ᠪᠡᠶ᠎ᠡ ᠪᠤᠯᠪᠠᠰᠤᠷᠠᠵᠤ ᠠᠭᠤᠷ ᠢᠶᠠᠨ ᠭᠠᠷᠭᠠᠬᠤ ᠨᠢ ᠵᠢᠷᠦᠬᠡᠨ ᠡᠪᠡᠳᠴᠢᠨ ᠤ ᠲᠦᠭᠰᠢᠬᠦᠷᠢ ᠶᠢ ᠨᠡᠮᠡᠭᠳᠡᠬᠦᠯᠦᠨ᠎ᠠ
ᠨᠡᠶᠢᠲᠡᠯᠡᠭᠰᠡᠨ ᠴᠠᠭ᠄
2018/12/28
     
    ᠬᠦᠮᠦᠰ ᠵᠠᠷᠢᠮ ᠦᠶ᠎ᠠ ᠳᠤ ᠪᠠᠶ᠎ᠠ ᠪᠠᠨ ᠪᠤᠯᠪᠠᠰᠤᠷᠠᠭᠤᠯᠬᠤ ᠠᠷᠭ᠎ᠠ ᠪᠠᠷ ᠠᠭᠤᠷ ᠤᠴᠠᠭᠠᠷ ᠢᠶᠠᠨ ᠭᠠᠷᠭᠠᠳᠠᠭ᠃ ᠬᠡᠬᠦ ᠳᠡᠭᠡᠨ ᠡᠨᠡ ᠨᠢ ᠵᠠᠷᠢᠮ ᠦᠶ᠎ᠠ ᠳᠤ ᠬᠦᠮᠦᠨ ᠤ ᠠᠮᠢ ᠨᠠᠰᠤ ᠶᠢ ᠬᠤᠷᠤᠭᠠᠵᠤ ᠮᠠᠳᠠᠨ᠎ᠠ᠃ ᠺᠠᠨᠠᠳᠠ ᠶᠢᠨ ᠠᠨᠯᠤᠸᠧᠶᠧ ᠮᠤᠵᠢ ᠶᠢᠨ ᠮᠠᠶᠢᠺᠮᠠᠰᠲᠧ ᠶᠡᠭᠡ ᠰᠤᠷᠭᠠᠭᠤᠯᠢ ᠶᠢᠨ ᠬᠦᠮᠦᠨ ᠠᠮᠠ ᠶᠢᠨ ᠡᠷᠡᠬᠦᠯ ᠮᠠᠨᠳᠤ ᠶᠢᠨ ᠰᠤᠳᠤᠯᠤᠯ ᠤᠨ ᠭᠠᠵᠠᠷ ᠤᠨ ᠰᠤᠳᠤᠯᠤᠯᠳᠠ ᠳᠤ ᠢᠯᠡᠷᠡᠬᠦᠯᠦᠭᠰᠡᠨ ᠢᠶᠠᠷ᠂ ᠬᠦᠮᠦᠨ ᠠᠭᠤᠷ ᠤᠴᠠᠭᠠᠷ ᠲᠠᠢ ᠪᠠᠶᠢᠬᠤ ᠪᠤᠶᠤ ᠲᠠᠮᠢᠷ ᠤᠨ ᠬᠦᠳᠡᠯᠬᠡᠬᠡᠨ ᠬᠡᠳᠦᠷᠠᠬᠦ ᠦᠶᠠᠰ ᠨᠢᠬᠡ ᠴᠠᠭ ᠤᠨ ᠲᠤᠳᠤᠷ᠎ᠠ ᠵᠢᠷᠦᠬᠡᠨ ᠡᠪᠡᠳᠴᠢᠨ ᠡᠬᠦᠰᠬᠦ ᠲᠦᠭᠰᠢᠬᠦᠷᠢ ᠲᠡᠬᠢᠨ ᠢᠶᠠᠷ ᠨᠡᠮᠡᠭᠳᠡᠨ᠎ᠡ᠃ ᠨᠡᠩ ᠢᠯᠡᠬᠦᠦ ᠠᠭᠤᠷ ᠤᠴᠠᠭᠠᠷ ᠲᠠᠢ ᠦᠶ᠎ᠠ ᠳᠤ ᠰᠢᠷᠦᠬᠦᠨ ᠬᠦᠳᠡᠯᠬᠡᠬᠡᠨ ᠬᠢᠬᠦ ᠨᠢ ᠵᠢᠷᠦᠬᠡᠨ ᠡᠪᠡᠳᠴᠢᠨ ᠡᠬᠦᠰᠬᠦ ᠲᠦᠭᠰᠢᠬᠦᠷᠢ ᠶᠢ 3 ᠲᠠᠬᠢᠨ ᠢᠶᠠᠷ ᠨᠡᠮᠡᠭᠳᠡᠬᠦᠯᠦᠨ᠎ᠡ᠂ ᠢᠯᠠᠩᠭᠤᠶ᠎ᠠ ᠤᠷᠤᠢ ᠶᠢᠨ 6 ᠴᠠᠭ ᠠᠴᠠ ᠰᠦᠨᠢ ᠶᠢᠨ 12 ᠴᠠᠭ ᠤᠨ ᠬᠤᠭᠤᠷᠤᠨᠳᠤ ᠵᠢᠷᠦᠬᠡᠨ ᠡᠪᠡᠳᠴᠢᠨ ᠡᠬᠦᠰᠬᠦ ᠲᠦᠭᠰᠢᠬᠦᠷᠢ ᠨᠡᠩ ᠶᠡᠭᠡ ᠪᠤᠯᠤᠨ᠎ᠠ᠃                 ᠡᠨᠡᠬᠦ ᠵᠦᠢᠯ ᠤᠨ ᠰᠤᠳᠤᠯᠤᠯ ᠨᠢ᠂ ᠬᠦᠮᠦᠨ ᠤ ᠨᠠᠰᠤ ᠵᠢᠯ᠂ ᠲᠠᠮᠠᠬᠢ ᠲᠠᠳᠠᠬᠤ ᠡᠰᠡᠬᠦ᠂ ᠮᠢᠬ᠎ᠠ ᠮᠠᠷᠢᠶ᠎ᠠ᠂ ᠴᠢᠰᠤᠨ ᠲᠠᠷᠤᠯᠳᠠ ᠵᠡᠷᠬᠡ ᠪᠤᠰᠤᠳ ᠡᠷᠡᠬᠦᠯ ᠮᠡᠨᠳᠦ ᠶᠢᠨ ᠡᠯᠧᠮᠧᠨ᠋ᠲ ᠢ ᠴᠤ ᠪᠤᠳᠤᠯᠬᠢᠯᠠᠬᠰᠠᠨ ᠪᠠᠶᠢᠨ᠎ᠠ᠃ ᠰᠤᠳᠤᠯᠤᠬᠴᠢᠳ ᠠᠴᠠ 50 ᠭᠠᠷᠤᠢ ᠤᠯᠤᠰ ᠤᠨ 1.2 ᠲᠦᠮᠡᠨ ᠵᠢᠷᠦᠬᠡᠨ ᠡᠪᠡᠳᠴᠢᠳᠡᠨ ᠳᠤ ᠪᠠᠶᠢᠴᠠᠭᠠᠯᠳᠠ ᠬᠢᠭᠰᠡᠨ ᠤ ᠳ᠋ᠦᠩ ᠳᠤ᠂ ᠲᠤᠮᠳᠠᠴᠢ ᠨᠠᠰᠤ ᠨᠢ 58 ᠪᠤᠯᠬᠤ ᠵᠢᠷᠦᠭᠡᠨ ᠡᠪᠡᠳᠴᠢᠳᠡᠳ ᠤᠨ 13% ᠨᠢ ᠵᠢᠷᠦᠭᠡᠨ ᠡᠪᠡᠳᠴᠢᠨ ᠬᠦᠳᠡᠯᠬᠦ ᠠᠴᠠ ᠡᠮᠦᠨ᠎ᠡ 1 ᠴᠠᠭ ᠤᠨ ᠲᠤᠳᠤᠷ᠎ᠠ ᠲᠠᠮᠢᠷ ᠤᠨ ᠬᠦᠳᠡᠯᠬᠡᠬᠡᠨ ᠬᠢᠵᠤ᠂ ᠡᠬᠦᠨ ᠳᠤ 14% ᠤᠨ ᠬᠦᠮᠦᠨ ᠨᠢ ᠠᠭᠤᠷᠯᠠᠵᠤ ᠤᠴᠠᠭᠠᠷᠯᠠᠬᠰᠠᠨ ᠪᠠᠶᠢᠨ᠎ᠠ᠃                 ᠲᠠᠮᠢᠷ ᠤᠨ ᠬᠦᠳᠡᠯᠭᠡᠭᠡᠨ ᠨᠢ ᠬᠦᠮᠦᠨ ᠤ ᠡᠷᠡᠬᠦᠯ ᠮᠠᠨᠳᠤ ᠳᠤ ᠠᠰᠢᠭᠳᠠᠢ ᠪᠠᠶᠢᠵᠤ ᠵᠢᠷᠦᠬᠡᠨ ᠡᠪᠡᠳᠴᠢᠨ ᠢ ᠰᠡᠷᠬᠡᠶᠢᠯᠡᠵᠤ ᠴᠢᠳᠠᠨ᠎ᠠ᠃ ᠬᠡᠳᠡᠯ᠎ᠡ ᠬᠦᠮᠦᠨ ᠶᠡᠬᠡᠪᠡᠷ ᠠᠭᠤᠷᠯᠠᠬᠤ ᠪᠤᠶᠤ ᠬᠡᠳᠦ ᠰᠢᠷᠦᠬᠦᠨ ᠬᠦᠳᠡᠯᠬᠡᠬᠡᠨ ᠬᠢᠬᠦ ᠨᠢ ᠴᠢᠰᠤᠨ ᠲᠠᠷᠤᠯᠳᠠ ᠶᠢ ᠦᠨᠳᠦᠷᠵᠢᠬᠦᠯᠵᠤ᠂ ᠵᠢᠷᠦᠬᠡᠨ ᠴᠤᠬᠢᠯᠭ᠎ᠠ ᠶᠢ ᠲᠦᠷᠬᠡᠳᠭᠡᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map