ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠲᠡᠦᠬᠡ ᠶᠢᠨ ᠣᠷᠳᠣᠨ ᠬᠠᠮᠲᠤ ᠪᠠᠷ ︽7 · 1︾ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/7/4
  ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢᠨ ᠢᠨᠵᠧᠨᠧᠷᠢᠩ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ ᠣᠷᠳᠣᠨ ᠲᠠᠢ ᠬᠠᠮᠲᠤᠷᠠᠨ ︽ᠨᠠᠮ ᠤᠨ ᠠᠴᠢ ᠶᠢ ᠮᠠᠭᠲᠠᠨ ᠳᠠᠭᠤᠯᠠᠵᠤ᠂ ᠰᠢᠨ᠎ᠡ ᠬᠠᠭᠤᠳᠠᠰᠤ ᠶᠢ ᠪᠢᠴᠢᠭᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠡᠷᠬᠢᠯᠡᠪᠡ᠃
7.4-1-1.jpg
  7 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ ᠣᠷᠳᠣᠨ ᠨᠢ ᠯᠢᠶᠠᠨ ᠰᠢᠨ᠂ ᠰᠢᠩ ᠳ᠋ᠠ ᠨᠢᠶᠠᠨ᠂ ᠬᠦᠳᠡᠷ᠂ ᠭᠦᠸᠧ ᠷᠦᠢ ᠶᠢᠨ᠂ ᠯᠢ ᠯᠢ᠂ ᠶᠧ ᠮᠠᠨ ᠢᠦᠶ᠂ ᠬᠤᠤ ᠷᠦᠨ ᠫᠢᠩ ᠵᠡᠷᠭᠡ ᠥᠪᠡᠷᠲᠡᠭᠡᠨ ᠵᠠᠰᠠᠬᠤ ᠣᠷᠣᠨ ᠤ ᠤᠷᠠᠨ ᠪᠢᠴᠢᠯᠭᠡ ᠤᠷᠠᠨ ᠵᠢᠷᠤᠭ ᠤᠨ 12 ᠤᠷᠠᠯᠢᠭᠴᠢᠳ ᠢ ᠤᠷᠢᠵᠤ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠤᠷᠠᠯ ᠤᠨ ᠬᠡᠷ ᠲᠤ ᠬᠦᠷᠴᠦ᠂ ᠤᠷᠠᠨ ᠪᠢᠴᠢᠯᠭᠡ ᠤᠷᠠᠨ ᠵᠢᠷᠤᠭ ᠤᠨ ᠬᠢᠴᠢᠶᠡᠯ ᠤᠨ ᠲᠠᠩᠬᠢᠮ ᠤᠨ ᠠᠵᠢᠯᠯᠠᠭ᠎ᠠ ᠶᠢ ᠥᠷᠨᠢᠭᠦᠯᠵᠦ᠂ ᠲᠤᠬᠠᠶ ᠶᠢᠨ ᠲᠠᠯᠠᠪᠠᠶ ᠳᠤ ᠵᠢᠭᠠᠨ ᠰᠤᠷᠭᠠᠯᠲᠠ ᠬᠢᠵᠦ᠂ ᠡᠯ᠎ᠡ ᠲᠥᠷᠥᠯ ᠤᠨ ᠤᠷᠠᠨ ᠪᠢᠴᠢᠯᠭᠡ᠂ ᠵᠢᠷᠤᠭ ᠤᠨ ᠣᠨᠴᠠᠯᠢᠭ ᠤᠨ ᠲᠤᠬᠠᠶ ᠲᠥᠬᠦᠮ ᠲᠠᠶᠢᠯᠤᠮᠵᠢ ᠬᠢᠯᠭᠡᠪᠡ︔ ᠡᠭᠦᠨ ᠤ ᠳᠠᠷᠠᠭ᠎ᠠ᠂ ᠤᠷᠠᠯᠢᠭᠴᠢᠨ ᠪᠠᠭᠰᠢ ᠨᠠᠷ ᠲᠤᠬᠠᠶ ᠶᠢᠨ ᠲᠠᠯᠠᠪᠠᠶ ᠳᠤ ᠪᠢᠷ ᠪᠡᠭᠡ ᠪᠠᠨ ᠡᠷᠬᠢᠭᠦᠯᠵᠦ᠂ ᠪᠡᠭᠡ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠄ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾᠂ ︽ᠬᠤᠳᠠᠯᠳᠤᠭᠠᠨ ᠤ ᠶᠠᠪᠤᠳᠠᠯ ᠠᠷᠠᠳ ᠤᠨ ᠲᠥᠯᠥᠭᠡ ᠵᠢᠳᠬᠦᠬᠦ︾᠂ ︽ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ︾᠂ ︽ᠨᠡᠶᠢᠲᠡ ᠶᠢᠨ ᠲᠥᠯᠥᠭᠡ ᠨᠠᠮ ᠪᠠᠶᠢᠭᠤᠯᠵᠤ  ᠠᠷᠠᠳ ᠤᠨ ᠲᠥᠯᠥᠭᠡ ᠲᠥᠷᠥ ᠪᠠᠷᠢᠬᠤ︾ ᠵᠡᠷᠭᠡ ᠤᠷᠠᠨ ᠪᠢᠴᠢᠯᠭᠡ ᠶᠢᠨ ᠪᠦᠲᠦᠭᠡᠯ ᠪᠠ ︽ᠴᠠᠭᠠᠨ ᠰᠠᠷ᠎ᠠ ᠶᠢ ᠤᠭᠲᠤᠬᠤ   ᠵᠢᠷᠤᠭ︾᠂ ︽ᠠᠵᠢᠨᠠᠶ ᠬᠦᠯᠦᠭ ᠵᠢᠷᠤᠭ︾ ᠵᠡᠷᠭᠡ ᠪᠦᠲᠦᠭᠡᠯ ᠤᠳ ᠰᠢᠨ᠎ᠡ ᠴᠠᠭ ᠦᠶ᠎ᠡ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠤᠯᠠᠮ ᠨᠢᠭᠡ ᠠᠯᠬᠤᠮ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠵᠢᠯᠤᠭᠤᠳᠪᠠ᠃
7.4-1-2.jpg
  ᠠᠵᠢᠯᠯᠠᠭ᠎ᠠ ᠳᠤ ᠣᠷᠣᠯᠴᠠᠭᠰᠠᠨ ᠡᠯ᠎ᠡ ᠨᠢᠭᠡᠴᠢ ᠶᠢᠨ ᠨᠠᠮ ᠤᠨ ᠭᠡᠰᠢᠭᠦᠨ ᠺᠠᠳ᠋ᠷᠴᠤᠳ᠂ ᠡᠨᠡ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢᠨ ᠬᠡᠯᠪᠡᠷᠢ ᠰᠢᠨ᠎ᠡ ᠰᠣᠷᠭᠤᠭ᠂ ᠠᠭᠤᠯᠭ᠎ᠠ ᠡᠷᠬᠢᠮ᠂ ᠭᠤᠤᠯ ᠰᠡᠳᠦᠪ ᠨᠢ ᠢᠯᠡ ᠲᠣᠳᠣ ᠪᠠᠶᠢᠵᠤ᠂ ᠣᠯᠠᠨ ᠳᠤ ᠤᠷᠠᠯᠢᠭ ᠡᠳ᠋ᠯᠡᠬᠦ ᠠᠭᠤᠷ ᠠᠮᠢᠰᠬᠤᠯ ᠤᠨ ᠳᠤᠮᠳᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠭᠦᠨᠵᠡᠭᠡᠶ ᠲᠠᠨᠢᠭᠤᠯᠵᠤ᠂ ᠣᠯᠠᠨ ᠢᠶᠠᠷ ᠢᠶᠠᠨ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠢ ᠨᠠᠩ ᠭᠦᠨᠵᠡᠭᠡᠶ ᠣᠶᠢᠯᠠᠭᠠᠭᠤᠯᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠤᠯᠠᠨ ᠢᠶᠠᠷ ᠢᠶᠠᠨ᠂ ᠡᠨᠡ ᠤᠳᠠᠭ᠎ᠠ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠨ᠂ ᠡᠷᠬᠡᠪᠰᠢ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠵᠢᠯᠣᠭᠤᠳᠤᠮᠵᠢ ᠪᠣᠯᠭᠠᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠤᠷᠤᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
7.4-1-3.jpg
  ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠣᠶᠣᠯ ᠲᠡᠤᠬᠡ ᠶᠢᠨ ᠣᠷᠳᠣᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠨᠠᠷᠢᠨ ᠪᠢᠴᠢᠭ ᠤᠨ ᠳᠣᠯᠣᠳᠤᠭᠠᠷ ᠭᠠᠵᠠᠷ ᠤᠨ ᠨᠠᠮ ᠤᠨ ᠭᠡᠰᠢᠭᠦᠨ ᠺᠠᠳ᠋ᠷ ᠠᠵᠢᠯᠯᠠᠭ᠎ᠠ ᠳᠤ ᠣᠷᠣᠯᠴᠠᠵᠠᠶ᠃ 
 
ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号
Baidu
map