ᠸᠠᠺᠼᠢᠨ ᠤ ᠡᠷᠡᠭᠦᠯ ᠪᠣᠰᠣ ᠲᠣᠰᠬᠠᠯ ᠢ ᠭᠡᠷᠬᠢᠨ ᠰᠢᠯᠭᠠᠠ ᠪᠠᠶᠢᠴᠠᠭᠠᠬᠤ ᠪᠣᠢ︖
ᠨᠡᠶᠢᠲᠡᠯᠡᠭᠰᠡᠨ ᠴᠠᠭ᠄
2021/4/9
     ᠲᠣᠮᠳᠠᠳᠣ ᠣᠯᠣᠰ ᠤᠨ ᠡᠪᠡᠳᠴᠢᠨ ᠡᠮᠭᠡᠭ ᠢ ᠰᠡᠷᠭᠡᠶᠢᠯᠡᠡ ᠬᠢᠵᠠᠭᠠᠷᠯᠠᠬᠤ ᠲᠥᠪ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠲᠥᠷᠥᠭᠦᠥ ᠲᠣᠰᠬᠠᠢ ᠮᠡᠷᠭᠡᠵᠢᠯᠳᠡᠡ ᠸᠠᠩ ᠬᠤᠸᠠ ᠴᠢᠩ ᠲᠥᠷᠥᠭᠦᠭᠡᠡ ᠬᠢᠭᠰᠡᠡ ᠰᠣᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠡ ᠬᠡᠯᠡᠬᠦ ᠳᠡᠭᠡᠨ᠂ ᠲᠣᠮᠳᠠᠳᠣ ᠣᠯᠣᠰ ᠬᠤᠯᠪᠣᠭᠳᠠᠯ ᠪᠥᠬᠦᠢ ᠬᠠᠣᠯᠢ ᠴᠠᠭᠠᠵᠠ ᠬᠠᠣᠯᠢ ᠲᠣᠭᠳᠠᠭᠠᠯ ᠢ ᠨᠡᠶᠢᠳᠡᠯᠡᠵᠥ᠂ ᠡᠪᠡᠳᠴᠢᠨ ᠡᠮᠭᠡᠭ ᠢ ᠰᠡᠷᠭᠡᠶᠢᠯᠡᠡ ᠬᠢᠵᠠᠭᠠᠷᠯᠠᠬᠤ ᠪᠠᠶᠢᠭᠤᠯᠣᠮᠵᠢ ᠶᠢᠨ ᠠᠵᠢᠯᠳᠠᠠ ᠢᠶᠠᠷ ᠪᠥᠷᠢᠯᠳᠥᠭᠰᠡᠡ ᠡ᠊ᠡᠭᠨᠡᠭᠡ ᠶᠢ ᠪᠠᠶᠢᠭᠤᠯᠣᠭᠰᠠᠠ ᠪᠥᠭᠡᠳ ᠡᠷᠡᠭᠦᠯ ᠪᠣᠰᠣ ᠲᠣᠰᠬᠠᠯ ᠭᠠᠷᠬᠤ ᠲᠣᠬᠠᠢ ᠡᠯᠧᠺᠲᠷᠣᠨ ᠮᠡᠳᠡᠭᠡ ᠵᠠᠩᠬᠢᠵᠢᠯᠳᠠ ᠶᠢᠨ ᠰᠢᠰᠲ᠋ᠧᠮ ᠢ ᠪᠠᠶᠢᠭᠤᠯᠵᠣ ᠪᠠᠶᠢᠭᠠᠳ ᠲᠤᠭ᠎ᠠ ᠪᠠᠷᠢᠮᠳᠠ ᠶᠢ ᠬᠠᠮᠳᠣ ᠪᠠᠷ ᠡᠳ᠋ᠯᠡᠬᠦ ᠶᠢ ᠪᠡᠶᠡᠯᠡᠭᠦᠯᠵᠥ᠂ ᠸᠠᠺᠼᠢᠨ ᠤ ᠲᠠᠷᠢᠯᠭ᠎ᠠ ᠶᠢᠨ ᠡᠷᠡᠭᠦᠯ ᠪᠣᠰᠣ ᠲᠣᠰᠬᠠᠯ ᠭᠠᠷᠬᠤ ᠶᠢ ᠰᠢᠯᠭᠠᠠ ᠪᠠᠶᠢᠴᠠᠭᠠᠬᠤ ᠠᠵᠢᠯ ᠢ ᠰᠠᠶᠢᠳᠣᠷ ᠬᠢᠬᠦ ᠪᠠᠷ ᠪᠣᠢ ᠬᠡᠵᠡᠢ᠃     ᠲᠡᠷᠡ ᠬᠡᠯᠡᠬᠦ ᠳᠡᠭᠡᠨ᠄ ᠡᠷᠡᠭᠦᠯ ᠪᠣᠰᠣ ᠲᠣᠰᠬᠠᠯ ᠭᠠᠷᠬᠤ᠂ ᠣᠠᠴᠠᠭᠠᠢ ᠶᠡᠭᠡ ᠲᠣᠰᠬᠠᠯ ᠭᠠᠷᠬᠤ ᠳᠤ ᠬᠥᠷᠪᠡᠯ 2 ᠴᠠᠭ ᠤᠨ ᠲᠣᠳᠣᠷ᠎ᠠ ᠮᠡᠳᠡᠭᠦᠯᠬᠦ ᠬᠡᠷᠡᠭᠳᠡᠢ᠂ ᠡ᠊ᠡᠭ ᠤᠨ ᠪᠠᠶᠢᠳᠠᠯ ᠲᠣᠣᠷ᠎ᠠ 48 ᠴᠠᠭ ᠤᠨ ᠲᠣᠳᠣᠷ᠎ᠠ ᠮᠡᠳᠡᠭᠦᠯᠬᠦ ᠬᠡᠷᠡᠭᠳᠡᠢ᠃     ᠸᠠᠺᠼᠢᠨ ᠠᠴᠠ ᠪᠣᠯᠣᠭᠰᠠᠠ ᠡᠷᠡᠭᠦᠯ ᠪᠣᠰᠣ ᠲᠣᠰᠬᠠᠯ ᠮᠥᠨ ᠡᠰᠡᠬᠦ ᠶᠢ ᠬᠡᠷᠬᠢᠨ ᠲᠣᠭᠳᠠᠭᠠᠬᠤ ᠪᠣᠢ︖     ᠸᠠᠩ ᠬᠤᠸᠠ ᠴᠢᠩ ᠬᠡᠯᠡᠬᠦ ᠳᠡᠭᠡᠨ᠄ ᠣᠨᠣᠰᠢᠯᠠᠯᠳᠠ ᠶᠢ ᠮᠣᠵᠢ ᠬᠤᠳᠠ ᠰᠢᠶᠡᠡ ᠤ ᠡᠯ᠎ᠡ ᠱᠠᠳᠣᠠ ᠤ ᠡᠪᠡᠳᠴᠢᠨ ᠡᠮᠭᠡᠭ ᠢ ᠰᠡᠷᠭᠡᠶᠢᠯᠡᠡ ᠬᠢᠵᠠᠭᠠᠷᠯᠠᠬᠤ ᠪᠠᠶᠢᠭᠤᠯᠣᠮᠵᠢ ᠳᠤ ᠪᠠᠶᠢᠭᠤᠯᠣᠭᠰᠠᠠ ᠪᠠᠶᠢᠴᠠᠭᠠᠠ ᠣᠨᠣᠰᠢᠯᠠᠬᠤ ᠲᠣᠰᠬᠠᠢ ᠮᠡᠷᠭᠡᠵᠢᠯᠳᠡᠡ ᠤ ᠲᠣᠭᠤᠢᠢᠯᠠᠩ ᠠᠴᠠ ᠬᠢᠨ᠎ᠡ᠃ ᠰᠢᠯᠭᠠᠠ ᠲᠣᠭᠳᠠᠭᠠᠬᠤ ᠴᠢᠬᠤᠯᠠᠳᠡᠢ ᠪᠣᠯ ᠮᠣᠵᠢ ᠪᠠ ᠬᠤᠳᠠ ᠶᠢᠨ ᠲᠡᠰ ᠤᠨ ᠠᠨᠠᠭᠠᠬᠤ ᠣᠬᠠᠭᠠᠠ ᠤ ᠨᠡᠶᠢᠭᠡᠮᠯᠢᠭ ᠠᠴᠠ ᠬᠥᠢᠴᠡᠳᠭᠡᠨ᠎ᠠ ᠭᠡᠪᠡ᠃     ᠲᠡᠷᠡ ᠪᠠᠰᠠ ᠸᠠᠺᠼᠢᠨ ᠤ ᠡᠷᠡᠭᠦᠯ ᠪᠣᠰᠣ ᠲᠣᠰᠬᠠᠯ ᠭᠠᠷᠴᠠᠢ ᠭᠡᠵᠥ ᠰᠡᠵᠢᠭᠯᠡᠬᠦ ᠳᠤ ᠬᠥᠷᠪᠡᠯ ᠰᠢᠯᠭᠠᠠ ᠪᠠᠶᠢᠴᠠᠭᠠᠯᠳᠠ ᠶᠢ ᠲᠣᠮᠳᠠᠳᠣ ᠣᠯᠣᠰ ᠤᠨ ᠡᠪᠡᠳᠴᠢᠨ ᠡᠮᠭᠡᠭ ᠢ ᠰᠡᠷᠭᠡᠶᠢᠯᠡᠡ ᠬᠢᠵᠠᠭᠠᠷᠯᠠᠬᠤ ᠪᠠᠶᠢᠭᠤᠯᠣᠮᠵᠢ ᠪᠣᠯᠣᠠ ᠡᠮ ᠲᠠᠩ ᠤᠨ ᠡᠷᠡᠭᠦᠯ ᠪᠣᠰᠣ ᠲᠣᠰᠬᠠᠯ ᠭᠠᠷᠬᠤ ᠶᠢ ᠰᠢᠯᠭᠠᠠ ᠪᠠᠶᠢᠴᠠᠭᠠᠬᠤ ᠪᠠᠶᠢᠭᠤᠯᠣᠮᠵᠢ ᠠᠴᠠ ᠮᠡᠳᠡᠭᠡ ᠵᠠᠩᠬᠢ ᠶᠢ ᠬᠠᠮᠳᠣ ᠪᠠᠷ ᠡᠳ᠋ᠯᠡᠬᠦ ᠶᠢ ᠪᠡᠶᠡᠯᠡᠭᠦᠯᠥᠨ᠎ᠡ᠃ ᠡᠯ᠎ᠡ ᠱᠠᠳᠣᠠ ᠤ ᠡᠪᠡᠳᠴᠢᠨ ᠡᠮᠭᠡᠭ ᠢ ᠰᠡᠷᠭᠡᠶᠢᠯᠡᠡ ᠬᠢᠵᠠᠭᠠᠷᠯᠠᠬᠤ ᠪᠠᠶᠢᠭᠤᠯᠣᠮᠵᠢ ᠪᠣᠯᠣᠠ ᠡᠮ ᠲᠠᠩ ᠤᠨ ᠡᠷᠡᠭᠦᠯ ᠪᠣᠰᠣ ᠲᠣᠰᠬᠠᠯ ᠢ ᠰᠢᠯᠭᠠᠠ ᠪᠠᠶᠢᠴᠠᠭᠠᠬᠤ ᠪᠠᠶᠢᠭᠤᠯᠣᠮᠵᠢ ᠨᠤᠭᠤᠳ ᠴᠥ ᠰᠢᠯᠭᠠᠠ ᠪᠠᠶᠢᠴᠠᠭᠠᠭᠰᠠᠠ ᠮᠡᠳᠡᠭᠡ ᠵᠠᠩᠬᠢ ᠳᠠᠭᠠᠨ ᠲᠣᠭᠳᠠᠮᠠᠯ ᠬᠤᠭᠤᠴᠠᠭ᠎ᠠ ᠲᠠᠢ ᠪᠠᠷ ᠵᠠᠳᠠᠯᠣᠯᠳᠠ ᠪᠠ ᠥᠨᠡᠯᠡᠯᠳᠡ ᠬᠢᠬᠦ ᠪᠣᠯᠣᠨ᠎ᠠ᠃ ᠭᠡᠷᠪᠡ ᠬᠥᠡᠳᠥ ᠶᠡᠭᠡ ᠭᠡᠷᠡᠭ ᠣᠴᠢᠷ ᠲᠣᠬᠢᠶᠠᠯᠳᠣᠬᠤ ᠳᠤ ᠬᠥᠷᠪᠡᠯ ᠴᠠᠭ ᠲᠣᠬᠠᠢ ᠳᠤᠨᠢ ᠵᠠᠳᠠᠯᠣᠯᠳᠠ ᠪᠠ ᠥᠨᠡᠯᠡᠯᠳᠡ ᠬᠢᠨ᠎ᠡ ᠭᠡᠵᠥ ᠭᠡᠯᠡᠪᠡ᠃     ᠸᠢᠷᠦ᠋ᠰ ᠤᠨ ᠣᠠᠳᠣᠣᠰᠢᠯ ᠨᠢ ᠸᠠᠺᠼᠢᠨ ᠤ ᠥᠷ᠎ᠡ ᠳ᠋ᠥᠡᠭ ᠢ ᠨᠥᠯᠥᠭᠡᠯᠡᠨ᠎ᠡ ᠤᠤ ᠥᠭᠡᠢ ᠤᠤ︖     ᠰᠢᠨ᠎ᠡ ᠲᠢᠳᠢᠮᠯᠢᠭ ᠸᠢᠷᠦ᠋ᠰ ᠤᠨ ᠣᠠᠳᠣᠣᠰᠢᠯ ᠳᠤ ᠸᠠᠺᠼᠢᠨ ᠤ ᠲᠠᠷᠢᠯᠭ᠎ᠠ ᠬᠢᠬᠦ ᠭᠡᠷᠡᠭ ᠲᠠᠢ ᠤᠤ︖ ᠸᠠᠩ ᠬᠤᠸᠠ ᠴᠢᠩ ᠰᠣᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠡ ᠭᠡᠯᠡᠬᠦ ᠳᠡᠭᠡᠨ᠄ ︽ᠸᠢᠷᠦ᠋ᠰ ᠥᠷᠡᠵᠢᠬᠦ ᠶᠠᠪᠣᠴᠠ ᠳᠠᠭᠠᠨ ᠣᠠᠳᠣᠣᠰᠢᠯ ᠡᠭᠦᠰᠳᠡᠭ ᠪᠣᠯᠪᠠᠴᠣ ᠣᠯᠠᠩᠬᠢ ᠣᠠᠳᠣᠣᠰᠢᠯ ᠨᠢ ᠸᠢᠷᠦ᠋ᠰ ᠤᠨ ᠡᠪᠡᠳᠴᠢᠨ ᠡᠭᠦᠰᠬᠦ ᠴᠢᠨᠠᠷ᠂ ᠰᠢᠯᠭᠠᠠ ᠪᠠᠶᠢᠴᠠᠭᠠᠬᠤ ᠲᠣᠷᠰᠢᠯᠳᠠ ᠶᠢᠨ ᠡᠮ ᠤᠨ ᠰᠡᠷᠭᠡᠭ ᠴᠢᠨᠠᠷ ᠪᠠ ᠸᠠᠺᠼᠢᠨ ᠤ ᠥᠢᠯᠡᠳᠥᠯᠳᠥ ᠴᠢᠨᠠᠷ ᠢ ᠲᠠᠮᠠᠢ ᠨᠥᠯᠥᠭᠡᠯᠡᠳᠡᠭ ᠥᠭᠡᠢ︾ ᠭᠡᠪᠡ᠃     ᠲᠡᠷᠡ ᠪᠠᠰᠠ ᠬᠡᠯᠡᠬᠦ ᠳᠡᠭᠡᠨ᠂ ᠲᠡᠯᠡᠭᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠠ ᠪᠠᠶᠢᠭᠤᠯᠣᠯᠳᠠ ᠶᠢᠨ ᠬᠠᠮᠤᠭ ᠤᠨ ᠰᠢᠨ᠎ᠡ ᠨᠡᠶᠢᠳᠡᠯᠡᠭᠰᠡᠡ ᠮᠡᠳᠡᠭᠡ ᠵᠠᠩᠬᠢ ᠶᠢ ᠥᠡᠳᠥᠰᠥᠯᠡᠪᠡᠯ ᠪᠥᠬᠦ ᠲᠡᠯᠡᠭᠡᠢ ᠶᠢᠨ ᠰᠢᠨ᠎ᠡ ᠲᠢᠳᠢᠮᠯᠢᠭ ᠸᠢᠷᠦ᠋ᠰ ᠤᠨ ᠣᠠᠳᠣᠣᠰᠢᠯ ᠢ ᠰᠢᠯᠭᠠᠠ ᠪᠠᠶᠢᠴᠠᠭᠠᠭᠰᠠᠠ ᠪᠠᠶᠢᠳᠠᠯ ᠠᠴᠠ ᠥᠵᠡᠪᠡᠯ ᠸᠢᠷᠦ᠋ᠰ ᠤᠨ ᠣᠠᠳᠣᠣᠰᠢᠯ ᠳᠤ ᠣᠳᠣ ᠶᠢᠨ ᠪᠠᠶᠢᠭ᠎ᠠ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠬᠡᠷᠡᠭᠯᠡᠬᠦ ᠳᠤ ᠥᠢᠯᠡᠳᠥᠯ ᠭᠠᠷᠬᠤ ᠥᠭᠡᠢ ᠭᠡᠳᠡᠭ ᠢ ᠭᠡᠷᠡᠴᠢᠯᠡᠬᠦ ᠬᠡᠷᠡᠴᠢ ᠪᠠᠷᠢᠮᠳᠠ ᠬᠠᠷᠠᠬᠠᠠ ᠪᠠᠶᠢᠬᠤ ᠥᠭᠡᠢ ᠪᠠᠶᠢᠭᠰᠠᠭᠠᠷ ᠭᠡᠪᠡ᠃     ᠸᠠᠩ ᠬᠤᠸᠠ ᠴᠢᠩ᠄ ᠲᠡᠯᠡᠭᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠠ ᠪᠠᠶᠢᠭᠤᠯᠣᠯᠳᠠ ᠨᠢ ᠸᠢᠷᠦ᠋ᠰ ᠤᠨ ᠣᠠᠳᠣᠣᠰᠢᠭᠰᠠᠠ ᠪᠠᠶᠢᠳᠠᠯ ᠢ ᠥᠷᠭᠦᠯᠵᠢᠯᠡᠡ ᠠᠩᠬᠠᠷᠴᠥ ᠪᠠᠶᠢᠬᠤ ᠶᠢᠨ ᠬᠠᠮᠳᠣ ᠲᠡᠭᠦᠨ ᠤ ᠨᠥᠯᠥᠭᠡ ᠶᠢ ᠥᠨᠡᠯᠡᠡ ᠵᠢᠱᠢᠵᠥ ᠪᠠᠶᠢᠨ᠎ᠠ᠂ ᠡᠨᠡ ᠨᠢ ᠲᠠᠷᠠᠭᠠᠴᠢ ᠶᠢᠨ ᠸᠠᠺᠼᠢᠨ ᠢ ᠰᠣᠳᠣᠯᠣᠠ ᠭᠠᠷᠭᠠᠬᠤ ᠵᠢᠴᠢ ᠭᠡᠷᠡᠭᠯᠡᠬᠦ ᠳᠤ ᠣᠷᠢᠳᠴᠢᠯᠠᠠ ᠰᠡᠷᠡᠮᠵᠢᠯᠡᠭᠦᠯᠬᠦ ᠪᠠ ᠰᠢᠡᠵᠢᠯᠡᠬᠦ ᠣᠬᠠᠭᠠᠠᠴᠢ ᠪᠠᠷ ᠵᠠᠳᠠᠯᠣᠯᠳᠠ ᠬᠢᠭᠦ ᠥᠡᠳᠥᠰᠥᠯᠡᠯ ᠬᠠᠨᠭ᠍ᠭᠠᠬᠤ ᠪᠣᠯᠣᠨ᠎ᠠ ᠭᠡᠵᠥ ᠵᠢᠭᠠᠵᠣ ᠭᠠᠷᠭᠠᠵᠠᠢ᠃     ᠲᠡᠷᠡ ᠪᠠᠰᠠ ᠸᠠᠺᠼᠢᠨ ᠤ ᠲᠠᠷᠢᠯᠭ᠎ᠠ ᠬᠢᠬᠦ ᠨᠢ ᠵᠠᠭᠤᠠ ᠤ ᠵᠠᠭᠤ ᠪᠠᠷ ᠥᠢᠯᠡᠳᠥᠯ ᠭᠠᠷᠣᠨ᠎ᠠ ᠭᠡᠰᠡᠡ ᠶᠠᠪᠣᠳᠠᠯ ᠪᠢᠰᠢ᠂ ᠬᠥᠮᠥᠰ ᠤᠨ ᠡᠭᠡᠯᠢᠯᠡᠭᠡ ᠶᠢᠨ ᠬᠠᠯᠬᠠᠪᠴᠢ ᠪᠠᠶᠢᠭᠤᠯᠣᠭᠳᠠᠭᠠᠳᠣᠢ ᠪᠣᠶᠣ ᠬᠥᠮᠥᠰ ᠤᠨ ᠡᠭᠡᠯᠢᠯᠡᠭᠡ ᠶᠢᠨ ᠬᠠᠯᠬᠠᠪᠴᠢ ᠪᠥᠷᠢᠯᠳᠥᠭᠡᠳᠥᠢ ᠪᠠᠶᠢᠳᠠᠯ ᠲᠣᠣᠷ᠎ᠠ ᠸᠠᠺᠼᠢᠨ ᠤ ᠲᠠᠷᠢᠯᠭ᠎ᠠ ᠬᠢᠯ᠎ᠡ ᠴᠥ ᠭᠡᠳ ᠡᠮᠴᠢᠯᠡᠭᠡᠡ ᠤ ᠪᠣᠰᠣ ᠬᠤᠪᠢ ᠬᠥᠮᠥᠨ ᠤ ᠰᠡᠷᠭᠡᠶᠢᠯᠡᠯᠳᠡ ᠶᠢᠨ ᠠᠷᠭ᠎ᠠ ᠬᠡᠮᠵᠢᠶ᠎ᠡ ᠶᠢ ᠠᠪᠬᠤ ᠭᠡᠷᠡᠭᠳᠡᠢ᠂ ᠡᠭᠦᠨ ᠳᠤ ᠠᠮᠠᠪᠴᠢ ᠵᠡᠭᠦᠬᠦ᠂ ᠭᠠᠷ ᠢᠶᠠᠨ ᠥᠷᠭᠦᠯᠵᠢ ᠣᠬᠢᠶᠠᠬᠤ᠂ ᠥᠷᠬᠦᠯᠵᠢ ᠰᠠᠯᠬᠢ ᠨᠡᠪᠳᠡᠷᠡᠭᠦᠯᠬᠦ᠂ ᠨᠡᠶᠢᠬᠡᠮ ᠤᠨ ᠬᠠᠷᠢᠴᠠᠭᠠᠠ ᠤ ᠲᠣᠮᠳᠠ ᠵᠠᠢ ᠶᠢ ᠪᠠᠳᠣᠯᠠᠬᠤ ᠵᠡᠷᠭᠡ ᠪᠠᠭᠳᠠᠨ᠎ᠠ᠃ ᠢᠯᠠᠩᠭᠤᠶ᠎ᠠ ᠬᠢᠵᠢᠭ ᠡᠭᠦᠰᠭᠦ ᠥᠶ᠎ᠡ ᠳᠤ ᠲᠡᠭᠡᠷᠡᠬᠢ ᠠᠷᠭ᠎ᠠ ᠬᠡᠮᠵᠢᠶ᠎ᠡ ᠶᠢ ᠨᠡᠩ ᠴᠢᠩᠭᠠᠳᠬᠠᠬᠤ ᠴᠢᠬᠤᠯᠠᠳᠠᠢ᠂ ᠢᠡᠭᠭᠢᠪᠡᠯ ᠰᠠᠶ᠋ᠢ ᠬᠢᠵᠢᠭ ᠲᠠᠬᠢᠨ ᠲᠡᠯᠭᠡᠷᠡᠬᠦ ᠥᠭᠡᠢ ᠪᠠᠶᠢᠬᠤ ᠶᠢ ᠪᠠᠳᠣᠯᠠᠵᠣ ᠴᠢᠳᠠᠨ᠎ᠠ ᠭᠡᠵᠥ ᠴᠢᠬᠤᠯᠠᠴᠢᠯᠠᠪᠠ᠃     ᠶᠠᠮᠠᠷ ᠬᠥᠮᠥᠰ ᠸᠠᠺᠼᠢᠨ ᠲᠠᠷᠢᠬᠤ ᠳᠤ ᠲᠣᠬᠢᠷᠠᠬᠤ ᠥᠭᠡᠢ ᠪᠣᠢ︖     ᠪᠡᠭᠡᠵᠢᠩ ᠬᠤᠳᠠ ᠶᠢᠨ ᠡᠪᠡᠳᠴᠢᠨ ᠡᠮᠭᠡᠭ ᠢ ᠰᠡᠷᠭᠡᠶᠢᠯᠡᠡ ᠬᠢᠵᠠᠭᠠᠷᠯᠠᠬᠤ ᠲᠥᠪ ᠤᠨ ᠲᠡᠳ᠋ ᠡᠷᠬᠢᠯᠡᠭᠴᠢ ᠫᠠᠨᠭ᠌ ᠰᠢᠩ ᠡᡁᠦ᠋ᠸᠧ ᠬᠡᠯᠡᠬᠦ ᠳᠡᠭᠡᠨ᠂ ᠲᠠᠷᠢᠯᠭ᠎ᠠ ᠲᠠᠷᠢᠬᠤ ᠳᠤ ᠲᠣᠬᠢᠷᠠᠬᠤ ᠥᠭᠡᠢ ᠬᠥᠮᠥᠰ ᠲᠤ ᠵᠢᠷᠮᠥᠰᠥᠨ ᠡᠮᠡᠭᠳᠡᠢ᠂ ᠬᠥᠬᠦᠬᠦᠯ ᠬᠤᠭᠤᠴᠠᠭᠠᠠ ᠤ ᠡᠮᠡᠭᠳᠡᠶᠢᠴᠥᠳ ᠪᠠᠭᠳᠠᠬᠤ ᠪᠥᠭᠡᠳ ᠬᠠᠯᠠᠭᠤᠷᠠᠬᠤ᠂ ᠬᠠᠯᠳᠠᠪᠣᠷᠢᠯᠠᠬᠤ ᠵᠡᠷᠭᠡ ᠡᠪᠡᠳᠴᠢᠨ ᠡᠮᠭᠡᠭ ᠤᠨ ᠲᠥᠷᠭᠡᠡ ᠴᠢᠨᠠᠷᠳᠠᠢ ᠬᠤᠭᠤᠴᠠᠭᠠᠠ ᠳᠤ ᠣᠷᠣᠰᠢᠵᠣ ᠪᠠᠶᠢᠭ᠎ᠠ ᠡᠭᠡᠯᠢᠯᠡᠭᠡ ᠶᠢᠨ ᠲᠣᠳᠠᠭᠳᠠᠯ ᠲᠠᠢ ᠪᠣᠶᠣ ᠡᠭᠡᠯᠢᠯᠡᠭᠡ ᠨᠢ ᠡᠮᠬᠢ ᠵᠠᠮᠪᠠᠷᠠᠭ᠎ᠠ ᠥᠭᠡᠢ ᠪᠣᠯᠣᠭᠰᠠᠠ ᠬᠥᠮᠥᠰ ᠵᠢᠴᠢ ᠬᠥᠡᠳᠥ ᠡᠯᠢᠭᠡ ᠪᠥᠭᠡᠷᠡᠡ ᠤ ᠡᠪᠡᠳᠴᠢᠨ ᠲᠠᠢ ᠪᠠ ᠡᠮ ᠢᠶᠠᠷ ᠬᠢᠵᠠᠭᠠᠷᠯᠠᠵᠤ ᠥᠯᠥ ᠲᠡᠶᠢᠯᠬᠦ ᠴᠢᠰᠣᠠ ᠲᠠᠷᠣᠯᠳᠠ ᠥᠡᠳᠥᠷ ᠡᠪᠡᠳᠴᠢᠳᠡᠡ᠂ ᠰᠢᠬᠢᠷ ᠰᠢᠵᠢᠩ ᠡᠪᠡᠳᠴᠢᠨ ᠤ ᠲᠠᠪᠬᠤᠴᠠᠭᠰᠠᠠ ᠡᠪᠡᠳᠴᠢᠨ ᠲᠠᠢ᠂ ᠬᠤᠣᠷᠳᠣ ᠬᠠᠪᠣᠳᠠᠷ ᠲᠤ ᠨᠡᠷᠪᠡᠭᠳᠡᠭᠰᠡᠡ ᠡᠪᠡᠳᠴᠢᠳᠡᠡ ᠵᠡᠷᠭᠡ ᠬᠥᠮᠥᠰ ᠪᠠᠭᠳᠠᠨ᠎ᠠ᠃ 18 ᠨᠠᠰᠣᠠ ᠠᠴᠠ 59 ᠨᠠᠰᠣᠠ ᠤ ᠲᠠᠷᠢᠯᠭ᠎ᠠ ᠬᠢᠬᠦ ᠨᠠᠰᠣᠠ ᠤ ᠭᠡᠪᠴᠢᠶᠡᠡ ᠳᠤ ᠣᠷᠣᠬᠤ ᠥᠭᠡᠢ ᠬᠥᠮᠥᠰ ᠨᠢ ᠡᠮᠴᠢᠯᠡᠭᠡᠡ ᠤ ᠲᠣᠷᠰᠢᠯᠳᠠ ᠣᠯᠠᠮ ᠨᠢᠭᠡ ᠠᠯᠬᠤᠮ ᠬᠢᠭᠰᠡᠡ ᠲᠤᠭ᠎ᠠ ᠪᠠᠷᠢᠮᠳᠠ ᠨᠡᠶᠢᠳᠡᠯᠡᠭᠳᠡᠵᠥ᠂ ᠵᠠᠯᠭᠠᠭᠠᠳ ᠲᠠᠷᠢᠯᠭ᠎ᠠ ᠬᠢᠵᠥ ᠪᠣᠯᠬᠤ ᠡᠰᠡᠬᠦ ᠶᠢ ᠲᠣᠳᠣᠷᠬᠠᠢ ᠲᠣᠭᠳᠠᠭᠠᠬᠤ ᠶᠢ ᠬᠥᠯᠢᠶᠡᠬᠦ ᠭᠡᠷᠡᠭᠳᠡᠢ ᠭᠡᠪᠡ᠃     ᠰᠢᠨ᠎ᠡ ᠲᠢᠳᠢᠮᠯᠢᠭ ᠠᠭᠤᠰᠬᠢᠨ ᠡᠪᠡᠳᠴᠢᠨ ᠤ ᠸᠠᠺᠼᠢᠨ ᠢ ᠲᠠᠷᠢᠬᠤ ᠠᠴᠠ ᠡᠮᠥᠨ᠎ᠡ ᠡᠪᠡᠳᠴᠢᠨ ᠡᠮᠭᠡᠭ ᠢ ᠰᠡᠷᠭᠡᠶᠢᠯᠡᠡ ᠬᠢᠵᠠᠭᠠᠷᠯᠠᠬᠤ ᠰᠠᠯᠠᠭ᠎ᠠ ᠮᠥᠴᠢᠷ ᠤᠨ ᠨᠡᠶᠢᠳᠡᠯᠡᠭᠰᠡᠡ ᠴᠡᠭᠡᠷᠯᠡᠬᠦ ᠡᠪᠡᠳᠴᠢᠨ ᠤ ᠮᠡᠳᠡᠯᠭᠡ ᠶᠢ ᠠᠩᠬᠠᠷᠴᠣ᠂ ᠪᠣᠳᠠᠭᠠᠯᠢ ᠪᠡᠶ᠎ᠡ ᠶᠢᠨ ᠪᠡᠶ᠎ᠡ ᠮᠠᠬᠠᠪᠣᠳ ᠤᠨ ᠪᠠᠶᠢᠳᠠᠯ ᠢᠶᠠᠨ ᠣᠢᠢᠯᠠᠭᠠᠬᠤ ᠬᠡᠷᠡᠭᠳᠡᠢ᠃ ᠲᠠᠷᠢᠯᠭ᠎ᠠ ᠬᠢᠬᠦ ᠬᠥᠮᠥᠡ ᠲᠠᠷᠢᠯᠭ᠎ᠠ ᠬᠢᠬᠦ ᠳᠡᠭᠡᠨ ᠠᠮᠠᠪᠴᠢ ᠵᠡᠭᠦᠬᠦ ᠭᠡᠷᠡᠭᠳᠡᠢ᠃ ᠸᠠᠺᠼᠢᠨ ᠤ ᠲᠠᠷᠢᠯᠭ᠎ᠠ ᠬᠢᠭᠰᠡᠡ ᠤ ᠲᠠᠷᠠᠭ᠎ᠠ 30 ᠮᠢᠨᠦ᠋ᠲ ᠲᠠᠷᠢᠯᠭ᠎ᠠ ᠶᠢᠨ ᠭᠠᠵᠠᠷ ᠲᠠᠭᠠᠨ ᠪᠠᠶᠢᠵᠣ ᠪᠠᠶᠢᠳᠠᠯ ᠢ ᠨᠢ ᠠᠵᠢᠬᠯᠠᠬᠤ ᠭᠡᠷᠡᠭᠳᠡᠢ᠂ ᠡᠪ ᠥᠭᠡᠢ ᠪᠠᠶᠢᠳᠠᠯ ᠭᠠᠷᠬᠤ ᠥᠭᠡᠢ ᠳᠤ ᠬᠥᠷᠪᠡᠯ ᠲᠠᠷᠢᠯᠭ᠎ᠠ ᠶᠢᠨ ᠭᠠᠵᠠᠷ ᠠᠴᠠ ᠶᠠᠪᠣᠵᠣ ᠪᠣᠯᠣᠨ᠎ᠠ︔ ᠭᠡᠷᠪᠡ ᠥᠷᠭᠦᠯᠵᠢᠯᠡᠡ ᠬᠠᠯᠠᠭᠤᠷᠠᠬᠤ ᠪᠠᠶᠢᠳᠠᠯ ᠭᠠᠷᠬᠤ ᠳᠤ ᠬᠥᠷᠪᠡᠯ ᠴᠠᠭ ᠲᠣᠬᠠᠢ ᠳᠤᠨᠢ ᠡᠮᠨᠡᠭᠦᠯᠬᠦ ᠶᠢᠨ ᠬᠠᠮᠳᠣ ᠲᠠᠷᠢᠯᠭ᠎ᠠ ᠭᠢᠭᠰᠡᠡ ᠨᠢᠭᠡᠴᠢ ᠳᠡᠭᠡᠨ ᠮᠡᠳᠡᠭᠦᠯᠬᠦ ᠭᠡᠷᠡᠭᠳᠡᠢ ᠭᠡᠵᠥ ᠴᠢᠬᠤᠯᠠᠴᠢᠯᠠᠵᠠᠢ᠃
 
ᠢᠷᠡᠯᠲᠡ᠄ ᠣᠷᠳᠣᠰ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map