ᠪᠦᠭᠡ ᠪᠠᠷᠢᠯᠳᠤᠬᠤ
ᠨᠡᠶᠢᠲᠡᠯᠡᠭᠰᠡᠨ ᠴᠠᠭ᠄
2019/1/2
   
    ᠮᠤᠩᠭᠤᠯ ᠪᠦᠬᠡ ᠳᠤ ᠤᠷᠳᠤᠰ ᠪᠦᠬᠡ᠂ ᠰᠢᠯᠢᠨ ᠭᠤᠤᠯ ᠪᠦᠭᠡ᠂ ᠬᠦᠯᠦᠨ ᠪᠤᠶᠢᠷ ᠪᠦᠬᠡ᠂ ᠱᠠᠯᠪᠤᠷ ᠪᠦᠬᠡ᠂ ᠬᠠᠯᠬ᠎ᠠ ᠪᠦᠬᠡ ᠭᠡᠵᠦ ᠲᠦᠷᠦᠯ ᠬᠡᠯᠪᠡᠷᠢ ᠨᠦᠭᠦᠳ ᠪᠠᠶᠢᠳᠠᠬ᠃ ᠤᠷᠳᠤᠰ ᠪᠦᠬᠡ ᠨᠢ ᠮᠤᠩᠭᠤᠯ ᠪᠦᠬᠡ ᠶᠢᠨ ᠨᠢᠭᠡᠨ ᠲᠦᠷᠦᠯ ᠵᠦᠢᠯ ᠪᠤᠯᠬᠤ ᠤᠴᠢᠷ ᠠᠴᠠ ᠲᠡᠭᠦᠨ ᠤ ᠡᠭᠦᠰᠦᠯ ᠬᠦᠭᠵᠢᠯ ᠨᠢ ᠮᠤᠩᠭᠤᠯ ᠪᠦᠬᠡ ᠶᠢᠨ ᠡᠭᠦᠰᠦᠯ ᠬᠦᠭᠵᠢᠯ ᠤᠨ ᠨᠢᠭᠡᠨ ᠪᠦᠷᠢᠯᠳᠦᠭᠦᠨ ᠪᠤᠯᠬᠤ ᠶᠤᠮ᠃     ᠪᠦᠬᠡ ᠪᠠᠷᠢᠯᠳᠤᠬᠤ ᠨᠠᠭᠠᠳᠤᠮ ᠨᠢ ᠪᠠᠯᠠᠷ ᠡᠷᠳᠡᠨ ᠤ ᠨᠡᠶᠢᠭᠡᠮ ᠳᠤ ᠡᠭᠦᠰᠴᠦ᠂ ᠠᠮᠢᠳᠤᠷᠠᠯ ᠬᠦᠳᠡᠯᠮᠦᠷᠢ ᠶᠢᠨ ᠪᠠᠶᠠᠷ ᠴᠡᠩᠭᠡᠯ ᠤᠨ ᠬᠡᠯᠪᠡᠷᠢ ᠪᠠᠶᠢᠬᠰᠠᠨ ᠠᠴᠠ ᠠᠭᠠᠵᠢᠮ ᠢᠶᠠᠷ ᠬᠦᠮᠦᠰ ᠤᠨ ᠲᠤᠷ ᠎ᠠ ᠪᠠᠬ᠎ᠠ ᠶᠢ ᠲᠠᠳᠠᠬᠰᠠᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠬᠡᠯᠪᠡᠷᠢ ᠪᠤᠯᠤᠨ ᠬᠦᠭᠵᠢᠵᠡᠢ᠃ ᠪᠠᠯᠠᠷ ᠡᠷᠲᠡᠨ ᠤ ᠬᠦᠮᠦᠰ ᠠᠮᠢᠳᠤᠷᠠᠨ ᠤᠷᠤᠰᠢᠬᠤ ᠶᠢᠨ ᠲᠦᠯᠦᠭᠡ ᠠᠷᠢᠶᠠᠳᠠᠨ ᠭᠦᠷᠦᠭᠡᠰᠦ ᠲᠠᠢ ᠠᠮᠢ ᠴᠦᠯᠡᠨ ᠲᠡᠮᠡᠴᠡᠯᠳᠦᠬᠦ ᠶᠢᠨ ᠲᠠᠭᠠᠤ ᠠᠮᠢᠳᠤᠷᠠᠯ ᠤᠨ ᠳᠤᠤᠷ᠎ᠠ ᠵᠡᠷᠭᠡ ᠶᠢᠨ ᠬᠡᠷᠡᠭᠴᠡᠭᠡ ᠪᠠᠨ ᠬᠠᠨᠭ᠍ᠭᠠᠳᠠᠬ ᠪᠠᠶᠢᠯ᠎ᠠ᠃ ᠬᠦᠳᠡᠷᠯᠢᠭ ᠠᠩᠴᠢᠳ ᠡᠳᠦᠷ ᠪᠤᠯ ᠤᠯᠵᠠ ᠤᠮᠤᠬ ᠲᠠᠢ ᠠᠪᠠᠯᠠᠵᠦ ᠰᠦᠨᠢ ᠪᠤᠯᠪᠠᠯ ᠡᠳᠦᠷ ᠤᠨ ᠠᠮᠢᠳᠠᠨ ᠢ ᠠᠪᠠᠯᠠᠬᠤ ᠦᠶ᠎ᠡ ᠶᠢᠨ ᠬᠦᠴᠢᠷ ᠪᠡᠷᠬᠡᠰᠢᠶᠡᠯᠲᠦ ᠤᠴᠠᠷᠠᠯ ᠶᠠᠪᠤᠴᠠ ᠪᠠᠨ ᠦᠭᠡ ᠪᠤᠶᠤ ᠬᠦᠳᠡᠯᠭᠡᠭᠡᠨ ᠢᠶᠠᠷ ᠲᠦᠷᠰᠦᠯᠡᠨ ᠦᠵᠡᠭᠦᠯᠬᠦ ᠪᠤᠶᠤ ᠨᠤᠴᠤᠯᠳᠤᠨ ᠬᠦᠭᠡᠷᠦᠯᠳᠦᠳᠡᠭ ᠪᠠᠶᠢᠨ᠎ᠠ᠃ ᠡᠭᠦᠨ ᠤ ᠤᠯᠠᠮ ᠠᠴᠠ ᠪᠦᠬᠡ ᠪᠠᠷᠢᠯᠳᠤᠬᠤ ᠨᠠᠭᠠᠳᠤᠮ ᠡᠭᠦᠰᠦᠭᠰᠡᠨ ᠪᠠᠶᠢᠨ᠎ᠠ᠃
 
ᠢᠷᠡᠯᠲᠡ᠄ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠨᠡᠶᠢᠳᠡ ᠶᠢᠨ ᠦᠢᠯᠡᠴᠢᠯᠡᠭᠡᠨ ᠤ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map