ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢᠨ ᠲᠠᠰᠢᠷᠠᠮ ᠢᠶᠠᠷ᠂ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︽ᠨᠠᠮ ᠳᠤ ᠣᠷᠣᠭᠰᠠᠨ ᠢᠷᠠᠭᠤ | ᠠᠯᠳᠠᠷᠲᠤ 50 ᠵᠢᠯ︾ ᠠᠬᠠᠮᠠᠳ ᠨᠠᠮ ᠤᠨ ᠭᠡᠰᠢᠭᠦᠨ ᠳᠤ ᠳᠤᠷᠠᠰᠬᠠᠯ ᠤᠨ ᠲᠡᠮᠳᠡᠭ ᠣᠯᠭᠤᠬᠤ ᠭᠤᠣᠯ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠬᠦᠨ᠂ ᠳᠡᠳ᠋ ᠲᠢᠩᠬᠢᠮ ᠤᠨ ᠳᠠᠷᠤᠭ᠎ᠠ ᠬᠤ᠋ ᠶᠢᠩ ᠹᠧᠩ ᠪᠠᠶᠢᠭᠤᠯᠭ᠎ᠠ ᠶᠢᠨ ᠬᠠᠮᠢᠶ᠎ᠠ ᠪᠦᠬᠦᠢ ᠭᠠᠵᠠᠷ ᠠᠯᠪᠠᠨ | ᠲᠠᠰᠤᠭ ᠤᠨ ᠬᠠᠷᠢᠭᠤᠴᠠᠯᠭᠠᠲᠠᠨ ᠨᠥᠬᠦᠳ ᠢ ᠳᠠᠭᠠᠭᠤᠯᠤᠨ᠂ ᠭᠡᠷ ᠲᠤᠨᠢ ᠬᠦᠷᠴᠦ ᠠᠬᠠᠮᠠᠳ ᠨᠠᠮ ᠤᠨ ᠭᠡᠰᠢᠭᠦᠨ ᠳᠤ | ︽ᠨᠠᠮ ᠳᠤ ᠣᠷᠣᠭᠰᠠᠨ ᠢᠷᠠᠭᠤ ᠠᠯᠳᠠᠷᠲᠤ 50 ᠵᠢᠯ︾ ᠳᠤᠷᠠᠰᠬᠠᠯ ᠤᠨ ᠲᠡᠮᠳᠡᠭ ᠢ ᠭᠠᠷᠳᠠᠭᠤᠯᠵᠤ᠂ ᠲᠡᠳᠡᠨ ᠤ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠪᠡ᠃ ᠠᠵᠢᠯᠯᠠᠬᠤ ᠳᠤᠭᠤᠶᠢᠯᠠᠩ ᠤᠨ ᠬᠢᠨ ᠠᠬᠠᠮᠠᠳ ᠨᠠᠮ ᠤᠨ ᠭᠡᠰᠢᠭᠦᠳ ᠤᠨ | ᠬᠤᠳᠠᠯᠳᠤᠭᠠᠨ ᠤ ᠶᠠᠪᠤᠳᠠᠯ ᠤᠨ ᠹᠷᠣᠨᠲ ᠳᠡᠭᠡᠷᠡᠬᠢ ᠨᠠᠮ ᠤᠨ ᠠᠵᠢᠯ᠂ ᠠᠷᠠᠳ ᠲᠦᠮᠡᠨ ᠳᠤ ᠦᠢᠯᠡᠴᠢᠯᠡᠬᠦ | ᠲᠡᠮᠡᠴᠡᠯ ᠤᠨ ᠥᠩᠭᠡᠷᠡᠯᠲᠡ ᠶᠢ ᠡᠷᠭᠢᠴᠡᠭᠦᠯᠦᠭᠰᠡᠨ ᠪᠥᠭᠡᠳ ᠲᠡᠳᠡᠨ ᠳᠤ ᠶᠠᠭ ᠥᠷᠨᠢᠭᠦᠯᠵᠦ ᠪᠠᠶᠢᠭ᠎ᠠ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠳᠡᠭᠡᠷ᠎ᠡ ᠬᠠᠭᠠᠰ ᠵᠢᠯ ᠤᠨ ᠬᠤᠳᠠᠯᠳᠤᠭᠠᠨ ᠤ ᠶᠠᠪᠤᠳᠠᠯ ᠤᠨ | ᠠᠵᠢᠯ ᠤᠨ ᠠᠵᠢᠯᠯᠠᠭᠠᠨ ᠤ ᠪᠠᠶᠢᠳᠠᠯ ᠢ ᠮᠡᠳᠡᠭᠳᠡᠪᠡ᠃ ᠠᠬᠠᠮᠠᠳ ᠨᠠᠮ ᠤᠨ ᠭᠡᠰᠢᠭᠦᠳ ᠦᠷᠭᠦᠯᠵᠢᠯᠡᠨ ᠨᠠᠮ ᠤᠨ | ᠰᠢᠯᠢᠳᠡᠭ ᠤᠯᠠᠮᠵᠢᠯᠠᠯ ᠢᠶᠠᠨ ᠪᠠᠷᠢᠮᠲᠠᠯᠠᠨ ᠪᠠᠳᠠᠷᠠᠭᠤᠯᠵᠤ᠂ ᠰᠢᠨ᠎ᠡ ᠦᠵᠡᠯ ᠰᠠᠨᠠᠭ᠎ᠠ ᠶᠢ ᠤᠯᠠᠮ ᠴᠢᠨᠠᠭᠰᠢᠳᠠ | ᠣᠶᠢᠯᠠᠭᠠᠵᠤ᠂ ᠰᠢᠨ᠎ᠡ ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ᠂ ᠰᠢᠨ᠎ᠡ ᠬᠥᠭᠵᠢᠯᠲᠡ ᠶᠢ ᠠᠬᠢᠭᠤᠯᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ | ᠨᠠᠶᠢᠳᠠᠪᠤᠷᠢᠵᠢᠭᠤᠯᠬᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ | ᠨᠡᠮᠡᠷᠢᠯᠡᠬᠦ ᠲᠠᠯ᠎ᠠ ᠪᠠᠷ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ | ᠠᠳᠠᠯᠢ ᠪᠠᠷ ᠬᠤᠳᠠᠯᠳᠤᠭᠠᠨ ᠤ ᠶᠠᠪᠤᠳᠠᠯ ᠤᠨ ᠠᠵᠢᠯ ᠢ ᠬᠠᠯᠠᠮᠵᠢᠯᠠᠨ ᠳᠡᠮᠵᠢᠵᠦ᠂ ᠬᠤᠳᠠᠯᠳᠤᠭᠠᠨ ᠤ ᠶᠠᠪᠤᠳᠠᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠢᠶᠠᠨ ᠭᠠᠷᠭᠠᠨ᠎ᠠ᠃ | | | |