ᠨᠢᠭᠡ ᠴᠠᠭ ᠰᠠᠭᠤᠪᠠᠯ ᠬᠤᠶᠠᠷ ᠮᠢᠨᠦ᠋ᠲ ᠠᠯᠬᠤᠭᠠᠷᠠᠢ︕
ᠨᠡᠶᠢᠲᠡᠯᠡᠭᠰᠡᠨ ᠴᠠᠭ᠄
2022/7/21
     ᠭᠡᠷ ᠪᠦᠯᠢ ᠶᠢᠨ ᠭᠡᠰᠢᠭᠦᠨ ᠪᠡᠶ᠎ᠡ ᠮᠠᠬᠠᠪᠤᠳ ᠤᠨ ᠡᠷᠡᠭᠦᠯ ᠡᠩᠬᠡ ᠶᠢ ᠤᠨᠴᠠ ᠠᠩᠬᠠᠷᠬᠤ ᠬᠡᠷᠡᠭᠳᠡᠢ᠃ ᠶᠠᠳᠠᠷᠠᠬᠤ ᠶᠢᠨ ᠲᠤᠳᠤᠷᠬᠠᠶᠢᠯᠠᠯᠳᠠ ᠶᠢ ᠦᠨᠳᠦᠰᠦᠯᠡᠪᠡᠯ᠂ ᠶᠠᠮᠡᠷ ᠨᠢᠭᠡᠨ ᠢᠵᠢᠯ ᠲᠦᠷᠦᠯ ᠤᠨ ᠠᠵᠢᠯ ᠢ ᠤᠳᠠᠭᠠᠨ ᠬᠢᠭᠡᠳ ᠯᠡ ᠪᠠᠶᠢᠪᠠᠯ ᠲᠠᠷᠤᠢ ᠶᠠᠳᠠᠷᠠᠨ᠎ᠠ᠂ ᠡᠶᠢᠮᠦ ᠠᠴᠠ ᠤᠳᠠᠭᠠᠨ ᠰᠠᠭᠤᠬᠤ ᠨᠢ ᠬᠦᠮᠦᠨ ᠤ ᠪᠡᠶ᠎ᠡ ᠳᠤ ᠶᠡᠭᠡ ᠮᠠᠭᠤ ᠪᠦᠭᠡᠳ ᠮᠦᠨ ᠶᠠᠳᠠᠷᠠᠵᠤ ᠪᠠᠶᠢᠳᠠᠭ᠃ ᠠᠮᠧᠷᠢᠺᠠ ᠶᠢᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ 1 ᠴᠠᠭ ᠰᠠᠭᠤᠪᠠᠯ 2 ᠮᠢᠨᠦ᠋ᠲ ᠠᠯᠬᠤᠬᠤ ᠨᠢ ᠦᠬᠦᠬᠦ ᠠᠶᠤᠯ ᠢ ᠵᠠᠭᠤᠨ ᠤ ᠭᠤᠴᠢᠨ ᠭᠤᠷᠪᠠ ᠪᠠᠷ ᠪᠠᠭᠤᠷᠠᠭᠤᠯᠳᠠᠭ᠃ ᠢᠯᠠᠩᠭᠤᠶ᠎ᠠ ᠲᠡᠳᠡᠭᠡᠷ ᠤᠳᠠᠭᠠᠨ ᠴᠢᠨᠠᠷ ᠲᠠᠢ ᠪᠦᠭᠡᠷ᠎ᠡ ᠶᠢᠨ ᠡᠪᠡᠳᠴᠢᠳᠡᠨ ᠤ ᠦᠬᠦᠬᠦ ᠠᠶᠤᠯ ᠢ ᠵᠠᠭᠤᠨ ᠤ ᠲᠦᠴᠢᠨ ᠨᠢᠭᠡ ᠪᠠᠷ ᠪᠠᠭᠤᠷᠠᠭᠤᠯᠳᠠᠭ᠃ ᠤᠳᠠᠭᠠᠨ ᠰᠠᠭᠤᠵᠤ ᠠᠵᠢᠯᠯᠠᠳᠠᠭ ᠬᠦᠮᠦᠰ ᠡᠭᠦᠨ ᠠᠴᠠ ᠭᠠᠳᠠᠨ᠎ᠠ ᠨᠢᠭᠡ ᠭᠠᠷᠠᠭ ᠲᠤ ᠬᠤᠶᠠᠷ ᠴᠠᠭ ᠠᠴᠠ ᠲᠡᠭᠡᠭᠰᠢ ᠰᠢᠷᠦᠭᠦᠨ ᠬᠦᠳᠡᠯᠭᠡᠭᠡᠨ ᠬᠢᠬᠦ ᠬᠡᠷᠡᠭᠳᠡᠢ ᠭᠡᠵᠡᠢ᠃      ᠡᠭᠦᠨ ᠠᠴᠠ ᠭᠠᠳᠠᠨ᠎ᠠ᠂ ᠲᠤᠥᠷᠠᠬᠢ ᠭᠡᠳᠦᠨ ᠵᠦᠢᠯ ᠤᠨ ᠲᠠᠳᠬᠠᠯ ᠨᠢ ᠬᠦᠮᠦᠰ ᠤᠨ ᠡᠷᠡᠭᠦᠯ ᠮᠡᠨᠳᠦ ᠶᠢ ᠨᠦᠯᠦᠭᠡᠯᠡᠳᠡᠭ ᠶᠤᠮ᠃ ᠡᠶᠢᠮᠦ ᠠᠴᠠ᠂ ᠭᠡᠷ ᠪᠦᠯᠢ ᠶᠢᠨ ᠭᠡᠰᠢᠭᠦᠨ ᠨᠢᠭᠡᠪᠦᠷᠢ ᠡᠳᠦᠷ ᠲᠤᠳᠤᠮ ᠤᠨ ᠠᠮᠢᠳᠤᠷᠠᠯ ᠤᠨ ᠲᠤᠮᠳᠠ ᠪᠠᠨ ᠡᠳᠡᠭᠡᠷ ᠵᠦᠢᠯ ᠢ ᠠᠩᠬᠠᠷᠤᠭᠠᠷᠠᠢ︕ ᠭᠡᠳᠦᠷᠡᠳᠡᠯ᠎ᠡ ᠠᠷᠢᠬᠢ ᠤᠥᠭᠤᠬᠤ᠂ ᠲᠤᠷ᠎ᠠ ᠪᠠᠷ ᠢᠶᠠᠨ ᠡᠮ ᠤᠥᠭᠤᠬᠤ᠂ ᠪᠠᠶᠢᠩᠭᠤ ᠰᠡᠳᠬᠢᠯ ᠰᠠᠨᠠᠭ᠎ᠠ ᠵᠤᠪᠠᠭ᠋ᠤ᠂ ᠲᠤᠰᠤ ᠲᠠᠢ ᠢᠳᠡᠭᠡᠨ ᠠᠷᠪᠢᠨ ᠢᠳᠡᠭᠦ᠂ ᠰᠦᠨᠢ ᠪᠠᠷ ᠬᠤᠭᠤᠯᠠ ᠢᠳᠡᠭᠦ᠂ ᠲᠠᠮᠠᠬᠢ ᠲᠠᠳᠠᠬᠤ᠂ ᠬᠤᠥᠷ ᠲᠠᠳᠠᠬᠤ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map