ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ | ᠰᠢᠷᠢᠰ ᠴᠢᠬᠤᠯᠠ ᠶᠠᠷᠢᠶ᠎ᠠ ᠪᠣᠯᠤᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ | ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ | ᠴᠢᠬᠤᠯᠠᠴᠢᠯᠠᠨ ᠨᠠᠶᠢᠳᠠᠪᠤᠷᠢᠵᠢᠭᠤᠯᠵᠤ ᠪᠤᠢ᠃ | ᠤᠢᠢᠯᠠᠭᠠᠭᠰᠠᠨ ᠢᠶᠠᠷ᠂ ᠥᠪᠥᠷ ᠮᠣᠩᠭᠤᠯ 2020 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ | ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠭᠢᠯᠡᠬᠦ ᠠᠵᠠ ᠲᠣᠬᠢᠶᠠᠯ ᠢ | ᠤᠯᠤᠭᠰᠠᠨ ᠲᠠᠰᠢᠷᠠᠮ ᠢᠶᠠᠷ᠂ ᠶᠡᠷᠦᠩᠬᠡᠶ ᠱᠦᠵᠢ ᠰᠢ ᠶᠢᠨ ᠫᠢᠩ ᠤᠨ ︽ᠭᠤᠷᠪᠠᠨ ᠳ᠋ᠦᠩᠰᠢᠭᠤᠷ ᠬᠥᠮᠦᠨ ᠢ | ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠢᠳᠡᠪᠬᠢᠲᠡᠶ | ᠴᠤᠤᠷᠢᠶᠠᠳᠤᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ | ᠠᠭᠤᠰᠤᠯᠴᠠᠨ ᠬᠥᠭᠵᠢᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠬᠢᠨ ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ ᠲᠠᠯᠠᠪᠠᠢ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠨᠡᠶᠢᠭᠡᠮ ᠤᠨ ᠬᠦᠴᠦᠨ ᠤ ᠮᠥᠰᠥ ᠴᠠᠰᠤᠨ ᠤ ᠲᠠᠯᠠᠪᠠᠢ ᠭᠠᠵᠠᠷ ᠤᠨ ᠪᠦᠲᠦᠭᠡᠨ | ᠪᠠᠶᠢᠭᠤᠯᠤᠯᠲᠠ ᠳᠤ ᠤᠷᠤᠯᠴᠠᠬᠤ ᠶᠢ ᠲᠠᠶᠢᠴᠢᠯᠠᠪᠠ᠃ ᠲᠠᠷᠠᠭᠠᠴᠢ ᠪᠠᠷ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ | ᠴᠤᠭᠯᠠᠭᠠᠨ ᠢ ᠢᠳᠡᠪᠬᠢᠲᠡᠢ ᠦᠷᠨᠢᠭᠦᠯᠵᠦ᠂ ᠮᠥᠰᠥ ᠴᠠᠰᠤᠨ ᠤ ᠬᠤᠯᠪᠣᠭᠠᠲᠤ ᠤᠷᠤᠯᠳᠤᠭᠠᠨ᠂ ᠵᠠᠯᠠᠭᠤᠴᠤᠳ | ᠪᠠᠭᠠᠴᠤᠳ ᠤᠨ ᠮᠥᠰᠥ ᠴᠠᠰᠤᠨ ᠤ ᠬᠥᠳᠡᠯᠭᠡᠭᠡᠨ᠂ ᠨᠠᠢᠮᠠᠳᠤᠭᠠᠷ ᠬᠤᠭᠤᠴᠠᠭᠠᠨ ᠤ ︽ᠣᠯᠠᠨ ᠲᠦᠮᠡᠨᠴᠢ ᠮᠥᠰᠥ | ᠴᠠᠰᠤᠨ ᠤ ᠤᠯᠠᠷᠢᠯ︾ ᠤᠨ ᠬᠠᠮᠢᠶ᠎ᠠ ᠪᠥᠬᠦᠶ ᠠᠵᠢᠯᠯᠠᠭ᠎ᠠ ᠶᠢ ᠰᠠᠶᠢᠲᠤᠷ ᠬᠢᠵᠦ᠂ ᠮᠥᠰᠥ ᠴᠠᠰᠤᠨ ᠤ ᠪᠡᠶ᠎ᠡ ᠶᠢᠨ | ᠲᠠᠮᠢᠷ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠣᠳᠣᠬᠢᠴᠢᠯᠠᠭᠰᠠᠨ ᠪᠡᠶ᠎ᠡ ᠶᠢᠨ ᠲᠠᠮᠢᠷ ᠤᠨ ᠬᠦᠴᠦᠷᠬᠡᠭ | ᠤᠯᠤᠰ ᠤᠨ ᠰᠢᠰᠲ᠋ᠧᠮ ᠯᠦᠭᠡ ᠲᠣᠬᠢᠷᠠᠯᠴᠠᠭᠰᠠᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ |