[ ᠨᠡᠶᠢᠲᠡᠯᠡᠭᠰᠡᠨ ᠰᠠᠯᠠᠭ᠎ᠠ ᠮᠥᠴᠢᠷ ] ᠪᠦᠬᠦ ᠣᠯᠣᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ | [ ᠠᠯᠪᠠᠨ ᠪᠢᠴᠢᠭ ᠲᠠᠷᠬᠠᠭᠠᠬᠤ ᠦᠰᠦᠭ ᠤᠨ ᠨᠣᠮᠧᠷ ] ᠲᠡᠷᠢᠭᠦᠯᠡᠭᠴᠢ ᠶᠢᠨ ᠵᠠᠷᠯᠢᠭ ᠤᠨ 12 ᠳ᠋ᠤᠭᠠᠷ | ᠲᠣᠭᠠᠲᠤ | [ ᠨᠡᠶᠢᠲᠡᠯᠡᠭᠰᠡᠨ ᠡᠳᠦᠷ ᠬᠤᠭᠤᠴᠠᠭ᠎ᠠ ] 2014 ᠂ 08᠂ 31 | [ ᠬᠡᠷᠡᠭᠵᠢᠭᠦᠯᠬᠦ ᠡᠳᠦᠷ ᠬᠤᠭᠤᠴᠠᠭ᠎ᠠ ] 1995᠂ 01᠂ 01 | | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ | | ︵1994 ᠣᠨ ᠤ 3 ᠰᠠᠷ᠎ᠠ ᠶᠢᠨ 22 ᠤ ᠡᠳᠦᠷ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠪᠠᠳᠣᠯᠠᠪᠠ᠂ 2014 ᠣᠨ ᠤ 8 ᠰᠠᠷ᠎ᠠ ᠶᠢᠨ | 31 ᠤ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯ ᠳᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠥᠰᠦᠪ ᠤᠨ ᠬᠠᠤᠯᠢ﹀ ᠳᠤ ᠵᠠᠰᠠᠪᠤᠷᠢ ᠣᠷᠣᠭᠤᠯᠬᠤ ᠲᠤᠬᠠᠶ ᠰᠢᠢᠳᠪᠦᠷᠢ︾ ᠶᠢ ᠦᠨᠳᠦᠰᠦᠯᠡᠨ | ᠵᠠᠰᠠᠪᠦᠷᠢ ᠣᠷᠣᠭᠤᠯᠪᠠ︶ | | ᠭᠠᠷᠴᠠᠭ | ᠨᠢᠭᠡᠳᠦᠭᠡᠷ ᠪᠦᠯᠦᠭ ᠶᠡᠷᠦᠩᠬᠡᠶ ᠲᠦᠷᠢᠮ | ᠬᠤᠶᠠᠳᠤᠭᠠᠷ ᠪᠦᠯᠦᠭ ᠲᠥᠰᠦᠪ ᠤᠨ ᠬᠠᠮᠢᠶᠠᠷᠤᠯᠲᠠ ᠶᠢᠨ ᠡᠷᠬᠡ ᠲᠤᠰᠢᠶᠠᠯ | ᠭᠤᠷᠪᠠᠳᠤᠭᠠᠷ ᠪᠦᠯᠦᠭ ᠲᠦᠰᠦᠪ ᠤᠨ ᠣᠷᠣᠯᠭ᠎ᠠ ᠵᠠᠷᠤᠯᠭ᠎ᠠ ᠶᠢᠨ ᠬᠡᠪᠴᠢᠶ᠎ᠡ | ᠳᠥᠷᠪᠡᠳᠦᠭᠡᠷ ᠪᠦᠯᠦᠭ ᠲᠦᠰᠦᠪ ᠢ ᠨᠠᠶᠢᠷᠠᠭᠤᠯᠤᠨ ᠵᠣᠬᠢᠶᠠᠬᠤ | ᠲᠠᠪᠤᠳᠤᠭᠠᠷ ᠪᠦᠯᠦᠭ ᠲᠦᠰᠦᠪ ᠢ ᠬᠢᠨᠠᠨ ᠪᠠᠶᠢᠴᠠᠭᠠᠬᠤ ᠪᠠ ᠵᠥᠪᠰᠢᠶᠡᠷᠡᠬᠦ | ᠵᠢᠷᠭᠤᠳᠤᠭᠠᠷ ᠪᠦᠯᠦᠭ ᠲᠦᠰᠦᠪ ᠢ ᠭᠦᠢᠴᠡᠳᠬᠡᠬᠦ | ᠳᠣᠯᠣᠳᠤᠭᠠᠷ ᠪᠦᠯᠦᠭ ᠲᠦᠰᠦᠪ ᠲᠤ ᠲᠤᠬᠢᠷᠡᠭᠤᠯᠤᠯᠳᠠ ᠬᠢᠬᠦ | ᠨᠠᠢᠮᠠᠳᠤᠭᠠᠷ ᠪᠦᠯᠦᠭ ᠲᠦᠰᠦᠪ ᠤᠨ ᠭᠦᠢᠴᠡᠳᠬᠡᠯ | ᠶᠢᠰᠦᠳᠦᠭᠡᠷ ᠪᠦᠯᠦᠭ ᠬᠢᠨᠠᠨᠯᠲᠠ ᠲᠠᠯᠪᠢᠬᠤ | ᠠᠷᠪᠠᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠠᠷᠪᠠᠨ ᠨᠢᠭᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ | | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ᠂ ᠵᠠᠰᠠᠭ ᠤᠨ ᠣᠷᠳᠣᠨ ᠤ ᠣᠷᠣᠯᠭ᠎ᠠ ᠵᠠᠷᠤᠯᠭ᠎ᠠ ᠶᠢᠨ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠲᠥᠰᠦᠪ ᠢᠶᠠᠷ ᠬᠢᠵᠠᠭᠠᠷᠯᠠᠬᠤ ᠶᠢ ᠴᠢᠩᠭᠠᠷᠠᠭᠤᠯᠣᠨ᠂ ᠲᠥᠰᠦᠪ ᠤᠨ ᠬᠠᠮᠢᠶᠠᠷᠤᠯᠲᠠ ᠪᠠ | ᠬᠢᠨᠠᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠵᠢᠷᠤᠮᠵᠢᠭᠰᠠᠨ᠂ ᠢᠯᠡ ᠲᠣᠳᠣ ᠲᠥᠰᠦᠪ ᠤᠨ ᠲᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠪᠠᠳᠣᠯᠠᠬᠤ ᠶᠢᠨ | ᠲᠦᠯᠦᠭᠡ᠂ ᠦᠨᠳᠦᠰᠦᠨ ᠬᠠᠤᠯᠢ ᠶᠢ ᠦᠨᠳᠦᠰᠦᠯᠡᠵᠦ᠂ ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ᠂ ᠲᠥᠰᠦᠪ᠂ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ᠂ ᠬᠢᠨᠠᠨ | ᠪᠠᠶᠢᠴᠠᠭᠠᠬᠤ᠂ ᠵᠥᠪᠰᠢᠶᠡᠷᠡᠬᠦ᠂ ᠬᠢᠨᠠᠯᠲᠠ ᠲᠠᠯᠪᠢᠬᠤ ᠵᠢᠴᠢ ᠲᠥᠰᠦᠪ ᠢ ᠬᠡᠷᠡᠭᠵᠢᠭᠦᠯᠬᠦ ᠪᠠ ᠲᠤᠭᠢᠷᠠᠭᠤᠯᠬᠤ ᠳᠠᠭᠠᠨ | ᠲᠤᠰ ᠬᠠᠤᠯᠢ ᠶᠢᠨ ᠲᠣᠭᠲᠠᠭᠠᠯ ᠢ ᠦᠨᠳᠦᠰᠦᠯᠡᠨ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ᠂ ᠤᠯᠤᠰ ᠠᠴᠠ ᠨᠢᠭᠡ ᠱᠠᠲᠤᠨ ᠤ ᠵᠠᠰᠠᠭ ᠤᠨ ᠣᠷᠳᠣᠨ ᠨᠢᠭᠡ ᠱᠠᠲᠤᠨ ᠤ ᠲᠥᠰᠦᠪ ᠢ | ᠬᠡᠷᠡᠭᠵᠢᠭᠦᠯᠵᠦ᠂ ᠲᠥᠪ ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠳᠤᠭᠤᠷᠢᠭᠳᠤ | ᠬᠤᠳᠠ᠂ ᠥᠪᠡᠷᠲᠡᠭᠡᠨ ᠵᠠᠰᠠᠬᠤ ᠵᠧᠦ ᠂ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠦᠭᠡᠢ ᠬᠤᠲᠠ᠂ | ᠬᠤᠲᠠ ᠶᠢᠨ ᠬᠠᠷᠢᠶ᠎ᠠ ᠲᠣᠭᠤᠷᠢᠭ ᠂ ᠰᠢᠶᠠᠩ ︵ᠰᠤᠮᠤ︶᠂ ᠦᠨᠳᠦᠰᠦᠲᠡᠨ ᠤ ᠰᠢᠶᠠᠩ ︵ᠰᠤᠮᠤ︶᠂ ᠪᠠᠯᠭᠠᠰᠤ | ᠵᠡᠷᠭᠡ ᠲᠠᠪᠤᠨ ᠱᠡᠳᠦ ᠪᠠᠷ ᠲᠥᠰᠦᠪ ᠲᠣᠭᠲᠠᠭᠠᠨ᠎ᠠ᠃ | ᠪᠦᠬᠦ ᠤᠯᠤᠰ ᠤᠨ ᠲᠥᠰᠦᠪ ᠨᠢ ᠲᠥᠪ ᠤᠨ ᠲᠥᠰᠦᠪ ᠪᠠ ᠣᠷᠣᠨ ᠨᠤᠲᠤᠭ ᠤᠨ ᠲᠥᠰᠦᠪ ᠢᠶᠠᠷ | ᠪᠦᠷᠢᠯᠳᠦᠨ᠎ᠡ᠃ ᠣᠷᠣᠨ ᠨᠤᠲᠤᠭ ᠤᠨ ᠲᠥᠰᠦᠪ ᠨᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠶᠡᠷᠦᠩᠬᠡᠢ ᠲᠥᠰᠦᠪ ᠢᠶᠠᠷ ᠪᠦᠷᠢᠯᠳᠦᠨ᠎ᠡ᠃ | ᠣᠷᠣᠨ ᠨᠤᠲᠤᠭ ᠤᠨ ᠡᠯ᠎ᠡ ᠱᠠᠲᠤᠨ ᠤ ᠶᠡᠷᠦᠩᠬᠡᠢ ᠲᠥᠰᠦᠪ ᠨᠢ ᠲᠤᠰ ᠱᠠᠲᠤᠨ ᠤ ᠲᠥᠰᠦᠪ ᠪᠠ ᠳᠣᠣᠷ᠎ᠠ | ᠨᠢᠭᠡ ᠱᠠᠲᠤᠨ ᠤ ᠬᠤᠷᠢᠶᠠᠩᠭᠤᠶᠢᠯᠠᠭᠰᠠᠨ ᠶᠡᠷᠦᠩᠬᠡᠢ ᠲᠥᠰᠦᠪ ᠢᠶᠠᠷ ᠪᠦᠷᠢᠯᠳᠦᠨ᠎ᠡ︔ ᠳᠣᠣᠷ᠎ᠠ ᠨᠢᠭᠡ ᠱᠡᠳᠦ ᠨᠢ | ᠵᠥᠪᠬᠡᠨ ᠲᠤᠰ ᠱᠠᠲᠤᠨ ᠤ ᠲᠥᠰᠦᠪ ᠲᠠᠢ ᠪᠠᠶᠢᠪᠠᠯ ᠳᠣᠣᠷ᠎ᠠ ᠨᠢᠭᠡ ᠱᠠᠲᠤᠨ ᠤ ᠶᠡᠷᠦᠩᠬᠡᠶ ᠲᠥᠰᠦᠪ ᠭᠡᠳᠡᠭ ᠨᠢ | ᠳᠣᠣᠷ᠎ᠠ ᠨᠢᠭᠡ ᠱᠠᠲᠤᠨ ᠤ ᠲᠤᠰ ᠱᠠᠲᠤᠨ ᠤ ᠲᠥᠰᠦᠪ ᠢ ᠬᠡᠯᠡᠵᠦ ᠪᠠᠶᠢᠨ᠎ᠠ᠃ ᠳᠣᠣᠷ᠎ᠠ ᠨᠢᠭᠡ ᠱᠠᠲᠤᠨ ᠤ ᠲᠥᠰᠦᠪ | ᠪᠠᠶᠢᠬᠤ ᠤᠢᠭᠡᠢ ᠪᠣᠯ ᠶᠡᠷᠦᠩᠬᠡᠶ ᠲᠥᠰᠦᠪ ᠭᠡᠳᠡᠭ ᠨᠢ ᠲᠤᠰ ᠱᠠᠲᠤᠨ ᠤ ᠲᠥᠰᠦᠪ ᠢ ᠬᠡᠯᠡᠵᠦ ᠪᠠᠶᠢᠨ᠎ᠠ᠃ | ᠳᠥᠷᠪᠡᠳᠦᠭᠡᠷ ᠵᠦᠢᠯ᠂ ᠲᠥᠰᠦᠪ ᠨᠢ ᠲᠥᠰᠦᠪ ᠤᠨ ᠣᠷᠣᠯᠭ᠎ᠠ ᠪᠠ ᠲᠥᠰᠦᠪ ᠤᠨ ᠵᠠᠷᠤᠯᠭ᠎ᠠ ᠪᠠᠷ | ᠪᠦᠷᠢᠯᠳᠦᠨ᠎ᠡ᠃ | ᠵᠠᠰᠠᠭ ᠤᠨ ᠣᠷᠳᠣᠨ ᠤ ᠪᠦᠭᠦ ᠣᠷᠣᠯᠭ᠎ᠠ ᠪᠠ ᠵᠠᠷᠤᠯᠭ᠎ᠠ ᠶᠢ ᠴᠥᠮ ᠲᠥᠰᠦᠪ ᠲᠤ ᠣᠷᠣᠭᠤᠯᠬᠤ ᠬᠡᠷᠡᠭᠲᠡᠢ᠃ | ᠲᠠᠪᠤᠳᠤᠭᠠᠷ ᠵᠦᠢᠯ᠂ ᠲᠥᠰᠦᠪ ᠲᠤ ᠤᠯᠠᠨ ᠨᠡᠶᠢᠲᠡ ᠶᠢᠨ ᠡᠩ ᠤᠨ ᠲᠥᠰᠦᠪ᠂ ᠵᠠᠰᠠᠭ ᠤᠨ ᠣᠷᠳᠣᠨ ᠤ | ᠴᠢᠨᠠᠷᠲᠠᠢ ᠰᠠᠭᠤᠷᠢ ᠮᠥᠩᠭᠦᠨ ᠤ ᠲᠥᠰᠦᠪ᠂ ᠤᠯᠤᠰ ᠤᠨ ᠥᠮᠴᠢᠯᠡᠯ ᠤᠨ ᠪᠡᠯᠡ ᠬᠦᠷᠦᠩᠭᠡ ᠶᠢᠨ ᠡᠵᠡᠩᠨᠡᠯᠲᠡ ᠶᠢᠨ | ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠪᠠᠭᠲᠠᠭᠠᠨ᠎ᠠ᠃ | ᠤᠯᠠᠨ ᠨᠡᠶᠢᠲᠡ ᠶᠢᠨ ᠡᠩ ᠤᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ | ᠲᠥᠰᠦᠪ᠂ ᠤᠯᠤᠰ ᠤᠨ ᠥᠮᠴᠢᠯᠡᠯ ᠤᠨ ᠪᠡᠯᠡ ᠬᠦᠷᠦᠩᠭᠡ ᠶᠢᠨ ᠡᠵᠡᠩᠨᠡᠯᠲᠡ ᠶᠢᠨ ᠲᠥᠰᠦᠪ᠂ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠨᠢ ᠪᠦᠷᠢᠨ ᠲᠡᠭᠦᠯᠳᠡᠷ᠂ ᠪᠡᠶ᠎ᠡ ᠪᠠᠨ ᠳᠠᠭᠠᠭᠠᠭᠰᠠᠨ ᠪᠠᠶᠢᠬᠤ | ᠬᠡᠷᠡᠭᠲᠡᠢ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ᠂ ᠤᠯᠤᠰ ᠤᠨ ᠥᠮᠴᠢᠯᠡᠯ ᠤᠨ | ᠪᠡᠯᠡ ᠬᠦᠷᠦᠩᠭᠡ ᠶᠢᠨ ᠡᠵᠡᠩᠨᠡᠯᠲᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ | ᠨᠢ ᠤᠯᠠᠨ ᠨᠡᠶᠢᠲᠡ ᠶᠢᠨ ᠡᠩ ᠤᠨ ᠲᠥᠰᠦᠪ ᠲᠠᠢ ᠵᠣᠯᠭᠠᠯᠳᠤᠭᠰᠠᠨ ᠪᠠᠶᠢᠬᠤ ᠬᠡᠷᠡᠭᠲᠡᠢ᠃ | ᠵᠢᠷᠭᠤᠳᠤᠭᠠᠷ ᠵᠦᠢᠯ᠂ ᠤᠯᠠᠨ ᠨᠡᠶᠢᠲᠡ ᠶᠢᠨ ᠡᠩ ᠤᠨ ᠲᠥᠰᠦᠪ ᠪᠣᠯ ᠭᠠᠶᠢᠯᠢ ᠶᠢᠨ ᠣᠷᠣᠯᠭ᠎ᠠ ᠪᠠᠷ ᠭᠤᠣᠯ | ᠴᠣᠭᠴᠠ ᠪᠣᠯᠭᠠᠭᠰᠠᠨ ᠡᠳ᠋ ᠤᠨ ᠵᠠᠰᠠᠭ ᠤᠨ ᠣᠷᠣᠯᠭ᠎ᠠ ᠮᠦᠨ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠤᠯᠤᠰ ᠣᠷᠣᠨ ᠤ ᠠᠮᠤᠷ | ᠲᠦᠪᠰᠢᠨ ᠢ ᠬᠠᠮᠠᠭᠠᠯᠠᠬᠤ᠂ ᠲᠦᠷᠦ ᠶᠢᠨ ᠪᠠᠶᠢᠭᠤᠯᠤᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠵᠡᠷᠭᠡ ᠲᠠᠯ᠎ᠠ ᠳᠤ | ᠬᠡᠷᠡᠭᠯᠡᠬᠦ ᠣᠷᠣᠯᠭ᠎ᠠ ᠵᠠᠷᠤᠯᠭ᠎ᠠ ᠶᠢᠨ ᠲᠥᠰᠦᠪ ᠪᠣᠯᠤᠨ᠎ᠠ᠃ | ᠲᠥᠪ ᠤᠨ ᠤᠯᠠᠨ ᠨᠡᠶᠢᠲᠡ ᠶᠢᠨ ᠡᠩ ᠤᠨ ᠲᠥᠰᠦᠪ ᠲᠤ ᠲᠥᠪ ᠤᠨ ᠡᠯ᠎ᠡ ᠰᠠᠯᠠᠭ᠎ᠠ ᠮᠥᠴᠢᠷ ︵ᠰᠢᠭᠤᠳ | ᠬᠠᠷᠢᠶ᠎ᠠ ᠨᠢᠭᠡᠴᠢ ᠪᠠᠭᠲᠠᠨ᠎ᠠ᠂ ᠳᠣᠷᠣᠭᠰᠢ ᠠᠳᠠᠯᠢ︶ ᠤᠨ ᠲᠥᠰᠦᠪ ᠪᠠ ᠲᠥᠪ ᠠᠴᠠ ᠣᠷᠣᠨ ᠨᠤᠲᠤᠭ ᠲᠤ ᠭᠠᠶᠢᠯᠢ | ᠲᠠᠲᠠᠪᠤᠷᠢ ᠪᠤᠴᠠᠭᠠᠬᠤ᠂ ᠰᠢᠯᠵᠢᠭᠦᠯᠦᠨ ᠥᠭᠬᠦ ᠲᠥᠰᠦᠪ ᠢ ᠪᠠᠭᠲᠠᠭᠠᠨ᠎ᠠ᠃ | ᠲᠥᠪ ᠤᠨ ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠳᠤ ᠲᠥᠪ ᠤᠨ ᠲᠤᠰ ᠱᠠᠲᠤᠨ ᠤ | ᠣᠷᠣᠯᠭ᠎ᠠ ᠪᠠ ᠣᠷᠣᠨ ᠨᠤᠲᠤᠭ ᠠᠴᠠ ᠲᠥᠪ ᠲᠤ ᠳᠡᠭᠡᠭᠰᠢ ᠲᠤᠰᠢᠶᠠᠬᠤ ᠣᠷᠣᠯᠭ᠎ᠠ ᠪᠠᠭᠲᠠᠨ᠎ᠠ᠃ ᠲᠥᠪ ᠤᠨ ᠤᠯᠠᠨ | ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠳᠤ ᠲᠥᠪ ᠤᠨ ᠲᠤᠰ ᠱᠠᠲᠤᠨ ᠤ ᠵᠠᠷᠤᠯᠭ᠎ᠠ᠂ ᠲᠥᠪ ᠠᠴᠠ ᠣᠷᠣᠨ | ᠨᠤᠲᠤᠭ ᠲᠤ ᠭᠠᠶᠢᠯᠢ ᠲᠠᠲᠠᠪᠤᠷᠢ ᠪᠤᠴᠠᠭᠠᠬᠤ ᠪᠠ ᠰᠢᠯᠵᠢᠭᠦᠯᠦᠨ ᠥᠭᠬᠦ ᠶᠢ ᠪᠠᠭᠲᠠᠭᠠᠨ᠎ᠠ᠃ | ᠳᠣᠯᠣᠳᠤᠭᠠᠷ ᠵᠦᠢᠯ᠂ ᠣᠷᠣᠨ ᠨᠤᠲᠤᠭ ᠤᠨ ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠲᠤ | ᠲᠤᠰ ᠱᠠᠲᠤᠨ ᠤ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠢ ᠪᠠᠭᠲᠠᠨ᠎ᠠ᠂ ᠳᠣᠷᠣᠭᠰᠢ ᠠᠳᠠᠯᠢ︶ ᠤᠨ | ᠲᠥᠰᠦᠪ ᠪᠠ ᠭᠠᠶᠢᠯᠢ ᠲᠠᠲᠠᠪᠤᠷᠢ ᠪᠤᠴᠠᠭᠠᠬᠤ᠂ ᠰᠢᠯᠵᠢᠭᠦᠯᠦᠨ ᠥᠭᠬᠦ ᠲᠥᠰᠦᠪ ᠢ ᠪᠠᠭᠲᠠᠭᠠᠨ᠎ᠠ᠃ | ᠣᠷᠣᠨ ᠨᠤᠲᠤᠭ ᠤᠨ ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠳᠤ ᠣᠷᠣᠨ | ᠨᠤᠲᠤᠭ ᠤᠨ ᠲᠤᠰ ᠱᠠᠲᠤᠨ ᠤ ᠣᠷᠣᠯᠭ᠎ᠠ᠂ ᠳᠡᠭᠡᠳᠦ ᠱᠠᠲᠤᠨ ᠤ ᠵᠠᠰᠠᠭ ᠤᠨ ᠣᠷᠳᠣᠨ ᠠᠴᠠ ᠲᠤᠰ ᠱᠠᠲᠤᠨ ᠤ | ᠵᠠᠰᠠᠭ ᠤᠨ ᠣᠷᠳᠣᠨ ᠳᠤ ᠭᠠᠶᠢᠯᠢ ᠲᠠᠲᠠᠪᠤᠷᠢ ᠪᠤᠴᠠᠭᠠᠬᠤ ᠪᠠ ᠰᠢᠯᠵᠢᠭᠦᠯᠦᠨ ᠥᠭᠬᠦ᠂ ᠳᠤᠤᠷᠠᠳᠤ ᠱᠠᠲᠤᠨ ᠤ | ᠵᠠᠰᠠᠭ ᠤᠨ ᠣᠷᠳᠣᠨ ᠤ ᠳᠡᠭᠡᠭᠰᠢ ᠲᠤᠰᠢᠶᠠᠬᠤ ᠣᠷᠣᠯᠭ᠎ᠠ ᠶᠢ ᠪᠠᠭᠲᠠᠭᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ | ᠤᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠳᠤ ᠣᠷᠣᠨ ᠨᠤᠲᠤᠭ ᠤᠨ ᠲᠤᠰ ᠱᠠᠲᠤᠨ ᠤ ᠵᠠᠷᠤᠯᠭ᠎ᠠ᠂ | ᠳᠡᠭᠡᠳᠦ ᠱᠠᠲᠤᠨ ᠤ ᠵᠠᠰᠠᠭ ᠤᠨ ᠣᠷᠳᠣᠨ ᠳᠤ ᠳᠡᠭᠡᠭᠰᠢ ᠲᠤᠰᠢᠶᠠᠬᠤ ᠵᠠᠷᠤᠯᠭ᠎ᠠ᠂ ᠳᠤᠤᠷᠠᠳᠤ ᠱᠠᠲᠤᠨ ᠤ ᠵᠠᠰᠠᠭ ᠤᠨ | ᠣᠷᠳᠣᠨ ᠳᠤ ᠭᠠᠶᠢᠯᠢ ᠲᠠᠲᠠᠪᠤᠷᠢ ᠪᠤᠴᠠᠭᠠᠬᠤ ᠪᠠ ᠰᠢᠯᠵᠢᠭᠦᠯᠦᠨ ᠥᠭᠬᠦ ᠶᠢ ᠪᠠᠭᠲᠠᠭᠠᠨ᠎ᠠ᠃ | ᠨᠠᠢᠮᠠᠳᠤᠭᠠᠷ ᠵᠦᠢᠯ᠂ ᠡᠯ᠎ᠡ ᠰᠠᠯᠠᠭ᠎ᠠ ᠮᠥᠴᠢᠷ ᠤᠨ ᠲᠥᠰᠦᠪ ᠨᠢ ᠲᠤᠰ ᠰᠠᠯᠠᠭ᠎ᠠ ᠮᠥᠴᠢᠷ ᠵᠢᠴᠢ ᠲᠡᠭᠦᠨ ᠤ | ᠬᠠᠷᠢᠶ᠎ᠠ ᠡᠯ᠎ᠡ ᠨᠢᠭᠡᠴᠢ ᠶᠢᠨ ᠲᠥᠰᠦᠪ ᠢᠶᠠᠷ ᠪᠦᠷᠢᠯᠳᠦᠨ᠎ᠡ᠃ | ᠶᠢᠰᠦᠳᠦᠭᠡᠷ ᠵᠦᠢᠯ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ ᠪᠣᠯ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠲᠣᠭᠲᠠᠭᠰᠠᠨ ᠬᠤᠭᠤᠴᠠᠭᠠᠨ | ᠳᠣᠲᠣᠷ᠎ᠠ ᠲᠤᠰᠬᠠᠢ ᠲᠣᠭᠲᠠᠭᠠᠭᠰᠠᠨ ᠡᠲᠡᠭᠡᠳ ᠠᠴᠠ ᠲᠠᠲᠠᠪᠤᠷᠢᠯᠠᠬᠤ᠂ ᠬᠤᠷᠢᠶᠠᠬᠤ ᠪᠤᠶᠤ ᠪᠤᠰᠤᠳ ᠠᠷᠭ᠎ᠠ | ᠮᠠᠶ᠋ᠢᠭ ᠢᠶᠠᠷ ᠴᠤᠭᠯᠠᠭᠤᠯᠤᠭᠰᠠᠨ ᠪᠡᠯᠡ ᠮᠥᠩᠭᠦ ᠶᠢ ᠲᠤᠰᠬᠠᠢ ᠣᠨᠴᠠ ᠲᠣᠭᠲᠠᠭᠠᠭᠰᠠᠨ ᠨᠡᠶᠢᠲᠡ ᠶᠢᠨ ᠠᠵᠢᠯ | ᠦᠢᠯᠡᠰ ᠤᠨ ᠬᠥᠭᠵᠢᠯᠲᠡ ᠳᠤ ᠬᠡᠷᠡᠭᠯᠡᠬᠦ ᠣᠷᠣᠯᠭ᠎ᠠ ᠵᠠᠷᠤᠯᠭ᠎ᠠ ᠶᠢᠨ ᠲᠥᠰᠦᠪ ᠪᠣᠯᠤᠨ᠎ᠠ᠃ | ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ ᠢ ᠪᠣᠯ ᠰᠠᠭᠤᠷᠢ ᠮᠥᠩᠭᠦᠨ ᠤ | ᠵᠦᠢᠯᠡᠰ ᠤᠨ ᠣᠷᠣᠯᠭ᠎ᠠ ᠶᠢᠨ ᠪᠠᠶᠢᠳᠠᠯ ᠪᠠ ᠪᠣᠳᠠᠲᠠᠢ ᠵᠠᠷᠤᠯᠭ᠎ᠠ ᠶᠢᠨ ᠬᠡᠷᠡᠭᠴᠡᠭᠡ ᠶᠢ ᠦᠨᠳᠦᠰᠦᠯᠡᠵᠦ᠂ ᠰᠠᠭᠤᠷᠢ | ᠮᠥᠩᠭᠦᠨ ᠤ ᠵᠦᠢᠯᠡᠰ ᠤᠨ ᠶᠣᠰᠣᠭᠠᠷ ᠨᠠᠶᠢᠷᠠᠭᠤᠯᠤᠨ ᠵᠣᠬᠢᠶᠠᠵᠤ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ ᠳᠤ | ᠬᠦᠷᠭᠡᠨ᠎ᠡ᠃ | ᠠᠷᠪᠠᠳᠤᠭᠠᠷ ᠵᠦᠢᠯ᠂ ᠤᠯᠤᠰ ᠤᠨ ᠥᠮᠴᠢᠯᠡᠯ ᠤᠨ ᠪᠡᠯᠡ ᠬᠦᠷᠦᠩᠭᠡ ᠶᠢᠨ ᠡᠵᠡᠩᠨᠡᠯᠲᠡ ᠶᠢᠨ ᠲᠥᠰᠦᠪ ᠪᠣᠯ | ᠤᠯᠤᠰ ᠤᠨ ᠥᠮᠴᠢᠯᠡᠯ ᠤᠨ ᠪᠡᠯᠡ ᠬᠦᠷᠦᠩᠭᠡ ᠶᠢᠨ ᠠᠰᠢᠭ ᠣᠷᠣᠯᠭ᠎ᠠ ᠳᠤ ᠵᠠᠷᠤᠯᠭ᠎ᠠ ᠲᠤᠬᠢᠷᠠᠭᠤᠯᠬᠤ ᠣᠷᠣᠯᠭ᠎ᠠ | ᠵᠠᠷᠤᠯᠭ᠎ᠠ ᠶᠢᠨ ᠲᠥᠰᠦᠪ ᠪᠣᠯᠤᠨ᠎ᠠ᠃ | ᠤᠯᠤᠰ ᠤᠨ ᠥᠮᠴᠢᠯᠡᠯ ᠤᠨ ᠪᠡᠯᠡ ᠬᠦᠷᠦᠩᠭᠡ ᠶᠢᠨ ᠡᠵᠡᠩᠨᠡᠯᠲᠡ ᠶᠢᠨ ᠲᠥᠰᠦᠪ ᠨᠢ ᠣᠷᠣᠯᠭ᠎ᠠ ᠵᠠᠷᠤᠯᠭ᠎ᠠ ᠶᠢ | ᠲᠡᠩᠴᠡᠭᠦᠷᠢᠲᠡᠢ ᠪᠠᠶᠢᠯᠭᠠᠬᠤ ᠵᠠᠷᠴᠢᠮ ᠶᠣᠰᠣᠭᠠᠷ ᠨᠠᠶᠢᠷᠠᠭᠤᠯᠤᠨ ᠵᠣᠬᠢᠶᠠᠬᠤ ᠬᠡᠷᠡᠭᠲᠡᠢ᠂ ᠤᠯᠠᠭᠠᠨ ᠲᠤᠭ᠎ᠠ | ᠵᠢᠭᠰᠠᠭᠠᠬᠤ ᠦᠭᠡᠢ ᠪᠥᠭᠡᠳ ᠪᠡᠯᠡ ᠮᠥᠩᠭᠦ ᠲᠤᠭᠢᠷᠠᠭᠤᠯᠵᠦ ᠤᠯᠠᠨ ᠨᠡᠶᠢᠲᠡ ᠶᠢᠨ ᠡᠩ ᠤᠨ ᠲᠥᠰᠦᠪ ᠲᠤ | ᠰᠢᠯᠵᠢᠭᠦᠯᠦᠨ ᠣᠷᠣᠭᠤᠯᠤᠨ᠎ᠠ᠃ | ᠠᠷᠪᠠᠨ ᠨᠢᠭᠡᠳᠦᠭᠡᠷ ᠵᠦᠢᠯ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠣᠯ | ᠨᠡᠶᠢᠭᠡᠮ ᠤᠨ ᠳᠠᠭᠠᠳᠬᠠᠯ ᠳᠤ ᠵᠣᠭᠤᠰ ᠲᠤᠰᠢᠶᠠᠬᠤ᠂ ᠤᠯᠠᠨ ᠨᠡᠶᠢᠲᠡ ᠶᠢᠨ ᠡᠩ ᠤᠨ ᠲᠥᠰᠦᠪ ᠶᠢᠨ ᠳᠣᠬᠢᠷᠠᠭᠤᠯᠭ᠎ᠠ | ᠪᠠ ᠪᠤᠰᠤᠳ ᠠᠷᠭ᠎ᠠ ᠮᠠᠶ᠋ᠢᠭ ᠢᠶᠠᠷ ᠴᠤᠭᠯᠠᠭᠤᠯᠤᠭᠰᠠᠨ ᠪᠡᠯᠡ ᠮᠥᠩᠭᠦ ᠶᠢ ᠨᠡᠶᠢᠭᠡᠮ ᠤᠨ ᠳᠠᠭᠠᠳᠬᠠᠯ ᠳᠤ ᠲᠤᠰᠬᠠᠢ | ᠬᠡᠷᠡᠭᠯᠡᠬᠦ ᠣᠷᠣᠯᠭ᠎ᠠ ᠵᠠᠷᠤᠯᠭ᠎ᠠ ᠶᠢᠨ ᠲᠥᠰᠦᠪ ᠪᠣᠯᠤᠨ᠎ᠠ᠃ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠪᠣᠯ ᠨᠢᠭᠡᠳᠦᠯᠲᠡᠢ ᠲᠥᠯᠥᠪᠯᠡᠬᠦ ᠳᠡᠰ | ᠳᠠᠪᠬᠤᠷᠭ᠎ᠠ ᠪᠠ ᠨᠡᠶᠢᠭᠡᠮ ᠤᠨ ᠳᠠᠭᠠᠳᠬᠠᠯ ᠤᠨ ᠵᠦᠢᠯᠡᠰ ᠤᠨ ᠶᠣᠰᠣᠭᠠᠷ ᠲᠤᠰ ᠲᠤᠰ ᠲᠤᠨᠢ ᠨᠠᠶᠢᠷᠠᠭᠤᠯᠤᠨ | ᠵᠣᠬᠢᠶᠠᠵᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ᠂ ᠡᠯ᠎ᠡ ᠱᠠᠲᠤᠨ ᠤ ᠲᠥᠰᠦᠪ ᠨᠢ ᠨᠢᠭᠡᠳᠦᠯᠲᠡᠢ ᠲᠥᠯᠥᠪᠯᠡᠵᠦ ᠨᠡᠶᠢᠳᠡ ᠳᠤᠨᠢ | ᠬᠠᠷᠠᠭᠠᠯᠵᠠᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠴᠢᠳᠠᠯ ᠤᠨ ᠢᠶᠠᠨ ᠬᠢᠷᠢ ᠪᠠᠷ ᠬᠢᠬᠦ᠂ ᠦᠷ᠎ᠡ | ᠪᠦᠲᠦᠮᠵᠢ ᠶᠢ ᠡᠷᠬᠢᠮᠯᠡᠬᠦ ᠪᠠ ᠣᠷᠣᠯᠭ᠎ᠠ ᠵᠠᠷᠤᠯᠭ᠎ᠠ ᠪᠠᠨ ᠲᠡᠩᠴᠡᠭᠦᠷᠢ ᠲᠠᠢ ᠪᠠᠶᠢᠯᠭᠠᠬᠤ ᠵᠠᠷᠴᠢᠮ ᠢ ᠵᠢᠷᠤᠮᠯᠠᠬᠤ | ᠬᠡᠷᠡᠭᠲᠡᠢ᠃ | ᠡᠯ᠎ᠡ ᠱᠠᠲᠤᠨ ᠤ ᠵᠠᠰᠠᠭ ᠤᠨ ᠣᠷᠳᠣᠨ ᠵᠢᠯ ᠠᠯᠤᠰᠯᠠᠭᠰᠠᠨ ᠲᠥᠰᠦᠪ ᠤᠨ ᠲᠡᠩᠴᠡᠭᠦᠷᠢ ᠶᠢᠨ ᠲᠣᠭᠲᠠᠴᠠ ᠶᠢ | ᠪᠠᠶᠢᠭᠤᠯᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ | ᠵᠥᠪᠰᠢᠶᠡᠷᠡᠭᠦᠯᠦᠭᠰᠡᠨ ᠲᠥᠰᠦᠪ ᠢ ᠬᠠᠤᠯᠢ ᠪᠠᠷ ᠲᠣᠭᠲᠠᠭᠠᠭᠰᠠᠨ ᠶᠠᠪᠣᠴᠠ ᠢᠶᠠᠷ ᠳᠠᠮᠵᠢᠭᠤᠯᠬᠤ ᠦᠭᠡᠢ ᠪᠣᠯ | ᠲᠤᠭᠢᠷᠠᠭᠤᠯᠤᠯᠳᠠ ᠬᠢᠵᠦ ᠪᠣᠯᠬᠤ ᠦᠭᠡᠢ᠃ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ | ᠡᠯ᠎ᠡ ᠨᠢᠭᠡᠴᠢ ᠶᠢᠨ ᠵᠠᠷᠤᠯᠭ᠎ᠠ ᠨᠢ ᠡᠷᠬᠡᠪᠰᠢ ᠵᠥᠪᠰᠢᠶᠡᠷᠡᠭᠦᠯᠦᠭᠰᠡᠨ ᠲᠥᠰᠦᠪ ᠢᠶᠠᠷ ᠦᠨᠳᠦᠰᠦᠯᠡᠯ ᠪᠣᠯᠭᠠᠬᠤ ᠬᠡᠷᠡᠭᠲᠡᠢ᠂ | ᠲᠥᠰᠦᠪ ᠲᠤ ᠣᠷᠣᠭᠤᠯᠤᠭᠰᠠᠨ ᠦᠭᠡᠢ ᠪᠠᠶᠢᠪᠠᠯ ᠵᠠᠷᠤᠵᠤ ᠪᠣᠯᠬᠤ ᠦᠭᠡᠢ᠃ | ᠠᠷᠪᠠᠨ ᠳᠥᠷᠪᠡᠳᠦᠭᠡᠷ ᠵᠦᠢᠯ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ | ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ | ᠵᠥᠪᠰᠢᠶᠡᠷᠡᠭᠦᠯᠦᠭᠰᠡᠨ ᠲᠥᠰᠦᠪ᠂ ᠲᠥᠰᠦᠪ ᠤᠨ ᠳᠤᠬᠢᠷᠠᠭᠤᠯᠭ᠎ᠠ᠂ ᠲᠦᠰᠦᠪ ᠤᠨ ᠭᠦᠢᠴᠡᠳᠭᠡᠯ᠂ ᠲᠦᠰᠦᠪ ᠢ | ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠵᠢᠴᠢ ᠬᠦᠰᠦᠨᠦᠭᠲᠦ ᠶᠢ ᠵᠥᠪᠰᠢᠶᠡᠷᠡᠭᠦᠯᠦᠭᠰᠡᠨ ᠤ ᠳᠠᠷᠠᠭᠠᠬᠢ ᠬᠤᠷᠢᠨ | ᠡᠳᠦᠷ ᠤᠨ ᠳᠣᠲᠣᠷ᠎ᠠ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠨᠡᠶᠢᠭᠡᠮ ᠨᠡᠶᠢᠲᠡ ᠳᠤ ᠢᠯᠡ ᠪᠣᠯᠭᠠᠵᠦ᠂ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠢᠯᠵᠢᠭᠦᠯᠦᠨ ᠥᠭᠬᠦ ᠲᠤᠬᠢᠷᠠᠭᠤᠯᠤᠯᠳᠡ᠂ ᠭᠦᠢᠴᠡᠳᠬᠡᠭᠰᠡᠨ ᠪᠠᠶᠢᠳᠠᠯ ᠵᠢᠴᠢ ᠵᠢᠭᠡᠯᠡᠯᠭᠡ ᠵᠢᠭᠡᠯᠡᠭᠰᠡᠨ ᠪᠠᠶᠢᠳᠠᠯ ᠵᠡᠷᠭᠡ | ᠴᠢᠬᠤᠯᠠ ᠬᠡᠷᠡᠭ ᠶᠠᠪᠤᠳᠠᠯ ᠤᠨ ᠲᠤᠬᠠᠢ ᠲᠣᠳᠣᠷᠬᠠᠶᠢᠯᠠᠯᠲᠠ ᠬᠢᠬᠦ ᠬᠡᠷᠡᠭᠲᠡᠢ᠃ | ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ | ᠴᠤᠬᠤᠯᠠᠪᠤᠷᠢᠯᠠᠭᠤᠯᠤᠭᠰᠠᠨ ᠰᠠᠯᠠᠭ᠎ᠠ ᠮᠥᠴᠢᠷ ᠤᠨ ᠲᠥᠰᠦᠪ᠂ ᠲᠥᠰᠦᠪ ᠤᠨ ᠭᠦᠢᠴᠡᠳᠬᠡᠯ ᠵᠢᠴᠢ ᠬᠦᠰᠦᠨᠦᠭᠲᠦ ᠶᠢ | ᠴᠤᠬᠤᠯᠠᠪᠤᠷᠢᠯᠠᠨ ᠬᠠᠷᠢᠭᠤᠯᠤᠭᠰᠠᠨ ᠤ ᠳᠠᠷᠠᠭᠠᠬᠢ ᠬᠤᠷᠢᠨ ᠡᠳᠦᠷ ᠤᠨ ᠳᠣᠲᠣᠷ᠎ᠠ ᠡᠯ᠎ᠡ ᠰᠠᠯᠠᠭ᠎ᠠ ᠮᠥᠴᠢᠷ ᠠᠴᠠ | ᠨᠡᠶᠢᠭᠡᠮ ᠨᠡᠶᠢᠲᠡ ᠳᠤ ᠢᠯᠡ ᠪᠣᠯᠭᠠᠵᠦ᠂ ᠰᠠᠯᠠᠭ᠎ᠠ ᠮᠥᠴᠢᠷ ᠤᠨ ᠲᠥᠰᠦᠪ᠂ ᠲᠥᠰᠦᠪ ᠤᠨ ᠭᠦᠢᠴᠡᠳᠬᠡᠯ ᠳᠠᠬᠢ | ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ ᠤᠨ ᠲᠤᠭᠢᠷᠠᠭᠤᠯᠤᠯᠳᠡ᠂ ᠬᠡᠷᠡᠭᠯᠡᠭᠰᠡᠨ ᠪᠠᠶᠢᠳᠠᠯ ᠵᠡᠷᠭᠡ ᠴᠢᠬᠤᠯᠠ ᠬᠡᠷᠡᠭ | ᠶᠠᠪᠤᠳᠠᠯ ᠤᠨ ᠲᠤᠬᠠᠢ ᠲᠣᠳᠣᠷᠬᠠᠶᠢᠯᠠᠯᠲᠠ ᠬᠢᠬᠦ ᠬᠡᠷᠡᠭᠲᠡᠢ᠃ | ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠠᠴᠠ ᠵᠠᠰᠠᠭ ᠤᠨ | ᠣᠷᠳᠣᠨ ᠤ ᠬᠤᠳᠠᠯᠳᠤᠨ ᠠᠪᠤᠭᠰᠠᠨ ᠪᠠᠶᠢᠳᠠᠯ ᠢ ᠴᠠᠭ ᠲᠤᠬᠠᠢ ᠳᠤᠨᠢ ᠨᠡᠶᠢᠭᠡᠮ ᠨᠡᠶᠢᠲᠡ ᠳᠤ ᠢᠯᠠ ᠪᠠᠷ ᠨᠡᠶᠢᠲᠡᠯᠡᠬᠦ | ᠬᠡᠷᠡᠭᠲᠡᠢ᠃ | ᠲᠤᠰ ᠵᠦᠢᠯ ᠤᠨ ᠡᠮᠦᠨᠡᠬᠢ ᠭᠤᠷᠪᠠᠨ ᠪᠠᠳᠠᠭ ᠲᠤ ᠲᠣᠭᠲᠠᠭᠠᠭᠰᠠᠨ ᠢᠯᠠ ᠪᠠᠷ ᠨᠡᠶᠢᠲᠡᠯᠡᠬᠦ ᠬᠡᠷᠡᠭ ᠶᠠᠪᠤᠳᠠᠯ | ᠨᠢ ᠤᠯᠤᠰ ᠤᠨ ᠨᠢᠭᠤᠴᠠ ᠳᠤ ᠬᠤᠯᠪᠣᠭᠳᠠᠪᠠᠯ ᠡᠭᠦᠨ ᠳᠤ ᠪᠠᠭᠲᠠᠬᠤ ᠦᠭᠡᠢ᠃ | ᠠᠷᠪᠠᠨ ᠲᠠᠪᠤᠳᠤᠭᠠᠷ ᠵᠦᠢᠯ᠂ ᠤᠯᠤᠰ ᠠᠴᠠ ᠲᠥᠪ ᠤᠨ ᠪᠠ ᠣᠷᠣᠨ ᠨᠤᠲᠤᠭ ᠤᠨ ᠭᠠᠶᠢᠯᠢ ᠢᠯᠭᠠᠬᠤ | ᠳᠦᠷᠢᠮ ᠢ ᠬᠡᠷᠡᠭᠵᠢᠭᠦᠯᠦᠨ᠎ᠡ᠃ | ᠠᠷᠪᠠᠨ ᠵᠢᠷᠭᠤᠳᠤᠭᠠᠷ ᠵᠦᠢᠯ᠂ ᠤᠯᠤᠰ ᠠᠴᠠ ᠡᠳ᠋ ᠤᠨ ᠵᠠᠰᠠᠭ ᠤᠨ ᠰᠢᠯᠵᠢᠭᠦᠯᠦᠨ ᠥᠭᠬᠦ ᠳᠦᠷᠢᠮ ᠢ | ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠰᠢᠯᠵᠢᠭᠦᠯᠦᠨ ᠥᠭᠬᠦ ᠨᠢ ᠳᠦᠷᠢᠮᠵᠢᠯ ᠲᠠᠢ᠂ ᠲᠥᠪ ᠭᠤᠣᠯᠴᠢ᠂ ᠢᠯᠠ | ᠲᠣᠳᠣᠷᠬᠠᠢ ᠪᠠᠶᠢᠵᠦ᠂ ᠭᠠᠵᠠᠷ ᠣᠷᠣᠨ ᠤ ᠬᠤᠭᠤᠷᠣᠨᠳᠣᠬᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ | ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠬᠤ ᠪᠠᠷ ᠭᠤᠣᠯ ᠬᠠᠷᠠᠯᠲᠠ ᠪᠣᠯᠭᠠᠬᠤ ᠬᠡᠷᠡᠭᠲᠡᠢ᠃ | ᠡᠳ᠋ ᠤᠨ ᠵᠠᠰᠠᠭ ᠤᠨ ᠰᠢᠯᠵᠢᠭᠦᠯᠦᠨ ᠥᠭᠬᠦ ᠳᠤ ᠲᠥᠪ ᠠᠴᠠ ᠣᠷᠣᠨ ᠨᠤᠲᠤᠭ ᠲᠤ ᠰᠢᠯᠵᠢᠭᠦᠯᠦᠨ ᠥᠭᠬᠦ ᠪᠠ | ᠣᠷᠣᠨ ᠨᠤᠲᠤᠭ ᠤᠨ ᠳᠡᠭᠡᠳᠦ ᠱᠠᠲᠤᠨ ᠤ ᠵᠠᠰᠠᠭ ᠤᠨ ᠣᠷᠳᠣᠨ ᠠᠴᠠ ᠳᠤᠤᠷᠠᠳᠤ ᠱᠠᠲᠤᠨ ᠤ ᠵᠠᠰᠠᠭ ᠤᠨ | ᠣᠷᠳᠣᠨ ᠳᠤ ᠰᠢᠯᠵᠢᠭᠦᠯᠦᠨ ᠥᠭᠬᠦ ᠶᠢ ᠪᠠᠭᠳᠠᠭᠠᠨ᠎ᠠ᠃ ᠭᠠᠵᠠᠷ ᠣᠷᠣᠨ ᠤ ᠬᠤᠭᠤᠷᠣᠨᠳᠣᠬᠢ ᠦᠨᠳᠦᠰᠦᠨ ᠡᠳ᠋ ᠤᠨ | ᠬᠦᠴᠦᠨ ᠢ ᠲᠡᠩᠴᠡᠭᠦᠷᠢᠲᠡᠢ ᠪᠣᠯᠭᠠᠬᠤ᠂ ᠳᠤᠤᠷᠠᠳᠤ ᠱᠠᠲᠤᠨ ᠤ ᠵᠠᠰᠠᠭ ᠤᠨ ᠣᠷᠳᠣᠨ ᠠᠴᠠ ᠨᠢᠭᠡᠳᠦᠯᠲᠡᠢ | ᠲᠥᠯᠥᠪᠯᠡᠵᠦ ᠲᠤᠭᠢᠷᠠᠭᠤᠯᠤᠨ ᠬᠡᠷᠡᠭᠯᠡᠬᠦ ᠡᠩ ᠤᠨ ᠴᠢᠨᠠᠷᠲᠠᠢ ᠰᠢᠯᠵᠢᠭᠦᠯᠦᠨ ᠥᠭᠬᠦ ᠪᠠᠷ ᠪᠡᠶᠡᠴᠢ ᠴᠣᠭᠴᠠ | ᠪᠣᠯᠭᠠᠨ᠎ᠠ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ | ᠲᠣᠭᠲᠠᠭᠠᠯ ᠶᠣᠰᠣᠭᠠᠷ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ ᠪᠠᠶᠢᠭᠤᠯᠵᠤ᠂ ᠲᠤᠰᠬᠠᠢ ᠲᠣᠭᠲᠠᠭᠠᠭᠰᠠᠨ | ᠬᠡᠷᠡᠭ ᠶᠠᠪᠤᠳᠠᠯ ᠢ ᠰᠢᠢᠳᠪᠦᠷᠢᠯᠡᠬᠦ ᠳᠤ ᠬᠡᠷᠡᠭᠯᠡᠵᠦ ᠪᠣᠯᠤᠨ᠎ᠠ᠃ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ | ᠬᠤᠭᠤᠴᠠᠭ᠎ᠠ ᠲᠣᠭᠲᠠᠭᠠᠨ ᠦᠨᠡᠯᠡᠨ ᠵᠢᠱᠢᠬᠦ ᠪᠠ ᠤᠬᠤᠷᠢᠨ ᠭᠠᠷᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠲᠣᠭᠲᠠᠴᠠ ᠨᠢ ᠪᠦᠲᠦᠮᠵᠢᠲᠡᠢ ᠪᠠᠷ | ᠲᠤᠭᠢᠷᠠᠭᠤᠯᠵᠦ ᠳᠡᠶᠢᠯᠬᠦ ᠬᠡᠷᠡᠭ ᠶᠠᠪᠤᠳᠠᠯ ᠳᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ ᠪᠠᠶᠢᠭᠤᠯᠵᠤ ᠪᠣᠯᠬᠤ | ᠦᠭᠡᠢ᠃ | ᠳᠡᠭᠡᠳᠦ ᠱᠠᠲᠤᠨ ᠤ ᠵᠠᠰᠠᠭ ᠤᠨ ᠣᠷᠳᠣᠨ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ ᠲᠤᠬᠢᠷᠠᠭᠤᠯᠬᠤ | ᠦᠶ᠎ᠡ ᠳᠡᠭᠡᠨ ᠳᠤᠤᠷᠠᠳᠤ ᠱᠠᠲᠤᠨ ᠤ ᠵᠠᠰᠠᠭ ᠤᠨ ᠣᠷᠳᠣᠨ ᠢᠶᠠᠷ ᠢᠵᠢ ᠪᠦᠷᠢᠳᠦᠭᠦᠯᠭᠦ ᠪᠡᠯᠡ ᠮᠥᠩᠭᠦ | ᠡᠭᠦᠷᠭᠡᠯᠡᠭᠦᠯᠬᠦ ᠪᠠᠷ ᠱᠠᠭᠠᠷᠳᠠᠵᠤ ᠪᠣᠯᠬᠤ ᠦᠭᠡᠢ᠃ ᠭᠡᠪᠡᠴᠦ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ | ᠶᠣᠰᠣᠭᠠᠷ ᠳᠡᠭᠡᠳᠦ ᠳᠤᠤᠷᠠᠳᠤ ᠱᠠᠲᠤᠨ ᠤ ᠵᠠᠰᠠᠭ ᠤᠨ ᠣᠷᠳᠣᠨ ᠬᠠᠮᠲᠤ ᠪᠠᠷ ᠡᠭᠦᠷᠭᠡᠯᠡᠬᠦ ᠬᠡᠷᠡᠭ ᠶᠠᠪᠤᠳᠠᠯ ᠡᠭᠦᠨ ᠳᠤ | ᠪᠠᠭᠲᠠᠬᠤ ᠦᠭᠡᠢ᠃ | ᠠᠷᠪᠠᠨ ᠳᠣᠯᠣᠳᠤᠭᠠᠷ ᠵᠦᠢᠯ᠂ ᠡᠯ᠎ᠡ ᠱᠠᠲᠤᠨ ᠤ ᠲᠥᠰᠦᠪ ᠢ ᠨᠠᠶᠢᠷᠠᠭᠤᠯᠤᠨ ᠵᠣᠬᠢᠶᠠᠬᠤ᠂ | ᠭᠦᠢᠴᠡᠳᠬᠡᠬᠦ ᠳᠡᠭᠡᠨ ᠬᠠᠷᠢᠯᠴᠠᠨ ᠬᠢᠵᠠᠭᠠᠷᠯᠠᠬᠤ᠂ ᠬᠠᠷᠢᠯᠴᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ᠂ ᠲᠥᠰᠦᠪ ᠤᠨ ᠣᠨ ᠢ ᠨᠡᠶᠢᠲᠡ ᠶᠢᠨ ᠣᠨ ᠲᠣᠭᠠᠯᠠᠯ ᠤᠨ 1 ᠰᠠᠷ᠎ᠠ ᠶᠢᠨ 1 ᠤ | ᠡᠳᠦᠷ ᠠᠴᠠ 12 ᠰᠠᠷ᠎ᠠ ᠶᠢᠨ 31 ᠤ ᠡᠳᠦᠷ ᠬᠦᠷᠲᠡᠯ᠎ᠡ ᠪᠤᠳᠦᠨ᠎ᠡ᠃ | ᠠᠷᠪᠠ ᠶᠢᠰᠦᠳᠦᠭᠡᠷ ᠵᠦᠢᠯ᠂ ᠲᠥᠰᠦᠪ ᠤᠨ ᠣᠷᠣᠯᠭ᠎ᠠ ᠪᠠ ᠲᠥᠰᠦᠪ ᠤᠨ ᠵᠠᠷᠤᠯᠭ᠎ᠠ ᠶᠢ ᠠᠷᠠᠳ ᠤᠨ | ᠵᠣᠭᠤᠰᠣᠨ ᠤ ᠲᠥᠭᠦᠷᠢᠭ ᠢᠶᠠᠷ ᠲᠣᠭᠠᠴᠠᠨ ᠪᠤᠳᠦᠬᠤ ᠨᠢᠭᠡᠴᠢ ᠪᠣᠯᠭᠠᠨ᠎ᠠ᠃ | ᠬᠤᠶᠠᠳᠤᠭᠠᠷ ᠪᠦᠯᠦᠭ ᠲᠥᠰᠦᠪ ᠤᠨ ᠬᠠᠮᠢᠶᠠᠷᠤᠯᠲᠠ ᠶᠢᠨ ᠡᠷᠬᠡ ᠲᠤᠰᠢᠶᠠᠯ | ᠬᠤᠷᠢᠳᠤᠭᠠᠷ ᠵᠦᠢᠯ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠥᠪ ᠤᠨ | ᠪᠠ ᠣᠷᠣᠨ ᠨᠤᠲᠤᠭ ᠤᠨ ᠲᠥᠰᠦᠪ ᠤᠨ ᠲᠥᠰᠦᠯ ᠬᠢᠭᠡᠳ ᠲᠥᠪ ᠤᠨ ᠪᠠ ᠣᠷᠣᠨ ᠨᠤᠲᠤᠭ ᠤᠨ ᠲᠥᠰᠦᠪ ᠢ | ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠪᠠᠶᠢᠴᠠᠭᠠᠨ᠎ᠠ︔ ᠲᠥᠪ ᠤᠨ ᠲᠥᠰᠦᠪ ᠪᠠ | ᠲᠥᠪ ᠤᠨ ᠲᠥᠰᠦᠪ ᠢ ᠭᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠵᠥᠪᠰᠢᠶᠡᠷᠡᠨ᠎ᠡ︔ ᠲᠥᠰᠦᠪ᠂ | ᠲᠥᠰᠦᠪ ᠤᠨ ᠭᠦᠢᠴᠡᠳᠬᠡᠯ ᠤᠨ ᠲᠤᠬᠠᠶ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠵᠤᠬᠢᠰ ᠤᠢᠭᠡᠢ ᠰᠢᠢᠳᠪᠦᠷᠢ ᠶᠢ ᠬᠤᠪᠢᠷᠠᠭᠤᠯᠬᠤ ᠪᠤᠶᠤ ᠬᠦᠴᠦᠨ ᠤᠢᠭᠡᠢ ᠪᠣᠯᠭᠠᠨ᠎ᠠ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠬᠡᠬᠦ ᠳᠤ ᠬᠢᠨᠠᠯᠲᠠ ᠲᠠᠯᠪᠢᠨ᠎ᠠ︔ ᠲᠥᠪ ᠤᠨ | ᠲᠥᠰᠦᠪ ᠤᠨ ᠲᠤᠬᠢᠷᠡᠭᠤᠯᠦᠯᠳᠠ ᠶᠢᠨ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠨ᠎ᠡ︔ ᠲᠥᠪ ᠤᠨ ᠲᠥᠰᠦᠯ ᠤᠨ | ᠭᠦᠢᠴᠡᠳᠬᠡᠯ ᠢ ᠬᠢᠨᠠᠨ ᠪᠠᠶᠢᠴᠠᠭᠠᠵᠤ ᠵᠥᠪᠰᠢᠶᠡᠷᠡᠨ᠎ᠡ︔ ᠦᠨᠳᠦᠰᠦᠨ ᠬᠠᠤᠯᠢ᠂ ᠬᠠᠤᠯᠢ ᠴᠠᠭᠠᠵᠠ ᠲᠠᠢ | ᠬᠠᠷᠰᠢᠯᠳᠤᠬᠤ ᠲᠦᠷᠦ ᠶᠢᠨ ᠶᠠᠪᠤᠳᠠᠯ ᠤᠨ ᠬᠤᠷᠢᠶᠠᠨ ᠠᠴᠠ ᠲᠣᠭᠲᠠᠭᠠᠭᠰᠠᠨ ᠲᠥᠰᠦᠪ᠂ ᠲᠥᠰᠦᠪ ᠤᠨ | ᠭᠦᠢᠴᠡᠳᠬᠡᠯ ᠤᠨ ᠲᠤᠬᠠᠶ ᠵᠠᠰᠠᠭ ᠵᠠᠬᠢᠷᠭᠠᠨ ᠤ ᠬᠠᠤᠯᠢ ᠲᠦᠷᠢᠮ᠂ ᠰᠢᠢᠳᠪᠦᠷᠢ ᠪᠠ ᠵᠠᠷᠯᠢᠭ ᠢ ᠬᠦᠴᠦᠨ ᠤᠢᠭᠡᠢ | ᠪᠣᠯᠭᠠᠨ᠎ᠠ︔ ᠦᠨᠳᠦᠰᠦᠨ ᠬᠠᠤᠯᠢ᠂ ᠬᠠᠤᠯᠢ ᠴᠠᠭᠠᠵᠠ ᠪᠠ ᠵᠠᠰᠠᠭ ᠵᠠᠬᠢᠷᠭᠠᠨ ᠤ ᠬᠠᠤᠯᠢ ᠲᠣᠭᠲᠠᠭᠠᠯ ᠲᠠᠢ | ᠬᠠᠷᠰᠢᠯᠳᠤᠬᠤ ᠮᠤᠵᠢ ᠶᠢᠨ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠲᠣᠭᠲᠠᠭᠠᠭᠰᠠᠨ ᠲᠥᠰᠦᠪ᠂ | ᠲᠥᠰᠦᠪ ᠤᠨ ᠭᠦᠢᠴᠡᠳᠬᠡᠯ ᠤᠨ ᠲᠤᠬᠠᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠰᠢᠢᠳᠪᠦᠷᠢ ᠶᠢ | ᠬᠦᠴᠦᠨ ᠤᠢᠭᠡᠢ ᠪᠣᠯᠭᠠᠨ᠎ᠠ᠃ | ᠬᠤᠷᠢᠨ ᠨᠢᠭᠡᠳᠦᠭᠡᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠤᠰ ᠱᠠᠲᠤᠨ ᠤ ᠶᠡᠷᠦᠩᠬᠡᠢ ᠲᠥᠰᠦᠪ ᠤᠨ ᠲᠥᠰᠦᠯ ᠵᠢᠴᠢ | ᠲᠤᠰ ᠱᠠᠲᠤᠨ ᠤ ᠶᠡᠷᠦᠩᠬᠡᠢ ᠲᠥᠰᠦᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ | ᠪᠠᠶᠢᠴᠠᠭᠠᠨ᠎ᠠ︔ ᠲᠤᠰ ᠱᠠᠲᠤᠨ ᠤ ᠲᠥᠰᠦᠪ ᠪᠠ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠤᠨ | ᠲᠤᠬᠠᠶ ᠮᠡᠳᠡᠭᠦᠯᠦᠯᠲᠡ ᠶᠢ ᠬᠢᠨᠠᠨ ᠵᠥᠪᠰᠢᠶᠡᠷᠡᠨ᠎ᠡ︔ ᠲᠥᠰᠦᠪ᠂ ᠲᠥᠰᠦᠪ ᠤᠨ ᠭᠦᠢᠴᠡᠳᠬᠡᠯ ᠤᠨ ᠲᠤᠬᠠᠶ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠤᠬᠢᠰ ᠤᠢᠭᠡᠢ | ᠰᠢᠢᠳᠪᠦᠷᠢ ᠶᠢ ᠬᠤᠪᠢᠷᠠᠭᠤᠯᠬᠤ ᠪᠤᠶᠤ ᠬᠦᠴᠦᠨ ᠤᠢᠭᠡᠢ ᠪᠣᠯᠭᠠᠨ᠎ᠠ︔ ᠲᠥᠰᠦᠪ᠂ ᠲᠥᠰᠦᠪ ᠤᠨ ᠭᠦᠢᠴᠡᠳᠬᠡᠯ ᠤᠨ | ᠲᠤᠬᠠᠶ ᠲᠤᠰ ᠱᠠᠲᠤᠨ ᠤ ᠵᠠᠰᠠᠭ ᠤᠨ ᠣᠷᠳᠣᠨ ᠤ ᠵᠤᠬᠢᠰ ᠤᠢᠭᠡᠢ ᠰᠢᠢᠳᠪᠦᠷᠢ ᠪᠣᠯᠤᠨ ᠵᠠᠷᠯᠢᠭ ᠢ ᠬᠦᠴᠦᠨ ᠤᠢᠭᠡᠢ | ᠪᠣᠯᠭᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠰ ᠱᠠᠲᠤᠨ ᠤ ᠶᠡᠷᠦᠩᠬᠡᠶ ᠲᠥᠰᠦᠪ ᠢ | ᠭᠦᠢᠴᠡᠳᠬᠡᠬᠦ ᠳᠤ ᠬᠢᠨᠠᠯᠲᠠ ᠲᠠᠯᠪᠢᠨ᠎ᠠ︔ ᠲᠤᠰ ᠱᠠᠲᠤᠨ ᠤ ᠲᠥᠰᠦᠪ ᠤᠨ ᠲᠤᠬᠢᠷᠡᠭᠤᠯᠦᠯᠳᠠ ᠶᠢᠨ ᠲᠥᠰᠦᠯ ᠢ | ᠬᠢᠨᠠᠨ ᠪᠠᠶᠢᠴᠠᠭᠠᠵᠤ ᠵᠥᠪᠰᠢᠶᠡᠷᠡᠨ᠎ᠡ︔ ᠲᠤᠰ ᠱᠠᠲᠤᠨ ᠤ ᠲᠥᠰᠦᠪ ᠤᠨ ᠭᠦᠢᠴᠡᠳᠬᠡᠯ ᠢ ᠬᠢᠨᠠᠨ ᠪᠠᠶᠢᠴᠠᠭᠠᠵᠤ | ᠵᠥᠪᠰᠢᠶᠡᠷᠡᠨ᠎ᠡ︔ ᠲᠥᠰᠦᠪ᠂ ᠲᠥᠰᠦᠪ ᠤᠨ ᠭᠦᠢᠴᠡᠳᠬᠡᠯ ᠤᠨ ᠲᠤᠬᠠᠶ ᠲᠤᠰ ᠱᠠᠲᠤᠨ ᠤ ᠵᠠᠰᠠᠭ ᠤᠨ ᠣᠷᠳᠣᠨ | ᠪᠣᠯᠤᠨ ᠳᠣᠣᠷ᠎ᠠ ᠨᠢᠭᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠢᠭᠡᠳ ᠲᠡᠭᠦᠨ ᠤ | ᠪᠠᠶᠢᠩᠭᠤ ᠶᠢᠨ ᠬᠤᠷᠢᠶᠠᠨ ᠤ ᠵᠤᠬᠢᠰ ᠤᠢᠭᠡᠢ ᠲᠣᠭᠲᠠᠭᠠᠯ᠂ ᠵᠠᠷᠯᠢᠭ ᠪᠠ ᠰᠢᠢᠳᠪᠦᠷᠢ ᠶᠢ ᠬᠦᠴᠦᠨ ᠤᠢᠭᠡᠢ ᠪᠣᠯᠭᠠᠨ᠎ᠠ᠃ | ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠲᠤᠰ ᠱᠠᠲᠤᠨ ᠤ ᠲᠥᠰᠦᠪ ᠪᠠ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠤᠨ ᠲᠤᠬᠠᠢ | ᠮᠡᠳᠡᠭᠦᠯᠦᠯᠲᠡ ᠶᠢ ᠬᠢᠨᠠᠨ ᠪᠠᠶᠢᠴᠠᠭᠠᠵᠤ ᠵᠥᠪᠰᠢᠶᠡᠷᠡᠨ᠎ᠡ︔ ᠲᠤᠰ ᠱᠠᠲᠤᠨ ᠤ ᠲᠥᠰᠦᠪ ᠢ ᠭᠦᠢᠴᠡᠳᠬᠡᠬᠦ ᠳᠤ | ᠬᠢᠨᠠᠯᠲᠠ ᠲᠠᠯᠪᠢᠨ᠎ᠠ︔ ᠲᠤᠰ ᠱᠠᠲᠤᠨ ᠤ ᠲᠥᠰᠦᠪ ᠤᠨ ᠲᠤᠬᠢᠷᠡᠭᠤᠯᠦᠯᠳᠠ ᠶᠢᠨ ᠲᠥᠰᠦᠯ ᠢ ᠬᠢᠨᠠᠨ ᠪᠠᠶᠢᠴᠠᠭᠠᠵᠤ | ᠵᠥᠪᠰᠢᠶᠡᠷᠡᠨ᠎ᠡ︔ ᠲᠤᠰ ᠱᠠᠲᠤᠨ ᠤ ᠲᠥᠰᠦᠪ ᠤᠨ ᠭᠦᠢᠴᠡᠳᠬᠡᠯ ᠢ ᠬᠢᠨᠠᠨ ᠪᠠᠶᠢᠴᠠᠭᠠᠵᠤ ᠵᠥᠪᠰᠢᠶᠡᠷᠡᠨ᠎ᠡ︔ | ᠲᠥᠰᠦᠪ᠂ ᠲᠥᠰᠦᠪ ᠤᠨ ᠭᠦᠢᠴᠡᠳᠬᠡᠯ ᠤᠨ ᠲᠤᠬᠠᠶ ᠲᠤᠰ ᠱᠠᠲᠤᠨ ᠤ ᠵᠠᠰᠠᠭ ᠤᠨ ᠣᠷᠳᠣᠨ ᠤ ᠵᠤᠬᠢᠰ ᠤᠢᠭᠡᠢ | ᠰᠢᠢᠳᠪᠦᠷᠢ ᠪᠣᠯᠤᠨ ᠵᠠᠷᠯᠢᠭ ᠢ ᠬᠦᠴᠦᠨ ᠤᠢᠭᠡᠢ ᠪᠣᠯᠭᠠᠨ᠎ᠠ᠃ | ᠬᠤᠷᠢᠨ ᠬᠤᠶᠠᠳᠤᠭᠠᠷ ᠵᠦᠢᠯ᠂ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ | ᠵᠠᠰᠠᠭ ᠠᠵᠤ ᠠᠬᠤᠢ ᠶᠢᠨ ᠵᠥᠪᠯᠡᠯ ᠠᠴᠠ ᠲᠥᠪ ᠤᠨ ᠲᠥᠰᠦᠪ ᠤᠨ ᠲᠥᠰᠦᠯ ᠤᠨ ᠠᠩᠬᠠᠨ ᠤ ᠲᠥᠰᠦᠯ ᠬᠢᠭᠡᠳ | ᠳᠡᠭᠡᠷ᠎ᠡ ᠨᠢᠭᠡ ᠵᠢᠯ ᠤᠨ ᠲᠥᠰᠦᠪ ᠤᠨ ᠭᠦᠢᠴᠡᠳᠬᠡᠭᠰᠡᠨ ᠪᠠᠶᠢᠳᠠᠯ᠂ ᠲᠥᠪ ᠤᠨ ᠲᠥᠰᠦᠪ ᠢ ᠲᠤᠭᠢᠷᠠᠭᠤᠯᠬᠤ | ᠠᠩᠬᠠᠨ ᠤ ᠲᠥᠰᠦᠯ ᠪᠠ ᠲᠥᠪ ᠤᠨ ᠲᠥᠰᠦᠪ ᠤᠨ ᠭᠦᠢᠴᠡᠳᠬᠡᠯ ᠤᠨ ᠲᠥᠰᠦᠯ ᠳᠤ ᠠᠩᠬ᠎ᠠ ᠠᠯᠬᠤᠮ ᠤᠨ ᠬᠢᠨᠠᠨ | ᠪᠠᠶᠢᠴᠠᠭᠠᠯᠲᠠ ᠬᠢᠵᠦ᠂ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠳᠤᠷᠠᠳᠤᠨ ᠭᠠᠷᠭᠠᠨ᠎ᠠ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠢ ᠵᠥᠪᠯᠡᠯ ᠠᠴᠠ ᠲᠤᠰ ᠱᠠᠲᠤᠨ ᠤ | ᠲᠥᠰᠦᠪ ᠤᠨ ᠲᠥᠰᠦᠯ ᠤᠨ ᠠᠩᠬᠠᠨ ᠤ ᠲᠥᠰᠦᠯ ᠬᠢᠭᠡᠳ ᠳᠡᠭᠡᠷ᠎ᠡ ᠨᠢᠭᠡ ᠵᠢᠯ ᠤᠨ ᠲᠥᠰᠦᠪ ᠤᠨ ᠭᠦᠢᠴᠡᠳᠬᠡᠭᠰᠡᠨ | ᠪᠠᠶᠢᠳᠠᠯ᠂ ᠲᠤᠰ ᠱᠠᠲᠤᠨ ᠤ ᠲᠥᠰᠦᠪ ᠢ ᠲᠤᠭᠢᠷᠠᠭᠤᠯᠬᠤ ᠠᠩᠬᠠᠨ ᠤ ᠲᠥᠰᠦᠯ ᠪᠠ ᠲᠤᠰ ᠱᠠᠲᠤᠨ ᠤ ᠲᠥᠰᠦᠪ ᠤᠨ | ᠭᠦᠢᠴᠡᠳᠬᠡᠯ ᠤᠨ ᠲᠥᠰᠦᠯ ᠳᠤ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠵᠦ᠂ ᠠᠩᠬ᠎ᠠ ᠠᠯᠬᠤᠮ ᠤᠨ ᠬᠢᠨᠠᠨ | ᠪᠠᠶᠢᠴᠠᠭᠠᠯᠲᠠ ᠶᠢᠨ ᠰᠠᠨᠠᠯ ᠢ ᠳᠤᠷᠠᠳᠤᠨ ᠭᠠᠷᠭᠠᠨ᠎ᠠ᠃ | ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠯᠪᠣᠭᠳᠠᠯ ᠪᠦᠬᠦᠢ ᠲᠤᠰᠬᠠᠢ ᠵᠥᠪᠯᠡᠯ ᠠᠴᠠ ᠲᠤᠰ ᠱᠠᠲᠤᠨ ᠤ ᠲᠥᠰᠦᠪ ᠤᠨ ᠲᠥᠰᠦᠯ ᠤᠨ | ᠠᠩᠬᠠᠨ ᠤ ᠲᠥᠰᠦᠯ ᠬᠢᠭᠡᠳ ᠳᠡᠭᠡᠷ᠎ᠡ ᠨᠢᠭᠡ ᠵᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ᠂ ᠲᠤᠰ ᠱᠠᠲᠤᠨ ᠤ | ᠲᠥᠰᠦᠪ ᠢ ᠲᠤᠭᠢᠷᠠᠭᠤᠯᠬᠤ ᠠᠩᠬᠠᠨ ᠤ ᠲᠥᠰᠦᠯ ᠪᠠ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ | ᠲᠥᠰᠦᠯ ᠳᠤ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠵᠦ᠂ ᠠᠩᠬ᠎ᠠ ᠠᠯᠬᠤᠮ ᠬᠢᠨᠠᠨ ᠪᠠᠶᠢᠴᠠᠭᠠᠭᠰᠠᠨ ᠰᠠᠨᠠᠯ | ᠳᠣᠷᠠᠳᠣᠨ᠎ᠠ᠂ ᠲᠤᠰᠬᠠᠢ ᠵᠥᠪᠯᠡᠯ ᠪᠠᠶᠢᠭᠤᠯᠤᠭᠰᠠᠨ ᠦᠭᠡᠢ ᠪᠠᠶᠢᠪᠠᠯ᠂ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ | ᠪᠠᠶᠢᠭᠤᠯᠤᠮᠵᠢ ᠠᠴᠠ ᠰᠤᠳᠤᠯᠵᠤ ᠰᠠᠨᠠᠯ ᠳᠤᠷᠠᠳᠤᠨ ᠭᠠᠷᠭᠠᠨ᠎ᠠ᠃ | ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠦᠭᠡᠢ ᠬᠤᠲᠠ᠂ ᠬᠤᠳᠠ ᠶᠢᠨ ᠬᠠᠷᠢᠶ᠎ᠠ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠤᠰ | ᠱᠠᠲᠤᠨ ᠤ ᠲᠥᠰᠦᠪ ᠤᠨ ᠲᠥᠰᠦᠯ ᠤᠨ ᠠᠩᠬᠠᠨ ᠤ ᠲᠥᠰᠦᠯ ᠬᠢᠭᠡᠳ ᠲᠦᠷᠦᠭᠦᠦ ᠨᠢᠭᠡ ᠵᠢᠯ ᠤᠨ ᠲᠥᠰᠦᠪ ᠢ | ᠭᠦᠢᠴᠡᠳᠬᠡᠭᠰᠡᠨ ᠪᠠᠶᠢᠳᠠᠯ ᠳᠤ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠵᠦ᠂ ᠠᠩᠬ᠎ᠠ ᠠᠯᠬᠤᠮ ᠬᠢᠨᠠᠨ | ᠪᠠᠶᠢᠴᠠᠭᠠᠭᠰᠠᠨ ᠰᠠᠨᠠᠯ ᠳᠤᠷᠠᠳᠴᠤ ᠪᠣᠯᠤᠨ᠎ᠠ᠃ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠦᠭᠡᠢ | ᠬᠤᠲᠠ᠂ ᠬᠤᠳᠠ ᠶᠢᠨ ᠬᠠᠷᠢᠶ᠎ᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠠᠴᠠ ᠲᠤᠰ ᠱᠠᠲᠤᠨ ᠤ ᠲᠥᠰᠦᠪ ᠢ | ᠲᠤᠭᠢᠷᠠᠭᠤᠯᠬᠤ ᠠᠩᠬᠠᠨ ᠤ ᠲᠥᠰᠦᠯ ᠪᠠ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ ᠰᠤᠳᠤᠯᠵᠤ | ᠰᠠᠨᠠᠯ ᠳᠤᠷᠠᠳᠤᠨ ᠭᠠᠷᠭᠠᠨ᠎ᠠ᠃ | ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠶᠢᠨ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠢ ᠵᠥᠪᠯᠡᠯ ᠠᠴᠠ ᠠᠩᠬ᠎ᠠ | ᠠᠯᠬᠤᠮ ᠤᠨ ᠬᠢᠨᠠᠨ ᠪᠠᠶᠢᠴᠠᠭᠠᠯᠲᠠ ᠬᠢᠵᠦ᠂ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ | ᠪᠠᠶᠢᠭᠤᠯᠤᠮᠵᠢ ᠠᠴᠠ ᠰᠤᠳᠤᠯᠵᠤ ᠰᠠᠨᠠᠯ ᠳᠤᠷᠠᠳᠬᠤ ᠳᠠᠭᠠᠨ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢ ᠤᠷᠢᠵᠤ ᠣᠷᠣᠯᠴᠠᠭᠤᠯᠬᠤ ᠬᠡᠷᠡᠭᠲᠡᠶ᠃ | ᠲᠤᠰ ᠵᠦᠢᠯ ᠤᠨ ᠨᠢᠭᠡᠳᠦᠭᠡᠷ ᠪᠠᠳᠠᠭ ᠠᠴᠠ ᠳᠥᠷᠪᠡᠳᠦᠭᠡᠷ ᠪᠠᠳᠠᠭ ᠬᠦᠷᠲᠡᠯᠡᠬᠢ ᠲᠣᠭᠲᠠᠭᠠᠯ ᠤᠨ ᠶᠣᠰᠣᠭᠠᠷ | ᠳᠤᠷᠠᠳᠤᠨ ᠭᠠᠷᠭᠠᠭᠰᠠᠨ ᠰᠠᠨᠠᠯ ᠢ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠰᠢᠢᠳᠪᠦᠷᠢᠯᠡᠭᠰᠡᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃ | ᠲᠤᠰ ᠵᠦᠢᠯ ᠤᠨ ᠨᠢᠭᠡᠳᠦᠭᠡᠷ ᠪᠠᠳᠠᠭ ᠠᠴᠠ ᠳᠥᠷᠪᠡᠳᠦᠭᠡᠷ ᠪᠠᠳᠠᠭ ᠬᠦᠷᠲᠡᠯᠡᠬᠢ ᠲᠣᠭᠲᠠᠭᠠᠯ ᠶᠣᠰᠣᠭᠠᠷ | ᠳᠤᠷᠠᠳᠤᠨ ᠭᠠᠷᠭᠠᠭᠰᠠᠨ ᠰᠠᠨᠠᠯ ᠵᠢᠴᠢ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠬᠠᠷᠢᠭᠤ ᠲᠤᠰᠬᠠᠭᠰᠠᠨ ᠰᠢᠢᠳᠪᠦᠷᠢᠯᠡᠭᠰᠡᠨ ᠪᠠᠶᠢᠳᠠᠯ ᠤᠨ ᠮᠡᠳᠡᠭᠦᠯᠦᠯᠲᠡ ᠶᠢ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤ ᠳᠠᠷᠤᠮᠠᠯᠯᠠᠨ ᠲᠠᠷᠬᠠᠭᠠᠬᠤ ᠬᠡᠷᠡᠭᠲᠡᠢ᠃ | ᠪᠦᠬᠦ ᠣᠯᠣᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠳᠤᠭᠤᠷᠢᠭᠳᠤ ᠬᠤᠳᠠ᠂ ᠥᠪᠡᠷᠲᠡᠭᠡᠨ | ᠵᠠᠰᠠᠬᠤ ᠵᠧᠦ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ | ᠪᠦᠬᠦᠢ ᠠᠵᠢᠯ ᠤᠨ ᠪᠠᠶᠢᠭᠤᠯᠤᠮᠵᠢ ᠠᠴᠠ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠰᠢᠢᠳᠪᠦᠷᠢ ᠶᠢ ᠦᠨᠳᠦᠰᠦᠯᠡᠨ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠪᠤᠶᠤ ᠬᠤᠯᠪᠣᠭᠳᠠᠯ ᠪᠦᠬᠦᠢ ᠲᠤᠰᠬᠠᠢ ᠵᠥᠪᠯᠡᠯ ᠢ | ᠬᠠᠪᠰᠦᠷᠣᠨ ᠲᠥᠰᠦᠪ ᠤᠨ ᠲᠥᠰᠦᠯ᠂ ᠲᠥᠰᠦᠪ ᠤᠨ ᠲᠤᠭᠢᠷᠠᠭᠤᠯᠤᠯᠳᠠ ᠶᠢᠨ ᠲᠥᠰᠦᠯ᠂ ᠲᠥᠰᠦᠪ ᠤᠨ | ᠭᠦᠢᠴᠡᠳᠬᠡᠯ ᠤᠨ ᠲᠥᠰᠦᠯ ᠪᠠ ᠲᠥᠰᠦᠪ ᠢ ᠭᠦᠢᠴᠡᠳᠬᠡᠬᠦ ᠳᠤ ᠬᠢᠨᠠᠯᠲᠠ ᠲᠠᠯᠪᠢᠬᠤ ᠵᠡᠷᠭᠡ ᠪᠣᠳᠠᠲᠠᠢ ᠠᠵᠢᠯ ᠢ | ᠳᠠᠭᠠᠭᠠᠨ ᠬᠢᠨ᠎ᠠ᠃ | ᠬᠤᠷᠢᠨ ᠭᠤᠷᠪᠠᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠥᠪ ᠤᠨ ᠲᠥᠰᠦᠪ᠂ | ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ︔ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠦᠭᠡᠲᠡ ᠲᠥᠪ ᠤᠨ ᠪᠠ ᠣᠷᠣᠨ ᠨᠤᠲᠤᠭ ᠤᠨ ᠲᠥᠰᠦᠪ ᠤᠨ | ᠲᠥᠰᠦᠯ ᠤᠨ ᠲᠤᠬᠠᠶ ᠮᠡᠳᠡᠭᠦᠯᠦᠯᠲᠡ ᠬᠢᠨ᠎ᠡ︔ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠵᠠᠰᠠᠭ ᠤᠨ ᠣᠷᠳᠣᠨ ᠠᠴᠠ ᠮᠡᠳᠡᠭᠦᠯᠵᠦ ᠳᠠᠩᠰᠠᠯᠠᠭᠤᠯᠤᠭᠰᠠᠨ ᠲᠥᠰᠦᠪ ᠢ ᠡᠮᠬᠢᠳᠬᠡᠨ ᠨᠡᠶᠢᠯᠡᠭᠦᠯᠦᠭᠡᠳ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ | ᠳᠠᠩᠰᠠᠯᠠᠭᠤᠯᠤᠨ᠎ᠠ︔ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠬᠡᠬᠦ ᠶᠢ ᠵᠣᠬᠢᠶᠠᠨ ᠪᠠᠶᠢᠭᠤᠯᠤᠨ᠎ᠠ︔ | ᠲᠥᠪ ᠤᠨ ᠲᠥᠰᠦᠪ ᠤᠨ ᠪᠡᠯᠡᠳᠬᠡᠯ ᠵᠠᠷᠤᠳᠠᠯ ᠢ ᠬᠡᠷᠡᠭᠯᠡᠬᠦ ᠶᠢ ᠲᠣᠭᠲᠠᠭᠠᠨ᠎ᠠ︔ ᠲᠥᠪ ᠤᠨ ᠲᠥᠰᠦᠪ ᠤᠨ | ᠲᠤᠬᠢᠷᠡᠭᠤᠯᠦᠯᠳᠠ ᠶᠢᠨ ᠲᠥᠰᠦᠯ ᠢ ᠨᠠᠶᠢᠷᠠᠭᠤᠯᠤᠨ ᠵᠣᠬᠢᠶᠠᠨ᠎ᠠ︔ ᠲᠥᠪ ᠤᠨ ᠡᠯ᠎ᠡ ᠰᠠᠯᠠᠭ᠎ᠠ ᠮᠥᠴᠢᠷ ᠤᠨ ᠪᠠ | ᠣᠷᠣᠨ ᠨᠤᠲᠤᠭ ᠤᠨ ᠵᠠᠰᠠᠭ ᠤᠨ ᠣᠷᠳᠣᠨ ᠤ ᠲᠥᠰᠦᠪ ᠢ ᠭᠦᠢᠴᠡᠳᠬᠡᠬᠦ ᠳᠤ ᠬᠢᠨᠠᠯᠲᠠ ᠲᠠᠯᠪᠢᠨ᠎ᠠ︔ ᠲᠥᠪ ᠤᠨ | ᠡᠯ᠎ᠡ ᠰᠠᠯᠠᠭ᠎ᠠ ᠮᠥᠴᠢᠷ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠲᠥᠰᠦᠪ᠂ ᠲᠥᠰᠦᠪ ᠤᠨ | ᠭᠦᠢᠴᠡᠳᠬᠡᠯ ᠤᠨ ᠲᠤᠬᠠᠢ ᠵᠤᠬᠢᠰ ᠤᠢᠭᠡᠢ ᠲᠣᠭᠲᠠᠭᠠᠯ᠂ ᠵᠠᠷᠯᠢᠭ ᠢ ᠬᠤᠪᠢᠷᠠᠭᠤᠯᠬᠤ ᠪᠤᠶᠤ ᠬᠦᠴᠦᠨ ᠤᠢᠭᠡᠢ | ᠪᠣᠯᠭᠠᠨ᠎ᠠ︔ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠥᠪ ᠤᠨ ᠪᠠ ᠣᠷᠣᠨ ᠨᠤᠲᠤᠭ ᠤᠨ | ᠲᠥᠰᠦᠪ ᠢ ᠭᠦᠢᠴᠡᠳᠬᠡᠭᠰᠡᠨ ᠪᠠᠶᠢᠳᠠᠯ ᠢ ᠮᠡᠳᠡᠭᠦᠯᠦᠨ᠎ᠡ᠃ | ᠬᠤᠷᠢᠨ ᠳᠥᠷᠪᠡᠳᠦᠭᠡᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ | ᠱᠠᠲᠤᠨ ᠤ ᠵᠠᠰᠠᠭ ᠤᠨ ᠣᠷᠳᠣᠨ ᠲᠤᠰ ᠱᠠᠲᠤᠨ ᠤ ᠲᠥᠰᠦᠪ᠂ ᠲᠥᠰᠦᠪ ᠤᠨ ᠭᠦᠢᠴᠡᠳᠬᠡᠯ ᠤᠨ ᠲᠥᠰᠦᠯ ᠢ | ᠨᠠᠶᠢᠷᠠᠭᠤᠯᠤᠨ ᠵᠣᠬᠢᠶᠠᠨ᠎ᠠ︔ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠲᠤᠰ | ᠱᠠᠲᠤᠨ ᠤ ᠶᠡᠷᠦᠩᠬᠡᠶ ᠲᠥᠰᠦᠪ ᠤᠨ ᠲᠥᠰᠦᠯ ᠤᠨ ᠲᠤᠬᠠᠶ ᠮᠡᠳᠡᠭᠦᠯᠦᠯᠲᠡ ᠬᠢᠨ᠎ᠡ︔ ᠳᠣᠣᠷ᠎ᠠ ᠨᠢᠭᠡ ᠱᠠᠲᠤᠨ ᠤ | ᠵᠠᠰᠠᠭ ᠤᠨ ᠣᠷᠳᠣᠨ ᠤ ᠮᠡᠳᠡᠭᠦᠯᠵᠦ ᠳᠠᠩᠰᠠᠯᠠᠭᠤᠯᠤᠭᠰᠠᠨ ᠲᠥᠰᠦᠪ ᠢ ᠬᠤᠷᠢᠶᠠᠩᠭᠤᠶᠢᠯᠠᠭᠰᠠᠨ ᠤ ᠳᠠᠷᠠᠭ᠎ᠠ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ | ᠳᠠᠩᠰᠠᠯᠠᠭᠤᠯᠤᠨ᠎ᠠ︔ ᠲᠤᠰ ᠱᠠᠲᠤᠨ ᠤ ᠶᠡᠷᠦᠩᠬᠡᠶ ᠲᠥᠰᠦᠪ ᠢ ᠭᠦᠢᠴᠡᠳᠬᠡᠬᠦ ᠶᠢ ᠵᠣᠬᠢᠶᠠᠨ ᠪᠠᠶᠢᠭᠤᠯᠤᠨ᠎ᠠ︔ ᠲᠤᠰ | ᠱᠠᠲᠤᠨ ᠤ ᠲᠥᠰᠦᠪ ᠤᠨ ᠪᠡᠯᠡᠳᠬᠡᠯ ᠵᠠᠷᠤᠳᠠᠯ ᠢ ᠬᠡᠷᠡᠭᠯᠡᠬᠦ ᠶᠢ ᠲᠣᠭᠲᠠᠭᠠᠨ᠎ᠠ︔ ᠲᠤᠰ ᠱᠠᠲᠤᠨ ᠤ ᠲᠥᠰᠦᠪ ᠤᠨ | ᠲᠤᠬᠢᠷᠡᠭᠤᠯᠦᠯᠳᠠ ᠶᠢᠨ ᠲᠥᠰᠦᠯ ᠢ ᠨᠠᠶᠢᠷᠠᠭᠤᠯᠤᠨ ᠵᠣᠬᠢᠶᠠᠨ᠎ᠠ︔ ᠲᠤᠰ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ | ᠲᠤᠤᠷᠡᠳᠦ ᠱᠠᠲᠤᠨ ᠤ ᠵᠠᠰᠠᠭ ᠤᠨ ᠣᠷᠳᠣᠨ ᠤ ᠲᠥᠰᠦᠪ ᠢ ᠭᠦᠢᠴᠡᠳᠬᠡᠬᠦ ᠳᠤ ᠬᠢᠨᠠᠯᠲᠠ ᠲᠠᠯᠪᠢᠨ᠎ᠠ︔ ᠲᠤᠰ | ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠲᠤᠤᠷᠡᠳᠦ ᠱᠠᠲᠤᠨ ᠤ ᠵᠠᠰᠠᠭ ᠤᠨ ᠣᠷᠳᠣᠨ ᠤ ᠲᠥᠰᠦᠪ᠂ | ᠲᠥᠰᠦᠪ ᠤᠨ ᠭᠦᠢᠴᠡᠳᠬᠡᠯ ᠤᠨ ᠲᠤᠬᠠᠢ ᠵᠤᠬᠢᠰ ᠤᠢᠭᠡᠢ ᠲᠣᠭᠲᠠᠭᠠᠯ᠂ ᠵᠠᠷᠯᠢᠭ ᠢ ᠬᠤᠪᠢᠷᠠᠭᠤᠯᠬᠤ ᠪᠤᠶᠤ ᠬᠦᠴᠦᠨ | ᠤᠢᠭᠡᠢ ᠪᠣᠯᠭᠠᠨ᠎ᠠ︔ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠲᠤᠰ ᠱᠠᠲᠤᠨ ᠤ ᠶᠡᠷᠦᠩᠬᠡᠢ | ᠲᠥᠰᠦᠪ ᠢ ᠭᠦᠢᠴᠡᠳᠬᠡᠭᠰᠡᠨ ᠪᠠᠶᠢᠳᠠᠯ ᠢ ᠮᠡᠳᠡᠭᠦᠯᠦᠨ᠎ᠡ᠃ | ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠵᠠᠰᠠᠭ ᠤᠨ ᠣᠷᠳᠣᠨ ᠲᠤᠰ ᠱᠠᠲᠤᠨ ᠤ ᠲᠥᠰᠦᠪ᠂ | ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ︔ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠲᠤᠰ ᠱᠠᠲᠤᠨ ᠤ ᠲᠥᠰᠦᠪ ᠤᠨ ᠲᠥᠰᠦᠯ ᠤᠨ ᠲᠤᠬᠠᠶ ᠮᠡᠳᠡᠭᠦᠯᠦᠯᠲᠡ | ᠬᠢᠨ᠎ᠡ︔ ᠲᠤᠰ ᠱᠠᠲᠤᠨ ᠤ ᠲᠥᠰᠦᠪ ᠢ ᠭᠦᠢᠴᠡᠳᠬᠡᠬᠦ ᠶᠢ ᠵᠣᠬᠢᠶᠠᠨ ᠪᠠᠶᠢᠭᠤᠯᠤᠨ᠎ᠠ︔ ᠲᠤᠰ ᠱᠠᠲᠤᠨ ᠤ | ᠲᠥᠰᠦᠪ ᠤᠨ ᠪᠡᠯᠡᠳᠬᠡᠯ ᠵᠠᠷᠤᠳᠠᠯ ᠢ ᠬᠡᠷᠡᠭᠯᠡᠬᠦ ᠶᠢ ᠲᠣᠭᠲᠠᠭᠠᠨ᠎ᠠ︔ ᠲᠤᠰ ᠱᠠᠲᠤᠨ ᠤ ᠲᠥᠰᠦᠪ ᠤᠨ | ᠲᠤᠬᠢᠷᠡᠭᠤᠯᠦᠯᠳᠠ ᠶᠢᠨ ᠲᠥᠰᠦᠯ ᠢ ᠨᠠᠶᠢᠷᠠᠭᠤᠯᠤᠨ ᠵᠣᠬᠢᠶᠠᠨ᠎ᠠ︔ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠢ ᠮᠡᠳᠡᠭᠦᠯᠦᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠢᠶᠠᠷ | ᠵᠦᠪᠰᠢᠶᠡᠷᠡᠭᠦᠯᠦᠭᠰᠡᠨ ᠤ ᠳᠠᠷᠠᠭ᠎ᠠ᠂ ᠰᠢᠶᠠᠩ ᠂ ᠦᠨᠳᠦᠰᠦᠲᠡᠨ ᠤ ᠰᠢᠶᠠᠩ᠂ ᠪᠠᠯᠭᠠᠰᠤᠨ ᠤ ᠲᠤᠰ ᠱᠠᠲᠤᠨ ᠤ | ᠲᠥᠰᠦᠪ ᠤᠨ ᠲᠥᠰᠦᠯ᠂ ᠲᠥᠰᠦᠪ ᠤᠨ ᠲᠤᠭᠢᠷᠠᠭᠤᠯᠤᠯᠳᠠ ᠶᠢᠨ ᠲᠥᠰᠦᠯ᠂ ᠲᠥᠰᠦᠪ ᠤᠨ ᠭᠦᠢᠴᠡᠳᠬᠡᠯ ᠤᠨ | ᠲᠥᠰᠦᠯ ᠢ ᠳᠡᠭᠡᠷ᠎ᠡ ᠨᠢᠭᠡ ᠱᠠᠲᠤᠨ ᠤ ᠵᠠᠰᠠᠭ ᠤᠨ ᠣᠷᠳᠣᠨ ᠢᠶᠠᠷ ᠣᠷᠣᠯᠠᠨ ᠵᠣᠬᠢᠶᠠᠯᠭᠠᠵᠤ ᠪᠣᠯᠬᠤ ᠪᠦᠭᠡᠳ ᠲᠤᠰ | ᠬᠠᠤᠯᠢ ᠶᠢᠨ ᠬᠤᠷᠢᠨ ᠨᠢᠭᠡᠳᠦᠭᠡᠷ ᠵᠦᠢᠯ ᠤᠨ ᠲᠣᠭᠲᠠᠭᠠᠯ ᠤᠨ ᠶᠣᠰᠣᠭᠠᠷ ᠰᠢᠶᠠᠩ᠂ ᠦᠨᠳᠦᠰᠦᠲᠡᠨ ᠤ ᠰᠢᠶᠠᠩ᠂ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ ᠬᠢᠨᠠᠨ ᠪᠠᠶᠢᠴᠠᠭᠠᠯᠭᠠᠵᠤ | ᠵᠥᠪᠰᠢᠶᠡᠷᠡᠭᠦᠯᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠲᠥᠪ ᠤᠨ ᠲᠥᠰᠦᠪ᠂ ᠲᠥᠰᠦᠪ ᠤᠨ ᠭᠦᠢᠴᠡᠳᠬᠡᠯ ᠤᠨ ᠲᠥᠰᠦᠯ ᠢ ᠪᠣᠳᠠᠲᠠᠢ ᠪᠠᠷ ᠨᠠᠶᠢᠷᠠᠭᠤᠯᠤᠨ | ᠵᠣᠬᠢᠶᠠᠨ᠎ᠠ︔ ᠲᠥᠪ ᠤᠨ ᠪᠣᠯᠤᠨ ᠣᠷᠣᠨ ᠨᠤᠲᠤᠭ ᠤᠨ ᠲᠥᠰᠦᠪ ᠢ ᠭᠦᠢᠴᠡᠳᠬᠡᠬᠦ ᠶᠢ ᠪᠣᠳᠠᠲᠠᠶ ᠪᠠᠷ ᠵᠣᠬᠢᠶᠠᠨ | ᠪᠠᠶᠢᠭᠤᠯᠤᠨ᠎ᠠ︔ ᠲᠥᠪ ᠤᠨ ᠲᠥᠰᠦᠪ ᠤᠨ ᠪᠡᠯᠡᠳᠬᠡᠯ ᠵᠠᠷᠤᠳᠠᠯ ᠢ ᠬᠡᠷᠡᠭᠯᠡᠬᠦ ᠲᠥᠰᠦᠯ ᠢ ᠳᠤᠷᠠᠳᠤᠨ᠎ᠠ︔ ᠲᠥᠪ ᠤᠨ | ᠲᠥᠰᠦᠪ ᠤᠨ ᠲᠤᠬᠢᠷᠡᠭᠤᠯᠦᠯᠳᠠ ᠶᠢᠨ ᠲᠥᠰᠦᠯ ᠢ ᠪᠣᠳᠠᠲᠠᠶ ᠪᠠᠷ ᠨᠠᠶᠢᠷᠠᠭᠤᠯᠤᠨ ᠵᠣᠬᠢᠶᠠᠨ᠎ᠠ︔ ᠲᠥᠪ ᠤᠨ ᠪᠠ | ᠣᠷᠣᠨ ᠨᠤᠲᠤᠭ ᠤᠨ ᠲᠥᠰᠦᠪ ᠢ ᠭᠦᠢᠴᠡᠳᠬᠡᠵᠦ ᠪᠠᠶᠢᠭ᠎ᠠ ᠪᠠᠶᠢᠳᠠᠯ ᠢ ᠲᠣᠭᠲᠠᠭᠰᠠᠨ ᠬᠤᠭᠤᠴᠠᠭᠠᠨ ᠳᠤ ᠲᠦᠷᠦ ᠶᠢᠨ | ᠶᠠᠪᠤᠳᠠᠯ ᠤᠨ ᠬᠤᠷᠢᠶᠠᠨ ᠳᠤ ᠮᠡᠳᠡᠭᠦᠯᠦᠨ᠎ᠡ᠃ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠲᠤᠰ ᠱᠠᠲᠤᠨ ᠤ ᠲᠥᠰᠦᠪ᠂ ᠲᠥᠰᠦᠪ ᠤᠨ ᠭᠦᠢᠴᠡᠳᠬᠡᠯ ᠤᠨ ᠲᠥᠰᠦᠯ ᠢ ᠪᠣᠳᠠᠲᠠᠶ ᠪᠠᠷ | ᠨᠠᠶᠢᠷᠠᠭᠤᠯᠤᠨ ᠵᠣᠬᠢᠶᠠᠨ᠎ᠠ︔ ᠲᠤᠰ ᠱᠠᠲᠤᠨ ᠤ ᠶᠡᠷᠦᠩᠬᠡᠶ ᠲᠥᠰᠦᠪ ᠢ ᠭᠦᠢᠴᠡᠳᠬᠡᠬᠦ ᠶᠢ ᠪᠣᠳᠠᠲᠠᠶ ᠪᠠᠷ ᠵᠣᠬᠢᠶᠠᠨ | ᠪᠠᠶᠢᠭᠤᠯᠤᠨ᠎ᠠ︔ ᠲᠤᠰ ᠱᠠᠲᠤᠨ ᠤ ᠲᠥᠰᠦᠪ ᠤᠨ ᠪᠡᠯᠡᠳᠬᠡᠯ ᠵᠠᠷᠤᠳᠠᠯ ᠢ ᠬᠡᠷᠡᠭᠯᠡᠬᠦ ᠲᠥᠰᠦᠯ ᠳᠤᠷᠠᠳᠤᠨ᠎ᠠ︔ ᠲᠤᠰ | ᠱᠠᠲᠤᠨ ᠤ ᠲᠥᠰᠦᠪ ᠤᠨ ᠲᠤᠬᠢᠷᠡᠭᠤᠯᠦᠯᠳᠠ ᠶᠢᠨ ᠲᠥᠰᠦᠯ ᠢ ᠪᠣᠳᠠᠲᠠᠶ ᠪᠠᠷ ᠨᠠᠶᠢᠷᠠᠭᠤᠯᠤᠨ ᠵᠣᠬᠢᠶᠠᠨ᠎ᠠ︔ ᠲᠤᠰ | ᠱᠠᠲᠤᠨ ᠤ ᠵᠠᠰᠠᠭ ᠤᠨ ᠣᠷᠳᠣᠨ ᠪᠣᠯᠤᠨ ᠳᠡᠭᠡᠷ᠎ᠡ ᠨᠢᠭᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠲᠤ ᠲᠤᠰ ᠱᠠᠲᠤᠨ ᠤ ᠶᠡᠷᠦᠩᠬᠡᠢ ᠲᠥᠰᠦᠪ ᠢ ᠭᠦᠢᠴᠡᠳᠬᠡᠵᠦ ᠪᠠᠶᠢᠭ᠎ᠠ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠦᠯᠦᠨ᠎ᠡ᠃ | ᠬᠤᠷᠢᠨ ᠵᠢᠷᠭᠤᠳᠤᠭᠠᠷ ᠵᠦᠢᠯ᠂ ᠡᠯ᠎ᠡ ᠰᠠᠯᠠᠭ᠎ᠠ ᠮᠥᠴᠢᠷ ᠲᠤᠰ ᠰᠠᠯᠠᠭ᠎ᠠ ᠮᠥᠴᠢᠷ ᠤᠨ ᠲᠥᠰᠦᠪ᠂ | ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ︔ ᠲᠤᠰ ᠰᠠᠯᠠᠭ᠎ᠠ ᠮᠥᠴᠢᠷ ᠤᠨ ᠲᠥᠰᠦᠪ ᠢ | ᠭᠦᠢᠴᠡᠳᠬᠡᠬᠦ ᠶᠢ ᠵᠣᠬᠢᠶᠠᠨ ᠪᠠᠶᠢᠭᠤᠯᠵᠤ᠂ ᠲᠡᠭᠦᠨ ᠳᠤ ᠬᠢᠨᠠᠯᠲᠠ ᠲᠠᠯᠪᠢᠨ᠎ᠠ︔ ᠲᠤᠰ ᠱᠠᠲᠤᠨ ᠤ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠲᠥᠰᠦᠪ ᠢ ᠭᠦᠢᠴᠡᠳᠬᠡᠵᠦ ᠪᠠᠶᠢᠭ᠎ᠠ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠦᠯᠦᠨ᠎ᠡ᠃ | ᠡᠯ᠎ᠡ ᠨᠢᠭᠡᠴᠢ ᠠᠴᠠ ᠲᠤᠰ ᠨᠢᠭᠡᠴᠢ ᠶᠢᠨ ᠲᠥᠰᠦᠪ᠂ ᠲᠥᠰᠦᠪ ᠤᠨ ᠭᠦᠢᠴᠡᠳᠬᠡᠯ ᠤᠨ ᠲᠥᠰᠦᠯ ᠢ | ᠨᠠᠶᠢᠷᠠᠭᠤᠯᠤᠨ ᠵᠣᠬᠢᠶᠠᠨ᠎ᠠ︔ ᠤᠯᠤᠰ ᠤᠨ ᠲᠣᠭᠲᠠᠭᠠᠯ ᠶᠣᠰᠣᠭᠠᠷ ᠲᠥᠰᠦᠪ ᠤᠨ ᠣᠷᠣᠯᠭ᠎ᠠ ᠪᠠᠨ ᠳᠡᠭᠡᠭᠰᠢ | ᠲᠤᠰᠢᠶᠠᠵᠤ᠂ ᠲᠥᠰᠦᠪ ᠤᠨ ᠵᠠᠷᠤᠯᠭ᠎ᠠ ᠶᠢ ᠲᠤᠬᠢᠷᠡᠭᠤᠯᠬᠤ ᠪᠥᠭᠡᠳ ᠤᠯᠤᠰ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨᠠᠯᠲᠠ ᠶᠢ ᠬᠦᠯᠢᠶᠡᠨ᠎ᠡ᠃ | ᠭᠤᠷᠪᠠᠳᠤᠭᠠᠷ ᠪᠦᠯᠦᠭ ᠲᠦᠰᠦᠪ ᠤᠨ ᠣᠷᠣᠯᠭ᠎ᠠ ᠵᠠᠷᠤᠯᠭ᠎ᠠ ᠶᠢᠨ ᠬᠡᠪᠴᠢᠶ᠎ᠡ | ᠬᠤᠷᠢᠨ ᠳᠣᠯᠣᠳᠤᠭᠠᠷ ᠵᠦᠢᠯ᠂ ᠤᠯᠠᠨ ᠨᠡᠶᠢᠲᠡ ᠶᠢᠨ ᠡᠩ ᠤᠨ ᠲᠥᠰᠦᠪ ᠤᠨ ᠣᠷᠣᠯᠭ᠎ᠠ ᠳᠤ ᠡᠯ᠎ᠡ | ᠲᠦᠷᠦᠯ ᠤᠨ ᠭᠠᠶᠢᠯᠢ ᠲᠠᠲᠠᠪᠤᠷᠢ ᠶᠢᠨ ᠣᠷᠣᠯᠭ᠎ᠠ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠵᠠᠷᠤᠳᠠᠯ | ᠬᠤᠷᠢᠶᠠᠯᠲᠠ ᠶᠢᠨ ᠣᠷᠣᠯᠭ᠎ᠠ᠂ ᠤᠯᠤᠰ ᠤᠨ ᠥᠮᠴᠢᠯᠡᠯ ᠤᠨ ᠡᠬᠢ ᠪᠠᠶᠠᠯᠢᠭ ︵ᠡᠳ᠋ ᠬᠦᠷᠦᠩᠭᠡ︶ ᠢ | ᠲᠥᠯᠥᠪᠦᠷᠢ ᠲᠠᠢ ᠪᠠᠷ ᠬᠡᠷᠡᠭᠯᠡᠬᠦ ᠣᠷᠣᠯᠭ᠎ᠠ᠂ ᠰᠢᠯᠵᠢᠭᠦᠯᠦᠯᠲᠡ ᠶᠢᠨ ᠴᠢᠨᠠᠷᠲᠠᠢ ᠣᠷᠣᠯᠭ᠎ᠠ ᠪᠣᠯᠤᠨ ᠪᠤᠰᠤᠳ | ᠣᠷᠣᠯᠭ᠎ᠠ ᠶᠢ ᠪᠠᠭᠲᠠᠨ᠎ᠠ᠃ | ᠤᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢ ᠴᠢᠳᠠᠮᠵᠢ ᠪᠠᠷ ᠨᠢ ᠬᠤᠪᠢᠶᠠᠷᠯᠠᠪᠠᠯ᠂ ᠤᠯᠠᠨ | ᠨᠡᠶᠢᠲᠡ ᠶᠢᠨ ᠡᠩ ᠤᠨ ᠦᠢᠯᠡᠴᠢᠯᠡᠭᠡᠨ ᠤ ᠵᠠᠷᠤᠯᠭ᠎ᠠ᠂ ᠭᠠᠳᠠᠭᠠᠳᠤ ᠬᠠᠷᠢᠯᠴᠠᠭ᠎ᠠ᠂ ᠨᠡᠶᠢᠲᠡ ᠶᠢᠨ ᠠᠮᠤᠷ ᠲᠦᠪᠰᠢᠨ᠂ | ᠤᠯᠤᠰ ᠤᠨ ᠬᠠᠮᠠᠭᠠᠯᠠᠯᠲᠠ ᠶᠢᠨ ᠵᠠᠷᠤᠯᠭ᠎ᠠ᠂ ᠲᠠᠷᠢᠶᠠᠯᠠᠩ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠵᠠᠷᠤᠯᠭ᠎ᠠ᠂ | ᠰᠣᠷᠢᠭᠠᠨ ᠬᠦᠮᠦᠵᠢᠯ᠂ ᠰᠢᠨᠵᠢᠯᠡᠭᠡ ᠲᠧᠭᠨᠢᠭ᠂ ᠰᠣᠶᠣᠯ ᠪᠣᠯᠪᠠᠰᠣᠷᠠᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ | ᠵᠠᠷᠤᠯᠭ᠎ᠠ᠂ ᠨᠡᠶᠢᠭᠡᠮ ᠤᠨ ᠪᠠᠲᠤᠯᠠᠭ᠎ᠠ ᠵᠢᠴᠢ ᠠᠵᠢᠯ ᠣᠯᠭᠤᠯᠲᠠ ᠶᠢᠨ ᠵᠠᠷᠤᠯᠭ᠎ᠠ ᠪᠣᠯᠤᠨ ᠪᠤᠰᠤᠳ ᠵᠠᠷᠤᠯᠭ᠎ᠠ ᠶᠢ | ᠪᠠᠭᠳᠠᠭᠠᠨ᠎ᠠ᠃ | ᠤᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢ ᠠᠵᠤ ᠠᠬᠤᠢ ᠶᠢᠨ ᠰᠢᠨᠵᠢ ᠴᠢᠨᠠᠷ ᠢᠶᠠᠷ ᠨᠢ | ᠬᠤᠪᠢᠶᠠᠷᠯᠠᠪᠠᠯ᠂ ᠴᠠᠯᠢᠩ ᠠᠰᠠᠷᠠᠮᠵᠢ ᠶᠢᠨ ᠵᠠᠷᠤᠯᠭ᠎ᠠ᠂ ᠲᠠᠸᠠᠷ ᠪᠠ ᠦᠢᠯᠡᠴᠢᠯᠡᠭᠡᠨ ᠤ ᠵᠠᠷᠤᠯᠭ᠎ᠠ᠂ ᠬᠦᠷᠦᠩᠭᠡ ᠶᠢᠨ | ᠴᠢᠨᠠᠷᠲᠠᠢ ᠵᠠᠷᠤᠯᠭ᠎ᠠ ᠪᠣᠯᠤᠨ ᠪᠤᠰᠤᠳ ᠵᠠᠷᠤᠯᠭ᠎ᠠ ᠶᠢ ᠪᠠᠭᠳᠠᠭᠠᠨ᠎ᠠ᠃ | ᠬᠤᠷᠢᠨ ᠨᠠᠢᠮᠠᠳᠤᠭᠠᠷ ᠵᠦᠢᠯ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ᠂ | ᠤᠯᠤᠰ ᠤᠨ ᠥᠮᠴᠢᠯᠡᠯ ᠤᠨ ᠪᠡᠯᠡ ᠬᠦᠷᠦᠩᠭᠡ ᠶᠢᠨ ᠡᠵᠡᠩᠨᠡᠯᠲᠡ ᠶᠢᠨ ᠲᠥᠰᠦᠪ ᠪᠣᠯᠤᠨ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠣᠷᠣᠯᠭ᠎ᠠ ᠵᠠᠷᠤᠯᠭ᠎ᠠ ᠶᠢᠨ ᠬᠡᠪᠴᠢᠶ᠎ᠡ ᠶᠢ ᠬᠠᠤᠯᠢ ᠴᠠᠭᠠᠵᠠ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠬᠤᠷᠢ ᠶᠢᠰᠦᠳᠦᠭᠡᠷ ᠵᠦᠢᠯ᠂ ᠲᠥᠪ ᠤᠨ ᠲᠥᠰᠦᠪ ᠪᠣᠯᠤᠨ ᠣᠷᠣᠨ ᠨᠤᠲᠤᠭ ᠤᠨ ᠲᠥᠰᠦᠪ ᠤᠨ ᠣᠷᠣᠯᠭ᠎ᠠ | ᠪᠣᠯᠤᠨ ᠵᠠᠷᠤᠯᠭ᠎ᠠ ᠶᠢᠨ ᠵᠦᠢᠯ ᠢ ᠢᠯᠭᠠᠪᠤᠷᠢᠯᠠᠬᠤ᠂ ᠣᠷᠣᠨ ᠨᠤᠲᠤᠭ ᠠᠴᠠ ᠲᠥᠪ ᠲᠤ ᠳᠡᠭᠡᠭᠰᠢ ᠲᠤᠰᠢᠶᠠᠬᠤ | ᠣᠷᠣᠯᠭ᠎ᠠ᠂ ᠲᠥᠪ ᠠᠴᠠ ᠣᠷᠣᠨ ᠨᠤᠲᠤᠭ ᠲᠤ ᠭᠠᠶᠢᠯᠢ ᠲᠠᠲᠠᠪᠤᠷᠢ ᠪᠤᠴᠠᠭᠠᠬᠤ ᠪᠤᠶᠤ ᠰᠢᠯᠵᠢᠭᠦᠯᠦᠨ ᠥᠭᠬᠦ | ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠳᠣᠬᠳᠠᠭᠠᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠭᠤᠴᠢᠳᠤᠭᠠᠷ ᠵᠦᠢᠯ᠂ ᠳᠡᠭᠡᠳᠦ ᠱᠠᠲᠤᠨ ᠤ ᠵᠠᠰᠠᠭ ᠤᠨ ᠣᠷᠳᠣᠨ ᠲᠥᠰᠦᠪ ᠠᠴᠠ ᠭᠠᠳᠠᠭᠤᠷ ᠲᠤᠤᠷᠡᠳᠦ | ᠱᠠᠲᠤᠨ ᠤ ᠵᠠᠰᠠᠭ ᠤᠨ ᠣᠷᠳᠣᠨ ᠤ ᠲᠥᠰᠦᠪ ᠤᠨ ᠪᠡᠯᠠ ᠮᠥᠩᠭᠦ ᠶᠢ ᠰᠢᠯᠵᠢᠭᠦᠯᠦᠨ ᠬᠡᠷᠡᠭᠯᠡᠵᠦ ᠪᠣᠯᠬᠤ ᠤᠢᠭᠡᠢ᠃ | ᠲᠤᠤᠷᠡᠳᠦ ᠱᠠᠲᠤᠨ ᠤ ᠵᠠᠰᠠᠭ ᠤᠨ ᠣᠷᠳᠣᠨ ᠠᠴᠠ ᠳᠡᠭᠡᠳᠦ ᠱᠠᠲᠤᠨ ᠤ ᠵᠠᠰᠠᠭ ᠤᠨ ᠣᠷᠳᠣᠨ ᠤ ᠲᠥᠰᠦᠪ ᠲᠤ | ᠬᠠᠷᠢᠶᠠᠯᠠᠭᠳᠠᠬᠤ ᠪᠡᠯᠠ ᠮᠥᠩᠭᠦ ᠶᠢ ᠰᠢᠬᠠᠵᠤ ᠠᠪᠬᠤ ᠪᠤᠶᠤ ᠦᠯᠡᠳᠡᠭᠡᠨ ᠠᠪᠴᠤ ᠪᠣᠯᠬᠤ ᠤᠢᠭᠡᠢ᠃ | ᠳᠥᠷᠪᠡᠳᠦᠭᠡᠷ ᠪᠦᠯᠦᠭ ᠲᠦᠰᠦᠪ ᠢ ᠨᠠᠶᠢᠷᠠᠭᠤᠯᠤᠨ ᠵᠣᠬᠢᠶᠠᠬᠤ | ᠭᠤᠴᠢᠨ ᠨᠢᠭᠡᠳᠦᠭᠡᠷ ᠵᠦᠢᠯ᠂ ᠲᠦᠷᠦ ᠶᠢᠨ ᠶᠠᠪᠤᠳᠠᠯ ᠤᠨ ᠬᠤᠷᠢᠶ᠎ᠠ ᠴᠠᠭ ᠲᠤᠬᠠᠢ ᠳᠤᠨᠢ ᠲᠡᠷᠠᠭ᠎ᠠ ᠨᠢᠭᠡ | ᠵᠢᠯ ᠤᠨ ᠲᠥᠰᠦᠪ ᠤᠨ ᠲᠥᠰᠦᠯ ᠢ ᠨᠠᠶᠢᠷᠠᠭᠤᠯᠤᠨ ᠵᠣᠬᠢᠶᠠᠬᠤ ᠲᠤᠬᠠᠢ ᠮᠡᠳᠡᠭᠳᠡᠯ ᠢ ᠪᠠᠭᠤᠯᠭᠠᠬᠤ ᠬᠡᠷᠡᠭᠲᠡᠢ᠃ | ᠲᠥᠰᠦᠪ ᠤᠨ ᠲᠥᠰᠦᠯ ᠢ ᠨᠠᠶᠢᠷᠠᠭᠤᠯᠤᠨ ᠵᠣᠬᠢᠶᠠᠬᠤ ᠪᠣᠳᠠᠲᠠᠢ ᠶᠠᠪᠤᠳᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠠᠶᠢᠷᠢᠯᠠᠭᠤᠯᠤᠨ᠎ᠠ᠃ | ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠨᠢ ᠲᠦᠷᠦ ᠶᠢᠨ | ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠴᠠᠭ ᠲᠤ ᠲᠥᠰᠦᠪ ᠤᠨ ᠲᠥᠰᠦᠯ ᠢᠶᠠᠨ ᠨᠠᠶᠢᠷᠠᠭᠤᠯᠤᠨ ᠵᠣᠬᠢᠶᠠᠬᠤ | ᠬᠡᠷᠡᠭᠲᠡᠢ᠃ | ᠭᠤᠴᠢᠨ ᠬᠤᠶᠠᠳᠤᠭᠠᠷ ᠵᠦᠢᠯ᠂ ᠡᠯ᠎ᠡ ᠱᠠᠲᠤᠨ ᠤ ᠲᠥᠰᠦᠪ ᠨᠢ ᠣᠨ ᠤ ᠵᠢᠯ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠠᠷᠠᠯᠲᠠ᠂ ᠤᠯᠤᠰ ᠤᠨ ᠬᠤᠷᠪᠠ ᠲᠤᠬᠢᠷᠠᠭᠤᠯᠤᠯ ᠡᠵᠡᠮᠳᠡᠯ ᠤᠨ ᠶᠡᠷᠦᠩᠬᠡᠢ | ᠱᠠᠭᠠᠷᠳᠠᠯᠭ᠎ᠠ ᠪᠠ ᠵᠢᠯ ᠠᠯᠤᠰᠯᠠᠭᠰᠠᠨ ᠲᠥᠰᠦᠪ ᠤᠨ ᠲᠡᠩᠴᠡᠭᠦᠷᠢ ᠶᠢᠨ ᠬᠡᠷᠡᠭᠴᠡᠭᠡ ᠶᠢ ᠦᠨᠳᠦᠰᠦᠯᠡᠵᠦ᠂ ᠳᠡᠭᠡᠷ᠎ᠡ | ᠨᠢᠭᠡ ᠵᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ᠂ ᠬᠤᠯᠪᠣᠭᠳᠠᠯ ᠪᠦᠬᠦᠢ ᠵᠠᠷᠤᠯᠭ᠎ᠠ ᠶᠢᠨ ᠦᠷ᠎ᠡ ᠪᠦᠲᠦᠮᠵᠢ ᠶᠢᠨ | ᠦᠨᠡᠯᠡᠯᠲᠡ ᠶᠢᠨ ᠳ᠋ᠦᠩ ᠪᠠ ᠲᠤᠰ ᠵᠢᠯ ᠤᠨ ᠣᠷᠣᠯᠭ᠎ᠠ ᠵᠠᠷᠤᠯᠭ᠎ᠠ ᠶᠢᠨ ᠵᠢᠱᠢᠯᠲᠡ ᠪᠠᠷ ᠯᠠᠪᠯᠠᠯᠲᠠ ᠪᠣᠯᠭᠠᠵᠦ | ᠪᠠᠶᠢᠭᠠᠳ ᠲᠣᠭᠲᠠᠭᠠᠭᠰᠠᠨ ᠶᠠᠪᠣᠴᠠ ᠶᠢᠨ ᠶᠣᠰᠣᠭᠠᠷ ᠡᠯ᠎ᠡ ᠲᠠᠯ᠎ᠠ ᠶᠢᠨ ᠬᠢᠨ ᠤ ᠰᠠᠨᠠᠯ ᠢ ᠬᠤᠷᠢᠶᠠᠭᠰᠠᠨ ᠤ ᠳᠠᠷᠠᠭ᠎ᠠ | ᠨᠠᠶᠢᠷᠠᠭᠤᠯᠤᠨ ᠵᠣᠬᠢᠶᠠᠬᠤ ᠬᠡᠷᠡᠭᠲᠡᠢ᠃ | ᠡᠯ᠎ᠡ ᠱᠠᠲᠤᠨ ᠤ ᠵᠠᠰᠠᠭ ᠤᠨ ᠣᠷᠳᠣᠨ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷᠯᠠᠯ ᠢ | ᠦᠨᠳᠦᠰᠦᠯᠡᠵᠦ ᠰᠢᠢᠳᠪᠦᠷᠢ ᠭᠠᠷᠭᠠᠬᠤ ᠪᠤᠶᠤ ᠵᠠᠰᠠᠭ ᠵᠠᠬᠢᠷᠭᠠᠨ ᠤ ᠠᠷᠭ᠎ᠠ ᠬᠡᠮᠵᠢᠶ᠎ᠡ ᠪᠠᠨ ᠲᠣᠭᠲᠠᠭᠠᠬᠤ ᠳᠤ᠂ | ᠡᠳ᠋ ᠤᠨ ᠵᠠᠰᠠᠭ ᠤᠨ ᠣᠷᠣᠯᠭ᠎ᠠ ᠪᠤᠶᠤ ᠵᠠᠷᠤᠯᠭ᠎ᠠ ᠶᠢ ᠨᠡᠮᠡᠭᠳᠡᠭᠦᠯᠬᠦ ᠪᠤᠶᠤ ᠪᠠᠭᠠᠰᠬᠠᠬᠤ ᠲᠠᠢ ᠬᠤᠯᠪᠣᠭᠳᠠᠭᠰᠠᠨ ᠪᠦᠬᠦᠨ | ᠪᠠᠶᠢᠪᠠᠯ᠂ ᠲᠥᠰᠦᠪ ᠢ ᠵᠥᠪᠰᠢᠶᠡᠷᠡᠬᠦ ᠠᠴᠠ ᠡᠮᠦᠨ᠎ᠡ ᠳᠤᠷᠠᠳᠤᠨ ᠭᠠᠷᠭᠠᠬᠤ ᠮᠦᠷᠲᠡᠭᠡᠨ ᠲᠥᠰᠦᠪ ᠤᠨ ᠲᠥᠰᠦᠯ ᠳᠤ | ᠵᠣᠬᠢᠴᠠᠩᠭᠤᠢ ᠲᠤᠭᠢᠷᠠᠭᠤᠯᠤᠯᠳᠠ ᠬᠢᠬᠦ ᠬᠡᠷᠡᠭᠲᠡᠢ᠃ | ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠲᠣᠭᠲᠠᠭᠠᠭᠰᠠᠨ ᠵᠠᠰᠠᠭ ᠤᠨ ᠣᠷᠳᠣᠨ ᠤ ᠣᠷᠣᠯᠭ᠎ᠠ ᠵᠠᠷᠤᠯᠭ᠎ᠠ ᠶᠢᠨ ᠲᠦᠷᠦᠯ ᠬᠤᠪᠢᠶᠠᠬᠤ | ᠵᠦᠢᠯ ᠢᠯᠭᠠᠯ᠂ ᠲᠥᠰᠦᠪ ᠤᠨ ᠵᠠᠷᠤᠯᠭ᠎ᠠ ᠶᠢᠨ ᠪᠠᠷᠢᠮᠵᠢᠶ᠎ᠠ ᠪᠣᠯᠤᠨ ᠱᠠᠭᠠᠷᠳᠠᠯᠭ᠎ᠠ᠂ ᠵᠢᠴᠢ ᠦᠷ᠎ᠡ ᠪᠦᠲᠦᠮᠵᠢ ᠶᠢᠨ | ᠬᠠᠷᠠᠯᠲᠠ ᠶᠢᠨ ᠬᠠᠮᠢᠶᠠᠷᠤᠯᠲᠠ ᠵᠡᠷᠭᠡ ᠲᠥᠰᠦᠪ ᠢ ᠨᠠᠶᠢᠷᠠᠭᠤᠯᠤᠨ ᠵᠣᠬᠢᠶᠠᠬᠤ ᠲᠣᠭᠲᠠᠭᠠᠯ ᠤᠨ ᠶᠣᠰᠣᠭᠠᠷ᠂ ᠲᠡᠭᠦᠨ ᠤ | ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ | ᠵᠢᠴᠢ ᠬᠠᠳᠠᠭᠠᠯᠠᠵᠤ ᠪᠠᠶᠢᠭ᠎ᠠ ᠡᠳ᠋ ᠬᠦᠷᠦᠩᠭᠡ ᠶᠢᠨ ᠪᠠᠶᠢᠳᠠᠯ ᠢᠶᠠᠨ ᠦᠨᠳᠦᠰᠦᠯᠡᠵᠦ᠂ ᠲᠤᠰ ᠰᠠᠯᠠᠭ᠎ᠠ ᠮᠥᠴᠢᠷ᠂ | ᠲᠤᠰ ᠨᠢᠭᠡᠴᠢ ᠶᠢᠨ ᠲᠥᠰᠦᠪ ᠤᠨ ᠲᠥᠰᠦᠯ ᠢ ᠨᠠᠶᠢᠷᠠᠭᠤᠯᠣᠨ ᠵᠣᠬᠢᠶᠠᠨ᠎ᠠ᠃ | ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠣᠷᠣᠯᠭ᠎ᠠ ᠵᠠᠷᠤᠯᠭ᠎ᠠ ᠶᠢᠨ ᠲᠦᠷᠦᠯ | ᠬᠤᠪᠢᠶᠠᠬᠤ ᠵᠦᠢᠯ ᠢᠯᠭᠠᠯ ᠭᠡᠳᠡᠭ ᠤᠨ ᠣᠷᠣᠯᠭ᠎ᠠ ᠶᠢ ᠲᠦᠷᠦᠯ᠂ ᠪᠠᠳᠠᠭ᠂ ᠵᠦᠢᠯ᠂ ᠵᠤᠷᠪᠤᠰ ᠭᠡᠵᠦ ᠬᠤᠪᠢᠶᠠᠨ᠎ᠠ︔ | ᠵᠠᠷᠤᠯᠭ᠎ᠠ ᠶᠢ ᠴᠢᠳᠠᠮᠵᠢ ᠶᠢᠨ ᠢᠯᠭᠠᠯ ᠢᠶᠠᠷ ᠨᠢ ᠲᠦᠷᠦᠯ᠂ ᠪᠠᠳᠠᠭ᠂ ᠵᠦᠢᠯ ᠭᠡᠵᠦ ᠬᠤᠪᠢᠶᠠᠨ᠎ᠠ᠂ ᠠᠵᠤ ᠠᠬᠤᠢ ᠶᠢᠨ | ᠰᠢᠨᠵᠢ ᠴᠢᠨᠠᠷ ᠤᠨ ᠢᠯᠭᠠᠯ ᠢᠶᠠᠷ ᠨᠢ ᠲᠦᠷᠦᠯ᠂ ᠪᠠᠳᠠᠭ ᠭᠡᠵᠦ ᠬᠤᠪᠢᠶᠠᠨ᠎ᠠ᠃ | ᠭᠤᠴᠢᠨ ᠭᠤᠷᠪᠠᠳᠤᠭᠠᠷ ᠵᠦᠢᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠵᠠᠰᠠᠭ ᠤᠨ ᠣᠷᠳᠣᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠴᠠᠭ ᠲᠤ ᠲᠤᠰ ᠱᠠᠲᠤᠨ ᠤ | ᠶᠡᠷᠦᠩᠬᠡᠢ ᠲᠥᠰᠦᠪ ᠤᠨ ᠲᠥᠰᠦᠯ ᠢᠶᠠᠨ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠬᠢᠨᠠᠭᠤᠯᠵᠤ | ᠬᠤᠷᠢᠶᠠᠩᠭᠤᠶᠢᠯᠠᠭᠤᠯᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ᠂ ᠲᠥᠪ ᠤᠨ ᠤᠯᠠᠨ ᠨᠡᠶᠢᠲᠡ ᠶᠢᠨ ᠡᠩ ᠤᠨ ᠲᠥᠰᠦᠪ ᠲᠤ ᠵᠠᠪᠠᠯ ᠬᠡᠷᠡᠭᠰᠡᠬᠦ | ᠬᠡᠰᠡᠭ ᠪᠡᠯᠡ ᠮᠥᠩᠭᠦ ᠶᠢ ᠤᠯᠤᠰ ᠤᠨ ᠳᠣᠲᠣᠭᠠᠳᠤ ᠠᠴᠠ ᠪᠠ ᠤᠯᠤᠰ ᠤᠨ ᠭᠠᠳᠠᠭᠠᠳᠤ ᠠᠴᠠ ᠵᠢᠭᠡᠯᠡᠯᠭᠡ ᠠᠪᠬᠤ | ᠵᠡᠷᠭᠡ ᠠᠷᠭ᠎ᠠ ᠮᠠᠶ᠋ᠢᠭ ᠢᠶᠠᠷ ᠴᠤᠭᠯᠠᠭᠤᠯᠵᠤ ᠪᠣᠯᠤᠨ᠎ᠠ᠂ ᠵᠢᠭᠡᠯᠡᠯᠭᠡ ᠠᠪᠬᠤ ᠳᠤ ᠵᠣᠬᠢᠬᠤ ᠬᠡᠪᠴᠢᠶᠡᠨ ᠳᠤ | ᠬᠢᠵᠠᠭᠠᠷᠯᠠᠵᠤ᠂ ᠵᠣᠬᠢᠰᠲᠠᠢ ᠪᠦᠲᠦᠴᠡ ᠲᠠᠢ ᠪᠠᠶᠢᠯᠭᠠᠬᠤ ᠬᠡᠷᠡᠭᠲᠡᠢ᠃ | ᠲᠥᠪ ᠤᠨ ᠤᠯᠠᠨ ᠨᠡᠶᠢᠲᠡ ᠶᠢᠨ ᠡᠩ ᠤᠨ ᠲᠥᠰᠦᠪ ᠲᠠᠬᠢ ᠵᠢᠭᠡᠯᠡᠭᠰᠡᠨ ᠵᠢᠭᠡᠯᠡᠯᠭᠡ ᠳᠤ ᠦᠯᠡᠳᠡᠪᠦᠷᠢ | ᠲᠤᠭ᠎ᠠ ᠶᠢᠨ ᠬᠠᠮᠢᠶᠠᠷᠤᠯᠲᠠ ᠬᠡᠷᠡᠭᠵᠢᠭᠦᠯᠦᠨ᠎ᠡ᠂ ᠦᠯᠡᠳᠡᠪᠦᠷᠢ ᠲᠤᠭ᠎ᠠ ᠶᠢᠨ ᠬᠡᠪᠴᠢᠶ᠎ᠡ ᠨᠢ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠰᠢᠶᠡᠷᠡᠭᠰᠡᠨ ᠬᠢᠵᠠᠭᠠᠷᠲᠤ ᠲᠣᠭᠠᠨ ᠠᠴᠠ ᠬᠡᠲᠦᠷᠡᠭᠦᠯᠵᠦ | ᠪᠣᠯᠬᠤ ᠦᠭᠡᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠥᠪ ᠵᠠᠰᠠᠭ ᠤᠨ | ᠣᠷᠳᠣᠨ ᠤ ᠵᠢᠭᠡᠯᠡᠯᠭᠡ ᠶᠢᠨ ᠨᠢᠭᠡᠳᠦᠯᠲᠡᠢ ᠬᠠᠮᠢᠶᠠᠷᠤᠯᠲᠠ ᠶᠢ ᠪᠣᠳᠠᠲᠠᠢ ᠪᠠᠷ ᠬᠠᠷᠢᠭᠤᠴᠠᠨ᠎ᠠ᠃ | ᠭᠤᠴᠢᠨ ᠲᠠᠪᠤᠳᠤᠭᠠᠷ ᠵᠦᠢᠯ᠂ ᠣᠷᠣᠨ ᠨᠤᠲᠤᠭ ᠤᠨ ᠡᠯ᠎ᠡ ᠱᠠᠲᠤᠨ ᠤ ᠲᠥᠰᠦᠪ ᠢ ᠣᠷᠣᠯᠭ᠎ᠠ ᠪᠠᠨ | ᠦᠵᠡᠵᠦ ᠵᠠᠷᠤᠯᠭ᠎ᠠ ᠪᠠᠨ ᠲᠤᠬᠢᠷᠡᠭᠤᠯᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠢᠶᠠᠷ | ᠨᠠᠶᠢᠷᠠᠭᠤᠯᠤᠨ ᠵᠣᠬᠢᠶᠠᠨ᠎ᠠ᠂ ᠲᠤᠰ ᠬᠠᠤᠯᠢ ᠳᠤ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠤᠯᠠᠭᠠᠨ | ᠲᠤᠭ᠎ᠠ ᠵᠢᠭᠰᠠᠭᠠᠬᠤ ᠤᠢᠭᠡᠢ᠃ | ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠲᠥᠰᠦᠪ ᠲᠠᠬᠢ ᠵᠠᠪᠠᠯ ᠬᠡᠷᠡᠭᠰᠡᠬᠦ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠬᠡᠰᠡᠭ ᠪᠡᠯᠡ ᠮᠥᠩᠭᠦ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ | ᠬᠢᠵᠠᠭᠠᠷᠲᠤ ᠲᠣᠭᠠᠨ ᠤ ᠳᠣᠲᠣᠷ᠎ᠠ᠂ ᠭᠠᠵᠠᠷ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ | ᠲᠠᠷᠬᠠᠭᠠᠵᠤ ᠵᠢᠭᠡᠯᠡᠯᠭᠡ ᠠᠪᠬᠤ ᠠᠷᠭ᠎ᠠ ᠮᠠᠶ᠋ᠢᠭ ᠢᠶᠠᠷ ᠳᠠᠮᠵᠢᠵᠦ ᠴᠤᠭᠯᠠᠭᠤᠯᠵᠤ ᠪᠣᠯᠤᠨ᠎ᠠ᠃ ᠵᠢᠭᠡᠯᠡᠯᠭᠡ ᠠᠪᠬᠤ | ᠬᠡᠪᠴᠢᠶ᠎ᠡ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠪᠤᠶᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠪᠠᠭᠤᠯᠭᠠᠭᠰᠠᠨ ᠬᠢᠵᠠᠭᠠᠷ ᠲᠤᠭ᠎ᠠ ᠶᠣᠰᠣᠭᠠᠷ ᠠᠪᠤᠭᠰᠠᠨ | ᠵᠢᠭᠡᠯᠡᠯᠭᠡ ᠶᠢ ᠲᠤᠰ ᠱᠠᠲᠤᠨ ᠤ ᠲᠥᠰᠦᠪ ᠤᠨ ᠲᠤᠭᠢᠷᠠᠭᠤᠯᠤᠯᠳᠠ ᠶᠢᠨ ᠲᠥᠰᠦᠯ ᠳᠤ ᠣᠷᠣᠭᠤᠯᠵᠤ᠂ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠵᠦ | ᠵᠥᠪᠰᠢᠶᠡᠷᠡᠭᠦᠯᠦᠨ᠎ᠡ᠃ ᠠᠪᠤᠭᠰᠠᠨ ᠵᠢᠭᠡᠯᠡᠯᠭᠡ ᠳᠤ ᠡᠷᠬᠡᠪᠰᠢ ᠲᠦᠯᠦᠭᠦ ᠲᠥᠯᠥᠪᠯᠡᠭᠡ ᠪᠠ ᠲᠦᠯᠦᠭᠦ ᠪᠡᠯᠡ | ᠮᠥᠩᠭᠦ ᠶᠢᠨ ᠲᠣᠭᠲᠠᠪᠤᠷᠢᠲᠠᠢ ᠢᠷᠡᠯᠳᠡ ᠪᠠᠶᠢᠬᠤ ᠬᠡᠷᠡᠭᠲᠡᠢ᠂ ᠲᠡᠭᠦᠨ ᠢ ᠵᠥᠪᠬᠡᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠬᠦᠷᠦᠩᠭᠡ ᠶᠢᠨ ᠵᠠᠷᠤᠯᠭ᠎ᠠ ᠳᠤ ᠬᠡᠷᠡᠭᠯᠡᠵᠦ᠂ ᠪᠠᠶᠢᠩᠭᠤ ᠶᠢᠨ ᠴᠢᠨᠠᠷᠲᠠᠢ ᠵᠠᠷᠤᠯᠭ᠎ᠠ ᠳᠤ ᠬᠡᠷᠡᠭᠯᠡᠵᠦ ᠪᠣᠯᠬᠤ | ᠦᠭᠡᠢ᠃ | ᠡᠮᠦᠨᠡᠬᠢ ᠪᠠᠳᠠᠭ ᠤᠨ ᠲᠣᠭᠲᠠᠭᠠᠯ ᠠᠴᠠ ᠭᠠᠳᠠᠨ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ | ᠲᠡᠭᠦᠨ ᠤ ᠬᠠᠷᠢᠶ᠎ᠠ ᠰᠠᠯᠠᠭ᠎ᠠ ᠮᠥᠴᠢᠷ ᠶᠠᠮᠠᠷᠪᠠ ᠠᠷᠭ᠎ᠠ ᠮᠠᠶ᠋ᠢᠭ ᠢᠶᠠᠷ ᠵᠢᠭᠡᠯᠡᠯᠭᠡ ᠠᠪᠴᠤ ᠪᠣᠯᠬᠤ ᠦᠭᠡᠢ᠃ | ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠣᠷᠣᠨ ᠨᠤᠲᠤᠭ ᠤᠨ | ᠵᠠᠰᠠᠭ ᠤᠨ ᠣᠷᠳᠣᠨ ᠵᠢᠴᠢ ᠲᠡᠭᠦᠨ ᠤ ᠬᠠᠷᠢᠶ᠎ᠠ ᠰᠠᠯᠠᠭ᠎ᠠ ᠮᠥᠴᠢᠷ ᠠᠴᠠ ᠶᠠᠮᠠᠷᠪᠠ ᠨᠢᠭᠡᠴᠢ ᠪᠠ ᠬᠤᠪᠢ ᠬᠥᠮᠦᠨ ᠤ | ᠥᠷᠢ ᠥᠭᠴᠡᠭᠡᠨ ᠳᠤ ᠶᠠᠮᠠᠷᠪᠠ ᠠᠷᠭ᠎ᠠ ᠮᠠᠶ᠋ᠢᠭ ᠢᠶᠠᠷ ᠳᠠᠭᠠᠭᠠᠯᠲᠠ ᠬᠠᠩᠭᠠᠵᠤ ᠪᠣᠯᠬᠤ ᠦᠭᠡᠢ᠃ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ | ᠥᠭᠴᠡᠭᠡᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠵᠢᠴᠢ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠣᠷᠣᠨ ᠨᠤᠲᠤᠭ ᠤᠨ | ᠵᠠᠰᠠᠭ ᠤᠨ ᠣᠷᠳᠣᠨ ᠤ ᠥᠷᠢ ᠥᠭᠴᠡᠭᠡ ᠳᠤ ᠬᠢᠨᠠᠯᠲᠠ ᠲᠠᠯᠪᠢᠨ᠎ᠠ᠃ | ᠭᠤᠴᠢᠨ ᠵᠢᠷᠭᠤᠳᠤᠭᠠᠷ ᠵᠦᠢᠯ᠂ ᠡᠯ᠎ᠡ ᠱᠠᠲᠤᠨ ᠤ ᠲᠥᠰᠦᠪ ᠤᠨ ᠣᠷᠣᠯᠭ᠎ᠠ ᠶᠢ ᠨᠠᠶᠢᠷᠠᠭᠤᠯᠤᠨ | ᠵᠣᠬᠢᠶᠠᠬᠤ ᠳᠠᠭᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠲᠠᠢ ᠵᠣᠬᠢᠴᠠᠭᠤᠯᠵᠤ᠂ ᠡᠳ᠋ ᠤᠨ | ᠵᠠᠰᠠᠭ ᠤᠨ ᠲᠦᠷᠦ ᠶᠢᠨ ᠪᠤᠳᠤᠯᠭ᠎ᠠ ᠲᠠᠢ ᠵᠣᠯᠭᠠᠯᠳᠤᠭᠤᠯᠬᠤ ᠬᠡᠷᠡᠭᠲᠡᠢ᠃ | ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠲᠤᠰ ᠬᠠᠤᠯᠢ ᠶᠢᠨ | ᠲᠣᠭᠲᠠᠭᠠᠯ ᠢ ᠵᠢᠷᠤᠮᠯᠠᠨ᠂ ᠵᠠᠰᠠᠭ ᠤᠨ ᠣᠷᠳᠣᠨ ᠤ ᠪᠦᠬᠦ ᠣᠷᠣᠯᠭ᠎ᠠ ᠶᠢ ᠴᠥᠮ ᠲᠥᠰᠦᠪ ᠲᠤ ᠣᠷᠣᠭᠤᠯᠬᠤ | ᠬᠡᠷᠡᠭᠲᠡᠢ᠂ ᠨᠢᠭᠤᠨ ᠳᠠᠯᠳᠠᠯᠠᠵᠤ᠂ ᠳᠤᠲᠠᠭᠤ ᠵᠢᠭᠰᠠᠭᠠᠵᠤ ᠪᠣᠯᠬᠤ ᠦᠭᠡᠢ᠃ | ᠭᠤᠴᠢᠨ ᠳᠣᠯᠣᠳᠤᠭᠠᠷ ᠵᠦᠢᠯ᠂ ᠡᠯ᠎ᠡ ᠱᠠᠲᠤᠨ ᠤ ᠲᠥᠰᠦᠪ ᠤᠨ ᠵᠠᠷᠤᠯᠭ᠎ᠠ ᠶᠢ ᠲᠤᠰ ᠬᠠᠤᠯᠢ ᠶᠢᠨ | ᠲᠣᠭᠲᠠᠭᠠᠯ ᠶᠣᠰᠣᠭᠠᠷ᠂ ᠴᠢᠳᠠᠮᠵᠢ ᠪᠣᠯᠤᠨ ᠠᠵᠤ ᠠᠬᠤᠢ ᠶᠢᠨ ᠰᠢᠨᠵᠢ ᠴᠢᠨᠠᠷ ᠢᠶᠠᠷ ᠨᠢ ᠲᠦᠷᠦᠯ ᠬᠤᠪᠢᠶᠠᠵᠤ | ᠨᠠᠶᠢᠷᠠᠭᠤᠯᠤᠨ ᠵᠣᠬᠢᠶᠠᠬᠤ ᠬᠡᠷᠡᠭᠲᠡᠢ᠃ | ᠡᠯ᠎ᠡ ᠱᠠᠲᠤᠨ ᠤ ᠲᠥᠰᠦᠪ ᠤᠨ ᠵᠠᠷᠤᠯᠭ᠎ᠠ ᠶᠢ ᠨᠠᠶᠢᠷᠠᠭᠤᠯᠤᠨ ᠵᠣᠬᠢᠶᠠᠬᠤ ᠳᠠᠭᠠᠨ ᠠᠵᠢᠯᠴᠢ ᠠᠷᠪᠢᠴᠢ ᠪᠠᠷ | ᠠᠷᠪᠢᠯᠠᠨ ᠭᠠᠮᠨᠠᠬᠤ ᠵᠠᠷᠴᠢᠮ ᠢ ᠲᠤᠤᠱᠯᠠᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠪᠠᠶᠢᠭᠤᠯᠭ᠎ᠠ ᠶᠢᠨ | ᠠᠵᠢᠯᠯᠠᠭᠠᠨ ᠤ ᠵᠠᠷᠤᠳᠠᠯ ᠪᠠ ᠠᠰᠠᠷ ᠲᠠᠩᠬᠢᠮ ᠣᠷᠳᠣᠨ ᠪᠠᠭᠤᠳᠠᠯ ᠵᠡᠷᠭᠡ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠵᠠᠷᠤᠯᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ | ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢ ᠨᠠᠶᠢᠷᠠᠭᠤᠯᠤᠨ | ᠵᠣᠬᠢᠶᠠᠬᠤ ᠳᠠᠭᠠᠨ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠵᠦᠢ ᠵᠣᠬᠢᠰᠲᠠᠢ ᠬᠡᠷᠡᠭᠴᠡᠭᠡ ᠶᠢ ᠪᠠᠲᠤᠯᠠᠬᠤ ᠤᠷᠢᠲᠠᠯ ᠤᠨ ᠳᠣᠣᠷ᠎ᠠ᠂ ᠤᠯᠤᠰ ᠠᠴᠠ | ᠲᠣᠭᠲᠠᠭᠠᠭᠰᠠᠨ ᠭᠤᠣᠯᠳᠠᠯᠭ᠎ᠠ ᠲᠠᠢ ᠵᠠᠷᠤᠯᠭ᠎ᠠ ᠶᠢ ᠤᠷᠢᠳ ᠢᠶᠠᠷ ᠲᠤᠭᠢᠷᠠᠭᠤᠯᠬᠤ ᠬᠡᠷᠡᠭᠲᠡᠢ᠃ | ᠭᠤᠴᠢᠨ ᠨᠠᠢᠮᠠᠳᠤᠭᠠᠷ ᠵᠦᠢᠯ᠂ ᠡᠩ ᠤᠨ ᠴᠢᠨᠠᠷᠲᠠᠢ ᠰᠢᠯᠵᠢᠭᠦᠯᠦᠨ ᠥᠭᠬᠦ ᠶᠢ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠲᠣᠭᠲᠠᠭᠠᠭᠰᠠᠨ ᠦᠨᠳᠦᠰᠦᠨ ᠪᠠᠷᠢᠮᠵᠢᠶ᠎ᠠ ᠪᠠ ᠪᠤᠳᠤᠬᠤ ᠠᠷᠭ᠎ᠠ ᠶᠢᠨ ᠶᠣᠰᠣᠭᠠᠷ ᠨᠠᠶᠢᠷᠠᠭᠤᠯᠤᠨ | ᠵᠣᠬᠢᠶᠠᠬᠤ ᠬᠡᠷᠡᠭᠲᠡᠢ᠃ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ ᠭᠠᠵᠠᠷ ᠣᠷᠣᠨ ᠬᠤᠪᠢᠶᠠᠨ᠂ ᠲᠦᠷᠦᠯ | ᠵᠦᠢᠯ ᠬᠤᠪᠢᠶᠠᠨ ᠨᠠᠶᠢᠷᠠᠭᠤᠯᠤᠨ ᠵᠣᠬᠢᠶᠠᠬᠤ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠵᠠᠰᠠᠭ ᠤᠨ ᠣᠷᠳᠣᠨ ᠨᠢ ᠳᠤᠤᠷᠠᠳᠤ ᠱᠠᠲᠤᠨ ᠤ | ᠵᠠᠰᠠᠭ ᠤᠨ ᠣᠷᠳᠣᠨ ᠳᠤ ᠰᠢᠯᠵᠢᠭᠦᠯᠦᠨ ᠥᠭᠬᠦ ᠵᠢᠱᠢᠯᠲᠡ ᠲᠤᠭ᠎ᠠ ᠶᠢ ᠳᠤᠤᠷᠠᠳᠤ ᠱᠠᠲᠤᠨ ᠤ ᠵᠠᠰᠠᠭ ᠤᠨ | ᠣᠷᠳᠣᠨ ᠳᠤ ᠤᠷᠢᠳᠴᠢᠯᠠᠨ ᠪᠠᠭᠤᠯᠭᠠᠬᠤ ᠬᠡᠷᠡᠭᠲᠡᠢ᠃ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠢ ᠳᠡᠭᠡᠳᠦ ᠱᠠᠲᠤᠨ ᠤ ᠵᠠᠰᠠᠭ ᠤᠨ | ᠣᠷᠳᠣᠨ ᠤ ᠤᠷᠢᠳᠴᠢᠯᠠᠨ ᠪᠠᠭᠤᠯᠭᠠᠭᠰᠠᠨ ᠰᠢᠯᠵᠢᠭᠦᠯᠦᠨ ᠥᠭᠬᠦ ᠵᠢᠱᠢᠯᠲᠡ ᠲᠤᠭ᠎ᠠ ᠶᠢ ᠲᠤᠰ ᠱᠠᠲᠤᠨ ᠤ | ᠲᠥᠰᠦᠪ ᠲᠤ ᠨᠠᠶᠢᠷᠠᠭᠤᠯᠤᠨ ᠣᠷᠣᠭᠤᠯᠬᠤ ᠬᠡᠷᠡᠭᠲᠡᠢ᠃ | ᠭᠤᠴᠢ ᠶᠢᠰᠦᠳᠦᠭᠡᠷ ᠵᠦᠢᠯ᠂ ᠲᠥᠪ ᠤᠨ ᠲᠥᠰᠦᠪ ᠬᠢᠭᠡᠳ ᠬᠤᠯᠪᠣᠭᠳᠠᠯ ᠪᠦᠬᠦᠢ ᠣᠷᠣᠨ ᠨᠤᠲᠤᠭ ᠤᠨ | ᠲᠥᠰᠦᠪ ᠲᠤ ᠴᠢᠬᠤᠯᠠ ᠪᠦᠬᠦᠢ ᠪᠡᠯᠠ ᠮᠥᠩᠭᠦ ᠶᠢ ᠲᠤᠬᠢᠷᠡᠭᠤᠯᠵᠦ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ | ᠂ ᠦᠨᠳᠦᠰᠦᠲᠡᠨ ᠤ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠵᠤ ᠠᠬᠤᠶ | ᠨᠡᠶᠢᠭᠡᠮ ᠤᠨ ᠪᠦᠳᠦᠭᠡᠠ ᠪᠠᠶᠢᠭᠤᠯᠤᠯᠲᠠ ᠶᠢᠨ ᠦᠢᠯᠡᠰ ᠢ ᠲᠡᠳᠬᠦᠨ ᠲᠤᠰᠠᠯᠠᠬᠤ ᠳᠤ ᠬᠡᠷᠡᠭᠯᠡᠨ᠎ᠡ᠃ | ᠳᠥᠴᠢᠳᠦᠭᠡᠷ ᠵᠦᠢᠯ᠂ ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠨᠢ ᠲᠤᠰ ᠱᠠᠲᠤᠨ ᠤ | ᠤᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢᠨ ᠲᠣᠭᠠᠨ ᠤ ᠵᠠᠭᠤᠨ ᠤ ᠨᠢᠭᠡ ᠠᠴᠠ ᠵᠠᠭᠤᠨ ᠤ | ᠭᠤᠷᠪᠠ ᠪᠠᠷ ᠪᠡᠯᠡᠳᠬᠡᠯ ᠵᠠᠷᠤᠳᠠᠯ ᠳᠣᠬᠢᠷᠠᠭᠤᠯᠬᠤ ᠶᠢᠨ ᠶᠤᠰᠤᠭᠠᠷ ᠲᠤᠰ ᠵᠢᠯ ᠤᠨ ᠲᠥᠰᠦᠪ ᠢ ᠭᠦᠢᠴᠡᠳᠬᠡᠬᠦ | ᠳᠤᠮᠳᠠᠬᠢ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠡᠭᠦᠰᠬᠦ ᠬᠡᠷᠡᠭ ᠢ ᠰᠢᠢᠳᠪᠦᠷᠢᠯᠡᠬᠦ ᠳᠤ ᠨᠡᠮᠡᠭᠳᠡᠭᠰᠡᠨ ᠵᠠᠷᠤᠯᠭ᠎ᠠ | ᠵᠢᠴᠢ ᠤᠷᠢᠳᠴᠢᠯᠠᠨ ᠮᠡᠳᠡᠬᠦ ᠶᠢᠨ ᠠᠷᠭ᠎ᠠ ᠤᠢᠭᠡᠢ ᠪᠤᠰᠤᠳ ᠵᠠᠷᠤᠳᠠᠯ ᠭᠠᠷᠬᠤ ᠳᠤ ᠬᠡᠷᠡᠭᠯᠡᠨ᠎ᠡ᠃ | ᠳᠥᠴᠢᠨ ᠨᠢᠭᠡᠳᠦᠭᠡᠷ ᠵᠦᠢᠯ᠂ ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠲᠤ ᠲᠦᠷᠦ ᠶᠢᠨ | ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ᠂ ᠲᠥᠰᠦᠪ ᠤᠨ ᠡᠷᠭᠢᠯᠲᠡ ᠶᠢᠨ ᠮᠥᠩᠭᠦ ᠲᠤᠭᠢᠷᠠᠭᠤᠯᠵᠦ ᠪᠣᠯᠤᠨ᠎ᠠ | ᠂ ᠲᠡᠭᠦᠨ ᠢ ᠲᠤᠰ ᠱᠠᠲᠤᠨ ᠤ ᠵᠠᠰᠠᠭ ᠤᠨ ᠣᠷᠳᠣᠨ ᠤ ᠲᠥᠰᠦᠪ ᠤᠨ ᠣᠨ ᠤ ᠵᠢᠯ ᠤᠨ ᠤᠯᠠᠷᠢᠯ ᠤᠨ ᠴᠢᠨᠠᠷᠲᠠᠢ | ᠣᠷᠣᠯᠭ᠎ᠠ ᠵᠠᠷᠤᠯᠭ᠎ᠠ ᠶᠢᠨ ᠵᠦᠷᠢᠶ᠎ᠡ ᠲᠤᠭ᠎ᠠ ᠶᠢ ᠲᠤᠭᠢᠷᠠᠭᠤᠯᠬᠤ ᠳᠤ ᠬᠡᠷᠡᠭᠯᠡᠵᠦ ᠪᠣᠯᠤᠨ᠎ᠠ . | ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠲᠤ ᠲᠦᠷᠦ ᠶᠢᠨ ᠶᠠᠪᠤᠳᠠᠯ ᠤᠨ ᠬᠤᠷᠢᠶᠠᠨ ᠤ | ᠲᠣᠭᠲᠠᠭᠠᠯ ᠶᠣᠰᠣᠭᠠᠷ᠂ ᠲᠥᠰᠦᠪ ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠦ ᠶᠢ ᠪᠠᠶᠢᠭᠤᠯᠵᠤ᠂ | ᠳᠠᠷᠠᠭᠠᠴᠢ ᠶᠢᠨ ᠣᠨ ᠤ ᠵᠢᠯ ᠤᠨ ᠲᠥᠰᠦᠪ ᠤᠨ ᠪᠡᠯᠡ ᠮᠥᠩᠭᠦᠨ ᠤ ᠳᠤᠲᠠᠭᠳᠠᠯ ᠢ ᠨᠥᠬᠦᠪᠥᠷᠢᠯᠡᠬᠦ ᠳᠤ ᠬᠡᠷᠡᠭᠯᠡᠵᠦ | ᠪᠣᠯᠤᠨ᠎ᠠ᠃ | ᠳᠥᠴᠢᠨ ᠬᠤᠶᠠᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠤ ᠲᠦᠷᠦᠭᠦᠦ ᠨᠢᠭᠡ ᠵᠢᠯ ᠤᠨ | ᠲᠥᠰᠦᠪ ᠤᠨ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠳᠠᠷᠠᠭ᠎ᠠ ᠨᠢᠭᠡ ᠵᠢᠯ ᠳᠤ ᠳ᠋ᠦᠩᠨᠡᠨ ᠰᠢᠯᠵᠢᠭᠦᠯᠦᠭᠰᠡᠨ | ᠵᠦᠢᠯᠡᠰ ᠤᠨ ᠵᠠᠷᠤᠯᠭ᠎ᠠ ᠳᠤ ᠬᠡᠷᠡᠭᠯᠡᠬᠦ ᠬᠡᠷᠡᠭᠲᠡᠢ︔ ᠬᠤᠶᠠᠷ ᠵᠢᠯ ᠳᠠᠷᠠᠭᠠᠯᠠᠨ ᠬᠡᠷᠡᠭᠯᠡᠵᠦ ᠳᠠᠭᠤᠰᠤᠭᠰᠠᠨ ᠦᠭᠡᠢ | ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠦᠯᠡᠳᠡᠪᠦᠷᠢ ᠪᠡᠯᠡ ᠮᠥᠩᠭᠦ ᠪᠣᠯᠭᠠᠨ ᠬᠠᠮᠢᠶᠠᠷᠬᠤ ᠬᠡᠷᠡᠭᠲᠡᠢ᠃ | ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠲᠦᠷᠦᠭᠦᠦ ᠨᠢᠭᠡ ᠵᠢᠯ ᠤᠨ ᠲᠥᠰᠦᠪ ᠤᠨ ᠳ᠋ᠦᠩᠨᠡᠨ | ᠰᠢᠯᠵᠢᠭᠦᠯᠦᠭᠰᠡᠨ᠂ ᠦᠯᠡᠳᠡᠭᠰᠡᠨ ᠪᠡᠯᠡ ᠮᠥᠩᠭᠦ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠲᠠᠪᠤᠳᠤᠭᠠᠷ ᠪᠦᠯᠦᠭ ᠲᠦᠰᠦᠪ ᠢ ᠬᠢᠨᠠᠨ ᠪᠠᠶᠢᠴᠠᠭᠠᠬᠤ ᠪᠠ ᠵᠥᠪᠰᠢᠶᠡᠷᠡᠬᠦ | ᠳᠥᠴᠢᠨ ᠭᠤᠷᠪᠠᠳᠤᠭᠠᠷ ᠵᠦᠢᠯ᠂ ᠲᠥᠪ ᠤᠨ ᠲᠥᠰᠦᠪ ᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠬᠢᠨᠠᠨ ᠪᠠᠶᠢᠴᠠᠭᠠᠵᠤ ᠵᠥᠪᠰᠢᠶᠡᠷᠡᠨ᠎ᠡ᠃ | ᠣᠷᠣᠨ ᠨᠤᠲᠤᠭ ᠤᠨ ᠡᠯ᠎ᠡ ᠱᠠᠲᠤᠨ ᠤ ᠲᠥᠰᠦᠪ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠠᠴᠠ ᠬᠢᠨᠠᠨ ᠪᠠᠶᠢᠴᠠᠭᠠᠵᠤ ᠵᠥᠪᠰᠢᠶᠡᠷᠡᠨ᠎ᠡ᠃ | ᠳᠥᠴᠢᠨ ᠳᠥᠷᠪᠡᠳᠦᠭᠡᠷ ᠵᠦᠢᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠵᠢᠯ ᠪᠦᠷᠢ ᠶᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠠᠴᠠ | ᠳᠥᠴᠢᠨ ᠲᠠᠪᠤᠨ ᠡᠳᠦᠷ ᠤᠨ ᠡᠮᠦᠨ᠎ᠡ᠂ ᠲᠥᠪ ᠤᠨ ᠲᠥᠰᠦᠪ ᠤᠨ ᠲᠥᠰᠦᠯ ᠤᠨ ᠠᠩᠬᠠᠨ ᠤ ᠲᠥᠰᠦᠯ ᠢ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠳᠤ | ᠳᠡᠪᠰᠢᠭᠦᠯᠵᠦ ᠠᠩᠬ᠎ᠠ ᠠᠯᠬᠤᠮ ᠬᠢᠨᠠᠨ ᠪᠠᠶᠢᠴᠠᠭᠠᠯᠭᠠᠬᠤ ᠬᠡᠷᠡᠭᠲᠡᠢ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠬᠤᠷᠠᠯᠳᠤᠬᠤ ᠠᠴᠠ ᠭᠤᠴᠢᠨ ᠡᠳᠦᠷ ᠤᠨ ᠡᠮᠦᠨ᠎ᠡ᠂ ᠲᠤᠰ ᠱᠠᠲᠤᠨ ᠤ ᠲᠥᠰᠦᠪ ᠤᠨ ᠲᠥᠰᠦᠯ ᠤᠨ ᠠᠩᠬᠠᠨ ᠤ | ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠢ | ᠵᠥᠪᠯᠡᠯ ᠳᠤ ᠳᠡᠪᠰᠢᠭᠦᠯᠵᠦ ᠠᠩᠬ᠎ᠠ ᠠᠯᠬᠤᠮ ᠬᠢᠨᠠᠨ ᠪᠠᠶᠢᠴᠠᠭᠠᠯᠭᠠᠬᠤ ᠬᠡᠷᠡᠭᠲᠡᠢ᠃ | ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠶᠢᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ | ᠬᠤᠷᠠᠯᠳᠤᠬᠤ ᠠᠴᠠ ᠭᠤᠴᠢᠨ ᠡᠳᠦᠷ ᠤᠨ ᠡᠮᠦᠨ᠎ᠡ᠂ ᠲᠤᠰ ᠱᠠᠲᠤᠨ ᠤ ᠲᠥᠰᠦᠪ ᠤᠨ ᠲᠥᠰᠦᠯ ᠤᠨ ᠠᠩᠬᠠᠨ ᠤ | ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠢ | ᠵᠥᠪᠯᠡᠯ ᠳᠤ ᠳᠡᠪᠰᠢᠭᠦᠯᠵᠦ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠯᠭᠡᠬᠦ ᠪᠤᠶᠤ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ | ᠪᠠᠶᠢᠭᠤᠯᠤᠮᠵᠢ ᠳᠤ ᠬᠦᠷᠭᠡᠨ ᠰᠠᠨᠠᠯ ᠬᠤᠷᠢᠶᠠᠬᠤ ᠬᠡᠷᠡᠭᠲᠡᠢ᠃ | ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠦᠭᠡᠢ ᠬᠤᠲᠠ᠂ ᠬᠤᠳᠠ ᠶᠢᠨ ᠬᠠᠷᠢᠶ᠎ᠠ | ᠲᠣᠭᠤᠷᠢᠭ ᠤᠨ ᠵᠠᠰᠠᠭ ᠤᠨ ᠣᠷᠳᠣᠨ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠷᠠᠯ ᠬᠤᠷᠠᠯᠳᠤᠬᠤ ᠠᠴᠠ ᠭᠤᠴᠢᠨ ᠡᠳᠦᠷ ᠤᠨ ᠡᠮᠦᠨ᠎ᠡ᠂ ᠲᠤᠰ ᠱᠠᠲᠤᠨ ᠤ ᠲᠥᠰᠦᠪ ᠤᠨ ᠲᠥᠰᠦᠯ ᠤᠨ | ᠠᠩᠬᠠᠨ ᠤ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠳᠣᠰᠢᠶᠠᠵᠦ᠂ ᠠᠩᠬ᠎ᠠ ᠠᠯᠬᠤᠮ ᠬᠢᠨᠠᠨ ᠪᠠᠶᠢᠴᠠᠭᠠᠯᠭᠠᠬᠤ ᠬᠡᠷᠡᠭᠲᠡᠢ᠃ | ᠳᠥᠴᠢᠨ ᠲᠠᠪᠤᠳᠤᠭᠠᠷ ᠵᠦᠢᠯ᠂ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠦᠭᠡᠢ ᠬᠤᠲᠠ᠂ | ᠬᠤᠲᠠ ᠶᠢᠨ ᠬᠠᠷᠢᠶ᠎ᠠ ᠲᠣᠭᠤᠷᠢᠭ᠂ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠬᠤᠷᠠᠯ ᠬᠤᠷᠠᠯᠳᠤᠵᠤ ᠲᠥᠰᠦᠪ ᠤᠨ ᠲᠥᠰᠦᠯ ᠢ ᠬᠢᠨᠠᠨ | ᠪᠠᠶᠢᠴᠠᠭᠠᠬᠤ ᠠᠴᠠ ᠡᠮᠦᠨ᠎ᠡ᠂ ᠤᠯᠠᠨ ᠵᠦᠢᠯ ᠤᠨ ᠬᠡᠯᠪᠡᠷᠢ ᠪᠠᠷ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠣᠨ᠂ ᠰᠣᠩᠭᠤᠭᠤᠯᠢ ᠶᠢᠨ ᠠᠷᠠᠳ ᠪᠣᠯᠤᠨ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠰᠠᠨᠠᠯ ᠢ ᠰᠣᠨᠣᠰᠬᠤ ᠬᠡᠷᠡᠭᠲᠡᠶ᠃ | ᠳᠥᠴᠢᠨ ᠵᠢᠷᠭᠤᠳᠤᠭᠠᠷ ᠵᠦᠢᠯ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠮᠡᠳᠡᠭᠦᠯᠦᠨ ᠬᠦᠷᠭᠡᠵᠦ ᠬᠢᠨᠠᠨ ᠪᠠᠶᠢᠴᠠᠭᠠᠯᠭᠠᠬᠤ ᠪᠠ ᠵᠥᠪᠰᠢᠶᠡᠷᠡᠭᠦᠯᠬᠦ ᠲᠥᠰᠦᠪ ᠤᠨ ᠲᠥᠰᠦᠯ ᠢ ᠨᠠᠷᠢᠯᠢᠬᠵᠢᠭᠤᠯᠬᠤ | ᠬᠡᠷᠡᠭᠲᠡᠢ᠃ ᠲᠤᠰ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢ ᠴᠢᠳᠠᠮᠵᠢ ᠪᠠᠷ ᠨᠢ | ᠲᠦᠷᠦᠯ ᠬᠤᠪᠢᠶᠠᠬᠤ ᠳᠠᠭᠠᠨ ᠵᠣᠷᠪᠣᠰ ᠪᠦᠬᠦᠨ ᠢ ᠨᠠᠶᠢᠷᠠᠭᠤᠯᠤᠨ ᠵᠢᠬᠰᠠᠭᠠᠬᠤ ᠬᠡᠷᠡᠭᠲᠡᠢ︔ ᠠᠵᠤ ᠠᠬᠤᠢ ᠶᠢᠨ | ᠰᠢᠨᠵᠢ ᠴᠢᠨᠠᠷ ᠢᠶᠠᠷ ᠨᠢ ᠲᠦᠷᠦᠯ ᠬᠤᠪᠢᠶᠠᠬᠤ ᠳᠠᠭᠠᠨ ᠦᠨᠳᠦᠰᠦᠨ ᠵᠠᠷᠤᠯᠭ᠎ᠠ ᠶᠢ ᠪᠠᠳᠠᠭ ᠪᠦᠬᠦᠨ ᠢ ᠨᠠᠶᠢᠷᠠᠭᠤᠯᠤᠨ | ᠵᠢᠬᠰᠠᠭᠠᠬᠤ ᠬᠡᠷᠡᠭᠲᠡᠢ᠃ ᠲᠤᠰ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ᠂ | ᠤᠯᠤᠰ ᠤᠨ ᠥᠮᠴᠢᠯᠡᠯ ᠤᠨ ᠪᠡᠯᠡ ᠬᠦᠷᠦᠩᠭᠡ ᠶᠢᠨ ᠡᠵᠡᠩᠨᠡᠯᠲᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦᠨ ᠤ ᠲᠥᠰᠦᠪ ᠤᠨ ᠵᠠᠷᠤᠯᠭ᠎ᠠ ᠶᠢ ᠴᠢᠳᠠᠮᠵᠢ ᠪᠠᠷ ᠨᠢ ᠲᠦᠷᠦᠯ ᠬᠤᠪᠢᠶᠠᠬᠤ ᠳᠠᠭᠠᠨ ᠵᠣᠷᠪᠣᠰ | ᠪᠦᠬᠦᠨ ᠢ ᠨᠠᠶᠢᠷᠠᠭᠤᠯᠤᠨ ᠵᠢᠬᠰᠠᠭᠠᠬᠤ ᠬᠡᠷᠡᠭᠲᠡᠢ᠃ | ᠳᠥᠴᠢᠨ ᠳᠣᠯᠣᠳᠤᠭᠠᠷ ᠵᠦᠢᠯ᠂ ᠲᠦᠷᠤ ᠶᠢᠨ ᠶᠠᠪᠤᠳᠠᠯ ᠤᠨ ᠬᠤᠷᠢᠶ᠎ᠠ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠦᠶ᠎ᠡ ᠳᠤ᠂ ᠶᠡᠭᠡ ᠬᠤᠷᠠᠯ ᠳᠤ ᠲᠥᠪ ᠤᠨ ᠪᠠ ᠣᠷᠣᠨ | ᠨᠤᠲᠤᠭ ᠤᠨ ᠲᠥᠰᠦᠪ ᠤᠨ ᠲᠥᠰᠦᠯ ᠵᠢᠴᠢ ᠲᠥᠪ ᠤᠨ ᠪᠠ ᠣᠷᠣᠨ ᠨᠤᠲᠤᠭ ᠤᠨ ᠲᠥᠰᠦᠪ ᠢ ᠭᠦᠢᠴᠡᠳᠬᠡᠭᠰᠡᠨ | ᠪᠠᠶᠢᠳᠠᠯ ᠤᠨ ᠮᠡᠳᠡᠭᠦᠯᠦᠯᠲᠡ ᠬᠢᠬᠦ ᠬᠡᠷᠡᠭᠲᠡᠶ᠃ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠬᠤᠷᠠᠯ ᠬᠤᠷᠠᠯᠳᠤᠬᠤ ᠦᠶ᠎ᠡ ᠳᠤ᠂ ᠶᠡᠭᠡ ᠬᠤᠷᠠᠯ ᠳᠤ ᠶᠡᠷᠦᠩᠬᠡᠢ ᠲᠥᠰᠦᠪ ᠤᠨ | ᠲᠥᠰᠦᠯ ᠪᠣᠯᠤᠨ ᠶᠡᠷᠦᠩᠬᠡᠢ ᠲᠥᠰᠦᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠨ᠎ᠡ᠃ | ᠳᠥᠴᠢᠨ ᠨᠠᠢᠮᠠᠳᠤᠭᠠᠷ ᠵᠦᠢᠯ᠂ ᠪᠦᠬᠦ ᠣᠯᠣᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠲᠥᠰᠦᠪ ᠤᠨ ᠲᠥᠰᠦᠯ ᠵᠢᠴᠢ ᠲᠡᠭᠦᠨ ᠤ ᠮᠡᠳᠡᠭᠦᠯᠦᠯᠲᠡ᠂ ᠲᠥᠰᠦᠪ ᠢ ᠭᠦᠢᠴᠡᠳᠬᠡᠭᠰᠡᠨ ᠪᠠᠶᠢᠳᠠᠯ ᠤᠨ | ᠮᠡᠳᠡᠭᠦᠯᠦᠯᠲᠡ ᠶᠢᠨ ᠳᠣᠣᠷ᠎ᠠ ᠵᠢᠭᠰᠠᠭᠠᠭᠰᠠᠨ ᠠᠭᠤᠯᠭ᠎ᠠ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠨ᠎ᠠ᠄ | ︵ᠨᠢᠭᠡ︶ ᠲᠦᠷᠦᠭᠦᠦ ᠨᠢᠭᠡ ᠵᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ ᠨᠢ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠰᠢᠢᠳᠪᠦᠷᠢ ᠶᠢᠨ ᠱᠠᠭᠠᠷᠳᠠᠯᠭ᠎ᠠ ᠳᠤ ᠨᠡᠶᠢᠴᠡᠬᠦ | ᠡᠰᠡᠬᠦ︔ | ︵ᠬᠤᠶᠠᠷ︶ ᠲᠥᠰᠦᠪ ᠤᠨ ᠲᠤᠭᠢᠷᠠᠭᠤᠯᠤᠯᠳᠠ ᠨᠢ ᠲᠤᠰ ᠬᠠᠤᠯᠢ ᠶᠢᠨ ᠲᠣᠭᠲᠠᠭᠠᠯ ᠳᠤ ᠨᠡᠶᠢᠴᠡᠬᠦ ᠡᠰᠡᠬᠦ︔ | ︵ᠭᠤᠷᠪᠠ︶ ᠲᠥᠰᠦᠪ ᠤᠨ ᠲᠤᠭᠢᠷᠠᠭᠤᠯᠤᠯᠳᠠ ᠨᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠭᠰᠠᠨ ᠡᠰᠡᠬᠦ᠂ ᠣᠷᠣᠯᠭ᠎ᠠ ᠵᠠᠷᠤᠯᠭ᠎ᠠ ᠶᠢᠨ | ᠲᠦᠷᠦ ᠶᠢᠨ ᠪᠤᠳᠤᠯᠭ᠎ᠠ ᠨᠢ ᠦᠨᠡᠨ ᠬᠦ ᠬᠡᠷᠡᠭᠵᠢᠭᠦᠯᠵᠦ ᠪᠣᠯᠬᠤ ᠡᠰᠡᠬᠦ︔ | ︵ᠳᠦᠷᠪᠡ︶ ᠭᠤᠣᠯᠳᠠᠯᠭ᠎ᠠ ᠲᠠᠢ ᠵᠠᠷᠤᠯᠭ᠎ᠠ ᠪᠠ ᠴᠢᠬᠤᠯᠠ ᠶᠡᠭᠡ ᠪᠡᠯᠡ ᠣᠷᠣᠭᠤᠯᠤᠯᠲᠠ ᠶᠢᠨ ᠵᠦᠢᠯᠡᠰ ᠤᠨ | ᠲᠥᠰᠦᠪ ᠤᠨ ᠲᠤᠭᠢᠷᠠᠭᠤᠯᠤᠯᠳᠠ ᠨᠢ ᠵᠣᠬᠢᠰᠲᠠᠢ ᠡᠰᠡᠬᠦ︔ | ︵ᠲᠠᠪᠤ︶ ᠲᠥᠰᠦᠪ ᠢ ᠨᠠᠶᠢᠷᠠᠭᠤᠯᠤᠨ ᠵᠣᠬᠢᠶᠠᠭᠰᠠᠨ ᠨᠢ ᠪᠦᠷᠢᠨ ᠲᠡᠭᠦᠯᠳᠡᠷ ᠪᠠᠶᠢᠬᠤ ᠡᠰᠡᠬᠦ᠂ ᠲᠤᠰ | ᠬᠠᠤᠯᠢ ᠶᠢᠨ ᠳᠥᠴᠢᠨ ᠵᠢᠷᠭᠤᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠡᠰᠡᠬᠦ︔ | ︵ᠵᠢᠷᠭᠤᠭ᠎ᠠ︶ ᠳᠤᠤᠷᠠᠳᠤ ᠱᠠᠲᠤᠨ ᠤ ᠵᠠᠰᠠᠭ ᠤᠨ ᠣᠷᠳᠣᠨ ᠳᠤ ᠰᠢᠯᠵᠢᠭᠦᠯᠦᠨ ᠥᠭᠬᠦ ᠴᠢᠨᠠᠷᠲᠠᠢ | ᠵᠠᠷᠤᠯᠭ᠎ᠠ ᠶᠢᠨ ᠲᠥᠰᠦᠪ ᠨᠢ ᠵᠢᠷᠦᠮᠵᠢᠭᠤᠨ᠂ ᠵᠣᠬᠢᠰᠲᠠᠢ ᠡᠰᠡᠬᠦ︔ | ︵ᠳᠤᠯᠤᠭ᠎ᠠ︶ ᠲᠥᠰᠦᠪ ᠤᠨ ᠲᠤᠭᠢᠷᠠᠭᠤᠯᠤᠯᠳᠠ ᠳᠠᠬᠢ ᠵᠢᠭᠡᠯᠡᠭᠰᠡᠨ ᠵᠢᠭᠡᠯᠡᠯᠭᠡ ᠨᠢ ᠬᠠᠤᠯᠢ ᠳᠤ ᠨᠡᠶᠢᠴᠡᠬᠦ | ᠡᠰᠡᠬᠦ᠂ ᠵᠦᠢ ᠵᠣᠬᠢᠰᠲᠠᠢ ᠡᠰᠡᠬᠦ᠂ ᠲᠦᠯᠦᠭᠦ ᠲᠥᠯᠥᠪᠯᠡᠭᠡ ᠪᠠ ᠲᠦᠯᠦᠭᠦ ᠪᠡᠯᠡ ᠮᠥᠩᠭᠦ ᠶᠢᠨ ᠲᠣᠭᠲᠠᠪᠤᠷᠢᠲᠠᠢ | ᠢᠷᠡᠯᠳᠡ ᠲᠠᠢ ᠪᠠᠶᠢᠬᠤ ᠡᠰᠡᠬᠦ︔ | ︵ᠨᠠᠢᠮᠠ︶ ᠲᠥᠰᠦᠪ ᠲᠠᠢ ᠬᠤᠯᠪᠣᠭᠳᠠᠯ ᠪᠦᠬᠦᠢ ᠴᠢᠬᠤᠯᠠ ᠵᠦᠢᠯᠡᠰ ᠤᠨ ᠲᠣᠳᠣᠷᠬᠠᠶᠢᠯᠠᠯᠲᠠ ᠨᠢ ᠲᠣᠳᠣᠷᠬᠠᠢ | ᠪᠠᠶᠢᠬᠤ ᠡᠰᠡᠬᠦ᠃ | ᠳᠥᠴᠢ ᠶᠢᠰᠦᠳᠦᠭᠡᠷ ᠵᠦᠢᠯ᠂ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ | ᠵᠠᠰᠠᠭ ᠠᠵᠤ ᠠᠬᠤᠶ ᠶᠢᠨ ᠺᠣᠮᠢᠰ ᠠᠴᠠ ᠪᠦᠬᠦ ᠣᠯᠣᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠤᠨ ᠳᠤᠷᠠᠳᠤᠭᠰᠠᠨ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ | ᠬᠢᠭᠡᠳ ᠲᠥᠪ ᠤᠨ ᠪᠠ ᠣᠷᠣᠨ ᠨᠣᠲᠤᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠢ ᠬᠢᠨᠠᠨ ᠪᠠᠶᠢᠴᠠᠭᠠᠭᠰᠠᠨ | ᠦᠷ᠎ᠡ ᠳ᠋ᠦᠩ ᠤᠨ ᠲᠤᠬᠠᠶ ᠮᠡᠳᠡᠭᠦᠯᠦᠯᠲᠡ ᠳᠡᠪᠰᠢᠭᠦᠯᠦᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠳᠤᠭᠤᠷᠢᠭᠳᠤ ᠬᠤᠳᠠ᠂ | ᠥᠪᠡᠷᠲᠡᠭᠡᠨ ᠵᠠᠰᠠᠬᠤ ᠵᠧᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠶ | ᠺᠣᠮᠢᠰ᠂ ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠦᠭᠡᠢ ᠬᠤᠲᠠ᠂ ᠬᠤᠳᠠ ᠶᠢᠨ ᠬᠠᠷᠢᠶ᠎ᠠ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ | ᠳᠤᠷᠠᠳᠤᠭᠰᠠᠨ ᠶᠡᠷᠦᠩᠬᠡᠢ ᠲᠥᠰᠦᠪ ᠤᠨ ᠲᠥᠰᠦᠯ ᠵᠢᠴᠢ ᠲᠦᠷᠦᠭᠦᠦ ᠨᠢᠭᠡ ᠵᠢᠯ ᠤᠨ ᠶᠡᠷᠦᠩᠬᠡᠢ ᠲᠥᠰᠦᠪ ᠢ | ᠭᠦᠢᠴᠡᠳᠬᠡᠭᠰᠡᠨ ᠪᠠᠶᠢᠳᠠᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠳᠡᠪᠰᠢᠭᠦᠯᠦᠨ᠎ᠡ᠃ | ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠳᠤ ᠳᠣᠣᠷ᠎ᠠ ᠵᠢᠭᠰᠠᠭᠠᠭᠰᠠᠨ ᠠᠭᠤᠯᠭ᠎ᠠ ᠶᠢ | ᠪᠠᠭᠲᠠᠭᠠᠭᠰᠠᠨ ᠪᠠᠶᠢᠬᠤ ᠬᠡᠷᠡᠭᠲᠡᠢ᠄ | ︵ᠨᠢᠭᠡ︶ ᠲᠦᠷᠦᠭᠦᠦ ᠨᠢᠭᠡ ᠵᠢᠯ ᠤᠨ ᠲᠥᠰᠦᠪ ᠢ ᠭᠦᠢᠴᠡᠳᠬᠡᠭᠰᠡᠨ ᠪᠠ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠰᠢᠢᠳᠪᠦᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠦᠨᠡᠯᠡᠯᠲᠡ ᠬᠢᠨ᠎ᠠ︔ | ︵ᠬᠤᠶᠠᠷ︶ ᠲᠤᠰ ᠣᠨ ᠤ ᠵᠢᠯ ᠤᠨ ᠲᠥᠰᠦᠪ ᠤᠨ ᠲᠥᠰᠦᠯ ᠨᠢ ᠲᠤᠰ ᠬᠠᠤᠯᠢ ᠶᠢᠨ ᠲᠣᠭᠲᠠᠭᠠᠯ ᠳᠤ | ᠨᠡᠶᠢᠴᠡᠬᠦ ᠡᠰᠡᠬᠦ᠂ ᠭᠦᠢᠴᠡᠳᠬᠡᠵᠦ ᠪᠣᠯᠬᠤ ᠡᠰᠡᠬᠦ ᠳᠤ ᠦᠨᠡᠯᠡᠯᠲᠡ ᠬᠢᠨ᠎ᠠ︔ | ︵ᠭᠤᠷᠪᠠ︶ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ | ᠲᠥᠰᠦᠯ ᠪᠠ ᠲᠥᠰᠦᠪ ᠤᠨ ᠮᠡᠳᠡᠭᠦᠯᠦᠯᠲᠡ ᠶᠢ ᠵᠥᠪᠰᠢᠶᠡᠷᠡᠬᠦ ᠳᠤ ᠰᠠᠨᠠᠭᠤᠯᠭ᠎ᠠ ᠳᠤᠷᠠᠳᠤᠨ᠎ᠠ︔ | ︵ᠳᠦᠷᠪᠡ︶ ᠣᠨ ᠤ ᠵᠢᠯ ᠤᠨ ᠲᠥᠰᠦᠪ ᠢ ᠭᠦᠢᠴᠡᠳᠬᠡᠬᠦ᠂ ᠲᠥᠰᠦᠪ ᠤᠨ ᠬᠠᠮᠢᠶᠠᠷᠤᠯᠲᠠ ᠶᠢ | ᠰᠠᠶᠢᠵᠢᠷᠠᠭᠤᠯᠬᠤ᠂ ᠲᠥᠰᠦᠪ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠲᠥᠰᠦᠪ ᠤᠨ ᠬᠢᠨᠠᠯᠲᠠ ᠶᠢ | ᠴᠢᠩᠭᠠᠳᠬᠠᠬᠤ ᠵᠡᠷᠭᠡ ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ | ᠲᠠᠪᠢᠳᠤᠭᠠᠷ ᠵᠦᠢᠯ᠂ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠵᠠᠰᠠᠭ ᠤᠨ ᠣᠷᠳᠣᠨ ᠴᠠᠭ | ᠲᠤᠬᠠᠢ ᠳᠤᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠲᠤᠰ | ᠱᠠᠲᠤᠨ ᠤ ᠲᠥᠰᠦᠪ ᠢ ᠳᠡᠭᠡᠷ᠎ᠡ ᠨᠢᠭᠡ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠴᠠᠭ | ᠲᠤᠬᠠᠶ ᠳᠤᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠲᠤᠰ | ᠱᠠᠲᠤᠨ ᠤ ᠲᠥᠰᠦᠪ ᠵᠢᠴᠢ ᠳᠣᠣᠷ᠎ᠠ ᠨᠢᠭᠡ ᠱᠠᠲᠤᠨ ᠤ ᠵᠠᠰᠠᠭ ᠤᠨ ᠣᠷᠳᠣᠨ ᠤ ᠮᠡᠳᠡᠭᠦᠯᠵᠦ ᠳᠠᠩᠰᠠᠯᠠᠭᠤᠯᠤᠭᠰᠠᠨ | ᠲᠥᠰᠦᠪ ᠤᠳ ᠢ ᠡᠮᠬᠢᠳᠬᠡᠨ ᠨᠡᠶᠢᠯᠡᠭᠦᠯᠦᠭᠡᠳ᠂ ᠳᠡᠭᠡᠷ᠎ᠡ ᠨᠢᠭᠡ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠶ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠠᠴᠠ | ᠳᠣᠣᠷ᠎ᠠ ᠨᠢᠭᠡ ᠱᠠᠲᠤᠨ ᠤ ᠵᠠᠰᠠᠭ ᠤᠨ ᠣᠷᠳᠣᠨ ᠤ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠮᠡᠳᠡᠭᠦᠯᠵᠦ | ᠳᠠᠩᠰᠠᠯᠠᠭᠤᠯᠤᠭᠰᠠᠨ ᠲᠥᠰᠦᠪ ᠤᠳ ᠢ ᠡᠮᠬᠢᠳᠬᠡᠨ ᠨᠡᠶᠢᠯᠡᠭᠦᠯᠦᠭᠡᠳ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ ᠳᠠᠩᠰᠠᠯᠠᠭᠤᠯᠤᠨ᠎ᠠ᠃ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠵᠠᠰᠠᠭ ᠤᠨ ᠣᠷᠳᠣᠨ ᠤ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠮᠡᠳᠡᠭᠦᠯᠵᠦ ᠳᠠᠩᠰᠠᠯᠠᠭᠤᠯᠤᠭᠰᠠᠨ | ᠲᠥᠰᠦᠪ ᠤᠳ ᠢ ᠡᠮᠬᠢᠳᠬᠡᠨ ᠨᠡᠶᠢᠯᠡᠭᠦᠯᠦᠭᠡᠳ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ ᠳᠠᠩᠰᠠᠯᠠᠭᠤᠯᠤᠨ᠎ᠠ᠃ | ᠲᠠᠪᠢᠨ ᠨᠢᠭᠡᠳᠦᠭᠡᠷ ᠵᠦᠢᠯ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠠᠴᠠ ᠳᠣᠣᠷ᠎ᠠ ᠨᠢᠭᠡ ᠱᠠᠲᠤᠨ ᠤ | ᠵᠠᠰᠠᠭ ᠤᠨ ᠣᠷᠳᠣᠨ ᠤ ᠲᠤᠰ ᠬᠠᠤᠯᠢ ᠶᠢᠨ ᠲᠠᠪᠢᠳᠤᠭᠠᠷ ᠵᠦᠢᠯ ᠤᠨ ᠲᠣᠭᠲᠠᠭᠠᠯ ᠶᠣᠰᠣᠭᠠᠷ ᠮᠡᠳᠡᠭᠦᠯᠵᠦ | ᠳᠠᠩᠰᠠᠯᠠᠭᠤᠯᠤᠭᠰᠠᠨ ᠲᠥᠰᠦᠪ ᠤᠳ ᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠲᠠᠢ | ᠬᠠᠷᠰᠢᠯᠳᠤᠬᠤ ᠪᠤᠶᠤ ᠪᠤᠰᠤᠳ ᠵᠤᠬᠢᠰ ᠤᠢᠭᠡᠢ ᠵᠦᠢᠯ ᠪᠠᠶᠢᠨ᠎ᠠ ᠭᠡᠵᠦ ᠦᠵᠡᠵᠦ᠂ ᠲᠥᠰᠦᠪ ᠢ ᠵᠥᠪᠰᠢᠶᠡᠷᠡᠭᠰᠡᠨ | ᠰᠢᠢᠳᠪᠦᠷᠢ ᠶᠢ ᠬᠦᠴᠦᠨ ᠦᠭᠡᠢ ᠪᠣᠯᠭᠠᠬᠤ ᠴᠢᠬᠤᠯᠠᠲᠠᠶ ᠪᠠᠶᠢᠪᠠᠯ᠂ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠲᠣᠭᠲᠠᠭᠠᠯᠭᠠᠨ᠎ᠠ᠃ | ᠲᠠᠪᠢᠨ ᠬᠤᠶᠠᠳᠤᠭᠠᠷ ᠵᠦᠢᠯ᠂ ᠡᠯ᠎ᠡ ᠱᠠᠲᠤᠨ ᠤ ᠲᠥᠰᠦᠪ ᠢ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠰ ᠱᠠᠲᠤᠨ ᠤ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠤᠷᠢᠨ ᠡᠳᠦᠷ ᠤᠨ ᠳᠣᠲᠣᠷ᠎ᠠ ᠲᠤᠰ ᠱᠠᠲᠤᠨ ᠤ ᠡᠯ᠎ᠡ | ᠰᠠᠯᠠᠭ᠎ᠠ ᠮᠥᠴᠢᠷ ᠲᠤ ᠲᠥᠰᠦᠪ ᠢ ᠴᠤᠬᠤᠯᠠᠪᠤᠷᠢᠯᠠᠨ ᠬᠠᠷᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠠᠴᠠ ᠲᠤᠰ | ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠴᠤᠬᠤᠯᠠᠪᠤᠷᠢᠯᠠᠨ ᠬᠠᠷᠢᠭᠤᠯᠤᠭᠰᠠᠨ | ᠲᠤᠰ ᠰᠠᠯᠠᠭ᠎ᠠ ᠮᠥᠴᠢᠷ ᠤᠨ ᠲᠥᠰᠦᠪ ᠢ ᠬᠦᠯᠢᠶᠡᠨ ᠠᠪᠤᠭᠰᠠᠨ ᠤ ᠳᠠᠷᠠᠭ᠎ᠠ᠂ ᠠᠷᠪᠠᠨ ᠲᠠᠪᠤᠨ ᠡᠳᠦᠷ ᠤᠨ ᠳᠣᠲᠣᠷ᠎ᠠ | ᠬᠠᠷᠢᠶ᠎ᠠ ᠨᠢᠭᠡᠴᠢ ᠳᠡᠭᠡᠨ ᠲᠥᠰᠦᠪ ᠢ ᠴᠤᠬᠤᠯᠠᠪᠤᠷᠢᠯᠠᠨ ᠬᠠᠷᠢᠭᠤᠯᠬᠤ ᠬᠡᠷᠡᠭᠲᠡᠢ᠃ | ᠲᠥᠪ ᠠᠴᠠ ᠣᠷᠣᠨ ᠨᠤᠲᠤᠭ ᠲᠤ ᠡᠩ ᠤᠨ ᠴᠢᠨᠠᠷᠲᠠᠢ ᠰᠢᠯᠵᠢᠭᠦᠯᠦᠨ ᠥᠭᠬᠦ ᠶᠢ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠥᠰᠦᠪ ᠢ ᠵᠥᠪᠰᠢᠶᠡᠷᠡᠭᠰᠡᠨ ᠤ ᠳᠠᠷᠠᠭ᠎ᠠ ᠭᠤᠴᠢᠨ | ᠡᠳᠦᠷ ᠤᠨ ᠳᠣᠲᠣᠷ᠎ᠠ ᠠᠯᠪᠠᠨ ᠶᠣᠰᠣ ᠪᠠᠷ ᠪᠠᠭᠤᠯᠭᠠᠬᠤ ᠬᠡᠷᠡᠭᠲᠡᠢ᠃ ᠲᠥᠪ ᠠᠴᠠ ᠣᠷᠣᠨ ᠨᠤᠲᠤᠭ ᠲᠤ ᠲᠤᠰᠬᠠᠢ | ᠵᠦᠢᠯᠡᠰ ᠢᠶᠠᠷ ᠰᠢᠯᠵᠢᠭᠦᠯᠦᠨ ᠥᠭᠬᠦ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠲᠥᠰᠦᠪ ᠢ ᠵᠥᠪᠰᠢᠶᠡᠷᠡᠭᠰᠡᠨ ᠤ ᠳᠠᠷᠠᠭ᠎ᠠ ᠶᠡᠷᠡᠨ ᠡᠳᠦᠷ ᠤᠨ ᠳᠣᠲᠣᠷ᠎ᠠ ᠠᠯᠪᠠᠨ ᠶᠣᠰᠣ ᠪᠠᠷ ᠪᠠᠭᠤᠯᠭᠠᠬᠤ ᠬᠡᠷᠡᠭᠲᠡᠢ᠃ | | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠨᠢ | ᠲᠥᠪ ᠤᠨ ᠡᠩ ᠤᠨ ᠴᠢᠨᠠᠷᠲᠠᠢ ᠰᠢᠯᠵᠢᠭᠦᠯᠦᠨ ᠥᠭᠬᠦ ᠪᠠ ᠲᠤᠰᠬᠠᠢ ᠵᠦᠢᠯᠡᠰ ᠢᠶᠠᠷ ᠰᠢᠯᠵᠢᠭᠦᠯᠦᠨ ᠥᠭᠬᠦ ᠶᠢ | ᠬᠦᠯᠢᠶᠡᠨ ᠠᠪᠣᠬᠰᠡᠨ ᠤ ᠳᠠᠷᠠᠭ᠎ᠠ᠂ ᠭᠤᠴᠢᠨ ᠡᠳᠦᠷ ᠤᠨ ᠳᠣᠲᠣᠷ᠎ᠠ ᠲᠤᠰ ᠵᠠᠰᠠᠭ ᠵᠠᠬᠢᠷᠭᠠᠨ ᠤ ᠣᠷᠣᠨ ᠳᠠᠬᠢ | ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠵᠠᠰᠠᠭ ᠤᠨ ᠣᠷᠳᠣᠨ ᠳᠤ ᠠᠯᠪᠠᠨ ᠶᠣᠰᠣ ᠪᠠᠷ ᠪᠠᠭᠤᠯᠭᠠᠬᠤ | ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠲᠥᠰᠦᠪ ᠳᠣᠬᠢᠷᠠᠭᠤᠯᠭ᠎ᠠ ᠳᠤ | ᠳᠤᠤᠷᠠᠳᠤ ᠱᠠᠲᠤᠨ ᠤ ᠵᠠᠰᠠᠭ ᠤᠨ ᠣᠷᠳᠣᠨ ᠳᠤ ᠡᠩ ᠤᠨ ᠴᠢᠨᠠᠷᠲᠠᠢ ᠰᠢᠯᠵᠢᠭᠦᠯᠦᠨ ᠥᠭᠬᠦ ᠪᠠ ᠲᠤᠰᠬᠠᠢ | ᠵᠦᠢᠯᠡᠰ ᠢᠶᠠᠷ ᠰᠢᠯᠵᠢᠭᠦᠯᠦᠨ ᠥᠭᠬᠦ ᠳᠤ᠂ ᠲᠤᠰ ᠲᠤᠰ ᠲᠤᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠠᠴᠠ ᠲᠥᠰᠦᠪ ᠢ ᠵᠥᠪᠰᠢᠶᠡᠷᠡᠭᠰᠡᠨ ᠤ ᠳᠠᠷᠠᠭ᠎ᠠ ᠭᠤᠴᠢᠨ ᠡᠳᠦᠷ ᠪᠠ ᠵᠢᠷᠠᠨ ᠡᠳᠦᠷ ᠤᠨ | ᠳᠣᠲᠣᠷ᠎ᠠ ᠠᠯᠪᠠᠨ ᠶᠣᠰᠣ ᠪᠠᠷ ᠪᠠᠭᠤᠯᠭᠠᠬᠤ ᠬᠡᠷᠡᠭᠲᠡᠢ᠃ | ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ ᠳᠤ ᠰᠢᠯᠵᠢᠭᠦᠯᠦᠨ | ᠥᠭᠬᠦ ᠳᠡᠭᠡᠨ ᠲᠥᠰᠦᠪ ᠢ ᠴᠠᠭ ᠲᠤᠬᠠᠢ ᠳᠤᠨᠢ ᠪᠠᠭᠤᠯᠭᠠᠬᠤ ᠬᠡᠷᠡᠭᠲᠡᠢ︔ ᠪᠣᠳᠠᠲᠠᠢ ᠪᠠᠷ ᠳ᠋ᠦᠩᠨᠡᠨ ᠪᠤᠳᠤᠬᠤ ᠵᠡᠷᠭᠡ | ᠣᠨᠴᠠᠭᠠᠢ ᠵᠦᠢᠯᠡᠰ ᠤᠨ ᠰᠢᠯᠵᠢᠭᠦᠯᠦᠨ ᠥᠭᠬᠦ ᠶᠢ ᠬᠤᠭᠤᠴᠠᠭ᠎ᠠ ᠬᠤᠪᠢᠶᠠᠨ ᠲᠥᠰᠦᠪ ᠪᠠᠭᠤᠯᠭᠠᠵᠤ ᠪᠣᠯᠤᠨ᠎ᠠ᠂ | ᠡᠰᠡᠬᠦᠯ᠎ᠡ ᠤᠷᠢᠳ ᠢᠶᠠᠷ ᠤᠷᠢᠳᠴᠢᠯᠠᠨ ᠥᠭᠴᠦ ᠬᠤᠶᠢᠨ᠎ᠠ ᠨᠢ ᠳ᠋ᠦᠩᠨᠡᠨ ᠪᠤᠳᠤᠵᠦ ᠪᠣᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠠᠴᠠ ᠴᠤᠬᠤᠯᠠᠪᠤᠷᠢᠯᠠᠨ ᠬᠠᠷᠢᠭᠤᠯᠤᠭᠰᠠᠨ ᠲᠤᠰ ᠱᠠᠲᠤᠨ ᠤ ᠡᠯ᠎ᠡ ᠰᠠᠯᠠᠭ᠎ᠠ ᠮᠥᠴᠢᠷ ᠤᠨ ᠲᠥᠰᠦᠪ | ᠪᠣᠯᠤᠨ ᠴᠤᠬᠤᠯᠠᠪᠤᠷᠢᠯᠠᠨ ᠬᠠᠷᠢᠭᠤᠯᠤᠭᠰᠠᠨ ᠳᠤᠤᠷᠠᠳᠤ ᠱᠠᠲᠤᠨ ᠤ ᠵᠠᠰᠠᠭ ᠤᠨ ᠣᠷᠳᠣᠨ ᠳᠤ ᠰᠢᠯᠵᠢᠭᠦᠯᠦᠨ ᠥᠭᠬᠦ | ᠲᠥᠰᠦᠪ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ | ᠠᠬᠤᠢ ᠶᠢᠨ ᠵᠥᠪᠯᠡᠯ᠂ ᠬᠤᠯᠪᠣᠭᠳᠠᠯ ᠪᠦᠬᠦᠢ ᠲᠤᠰᠬᠠᠢ ᠵᠥᠪᠯᠡᠯ ᠪᠣᠯᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ | ᠪᠦᠬᠦᠢ ᠠᠵᠢᠯ ᠤᠨ ᠪᠠᠶᠢᠭᠤᠯᠤᠮᠵᠢ ᠳᠤ ᠬᠠᠭᠤᠯᠤᠨ ᠬᠦᠷᠭᠡᠨ᠎ᠡ᠃ | ᠵᠢᠷᠭᠤᠳᠤᠭᠠᠷ ᠪᠦᠯᠦᠭ ᠲᠦᠰᠦᠪ ᠢ ᠭᠦᠢᠴᠡᠳᠬᠡᠬᠦ | ᠲᠠᠪᠢᠨ ᠭᠤᠷᠪᠠᠳᠤᠭᠠᠷ ᠵᠦᠢᠯ᠂ ᠡᠯ᠎ᠡ ᠱᠠᠲᠤᠨ ᠤ ᠲᠥᠰᠦᠪ ᠢ ᠲᠤᠰ ᠱᠠᠲᠤᠨ ᠤ ᠵᠠᠰᠠᠭ ᠤᠨ ᠣᠷᠳᠣᠨ | ᠵᠣᠬᠢᠶᠠᠨ ᠪᠠᠶᠢᠭᠤᠯᠵᠤ ᠭᠦᠢᠴᠡᠳᠬᠡᠨ᠎ᠡ᠂ ᠪᠣᠳᠠᠲᠠᠢ ᠠᠵᠢᠯ ᠢ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠬᠠᠷᠢᠭᠤᠴᠠᠨ᠎ᠠ᠃ | ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠪᠣᠯ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠲᠥᠰᠦᠪ ᠢ | ᠭᠦᠢᠴᠡᠳᠬᠡᠬᠦ ᠪᠡᠶᠡᠴᠢ ᠴᠣᠭᠴᠠ ᠮᠥᠨ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠲᠥᠰᠦᠪ ᠢ | ᠭᠦᠢᠴᠡᠳᠬᠡᠬᠦ ᠶᠢ ᠬᠠᠷᠢᠭᠤᠴᠠᠬᠤ ᠶᠢᠨ ᠬᠠᠮᠲᠤ ᠭᠦᠢᠴᠡᠳᠬᠡᠭᠰᠡᠨ ᠦᠷ᠎ᠡ ᠳ᠋ᠦᠩ ᠳᠤ ᠬᠠᠷᠢᠭᠤᠴᠠᠨ᠎ᠠ᠃ | ᠲᠠᠪᠢᠨ ᠳᠥᠷᠪᠡᠳᠦᠭᠡᠷ ᠵᠦᠢᠯ᠂ ᠲᠥᠰᠦᠪ ᠤᠨ ᠣᠨ ᠳᠤ ᠤᠷᠤᠭᠰᠠᠨ ᠤ ᠳᠠᠷᠠᠭ᠎ᠠ᠂ ᠡᠯ᠎ᠡ ᠱᠠᠲᠤᠨ ᠤ | ᠲᠥᠰᠦᠪ ᠤᠨ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠥᠪᠰᠢᠶᠡᠷᠡᠬᠦ ᠠᠴᠠ | ᠡᠮᠦᠨ᠎ᠡ ᠳᠣᠣᠷ᠎ᠠ ᠵᠢᠭᠰᠠᠭᠠᠭᠰᠠᠨ ᠵᠠᠷᠤᠯᠭ᠎ᠠ ᠶᠢ ᠲᠤᠭᠢᠷᠠᠭᠤᠯᠵᠦ ᠪᠣᠯᠤᠨ᠎ᠠ᠄ | ︵ᠨᠢᠭᠡ︶ ᠲᠦᠷᠦᠭᠦᠦ ᠨᠢᠭᠡ ᠵᠢᠯ ᠤᠨ ᠳ᠋ᠦᠩᠨᠡᠨ ᠰᠢᠯᠵᠢᠭᠦᠯᠦᠭᠰᠡᠨ ᠵᠠᠷᠤᠯᠭ᠎ᠠ︔ | ︵ᠬᠤᠶᠠᠷ︶ ᠲᠦᠷᠦᠭᠦᠦ ᠨᠢᠭᠡ ᠵᠢᠯ ᠤᠨ ᠠᠳᠠᠯᠢ ᠬᠤᠭᠤᠴᠠᠭᠠᠨ ᠤ ᠲᠥᠰᠦᠪ ᠤᠨ ᠵᠠᠷᠤᠯᠭ᠎ᠠ ᠶᠢᠨ ᠲᠤᠭ᠎ᠠ ᠪᠠᠷ | ᠯᠠᠪᠯᠠᠯᠲᠠ ᠪᠣᠯᠭᠠᠵᠤ᠂ ᠵᠠᠪᠠᠯ ᠥᠭᠬᠦ ᠲᠤᠰ ᠵᠢᠯ ᠤᠨ ᠰᠠᠯᠠᠭ᠎ᠠ ᠮᠥᠴᠢᠷ ᠤᠨ ᠦᠨᠳᠦᠰᠦᠨ ᠵᠠᠷᠤᠯᠭ᠎ᠠ᠂ ᠵᠦᠢᠯᠡᠰ ᠤᠨ | ᠵᠠᠷᠤᠯᠭ᠎ᠠ ᠵᠢᠴᠢ ᠳᠤᠤᠷᠠᠳᠤ ᠱᠠᠲᠤᠨ ᠤ ᠵᠠᠰᠠᠭ ᠤᠨ ᠣᠷᠳᠣᠨ ᠳᠤ ᠰᠢᠯᠵᠢᠭᠦᠯᠦᠨ ᠥᠭᠬᠦ ᠴᠢᠨᠠᠷᠲᠠᠢ ᠵᠠᠷᠤᠯᠭ᠎ᠠ ᠶᠢ | ᠳᠣᠬᠢᠷᠠᠭᠤᠯᠣᠨ᠎ᠠ︔ | ︵ᠭᠤᠷᠪᠠ︶ ᠬᠠᠤᠯᠢ ᠴᠠᠭᠠᠵᠠ ᠳᠤ ᠲᠣᠭᠲᠠᠭᠠᠭᠰᠠᠨ ᠵᠠᠪᠠᠯ ᠭᠦᠢᠴᠡᠳᠬᠡᠬᠦ ᠥᠭᠬᠦ ᠡᠭᠦᠷᠭᠡ ᠶᠢᠨ ᠵᠠᠷᠤᠯᠭ᠎ᠠ | ᠵᠢᠴᠢ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ ᠳᠤ ᠬᠡᠷᠡᠭᠯᠡᠬᠦ ᠵᠠᠷᠤᠯᠭ᠎ᠠ᠃ | ᠡᠮᠦᠨᠡᠬᠢ ᠪᠠᠳᠠᠭ ᠤᠨ ᠲᠣᠭᠲᠠᠭᠠᠯ ᠢ ᠦᠨᠳᠦᠰᠦᠯᠡᠨ ᠵᠠᠷᠤᠯᠭ᠎ᠠ ᠲᠤᠭᠢᠷᠠᠭᠤᠯᠤᠭᠰᠠᠨ ᠪᠠᠶᠢᠳᠠᠯ ᠢᠶᠠᠨ | ᠲᠥᠰᠦᠪ ᠤᠨ ᠲᠥᠰᠦᠯ ᠤᠨ ᠮᠡᠳᠡᠭᠦᠯᠦᠯᠲᠡ ᠳᠤ ᠲᠣᠳᠣᠷᠬᠠᠶᠢᠯᠠᠯᠲᠠ ᠬᠢᠬᠦ ᠬᠡᠷᠡᠭᠲᠡᠢ᠃ | ᠲᠥᠰᠦᠪ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠥᠪᠰᠢᠶᠡᠷᠡᠭᠰᠡᠨ ᠤ | ᠲᠡᠷᠠᠭ᠎ᠠ ᠵᠥᠪᠰᠢᠶᠡᠷᠡᠭᠰᠡᠨ ᠲᠥᠰᠦᠪ ᠤᠨ ᠶᠣᠰᠣᠭᠠᠷ ᠭᠦᠢᠴᠡᠳᠬᠡᠨ᠎ᠡ᠃ | ᠲᠠᠪᠢᠨ ᠲᠠᠪᠤᠳᠤᠭᠠᠷ ᠵᠦᠢᠯ᠂ ᠲᠥᠰᠦᠪ ᠤᠨ ᠣᠷᠣᠯᠭ᠎ᠠ ᠶᠢ ᠬᠤᠷᠢᠶᠠᠬᠤ ᠰᠠᠯᠠᠭ᠎ᠠ ᠮᠥᠴᠢᠷ ᠪᠠ ᠨᠢᠭᠡᠴᠢ ᠨᠢ | ᠡᠷᠬᠡᠪᠰᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠨ᠂ ᠬᠤᠷᠢᠶᠠᠬᠤ | ᠶᠣᠰᠣᠲᠠᠢ ᠲᠥᠰᠦᠪ ᠤᠨ ᠣᠷᠣᠯᠭ᠎ᠠ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠬᠤᠷᠢᠶᠠᠵᠤ ᠠᠪᠬᠤ ᠬᠡᠷᠡᠭᠲᠡᠢ᠃ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠵᠦ᠂ ᠬᠤᠷᠢᠶᠠᠬᠤ | ᠶᠣᠰᠣᠲᠠᠢ ᠲᠥᠰᠦᠪ ᠤᠨ ᠣᠷᠣᠯᠭ᠎ᠠ ᠶᠢ ᠢᠯᠡᠭᠦᠦ ᠬᠤᠷᠢᠶᠠᠬᠤ᠂ ᠤᠷᠢᠳᠴᠢᠯᠠᠨ ᠬᠤᠷᠢᠶᠠᠬᠤ ᠪᠤᠶᠤ ᠬᠥᠩᠭᠡᠯᠡᠨ | ᠬᠤᠷᠢᠶᠠᠬᠤ᠂ ᠬᠤᠷᠢᠶᠠᠬᠤ ᠠᠴᠠ ᠭᠡᠯᠳᠦᠷᠢᠬᠦᠯᠬᠦ ᠪᠤᠶᠤ ᠬᠤᠶᠢᠰᠢᠯᠠᠭᠤᠯᠤᠨ ᠬᠤᠷᠢᠶᠠᠵᠤ ᠪᠣᠯᠬᠤ ᠤᠢᠭᠡᠢ᠂ | ᠲᠥᠰᠦᠪ ᠤᠨ ᠣᠷᠣᠯᠭ᠎ᠠ ᠶᠢ ᠦᠯᠡᠳᠡᠭᠡᠨ ᠠᠪᠬᠤ᠂ ᠡᠵᠡᠯᠡᠨ ᠬᠡᠷᠡᠭᠯᠡᠬᠦ ᠪᠤᠶᠤ ᠨᠡᠭᠦᠯᠭᠡᠨ ᠬᠡᠷᠡᠭᠯᠡᠵᠦ ᠪᠣᠯᠬᠤ ᠤᠢᠭᠡᠢ᠃ | ᠡᠯ᠎ᠡ ᠱᠠᠲᠤᠨ ᠤ ᠵᠠᠰᠠᠭ ᠤᠨ ᠣᠷᠳᠣᠨ ᠠᠴᠠ ᠲᠥᠰᠦᠪ ᠤᠨ ᠣᠷᠣᠯᠭ᠎ᠠ ᠶᠢ ᠬᠤᠷᠢᠶᠠᠬᠤ ᠰᠠᠯᠠᠭ᠎ᠠ ᠮᠥᠴᠢᠷ ᠪᠠ | ᠨᠢᠭᠡᠴᠢ ᠳᠤ ᠣᠷᠣᠯᠭ᠎ᠠ ᠶᠢᠨ ᠭᠦᠢᠴᠡᠳᠬᠡᠯ ᠲᠤᠭ᠎ᠠ ᠪᠠᠭᠤᠯᠭᠠᠵᠤ ᠪᠣᠯᠬᠤ ᠦᠭᠡᠢ᠃ | ᠲᠠᠪᠢᠨ ᠵᠢᠷᠭᠤᠳᠤᠭᠠᠷ ᠵᠦᠢᠯ᠂ ᠵᠠᠰᠠᠭ ᠤᠨ ᠣᠷᠳᠣᠨ ᠤ ᠪᠦᠭᠦ ᠣᠷᠣᠯᠭ᠎ᠠ ᠶᠢ ᠤᠯᠤᠰ ᠤᠨ ᠮᠥᠩᠭᠦᠨ ᠰᠡᠩ | ︵ᠳᠣᠷᠣᠭᠰᠢ ᠤᠯᠤᠰ ᠤᠨ ᠰᠡᠩ ᠭᠡᠵᠦ ᠲᠣᠪᠴᠢᠯᠠᠨ᠎ᠠ︶ ᠳᠤ ᠲᠤᠰᠢᠶᠠᠬᠤ ᠬᠡᠷᠡᠭᠲᠡᠢ᠂ ᠶᠠᠮᠠᠷᠪᠠ ᠰᠠᠯᠠᠭ᠎ᠠ ᠮᠥᠴᠢᠷ᠂ | ᠨᠢᠭᠡᠴᠢ ᠪᠠ ᠬᠤᠪᠢ ᠬᠥᠮᠦᠨ ᠦᠯᠡᠳᠡᠭᠡᠨ ᠠᠪᠬᠤ᠂ ᠡᠵᠡᠯᠡᠨ ᠬᠡᠷᠡᠭᠯᠡᠬᠦ᠂ ᠨᠡᠭᠦᠯᠭᠡᠨ ᠬᠡᠷᠡᠭᠯᠡᠬᠦ ᠪᠤᠶᠤ | ᠤᠳᠠᠭᠠᠰᠢᠷᠠᠭᠤᠯᠤᠨ ᠥᠷᠢᠲᠦᠵᠦ ᠪᠣᠯᠬᠤ ᠤᠢᠭᠡᠢ᠃ | ᠬᠠᠤᠯᠢ ᠴᠠᠭᠠᠵᠠ ᠳᠤ ᠲᠣᠳᠣᠷᠬᠠᠢ ᠲᠣᠭᠲᠠᠭᠠᠯ ᠲᠠᠢ ᠪᠤᠶᠤ ᠲᠦᠷᠦ ᠶᠢᠨ ᠶᠠᠪᠤᠳᠠᠯ ᠤᠨ ᠬᠤᠷᠢᠶ᠎ᠠ ᠪᠠᠷ | ᠵᠥᠪᠰᠢᠶᠡᠷᠡᠭᠦᠯᠦᠭᠰᠡᠨ ᠲᠤᠰᠬᠠᠢ ᠲᠣᠭᠲᠠᠭᠠᠭᠰᠠᠨ ᠲᠤᠰᠬᠠᠢ ᠪᠡᠯᠡ ᠮᠥᠩᠭᠦ ᠶᠢ ᠪᠣᠯ ᠲᠦᠷᠦ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠯ ᠢ ᠵᠢᠷᠤᠮᠯᠠᠨ ᠡᠳ᠋ ᠤᠨ ᠵᠠᠰᠠᠭ ᠤᠨ ᠲᠤᠰᠬᠠᠢ ᠲᠠᠩᠰᠠ ᠪᠠᠶᠢᠭᠤᠯᠵᠤ ᠪᠣᠯᠤᠨ᠎ᠠ᠃ | ᠲᠠᠪᠢᠨ ᠳᠣᠯᠣᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠡᠷᠬᠡᠪᠰᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠲᠦᠷᠦ ᠶᠢᠨ ᠶᠠᠪᠤᠳᠠᠯ ᠤᠨ | ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ᠂ ᠦᠳᠲᠡᠷ ᠲᠦᠷᠭᠡᠨ᠂ ᠪᠦᠷᠢᠨ | ᠲᠤᠭ᠎ᠠ ᠪᠠᠷ ᠲᠥᠰᠦᠪ ᠤᠨ ᠵᠠᠷᠤᠯᠭ᠎ᠠ ᠶᠢᠨ ᠪᠡᠯᠡ ᠮᠥᠩᠭᠦ ᠶᠢ ᠰᠢᠯᠵᠢᠭᠦᠯᠦᠨ ᠥᠭᠴᠦ᠂ ᠲᠥᠰᠦᠪ ᠤᠨ ᠵᠠᠷᠤᠯᠭ᠎ᠠ ᠶᠢᠨ | ᠬᠠᠮᠢᠶᠠᠷᠤᠯᠲᠠ ᠬᠢᠨᠠᠯᠲᠠ ᠪᠠᠨ ᠴᠢᠩᠭᠠᠳᠬᠠᠬᠤ ᠬᠡᠷᠡᠭᠲᠡᠶ᠃ | ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠵᠠᠷᠤᠯᠭ᠎ᠠ ᠶᠢ | ᠡᠷᠬᠡᠪᠰᠢ ᠲᠥᠰᠦᠪ ᠤᠨ ᠶᠣᠰᠣᠭᠠᠷ ᠭᠦᠢᠴᠡᠳᠬᠡᠬᠦ ᠬᠡᠷᠡᠭᠲᠡᠢ᠂ ᠬᠤᠳᠠᠯ ᠬᠠᠭᠤᠷᠮᠠᠭ ᠢᠶᠠᠷ ᠵᠠᠷᠤᠯᠭ᠎ᠠ ᠵᠢᠭᠰᠠᠭᠠᠵᠤ | ᠪᠣᠯᠬᠤ ᠦᠭᠡᠢ᠃ | ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠲᠥᠰᠦᠪ ᠤᠨ | ᠵᠠᠷᠤᠯᠭ᠎ᠠ ᠶᠢᠨ ᠪᠠᠶᠢᠳᠠᠯ ᠳᠤ ᠦᠷ᠎ᠡ ᠪᠦᠲᠦᠮᠵᠢ ᠶᠢᠨ ᠦᠨᠡᠯᠡᠯᠲᠡ ᠬᠢᠬᠦ ᠬᠡᠷᠡᠭᠲᠡᠢ᠃ | ᠲᠠᠪᠢᠨ ᠨᠠᠢᠮᠠᠳᠤᠭᠠᠷ ᠵᠦᠢᠯ᠂ ᠡᠯ᠎ᠡ ᠱᠠᠲᠤᠨ ᠤ ᠲᠥᠰᠦᠪ ᠤᠨ ᠣᠷᠣᠯᠭ᠎ᠠ ᠪᠠ ᠵᠠᠷᠤᠯᠭ᠎ᠠ ᠳᠤ ᠬᠤᠷᠢᠶᠠᠬᠤ ᠪᠠ | ᠥᠭᠬᠦ ᠶᠢ ᠭᠦᠢᠴᠡᠳᠬᠡᠬᠦ ᠳᠦᠷᠢᠮ ᠢ ᠬᠡᠷᠡᠭᠵᠢᠭᠦᠯᠦᠨ᠎ᠡ᠃ | ᠲᠤᠰᠬᠠᠢ ᠲᠣᠭᠲᠠᠭᠠᠭᠰᠠᠨ ᠬᠡᠷᠡᠭ ᠶᠠᠪᠤᠳᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ᠂ | ᠡᠷᠬᠡ ᠬᠠᠷᠢᠭᠤᠴᠠᠯᠭ᠎ᠠ ᠡᠭᠦᠰᠬᠦ ᠳᠦᠷᠢᠮ ᠢ ᠬᠡᠷᠡᠭᠵᠢᠭᠦᠯᠬᠦ ᠬᠤᠯᠪᠣᠭᠳᠠᠯ ᠪᠦᠬᠦᠢ ᠪᠠᠶᠢᠳᠠᠯ ᠢ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠬᠡᠷᠡᠭᠲᠡᠢ᠃ | ᠲᠠᠪᠢ ᠶᠢᠰᠦᠳᠦᠭᠡᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠲᠥᠰᠦᠪ ᠲᠤ ᠡᠷᠬᠡᠪᠰᠢ | ᠤᠯᠤᠰ ᠤᠨ ᠰᠡᠩ ᠭᠠᠷᠭᠠᠬᠤ ᠬᠡᠷᠡᠭᠲᠡᠢ︔ ᠨᠥᠬᠦᠴᠡᠯ ᠪᠦᠬᠦᠢ ᠰᠢᠶᠠᠩ᠂ ᠦᠨᠳᠦᠰᠦᠲᠡᠨ ᠤ ᠰᠢᠶᠠᠩ᠂ | ᠪᠠᠯᠭᠠᠰᠤ ᠠᠴᠠ ᠤᠯᠤᠰ ᠤᠨ ᠰᠡᠩ ᠭᠠᠷᠭᠠᠬᠤ ᠬᠡᠷᠡᠭᠲᠡᠶ᠃ | ᠲᠥᠪ ᠤᠨ ᠤᠯᠤᠰ ᠤᠨ ᠰᠡᠩ ᠤᠨ ᠲᠤᠬᠠᠶᠢᠯᠠᠭᠰᠠᠨ ᠠᠵᠢᠯ ᠢ ᠳᠤᠮᠳᠠᠳᠤ ᠤᠯᠤᠰ ᠤᠨ ᠠᠷᠠᠳ ᠤᠨ | ᠪᠠᠩᠬᠢ ᠠᠴᠠ ᠡᠷᠬᠢᠯᠡᠵᠦ ᠬᠢᠨ᠎ᠡ᠂ ᠣᠷᠣᠨ ᠨᠤᠲᠤᠭ ᠤᠨ ᠤᠯᠤᠰ ᠤᠨ ᠰᠡᠩ ᠤᠨ ᠲᠤᠬᠠᠶᠢᠯᠠᠭᠰᠠᠨ ᠠᠵᠢᠯ ᠢ | ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ | ᠡᠯ᠎ᠡ ᠱᠠᠲᠤᠨ ᠤ ᠤᠯᠤᠰ ᠤᠨ ᠰᠡᠩ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠲᠥᠰᠦᠪ ᠤᠨ ᠣᠷᠣᠯᠭ᠎ᠠ ᠶᠢ ᠴᠠᠭ ᠲᠤᠬᠠᠢ ᠳᠤᠨᠢ ᠣᠨᠣᠪᠴᠢᠲᠠᠢ ᠪᠠᠷ ᠬᠤᠷᠢᠶᠠᠵᠤ ᠠᠪᠬᠤ᠂ ᠬᠤᠪᠢᠶᠠᠷᠢᠯᠠᠬᠤ᠂ | ᠦᠯᠡᠳᠡᠭᠡᠨ ᠲᠤᠰᠢᠶᠠᠬᠤ᠂ ᠪᠤᠴᠠᠭᠠᠵᠤ ᠥᠭᠬᠦ ᠪᠠ ᠲᠥᠰᠦᠪ ᠤᠨ ᠵᠠᠷᠤᠯᠭ᠎ᠠ ᠶᠢ ᠰᠠᠯᠭᠠᠨ ᠥᠭᠬᠦ ᠠᠵᠢᠯ ᠢ | ᠭᠦᠢᠴᠡᠳᠬᠡᠬᠦ ᠬᠡᠷᠡᠭᠲᠡᠢ᠃ | ᠡᠯ᠎ᠡ ᠱᠠᠲᠤᠨ ᠤ ᠤᠯᠤᠰ ᠤᠨ ᠰᠡᠩ ᠤᠨ ᠵᠣᠭᠤᠰ ᠢ ᠵᠠᠬᠢᠷᠬᠤ ᠡᠷᠬᠡ ᠨᠢ ᠲᠤᠰ ᠱᠠᠲᠤᠨ ᠤ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠷᠢᠶᠠᠯᠠᠭᠳᠠᠨ᠎ᠠ᠃ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠲᠤᠰ ᠱᠠᠲᠤᠨ ᠤ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠣᠯ ᠶᠠᠮᠠᠷᠪᠠ ᠰᠠᠯᠠᠭ᠎ᠠ | ᠮᠥᠴᠢᠷ᠂ ᠨᠢᠭᠡᠴᠢ ᠪᠠ ᠬᠤᠪᠢ ᠬᠥᠮᠦᠨ ᠠᠴᠠ ᠤᠯᠤᠰ ᠤᠨ ᠰᠡᠩ ᠤᠨ ᠵᠣᠭᠤᠰ ᠢ ᠬᠥᠳᠡᠯᠭᠡᠨ ᠬᠡᠷᠡᠭᠯᠡᠬᠦ᠂ | ᠴᠡᠪᠳᠡᠭᠯᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠨᠢᠭᠡᠨᠲᠡ ᠤᠯᠤᠰ ᠤᠨ ᠰᠡᠩ ᠳᠤ ᠤᠷᠦᠬᠰᠡᠠ ᠵᠣᠭᠤᠰ ᠢ ᠬᠡᠷᠡᠭᠯᠡᠬᠦ | ᠡᠷᠬᠡ ᠦᠭᠡᠢ᠃ | ᠡᠯ᠎ᠡ ᠱᠠᠲᠤᠨ ᠤ ᠵᠠᠰᠠᠭ ᠤᠨ ᠣᠷᠳᠣᠨ ᠠᠴᠠ ᠲᠤᠰ ᠱᠠᠲᠤᠨ ᠤ ᠤᠯᠤᠰ ᠤᠨ ᠰᠡᠩ ᠤᠨ ᠬᠠᠮᠢᠶᠠᠷᠣᠯᠲᠠ | ᠬᠢᠨᠠᠯᠲᠠ ᠶᠢ ᠡᠷᠬᠡᠪᠰᠢ ᠴᠢᠩᠭᠠᠳᠬᠠᠨ᠂ ᠲᠥᠷᠦ ᠶᠢᠨ ᠶᠠᠪᠣᠳᠠᠯ ᠤᠨ ᠬᠤᠷᠢᠶᠠᠨ ᠤ ᠳᠣᠬᠳᠠᠭᠠᠯ ᠶᠤᠰᠣᠭᠠᠷ ᠣᠯᠤᠰ ᠤᠨ | ᠰᠡᠩ ᠤᠨ ᠵᠣᠭᠤᠰ ᠤ ᠬᠠᠮᠢᠶᠠᠷᠣᠯᠲᠠ ᠶᠢ ᠲᠡᠭᠦᠯᠳᠡᠷᠵᠢᠭᠦᠯᠦᠨ᠂ ᠣᠯᠤᠰ ᠤᠨ ᠰᠡᠩ ᠤᠨ ᠵᠣᠭᠤᠰ ᠤ ᠦᠯᠡᠳᠡᠪᠦᠷᠢ | ᠵᠣᠭᠤᠰ ᠳᠤᠭ᠎ᠠ ᠶᠢ ᠵᠣᠬᠢᠰᠲᠠᠢ ᠳᠣᠬᠢᠷᠠᠭᠤᠯᠣᠨ᠎ᠠ᠃ | ᠵᠢᠷᠠᠳᠤᠭᠠᠷ ᠵᠦᠢᠯ᠂ ᠨᠢᠭᠡᠨᠲᠡ ᠤᠯᠤᠰ ᠤᠨ ᠰᠠᠩ ᠳᠤ ᠲᠤᠰᠢᠶᠠᠭᠰᠠᠨ ᠪᠡᠯᠡ ᠮᠥᠩᠭᠦ ᠶᠢ ᠬᠠᠤᠯᠢ ᠴᠠᠭᠠᠵᠠ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ | ᠲᠣᠭᠲᠠᠭᠠᠯ ᠢᠶᠠᠷ ᠪᠤᠴᠠᠭᠠᠨ ᠥᠭᠬᠦ ᠴᠢᠬᠤᠯᠠᠲᠠᠢ ᠪᠠᠶᠢᠪᠠᠯ᠂ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠪᠤᠶᠤ ᠲᠡᠭᠦᠨ ᠤ ᠡᠷᠬᠡ ᠣᠯᠭᠤᠭᠰᠠᠨ ᠪᠠᠶᠢᠭᠤᠯᠤᠮᠵᠢ ᠴᠠᠭ ᠲᠤᠬᠠᠢ ᠳᠤᠨᠢ ᠪᠤᠴᠠᠭᠠᠨ | ᠥᠭᠬᠦ ᠶᠢ ᠭᠦᠢᠴᠡᠳᠬᠡᠬᠦ ᠬᠡᠷᠡᠭᠲᠡᠢ᠃ ᠲᠣᠭᠲᠠᠭᠠᠯ ᠶᠣᠰᠣᠭᠠᠷ ᠡᠳ᠋ ᠤᠨ ᠵᠠᠰᠠᠭ ᠤᠨ ᠵᠠᠷᠤᠯᠭ᠎ᠠ ᠪᠠᠷ ᠲᠤᠭᠢᠷᠠᠭᠤᠯᠬᠤ | ᠶᠣᠰᠣᠲᠠᠢ ᠵᠦᠢᠯᠡᠰ ᠢ ᠬᠥᠮᠥᠷᠭᠡ ᠠᠴᠠ ᠪᠤᠴᠠᠭᠠᠬᠤ ᠪᠠᠷ ᠰᠢᠢᠳᠪᠦᠷᠢᠯᠡᠵᠦ ᠪᠣᠯᠬᠤ ᠦᠭᠡᠢ᠃ | ᠵᠢᠷᠠᠨ ᠨᠢᠭᠡᠳᠦᠭᠡᠷ ᠵᠦᠢᠯ᠂ ᠤᠯᠤᠰ ᠠᠴᠠ ᠤᠯᠤᠰ ᠤᠨ ᠰᠠᠩ ᠤᠨ ᠲᠥᠪᠯᠡᠷᠡᠭᠦᠯᠦᠨ ᠬᠤᠷᠢᠶᠠᠵᠤ ᠠᠪᠬᠤ ᠪᠠ | ᠲᠥᠪᠯᠡᠷᠡᠭᠦᠯᠦᠨ ᠥᠭᠬᠦ ᠳᠦᠷᠢᠮ ᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠪᠦᠬᠦ ᠣᠷᠣᠯᠭ᠎ᠠ ᠪᠠ ᠵᠠᠷᠤᠯᠭ᠎ᠠ ᠳᠤ | ᠤᠯᠤᠰ ᠤᠨ ᠰᠠᠩ ᠤᠨ ᠲᠥᠪᠯᠡᠷᠡᠭᠦᠯᠦᠨ ᠬᠤᠷᠢᠶᠠᠬᠤ ᠪᠠ ᠥᠭᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠵᠢᠷᠠᠨ ᠬᠤᠶᠠᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠲᠥᠰᠦᠪ ᠢ ᠭᠦᠢᠴᠡᠳᠬᠡᠬᠦ ᠲᠠᠯ᠎ᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠡᠳ᠋ ᠤᠨ ᠵᠠᠰᠠᠭ᠂ ᠭᠠᠶᠢᠯᠢ᠂ ᠪᠣᠭᠤᠮᠲᠠ ᠵᠡᠷᠭᠡ | ᠲᠥᠰᠦᠪ ᠤᠨ ᠣᠷᠣᠯᠭ᠎ᠠ ᠶᠢ ᠬᠤᠷᠢᠶᠠᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠲᠥᠰᠦᠪ ᠤᠨ ᠣᠷᠣᠯᠭ᠎ᠠ ᠶᠢ | ᠵᠣᠬᠢᠶᠠᠨ ᠪᠠᠶᠢᠭᠤᠯᠬᠤ ᠳᠤᠨᠢ ᠳᠡᠮᠵᠢᠯᠭᠡ ᠦᠵᠡᠭᠦᠯᠵᠦ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠲᠥᠰᠦᠪ ᠤᠨ ᠵᠠᠷᠤᠯᠭ᠎ᠠ ᠶᠢ ᠴᠢᠩᠭ᠎ᠠ ᠬᠠᠮᠢᠶᠠᠷᠬᠤ ᠳᠤᠨᠢ ᠳᠡᠮᠵᠢᠯᠭᠡ ᠦᠵᠡᠭᠦᠯᠦᠨ᠎ᠡ᠃ | ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠣᠭᠤᠮᠲᠠ ᠵᠡᠷᠭᠡ ᠰᠠᠯᠠᠭ᠎ᠠ ᠮᠥᠴᠢᠷ ᠤᠳ ᠲᠥᠰᠦᠪ ᠢ | ᠭᠦᠢᠴᠡᠳᠬᠡᠬᠦ ᠳᠤᠮᠳᠠ ᠪᠠᠨ ᠲᠥᠰᠦᠪ ᠢ ᠭᠦᠢᠴᠡᠳᠬᠡᠵᠦ ᠪᠠᠶᠢᠭ᠎ᠠ ᠪᠠᠶᠢᠳᠠᠯ ᠳᠤ ᠵᠠᠳᠠᠯᠤᠯᠲᠠ ᠬᠢᠬᠦ ᠪᠠᠨ | ᠴᠢᠩᠭᠠᠳᠬᠠᠬᠤ ᠬᠡᠷᠡᠭᠲᠡᠶ︔ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠲᠤᠰ ᠱᠠᠲᠤᠨ ᠤ ᠵᠠᠰᠠᠭ ᠤᠨ | ᠣᠷᠳᠣᠨ ᠳᠠᠭᠠᠨ ᠰᠠᠨᠠᠭᠤᠯᠭ᠎ᠠ ᠭᠠᠷᠭᠠᠵᠤ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦᠯᠬᠦ ᠬᠡᠷᠡᠭᠲᠡᠶ᠃ | ᠵᠢᠷᠠᠨ ᠭᠤᠷᠪᠠᠳᠤᠭᠠᠷ ᠵᠦᠢᠯ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠲᠥᠰᠦᠪ ᠤᠨ ᠣᠷᠣᠯᠭ᠎ᠠ ᠵᠠᠷᠤᠯᠭ᠎ᠠ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠲᠤᠰᠢᠶᠠᠬᠤ ᠶᠣᠰᠣᠲᠠᠢ ᠲᠥᠰᠦᠪ ᠤᠨ ᠣᠷᠣᠯᠭ᠎ᠠ ᠶᠢ ᠦᠯᠡᠳᠡᠭᠡᠨ ᠠᠪᠬᠤ | ᠪᠤᠶᠤ ᠬᠥᠳᠡᠯᠭᠡᠨ ᠬᠡᠷᠡᠭᠯᠡᠵᠦ ᠪᠣᠯᠬᠤ ᠤᠢᠭᠡᠢ᠂ ᠲᠥᠰᠦᠪ ᠤᠨ ᠵᠠᠷᠤᠯᠭ᠎ᠠ ᠶᠢᠨ ᠬᠡᠷᠡᠭᠴᠡᠭᠡ ᠶᠢ ᠳᠤᠷ᠎ᠠ ᠪᠠᠷ ᠢᠶᠠᠨ | ᠬᠤᠪᠢᠷᠠᠭᠤᠯᠵᠤ ᠪᠣᠯᠬᠤ ᠦᠭᠡᠢ᠃ | ᠵᠢᠷᠠᠨ ᠳᠥᠷᠪᠡᠳᠦᠭᠡᠷ ᠵᠦᠢᠯ᠂ ᠡᠯ᠎ᠡ ᠱᠠᠲᠤᠨ ᠤ ᠲᠥᠰᠦᠪ ᠤᠨ ᠪᠡᠯᠡᠳᠬᠡᠯ ᠵᠠᠷᠤᠳᠠᠯ ᠢ ᠬᠥᠳᠡᠯᠭᠡᠨ ᠬᠡᠷᠡᠭᠯᠡᠬᠦ | ᠲᠥᠰᠦᠯ ᠢ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠤᠷᠠᠳᠴᠤ᠂ | ᠲᠤᠰ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠵᠦ ᠲᠣᠭᠲᠠᠭᠠᠯᠭᠠᠨ᠎ᠠ᠃ | ᠵᠢᠷᠠᠨ ᠲᠠᠪᠤᠳᠤᠭᠠᠷ ᠵᠦᠢᠯ᠂ ᠡᠯ᠎ᠡ ᠱᠠᠲᠤᠨ ᠤ ᠲᠥᠰᠦᠪ ᠤᠨ ᠡᠷᠭᠢᠯᠲᠡ ᠶᠢᠨ ᠮᠥᠩᠭᠦ ᠶᠢ ᠲᠤᠰ ᠱᠠᠲᠤᠨ ᠤ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠠᠮᠢᠶᠠᠷᠤᠨ᠎ᠠ᠂ ᠥᠭᠡᠷ᠎ᠡ ᠵᠦᠢᠯ ᠳᠤ | ᠰᠢᠯᠵᠢᠭᠦᠯᠦᠨ ᠬᠡᠷᠡᠭᠯᠡᠵᠦ ᠪᠣᠯᠬᠤ ᠤᠢᠭᠡᠢ᠃ | ᠵᠢᠷᠠᠨ ᠵᠢᠷᠭᠤᠳᠤᠭᠠᠷ ᠵᠦᠢᠯ᠂ ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠤᠨ ᠣᠨ ᠤ | ᠭᠦᠢᠴᠡᠳᠬᠡᠯ ᠳᠤᠮᠳᠠ ᠳᠠᠪᠠᠭᠤᠯᠤᠨ ᠬᠤᠷᠢᠶᠠᠭᠰᠠᠨ ᠣᠷᠣᠯᠭ᠎ᠠ ᠲᠠᠢ ᠪᠠᠶᠢᠪᠠᠯ᠂ ᠲᠡᠭᠦᠨ ᠢ ᠵᠥᠪᠬᠡᠨ ᠤᠯᠠᠭᠠᠨ | ᠲᠤᠭ᠎ᠠ ᠶᠢ ᠲᠤᠯᠭᠠᠨ ᠬᠠᠰᠤᠬᠤ ᠪᠤᠶᠤ ᠲᠥᠰᠦᠪ ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠦ ᠶᠢ | ᠨᠥᠬᠦᠪᠥᠷᠢᠯᠡᠬᠦ ᠳᠤ ᠬᠡᠷᠡᠭᠯᠡᠨ᠎ᠡ᠃ | ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠤᠨ ᠦᠯᠡᠳᠡᠪᠦᠷᠢ ᠪᠡᠯᠡ ᠮᠥᠩᠭᠦ ᠪᠠᠷ | ᠲᠥᠰᠦᠪ ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠦ ᠶᠢ ᠨᠥᠬᠦᠪᠥᠷᠢᠯᠡᠬᠦ ᠬᠡᠷᠡᠭᠲᠡᠢ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠯᠠᠨ ᠨᠡᠶᠢᠲᠡ ᠶᠢᠨ ᠡᠩ ᠤᠨ | ᠲᠥᠰᠦᠪ ᠤᠨ ᠣᠨ ᠤ ᠭᠦᠢᠴᠡᠳᠬᠡᠯ ᠳᠤᠮᠳᠠ ᠳᠤᠲᠠᠭᠤ ᠬᠤᠷᠢᠶᠠᠯᠲᠠ ᠭᠠᠷᠴᠤ᠂ ᠰᠢᠯᠵᠢᠭᠦᠯᠦᠨ ᠣᠷᠣᠭᠤᠯᠤᠭᠰᠠᠨ | ᠲᠥᠰᠦᠪ ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠦ ᠂ ᠵᠠᠷᠤᠯᠭ᠎ᠠ ᠶᠢ ᠪᠠᠭᠠᠰᠬᠠᠬᠤ ᠵᠡᠷᠭᠡ ᠠᠷᠭ᠎ᠠ | ᠮᠠᠶ᠋ᠢᠭ ᠢᠶᠠᠷ ᠮᠥᠨ ᠬᠦ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠵᠦ ᠴᠢᠳᠠᠬᠤ ᠦᠭᠡᠢ | ᠪᠠᠶᠢᠪᠠᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠠᠴᠠ | ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠡᠭᠦᠨ ᠤ ᠪᠠᠶᠢᠩᠭᠤ ᠶᠢᠨ ᠬᠤᠷᠢᠶ᠎ᠠ ᠳᠤ | ᠮᠡᠳᠡᠭᠦᠯᠦᠨ ᠵᠥᠪᠰᠢᠶᠡᠷᠡᠭᠦᠯᠵᠦ᠂ ᠤᠯᠠᠭᠠᠨ ᠲᠤᠭ᠎ᠠ ᠨᠡᠮᠡᠨ ᠵᠢᠭᠰᠠᠭᠠᠵᠤ᠂ ᠲᠦᠷᠤ ᠶᠢᠨ ᠶᠠᠪᠤᠳᠠᠯ ᠤᠨ ᠬᠤᠷᠢᠶᠠᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠳᠠᠷᠠᠭ᠎ᠠ ᠨᠢᠭᠡ ᠵᠢᠯ ᠤᠨ | ᠣᠨ ᠤ ᠲᠥᠰᠦᠪ ᠲᠤ ᠨᠥᠬᠦᠪᠥᠷᠢᠯᠡᠵᠦ ᠥᠭᠬᠦ ᠬᠡᠷᠡᠭᠲᠡᠢ᠃ | ᠳᠣᠯᠣᠳᠤᠭᠠᠷ ᠪᠦᠯᠦᠭ ᠲᠦᠰᠦᠪ ᠲᠤ ᠲᠤᠬᠢᠷᠡᠭᠤᠯᠤᠯᠳᠠ ᠬᠢᠬᠦ | ᠵᠢᠷᠠᠨ ᠳᠣᠯᠣᠳᠤᠭᠠᠷ ᠵᠦᠢᠯ᠂ ᠪᠦᠬᠦ ᠣᠯᠣᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ | ᠵᠥᠪᠰᠢᠶᠡᠷᠡᠭᠦᠯᠦᠭᠰᠡᠨ ᠲᠥᠪ ᠤᠨ ᠲᠥᠰᠦᠪ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠣᠷᠣᠨ ᠨᠤᠲᠤᠭ ᠤᠨ ᠡᠯ᠎ᠡ ᠱᠠᠲᠤᠨ ᠤ ᠲᠥᠰᠦᠪ ᠢ | ᠭᠦᠢᠴᠡᠳᠬᠡᠬᠦ ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠥᠰᠦᠪ ᠤᠨ | ᠲᠤᠬᠢᠷᠠᠭᠤᠯᠤᠯᠳᠠ ᠬᠢᠬᠦ ᠬᠡᠷᠡᠭᠲᠡᠢ᠄ | ︵ᠨᠢᠭᠡ︶ ᠲᠥᠰᠦᠪ ᠤᠨ ᠶᠡᠷᠦᠩᠬᠡᠢ ᠵᠠᠷᠤᠯᠭ᠎ᠠ ᠶᠢ ᠨᠡᠮᠡᠬᠦ ᠪᠤᠶᠤ ᠪᠠᠭᠠᠰᠬᠠᠬᠤ ᠴᠢᠬᠤᠯᠠᠲᠠᠢ ᠪᠠᠶᠢᠬᠤ︔ | ︵ᠬᠤᠶᠠᠷ︶ ᠲᠥᠰᠦᠪ ᠤᠨ ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠦ ᠶᠢ ᠰᠢᠯᠵᠢᠭᠦᠯᠦᠨ | ᠣᠷᠣᠭᠤᠯᠬᠤ ᠴᠢᠬᠤᠯᠠᠲᠠᠢ ᠪᠠᠶᠢᠬᠤ︔ | ︵ᠭᠤᠷᠪᠠ︶ ᠲᠥᠰᠦᠪ ᠲᠤ ᠲᠤᠬᠢᠷᠠᠭᠤᠯᠤᠭᠰᠠᠨ ᠭᠤᠣᠯᠳᠠᠯᠭ᠎ᠠ ᠲᠠᠢ ᠵᠠᠷᠤᠯᠭ᠎ᠠ ᠶᠢᠨ ᠲᠤᠭ᠎ᠠ ᠶᠢ | ᠲᠤᠭᠢᠷᠠᠭᠤᠯᠤᠨ ᠬᠠᠰᠤᠬᠤ ᠴᠢᠬᠤᠯᠠᠲᠠᠢ ᠪᠠᠶᠢᠬᠤ︔ | ︵ᠳᠦᠷᠪᠡ︶ ᠵᠢᠭᠡᠯᠡᠯᠭᠡ ᠠᠪᠬᠤ ᠲᠤᠭ᠎ᠠ ᠶᠢ ᠨᠡᠮᠡᠭᠳᠡᠭᠦᠯᠬᠦ ᠴᠢᠬᠤᠯᠠᠲᠠᠢ ᠪᠠᠶᠢᠬᠤ᠃ | ᠵᠢᠷᠠᠨ ᠨᠠᠢᠮᠠᠳᠤᠭᠠᠷ ᠵᠦᠢᠯ᠂ ᠲᠥᠰᠦᠪ ᠢ ᠭᠦᠢᠴᠡᠳᠬᠡᠬᠦ ᠳᠤᠮᠳᠠ᠂ ᠡᠯ᠎ᠡ ᠱᠠᠲᠤᠨ ᠤ ᠵᠠᠰᠠᠭ ᠤᠨ ᠣᠷᠳᠣᠨ | ᠡᠩ ᠤᠨ ᠪᠠᠶᠢᠳᠠᠯ ᠳᠤ ᠡᠳ᠋ ᠤᠨ ᠵᠠᠰᠠᠭ ᠤᠨ ᠣᠷᠣᠯᠭ᠎ᠠ ᠪᠤᠶᠤ ᠵᠠᠷᠤᠯᠭ᠎ᠠ ᠶᠢ ᠨᠡᠮᠡᠭᠳᠡᠭᠦᠯᠬᠦ ᠰᠢᠨ᠎ᠡ ᠲᠦᠷᠦ ᠶᠢᠨ | ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠬᠤ ᠦᠭᠡᠢ᠂ ᠪᠠᠰᠠ ᠡᠳ᠋ ᠤᠨ ᠵᠠᠰᠠᠭ ᠤᠨ ᠣᠷᠣᠯᠭ᠎ᠠ ᠶᠢ ᠪᠠᠭᠠᠰᠬᠠᠬᠤ | ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠬᠤ ᠦᠭᠡᠢ︔ ᠲᠥᠰᠦᠪ ᠤᠨ ᠲᠤᠭᠢᠷᠠᠭᠤᠯᠤᠯᠳᠠ ᠶᠢ | ᠡᠷᠬᠡᠪᠰᠢ ᠬᠢᠬᠦ ᠮᠥᠷᠲᠡᠭᠡᠨ ᠬᠢᠬᠦ ᠴᠢᠬᠤᠯᠠᠲᠠᠢ ᠪᠠᠶᠢᠪᠠᠯ᠂ ᠲᠥᠰᠦᠪ ᠤᠨ ᠲᠤᠭᠢᠷᠠᠭᠤᠯᠤᠯᠳᠠ ᠶᠢᠨ ᠲᠥᠰᠦᠯ ᠳᠤ | ᠲᠤᠭᠢᠷᠠᠭᠤᠯᠤᠯᠳᠠ ᠬᠢᠬᠦ ᠬᠡᠷᠡᠭᠲᠡᠢ᠃ | ᠵᠢᠷᠠ ᠶᠢᠰᠦᠳᠦᠭᠡᠷ ᠵᠦᠢᠯ᠂ ᠲᠥᠰᠦᠪ ᠢ ᠭᠦᠢᠴᠡᠳᠬᠡᠬᠦ ᠳᠤᠮᠳᠠ᠂ ᠡᠯ᠎ᠡ ᠱᠠᠲᠤᠨ ᠤ ᠵᠠᠰᠠᠭ ᠤᠨ ᠣᠷᠳᠣᠨ | ᠡᠷᠬᠡᠪᠰᠢ ᠲᠥᠰᠦᠪ ᠤᠨ ᠲᠤᠭᠢᠷᠠᠭᠤᠯᠤᠯᠳᠠ ᠬᠢᠬᠦ ᠬᠡᠷᠡᠭᠲᠡᠢ ᠪᠣᠯ ᠲᠥᠰᠦᠪ ᠤᠨ ᠲᠤᠭᠢᠷᠠᠭᠤᠯᠤᠯᠳᠠ ᠶᠢᠨ ᠲᠥᠰᠦᠯ ᠢ | ᠨᠠᠶᠢᠷᠠᠭᠤᠯᠤᠨ ᠵᠣᠬᠢᠶᠠᠬᠤ ᠬᠡᠷᠡᠭᠲᠡᠢ᠃ ᠲᠥᠰᠦᠪ ᠤᠨ ᠲᠤᠭᠢᠷᠠᠭᠤᠯᠤᠯᠳᠠ ᠶᠢᠨ ᠲᠥᠰᠦᠯ ᠳᠤ ᠲᠥᠰᠦᠪ ᠤᠨ | ᠲᠤᠭᠢᠷᠠᠭᠤᠯᠤᠯᠳᠠ ᠶᠢᠨ ᠰᠢᠯᠲᠠᠭᠠᠨ᠂ ᠵᠦᠢᠯᠡᠰ ᠪᠠ ᠲᠤᠭ᠎ᠠ ᠶᠢ ᠲᠣᠳᠣᠷᠬᠠᠶᠢᠯᠠᠬᠤ ᠬᠡᠷᠡᠭᠲᠡᠢ᠃ | ᠲᠥᠰᠦᠪ ᠢ ᠭᠦᠢᠴᠡᠳᠬᠡᠬᠦ ᠳᠤᠮᠳᠠ᠂ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠶᠢᠨ ᠬᠡᠷᠡᠭ | ᠡᠭᠦᠰᠦᠭᠰᠡᠨ ᠠᠴᠠ ᠪᠤᠯᠵᠦ ᠡᠷᠬᠡᠪᠰᠢ ᠴᠠᠭ ᠲᠤᠬᠠᠢ ᠳᠤᠨᠢ ᠲᠥᠰᠦᠪ ᠤᠨ ᠵᠠᠷᠤᠯᠭ᠎ᠠ ᠶᠢ ᠨᠡᠮᠡᠭᠳᠡᠭᠦᠯᠬᠦ ᠴᠢᠬᠤᠯᠠ ᠲᠠᠢ | ᠪᠠᠶᠢᠪᠠᠯ᠂ ᠤᠷᠢᠳ ᠢᠶᠠᠷ ᠪᠡᠯᠡᠳᠬᠡᠯ ᠵᠠᠷᠤᠳᠠᠯ ᠢ ᠬᠥᠳᠡᠯᠭᠡᠨ ᠵᠠᠷᠤᠬᠤ ᠬᠡᠷᠡᠭᠲᠡᠢ︔ ᠪᠡᠯᠡᠳᠬᠡᠯ ᠵᠠᠷᠤᠳᠠᠯ ᠵᠠᠷᠤᠯᠭ᠎ᠠ ᠳᠤ | ᠬᠦᠷᠦᠯᠴᠡᠭᠦ ᠦᠭᠡᠢ ᠪᠠᠶᠢᠪᠠᠯ᠂ ᠡᠯ᠎ᠡ ᠱᠠᠲᠤᠨ ᠤ ᠵᠠᠰᠠᠭ ᠤᠨ ᠣᠷᠳᠣᠨ ᠤᠷᠢᠳ ᠢᠶᠠᠷ ᠵᠠᠷᠤᠯᠭ᠎ᠠ ᠪᠠᠨ ᠲᠤᠭᠢᠷᠠᠭᠤᠯᠵᠦ | ᠪᠣᠯᠤᠨ᠎ᠠ᠂ ᠲᠥᠰᠦᠪ ᠤᠨ ᠲᠤᠭᠢᠷᠠᠭᠤᠯᠤᠯᠳᠠ ᠳᠤ ᠪᠠᠭᠲᠠᠬᠤ ᠶᠢ ᠨᠢ ᠲᠥᠰᠦᠪ ᠤᠨ ᠲᠤᠭᠢᠷᠠᠭᠤᠯᠤᠯᠳᠠ ᠶᠢᠨ | ᠲᠥᠰᠦᠯ ᠳᠤ ᠣᠷᠣᠭᠤᠯᠤᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠵᠤ ᠲᠥᠰᠦᠪ ᠲᠤ | ᠲᠤᠬᠢᠷᠡᠭᠤᠯᠦᠯᠳᠠ ᠬᠢᠬᠦ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠬᠦ ᠠᠴᠠ ᠭᠤᠴᠢᠨ ᠡᠳᠦᠷ ᠤᠨ ᠡᠮᠦᠨ᠎ᠡ᠂ | ᠲᠥᠰᠦᠪ ᠤᠨ ᠲᠤᠭᠢᠷᠠᠭᠤᠯᠤᠯᠳᠠ ᠶᠢᠨ ᠠᠩᠬᠠᠨ ᠤ ᠲᠥᠰᠦᠯ ᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠳᠤ ᠬᠦᠷᠭᠡᠨ ᠲᠤᠰᠢᠶᠠᠵᠤ | ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠯᠭᠡᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠠᠴᠠ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠵᠤ ᠲᠥᠰᠦᠪ ᠲᠤ ᠲᠤᠬᠢᠷᠡᠭᠤᠯᠦᠯᠳᠠ ᠬᠢᠬᠦ ᠲᠥᠰᠦᠯ ᠢ ᠬᠢᠨᠠᠨ | ᠪᠠᠶᠢᠴᠠᠭᠠᠵᠤ ᠵᠥᠪᠰᠢᠶᠡᠷᠡᠬᠦ ᠠᠴᠠ ᠭᠤᠴᠢᠨ ᠡᠳᠦᠷ ᠤᠨ ᠡᠮᠦᠨ᠎ᠡ᠂ ᠲᠥᠰᠦᠪ ᠤᠨ ᠲᠤᠭᠢᠷᠠᠭᠤᠯᠤᠯᠳᠠ ᠶᠢᠨ ᠠᠩᠬᠠᠨ ᠤ | ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠢ | ᠵᠥᠪᠯᠡᠯ ᠳᠤ ᠬᠦᠷᠭᠡᠨ ᠲᠤᠰᠢᠶᠠᠵᠤ᠂ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠯᠭᠡᠬᠦ ᠬᠡᠷᠡᠭᠲᠡᠶ᠃ | ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠶᠢᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠠᠴᠠ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠵᠤ ᠲᠥᠰᠦᠪ ᠲᠤ ᠲᠤᠬᠢᠷᠡᠭᠤᠯᠦᠯᠳᠠ ᠬᠢᠬᠦ ᠲᠥᠰᠦᠯ ᠢ ᠬᠢᠨᠠᠨ ᠪᠠᠶᠢᠴᠠᠭᠠᠵᠤ | ᠵᠥᠪᠰᠢᠶᠡᠷᠡᠬᠦ ᠠᠴᠠ ᠭᠤᠴᠢᠨ ᠡᠳᠦᠷ ᠤᠨ ᠡᠮᠦᠨ᠎ᠡ᠂ ᠲᠥᠰᠦᠪ ᠤᠨ ᠲᠤᠭᠢᠷᠠᠭᠤᠯᠤᠯᠳᠠ ᠶᠢᠨ ᠠᠩᠬᠠᠨ ᠤ ᠲᠥᠰᠦᠯ ᠢ | ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠢ | ᠵᠥᠪᠯᠡᠯ ᠳᠤ ᠬᠦᠷᠭᠡᠨ ᠲᠤᠰᠢᠶᠠᠵᠤ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠯᠭᠡᠬᠦ᠂ ᠪᠤᠶᠤ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ | ᠪᠠᠶᠢᠭᠤᠯᠤᠮᠵᠢ ᠳᠤ ᠬᠦᠷᠭᠡᠨ ᠲᠤᠰᠢᠶᠠᠵᠤ ᠰᠠᠨᠠᠯ ᠬᠤᠷᠢᠶᠠᠬᠤ ᠬᠡᠷᠡᠭᠲᠡᠢ᠃ | ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠦᠭᠡᠢ ᠬᠤᠲᠠ᠂ ᠬᠤᠳᠠ ᠶᠢᠨ ᠬᠠᠷᠢᠶ᠎ᠠ | ᠲᠣᠭᠤᠷᠢᠭ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠵᠤ ᠲᠥᠰᠦᠪ ᠲᠤ | ᠲᠤᠬᠢᠷᠡᠭᠤᠯᠦᠯᠳᠠ ᠬᠢᠬᠦ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠬᠦ ᠠᠴᠠ ᠭᠤᠴᠢᠨ ᠡᠳᠦᠷ ᠤᠨ ᠡᠮᠦᠨ᠎ᠡ᠂ | ᠲᠥᠰᠦᠪ ᠤᠨ ᠲᠤᠭᠢᠷᠠᠭᠤᠯᠤᠯᠳᠠ ᠶᠢᠨ ᠠᠩᠬᠠᠨ ᠤ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠳᠤ ᠬᠦᠷᠭᠡᠨ | ᠲᠤᠰᠢᠶᠠᠵᠤ ᠰᠠᠨᠠᠯ ᠬᠤᠷᠢᠶᠠᠬᠤ ᠬᠡᠷᠡᠭᠲᠡᠢ᠃ | ᠲᠥᠪ ᠤᠨ ᠲᠥᠰᠦᠪ ᠤᠨ ᠲᠤᠭᠢᠷᠠᠭᠤᠯᠤᠯᠳᠠ ᠶᠢᠨ ᠲᠥᠰᠦᠯ ᠢ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠦᠨ ᠬᠢᠨᠠᠨ ᠪᠠᠶᠢᠴᠠᠭᠠᠯᠭᠠᠵᠤ | ᠵᠥᠪᠰᠢᠶᠡᠷᠡᠭᠦᠯᠬᠦ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ | ᠲᠥᠰᠦᠪ ᠤᠨ ᠲᠤᠭᠢᠷᠠᠭᠤᠯᠤᠯᠳᠠ ᠶᠢᠨ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠦᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠢ︔ | ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠲᠥᠰᠦᠪ ᠤᠨ ᠲᠤᠭᠢᠷᠠᠭᠤᠯᠤᠯᠳᠠ ᠶᠢᠨ ᠲᠥᠰᠦᠯ ᠢ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ ᠪᠠᠶᠢᠴᠠᠭᠠᠯᠭᠠᠵᠤ | ᠵᠥᠪᠰᠢᠶᠡᠷᠡᠭᠦᠯᠬᠦ ᠬᠡᠷᠡᠭᠲᠡᠢ᠂ ᠵᠥᠪᠰᠢᠶᠡᠷᠡᠯ ᠤᠢᠭᠡᠢ ᠪᠠᠷ ᠲᠥᠰᠦᠪ ᠲᠤ ᠲᠤᠬᠢᠷᠡᠭᠤᠯᠦᠯᠳᠠ ᠬᠢᠵᠦ ᠪᠣᠯᠬᠤ ᠤᠢᠭᠡᠢ᠃ | ᠳᠠᠯᠠᠳᠤᠭᠠᠷ ᠵᠦᠢᠯ᠂ ᠵᠥᠪᠰᠢᠶᠡᠷᠡᠭᠦᠯᠦᠭᠰᠡᠨ ᠲᠥᠰᠦᠪ ᠤᠨ ᠲᠤᠭᠢᠷᠠᠭᠤᠯᠤᠯᠳᠠ ᠶᠢᠨ ᠲᠥᠰᠦᠯ ᠢ ᠡᠯ᠎ᠡ | ᠱᠠᠲᠤᠨ ᠤ ᠵᠠᠰᠠᠭ ᠤᠨ ᠣᠷᠳᠣᠨ ᠴᠢᠩᠭ᠎ᠠ ᠬᠡᠷᠡᠭᠵᠢᠭᠦᠯᠬᠦ ᠬᠡᠷᠡᠭᠲᠡᠢ᠃ ᠲᠤᠰ ᠬᠠᠤᠯᠢ ᠶᠢᠨ ᠵᠢᠷᠠ ᠶᠢᠰᠦᠳᠦᠭᠡᠷ | ᠵᠦᠢᠯ ᠳᠤ ᠲᠣᠭᠲᠠᠭᠠᠭᠰᠠᠨ ᠶᠠᠪᠣᠴᠠ ᠶᠢ ᠳᠠᠮᠵᠢᠭᠰᠠᠨ ᠦᠭᠡᠢ ᠪᠠᠶᠢᠪᠠᠯ᠂ ᠡᠯ᠎ᠡ ᠱᠠᠲᠤᠨ ᠤ ᠵᠠᠰᠠᠭ ᠤᠨ ᠣᠷᠳᠣᠨ | ᠲᠥᠰᠦᠪ ᠲᠤ ᠲᠤᠭᠢᠷᠠᠭᠤᠯᠤᠯᠳᠠ ᠬᠢᠬᠦ ᠰᠢᠢᠳᠪᠦᠷᠢ ᠭᠠᠷᠭᠠᠵᠤ ᠪᠣᠯᠬᠤ ᠦᠭᠡᠢ᠃ | ᠡᠮᠦᠨ᠎ᠡ ᠪᠠᠳᠠᠭ ᠲᠠᠬᠢ ᠲᠣᠭᠲᠠᠭᠠᠯ ᠢ ᠵᠥᠷᠢᠴᠡᠵᠦ ᠭᠠᠷᠭᠠᠭᠰᠠᠨ ᠰᠢᠢᠳᠪᠦᠷᠢ ᠶᠢ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠤᠶᠤ ᠳᠡᠭᠡᠳᠦ ᠱᠠᠲᠤᠨ ᠤ ᠵᠠᠰᠠᠭ ᠤᠨ ᠣᠷᠳᠣᠨ ᠠᠴᠠ ᠵᠠᠷᠯᠢᠭᠳᠠᠵᠤ ᠬᠤᠪᠢᠷᠠᠭᠤᠯᠬᠤ ᠪᠤᠶᠤ | ᠬᠦᠴᠦᠨ ᠤᠢᠭᠡᠢ ᠪᠣᠯᠭᠠᠨ᠎ᠠ᠃ | ᠲᠡᠯᠡᠠ ᠨᠢᠭᠡᠳᠦᠭᠡᠷ ᠵᠦᠢᠯ᠂ ᠲᠥᠰᠦᠪ ᠢ ᠭᠦᠢᠴᠡᠳᠬᠡᠬᠦ ᠳᠤᠮᠳᠠ᠂ ᠣᠷᠣᠨ ᠨᠤᠲᠤᠭ ᠤᠨ ᠡᠯ᠎ᠡ ᠱᠠᠲᠤᠨ ᠤ | ᠵᠠᠰᠠᠭ ᠤᠨ ᠣᠷᠳᠣᠨ ᠨᠢ ᠳᠡᠭᠡᠳᠦ ᠱᠠᠲᠤᠨ ᠤ ᠵᠠᠰᠠᠭ ᠤᠨ ᠣᠷᠳᠣᠨ ᠠᠴᠠ ᠲᠤᠰ ᠱᠠᠲᠤᠨ ᠤ ᠵᠠᠰᠠᠭ ᠤᠨ | ᠣᠷᠳᠣᠨ ᠠᠴᠠ ᠢᠵᠢ ᠪᠦᠷᠢᠳᠦᠭᠦᠯᠭᠦ ᠪᠡᠯᠡ ᠮᠥᠩᠭᠦ ᠬᠠᠩᠭᠠᠬᠤ ᠴᠢᠬᠤᠯᠠ ᠦᠭᠡᠢ ᠲᠤᠰᠬᠠᠢ ᠵᠦᠢᠯ ᠢᠶᠠᠷ | ᠰᠢᠯᠵᠢᠭᠦᠯᠦᠨ ᠥᠭᠬᠦ ᠠᠴᠠ ᠪᠣᠯᠤᠭᠰᠠᠨ ᠲᠥᠰᠦᠪ ᠤᠨ ᠵᠠᠷᠤᠯᠭ᠎ᠠ ᠶᠢᠨ ᠬᠤᠪᠢᠷᠠᠯᠲᠠ ᠨᠢ ᠲᠥᠰᠦᠪ ᠤᠨ | ᠲᠤᠬᠢᠷᠡᠭᠤᠯᠦᠯᠳᠠ ᠳᠤ ᠪᠠᠭᠲᠠᠬᠤ ᠤᠢᠭᠡᠢ᠃ | ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ ᠨᠡᠮᠡᠭᠳᠡᠭᠦᠯᠬᠦ ᠶᠢ ᠬᠦᠯᠢᠶᠡᠨ ᠠᠪᠤᠭᠰᠠᠨ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠢ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠤᠯᠪᠣᠭᠳᠠᠯ ᠪᠦᠬᠦᠢ | ᠪᠠᠶᠢᠳᠠᠯ ᠢ ᠮᠡᠳᠡᠭᠦᠯᠬᠦ ᠬᠡᠷᠡᠭᠲᠡᠢ︔ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠶᠢ ᠨᠡᠮᠡᠭᠳᠡᠭᠦᠯᠬᠦ ᠶᠢ ᠬᠦᠯᠢᠶᠡᠨ | ᠠᠪᠤᠭᠰᠠᠨ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠵᠠᠰᠠᠭ ᠤᠨ ᠣᠷᠳᠣᠨ ᠠᠴᠠ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠤᠯᠪᠣᠭᠳᠠᠯ ᠪᠦᠬᠦᠢ ᠪᠠᠶᠢᠳᠠᠯ ᠢ ᠮᠡᠳᠡᠭᠦᠯᠬᠦ ᠬᠡᠷᠡᠭᠲᠡᠢ᠃ | ᠳᠠᠯᠠᠨ ᠬᠤᠶᠠᠳᠤᠭᠠᠷ ᠵᠦᠢᠯ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠲᠥᠰᠦᠪ ᠤᠨ ᠵᠠᠷᠤᠯᠭ᠎ᠠ ᠶᠢ | ᠲᠥᠰᠦᠪ ᠤᠨ ᠵᠦᠢᠯ ᠢᠯᠭᠠᠯ ᠶᠣᠰᠣᠭᠠᠷ ᠭᠦᠢᠴᠡᠳᠬᠡᠬᠦ ᠬᠡᠷᠡᠭᠲᠡᠢ᠃ ᠠᠳᠠᠯᠢ ᠪᠤᠰᠤ ᠲᠥᠰᠦᠪ ᠤᠨ ᠵᠦᠢᠯ ᠢᠯᠭᠠᠯ᠂ | ᠲᠥᠰᠦᠪ ᠤᠨ ᠵᠡᠷᠭᠡ ᠳᠡᠰ ᠪᠤᠶᠤ ᠵᠦᠢᠯᠡᠰ ᠤᠨ ᠬᠤᠭᠤᠷᠣᠨᠳᠣᠬᠢ ᠲᠥᠰᠦᠪ ᠤᠨ ᠪᠡᠯᠡ ᠮᠥᠩᠭᠦᠨ ᠤ | ᠲᠤᠭᠢᠷᠠᠭᠤᠯᠤᠯᠳᠠ ᠶᠢ ᠴᠢᠩᠭ᠎ᠠ ᠬᠢᠵᠠᠭᠠᠷᠯᠠᠵᠤ᠂ ᠦᠨᠡᠬᠡᠷ ᠲᠤᠭᠢᠷᠠᠭᠤᠯᠤᠨ ᠬᠡᠷᠡᠭᠯᠡᠬᠦ ᠴᠢᠬᠤᠯᠠᠲᠠᠢ ᠪᠠᠶᠢᠪᠠᠯ | ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ | ᠭᠦᠢᠴᠡᠳᠬᠡᠨ᠎ᠡ᠃ | ᠳᠠᠯᠠᠨ ᠭᠤᠷᠪᠠᠳᠤᠭᠠᠷ ᠵᠦᠢᠯ᠂ ᠣᠷᠣᠨ ᠨᠤᠲᠤᠭ ᠤᠨ ᠡᠯ᠎ᠡ ᠱᠠᠲᠤᠨ ᠤ ᠲᠥᠰᠦᠪ ᠤᠨ ᠲᠤᠬᠢᠷᠡᠭᠤᠯᠦᠯᠳᠠ ᠶᠢᠨ | ᠲᠥᠰᠦᠯ ᠢ ᠵᠥᠪᠰᠢᠶᠡᠷᠡᠭᠦᠯᠦᠭᠰᠡᠨ ᠤ ᠲᠡᠷᠠᠭ᠎ᠠ᠂ ᠲᠤᠰ ᠱᠠᠲᠤᠨ ᠤ ᠵᠠᠰᠠᠭ ᠤᠨ ᠣᠷᠳᠣᠨ ᠠᠴᠠ ᠳᠡᠭᠡᠷ᠎ᠡ ᠨᠢᠭᠡ | ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠤᠨ᠎ᠠ᠃ | ᠨᠠᠢᠮᠠᠳᠤᠭᠠᠷ ᠪᠦᠯᠦᠭ ᠲᠦᠰᠦᠪ ᠤᠨ ᠭᠦᠢᠴᠡᠳᠬᠡᠯ | ᠳᠠᠯᠠᠨ ᠳᠥᠷᠪᠡᠳᠦᠭᠡᠷ ᠵᠦᠢᠯ᠂ ᠲᠥᠰᠦᠪ ᠤᠨ ᠭᠦᠢᠴᠡᠳᠬᠡᠯ ᠤᠨ ᠲᠥᠰᠦᠯ ᠢ ᠡᠯ᠎ᠡ ᠱᠠᠲᠤᠨ ᠤ ᠵᠠᠰᠠᠭ ᠤᠨ | ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠠᠴᠠ ᠲᠥᠰᠦᠪ ᠤᠨ ᠣᠨ ᠨᠢᠭᠡᠪᠦᠷᠢ ᠳᠠᠭᠤᠰᠤᠭᠰᠠᠨ ᠤ | ᠲᠡᠷᠠᠭ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠴᠠᠭ ᠢᠶᠠᠷ ᠨᠠᠶᠢᠷᠠᠭᠤᠯᠤᠨ ᠵᠣᠬᠢᠶᠠᠨ᠎ᠠ᠃ | ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠪᠣᠳᠠᠲᠠᠶ ᠶᠠᠪᠤᠳᠠᠯ ᠤᠳ ᠢ | ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠠᠶᠢᠷᠢᠯᠠᠭᠤᠯᠤᠨ᠎ᠠ᠃ | ᠳᠠᠯᠠᠨ ᠲᠠᠪᠤᠳᠤᠭᠠᠷ ᠵᠦᠢᠯ᠂ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠳᠤ | ᠡᠷᠬᠡᠪᠰᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠨᠡᠶᠢᠴᠡᠭᠦᠯᠵᠦ᠂ ᠣᠷᠣᠯᠭ᠎ᠠ ᠵᠠᠷᠤᠯᠭ᠎ᠠ ᠨᠢ | ᠦᠨᠡᠨ ᠪᠣᠳᠠᠲᠠᠢ᠂ ᠲᠤᠭ᠎ᠠ ᠨᠢ ᠣᠨᠣᠪᠴᠢᠲᠠᠢ᠂ ᠠᠭᠤᠯᠭ᠎ᠠ ᠨᠢ ᠪᠦᠷᠢᠨ ᠲᠡᠭᠦᠯᠳᠡᠷ ᠪᠠᠶᠢᠵᠤ᠂ ᠴᠠᠭ ᠲᠤᠬᠠᠢ ᠳᠤᠨᠢ | ᠮᠡᠳᠡᠭᠦᠯᠬᠦ ᠬᠡᠷᠡᠭᠲᠡᠢ᠃ | ᠲᠥᠰᠦᠪ ᠤᠨ ᠭᠦᠢᠴᠡᠳᠬᠡᠯ ᠤᠨ ᠲᠥᠰᠦᠯ ᠨᠢ ᠲᠥᠰᠦᠪ ᠲᠠᠢ ᠬᠠᠷᠢᠯᠴᠠᠨ ᠵᠣᠬᠢᠴᠠᠯᠳᠤᠭᠰᠠᠨ ᠪᠠᠶᠢᠵᠤ᠂ | ᠲᠥᠰᠦᠪ ᠤᠨ ᠲᠤᠭ᠎ᠠ᠂ ᠲᠥᠰᠦᠪ ᠤᠨ ᠲᠤᠭᠢᠷᠠᠭᠤᠯᠤᠯᠳᠠ ᠶᠢᠨ ᠲᠤᠭ᠎ᠠ᠂ ᠲᠥᠰᠦᠪ ᠤᠨ ᠭᠦᠢᠴᠡᠳᠬᠡᠯ ᠤᠨ | ᠲᠤᠭ᠎ᠠ ᠪᠠᠷ ᠲᠤᠰ ᠲᠤᠰ ᠵᠢᠭᠰᠠᠭᠠᠨ ᠭᠠᠷᠭᠠᠬᠤ ᠬᠡᠷᠡᠭᠲᠡᠢ᠃ ᠤᠯᠠᠨ ᠨᠡᠶᠢᠲᠡ ᠶᠢᠨ ᠡᠩ ᠤᠨ ᠲᠥᠰᠦᠪ ᠤᠨ | ᠵᠠᠷᠤᠯᠭ᠎ᠠ ᠶᠢ ᠴᠢᠳᠠᠮᠵᠢ ᠪᠠᠷ ᠨᠢ ᠲᠦᠷᠦᠯ ᠬᠤᠪᠢᠶᠠᠬᠤ ᠳᠠᠭᠠᠨ ᠵᠤᠷᠪᠤᠰ ᠬᠦᠷᠲᠡᠯ᠎ᠡ ᠨᠠᠶᠢᠷᠠᠭᠤᠯᠤᠨ ᠵᠢᠭᠰᠠᠭᠠᠵᠤ᠂ | ᠠᠵᠤ ᠠᠬᠤᠢ ᠶᠢᠨ ᠰᠢᠨᠵᠢ ᠴᠢᠨᠠᠷ ᠢᠶᠠᠷ ᠨᠢ ᠲᠦᠷᠦᠯ ᠬᠤᠪᠢᠶᠠᠬᠤ ᠳᠠᠭᠠᠨ ᠪᠠᠳᠠᠭ ᠬᠦᠷᠲᠡᠯ᠎ᠡ ᠨᠠᠶᠢᠷᠠᠭᠤᠯᠤᠨ | ᠵᠢᠭᠰᠠᠭᠠᠬᠤ ᠬᠡᠷᠡᠭᠲᠡᠢ᠃ | ᠳᠠᠯᠠᠨ ᠵᠢᠷᠭᠤᠳᠤᠭᠠᠷ ᠵᠦᠢᠯ᠂ ᠡᠯ᠎ᠡ ᠰᠠᠯᠠᠭ᠎ᠠ ᠮᠥᠴᠢᠷ ᠠᠴᠠ ᠬᠠᠷᠢᠶ᠎ᠠ ᠨᠢᠭᠡᠴᠡ ᠨᠦᠭᠦᠳ ᠤᠨ ᠢᠶᠠᠨ | ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠲᠣᠭᠲᠠᠭᠠᠬᠤ ᠪᠦᠭᠡᠳ ᠡᠮᠬᠢᠳᠬᠡᠨ ᠨᠡᠶᠢᠯᠡᠭᠦᠯᠦᠨ ᠲᠣᠰ ᠰᠠᠯᠠᠭ᠎ᠠ | ᠮᠥᠴᠢᠷ ᠤᠨ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠂ ᠲᠣᠭᠲᠠᠭᠰᠠᠨ ᠬᠤᠭᠤᠴᠠᠭᠠᠨ | ᠳᠣᠲᠣᠷ᠎ᠠ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠮᠡᠳᠡᠭᠦᠯᠵᠦ | ᠬᠢᠨᠠᠨ ᠵᠥᠪᠰᠢᠶᠡᠷᠡᠭᠦᠯᠬᠦ ᠬᠡᠷᠡᠭᠲᠡᠶ᠃ | ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠰ ᠱᠠᠲᠤᠨ ᠤ | ᠡᠯ᠎ᠡ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠲᠣᠭᠲᠠᠭᠠᠭᠰᠠᠨ ᠤ ᠲᠡᠷᠠᠭ᠎ᠠ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠤᠨ ᠲᠣᠭᠲᠠᠭᠠᠯ ᠲᠠᠢ ᠨᠡᠶᠢᠴᠡᠬᠦ ᠤᠢᠭᠡᠢ ᠵᠦᠢᠯ ᠪᠠᠶᠢᠬᠤ ᠶᠢ | ᠣᠯᠵᠤ ᠮᠡᠳᠡᠪᠡᠯ ᠵᠠᠯᠠᠷᠠᠭᠤᠯᠬᠤ ᠡᠷᠬᠡ ᠲᠠᠢ᠃ | ᠲᠡᠯᠡᠠ ᠳᠣᠯᠣᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠲᠥᠪ ᠤᠨ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠳᠤ᠂ | ᠲᠦᠷᠦ ᠶᠢᠨ ᠶᠠᠪᠤᠳᠠᠯ ᠤᠨ ᠬᠤᠷᠢᠶᠠᠨ ᠤ ᠬᠢᠨᠠᠨ ᠪᠤᠳᠤᠬᠤ ᠰᠠᠯᠠᠭ᠎ᠠ ᠮᠥᠴᠢᠷ ᠢᠶᠠᠷ ᠬᠢᠨᠠᠨ ᠪᠤᠳᠤᠭᠤᠯᠤᠭᠰᠠᠨ ᠤ | ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠬᠢᠨᠠᠨ ᠲᠣᠭᠲᠠᠭᠠᠯᠭᠠᠵᠤ᠂ ᠲᠦᠷᠦ ᠶᠢᠨ | ᠶᠠᠪᠤᠳᠠᠯ ᠤᠨ ᠬᠤᠷᠢᠶᠠᠨ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ | ᠨᠠᠶᠢᠷᠠᠭᠤᠯᠤᠨ ᠵᠣᠬᠢᠶᠠᠬᠤ᠂ ᠲᠤᠰ ᠱᠠᠲᠤᠨ ᠤ ᠵᠠᠰᠠᠭ ᠤᠨ ᠣᠷᠳᠣᠨ ᠤ ᠬᠢᠨᠠᠨ ᠪᠤᠳᠤᠬᠤ ᠰᠠᠯᠠᠭ᠎ᠠ ᠮᠥᠴᠢᠷ ᠢᠶᠠᠷ | ᠬᠢᠨᠠᠨ ᠪᠤᠳᠤᠭᠤᠯᠤᠭᠰᠠᠨ ᠤ ᠳᠠᠷᠠᠭ᠎ᠠ᠂ ᠲᠤᠰ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ | ᠲᠣᠭᠲᠠᠭᠠᠯᠭᠠᠵᠤ᠂ ᠲᠤᠰ ᠱᠠᠲᠤᠨ ᠤ ᠵᠠᠰᠠᠭ ᠤᠨ ᠣᠷᠳᠣᠨ ᠠᠴᠠ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠢᠨᠠᠭᠤᠯᠤᠨ ᠵᠥᠪᠰᠢᠶᠡᠷᠡᠭᠦᠯᠬᠦ ᠬᠡᠷᠡᠭᠲᠡᠶ᠃ | ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠵᠠᠰᠠᠭ ᠤᠨ ᠣᠷᠳᠣᠨ ᠲᠤᠰ ᠱᠠᠲᠤᠨ ᠤ ᠪᠠᠨ | ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠭᠠᠳ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠨ᠎ᠡ᠃ | ᠲᠡᠯᠡᠠ ᠨᠠᠢᠮᠠᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠵᠤ ᠲᠥᠪ ᠤᠨ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠬᠦ ᠠᠴᠠ | ᠭᠤᠴᠢᠨ ᠡᠳᠦᠷ ᠤᠨ ᠡᠮᠦᠨ᠎ᠡ᠂ ᠲᠦᠷᠦᠭᠦᠦ ᠨᠢᠭᠡ ᠵᠢᠯ ᠤᠨ ᠲᠥᠪ ᠤᠨ ᠲᠥᠰᠦᠪ ᠤᠨ ᠭᠦᠢᠴᠡᠳᠬᠡᠯ ᠤᠨ ᠲᠥᠰᠦᠯ ᠢ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ | ᠵᠥᠪᠯᠡᠯ ᠳᠤ ᠳᠡᠪᠰᠢᠭᠦᠯᠵᠦ ᠠᠩᠬ᠎ᠠ ᠠᠯᠬᠤᠮ ᠬᠢᠨᠠᠨ ᠪᠠᠶᠢᠴᠠᠭᠠᠯᠭᠠᠬᠤ ᠬᠡᠷᠡᠭᠲᠡᠢ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠵᠤ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ | ᠬᠢᠨᠠᠨ ᠪᠠᠶᠢᠴᠠᠭᠠᠵᠤ ᠵᠥᠪᠰᠢᠶᠡᠷᠡᠬᠦ ᠠᠴᠠ ᠭᠤᠴᠢᠨ ᠡᠳᠦᠷ ᠤᠨ ᠡᠮᠦᠨ᠎ᠡ᠂ ᠲᠦᠷᠦᠭᠦᠦ ᠨᠢᠭᠡ ᠵᠢᠯ ᠤᠨ ᠲᠤᠰ | ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠯᠪᠣᠭᠳᠠᠯ ᠪᠦᠬᠦᠢ ᠲᠤᠰᠬᠠᠢ ᠵᠥᠪᠯᠡᠯ ᠳᠤ ᠳᠡᠪᠰᠢᠭᠦᠯᠵᠦ ᠠᠩᠬ᠎ᠠ ᠠᠯᠬᠤᠮ ᠬᠢᠨᠠᠨ ᠪᠠᠶᠢᠴᠠᠭᠠᠯᠭᠠᠬᠤ | ᠬᠡᠷᠡᠭᠲᠡᠢ᠃ | ᠳᠤᠭᠤᠷᠢᠭᠳᠤ ᠬᠤᠳᠠ᠂ ᠥᠪᠡᠷᠲᠡᠭᠡᠨ ᠵᠠᠰᠠᠬᠤ ᠵᠧᠦ ᠶᠢᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠵᠤ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠪᠠᠶᠢᠴᠠᠭᠠᠵᠤ | ᠵᠥᠪᠰᠢᠶᠡᠷᠡᠬᠦ ᠠᠴᠠ ᠭᠤᠴᠢᠨ ᠡᠳᠦᠷ ᠤᠨ ᠡᠮᠦᠨ᠎ᠡ᠂ ᠲᠦᠷᠦᠭᠦᠦ ᠨᠢᠭᠡ ᠵᠢᠯ ᠤᠨ ᠲᠤᠰ ᠱᠠᠲᠤᠨ ᠤ ᠲᠥᠰᠦᠪ ᠤᠨ | ᠭᠦᠢᠴᠡᠳᠬᠡᠯ ᠤᠨ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ | ᠪᠦᠬᠦᠢ ᠲᠤᠰᠬᠠᠢ ᠵᠥᠪᠯᠡᠯ ᠳᠤ ᠳᠡᠪᠰᠢᠭᠦᠯᠵᠦ ᠠᠩᠬ᠎ᠠ ᠠᠯᠬᠤᠮ ᠬᠢᠨᠠᠨ ᠪᠠᠶᠢᠴᠠᠭᠠᠯᠭᠠᠬᠤ ᠪᠤᠶᠤ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ | ᠪᠠᠶᠢᠭᠤᠯᠤᠮᠵᠢ ᠳᠤ ᠬᠦᠷᠭᠡᠨ ᠲᠤᠰᠢᠶᠠᠵᠤ ᠰᠠᠨᠠᠯ ᠬᠤᠷᠢᠶᠠᠬᠤ ᠬᠡᠷᠡᠭᠲᠡᠢ᠃ | ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠦᠭᠡᠢ ᠬᠤᠲᠠ᠂ ᠬᠤᠳᠠ ᠶᠢᠨ ᠬᠠᠷᠢᠶ᠎ᠠ | ᠲᠣᠭᠤᠷᠢᠭ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠵᠤ ᠲᠤᠰ ᠱᠠᠲᠤᠨ ᠤ | ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠬᠦ ᠠᠴᠠ ᠭᠤᠴᠢᠨ ᠡᠳᠦᠷ ᠤᠨ ᠡᠮᠦᠨ᠎ᠡ᠂ | ᠲᠦᠷᠦᠭᠦᠦ ᠨᠢᠭᠡ ᠵᠢᠯ ᠤᠨ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ ᠲᠤᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ | ᠪᠠᠶᠢᠭᠤᠯᠤᠮᠵᠢ ᠳᠤ ᠬᠦᠷᠭᠡᠨ ᠲᠤᠰᠢᠶᠠᠵᠤ ᠰᠠᠨᠠᠯ ᠬᠤᠷᠢᠶᠠᠬᠤ ᠬᠡᠷᠡᠭᠲᠡᠢ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ | ᠠᠬᠤᠢ ᠶᠢᠨ ᠵᠥᠪᠯᠡᠯ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠳᠤᠭᠤᠷᠢᠭᠳᠤ | ᠬᠤᠳᠠ᠂ ᠥᠪᠡᠷᠲᠡᠭᠡᠨ ᠵᠠᠰᠠᠬᠤ ᠵᠧᠦ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ | ᠪᠦᠬᠦᠢ ᠲᠤᠰᠬᠠᠶ ᠺᠣᠮᠢᠰ ᠠᠴᠠ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠪᠠᠶᠢᠴᠠᠭᠠᠭᠰᠠᠨ | ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠳᠣᠷᠠᠳᠣᠨ ᠭᠠᠷᠭᠠᠨ᠎ᠠ᠃ | ᠳᠠᠯ᠎ᠠ ᠶᠢᠰᠦᠳᠦᠭᠡᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠰᠢᠶᠠᠩ᠂ ᠦᠨᠳᠦᠰᠦᠲᠡᠨ ᠤ ᠰᠢᠶᠠᠩ᠂ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠤᠰ ᠱᠠᠲᠤᠨ ᠤ ᠲᠥᠰᠦᠪ ᠤᠨ ᠭᠦᠢᠴᠡᠳᠬᠡᠯ ᠤᠨ | ᠲᠥᠰᠦᠯ ᠤᠨ ᠳᠣᠣᠷ᠎ᠠ ᠵᠢᠭᠰᠠᠭᠠᠭᠰᠠᠨ ᠠᠭᠤᠯᠭ᠎ᠠ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠨ᠎ᠠ᠄ | ︵ᠨᠢᠭᠡ︶ ᠲᠥᠰᠦᠪ ᠤᠨ ᠣᠷᠣᠯᠭ᠎ᠠ ᠶᠢᠨ ᠪᠠᠶᠢᠳᠠᠯ︔ | ︵ᠬᠤᠶᠠᠷ︶ ᠵᠠᠷᠤᠯᠭ᠎ᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠪᠣᠯᠤᠨ | ᠭᠤᠣᠯᠳᠠᠯᠭ᠎ᠠ ᠲᠠᠢ ᠵᠠᠷᠤᠯᠭ᠎ᠠ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ ᠵᠦᠢᠯᠡᠰ ᠤᠨ ᠪᠡᠯᠡ ᠮᠥᠩᠭᠦ ᠶᠢ | ᠬᠡᠷᠡᠭᠯᠡᠭᠰᠡᠨ ᠵᠢᠴᠢ ᠦᠷ᠎ᠡ ᠪᠦᠲᠦᠮᠵᠢ ᠶᠢᠨ ᠪᠠᠶᠢᠳᠠᠯ︔ | ︵ᠭᠤᠷᠪᠠ︶ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ︔ | ︵ᠳᠦᠷᠪᠡ︶ ᠪᠡᠯᠡ ᠮᠥᠩᠭᠦᠨ ᠤ ᠦᠯᠡᠳᠡᠪᠦᠷᠢ ᠶᠢᠨ ᠪᠠᠶᠢᠳᠠᠯ︔ | ︵ᠲᠠᠪᠤ︶ ᠲᠤᠰ ᠱᠠᠲᠤᠨ ᠤ ᠲᠥᠰᠦᠪ ᠲᠤ ᠲᠤᠭᠢᠷᠠᠭᠤᠯᠤᠯᠳᠡ ᠬᠢᠭᠰᠡᠨ ᠵᠢᠴᠢ ᠭᠦᠢᠴᠡᠳᠬᠡᠭᠰᠡᠨ ᠪᠠᠶᠢᠳᠠᠯ︔ | ︵ᠵᠢᠷᠭᠤᠭ᠎ᠠ︶ ᠡᠳ᠋ ᠤᠨ ᠵᠠᠰᠠᠭ ᠤᠨ ᠰᠢᠯᠵᠢᠭᠦᠯᠦᠨ ᠥᠭᠬᠦ ᠶᠢ ᠲᠤᠭᠢᠷᠠᠭᠤᠯᠵᠦ ᠭᠦᠢᠴᠡᠳᠬᠡᠭᠰᠡᠨ ᠪᠠᠶᠢᠳᠠᠯ︔ | ︵ᠳᠤᠯᠤᠭ᠎ᠠ︶ ᠵᠥᠪᠰᠢᠶᠡᠷᠡᠭᠦᠯᠦᠭᠰᠡᠨ ᠵᠢᠭᠡᠯᠡᠯᠭᠡ ᠠᠪᠬᠤ ᠬᠡᠪᠴᠢᠶ᠎ᠡ᠂ ᠪᠦᠲᠦᠴᠡ᠂ ᠬᠡᠷᠡᠭᠯᠡᠭᠡ᠂ ᠲᠦᠯᠦᠭᠰᠡᠨ | ᠵᠡᠷᠭᠡ ᠪᠠᠶᠢᠳᠠᠯ︔ | ︵ᠨᠠᠢᠮᠠ︶ ᠲᠤᠰ ᠱᠠᠲᠤᠨ ᠤ ᠲᠥᠰᠦᠪ ᠤᠨ ᠡᠷᠭᠢᠯᠲᠡ ᠶᠢᠨ ᠮᠥᠩᠭᠦᠨ ᠤ ᠬᠡᠪᠴᠢᠶ᠎ᠡ ᠪᠣᠯᠤᠨ ᠬᠡᠷᠡᠭᠯᠡᠭᠰᠡᠨ | ᠪᠠᠶᠢᠳᠠᠯ︔ | ︵ᠶᠢᠰᠦ︶ ᠲᠤᠰ ᠱᠠᠲᠤᠨ ᠤ ᠪᠡᠯᠡᠳᠬᠡᠯ ᠵᠠᠷᠤᠳᠠᠯ ᠢ ᠬᠡᠷᠡᠭᠯᠡᠭᠰᠡᠨ ᠪᠠᠶᠢᠳᠠᠯ︔ | ︵ᠠᠷᠪᠠ︶ ᠳᠠᠪᠠᠭᠤᠯᠤᠨ ᠬᠤᠷᠢᠶᠠᠭᠰᠠᠨ ᠣᠷᠣᠯᠭ᠎ᠠ ᠶᠢ ᠲᠤᠭᠢᠷᠠᠭᠤᠯᠤᠭᠰᠠᠨ ᠪᠠᠶᠢᠳᠠᠯ᠂ ᠲᠥᠰᠦᠪ ᠤᠨ | ᠲᠣᠭᠲᠠᠪᠤᠷᠢᠵᠢᠭᠤᠯᠤᠨ ᠲᠤᠭᠢᠷᠠᠭᠤᠯᠬᠤ ᠰᠠᠭᠤᠷᠢ ᠮᠥᠩᠭᠦᠨ ᠤ ᠬᠡᠪᠴᠢᠶ᠎ᠡ ᠪᠠ ᠬᠡᠷᠡᠭᠯᠡᠭᠰᠡᠨ ᠪᠠᠶᠢᠳᠠᠯ︔ | ︵ᠠᠷᠪᠠᠨ ᠨᠢᠭᠡ︶ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠵᠥᠪᠰᠢᠶᠡᠷᠡᠭᠰᠡᠨ ᠲᠥᠰᠦᠪ ᠤᠨ ᠰᠢᠢᠳᠪᠦᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠠᠷᠪᠠᠨ ᠬᠤᠶᠠᠷ︶ ᠲᠥᠰᠦᠪ ᠤᠨ ᠭᠦᠢᠴᠡᠳᠬᠡᠯ ᠲᠠᠢ ᠬᠤᠯᠪᠣᠭᠳᠠᠬᠤ ᠪᠤᠰᠤᠳ ᠴᠢᠬᠤᠯᠠ ᠪᠠᠶᠢᠳᠠᠯ᠃ | ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠲᠤᠰ ᠱᠠᠲᠤᠨ ᠤ ᠵᠠᠰᠠᠭ ᠤᠨ ᠣᠷᠳᠣᠨ ᠤ ᠳᠤᠷᠠᠳᠤᠨ ᠭᠠᠷᠭᠠᠭᠰᠠᠨ | ᠲᠦᠷᠦᠭᠦᠦ ᠨᠢᠭᠡ ᠵᠢᠯ ᠤᠨ ᠲᠥᠰᠦᠪ ᠢ ᠭᠦᠢᠴᠡᠳᠬᠡᠭᠰᠡᠨ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ | ᠵᠠᠷᠤᠯᠭ᠎ᠠ ᠶᠢᠨ ᠬᠢᠨᠠᠨ ᠪᠣᠳᠣᠭᠰᠠᠨ ᠠᠵᠢᠯ ᠤᠨ ᠮᠡᠳᠡᠭᠦᠯᠦᠯᠲᠡ ᠲᠠᠢ ᠤᠶᠠᠯᠳᠤᠭᠤᠯᠵᠤ᠂ ᠲᠤᠰ ᠱᠠᠲᠤᠨ ᠤ | ᠲᠥᠰᠦᠪ ᠤᠨ ᠭᠦᠢᠴᠡᠳᠬᠡᠯ ᠤᠨ ᠲᠥᠰᠦᠯ ᠳᠤ ᠬᠢᠨᠠᠨ ᠪᠠᠶᠢᠴᠠᠭᠠᠯᠲᠠ ᠬᠢᠨ᠎ᠡ᠃ | ᠨᠠᠶᠠᠳᠤᠭᠠᠷ ᠵᠦᠢᠯ᠂ ᠡᠯ᠎ᠡ ᠱᠠᠲᠤᠨ ᠤ ᠲᠥᠰᠦᠪ ᠤᠨ ᠭᠦᠢᠴᠡᠳᠬᠡᠯ ᠢ ᠵᠥᠪᠰᠢᠶᠡᠷᠡᠭᠦᠯᠦᠭᠰᠡᠨ ᠤ ᠲᠡᠷᠠᠭ᠎ᠠ᠂ | ᠡᠳ᠋ ᠤᠨ ᠵᠠᠰᠠᠭ ᠤᠨ ᠰᠠᠯᠠᠭ᠎ᠠ ᠮᠥᠴᠢᠷ ᠬᠤᠷᠢᠨ ᠡᠳᠦᠷ ᠤᠨ ᠳᠣᠲᠣᠷ᠎ᠠ ᠲᠤᠰ ᠱᠠᠲᠤᠨ ᠤ ᠡᠯ᠎ᠡ ᠰᠠᠯᠠᠭ᠎ᠠ | ᠮᠥᠴᠢᠷ ᠲᠤ ᠲᠥᠰᠦᠪ ᠤᠨ ᠭᠦᠢᠴᠡᠳᠬᠡᠯ ᠢ ᠴᠤᠬᠤᠯᠡᠪᠦᠷᠢᠯᠡᠠ ᠬᠠᠷᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ | ᠨᠢ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠴᠤᠬᠤᠯᠠᠪᠤᠷᠢᠯᠠᠨ | ᠬᠠᠷᠢᠭᠤᠯᠤᠭᠰᠠᠨ ᠲᠤᠰ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠢ ᠣᠯᠤᠭᠰᠠᠨ ᠤ ᠳᠠᠷᠠᠭ᠎ᠠ ᠠᠷᠪᠠᠨ | ᠲᠠᠪᠤᠨ ᠡᠳᠦᠷ ᠤᠨ ᠳᠣᠲᠣᠷ᠎ᠠ ᠬᠠᠷᠢᠶ᠎ᠠ ᠨᠢᠭᠡᠴᠢ ᠳᠡᠭᠡᠨ ᠲᠥᠰᠦᠪ ᠤᠨ ᠭᠦᠢᠴᠡᠳᠬᠡᠯ ᠢ ᠴᠤᠬᠤᠯᠠᠪᠤᠷᠢᠯᠠᠨ ᠬᠠᠷᠢᠭᠤᠯᠬᠤ | ᠬᠡᠷᠡᠭᠲᠡᠢ᠃ | ᠨᠠᠶᠠᠨ ᠨᠢᠭᠡᠳᠦᠭᠡᠷ ᠵᠦᠢᠯ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ | ᠵᠥᠪᠰᠢᠶᠡᠷᠡᠭᠦᠯᠦᠭᠰᠡᠨ ᠲᠥᠰᠦᠪ ᠤᠨ ᠭᠦᠢᠴᠡᠳᠬᠡᠯ ᠵᠢᠴᠢ ᠳᠣᠣᠷ᠎ᠠ ᠨᠢᠭᠡ ᠱᠠᠲᠤᠨ ᠤ ᠵᠠᠰᠠᠭ ᠤᠨ ᠣᠷᠳᠣᠨ ᠤ | ᠮᠡᠳᠡᠭᠦᠯᠵᠦ ᠳᠠᠩᠰᠠᠯᠠᠭᠤᠯᠤᠭᠰᠠᠨ ᠲᠥᠰᠦᠪ ᠤᠨ ᠭᠦᠢᠴᠡᠳᠬᠡᠯ ᠢ ᠬᠤᠷᠢᠶᠠᠩᠭᠤᠶᠢᠯᠠᠵᠤ᠂ ᠳᠡᠭᠡᠷ᠎ᠡ ᠨᠢᠭᠡ ᠱᠠᠲᠤᠨ ᠤ | ᠵᠠᠰᠠᠭ ᠤᠨ ᠣᠷᠳᠣᠨ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠵᠠᠰᠠᠭ ᠤᠨ ᠣᠷᠳᠣᠨ ᠳᠣᠣᠷ᠎ᠠ ᠨᠢᠭᠡ ᠱᠠᠲᠤᠨ ᠤ | ᠵᠠᠰᠠᠭ ᠤᠨ ᠣᠷᠳᠣᠨ ᠤ ᠮᠡᠳᠡᠭᠦᠯᠦᠨ ᠬᠦᠷᠭᠡᠵᠦ ᠳᠠᠩᠰᠠᠯᠠᠭᠤᠯᠤᠭᠰᠠᠨ ᠲᠥᠰᠦᠪ ᠤᠨ ᠭᠦᠢᠴᠡᠳᠬᠡᠯ ᠢ | ᠬᠤᠷᠢᠶᠠᠩᠭᠤᠶᠢᠯᠠᠭᠰᠠᠨ ᠤ ᠳᠠᠷᠠᠭ᠎ᠠ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ᠨᠠᠶᠠᠨ ᠬᠤᠶᠠᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠢ ᠳᠣᠣᠷ᠎ᠠ ᠨᠢᠭᠡ ᠱᠠᠲᠤᠨ ᠤ ᠵᠠᠰᠠᠭ ᠤᠨ | ᠣᠷᠳᠣᠨ ᠤ ᠲᠤᠰ ᠬᠠᠤᠯᠢ ᠶᠢᠨ ᠨᠠᠶᠠᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ ᠮᠡᠳᠡᠭᠦᠯᠵᠦ | ᠳᠠᠩᠰᠠᠯᠠᠭᠤᠯᠤᠭᠰᠠᠨ ᠲᠥᠰᠦᠪ ᠤᠨ ᠭᠦᠢᠴᠡᠳᠬᠡᠯ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠲᠠᠢ ᠬᠠᠷᠰᠢᠯᠳᠤᠬᠤ ᠪᠤᠶᠤ ᠪᠤᠰᠤᠳ ᠵᠤᠬᠢᠰ ᠤᠢᠭᠡᠢ ᠵᠦᠢᠯ ᠪᠠᠶᠢᠨ᠎ᠠ ᠭᠡᠵᠦ ᠦᠵᠡᠵᠦ᠂ ᠲᠤᠰ | ᠲᠥᠰᠦᠪ ᠤᠨ ᠭᠦᠢᠴᠡᠳᠬᠡᠯ ᠢ ᠵᠥᠪᠰᠢᠶᠡᠷᠡᠭᠰᠡᠨ ᠰᠢᠢᠳᠪᠦᠷᠢ ᠶᠢ ᠬᠦᠴᠦᠨ ᠦᠭᠡᠢ ᠪᠣᠯᠭᠠᠬᠤ ᠴᠢᠬᠤᠯᠠᠲᠠᠶ ᠪᠠᠶᠢᠪᠠᠯ᠂ | ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ | ᠳᠡᠪᠰᠢᠭᠦᠯᠵᠦ ᠬᠢᠨᠠᠨ ᠵᠦᠪᠳᠦᠯᠴᠡᠨ ᠲᠣᠭᠲᠠᠭᠠᠯᠭᠠᠨ᠎ᠠ︔ ᠬᠢᠨᠠᠨ ᠵᠦᠪᠳᠦᠨ ᠬᠦᠴᠦᠨ ᠦᠭᠡᠢ ᠪᠣᠯᠭᠠᠬᠤ ᠪᠠᠷ | ᠳᠣᠬᠳᠠᠪᠠᠯ᠂ ᠲᠤᠰ ᠲᠤᠤᠷᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠠᠴᠠ ᠲᠤᠰ ᠱᠠᠲᠤᠨ ᠤ ᠵᠠᠰᠠᠭ ᠤᠨ ᠣᠷᠳᠣᠨ ᠢᠶᠠᠷ ᠬᠠᠷᠢᠭᠤᠴᠠᠭᠤᠯᠣᠨ᠂ ᠲᠤᠰ ᠬᠠᠤᠯᠢ ᠶᠢᠨ ᠲᠣᠭᠲᠠᠭᠠᠯ | ᠶᠣᠰᠣᠭᠠᠷ ᠲᠥᠰᠦᠪ ᠤᠨ ᠭᠦᠢᠴᠡᠳᠬᠡᠯ ᠤᠨ ᠲᠥᠰᠦᠯ ᠢ ᠳᠠᠬᠢᠨ ᠰᠢᠨ᠎ᠡ ᠪᠠᠷ ᠨᠠᠶᠢᠷᠠᠭᠤᠯᠤᠨ ᠵᠣᠬᠢᠶᠠᠨ᠂ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠬᠢᠨᠠᠨ | ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ | ᠶᠢᠰᠦᠳᠦᠭᠡᠷ ᠪᠦᠯᠦᠭ ᠬᠢᠨᠠᠯᠲᠠ ᠲᠠᠯᠪᠢᠬᠤ | ᠨᠠᠶᠠᠨ ᠭᠤᠷᠪᠠᠳᠤᠭᠠᠷ ᠵᠦᠢᠯ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶ᠎ᠠ ᠨᠢ ᠲᠥᠪ ᠤᠨ ᠪᠠ ᠣᠷᠣᠨ ᠨᠤᠲᠤᠭ ᠤᠨ ᠲᠥᠰᠦᠪ᠂ ᠲᠥᠰᠦᠪ ᠤᠨ | ᠭᠦᠢᠴᠡᠳᠬᠡᠯ ᠳᠤ ᠬᠢᠨᠠᠯᠲᠠ ᠲᠠᠯᠪᠢᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠢ ᠲᠤᠰ ᠱᠠᠲᠤᠨ ᠤ ᠪᠠ ᠲᠤᠤᠷᠡᠳᠦ | ᠱᠠᠲᠤᠨ ᠤ ᠲᠥᠰᠦᠪ᠂ ᠲᠥᠰᠦᠪ ᠤᠨ ᠭᠦᠢᠴᠡᠳᠬᠡᠯ ᠳᠤ ᠬᠢᠨᠠᠯᠲᠠ ᠲᠠᠯᠪᠢᠨ᠎ᠠ᠃ | ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠨᠢ ᠲᠤᠰ ᠱᠠᠲᠤᠨ ᠤ ᠲᠥᠰᠦᠪ᠂ ᠲᠥᠰᠦᠪ ᠤᠨ ᠭᠦᠢᠴᠡᠳᠬᠡᠯ ᠳᠤ ᠬᠢᠨᠠᠯᠲᠠ ᠲᠠᠯᠪᠢᠨ᠎ᠠ᠃ | ᠨᠠᠶᠠᠨ ᠳᠥᠷᠪᠡᠳᠦᠭᠡᠷ ᠵᠦᠢᠯ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠰᠢᠶᠠᠨ ᠤ | ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠠᠴᠠ ᠲᠥᠰᠦᠪ᠂ ᠲᠥᠰᠦᠪ ᠤᠨ ᠭᠦᠢᠴᠡᠳᠬᠡᠯ ᠳᠠᠬᠢ ᠴᠢᠬᠤᠯᠠ ᠶᠡᠭᠡ ᠶᠠᠪᠤᠳᠠᠯ ᠪᠤᠶᠤ ᠣᠨᠴᠠᠭᠠᠢ | ᠠᠰᠠᠭᠤᠳᠠᠯ ᠳᠤ ᠵᠣᠬᠢᠶᠠᠨ ᠪᠠᠶᠢᠭᠤᠯᠣᠨ ᠪᠠᠶᠢᠴᠠᠭᠠᠯᠲᠠ ᠬᠢᠬᠦ ᠡᠷᠬᠡ ᠲᠠᠢ᠂ ᠬᠤᠯᠪᠣᠭᠳᠠᠯ ᠪᠦᠬᠦᠢ ᠵᠠᠰᠠᠭ ᠤᠨ | ᠣᠷᠳᠣᠨ᠂ ᠰᠠᠯᠠᠭ᠎ᠠ ᠮᠦᠴᠢᠷ᠂ ᠨᠢᠭᠡᠴᠢ ᠪᠠ ᠬᠤᠪᠢ ᠬᠥᠮᠦᠨ ᠪᠠᠶᠢᠳᠠᠯ ᠢᠶᠠᠨ ᠦᠨᠡᠨ ᠮᠥᠨ ᠢᠶᠠᠷ ᠨᠢ ᠲᠤᠰᠬᠠᠵᠤ᠂ | ᠴᠢᠬᠤᠯᠠ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠶ᠃ | ᠨᠠᠶᠠᠨ ᠲᠠᠪᠤᠳᠤᠭᠠᠷ ᠵᠦᠢᠯ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ | ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠬᠤᠷᠠᠯ ᠬᠢᠬᠦ ᠦᠶ᠎ᠡ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠤᠶᠤ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ᠂ ᠬᠠᠤᠯᠢ ᠳᠤ ᠲᠣᠭᠲᠠᠭᠠᠭᠰᠠᠨ ᠶᠠᠪᠣᠴᠠ | ᠶᠣᠰᠣᠭᠠᠷ ᠲᠥᠰᠦᠪ᠂ ᠲᠥᠰᠦᠪ ᠤᠨ ᠭᠦᠢᠴᠡᠳᠬᠡᠯ ᠳᠠᠬᠢ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠯᠠᠪᠯᠠᠨ | ᠠᠰᠠᠭᠤᠬᠤ ᠪᠤᠶᠤ ᠲᠤᠯᠭᠠᠨ ᠠᠰᠠᠭᠤᠪᠠᠯ᠂ ᠯᠠᠪᠯᠠᠨ ᠠᠰᠠᠭᠤᠭᠳᠠᠭᠰᠠᠨ ᠪᠤᠶᠤ ᠲᠤᠯᠭᠠᠨ ᠠᠰᠠᠭᠤᠭᠳᠠᠭᠰᠠᠨ | ᠬᠤᠯᠪᠣᠭᠳᠠᠯ ᠪᠦᠬᠦᠢ ᠵᠠᠰᠠᠭ ᠤᠨ ᠣᠷᠳᠣᠨ ᠪᠤᠶᠤ ᠡᠳ᠋ ᠤᠨ ᠵᠠᠰᠠᠭ ᠤᠨ ᠰᠠᠯᠠᠭ᠎ᠠ ᠮᠥᠴᠢᠷ ᠡᠷᠬᠡᠪᠰᠢ ᠴᠠᠭ | ᠲᠤᠬᠠᠶ ᠳᠤᠨᠢ ᠬᠠᠷᠢᠭᠤᠯᠲᠠ ᠥᠭᠬᠦ ᠬᠡᠷᠡᠭᠲᠡᠶ᠃ | ᠨᠠᠶᠠᠨ ᠵᠢᠷᠭᠤᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠵᠢᠯ ᠪᠦᠷᠢ ᠶᠢᠨ ᠵᠢᠷᠭᠤᠭᠠᠨ ᠰᠠᠷ᠎ᠠ ᠠᠴᠠ | ᠶᠢᠰᠦᠨ ᠰᠠᠷ᠎ᠠ ᠬᠦᠷᠲᠡᠯᠡᠬᠢ ᠬᠤᠭᠤᠴᠠᠭᠠᠨ ᠳᠤ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠥᠰᠦᠪ ᠢ ᠭᠦᠢᠴᠡᠳᠭᠡᠵᠦ ᠪᠠᠶᠢᠭ᠎ᠠ ᠪᠠᠶᠢᠳᠠᠯ ᠢ ᠮᠡᠳᠡᠭᠦᠯᠦᠯᠲᠡ ᠬᠢᠨ᠎ᠡ᠃ | ᠨᠠᠶᠠᠨ ᠳᠣᠯᠣᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠨᠢ ᠲᠤᠤᠷᠡᠳᠦ ᠱᠠᠲᠤᠨ ᠤ ᠵᠠᠰᠠᠭ ᠤᠨ | ᠣᠷᠳᠣᠨ ᠤ ᠲᠥᠰᠦᠪ ᠢ ᠭᠦᠢᠴᠡᠳᠬᠡᠬᠦ ᠳᠤ ᠬᠢᠨᠠᠯᠲᠠ ᠲᠠᠯᠪᠢᠨ᠎ᠠ︔ ᠲᠤᠤᠷᠡᠳᠦ ᠱᠠᠲᠤᠨ ᠤ ᠵᠠᠰᠠᠭ ᠤᠨ ᠣᠷᠳᠣᠨ ᠨᠢ | ᠲᠥᠰᠦᠪ ᠢ ᠭᠦᠢᠴᠡᠳᠬᠡᠵᠦ ᠪᠠᠶᠢᠭ᠎ᠠ ᠪᠠᠶᠢᠳᠠᠯ ᠢᠶᠠᠨ ᠲᠣᠭᠲᠠᠭᠰᠠᠨ ᠬᠤᠭᠤᠴᠠᠭ᠎ᠠ ᠲᠠᠢ ᠪᠠᠷ ᠳᠡᠭᠡᠷ᠎ᠡ ᠨᠢᠭᠡ ᠱᠠᠲᠤᠨ ᠤ | ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ | ᠨᠠᠶᠠᠨ ᠨᠠᠢᠮᠠᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠲᠤᠰ ᠱᠠᠲᠤᠨ ᠤ ᠡᠯ᠎ᠡ ᠰᠠᠯᠠᠭ᠎ᠠ ᠮᠥᠴᠢᠷ ᠪᠠ ᠬᠠᠷᠢᠶ᠎ᠠ ᠨᠢᠭᠡᠴᠢ ᠶᠢᠨ ᠢᠶᠠᠨ ᠲᠥᠰᠦᠪ ᠢ | ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ ᠶᠢ ᠬᠢᠨᠠᠵᠤ ᠪᠠᠶᠢᠴᠠᠭᠠᠵᠦ᠂ ᠡᠭᠦᠨ ᠤ ᠵᠡᠷᠭᠡᠴᠡᠭᠡ ᠪᠠᠷ ᠲᠤᠰ ᠱᠠᠲᠤᠨ ᠤ | ᠵᠠᠰᠠᠭ ᠤᠨ ᠣᠷᠳᠣᠨ ᠪᠠ ᠳᠡᠭᠡᠷ᠎ᠡ ᠨᠢᠭᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠲᠤ ᠲᠥᠰᠦᠪ ᠢ ᠭᠦᠢᠴᠡᠳᠬᠡᠵᠦ ᠪᠠᠶᠢᠭ᠎ᠠ ᠪᠠᠶᠢᠳᠠᠯ ᠢ ᠮᠡᠳᠡᠭᠦᠯᠦᠨ᠎ᠡ᠃ | ᠨᠠᠶᠠ ᠶᠢᠰᠦᠳᠦᠭᠡᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠤ ᠬᠢᠨᠠᠨ ᠪᠤᠳᠤᠬᠤ | ᠰᠠᠯᠠᠭ᠎ᠠ ᠮᠥᠴᠢᠷ ᠨᠢ ᠬᠠᠤᠯᠢ ᠶᠣᠰᠣᠭᠠᠷ ᠲᠥᠰᠦᠪ ᠢ ᠭᠦᠢᠴᠡᠳᠬᠡᠭᠰᠡᠨ ᠪᠠᠶᠢᠳᠠᠯ ᠪᠠ ᠲᠥᠰᠦᠪ ᠤᠨ | ᠭᠦᠢᠴᠡᠳᠬᠡᠯ ᠳᠤ ᠬᠢᠨᠠᠨ ᠪᠤᠳᠤᠯᠳᠠ ᠶᠢᠨ ᠬᠢᠨᠠᠯᠲᠠ ᠶᠢ ᠲᠠᠯᠪᠢᠨ᠎ᠠ᠃ | ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠬᠰᠠᠨ | ᠠᠵᠢᠯ ᠤᠨ ᠮᠡᠳᠡᠭᠦᠯᠦᠯᠲᠡ ᠶᠢ ᠨᠡᠶᠢᠭᠡᠮ ᠳᠤ ᠢᠯᠠ ᠪᠠᠷ ᠵᠠᠷᠯᠠᠬᠤ ᠬᠡᠷᠡᠭᠲᠡᠢ᠃ | ᠶᠡᠷᠡᠳᠦᠭᠡᠷ ᠵᠦᠢᠯ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠬᠠᠷᠢᠶ᠎ᠠ ᠨᠢᠭᠡᠴᠢ ᠶᠢᠨ ᠢᠶᠠᠨ | ᠲᠥᠰᠦᠪ ᠢ ᠭᠦᠢᠴᠡᠳᠬᠡᠵᠦ ᠪᠠᠶᠢᠭ᠎ᠠ ᠪᠠᠶᠢᠳᠠᠯ ᠢ ᠬᠢᠨᠠᠵᠤ ᠪᠠᠶᠢᠴᠠᠭᠠᠬᠤ᠂ ᠴᠠᠭ ᠲᠤᠬᠠᠶ ᠳᠤᠨᠢ ᠲᠤᠰ ᠱᠠᠲᠤᠨ ᠤ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠲᠤᠰ ᠰᠠᠯᠠᠭ᠎ᠠ ᠮᠥᠴᠢᠷ ᠤᠨ ᠲᠥᠰᠦᠪ ᠢ | ᠭᠦᠢᠴᠡᠳᠬᠡᠭᠰᠡᠨ ᠪᠠᠶᠢᠳᠠᠯ ᠢ ᠲᠤᠰᠬᠠᠵᠤ᠂ ᠲᠥᠰᠦᠪ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠵᠠᠯᠠᠷᠠᠭᠤᠯᠬᠤ ᠬᠡᠷᠡᠭᠲᠡᠶ᠃ | ᠶᠡᠷᠡᠨ ᠨᠢᠭᠡᠳᠦᠭᠡᠷ ᠵᠦᠢᠯ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠠᠴᠠ ᠲᠤᠰ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠪᠠᠶᠢᠪᠠᠯ᠂ | ᠬᠤᠯᠪᠣᠭᠳᠠᠯ ᠪᠦᠬᠦᠢ ᠲᠦᠷᠦ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠢᠯᠡᠴᠢᠯᠡᠬᠦ ᠪᠠ ᠵᠠᠭᠠᠯᠳᠤᠵᠦ ᠪᠣᠯᠤᠨ᠎ᠠ᠃ | ᠢᠯᠡᠴᠢᠯᠡᠯᠲᠡ ᠪᠠ ᠵᠠᠭᠠᠯᠳᠤᠯᠭ᠎ᠠ ᠶᠢ ᠬᠦᠯᠢᠶᠡᠨ ᠠᠪᠤᠭᠰᠠᠨ ᠲᠦᠷᠦ ᠶᠢᠨ ᠪᠠᠶᠢᠭᠤᠯᠭ᠎ᠠ ᠨᠢ ᠬᠠᠤᠯᠢ ᠶᠣᠰᠣᠭᠠᠷ | ᠰᠢᠢᠳᠪᠦᠷᠢᠯᠡᠬᠦ ᠶᠢᠨ ᠬᠠᠮᠲᠤ ᠢᠯᠡᠴᠢᠯᠡᠭᠴᠢ᠂ ᠵᠠᠭᠠᠯᠳᠤᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃ ᠶᠠᠮᠠᠷᠪᠠ | ᠨᠢᠭᠡᠴᠢ ᠪᠤᠶᠤ ᠬᠤᠪᠢ ᠬᠥᠮᠦᠨ ᠠᠴᠠ ᠢᠯᠡᠴᠢᠯᠡᠭᠴᠢ᠂ ᠵᠠᠭᠠᠯᠳᠤᠭᠴᠢ ᠳᠤ ᠳᠠᠷᠤᠯᠲᠠ ᠦᠵᠡᠭᠦᠯᠬᠦ ᠪᠤᠶᠤ ᠴᠣᠬᠢᠯᠲᠠ | ᠥᠭᠴᠦ ᠬᠠᠷᠢᠭᠤ ᠠᠪᠴᠤ ᠪᠣᠯᠬᠤ ᠤᠢᠭᠡᠢ᠃ | ᠠᠷᠪᠠᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠶᠡᠷᠡᠨ ᠬᠤᠶᠠᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠷᠯᠢᠭᠳᠠᠨ ᠵᠠᠯᠠᠷᠠᠭᠤᠯᠤᠭᠤᠯᠵᠤ᠂ | ᠰᠢᠭᠤᠳ ᠬᠠᠷᠢᠭᠤᠴᠠᠯᠭ᠎ᠠ ᠲᠠᠢ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠨ ᠠᠴᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠲᠤᠰ ᠬᠠᠤᠯᠢ ᠶᠢᠨ ᠲᠣᠭᠲᠠᠭᠠᠯ ᠤᠨ ᠶᠣᠰᠣᠭᠠᠷ᠂ ᠲᠥᠰᠦᠪ ᠤᠨ ᠲᠥᠰᠦᠯ᠂ ᠲᠥᠰᠦᠪ ᠤᠨ | ᠲᠤᠭᠢᠷᠠᠭᠤᠯᠤᠯᠳᠠ ᠶᠢᠨ ᠲᠥᠰᠦᠯ᠂ ᠲᠥᠰᠦᠪ ᠤᠨ ᠭᠦᠢᠴᠡᠳᠬᠡᠯ ᠤᠨ ᠲᠥᠰᠦᠯ ᠪᠠ ᠰᠠᠯᠠᠭ᠎ᠠ ᠮᠥᠴᠢᠷ ᠤᠨ ᠲᠥᠰᠦᠪ᠂ | ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠵᠤ ᠮᠡᠳᠡᠭᠦᠯᠦᠨ ᠬᠦᠷᠭᠡᠭᠰᠡᠨ ᠦᠭᠡᠢ ᠪᠠ ᠲᠥᠰᠦᠪ᠂ | ᠲᠥᠰᠦᠪ ᠤᠨ ᠭᠦᠢᠴᠡᠳᠬᠡᠯ ᠢ ᠴᠤᠬᠤᠯᠠᠪᠤᠷᠢᠯᠠᠨ ᠬᠠᠷᠢᠭᠤᠯᠤᠭᠰᠠᠨ ᠦᠭᠡᠢ︔ | ︵ᠬᠤᠶᠠᠷ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠲᠥᠰᠦᠪ ᠤᠨ ᠲᠤᠭᠢᠷᠠᠭᠤᠯᠤᠯᠳᠠ ᠬᠢᠭᠰᠡᠨ︔ | ︵ᠭᠤᠷᠪᠠ︶ ᠲᠤᠰ ᠬᠠᠤᠯᠢ ᠶᠢᠨ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠥᠰᠦᠪ ᠤᠨ ᠵᠦᠢᠯᠡᠰ ᠢ | ᠢᠯᠠ ᠵᠠᠷᠯᠠᠵᠤ ᠲᠣᠳᠣᠷᠬᠠᠶᠢᠯᠠᠭᠰᠠᠨ ᠦᠭᠡᠢ︔ | ︵ᠳᠦᠷᠪᠡ︶ ᠲᠣᠭᠲᠠᠭᠠᠯ ᠢ ᠵᠥᠷᠢᠴᠡᠵᠦ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠵᠦᠢᠯᠡᠰ | ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠶᠢᠨ ᠵᠦᠢᠯᠡᠰ ᠢ ᠪᠠᠶᠢᠭᠤᠯᠤᠭᠰᠠᠨ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠵᠦ ᠲᠥᠰᠦᠪ ᠤᠨ ᠪᠡᠯᠡᠳᠬᠡᠯ | ᠵᠠᠷᠤᠳᠠᠯ᠂ ᠲᠥᠰᠦᠪ ᠤᠨ ᠡᠷᠭᠢᠯᠲᠡ ᠶᠢᠨ ᠮᠥᠩᠭᠦ᠂ ᠲᠥᠰᠦᠪ ᠤᠨ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ | ᠮᠥᠩᠭᠦ᠂ ᠳᠠᠪᠠᠭᠤᠯᠤᠨ ᠬᠤᠷᠢᠶᠠᠭᠰᠠᠨ ᠣᠷᠣᠯᠭ᠎ᠠ ᠶᠢ ᠬᠡᠷᠡᠭᠯᠡᠭᠰᠡᠨ︔ | ︵ᠵᠢᠷᠭᠤᠭ᠎ᠠ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠡᠳ᠋ ᠤᠨ ᠵᠠᠰᠠᠭ ᠤᠨ ᠲᠤᠰᠬᠠᠢ ᠳᠠᠩᠰᠠ | ᠪᠠᠶᠢᠭᠤᠯᠤᠭᠰᠠᠨ᠃ | ᠶᠡᠷᠡᠨ ᠭᠤᠷᠪᠠᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠨᠢᠭᠡᠴᠢ ᠠᠴᠠ ᠳᠣᠣᠷ᠎ᠠ ᠵᠢᠭᠰᠠᠭᠠᠭᠰᠠᠨ ᠤᠢᠢᠯᠠ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠷᠯᠢᠭᠳᠠᠵᠤ | ᠪᠠᠶᠢᠭᠠᠳ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ | ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ | ᠤᠭᠴᠠᠷᠠᠭᠤᠯᠬᠤ᠂ ᠠᠵᠢᠯ ᠠᠴᠠ ᠨᠢ ᠬᠥᠭᠡᠭᠡᠬᠦ ᠰᠢᠳᠬᠡᠯ ᠥᠭᠭᠦᠨ᠎ᠡ᠄ | ︵ᠨᠢᠭᠡ︶ ᠵᠠᠰᠠᠭ ᠤᠨ ᠣᠷᠳᠣᠨ ᠤ ᠪᠦᠬᠦ ᠣᠷᠣᠯᠭ᠎ᠠ ᠪᠠ ᠵᠠᠷᠤᠯᠭ᠎ᠠ ᠶᠢ ᠲᠥᠰᠦᠪ ᠲᠤ ᠵᠢᠭᠰᠠᠭᠠᠨ | ᠣᠷᠣᠭᠤᠯᠤᠭᠰᠠᠨ ᠦᠭᠡᠢ ᠪᠤᠶᠤ ᠣᠷᠣᠯᠭ᠎ᠠ ᠪᠠ ᠵᠠᠷᠤᠯᠭ᠎ᠠ ᠶᠢ ᠬᠤᠳᠠᠯ ᠢᠶᠠᠷ ᠵᠢᠭᠰᠠᠭᠠᠭᠰᠠᠨ︔ | ︵ᠬᠤᠶᠠᠷ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠵᠦ | ᠲᠠᠲᠠᠪᠤᠷᠢᠯᠠᠬᠤ ᠶᠣᠰᠣᠲᠠᠢ ᠲᠥᠰᠦᠪ ᠤᠨ ᠣᠷᠣᠯᠭ᠎ᠠ ᠶᠢ ᠢᠯᠡᠭᠦᠦ ᠲᠠᠲᠠᠪᠤᠷᠢᠯᠠᠭᠰᠠᠨ᠂ ᠤᠷᠢᠳᠴᠢᠯᠠᠨ | ᠲᠠᠲᠠᠪᠤᠷᠢᠯᠠᠭᠰᠠᠨ ᠪᠤᠶᠤ ᠬᠥᠩᠭᠡᠯᠡᠨ ᠲᠠᠲᠠᠪᠤᠷᠢᠯᠠᠭᠰᠠᠨ᠂ ᠲᠠᠲᠠᠪᠤᠷᠢᠯᠠᠬᠤ ᠠᠴᠠ ᠬᠡᠯᠲᠦᠷᠢᠭᠦᠯᠦᠭᠰᠡᠨ᠂ | ᠬᠤᠶᠢᠰᠢᠯᠠᠭᠤᠯᠤᠨ ᠲᠠᠲᠠᠪᠤᠷᠢᠯᠠᠭᠰᠠᠨ︔ | ︵ᠭᠤᠷᠪᠠ︶ ᠤᠯᠤᠰ ᠤᠨ ᠰᠠᠩ ᠳᠤ ᠲᠤᠰᠢᠶᠠᠬᠤ ᠶᠣᠰᠣᠲᠠᠢ ᠲᠥᠰᠦᠪ ᠤᠨ ᠣᠷᠣᠯᠭ᠎ᠠ ᠶᠢ ᠦᠯᠡᠳᠡᠭᠡᠨ | ᠠᠪᠤᠭᠰᠠᠨ᠂ ᠡᠵᠡᠯᠡᠨ ᠬᠡᠷᠡᠭᠯᠡᠭᠰᠡᠨ᠂ ᠨᠡᠭᠦᠯᠭᠡᠨ ᠬᠡᠷᠡᠭᠯᠡᠭᠰᠡᠨ ᠪᠤᠶᠤ ᠤᠳᠠᠭᠠᠰᠢᠷᠠᠭᠤᠯᠤᠨ ᠥᠷᠢᠲᠦᠭᠰᠡᠨ︔ | ︵ᠳᠦᠷᠪᠡ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠲᠥᠰᠦᠪ ᠤᠨ ᠵᠠᠷᠤᠯᠭ᠎ᠠ ᠶᠢᠨ ᠬᠡᠷᠡᠭᠴᠡᠭᠡ ᠶᠢ | ᠬᠤᠪᠢᠷᠠᠭᠤᠯᠤᠭᠰᠠᠨ︔ | ︵ᠲᠠᠪᠤ︶ ᠳᠡᠭᠡᠳᠦ ᠱᠠᠲᠤᠨ ᠤ ᠵᠠᠰᠠᠭ ᠤᠨ ᠣᠷᠳᠣᠨ ᠤ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠪᠡᠯᠡ | ᠮᠥᠩᠭᠦᠨ ᠤ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ︔ | ︵ᠵᠢᠷᠭᠤᠭ᠎ᠠ︶ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠲᠥᠰᠦᠪ ᠤᠨ ᠵᠠᠷᠤᠯᠭ᠎ᠠ ᠶᠢᠨ ᠪᠡᠯᠡ | ᠮᠥᠩᠭᠦ ᠶᠢ ᠰᠢᠯᠵᠢᠭᠦᠯᠦᠨ ᠥᠭᠬᠦ᠂ ᠲᠥᠰᠦᠪ ᠤᠨ ᠣᠷᠣᠯᠭ᠎ᠠ ᠶᠢ ᠬᠤᠷᠢᠶᠠᠵᠤ ᠠᠪᠬᠤ᠂ ᠬᠤᠪᠢᠷᠡᠷᠢᠯᠠᠯᠳᠠ᠂ | ᠦᠯᠡᠳᠡᠭᠡᠬᠦ ᠲᠤᠰᠢᠶᠠᠬᠤ᠂ ᠪᠤᠴᠠᠭᠠᠨ ᠥᠭᠬᠦ ᠪᠤᠶᠤ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠤᠯᠤᠰ ᠤᠨ | ᠰᠡᠩ ᠤᠨ ᠵᠣᠭᠤᠰ ᠢ ᠴᠡᠪᠳᠡᠭᠯᠡᠬᠦ᠂ ᠬᠥᠳᠡᠯᠭᠡᠨ ᠬᠡᠷᠡᠭᠯᠡᠬᠦ ᠪᠤᠶᠤ ᠨᠢᠭᠡᠨᠲᠡ ᠤᠯᠤᠰ ᠤᠨ ᠰᠠᠩ ᠳᠤ ᠤᠷᠤᠭᠰᠠᠨ | ᠰᠠᠩ ᠤᠨ ᠮᠥᠩᠭᠦ ᠶᠢ ᠪᠤᠰᠤᠳ ᠠᠷᠭ᠎ᠠ ᠮᠠᠶ᠋ᠢᠭ ᠢᠶᠠᠷ ᠲᠤᠭᠢᠷᠠᠭᠤᠯᠤᠨ ᠬᠡᠷᠡᠭᠯᠡᠭᠰᠡᠨ᠃ | ᠶᠡᠷᠡᠨ ᠳᠥᠷᠪᠡᠳᠦᠭᠡᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ | ᠨᠢᠭᠡᠴᠢ ᠠᠴᠠ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ ᠵᠢᠭᠡᠯᠡᠯᠭᠡ ᠠᠪᠬᠤ ᠪᠤᠶᠤ ᠪᠤᠰᠤᠳ ᠬᠥᠮᠦᠨ ᠤ ᠥᠷᠢ | ᠥᠭᠴᠡᠭᠡᠨ ᠳᠤ ᠳᠠᠭᠠᠭᠠᠯᠲᠠ ᠬᠠᠩᠭᠠᠭᠰᠠᠨ᠂ ᠡᠰᠡᠬᠦᠯ᠎ᠡ ᠭᠤᠣᠯᠳᠠᠯᠭ᠎ᠠ ᠲᠠᠢ ᠵᠠᠷᠤᠯᠭ᠎ᠠ ᠶᠢᠨ ᠪᠡᠯᠡ ᠮᠥᠩᠭᠦ ᠶᠢ | ᠨᠡᠭᠦᠯᠭᠡᠨ ᠬᠡᠷᠡᠭᠯᠡᠭᠰᠡᠨ᠂ ᠡᠰᠡᠬᠦᠯ᠎ᠡ ᠲᠥᠰᠦᠪ ᠠᠴᠠ ᠭᠠᠳᠠᠨ᠎ᠠ ᠪᠤᠶᠤ ᠲᠥᠰᠦᠪ ᠤᠨ ᠪᠠᠷᠢᠮᠵᠢᠶ᠎ᠠ ᠠᠴᠠ ᠬᠡᠲᠦᠷᠡᠭᠦᠯᠵᠦ | ᠠᠰᠠᠷ ᠲᠠᠩᠬᠢᠮ ᠣᠷᠳᠣᠨ ᠪᠠᠭᠤᠳᠠᠯ ᠪᠠᠶᠢᠭᠤᠯᠤᠭᠰᠠᠨ ᠪᠠᠶᠢᠪᠠᠯ᠂ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ | ᠬᠠᠷᠢᠭᠤᠴᠠᠯᠭ᠎ᠠ ᠲᠠᠢ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ | ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠥᠭᠡᠭᠡᠬᠦ ᠰᠢᠳᠬᠡᠯ ᠥᠭᠭᠦᠨ᠎ᠡ᠃ | ᠶᠡᠷᠡᠨ ᠲᠠᠪᠤᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠨᠢᠭᠡᠴᠢ ᠵᠢᠴᠢ ᠲᠡᠭᠦᠨ ᠤ ᠠᠵᠢᠯᠳᠠᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ | ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠵᠤ᠂ ᠮᠡᠬᠡᠯᠡᠨ ᠠᠪᠤᠭᠰᠠᠨ ᠪᠠ ᠬᠡᠷᠡᠭᠯᠡᠭᠰᠡᠨ ᠪᠡᠯᠡ ᠮᠥᠩᠭᠦ ᠶᠢ | ᠨᠡᠬᠡᠮᠵᠢᠯᠡᠨ ᠠᠪᠴᠢᠷᠠᠵᠤ᠂ ᠬᠠᠤᠯᠢ ᠶᠢ ᠵᠥᠷᠢᠴᠡᠵᠦ ᠣᠯᠵᠠ ᠠᠰᠢᠭ ᠣᠯᠤᠭᠰᠠᠨ ᠪᠠᠶᠢᠪᠠᠯ᠂ ᠬᠠᠤᠯᠢ ᠶᠢ ᠵᠥᠷᠢᠴᠡᠵᠦ | ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠦ᠂ ᠨᠢᠭᠡᠴᠢ ᠶᠢ ᠨᠢ ᠳᠣᠩᠭᠤᠳᠬᠤ ᠪᠤᠶᠤ ᠵᠠᠷᠯᠠᠨ ᠰᠢᠭᠦᠮᠵᠢᠯᠡᠨ᠎ᠡ︔ | ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ | ᠬᠥᠮᠦᠰ ᠲᠤ ᠬᠠᠤᠯᠢ ᠶᠣᠰᠣᠭᠠᠷ ᠰᠢᠳᠬᠡᠯ ᠥᠭᠭᠦᠨ᠎ᠡ᠄ | ︵ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠵᠦ᠂ ᠲᠥᠰᠦᠪ ᠤᠨ | ᠣᠷᠣᠯᠭ᠎ᠠ ᠶᠢᠨ ᠳᠡᠭᠡᠭᠰᠢ ᠲᠤᠰᠢᠶᠠᠬᠤ ᠠᠷᠭ᠎ᠠ ᠮᠠᠶ᠋ᠢᠭ ᠢ ᠬᠤᠪᠢᠷᠠᠭᠤᠯᠤᠭᠰᠠᠨ︔ | ︵ᠬᠤᠶᠠᠷ︶ ᠬᠤᠳᠠᠯ ᠢᠶᠠᠷ ᠮᠡᠳᠡᠭᠦᠯᠬᠦ᠂ ᠬᠠᠭᠤᠷᠮᠠᠭᠯᠠᠨ ᠠᠪᠬᠤ ᠵᠡᠷᠭᠡ ᠠᠷᠭ᠎ᠠ ᠪᠠᠷᠢᠯ ᠢᠶᠠᠷ ᠲᠥᠰᠦᠪ ᠤᠨ | ᠪᠡᠯᠡ ᠮᠥᠩᠭᠦ ᠶᠢ ᠮᠡᠬᠡᠯᠡᠨ ᠠᠪᠤᠭᠰᠠᠨ︔ | ︵ᠭᠤᠷᠪᠠ︶ ᠲᠣᠭᠲᠠᠭᠠᠯ ᠢ ᠵᠥᠷᠢᠴᠡᠵᠦ ᠵᠠᠷᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠵᠠᠷᠤᠯᠭ᠎ᠠ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠭᠰᠡᠨ︔ | ︵ᠳᠦᠷᠪᠡ︶ ᠡᠳ᠋ ᠤᠨ ᠵᠠᠰᠠᠭ ᠤᠨ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ ᠪᠤᠰᠤᠳ ᠦᠢᠯᠡ | ᠠᠵᠢᠯᠯᠠᠭ᠎ᠠ᠃ | ᠶᠡᠷᠡᠨ ᠵᠢᠷᠭᠤᠳᠤᠭᠠᠷ ᠵᠦᠢᠯ᠂ ᠲᠤᠰ ᠬᠠᠤᠯᠢ ᠶᠢᠨ ᠶᠡᠷᠡᠨ ᠬᠤᠶᠠᠳᠤᠭᠠᠷ ᠵᠦᠢᠯ᠂ ᠶᠡᠷᠡᠨ ᠭᠤᠷᠪᠠᠳᠤᠭᠠᠷ | ᠵᠦᠢᠯ᠂ ᠶᠡᠷᠡᠨ ᠳᠥᠷᠪᠡᠳᠦᠭᠡᠷ ᠵᠦᠢᠯ᠂ ᠶᠡᠷᠡᠨ ᠲᠠᠪᠤᠳᠤᠭᠠᠷ ᠵᠦᠢᠯ ᠳᠤ ᠵᠢᠭᠰᠠᠭᠠᠭᠰᠠᠨ ᠬᠠᠤᠯᠢ ᠶᠢ ᠵᠥᠷᠢᠴᠡᠭᠰᠡᠨ | ᠠᠵᠢᠯᠯᠠᠭ᠎ᠠ ᠳᠤ᠂ ᠪᠤᠰᠤᠳ ᠬᠠᠤᠯᠢ ᠴᠠᠭᠠᠵᠠ ᠠᠴᠠ ᠲᠡᠭᠦᠨ ᠢ ᠰᠢᠢᠳᠪᠦᠷᠢᠯᠡᠵᠦ᠂ ᠰᠢᠳᠬᠡᠬᠦ ᠲᠤᠬᠠᠶ ᠠᠰᠲᠠᠭᠠᠨ | ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠲᠤᠰ ᠬᠠᠤᠯᠢ ᠶᠢᠨ ᠲᠣᠭᠲᠠᠭᠠᠯ ᠢ ᠵᠥᠷᠢᠴᠡᠭᠡᠳ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠨᠢᠭᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ | ᠶᠡᠷᠡᠨ ᠳᠣᠯᠣᠳᠤᠭᠠᠷ ᠵᠦᠢᠯ᠂ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠡᠷᠬᠡ ᠬᠠᠷᠢᠭᠤᠴᠠᠯᠭ᠎ᠠ ᠪᠠᠷ ᠡᠭᠦᠰᠬᠦ ᠳᠦᠷᠢᠮ ᠢᠶᠠᠷ ᠰᠠᠭᠤᠷᠢ ᠪᠣᠯᠭᠠᠭᠰᠠᠨ ᠵᠠᠰᠠᠭ ᠤᠨ ᠣᠷᠳᠣᠨ ᠤ | ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠣᠨ ᠤ ᠵᠢᠯ ᠢᠶᠠᠷ ᠨᠠᠶᠢᠷᠠᠭᠤᠯᠤᠨ ᠵᠣᠬᠢᠶᠠᠵᠤ᠂ | ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠶᠡᠷᠦᠩᠬᠡᠢ ᠪᠠᠶᠢᠳᠠᠯ᠂ ᠠᠵᠢᠯᠯᠠᠭᠠᠨ ᠤ ᠪᠠᠶᠢᠳᠠᠯ ᠪᠠ ᠡᠳ᠋ ᠤᠨ | ᠵᠠᠰᠠᠭ ᠤᠨ ᠤᠷᠲᠤ ᠬᠤᠭᠤᠴᠠᠭᠠᠨ ᠤ ᠦᠷᠭᠦᠯᠵᠢᠯᠡᠬᠦ ᠴᠢᠨᠠᠷ ᠢ ᠮᠡᠳᠡᠭᠦᠯᠵᠦ᠂ ᠲᠤᠰ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠶᠡᠷᠡᠨ ᠨᠠᠢᠮᠠᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶ᠎ᠠ ᠲᠤᠰ ᠬᠠᠤᠯᠢ ᠶᠢ ᠦᠨᠳᠦᠰᠦᠯᠡᠨ | ᠬᠡᠷᠡᠭᠵᠢᠭᠦᠯᠬᠦ ᠲᠦᠷᠢᠮ ᠲᠣᠭᠲᠠᠭᠠᠨ᠎ᠠ᠃ | ᠶᠡᠷᠡ ᠶᠢᠰᠦᠳᠦᠭᠡᠷ ᠵᠦᠢᠯ᠂ ᠦᠨᠳᠦᠰᠦᠲᠡᠨ ᠤ ᠥᠪᠡᠷᠲᠡᠭᠡᠨ ᠵᠠᠰᠠᠬᠤ ᠭᠠᠵᠠᠷ ᠣᠷᠣᠨ ᠤ ᠲᠥᠰᠦᠪ ᠤᠨ | ᠬᠠᠮᠢᠶᠠᠷᠤᠯᠲᠠ ᠶᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠭᠦᠢᠴᠡᠳᠬᠡᠨ᠎ᠡ︔ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠳᠤ | ᠲᠣᠭᠲᠠᠭᠠᠭᠰᠠᠨ ᠤᠢᠭᠡᠢ ᠪᠣᠯ ᠲᠤᠰ ᠬᠠᠤᠯᠢ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠭᠦᠢᠴᠡᠳᠬᠡᠨ᠎ᠡ᠃ | ᠵᠠᠭᠤᠳᠤᠭᠠᠷ ᠵᠦᠢᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠡᠭᠦᠨ ᠤ ᠪᠠᠶᠢᠩᠭᠤ ᠶᠢᠨ ᠬᠤᠷᠢᠶ᠎ᠠ ᠠᠴᠠ ᠲᠤᠰ ᠬᠠᠤᠯᠢ ᠶᠢ | ᠦᠨᠳᠦᠰᠦᠯᠡᠵᠦ᠂ ᠬᠠᠮᠢᠶ᠎ᠠ ᠪᠦᠬᠦᠢ ᠲᠥᠰᠦᠪ ᠢ ᠬᠢᠨᠠᠨ ᠪᠠᠶᠢᠴᠠᠭᠠᠬᠤ ᠰᠢᠢᠳᠪᠦᠷᠢ ᠪᠣᠶᠣ ᠣᠷᠣᠨ ᠨᠤᠲᠤᠭ ᠤᠨ | ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠵᠤ ᠪᠣᠯᠤᠨ᠎ᠠ᠃ | ᠵᠠᠭᠤ ᠨᠢᠭᠡᠳᠦᠭᠡᠷ ᠵᠦᠢᠯ᠂ ᠲᠤᠰ ᠬᠠᠤᠯᠢ ᠶᠢ 1995 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ 1991 ᠣᠨ ᠤ 10 ᠰᠠᠷ᠎ᠠ ᠶᠢᠨ 21 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠠᠴᠠ | ᠨᠡᠶᠢᠲᠡᠯᠡᠭᠰᠡᠨ ︽ᠤᠯᠤᠰ ᠤᠨ ᠲᠥᠰᠦᠪ ᠤᠨ ᠬᠠᠮᠢᠶᠠᠷᠤᠯᠲᠠ ᠶᠢᠨ ᠲᠦᠷᠢᠮ︾ ᠢ ᠳᠠᠭᠠᠤ ᠳᠤᠨᠢ ᠬᠦᠴᠦᠨ ᠤᠢᠭᠡᠢ | ᠪᠣᠯᠭᠠᠨ᠎ᠠ᠃ |