ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ︽ᠲᠤᠷᠰᠢᠯᠲᠠ ᠶᠢᠨ ᠰᠢᠶᠠᠨ︾ ᠤ ᠨᠡᠷᠡᠰ ᠢ ᠵᠠᠷᠯᠠᠨ ᠨᠡᠶᠢᠲᠡᠯᠡᠬᠦ ᠲᠤᠬᠠᠶ
ᠨᠡᠶᠢᠲᠡᠯᠡᠭᠰᠡᠨ ᠴᠠᠭ᠄
2024/7/5
  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠡᠳ᠋ ᠤᠨ ᠵᠠᠰᠠᠭ ᠤᠨ ᠲᠢᠩᠬᠢᠮ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠬᠠᠮᠲᠤᠷᠠᠨ 2024 ᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ︽ᠲᠤᠷᠰᠢᠯᠲᠠ ᠶᠢᠨ ᠰᠢᠶᠠᠨ︾ ᠢ ᠭᠤᠶᠤᠴᠢᠯᠠᠨ ᠮᠡᠳᠡᠭᠦᠯᠬᠦ ᠠᠵᠢᠯ ᠢ ᠬᠠᠮᠲᠤᠪᠠᠷ ᠵᠣᠬᠢᠶᠠᠨ ᠪᠠᠶᠢᠭᠤᠯᠵᠤ᠂ ᠠᠶᠢᠮᠠᠭ ᠬᠤᠲᠠ ᠶᠢᠨ ᠬᠢᠨᠠᠨ ᠬᠠᠷᠭᠤᠭᠤᠯᠵᠤ ᠲᠠᠨᠢᠯᠴᠠᠭᠤᠯᠬᠤ᠂ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ᠂ ᠰᠠᠯᠠᠭ᠎ᠠ ᠮᠥᠴᠢᠷ ᠤᠨ ᠵᠥᠪᠳᠡᠯᠴᠡᠬᠦ ᠵᠢᠴᠢ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠲᠣᠭᠲᠠᠭᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ 2024 ᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ︽ᠲᠤᠷᠰᠢᠯᠲᠠ ᠶᠢᠨ ᠰᠢᠶᠠᠨ︾ ᠢ 10 ᠲᠣᠭᠲᠠᠭᠠᠵᠤ᠂ ᠣᠲᠣ ᠨᠡᠷᠡᠰ ᠢ ᠵᠠᠷᠯᠠᠨ ᠨᠡᠶᠢᠲᠡᠯᠡᠶ᠎ᠡ ︵ᠭᠠᠵᠠᠷ ᠣᠷᠣᠨ ᠢᠶᠠᠷ ᠵᠢᠭᠰᠠᠭᠠᠪᠠ︶᠄  ᠬᠥᠨᠳᠡᠯᠡᠨ ᠲᠣᠭᠤᠷᠢᠭ᠂ ᠴᠢᠩᠱᠠᠨ ᠲᠣᠭᠤᠷᠢᠭ᠂ ᠵᠠᠯᠠᠶᠢᠳ ᠬᠤᠰᠢᠭᠤ᠂ ᠲᠦᠴᠢᠦᠸᠠᠨ ᠰᠢᠶᠠᠨ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠨᠠᠢᠮᠠᠨ ᠬᠤᠰᠢᠭᠤ᠂ ᠳᠣᠯᠣᠨ ᠨᠠᠭᠤᠷ ᠰᠢᠶᠠᠨ᠂ ᠣᠲᠤᠭ ᠤᠨ ᠡᠮᠦᠨᠡᠲᠦ ᠬᠤᠰᠢᠭᠤ᠂ ᠳ᠋ᠧᠩᠺᠸᠤ ᠰᠢᠶᠠᠨ᠂ ᠤᠷᠠᠳ ᠤᠨ ᠬᠤᠶᠢᠲᠤ ᠬᠤᠰᠢᠭᠤ᠃  ᠵᠠᠷᠯᠠᠨ ᠨᠡᠶᠢᠲᠡᠯᠡᠬᠦ ᠬᠤᠭᠤᠴᠠᠭ᠎ᠠ 2024 ᠣᠨ ᠤ 7 ᠳ᠋ᠤᠭᠠᠷ ᠰᠠᠷ᠎ᠠ ᠶᠢᠨ 5 ᠤ ᠡᠳᠦᠷ ᠠᠴᠠ 7 ᠳ᠋ᠤᠭᠠᠷ ᠰᠠᠷ᠎ᠠ ᠶᠢᠨ 9 ᠤ ᠡᠳᠦᠷ ᠪᠣᠯᠲᠠᠯ᠎ᠠ᠃ ᠶᠠᠮᠠᠷᠪᠠ ᠨᠢᠭᠡᠴᠢ ᠪᠤᠶᠤ ᠬᠤᠪᠢ ᠬᠥᠮᠦᠨ ᠢᠯᠡ ᠨᠡᠶᠢᠲᠡᠯᠡᠭᠰᠡᠨ ᠠᠭᠤᠯᠭ᠎ᠠ ᠳᠤ ᠣᠨᠳᠣᠤ ᠰᠠᠨᠠᠯ ᠲᠠᠢ᠂ ᠢᠯᠡ ᠨᠡᠶᠢᠲᠡᠯᠡᠭᠰᠡᠨ ᠬᠤᠭᠤᠴᠠᠭᠠᠨ ᠳᠤ ᠡᠵᠡᠮᠰᠢᠭᠰᠡᠨ ᠪᠣᠳᠠᠲᠤ ᠪᠠᠶᠢᠳᠠᠯ ᠢᠶᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠲᠤᠰᠬᠠᠬᠤ ᠬᠡᠷᠡᠭᠲᠡᠶ᠃ ᠲᠤᠰᠬᠠᠭᠰᠠᠨ ᠮᠠᠲ᠋ᠧᠷᠢᠶᠠᠯ ᠳᠤ ᠲᠠᠮᠠᠭ᠎ᠠ ᠳᠠᠷᠤᠵᠦ᠂ ᠬᠤᠪᠢ ᠬᠥᠮᠦᠨ ᠭᠠᠷ ᠤᠨ ᠦᠰᠦᠭ ᠵᠢᠷᠤᠬᠤ ᠶᠢᠨ ᠬᠠᠮᠲᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠠᠷᠢᠯᠴᠠᠬᠤ ᠠᠷᠭ᠎ᠠ ᠮᠠᠶ᠋ᠢᠭ ᠳᠠᠭᠠᠯᠳᠤᠭᠤᠯᠤᠨ᠎ᠠ᠃  ᠬᠠᠷᠢᠯᠴᠠᠬᠤ ᠠᠷᠭ᠎ᠠ ᠮᠠᠶ᠋ᠢᠭ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠦᠢᠯᠭᠡᠭᠡᠨ ᠤ ᠦᠢᠯᠡᠰ ᠤᠨ ᠬᠦᠭᠵᠢᠭᠦᠯᠦᠯᠲᠡ ᠶᠢᠨ ᠭᠠᠵᠠᠷ  ᠤᠲᠠᠰᠤ᠄ 0471— 6945209  ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ ᠬᠦᠷᠢᠶᠡᠨ ᠤ 5 ᠳ᠋ᠤᠭᠠᠷ ᠠᠰᠠᠷ ᠤᠨ 614 ᠥᠷᠥᠭᠡ 
 
ᠢᠷᠡᠯᠲᠡ᠄ ᠭᠦᠢᠯᠭᠡᠭᠡᠨ ᠤ ᠦᠢᠯᠡᠰ ᠤᠨ ᠬᠦᠭᠵᠢᠭᠦᠯᠦᠯᠲᠡ ᠶᠢᠨ ᠭᠠᠵᠠᠷ
 
2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号
Baidu
map