᠦᠯᠥᠨ ᠠᠦ᠋ᠲ᠋ᠤ᠋ ᠳᠡᠯᠪᠢᠨ ᠶᠠᠪᠤᠭᠤᠯᠥᠨ᠎ᠠ᠃ ᠬᠢᠯᠢ ᠠᠯᠤᠰᠯᠠᠭᠰᠠᠨ ᠠᠷᠠᠯᠵᠢᠶᠠᠨ ᠤ ᠮᠡᠳᠡᠯᠭᠡ ᠶᠢᠨ ᠬᠥᠮᠥᠷᠭᠡ ᠶᠢ ᠪᠠᠶᠢᠭᠤᠯᠵᠤ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠲᠠᠯᠪᠢᠬᠤ᠂ ᠪᠣᠭᠤᠮᠲᠠ ᠪᠠᠷ ᠥᠩᠭᠡᠷᠡᠬᠦ ᠴᠤᠪᠤᠷᠠᠯ ᠤᠨ ᠵᠢᠯᠣᠭᠤᠳᠣᠯᠭ᠎ᠠ᠂ ᠠᠷᠠᠯᠵᠢᠶᠠᠨ ᠤ ᠲᠦᠭᠰᠢᠭᠦᠷᠢ ᠶᠢ ᠦᠨᠡᠯᠡᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ᠂ ᠣᠶᠤᠨᠴᠢ ᠪᠠᠷ ᠪᠠᠶᠢᠴᠠᠭᠠᠨ ᠡᠷᠢᠬᠦ ᠠᠰᠠᠭᠤᠯᠲᠠ ᠬᠠᠷᠢᠭᠤᠯᠲᠠ ᠵᠡᠷᠭᠡ ︽ᠨᠢᠭᠡ ᠥᠷᠲᠡᠭᠡ ᠮᠠᠶ᠋ᠢᠭ︾ ᠤᠨ ᠤᠶᠤᠨᠴᠢ ᠪᠠᠷ ᠵᠠᠮᠴᠢᠯᠠᠬᠤ ᠦᠢᠯᠡᠴᠢᠯᠡᠭᠡ ᠶᠢ ᠬᠠᠩᠭᠠᠨ᠎ᠠ᠃ ᠰᠢᠯᠵᠢᠮᠡᠯ ᠬᠡᠨᠭᠯᠡᠭᠡᠨ ᠤ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠠᠶᠢᠩᠭᠤ ᠭᠦᠢᠴᠡᠳᠬᠡᠬᠦ ᠵᠦᠢᠯᠡᠰ ᠢ ᠰᠢᠯᠵᠢᠮᠡᠯ ᠦᠵᠦᠭᠦᠷ ᠳᠠᠰᠢ ᠤᠷᠲᠤᠳᠬᠠᠬᠤ ᠶᠢ ᠠᠬᠢᠭᠤᠯᠤᠨ᠂ ᠨᠠᠩ ᠣᠯᠠᠨ ᠦᠢᠯᠡᠴᠢᠯᠡᠭᠡᠨ ᠤ ᠵᠦᠢᠯᠡᠰ ᠢ ᠠᠯᠠᠭᠠᠨ ᠳᠡᠭᠡᠷ᠎ᠡ ᠭᠦᠢᠴᠡᠳᠬᠡᠬᠦ᠂ ᠴᠠᠭ ᠲᠤᠬᠠᠶ ᠳᠤᠨᠢ ᠭᠦᠢᠴᠡᠳᠬᠡᠬᠦ ᠶᠢ ᠪᠡᠶᠡᠯᠡᠭᠦᠯᠦᠨ᠎ᠡ᠃ ᠪᠣᠭᠤᠮᠲᠠ ᠪᠠ ᠲᠡᠮᠦᠷ ᠵᠠᠮ ᠤᠨ ᠵᠠᠮ ᠰᠣᠯᠢᠬᠤ ᠪᠠᠶᠢᠳᠠᠯ ᠳᠤ ᠨᠡᠶᠢᠴᠡᠭᠦᠯᠦᠨ ᠠᠵᠢᠯᠯᠠᠵᠤ᠂ ᠲᠡᠮᠦᠷ ᠵᠠᠮ ᠤᠨ ᠤᠶᠤᠨᠴᠢ ᠬᠠᠶᠢᠷᠴᠠᠭ ᠲᠡᠭᠡᠭᠡᠬᠦ᠂ ᠬᠠᠶᠢᠷᠴᠠᠭ ᠨᠥᠬᠦᠪᠥᠷᠢᠯᠡᠬᠦ᠂ ᠡᠳ᠋ ᠪᠠᠷᠠᠭ᠎ᠠ ᠶᠢ ᠲᠤᠰ ᠡᠳᠦᠷ ᠲᠤᠨᠢ ᠣᠯᠭᠤᠬᠤ ᠶᠢ ᠪᠡᠶᠡᠯᠡᠭᠦᠯᠬᠦ ᠬᠡᠷᠡᠭᠲᠡᠶ᠃  ᠵᠠᠰᠠᠮᠠᠯ ᠵᠠᠮ ᠤᠨ ᠪᠣᠭᠤᠮᠲᠠ ᠶᠢᠨ ︽ᠬᠢᠯᠢ ᠠᠯᠤᠰᠯᠠᠭᠰᠠᠨ ᠨᠢᠭᠡ ᠣᠨᠢᠰᠤ︾ ᠶᠢᠨ ᠪᠣᠭᠤᠮᠲᠠ ᠪᠠᠷ ᠲᠦᠷᠭᠡᠨ ᠥᠩᠭᠡᠷᠡᠬᠦ ᠵᠠᠭᠪᠤᠷ ᠢ ᠵᠢᠷᠤᠮᠯᠠᠨ ᠳᠠᠭᠠᠵᠤ ᠳᠡᠯᠭᠡᠷᠡᠭᠦᠯᠦᠨ᠂ ︽ᠨᠢᠭᠡ ᠤᠳᠠᠭ᠎ᠠ ᠳᠤ ᠣᠷᠣᠭᠤᠯᠬᠤ᠂ ᠣᠯᠠᠨ ᠬᠠᠭᠤᠳᠠᠰᠤ ᠪᠠᠷ ᠬᠤᠯᠪᠣᠭᠳᠠᠭᠤᠯᠬᠤ᠂ ᠬᠤᠶᠠᠷ ᠭᠠᠵᠠᠷ ᠢᠶᠠᠷ ᠭᠤᠶᠤᠴᠢᠯᠠᠨ ᠮᠡᠳᠡᠭᠦᠯᠬᠦ︾ ᠶᠢ ᠰᠦᠪᠡᠭᠴᠢᠯᠡᠨ ᠠᠬᠢᠭᠤᠯᠵᠤ᠂ ᠬᠥᠷᠰᠢ ᠵᠡᠷᠭᠡᠯᠡᠳᠡᠭᠡ ᠤᠯᠤᠰ᠂ ᠭᠤᠷᠪᠠᠳᠠᠬᠢ ᠡᠲᠡᠭᠡᠳ ᠤᠨ ᠲᠠᠪᠴᠠᠩ ᠤᠨ ᠪᠠᠷᠢᠮᠵᠢᠶ᠎ᠠ ᠶᠢ ᠵᠣᠯᠭᠠᠭᠤᠯᠬᠤ ᠪᠠ ᠬᠠᠷᠢᠯᠴᠠᠨ ᠮᠡᠳᠡᠷᠡᠬᠦ ᠶᠢ ᠳᠡᠮᠵᠢᠨ᠎ᠡ᠃  ᠠᠭᠠᠷ ᠤᠨ ᠠᠶᠠᠯᠠᠯ ᠤᠨ ᠪᠠᠷᠠᠭᠠᠨ ᠤ ᠭᠦᠢᠯᠭᠡᠭᠡᠨ ᠤ ᠪᠥᠬᠦ ᠬᠡᠯᠬᠢᠶ᠎ᠡ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠨᠢᠰᠬᠡᠯ ᠤᠨ ᠪᠠᠭᠤᠳᠠᠯ ᠤᠨ ᠠᠮᠤᠷ ᠲᠦᠪᠰᠢᠨ ᠤ ᠪᠠᠶᠢᠴᠠᠭᠠᠯᠲᠠ᠂ ᠲᠡᠭᠡᠭᠡᠪᠦᠷᠢ ᠶᠢᠨ ᠬᠠᠭᠤᠳᠠᠰᠤ᠂ ᠪᠠᠷᠠᠭ᠎ᠠ ᠭᠠᠷᠭᠠᠵᠤ ᠠᠪᠬᠤ ᠬᠠᠭᠤᠳᠠᠰᠤ ᠵᠡᠷᠭᠡ ᠬᠠᠭᠤᠳᠠᠰᠤ ᠪᠠᠷᠢᠮᠲᠠ ᠶᠢ ᠴᠠᠭᠠᠰᠤ ᠬᠡᠷᠡᠭᠯᠡᠬᠦ ᠦᠭᠡᠢ ᠪᠣᠯᠭᠠᠬᠤ ᠶᠢ ᠪᠡᠶᠡᠯᠡᠭᠦᠯᠵᠦ᠂ ᠲᠡᠭᠡᠭᠡᠪᠦᠷᠢ ᠶᠢᠨ ᠬᠠᠭᠤᠳᠠᠰᠤ ᠮᠡᠳᠡᠭᠦᠯᠬᠦ᠂ ᠲᠡᠭᠡᠭᠡᠪᠦᠷᠢ ᠶᠢᠨ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ᠂ ᠡᠳ᠋ ᠪᠠᠷᠠᠭ᠎ᠠ ᠶᠢᠨ ᠮᠥᠷᠳᠡᠯᠲᠡ᠂ ᠠᠭᠠᠷ ᠤᠨ ᠠᠶᠠᠯᠠᠯ ᠤᠨ ᠱᠤᠭᠤᠮ ᠤᠨ ᠲᠣᠤᠷ ᠰᠦᠯᠵᠢᠶ᠎ᠡ ᠶᠢᠨ ᠦᠵᠡᠭᠳᠡᠬᠦ᠋ᠢᠴᠡ ᠵᠡᠷᠭᠡ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠬᠠᠩᠭᠠᠨ᠎ᠠ᠃  14. ᠣᠶᠤᠨᠴᠢ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠣᠷ ᠢ ᠪᠠᠶᠢᠭᠤᠯᠤᠨ᠎ᠠ᠃ ᠠᠳᠠᠯᠢ ᠪᠤᠰᠤ ᠪᠠᠷᠠᠭᠠᠨ ᠤ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠬᠤᠭᠤᠷᠣᠨᠳᠣᠬᠢ ᠵᠣᠯᠭᠠᠯᠴᠠᠭ᠎ᠠ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠳᠣᠲᠣᠭᠠᠳᠤ ᠳᠠᠭᠠᠨ ᠰᠠᠭᠠᠳ ᠥᠬᠡᠶ ᠨᠡᠪᠲᠡᠷᠡᠭᠦᠯᠵᠦ ᠭᠠᠳᠠᠭᠰᠢ ᠬᠤᠯᠪᠣᠭᠰᠠᠨ ᠣᠶᠤᠨᠴᠢ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠤᠷ ᠢ ᠪᠠᠶᠢᠭᠤᠯᠤᠨ᠎ᠠ᠃  ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠤᠮᠤ ᠳ᠋ᠠᠶᠢᠲ᠋ᠠ᠂ ᠣᠷᠣᠨ ᠬᠡᠰᠡᠭ ᠤᠨ ᠬᠡᠯᠬᠢᠶ᠎ᠡ ᠵᠡᠷᠭᠡ ᠮᠡᠷᠭᠡᠵᠢᠯ ᠢ ᠠᠰᠢᠭᠯᠠᠵᠤ᠂ ᠦᠢᠯᠡᠳᠪᠦᠷᠢᠯᠡᠯ᠂ ᠠᠷᠠᠯᠵᠢᠶ᠎ᠠ᠂ ᠬᠥᠮᠥᠷᠭᠡᠯᠡᠨ ᠬᠠᠳᠠᠭᠠᠯᠠᠬᠤ᠂ ᠡᠳ᠋ ᠪᠠᠷᠠᠭᠠᠨ ᠤ ᠭᠦᠢᠯᠭᠡᠭᠡ ᠵᠡᠷᠭᠡ ᠠᠵᠢᠯ ᠲᠦᠷᠦᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠠᠮᠵᠢᠯᠠᠯᠲᠤ ᠦᠢᠯᠡᠴᠢᠯᠡᠭᠡᠨ ᠤ ᠵᠠᠭᠪᠤᠷ ᠢ ᠲᠣᠭᠠᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃  ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠳᠤ ︽ᠨᠢᠭᠡ ᠬᠠᠭᠤᠳᠠᠰᠤ ᠶᠢᠨ ᠳᠦᠷᠢᠮ︾᠂ ︽ᠨᠢᠭᠡ ᠬᠠᠶᠢᠷᠴᠠᠭ ᠳᠦᠷᠢᠮ︾ ᠢ ᠠᠬᠢᠭᠤᠯᠵᠤ᠂ ᠨᠠᠶᠢᠳᠠᠨ ᠲᠡᠭᠡᠭᠡᠪᠦᠷᠢᠯᠡᠭᠦᠯᠦᠭᠴᠢ ᠶᠢ ᠨᠢᠭᠡ ᠯᠡ ᠤᠳᠠᠭ᠎ᠠ ᠳᠤ ᠨᠠᠶᠢᠳᠠᠬᠤ᠂ ᠵᠠᠷᠤᠳᠠᠯ  ᠢ ᠨᠢᠭᠡ ᠯᠡ ᠤᠳᠠᠭ᠎ᠠ ᠳᠤ ᠳ᠋ᠦᠩᠨᠡᠨ ᠪᠣᠳᠣᠬᠤ᠂ ᠪᠠᠷᠠᠭ᠎ᠠ ᠪᠠᠨ ᠨᠢᠭᠡ ᠯᠡ ᠤᠳᠠᠭ᠎ᠠ ᠳᠤ ᠳᠠᠭᠠᠳᠬᠠᠬᠤ ᠶᠢ ᠪᠡᠶᠡᠯᠡᠭᠦᠯᠵᠦ᠂ ᠬᠠᠮᠲᠤᠷᠠᠭᠰᠠᠨ ᠲᠡᠭᠡᠭᠡᠪᠦᠷᠢ ᠶᠢᠨ ᠪᠦᠬᠦ ᠶᠠᠪᠤᠴᠠ ᠶᠢ ︽ᠬᠠᠶᠢᠷᠴᠠᠭ ᠰᠣᠯᠢᠬᠤ ᠦᠭᠡᠶ᠂ ᠬᠠᠶᠢᠷᠴᠠᠭ ᠨᠡᠭᠡᠭᠡᠬᠦ ᠦᠭᠡᠶ᠂ ᠨᠢᠭᠡ ᠬᠠᠶᠢᠷᠴᠠᠭ ᠡᠴᠦᠰ ᠲᠤᠨᠢ ᠲᠤᠯᠲᠠᠯ᠎ᠠ ᠬᠢᠬᠦ︾᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠡᠵᠡᠩᠨᠡᠭᠴᠢ ᠪᠦᠬᠦ ᠶᠠᠪᠤᠴᠠ ᠳᠤ ᠬᠠᠷᠢᠭᠤᠴᠠᠨ᠎ᠠ᠃  ᠣᠶᠤᠨᠴᠢ ᠬᠥᠮᠥᠷᠭᠡᠯᠡᠨ ᠬᠠᠳᠠᠭᠠᠯᠠᠬᠤ᠂ ᠣᠶᠤᠨᠴᠢ ᠪᠠᠷᠠᠭᠠᠨ ᠤ ᠭᠦᠢᠯᠭᠡᠭᠡ᠂ ᠣᠶᠤᠨᠴᠢ ᠦᠢᠯᠡᠳᠪᠦᠷᠢ ᠪᠣᠯᠤᠨ ᠣᠶᠤᠨᠴᠢ ᠪᠣᠭᠤᠮᠲᠠ ᠶᠢᠨ ᠪᠦᠳᠦᠭᠡᠨ ᠪᠠᠶᠢᠭᠤᠯᠤᠯᠲᠠ ᠶᠢᠨ ᠠᠭᠤᠰᠤᠯᠴᠠᠯ ᠢ ᠠᠬᠢᠭᠤᠯᠤᠨ᠎ᠠ᠃ ᠬᠢᠯᠢ ᠶᠢᠨ ᠪᠣᠭᠤᠮᠲᠠ ᠬᠢᠭᠡᠳ ᠠᠵᠤ ᠠᠬᠤᠶ ᠶᠢᠨ ᠲᠤᠳᠤᠷ᠎ᠠ ᠭᠠᠵᠠᠷ᠂ ᠬᠦᠷᠢᠶᠡᠯᠡᠩ ᠲᠣᠭᠤᠷᠢᠭ ᠤᠨ ᠬᠤᠭᠤᠷᠣᠨᠳᠣᠬᠢ ᠣᠶᠤᠨᠴᠢᠯᠠᠭᠰᠠᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ︽ᠣᠨᠳᠣᠤ ᠭᠠᠵᠠᠷ ᠤᠨ ᠪᠠᠷᠠᠭᠠᠨ ᠤ ᠥᠷᠲᠡᠭᠡ︾ ︽ᠬᠠᠮ ᠭᠠᠷᠠᠮ︾ ︽ᠬᠤᠯᠪᠣᠭᠠᠯᠠᠨ ᠬᠥᠳᠡᠯᠦᠯᠴᠡᠵᠦ ᠭᠥᠯᠢᠶᠡᠨ ᠠᠪᠴᠤ ᠪᠠᠭᠤᠯᠭᠠᠬᠤ︾ ᠲᠤᠷᠰᠢᠯᠲᠠ ᠶᠢᠨ ᠴᠡᠭ ᠢ ᠳᠡᠮᠵᠢᠵᠦ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠴᠢᠨᠠᠷ ᠢ ᠥᠷᠭᠡᠳᠬᠡᠨ᠎ᠡ᠃  15. ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠣᠯᠠᠨ ᠤᠯᠤᠰ ᠤᠨ ᠠᠷᠠᠯᠵᠢᠶ᠎ᠠ ︵ᠥᠪᠥᠷ ᠮᠣᠩᠭᠤᠯ︶ ᠶᠢᠨ ︽ᠭᠠᠭᠴᠠ ᠴᠣᠩᠬᠤᠪᠴᠢ︾ ᠶᠢᠨ ᠴᠢᠳᠠᠮᠵᠢ ᠶᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠦᠢᠯᠡᠴᠢᠯᠡᠭᠡᠨ ᠤ ᠵᠦᠢᠯᠡᠰ ᠢ ᠥᠷᠭᠡᠳᠬᠡᠨ᠎ᠡ᠃  ᠬᠢᠯᠢ ᠠᠯᠤᠰᠯᠠᠭᠰᠠᠨ ᠪᠠᠷᠠᠭᠠᠨ ᠤ ᠰᠢᠨ᠎ᠡ ᠲᠥᠬᠦᠭᠡᠷᠦᠮᠵᠢ ᠪᠠ ᠮᠡᠷᠭᠡᠵᠢᠯ ᠤᠨ ᠬᠡᠷᠡᠭᠯᠡᠯᠲᠡ ᠶᠢ ︽ᠭᠠᠭᠴᠠ ᠴᠣᠩᠬᠤᠪᠴᠢ︾ ᠶᠢᠨ ᠴᠢᠳᠠᠮᠵᠢ ᠲᠠᠢ ᠵᠣᠯᠭᠠᠭᠤᠯᠬᠤ ᠶᠢ ᠠᠬᠢᠭᠤᠯᠵᠤ᠂ ᠤᠯᠤᠰ ᠤᠨ ᠬᠤᠯᠪᠣᠭᠳᠠᠯ ᠪᠥᠬᠦᠶ ᠰᠦᠯᠵᠢᠶ᠎ᠡ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯᠯᠠᠭᠤᠯᠵᠤ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠳᠠᠯᠳᠠ ᠬᠡᠮ ᠢ ᠲᠦᠷᠭᠡᠨ ᠳᠠᠭᠠᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠰᠲ᠋ᠧᠮ ᠤᠨ ᠠᠮᠤᠷ ᠲᠦᠪᠰᠢᠨ᠂ ᠲᠣᠭᠲᠠᠭᠤᠨ᠂ ᠥᠨᠳᠥᠷ ᠪᠦᠲᠦᠮᠵᠢᠲᠡᠶ ᠠᠵᠢᠯᠯᠠᠬᠤ ᠶᠢ ᠦᠨᠡᠨᠬᠦ ᠪᠠᠲᠤᠯᠠᠨ᠎ᠠ᠃  16. ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠨ᠎ᠡ᠃ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠲᠣᠭᠠᠴᠢᠯᠠᠭᠰᠠᠨ ᠮᠡᠷᠭᠡᠵᠢᠯ ᠬᠢᠭᠡᠳ ᠪᠣᠭᠤᠮᠲᠠ ᠶᠢᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠡᠬᠢ ᠪᠠᠶᠠᠯᠢᠭ ᠤᠨ ᠡᠯᠧᠮᠧᠨ᠋ᠲ ᠤᠨ ᠰᠢᠯᠵᠢᠯᠲᠡ ᠶᠢ ᠲᠦᠷᠭᠡᠳᠬᠡᠨ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠶᠢᠨ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃  ︽ᠤᠶᠤᠨᠴᠢ ᠪᠤᠭᠤᠮᠳᠡ +︾ ᠶᠢᠨ ᠣᠨᠴᠠᠯᠢᠠᠠᠳᠦ ᠡᠳ᠋ᠰᠢᠬᠦᠯᠬᠦ᠂ ᠲᠣᠰᠬᠠᠢ ᠵᠠᠬ᠎ᠠ ᠳᠡᠯᠭᠡᠬᠦᠷ᠂ ᠠᠷᠡᠯᠵᠢᠶ᠎ᠠ ᠬᠤᠳᠠᠯᠳᠤᠭ᠎ᠠ ᠪᠠᠷᠡᠭᠠᠨ ᠤ ᠬᠦᠢᠯᠭᠡᠭᠡᠨ᠂ ᠶᠡᠷᠦᠩᠭᠡᠶᠢᠯᠡᠭᠰᠡᠨ ᠭᠠᠶᠢᠯᠢ ᠪᠠᠳᠣᠯᠠᠬᠤ ᠣᠷᠣᠨ᠂ ᠬᠢᠯᠢ ᠶᠢᠨ ᠠᠷᠡᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠬᠦᠷ᠂ ᠬᠢᠯᠢ ᠶᠢᠨ ᠵᠢᠭᠤᠯᠴᠢᠯᠠᠯ ᠵᠡᠷᠭᠡ ᠢᠨᠵᠧᠨᠧᠷᠢᠩ ᠢ ᠠᠬᠢᠭᠤᠯᠵᠦ᠂ ᠣᠨᠴᠠᠯᠢᠠᠠᠳᠦ ᠠᠵᠦ ᠦᠢᠯᠡᠰ ᠤᠨ ᠲᠦᠪᠯᠡᠷᠡᠬᠦ ᠶᠢ ᠳᠦᠷᠭᠡᠳᠭᠡᠨ᠂ ᠠᠵᠦ ᠠᠬᠤᠢ ᠶᠢᠨ ᠨᠡᠪᠲᠡᠷᠡᠯ ᠵᠠᠮ ᠤᠨ ᠠᠵᠦ ᠠᠬᠤᠢ ᠶᠢᠨ ᠭᠡᠯᠪᠡᠷᠢ ᠪᠠᠨ ᠬᠤᠪᠢᠷᠡᠭᠤᠯᠬᠤ ᠶᠢ ᠪᠠᠶᠠᠯᠠᠬᠦᠯᠦᠨ᠎ᠠ᠃ ᠳᠤᠮᠳᠠᠳᠤ ᠮᠣᠩᠭᠤᠯ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠬᠢᠯᠢ ᠠᠯᠤᠰᠯᠠᠭᠰᠠᠨ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠪᠦᠯᠦᠭᠵᠢᠯ ᠢ ᠪᠣᠶ ᠪᠣᠯᠭᠠᠵᠤ᠂ ᠭᠠᠵᠠᠷ ᠣᠷᠣᠨ ᠤ ᠣᠨᠴᠠᠯᠢᠭ ᠲᠠᠢ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠪᠡᠶᠡᠯᠡᠭᠦᠯᠵᠦ᠂ ︽ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ︾ ᠢ ᠨᠠᠩ ᠰᠠᠶᠢᠲᠤᠷ ᠨᠡᠪᠲᠡᠷᠡᠯᠴᠡᠭᠦᠯᠦᠨ᠎ᠡ᠃ ᠬᠢᠯᠢ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ  ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠣᠷᠣᠨ ᠪᠦᠰᠡ ᠠᠯᠤᠰᠯᠠᠨ ᠡᠬᠢ ᠪᠠᠶᠠᠯᠢᠭ  ᠢ ᠬᠠᠮᠲᠤᠪᠠᠷ ᠡᠳ᠋ᠯᠡᠬᠦ᠂ ᠠᠵᠤ ᠦᠢᠯᠡᠰ ᠤᠨ ᠬᠡᠯᠬᠢᠶ᠎ᠡ ᠶᠢ ᠵᠣᠯᠭᠠᠭᠤᠯᠬᠤ ᠶᠢ ᠠᠬᠢᠭᠤᠯᠵᠤ᠂ ᠳᠣᠲᠣᠷ ᠭᠠᠵᠠᠷ ᠬᠤᠲᠠ ᠶᠢᠨ ᠳᠠᠯᠠᠶ ᠳᠠᠭᠠᠤ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠡᠮᠬᠢ ᠵᠢᠷᠤᠮ ᠲᠠᠢ ᠪᠠᠷ ᠵᠣᠯᠭᠠᠭᠤᠯᠬᠤ ᠶᠢ ᠠᠬᠢᠭᠤᠯᠤᠨ᠎ᠠ᠃  ︵ᠲᠠᠪᠤ︶ ᠬᠢᠯᠢ ᠠᠯᠤᠰᠯᠠᠭᠰᠠᠨ ᠬᠠᠮᠲᠤᠷᠠᠯᠴᠠᠭ᠎ᠠ ᠶᠢ ᠪᠠᠶᠢᠩᠭᠤᠵᠢᠭᠤᠯᠬᠤ ᠶᠢ ᠲᠦᠷᠭᠡᠳᠭᠡᠨ ᠪᠤᠢ ᠪᠣᠯᠭᠠᠬᠤ  17. ᠣᠷᠣᠨ ᠪᠦᠰᠡ ᠶᠢᠨ ᠬᠠᠮᠵᠢᠯᠴᠠᠨ ᠰᠢᠨ᠎ᠡ ᠶᠢ ᠡᠭᠦᠳᠦᠨ ᠬᠥᠭᠵᠢᠬᠦ ᠶᠢ ᠴᠢᠩᠭᠠᠷᠠᠭᠤᠯᠤᠨ᠎ᠠ᠃ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠤᠬᠴᠠᠵᠢᠭᠤᠯᠤᠬᠰᠠᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ ᠤ ᠪᠦᠳᠦᠭᠡᠨ ᠪᠠᠶᠢᠭᠤᠯᠤᠯᠲᠠ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ᠪᠠᠷᠠᠭᠤᠨ ᠣᠷᠣᠨ ᠤ ᠡᠬᠡ ᠬᠠᠭᠤᠷᠠᠢ ᠳᠠᠯᠠᠢ ᠶᠢᠨ ᠰᠢᠨ᠎ᠡ ᠵᠠᠮ ᠵᠡᠷᠭᠡ ᠤᠯᠤᠰ ᠤᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠠᠩᠭᠠᠯᠭ᠎ᠠ ᠬᠡᠷᠡᠭᠴᠡᠭᠡ ᠬᠤᠯᠪᠣᠯᠳᠤᠭᠰᠠᠨ ᠣᠷᠣᠨ ᠪᠦᠰᠡ ᠶᠢᠨ ᠲᠣᠭᠠᠴᠢᠯᠠᠭᠰᠠᠨ ᠠᠮᠢ ᠠᠬᠤᠢ ᠶᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠨ ᠢᠵᠢ ᠪᠦᠷᠢᠳᠦᠭᠰᠡᠨ ᠴᠢᠳᠠᠪᠤᠷᠢ ᠶᠢ ᠳᠡᠭᠡᠭᠰᠢᠯᠡᠭᠦᠯᠵᠦ᠂ ᠪᠣᠭᠤᠮᠲᠠ ᠶᠢᠨ ᠪᠦᠯᠦᠭᠯᠡᠯ᠂ ᠭᠤᠣᠯᠳᠠᠯᠭ᠎ᠠ ᠲᠠᠢ ᠣᠷᠣᠨ ᠪᠦᠰᠡ ᠶᠢᠨ ᠨᠢᠭᠡ ᠴᠤᠬᠴᠠᠵᠢᠭᠤᠯᠤᠬᠰᠠᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠠᠭᠠᠳ ᠦᠭᠡᠢ ᠨᠡᠪᠲᠡᠷᠡᠭᠦᠯᠦᠨ᠎ᠡ᠃ ᠡᡁᠧᠪᠸᠢ᠂ ᠲᠢᠶᠠᠨᠵᠢᠨ ᠂ ᠯᠢᠶᠣᠤᠨᠢᠩ ᠵᠡᠷᠭᠡ ᠭᠠᠵᠠᠷ ᠣᠷᠣᠨ ᠤ ᠭᠠᠷᠠᠮ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠ ᠳᠣᠲᠣᠭᠠᠳᠤ ᠬᠠᠭᠤᠷᠠᠶ ᠶᠢᠨ ᠭᠠᠷᠠᠮ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠠᠯᠠᠢ ᠪᠠᠷ ᠭᠠᠷᠴᠤ ᠣᠷᠣᠬᠤ ᠬᠢᠯᠢ ᠠᠴᠠ ᠭᠠᠷᠬᠤ ᠶᠡᠭᠡ ᠵᠠᠮ ᠤᠨ ᠪᠣᠭᠤᠮᠲᠠ ᠪᠠᠷ ᠥᠩᠭᠡᠷᠡᠬᠦ ᠳᠤ ᠳᠥᠭᠦᠮ ᠦᠵᠡᠭᠦᠯᠬᠦ ᠶᠢ ᠠᠬᠢᠭᠤᠯᠤᠨ᠎ᠠ᠃  18. ᠪᠣᠭᠤᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠣᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠬᠢᠭᠡᠳ ᠬᠥᠷᠰᠢ ᠵᠡᠷᠭᠡᠯᠡᠳᠡᠭᠡ ᠤᠯᠤᠰ ᠯᠤᠭ᠎ᠠ ᠶᠢᠨ ᠬᠠᠮᠲᠤᠷᠠᠯᠴᠠᠭᠠᠨ ᠤ ᠲᠠᠪᠴᠠᠩ ᠳᠤ ᠲᠦᠰᠢᠭᠯᠡᠨ᠂ ᠮᠣᠩᠭᠤᠯ ᠤᠯᠤᠰ᠂ ᠣᠷᠣᠰ ᠤᠨ ᠣᠶᠤᠨᠴᠢ ᠪᠣᠭᠤᠮᠲᠠ ᠯᠤᠭ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠤᠯᠠᠨ ᠤᠯᠤᠰ ᠤᠨ ᠬᠠᠮᠳᠤᠷᠠᠯᠴᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠢᠯᠢ ᠠᠯᠤᠰᠯᠠᠭᠰᠠᠨ ᠠᠷᠠᠯᠵᠢᠶᠠᠨ ᠤ ᠳᠥᠭᠦᠮᠴᠢᠯᠡᠯᠲᠡ ᠶᠢ ᠠᠬᠢᠭᠤᠯᠤᠨ᠎ᠠ᠃ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠳᠤ 24 ᠴᠠᠭ ᠤᠨ ᠠᠦ᠋ᠲ᠋ᠤ᠋ ᠪᠣᠭᠤᠮᠲᠠ ᠥᠩᠭᠡᠷᠡᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ ︽ᠭᠡᠷᠡᠴᠢᠯᠡᠭᠳᠡᠭᠰᠡᠨ ᠡᠵᠡᠩᠨᠡᠭᠴᠢ︾ ︵AEO︶ ᠤᠨ ᠮᠡᠳᠡᠭᠡ ᠵᠠᠩᠭᠢ ᠶᠢᠨ ᠬᠠᠷᠢᠯᠴᠠᠨ ᠰᠣᠯᠢᠯᠴᠠᠬᠤ ᠶᠢ ᠠᠬᠢᠭᠤᠯᠤᠨ᠎ᠠ᠃ ᠵᠠᠰᠠᠮᠠᠯ ᠵᠠᠮ ᠤᠨ ᠪᠣᠭᠤᠮᠲᠠ ᠳᠤ ᠰᠢᠨ᠎ᠡ ᠮᠡᠷᠭᠡᠵᠢᠯ ᠪᠠ ᠪᠠᠷᠠᠭᠠᠨ ᠤ ᠲᠡᠭᠡᠭᠡᠪᠦᠷᠢ ᠶᠢᠨ ᠲᠥᠬᠦᠭᠡᠷᠦᠮᠵᠢ ᠬᠡᠷᠡᠭᠯᠡᠬᠦ ᠶᠢ ᠠᠬᠢᠭᠤᠯᠵᠤ᠂ ᠤᠶᠤᠨᠴᠢ ᠪᠣᠭᠤᠮᠲᠠ ᠶᠢᠨ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠨ᠂ AGV ᠬᠦᠮᠦᠨ ᠥᠬᠡᠶ ᠲᠡᠷᠭᠡ ᠵᠢᠯᠣᠭᠤᠳᠬᠤ᠂ ᠤᠶᠤᠨᠴᠢ ᠬᠦᠨᠳᠦ ᠠᠴᠢᠶᠠᠨ ᠤ ᠮᠠᠰᠢᠨ ᠲᠡᠷᠭᠡ ᠪᠠ ᠠᠭᠠᠷ ᠤᠨ ᠵᠠᠮ ᠵᠡᠷᠭᠡ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠦᠰᠦᠯ ᠤᠨ ᠪᠥᠲᠥᠭᠡᠨ ᠪᠠᠶᠢᠭᠤᠯᠤᠯᠲᠠ ᠶᠢ ᠳᠡᠯᠭᠡᠷᠡᠭᠦᠯᠦᠨ᠎ᠡ᠃  ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ TIR ᠺᠠᠷᠲ ᠤᠨ ᠲᠡᠭᠡᠭᠡᠪᠦᠷᠢ ᠥᠷᠨᠢᠭᠦᠯᠬᠦ ᠶᠢ ᠳᠡᠮᠵᠢᠵᠦ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠨ ᠵᠠᠮ ᠱᠤᠭᠤᠮ ᠢ ᠰᠦᠪᠡᠭᠴᠢᠯᠡᠨ ᠨᠡᠭᠡᠭᠡᠨ᠎ᠡ᠃ ᠪᠠᠷᠠᠭ᠎ᠠ ᠠᠴᠢᠶᠠᠯᠠᠬᠤ ᠨᠠᠷᠢᠨ ᠳᠠᠩᠰᠠ ᠶᠢ ᠡᠯᠧᠺᠲᠷᠣᠨ ᠳᠠᠮᠵᠢᠭᠤᠯᠬᠤ᠂ ᠥᠷᠥᠭᠡᠨ ᠤ ᠳᠠᠩᠰᠠ ᠶᠢᠨ ᠮᠡᠳᠡᠭᠡ ᠵᠠᠩᠭᠢ ᠶᠢᠨ ᠡᠯᠧᠺᠲᠷᠣᠨ ᠳᠠᠮᠵᠢᠭᠤᠯᠭ᠎ᠠ ᠵᠡᠷᠭᠡ ᠣᠯᠠᠨ ᠤᠯᠤᠰ ᠤᠨ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃  ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ  ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠬᠡᠷ ᠨᠢ ᠪᠥᠬᠦ ᠣᠷᠣᠨ ᠤ ᠤᠶᠤᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠦᠯᠦᠪᠯᠡᠨ ᠵᠣᠬᠢᠴᠠᠭᠤᠯᠵᠤ᠂ ᠵᠢᠯᠣᠭᠤᠳᠤᠨ ᠠᠬᠢᠭᠤᠯᠵᠤ᠂ ᠪᠠᠷᠢᠮᠵᠢᠶ᠎ᠠ ᠶᠢᠨ ᠱᠠᠭᠠᠷᠳᠠᠯᠭ᠎ᠠ ᠶᠢ ᠵᠢᠷᠤᠮᠵᠢᠭᠤᠯᠬᠤ ᠬᠡᠷᠡᠭᠲᠡᠶ︔ ᠪᠣᠭᠤᠮᠲᠠ᠂ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ︵ᠠᠵᠤ ᠠᠬᠤᠶᠢᠯᠠᠯ︶ ᠨᠤᠭᠤᠳ ᠢᠳᠡᠪᠬᠢᠲᠡᠶ ᠣᠷᠣᠯᠴᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ ᠤᠨ ᠤᠶᠤᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠲᠦᠰᠦᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠬᠡᠷᠡᠭᠲᠡᠶ︔ ᠪᠣᠭᠤᠮᠲᠠ ᠶᠢᠨ ᠪᠠᠶᠢᠭ᠎ᠠ ᠭᠠᠵᠠᠷ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠤᠶᠤᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠤᠶᠤᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠲᠣᠰ ᠭᠠᠵᠠᠷ ᠣᠷᠣᠨ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠲᠠᠢ ᠤᠶᠠᠯᠳᠤᠭᠤᠯᠤᠨ ᠵᠣᠬᠢᠰᠲᠠᠶ ᠤᠷᠢᠳᠴᠢᠯᠠᠨ ᠲᠥᠯᠥᠪᠵᠢᠭᠦᠯᠬᠦ ᠬᠡᠷᠡᠭᠲᠡᠶ᠃ ᠡᠯ᠎ᠡ ᠪᠣᠭᠤᠮᠲᠠ ᠨᠢ ᠵᠠᠰᠠᠭ ᠤᠨ ᠣᠷᠳᠣᠨ ᠲᠦᠷᠦᠭᠦᠯᠡᠨ᠂ ᠰᠠᠯᠠᠭ᠎ᠠ ᠮᠥᠴᠢᠷ ᠣᠷᠣᠯᠴᠠᠭᠰᠠᠨ ᠣᠶᠤᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠢᠭᠡᠳᠦᠯᠲᠡᠶ ᠲᠦᠯᠦᠪᠯᠡᠨ ᠰᠦᠪᠡᠭᠴᠢᠯᠡᠬᠦ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠷᠠᠯᠲᠠ ᠡᠭᠦᠷᠭᠡ ᠪᠠᠨ ᠨᠠᠷᠢᠯᠢᠬᠵᠢᠭᠤᠯᠤᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠨ AGV ᠬᠥᠮᠦᠨ ᠦᠭᠡᠶ ᠲᠡᠷᠭᠡ ᠵᠢᠯᠣᠭᠤᠳᠬᠤ᠂ ᠤᠶᠤᠨᠴᠢᠯᠠᠭᠰᠠᠨ ᠬᠦᠨᠳᠦ ᠺᠠᠷᠲ ᠪᠠ ᠠᠭᠠᠷ ᠤᠨ ᠵᠠᠮ ᠵᠡᠷᠭᠡ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠦᠰᠦᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠤᠶᠤᠨᠴᠢ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠭᠤᠮᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠬᠤᠶᠠᠷ ᠱᠠᠲᠤᠨ ᠤ ᠵᠠᠰᠠᠭ ᠤᠨ ᠣᠷᠳᠣᠨ ᠤ ᠵᠠᠷᠤᠯᠭ᠎ᠠ ᠶᠢᠨ ᠠᠷᠭ᠎ᠠ ᠮᠠᠶ᠋ᠢᠭ ᠶᠣᠰᠣᠭᠠᠷ ᠵᠠᠷᠤᠳᠠᠯ ᠤᠨ ᠪᠠᠲᠤᠯᠠᠭ᠎ᠠ ᠶᠢ ᠦᠨᠡᠨ ᠬᠦ ᠪᠠᠲᠤᠯᠠᠵᠤ᠂ ᠪᠣᠭᠤᠮᠲᠠ ᠶᠢᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠵᠤ᠂ ᠲᠦᠰᠦᠯ ᠢ ᠰᠢᠨᠵᠢᠯᠡᠬᠦ ᠤᠬᠠᠭᠠᠨᠴᠢ ᠪᠠᠷ ᠨᠤᠲᠠᠯᠠᠬᠤ ᠶᠢ ᠴᠢᠩᠭᠠᠳᠬᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠠᠳᠠᠷᠠᠭᠤᠯᠬᠤ ᠬᠡᠷᠡᠭᠲᠡᠶ᠃ 
 
ᠢᠷᠡᠯᠲᠡ᠄ ᠪᠣᠭᠤᠮᠲᠠ ᠶᠢᠨ ᠠᠯᠪᠠᠨ ᠬᠡᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号
Baidu
map