ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠵᠠᠷᠯᠢᠭ | ᠵᠠᠭᠤ ᠠᠷᠪᠠᠨ ᠬᠤᠶᠠᠳᠤᠭᠠᠷ ᠲᠣᠭᠠᠲᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠠᠤᠯᠢ︾ ᠶᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ | ᠳᠥᠷᠪᠡᠳᠦᠭᠡᠷ ᠬᠤᠷᠠᠯᠳᠤᠭᠠᠨ ᠠᠴᠠ 2022 ᠣᠨ ᠤ 4 ᠰᠠᠷ᠎ᠠ ᠶᠢᠨ 20 ᠤ ᠡᠳᠦᠷ ᠵᠠᠰᠠᠪᠤᠷᠢ ᠣᠷᠣᠭᠤᠯᠵᠤ | ᠪᠠᠲᠤᠯᠠᠪᠠ᠃ ᠡᠳᠦᠭᠡ ᠨᠡᠶᠢᠲᠡᠯᠡᠪᠡ᠂ 2022 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | 2022 ᠣᠨ ᠤ 4 ᠰᠠᠷ᠎ᠠ ᠶᠢᠨ 20 ᠤ ᠡᠳᠦᠷ | | | ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ | | | ︵1996 ᠣᠨ ᠤ 5 ᠰᠠᠷ᠎ᠠ ᠶᠢᠨ 15 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ | ᠬᠤᠷᠠᠯᠳᠤᠭᠠᠨ ᠠᠴᠠ ᠪᠠᠲᠤᠯᠠᠪᠠ᠃ 2022 ᠣᠨ ᠤ 4 ᠰᠠᠷ᠎ᠠ ᠶᠢᠨ 20 ᠤ ᠡᠳᠦᠷ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠭᠤᠴᠢᠨ ᠳᠥᠷᠪᠡᠳᠦᠭᠡᠷ ᠬᠤᠷᠠᠯᠳᠤᠭᠠᠨ ᠠᠴᠠ ᠵᠠᠰᠠᠪᠤᠷᠢ ᠣᠷᠣᠭᠤᠯᠪᠠ︶ | ᠭᠠᠷᠴᠠᠭ | ᠨᠢᠭᠡᠳᠦᠭᠡᠷ ᠪᠦᠯᠦᠭ ᠶᠡᠷᠦᠩᠬᠡᠶ ᠳᠦᠷᠢᠮ | ᠬᠤᠶᠠᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ | ᠭᠤᠷᠪᠠᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠷᠡᠭᠵᠢᠭᠦᠯᠦᠯᠲᠡ | ᠳᠥᠷᠪᠡᠳᠦᠭᠡᠷ ᠪᠦᠯᠦᠭ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ | ᠲᠠᠪᠤᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠪᠠ ᠰᠤᠷᠭᠠᠨ ᠬᠥᠮᠦᠵᠢᠯ | ᠭᠦᠷᠲᠡᠭᠰᠡᠳ | ᠵᠢᠷᠭᠤᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠲᠤᠯᠠᠭ᠎ᠠ | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | | | ᠨᠢᠭᠡᠳᠦᠭᠡᠷ ᠪᠦᠯᠦᠭ ᠶᠡᠷᠦᠩᠬᠡᠶ ᠳᠦᠷᠢᠮ | | ᠨᠢᠭᠡᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ | ᠬᠥᠳᠡᠯᠮᠦᠷᠢᠴᠢᠳ ᠤᠨ ᠬᠡᠪ ᠴᠢᠨᠠᠷ ᠪᠠ ᠮᠡᠷᠭᠡᠵᠢᠯ ᠤᠨ ᠤᠷ᠎ᠠ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠠᠵᠢᠯ | ᠣᠯᠵᠤ ᠦᠢᠯᠡᠰ ᠪᠤᠰᠬᠠᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠬᠥᠮᠦᠨ ᠤ | ᠬᠦᠴᠦᠨ ᠤ ᠡᠬᠢ ᠪᠠᠶᠠᠯᠢᠭ ᠤᠨ ᠬᠦᠴᠦᠷᠬᠡᠭ ᠤᠯᠤᠰ ᠪᠠ ᠤᠷ᠎ᠠ ᠴᠢᠳᠠᠪᠤᠷᠢ ᠶᠢᠨ ᠬᠡᠯᠪᠡᠷᠢᠲᠦ ᠨᠡᠶᠢᠭᠡᠮ ᠢ ᠪᠦᠳᠦᠭᠡᠨ | ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ | ᠦᠨᠳᠦᠰᠦᠨ ᠬᠠᠤᠯᠢ ᠶᠢ ᠦᠨᠳᠦᠰᠦᠯᠡᠵᠦ᠂ ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠬᠠᠤᠯᠢ ᠳᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠭᠡᠳᠡᠭ ᠪᠣᠯ ᠥᠨᠳᠥᠷ | ᠬᠡᠪ ᠴᠢᠨᠠᠷ ᠪᠦᠬᠦᠢ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠵᠦ᠂ ᠰᠤᠷᠭᠠᠨ ᠬᠥᠮᠦᠵᠢᠯ | ᠬᠦᠷᠲᠡᠭᠰᠡᠳ ᠢ ᠶᠠᠮᠠᠷ ᠨᠢᠭᠡᠨ ᠠᠵᠢᠯ ᠮᠡᠷᠭᠡᠵᠢᠯ ᠡᠷᠬᠢᠯᠡᠬᠦ ᠪᠤᠶᠤ ᠠᠵᠢᠯ ᠮᠡᠷᠭᠡᠵᠢᠯ ᠤᠨ ᠬᠥᠭᠵᠢᠯᠲᠡ ᠶᠢ | ᠪᠡᠶᠡᠯᠡᠭᠦᠯᠬᠦ ᠳᠤ ᠱᠠᠭᠠᠷᠳᠠᠭᠳᠠᠬᠤ ᠠᠵᠢᠯ ᠮᠡᠷᠭᠡᠵᠢᠯ ᠤᠨ ᠶᠣᠰᠣ ᠮᠣᠷᠠᠯ᠂ ᠰᠢᠨᠵᠢᠯᠡᠬᠦ ᠤᠬᠠᠭᠠᠨ ᠰᠣᠶᠣᠯ ᠪᠠ ᠲᠤᠰᠬᠠᠢ | ᠮᠡᠷᠭᠡᠵᠢᠯ ᠤᠨ ᠮᠡᠳᠡᠯᠭᠡ᠂ ᠮᠡᠷᠭᠡᠵᠢᠯ ᠤᠨ ᠤᠷ᠎ᠠ ᠴᠢᠳᠠᠪᠤᠷᠢ ᠵᠡᠷᠭᠡ ᠠᠵᠢᠯ ᠮᠡᠷᠭᠡᠵᠢᠯ ᠤᠨ ᠶᠡᠷᠦᠩᠬᠡᠶᠢᠯᠡᠭᠰᠡᠨ ᠬᠡᠪ | ᠴᠢᠨᠠᠷ ᠪᠠ ᠠᠵᠢᠯᠯᠠᠬᠤ ᠴᠢᠳᠠᠪᠤᠷᠢ ᠲᠠᠢ ᠪᠣᠯᠭᠠᠬᠤ ᠶᠢᠨ ᠲᠥᠯᠥᠭᠡ ᠬᠡᠷᠡᠭᠵᠢᠭᠦᠯᠦᠭᠰᠡᠨ ᠰᠤᠷᠭᠠᠨ ᠬᠥᠮᠦᠵᠢᠯ ᠢ ᠵᠢᠭᠠᠵᠤ | ᠪᠠᠶᠢᠨ᠎ᠠ᠂ ᠡᠭᠦᠨ ᠳᠤ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠢ ᠪᠠᠭᠲᠠᠭᠠᠨ᠎ᠠ᠃ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠠᠴᠠ ᠠᠵᠢᠯᠳᠡᠠ ᠳᠤ | ᠬᠡᠷᠡᠭᠵᠢᠭᠦᠯᠬᠦ ᠲᠤᠰᠬᠠᠢ ᠪᠣᠯᠪᠠᠰᠤᠷᠠᠭᠤᠯᠤᠯ ᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ | ᠠᠰ ᠲᠤ ᠨᠢ ᠲᠣᠭᠲᠠᠭᠠᠨ᠎ᠠ᠃ | ᠭᠤᠷᠪᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠡᠩ ᠤᠨ ᠰᠤᠷᠭᠠᠨ ᠬᠥᠮᠦᠵᠢᠯ ᠲᠠᠢ | ᠠᠳᠠᠯᠢ ᠴᠢᠬᠤᠯᠠ ᠪᠠᠶᠢᠷᠢ ᠰᠠᠭᠤᠷᠢ ᠲᠠᠢ ᠰᠤᠷᠭᠠᠨ ᠬᠥᠮᠦᠵᠢᠯ ᠤᠨ ᠲᠥᠷᠥᠯ ᠬᠡᠯᠪᠡᠷᠢ᠂ ᠤᠯᠤᠰ ᠠᠷᠠᠳ ᠤᠨ | ᠰᠤᠷᠭᠠᠨ ᠬᠥᠮᠦᠵᠢᠯ ᠤᠨ ᠳᠣᠭᠲᠠᠯᠴᠠᠭ᠎ᠠ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠶᠢᠨ | ᠴᠢᠬᠤᠯᠠ ᠪᠦᠷᠢᠯᠳᠦᠬᠦᠨ ᠬᠡᠰᠡᠭ᠂ ᠣᠯᠠᠨ ᠶᠠᠩᠵᠤ ᠶᠢᠨ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠤᠨ ᠤᠷ᠎ᠠ | ᠴᠢᠳᠠᠪᠤᠷᠢ ᠶᠢ ᠤᠯᠠᠮᠵᠢᠯᠠᠬᠤ᠂ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠃ | ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ | ᠴᠢᠩᠭᠠᠳᠬᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠬᠡᠷᠡᠭᠴᠡᠭᠡ ᠳᠤ ᠵᠣᠬᠢᠴᠠᠭᠰᠠᠨ᠂ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠤ ᠦᠰᠦᠨ ᠪᠤᠶᠢᠵᠢᠬᠤ ᠵᠢᠮ᠎ᠡ | ᠶᠣᠰᠣᠨ ᠳᠤ ᠨᠡᠶᠢᠴᠡᠭᠰᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠷᠢᠮ ᠤᠨ ᠳᠣᠭᠲᠠᠯᠴᠠᠭ᠎ᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠳᠤ ᠴᠢᠳᠠᠪᠤᠷᠢᠲᠠᠨ ᠪᠠ ᠤᠷ᠎ᠠ ᠴᠢᠳᠠᠪᠤᠷᠢ ᠶᠢᠨ ᠬᠦᠴᠦᠲᠡᠢ ᠲᠤᠯᠭᠠᠭᠤᠷᠢᠯᠠᠯ ᠢ ᠬᠠᠩᠭᠠᠨ᠎ᠠ᠃ | ᠳᠥᠷᠪᠡᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠡᠷᠬᠡᠪᠰᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ | ᠪᠠᠷᠢᠮᠲᠠᠯᠠᠵᠤ᠂ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠵᠤ᠂ ᠶᠣᠰᠣ ᠰᠤᠷᠲᠠᠬᠤᠨ ᠢ | ᠪᠣᠢ ᠪᠣᠯᠭᠠᠵᠤ ᠬᠥᠮᠦᠨ ᠢ ᠬᠥᠮᠦᠵᠢᠭᠦᠯᠬᠦ᠂ ᠶᠣᠰᠣ ᠰᠤᠷᠲᠠᠬᠤᠨ ᠪᠠ ᠮᠡᠷᠭᠡᠵᠢᠯ ᠢ ᠵᠡᠷᠭᠡ ᠪᠠᠷ ᠰᠤᠷᠬᠤ ᠶᠢ | ᠪᠠᠷᠢᠮᠲᠠᠯᠠᠵᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠬᠠᠬᠤ᠂ ᠰᠤᠷᠭᠠᠭᠤᠯᠢ ᠪᠠ ᠠᠵᠤ ᠠᠬᠤᠶᠢᠯᠠᠯ ᠢ | ᠬᠠᠮᠲᠤᠷᠠᠯᠴᠠᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠲᠤ ᠬᠠᠨᠳᠤᠭᠤᠯᠵᠤ᠂ ᠠᠵᠢᠯ ᠣᠯᠭᠤᠯᠲᠠ ᠶᠢ | ᠠᠬᠢᠭᠤᠯᠬᠤ ᠶᠢ ᠪᠠᠷᠢᠮᠲᠠᠯᠠᠵᠤ᠂ ᠦᠢᠯᠡᠳᠦᠯᠭᠡ ᠳᠤ ᠬᠠᠨᠳᠤᠭᠤᠯᠵᠤ᠂ ᠴᠢᠳᠠᠪᠤᠷᠢ ᠶᠢ ᠴᠢᠩᠭᠠᠳᠬᠠᠬᠤ ᠶᠢ ᠪᠠᠷᠢᠮᠲᠠᠯᠠᠵᠤ᠂ | ᠬᠥᠮᠦᠨ ᠪᠦᠬᠦᠨ ᠳᠤ ᠬᠠᠨᠳᠤᠭᠤᠯᠵᠤ᠂ ᠠᠪᠢᠶᠠᠰ ᠲᠤ ᠨᠢ ᠲᠤᠬᠢᠷᠠᠭᠤᠯᠤᠨ ᠵᠢᠭᠠᠨ ᠰᠤᠷᠭᠠᠬᠤ ᠶᠢ ᠪᠠᠷᠢᠮᠲᠠᠯᠠᠬᠤ | ᠬᠡᠷᠡᠭᠲᠡᠢ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠤ ᠨᠡᠶᠢᠭᠡᠮ ᠵᠢᠷᠤᠮ ᠤᠨ ᠭᠤᠣᠯᠯᠠᠬᠤ | ᠦᠷᠳᠡᠭ ᠤᠨ ᠦᠵᠡᠯᠲᠡ ᠶᠢ ᠪᠠᠳᠠᠷᠠᠭᠤᠯᠵᠤ᠂ ᠰᠤᠷᠭᠠᠨ ᠬᠥᠮᠦᠵᠢᠯ ᠭᠦᠷᠲᠡᠭᠰᠡᠳ ᠲᠤ ᠦᠵᠡᠯ ᠰᠠᠨᠠᠭ᠎ᠠ ᠤᠯᠤᠰ | ᠲᠦᠷᠦ ᠶᠢᠨ ᠬᠥᠮᠦᠵᠢᠯ ᠪᠠ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ ᠬᠢᠵᠦ᠂ ᠬᠥᠳᠡᠯᠮᠦᠷᠢ ᠶᠢᠨ | ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ | ᠬᠥᠮᠦᠵᠢᠭᠦᠯᠵᠦ᠂ ᠰᠢᠨᠵᠢᠯᠡᠬᠦ ᠤᠬᠠᠭᠠᠨ ᠰᠣᠶᠣᠯ ᠪᠠ ᠲᠤᠰᠬᠠᠢ ᠮᠡᠷᠭᠡᠵᠢᠯ ᠤᠨ ᠮᠡᠳᠡᠯᠭᠡ ᠶᠢ ᠤᠯᠠᠮᠵᠢᠯᠠᠵᠤ᠂ | ᠮᠡᠷᠭᠡᠵᠢᠯ ᠤᠨ ᠤᠷ᠎ᠠ ᠴᠢᠳᠠᠪᠤᠷᠢ ᠶᠢ ᠬᠥᠮᠦᠵᠢᠭᠦᠯᠵᠦ᠂ ᠠᠵᠢᠯ ᠮᠡᠷᠭᠡᠵᠢᠯ ᠤᠨ ᠵᠢᠯᠤᠭᠤᠳᠤᠯᠭ᠎ᠠ ᠬᠢᠵᠦ᠂ ᠰᠤᠷᠭᠠᠨ | ᠬᠥᠮᠦᠵᠢᠯ ᠭᠦᠷᠲᠡᠭᠰᠡᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠲᠠᠪᠤᠳᠤᠭᠠᠷ ᠵᠦᠢᠯ ᠠᠷᠠᠳ ᠢᠷᠭᠡᠨ ᠬᠠᠤᠯᠢ ᠶᠣᠰᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠳᠡᠬᠦ | ᠡᠷᠬᠡ ᠲᠠᠢ᠃ | ᠵᠢᠷᠭᠤᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠵᠠᠰᠠᠭ ᠤᠨ ᠣᠷᠳᠣᠨ ᠨᠢᠭᠡᠳᠦᠯᠲᠡᠶ | ᠲᠥᠯᠥᠪᠯᠡᠬᠦ᠂ ᠱᠠᠲᠤ ᠬᠤᠪᠢᠶᠠᠨ ᠬᠠᠮᠢᠶᠠᠷᠬᠤ᠂ ᠣᠷᠣᠨ ᠨᠤᠲᠤᠭ ᠢᠶᠠᠷ ᠭᠤᠣᠯᠯᠠᠭᠤᠯᠬᠤ᠂ ᠠᠵᠢᠯ ᠲᠥᠷᠥᠯ ᠢᠶᠠᠷ | ᠵᠢᠯᠣᠭᠤᠳᠬᠤ᠂ ᠰᠤᠷᠭᠠᠭᠤᠯᠢ ᠪᠠ ᠠᠵᠤ ᠠᠬᠤᠶᠢᠯᠠᠯ ᠬᠤᠷᠰᠢᠶᠠᠯᠠᠬᠤ᠂ ᠨᠡᠶᠢᠭᠡᠮ ᠤᠨ ᠬᠢᠨ ᠣᠷᠣᠯᠴᠠᠬᠤ ᠶᠢ | ᠬᠡᠷᠡᠭᠵᠢᠭᠦᠯᠦᠨ᠎ᠡ᠃ | ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠢ ᠬᠥᠭᠵᠢᠭᠦᠯᠬᠦ ᠶᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠳᠤ ᠪᠠᠨ ᠣᠷᠣᠭᠤᠯᠵᠤ᠂ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠪᠠ ᠬᠥᠭᠵᠢᠭᠦᠯᠬᠦ | ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠠᠬᠢᠭᠤᠯᠬᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ | ᠮᠡᠷᠭᠡᠵᠢᠯ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠵᠡᠷᠭᠡ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠯᠤᠭ᠎ᠠ | ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ | ᠨᠠᠢᠮᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠠᠴᠠ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠠᠵᠢᠯ ᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠦᠬᠦ ᠤᠯᠤᠰ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠬᠦ᠂ | ᠶᠡᠷᠦᠩᠬᠡᠶᠢᠯᠡᠨ ᠵᠣᠬᠢᠴᠠᠭᠤᠯᠬᠤ᠂ ᠬᠤᠷᠸ᠎ᠠ ᠲᠠᠯ᠎ᠠ ᠠᠴᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠲᠥᠷᠥ ᠶᠢᠨ | ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ | ᠪᠤᠰᠤᠳ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ | ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠤᠯᠪᠤᠭᠳᠠᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠠᠵᠢᠯ ᠢ ᠲᠤᠰ ᠲᠤᠰ ᠬᠠᠷᠢᠭᠤᠴᠠᠨ᠎ᠠ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ | ᠲᠤᠰ ᠵᠠᠰᠠᠭ ᠵᠠᠬᠢᠷᠭᠠᠨ ᠤ ᠣᠷᠣᠨ ᠤ ᠪᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ | ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠬᠤᠪᠢᠶᠠᠷᠢ ᠪᠠᠷ ᠬᠤᠲᠠ᠂ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠣᠳᠠᠲᠠᠶ ᠠᠵᠢᠯ ᠤᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠭᠦᠯᠦᠯᠲᠡ ᠶᠢ | ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠨᠡᠪᠲᠡᠷᠡᠯᠴᠡᠭᠡ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠬᠠᠮᠲᠤ ᠪᠠᠷ ᠠᠬᠢᠭᠤᠯᠬᠤ ᠬᠡᠷᠡᠭᠲᠡᠢ᠃ | ᠶᠢᠰᠦᠳᠦᠭᠡᠷ ᠵᠦᠢᠯ ᠤᠯᠤᠰ ᠠᠴᠠ ᠤᠯᠡᠠ ᠲᠦᠷᠦᠯ ᠤᠨ ᠲᠡᠰ ᠳᠠᠪᠬᠤᠷᠭ᠎ᠠ ᠪᠠ ᠬᠡᠯᠪᠡᠷᠢ ᠮᠠᠶ᠋ᠢᠭᠲᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠵᠣᠷᠢᠭᠵᠢᠭᠤᠯᠵᠤ᠂ ᠤᠯᠡᠠ ᠡᠰᠢᠲᠦ ᠰᠤᠷᠭᠠᠭᠤᠯᠢ | ᠡᠷᠬᠢᠯᠡᠬᠦ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠨᠡᠶᠢᠭᠡᠮ ᠤᠨ ᠬᠦᠴᠦᠨ ᠤ ᠥᠷᠭᠡᠨ ᠢᠶᠠᠷ᠂ | ᠡᠷᠬᠡ ᠲᠡᠭᠰᠢ ᠪᠠᠷ ᠣᠷᠣᠯᠴᠠᠬᠤ ᠶᠢ ᠲᠡᠮᠵᠢᠨ᠎ᠡ᠃ | ᠤᠯᠤᠰ ᠠᠴᠠ ᠠᠵᠤ ᠠᠬᠤᠶᠢᠯᠠᠯ ᠤᠨ ᠰᠤᠷᠭᠠᠭᠤᠯᠢ ᠡᠷᠭᠢᠯᠡᠬᠦ ᠭᠤᠤᠯ ᠴᠣᠭᠴᠠ ᠶᠢᠨ ᠴᠢᠬᠤᠯᠠ ᠦᠢᠯᠡᠳᠦᠯ ᠢ | ᠪᠠᠳᠠᠷᠠᠭᠤᠯᠵᠤ᠂ ᠠᠵᠤ ᠠᠬᠤᠶᠢᠯᠠᠯ ᠤᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠭᠦᠨᠵᠡᠭᠡᠶ | ᠣᠷᠣᠯᠴᠠᠬᠤ ᠶᠢ ᠠᠬᠢᠭᠤᠯᠵᠤ᠂ ᠠᠵᠤ ᠠᠬᠤᠶᠢᠯᠠᠯ ᠠᠴᠠ ᠴᠢᠨᠠᠷᠯᠢᠭ ᠠᠵᠢᠯ ᠮᠡᠷᠭᠡᠵᠢᠯ ᠤᠨ ᠰᠤᠷᠭᠠᠨ ᠬᠥᠮᠦᠵᠢᠯ | ᠡᠷᠭᠢᠯᠡᠬᠦ ᠶᠢ ᠵᠣᠷᠢᠭᠵᠢᠭᠤᠯᠤᠨ᠎ᠠ᠃ | ᠬᠤᠯᠪᠤᠭᠳᠠᠬᠤ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ ᠤ ᠡᠪᠯᠡᠯ ᠪᠣᠯᠤᠨ | ᠳᠤᠮᠳᠠᠳᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠷᠢᠶ᠎ᠠ ᠵᠡᠷᠭᠡ ᠣᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠵᠡᠷᠭᠡ ᠶᠢᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠡᠭᠦᠷᠭᠡ ᠪᠠᠨ | ᠬᠠᠤᠯᠢ ᠶᠣᠰᠤ ᠪᠠᠷ ᠭᠦᠢᠴᠡᠳᠬᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠣᠷᠣᠯᠴᠠᠵᠤ᠂ ᠳᠡᠮᠵᠢᠬᠦ ᠪᠤᠶᠤ | ᠠᠵᠢᠯ ᠮᠡᠷᠭᠡᠵᠢᠯ ᠤᠨ ᠰᠤᠷᠭᠠᠨ ᠬᠥᠮᠥᠵᠢᠯ ᠢ ᠥᠷᠨᠢᠭᠦᠯᠦᠨ᠎ᠡ᠃ | ᠠᠷᠪᠠᠳᠤᠭᠠᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠮᠡᠷᠭᠡᠵᠢᠯ ᠤᠨ ᠠᠵᠢᠯᠴᠢᠨ ᠤ ᠰᠤᠷᠭᠠᠨ | ᠬᠥᠮᠦᠵᠢᠯ ᠢ ᠶᠡᠭᠡ ᠪᠠᠷ ᠬᠥᠭᠵᠢᠭᠦᠯᠵᠦ᠂ ᠠᠵᠤ ᠦᠢᠯᠡᠳᠪᠦᠷᠢ ᠶᠢᠨ ᠠᠵᠢᠯᠴᠢᠨ ᠤ ᠬᠡᠪ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠤᠯᠤᠰ ᠠᠴᠠ ᠠᠷᠭ᠎ᠠ ᠬᠡᠮᠵᠢᠶ᠎ᠡ ᠠᠪᠴᠤ᠂ ᠬᠥᠳᠡᠭᠡ ᠲᠣᠰᠬᠤᠨ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠡᠷᠬᠢᠯᠡᠬᠦ ᠶᠢ ᠳᠡᠮᠵᠢᠵᠦ᠂ ᠲᠠᠷᠢᠶᠠᠯᠠᠩ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ | ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠪᠠ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠥᠨᠳᠥᠷ ᠬᠡᠪ ᠴᠢᠨᠠᠷ ᠪᠦᠬᠦᠢ ᠴᠢᠳᠠᠪᠤᠷᠢᠲᠠᠨ ᠢ ᠬᠥᠮᠦᠵᠢᠭᠦᠯᠦᠨ᠎ᠡ᠃ | ᠤᠯᠤᠰ ᠠᠴᠠ ᠠᠷᠭ᠎ᠠ ᠬᠡᠮᠵᠢᠶ᠎ᠡ ᠠᠪᠴᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ | ᠭᠠᠵᠠᠷ ᠣᠷᠣᠨ᠂ ᠵᠠᠬ᠎ᠠ ᠬᠢᠵᠠᠭᠠᠷ ᠣᠷᠣᠨ᠂ ᠬᠥᠭᠵᠢᠭᠡᠳᠦᠢ ᠭᠠᠵᠠᠷ ᠣᠷᠣᠨ ᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠥᠭᠵᠢᠯᠲᠡ ᠶᠢ ᠲᠡᠳᠬᠦᠨ ᠲᠡᠮᠵᠢᠨ᠎ᠠ᠃ | ᠤᠯᠤᠰ ᠠᠴᠠ ᠠᠷᠭ᠎ᠠ ᠬᠡᠮᠵᠢᠶ᠎ᠡ ᠠᠪᠴᠤ ᠡᠯ᠎ᠡ ᠲᠥᠷᠥᠯ ᠤᠨ ᠠᠵᠢᠯ ᠤᠨ ᠪᠠᠶᠢᠷᠢ ᠰᠢᠯᠵᠢᠬᠦ᠂ ᠳᠠᠬᠢᠨ ᠠᠵᠢᠯ | ᠣᠯᠬᠤ᠂ ᠠᠵᠢᠯ ᠠᠯᠳᠠᠭᠰᠠᠳ ᠵᠢᠴᠢ ᠣᠨᠴᠠᠭᠠᠢ ᠬᠥᠮᠦᠰ ᠵᠡᠷᠭᠡ ᠶᠢᠨ ᠡᠯ᠎ᠡ ᠵᠦᠢᠯ ᠤᠨ ᠬᠡᠯᠪᠡᠷᠢ ᠮᠠᠶ᠋ᠢᠭᠲᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠬᠦᠷᠲᠡᠬᠦ ᠶᠢ ᠵᠣᠬᠢᠶᠠᠨ ᠪᠠᠶᠢᠭᠤᠯᠵᠤ᠂ ᠵᠡᠮᠳᠡᠭᠴᠦᠳ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠢ ᠬᠥᠭᠵᠢᠭᠦᠯᠬᠦ ᠶᠢ ᠳᠡᠮᠵᠢᠨ᠎ᠡ᠃ | ᠤᠯᠤᠰ ᠠᠴᠠ ᠡᠮᠡᠭᠲᠡᠶᠢᠴᠦᠳ ᠤᠨ ᠡᠷᠬᠡ ᠲᠡᠭᠰᠢ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠳᠡᠬᠦ | ᠡᠷᠬᠡ ᠶᠢ ᠪᠠᠲᠤᠯᠠᠨ᠎ᠠ᠃ | ᠠᠷᠪᠠᠨ ᠨᠢᠭᠡᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠤ ᠪᠠᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠠᠵᠢᠯ ᠮᠡᠷᠭᠡᠵᠢᠯ ᠤᠨ ᠠᠩᠭᠢᠯᠠᠯ᠂ ᠠᠵᠢᠯ | ᠮᠡᠷᠭᠡᠵᠢᠯ ᠤᠨ ᠪᠠᠷᠢᠮᠵᠢᠶ᠎ᠠ᠂ ᠠᠵᠢᠯ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠰᠤᠷᠭᠠᠨ | ᠬᠥᠮᠦᠵᠢᠯ ᠤᠨ ᠪᠠᠷᠢᠮᠵᠢᠶ᠎ᠠ ᠪᠤᠶᠤ ᠪᠣᠯᠪᠠᠰᠤᠷᠠᠭᠤᠯᠤᠯ ᠤᠨ ᠲᠥᠰᠦᠯ ᠢ ᠲᠣᠭᠲᠠᠭᠠᠵᠤ᠂ ᠰᠤᠷᠤᠯᠭ᠎ᠠ ᠶᠢᠨ ᠨᠠᠮᠲᠠᠷ ᠤᠨ | ᠦᠨᠡᠮᠯᠡᠯ ᠵᠢᠴᠢ ᠪᠤᠰᠤᠳ ᠰᠤᠷᠤᠯᠭ᠎ᠠ ᠶᠢᠨ ᠦᠨᠡᠮᠯᠡᠯ᠂ ᠪᠣᠯᠪᠠᠰᠤᠷᠠᠭᠤᠯᠤᠯ ᠤᠨ ᠦᠨᠡᠮᠯᠡᠯ᠂ ᠠᠵᠢᠯ ᠮᠡᠷᠭᠡᠵᠢᠯ ᠤᠨ | ᠬᠢᠷᠢ ᠬᠡᠮ ᠤᠨ ᠦᠨᠡᠮᠯᠡᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠦᠨᠡᠮᠯᠡᠯ ᠤᠨ ᠳᠦᠷᠢᠮ ᠢ | ᠬᠡᠷᠡᠭᠵᠢᠭᠦᠯᠦᠨ᠎ᠡ᠃ | ᠤᠯᠤᠰ ᠠᠴᠠ ᠬᠥᠳᠡᠯᠮᠦᠷᠢᠴᠢᠳ ᠲᠤ ᠠᠵᠢᠯ ᠤᠯᠬᠤ ᠠᠴᠠ ᠡᠮᠦᠨ᠎ᠡ ᠪᠤᠶᠤ ᠠᠵᠢᠯ ᠤᠨ ᠪᠠᠶᠢᠷᠢ ᠳᠤ | ᠭᠠᠷᠬᠤ ᠠᠴᠠ ᠡᠮᠦᠨᠡᠬᠢ ᠴᠢᠬᠤᠯᠠ ᠪᠦᠬᠦᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠳᠡᠬᠦ ᠲᠦᠷᠢᠮ ᠢ | ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠮᠡᠷᠭᠡᠵᠢᠯ ᠤᠨ ᠤᠷ᠎ᠠ ᠴᠢᠳᠠᠪᠤᠷᠢᠲᠤ | ᠴᠢᠳᠠᠪᠤᠷᠢᠲᠠᠨ ᠤ ᠨᠡᠶᠢᠭᠡᠮ ᠤᠨ ᠪᠠᠶᠢᠷᠢ ᠰᠠᠭᠤᠷᠢ ᠪᠠ ᠬᠠᠷᠠᠭᠠᠯᠵᠠᠯ ᠢ ᠳᠡᠭᠡᠭᠰᠢᠯᠡᠭᠦᠯᠵᠦ᠂ ᠬᠥᠳᠡᠯᠮᠦᠷᠢ ᠢᠷᠠᠭᠤ | ᠠᠯᠳᠠᠷᠲᠠᠢ᠂ ᠴᠢᠳᠠᠪᠤᠷᠢ ᠡᠷᠬᠢᠮ ᠨᠠᠨᠳᠢᠨ᠂ ᠡᠭᠦᠳᠦᠯᠲᠡ ᠠᠭᠤᠤ ᠶᠡᠭᠡ ᠭᠡᠬᠦ ᠴᠠᠭ ᠦᠶ᠎ᠡ ᠶᠢᠨ ᠬᠡᠪ ᠰᠤᠷᠲᠠᠯ ᠢ | ᠪᠠᠳᠠᠷᠠᠭᠤᠯᠤᠨ᠎ᠠ᠃ | ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠳᠤ ᠪᠠᠨ ᠢᠯᠡᠳᠲᠡ ᠠᠮᠵᠢᠯᠲᠠ | ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠬᠤᠯᠪᠤᠭᠳᠠᠬᠤ ᠲᠣᠭᠲᠠᠭᠠᠯ ᠶᠣᠰᠤ ᠪᠠᠷ ᠬᠥᠬᠢᠭᠦᠯᠦᠨ | ᠱᠠᠩᠨᠠᠨ᠎ᠠ᠃ | ᠵᠢᠯ ᠪᠦᠷᠢ ᠶᠢᠨ 5 ᠳ᠋ᠤᠭᠠᠷ ᠰᠠᠷ᠎ᠠ ᠶᠢᠨ ᠬᠤᠶᠠᠳᠤᠭᠠᠷ ᠭᠠᠷᠠᠭ ᠢ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠠᠵᠢᠯᠯᠠᠭᠠᠨ ᠤ ᠭᠠᠷᠠᠭ ᠪᠣᠯᠭᠠᠪᠠ᠃ | ᠠᠷᠪᠠᠨ ᠭᠤᠷᠪᠠᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠨ ᠳᠠᠬᠢ | ᠭᠠᠳᠠᠭᠠᠳᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠷᠢᠭᠵᠢᠭᠤᠯᠵᠤ᠂ ᠬᠢᠯᠢ ᠶᠢᠨ ᠭᠠᠳᠠᠨᠠᠬᠢ ᠴᠢᠨᠠᠷᠯᠢᠭ ᠡᠬᠢ | ᠪᠠᠶᠠᠯᠢᠭ ᠢ ᠣᠷᠣᠭᠤᠯᠤᠨ ᠠᠪᠴᠢᠷᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠳᠡᠮᠵᠢᠵᠦ᠂ | ᠨᠥᠬᠦᠴᠡᠯ ᠲᠠᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠬᠢᠨ ᠬᠢᠯᠢ ᠶᠢᠨ ᠭᠠᠳᠠᠨ᠎ᠠ | ᠣᠴᠢᠵᠤ ᠰᠤᠷᠭᠠᠭᠤᠯᠢ ᠡᠷᠬᠢᠯᠡᠬᠦ ᠶᠢ ᠵᠣᠷᠢᠭᠵᠢᠭᠤᠯᠵᠤ᠂ ᠤᠯᠠᠨ ᠵᠦᠢᠯ ᠤᠨ ᠬᠡᠯᠪᠡᠷᠢᠲᠦ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠠᠷᠢᠯᠴᠠᠨ ᠮᠡᠳᠡᠷᠡᠬᠦ ᠶᠢ ᠳᠡᠮᠵᠢᠨ᠎ᠡ᠃ | | ᠬᠤᠶᠠᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭ᠎ᠠ | | ᠠᠷᠪᠠᠨ ᠳᠥᠷᠪᠡᠳᠦᠭᠡᠷ ᠵᠦᠢᠯ ᠤᠯᠤᠰ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ | ᠵᠣᠬᠢᠴᠠᠭᠤᠯᠵᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠭᠦᠨᠵᠡᠭᠡᠢ ᠠᠭᠤᠰᠬᠠᠵᠤ᠂ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠡᠷᠭᠡ ᠪᠠᠷ ᠴᠢᠬᠤᠯᠠᠴᠢᠯᠠᠵᠤ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠢ ᠠᠭᠤᠰᠬᠠᠨ ᠨᠡᠪᠲᠡᠷᠡᠭᠦᠯᠵᠦ᠂ | ᠠᠳᠠᠯᠢ ᠪᠤᠰᠤ ᠳᠡᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠦᠲᠦᠮᠵᠢᠲᠡᠢ ᠨᠡᠪᠲᠡᠷᠡᠭᠦᠯᠵᠦ᠂ | ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠳᠤ ᠦᠢᠯᠡᠴᠢᠯᠡᠬᠦ ᠤᠳᠤ ᠦᠶ᠎ᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠤᠯᠤᠰ ᠠᠴᠠ ᠰᠤᠷᠭᠠᠨ ᠬᠥᠮᠦᠵᠢᠯ ᠤᠨ ᠪᠦᠲᠦᠴᠡ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠳᠠᠷᠠᠭᠠᠬᠢ | ᠠᠳᠠᠯᠢ ᠪᠤᠰᠤ ᠱᠠᠲᠤᠨ ᠤ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠳᠤ ᠲᠥᠯᠥᠪᠯᠡᠨ | ᠠᠬᠢᠭᠤᠯᠤᠨ᠎ᠠ᠃ | ᠠᠷᠪᠠᠨ ᠲᠠᠪᠤᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠭᠡᠵᠦ ᠬᠤᠪᠢᠶᠠᠨ᠎ᠠ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠳᠡᠭᠡᠳᠦ ᠵᠡᠷᠭᠡ ᠶᠢᠨ | ᠳᠤᠮᠳᠠ ᠵᠡᠷᠭᠡ ᠶᠢᠨ ᠰᠤᠷᠭᠠᠨ ᠬᠥᠮᠦᠵᠢᠯ ᠤᠨ ᠳᠡᠰ ᠳᠠᠪᠬᠤᠷᠭᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢ ᠪᠠᠭᠲᠠᠭᠠᠨ᠎ᠠ︶ ᠠᠴᠠ ᠬᠡᠷᠡᠭᠵᠢᠭᠦᠯᠦᠨ᠎ᠡ᠃ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠲᠤᠰᠬᠠᠢ ᠮᠡᠷᠭᠡᠵᠢᠯ᠂ | ᠦᠨᠳᠦᠰᠦᠨ ᠠᠩᠬᠢ ᠵᠢᠴᠢ ᠲᠡᠭᠦᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠲᠡᠰ ᠳᠠᠪᠬᠤᠷᠭᠠᠨ ᠤ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠡᠩ ᠤᠨ ᠳᠡᠭᠡᠳᠦ ᠰᠤᠷᠭᠠᠭᠤᠯᠢ ᠠᠴᠠ ᠬᠡᠷᠡᠭᠵᠢᠭᠦᠯᠦᠨ᠎ᠡ᠃ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠳᠦᠷᠢᠮ ᠤᠨ ᠲᠣᠭᠲᠠᠭᠠᠯ ᠢ | ᠦᠨᠳᠦᠰᠦᠯᠡᠨ᠂ ᠨᠥᠬᠦᠴᠡᠯ ᠳᠤ ᠨᠡᠶᠢᠴᠡᠬᠦ ᠮᠠᠰᠲ᠋ᠧᠷ ᠤᠨ ᠳᠡᠭᠡᠳᠦ ᠰᠤᠷᠭᠠᠭᠤᠯᠢ ᠶᠢ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠵᠢᠭᠰᠠᠯ ᠳᠤ ᠣᠷᠣᠭᠤᠯᠤᠨ᠎ᠠ ᠃ | ᠪᠤᠰᠤᠳ ᠰᠤᠷᠭᠠᠭᠤᠯᠢ᠂ ᠰᠤᠷᠭᠠᠨ ᠬᠥᠮᠦᠵᠢᠯ ᠤᠨ ᠪᠠᠶᠢᠭᠤᠯᠤᠮᠵᠢ ᠪᠤᠶᠤ ᠨᠥᠬᠦᠴᠡᠯ ᠳᠤ ᠨᠡᠶᠢᠴᠡᠬᠦ ᠠᠵᠤ | ᠠᠬᠤᠶᠢᠯᠠᠯ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠨᠢᠭᠡᠳᠦᠯᠲᠡᠶ ᠲᠥᠯᠥᠪᠵᠢᠭᠦᠯᠭᠡ ᠶᠣᠰᠤ ᠪᠠᠷ ᠬᠠᠷᠠᠭᠠᠯᠵᠠᠭᠰᠠᠨ ᠳᠡᠰ ᠳᠠᠪᠬᠤᠷᠭᠠᠨ ᠤ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠢ ᠬᠡᠷᠡᠭᠵᠢᠭᠦᠯᠬᠦ ᠪᠤᠶᠤ ᠴᠢᠳᠠᠪᠤᠷᠢᠲᠠᠨ ᠢ ᠬᠥᠮᠦᠵᠢᠭᠦᠯᠬᠦ | ᠲᠥᠰᠦᠯ ᠳᠤ ᠣᠷᠣᠭᠤᠯᠤᠭᠰᠠᠨ ᠰᠤᠷᠤᠯᠭ᠎ᠠ ᠶᠢᠨ ᠬᠤᠪᠢ ᠶᠢᠨ ᠬᠢᠴᠢᠶᠡᠯ ᠢ ᠬᠠᠩᠭᠠᠵᠤ ᠪᠣᠯᠤᠨ᠎ᠠ᠃ | ᠠᠷᠪᠠᠨ ᠵᠢᠷᠭᠤᠳᠤᠭᠠᠷ ᠵᠦᠢᠯ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠳᠤ ᠠᠵᠢᠯ ᠣᠯᠬᠤ ᠠᠴᠠ ᠡᠮᠦᠨᠡᠬᠢ | ᠪᠣᠯᠪᠠᠰᠤᠷᠠᠭᠤᠯᠤᠯ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠳᠠᠬᠢᠨ ᠠᠵᠢᠯ ᠣᠯᠬᠤ ᠪᠣᠯᠪᠠᠰᠤᠷᠠᠭᠤᠯᠤᠯ ᠵᠢᠴᠢ | ᠪᠤᠰᠤᠳ ᠡᠷᠬᠢᠯᠡᠭᠰᠡᠨ ᠠᠵᠢᠯ ᠤᠨ ᠴᠢᠨᠠᠷᠲᠠᠶ ᠪᠣᠯᠪᠠᠰᠤᠷᠠᠭᠤᠯᠤᠯ ᠢ ᠪᠠᠭᠲᠠᠭᠠᠨ᠎ᠠ᠂ ᠪᠣᠳᠠᠲᠤ ᠪᠠᠶᠢᠳᠠᠯ ᠢᠶᠠᠨ | ᠦᠨᠳᠦᠰᠦᠯᠡᠨ ᠳᠡᠰ ᠬᠤᠪᠢᠶᠠᠨ ᠲᠥᠷᠥᠯ ᠬᠤᠪᠢᠶᠠᠨ ᠬᠡᠷᠡᠭᠵᠢᠭᠦᠯᠦᠨ᠎ᠡ᠃ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠣᠬᠢᠴᠠᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ᠂ ᠠᠵᠢᠯ ᠮᠡᠷᠭᠡᠵᠢᠯ ᠤᠨ ᠰᠤᠷᠭᠠᠭᠤᠯᠢ ᠠᠴᠠ ᠬᠡᠷᠡᠭᠵᠢᠭᠦᠯᠦᠨ᠎ᠡ᠃ | ᠪᠤᠰᠤᠳ ᠰᠤᠷᠭᠠᠭᠤᠯᠢ ᠪᠤᠶᠤ ᠰᠤᠷᠭᠠᠨ ᠬᠥᠮᠦᠵᠢᠯ ᠤᠨ ᠪᠠᠶᠢᠭᠤᠯᠤᠮᠵᠢ ᠵᠢᠴᠢ ᠠᠵᠤ ᠠᠬᠤᠶᠢᠯᠠᠯ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠰᠤᠷᠭᠠᠭᠤᠯᠢ ᠡᠷᠬᠢᠯᠡᠬᠦ ᠴᠢᠳᠠᠪᠤᠷᠢ᠂ ᠨᠡᠶᠢᠭᠡᠮ ᠤᠨ ᠬᠡᠷᠡᠭᠴᠡᠭᠡ ᠪᠠᠨ | ᠦᠨᠳᠦᠰᠦᠯᠡᠨ ᠨᠡᠶᠢᠭᠡᠮ ᠳᠤ ᠬᠠᠨᠳᠤᠭᠤᠯᠤᠭᠰᠠᠨ᠂ ᠣᠯᠠᠨ ᠵᠦᠢᠯ ᠤᠨ ᠬᠡᠯᠪᠡᠷᠢ ᠮᠠᠶ᠋ᠢᠭᠲᠤ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠢ ᠬᠠᠤᠯᠢ ᠶᠣᠰᠤ ᠪᠠᠷ ᠥᠷᠨᠢᠭᠦᠯᠵᠦ ᠪᠣᠯᠤᠨ᠎ᠠ᠃ | ᠠᠷᠪᠠᠨ ᠳᠣᠯᠣᠳᠤᠭᠠᠷ ᠵᠦᠢᠯ ᠤᠯᠤᠰ ᠠᠴᠠ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ | ᠬᠥᠮᠦᠵᠢᠯ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠤᠯᠭ᠎ᠠ ᠶᠢᠨ ᠬᠤᠪᠢ᠂ ᠬᠢᠷᠢ ᠬᠡᠮ ᠵᠢᠴᠢ | ᠰᠤᠷᠤᠯᠭ᠎ᠠ ᠶᠢᠨ ᠪᠤᠰᠤᠳ ᠦᠷ᠎ᠡ ᠪᠦᠲᠦᠭᠡᠯ ᠢ ᠭᠡᠷᠡᠴᠢᠯᠡᠬᠦ᠂ ᠬᠤᠷᠠᠮᠳᠤᠭᠤᠯᠬᠤ ᠪᠠ ᠬᠤᠪᠢᠷᠠᠭᠤᠯᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ | ᠬᠤᠪᠢ ᠶᠢᠨ ᠪᠠᠩᠬᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ | ᠪᠣᠯᠤᠨ ᠡᠩ ᠤᠨ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠤᠨ ᠠᠭᠤᠰᠤᠯᠴᠠᠨ ᠨᠡᠪᠲᠡᠷᠡᠬᠦ᠂ | ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ | ᠴᠡᠷᠢᠭ ᠠᠩᠭᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠤᠯᠤᠰ ᠤᠨ ᠠᠵᠢᠯ | ᠮᠡᠷᠭᠡᠵᠢᠯ ᠤᠨ ᠬᠢᠷᠢ ᠬᠡᠮ ᠢ ᠭᠡᠷᠡᠴᠢᠯᠡᠬᠦ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠦᠨᠡᠯᠡᠬᠦ | ᠳᠣᠭᠲᠠᠯᠴᠠᠭᠠᠨ ᠳᠤ ᠣᠷᠣᠭᠤᠯᠤᠨ᠎ᠠ᠃ | ᠠᠷᠪᠠᠨ ᠨᠠᠢᠮᠠᠳᠤᠭᠠᠷ ᠵᠦᠢᠯ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠵᠡᠮᠳᠡᠭᠴᠦᠳ ᠤᠨ | ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠬᠡᠷᠡᠭᠵᠢᠭᠦᠯᠬᠦ ᠠᠴᠠ ᠭᠠᠳᠠᠨ᠎ᠠ ᠡᠯ᠎ᠡ ᠱᠠᠲᠤᠨ ᠤ ᠡᠯ᠎ᠡ ᠲᠥᠷᠥᠯ ᠤᠨ | ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ | ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠵᠡᠮᠳᠡᠭ | ᠰᠣᠷᠣᠭᠴᠢ ᠶᠢ ᠭᠥᠯᠢᠶᠡᠨ ᠠᠪᠬᠤ ᠶᠢᠨ ᠬᠠᠮᠲᠤ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ | ᠪᠠᠶᠢᠭᠤᠯᠤᠯᠲᠠ ᠪᠠᠨ ᠴᠢᠩᠭᠠᠳᠬᠠᠵᠤ᠂ ᠵᠡᠮᠳᠡᠭ ᠰᠣᠷᠣᠭᠴᠢ ᠶᠢᠨ ᠰᠤᠷᠤᠯᠭ᠎ᠠ ᠪᠠ ᠠᠮᠢᠳᠤᠷᠠᠯ ᠳᠤ ᠴᠢᠬᠤᠯᠠ ᠪᠥᠬᠦᠶ | ᠬᠠᠪᠰᠤᠷᠤᠯᠭ᠎ᠠ ᠪᠣᠯᠤᠨ ᠲᠥᠬᠦᠮ ᠦᠵᠡᠭᠦᠯᠦᠨ᠎ᠡ᠃ | ᠤᠯᠤᠰ ᠠᠴᠠ ᠠᠷᠭ᠎ᠠ ᠬᠡᠮᠵᠢᠶ᠎ᠡ ᠠᠪᠴᠤ ᠵᠡᠮᠳᠡᠭᠴᠦᠳ ᠤᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠠᠵᠢᠯ | ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠪᠤᠰᠤᠳ ᠰᠤᠷᠭᠠᠨ | ᠬᠥᠮᠦᠵᠢᠯ ᠤᠨ ᠪᠠᠶᠢᠭᠤᠯᠤᠮᠵᠢ ᠠᠴᠠ ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠷᠨᠢᠭᠦᠯᠬᠦ | ᠪᠤᠶᠤ ᠬᠠᠮᠲᠤᠷᠠᠨ ᠥᠷᠨᠢᠭᠦᠯᠬᠦ ᠶᠢ ᠳᠡᠮᠵᠢᠨ᠎ᠡ᠃ | ᠵᠡᠮᠳᠡᠭᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠡᠷᠬᠢᠯᠡᠵᠦ ᠪᠠᠶᠢᠭ᠎ᠠ ᠣᠨᠴᠠᠭᠠᠢ ᠰᠤᠷᠭᠠᠨ | ᠬᠥᠮᠦᠵᠢᠯ ᠤᠨ ᠪᠠᠭᠰᠢ ᠨᠠᠷ ᠲᠣᠭᠲᠠᠭᠠᠯ ᠶᠣᠰᠤ ᠪᠠᠷ ᠣᠨᠴᠠᠭᠠᠢ ᠰᠤᠷᠭᠠᠨ ᠬᠥᠮᠦᠵᠢᠯ ᠤᠨ ᠨᠡᠮᠡᠭᠦᠷᠢ ᠶᠢ ᠬᠦᠷᠲᠡᠨ᠎ᠡ᠃ | ᠠᠷᠪᠠ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠡᠩ ᠤᠨ ᠳᠤᠮᠳᠠᠳᠤ ᠪᠠᠭ᠎ᠠ ᠰᠤᠷᠭᠠᠭᠤᠯᠢ᠂ | ᠡᠩ ᠤᠨ ᠳᠡᠭᠡᠳᠦ ᠰᠤᠷᠭᠠᠭᠤᠯᠢ ᠶᠢᠨ ᠬᠢᠨ ᠪᠣᠳᠠᠲᠤ ᠬᠡᠷᠡᠭᠴᠡᠭᠡ ᠪᠠᠨ ᠦᠨᠳᠦᠰᠦᠯᠡᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠲᠠᠢ ᠬᠤᠯᠪᠤᠭᠳᠠᠬᠤ ᠵᠢᠭᠠᠨ ᠰᠤᠷᠭᠠᠬᠤ ᠠᠭᠤᠯᠭ᠎ᠠ ᠶᠢ ᠨᠡᠮᠡᠵᠦ᠂ ᠠᠵᠢᠯ ᠮᠡᠷᠭᠡᠵᠢᠯ ᠤᠨ ᠰᠡᠩᠬᠡᠷᠡᠭᠦᠯᠦᠯ᠂ | ᠠᠵᠢᠯ ᠮᠡᠷᠭᠡᠵᠢᠯ ᠤᠨ ᠲᠠᠨᠢᠨ ᠮᠡᠳᠡᠬᠦᠢ᠂ ᠠᠵᠢᠯ ᠮᠡᠷᠭᠡᠵᠢᠯ ᠢ ᠪᠡᠶᠡᠴᠢᠯᠡᠨ ᠣᠶᠢᠯᠠᠭᠠᠬᠤ᠂ ᠠᠵᠢᠯ ᠮᠡᠷᠭᠡᠵᠢᠯ ᠤᠨ | ᠲᠥᠯᠥᠪᠵᠢᠭᠦᠯᠭᠡ ᠶᠢ ᠵᠢᠯᠣᠭᠤᠳᠬᠤ᠂ ᠬᠥᠳᠡᠯᠮᠦᠷᠢ ᠶᠢᠨ ᠬᠥᠮᠦᠵᠢᠯ ᠢ ᠥᠷᠨᠢᠭᠦᠯᠬᠦ ᠶᠢ ᠵᠣᠷᠢᠭᠵᠢᠭᠤᠯᠤᠨ | ᠳᠡᠮᠵᠢᠬᠦ ᠶᠢᠨ ᠬᠠᠮᠲᠤ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ᠂ ᠠᠵᠤ ᠠᠬᠤᠶᠢᠯᠠᠯ ᠪᠠ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠵᠡᠷᠭᠡ ᠶᠢ ᠵᠣᠬᠢᠶᠠᠨ | ᠪᠠᠶᠢᠭᠤᠯᠤᠨ ᠬᠦᠲᠦᠯᠦᠨ ᠵᠢᠯᠣᠭᠤᠳᠴᠤ ᠨᠥᠬᠦᠴᠡᠯ ᠪᠠ ᠳᠡᠮᠵᠢᠯᠭᠡ ᠬᠠᠩᠭᠠᠨ᠎ᠠ᠃ | | ᠭᠤᠷᠪᠠᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠭ᠊ᠥ᠋ᠮᠦᠵᠢᠯ ᠤᠨ ᠬᠡᠷᠡᠭᠵᠢᠭᠦᠯᠦᠯᠲᠡ | | ᠬᠤᠷᠢᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠬᠢᠨ ᠬᠤᠯᠪᠤᠭᠳᠠᠬᠤ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠢ ᠦᠨᠳᠦᠰᠦᠯᠡᠨ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠭᠠᠷᠴᠠᠭ ᠢ ᠵᠣᠬᠢᠶᠠᠨ ᠪᠠᠶᠢᠭᠤᠯᠤᠨ | ᠲᠣᠭᠲᠠᠭᠠᠬᠤ ᠪᠠ ᠵᠠᠰᠠᠪᠤᠷᠢ ᠣᠷᠣᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ | ᠶᠢᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ | ᠪᠠᠶᠢᠭᠤᠯᠤᠯᠲᠠ ᠶᠢ ᠬᠤᠷᠸ᠎ᠠ ᠲᠠᠯ᠎ᠠ ᠠᠴᠠ ᠬᠠᠮᠢᠶᠠᠷᠤᠨ ᠵᠢᠯᠣᠭᠤᠳᠤᠨ᠎ᠠ᠃ | ᠬᠤᠷᠢᠨ ᠨᠢᠭᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠡᠷᠬᠡᠪᠰᠢ ᠭᠤᠣᠯᠯᠠᠭᠴᠢ ᠬᠦᠴᠦᠨ ᠪᠠ ᠳᠠᠭᠤᠷᠢᠶᠠᠯ ᠦᠵᠡᠭᠦᠯᠬᠦ ᠦᠢᠯᠡᠳᠦᠯ ᠢ ᠪᠠᠳᠠᠷᠠᠭᠤᠯᠬᠤ | ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠠᠤᠷᠠᠭᠤᠯᠤᠯ ᠤᠨ ᠪᠠᠶᠢᠭᠤᠯᠤᠮᠵᠢ ᠶᠢ ᠡᠷᠬᠢᠯᠡᠬᠦ | ᠪᠤᠶᠤ ᠡᠷᠬᠢᠯᠡᠬᠦ ᠳᠤ ᠣᠷᠣᠯᠴᠠᠵᠤ᠂ ᠨᠡᠶᠢᠭᠡᠮ ᠤᠨ ᠬᠦᠴᠦᠨ ᠤ ᠬᠠᠤᠯᠢ ᠶᠣᠰᠤ ᠪᠠᠷ ᠡᠷᠬᠢᠯᠡᠭᠰᠡᠨ ᠠᠵᠢᠯ ᠮᠡᠷᠭᠡᠵᠢᠯ ᠤᠨ | ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠯᠣᠭᠤᠳᠤᠨ ᠳᠡᠮᠵᠢᠨ᠎ᠡ ᠃ | ᠤᠯᠤᠰ ᠠᠴᠠ ᠠᠵᠤ ᠦᠢᠯᠡᠰ ᠤᠨ ᠪᠠᠶᠢᠷᠢᠯᠠᠭᠤᠯᠤᠯᠲᠠ ᠪᠠ ᠠᠵᠢᠯ ᠲᠥᠷᠥᠯ ᠤᠨ ᠬᠥᠭᠵᠢᠯᠲᠡ ᠶᠢᠨ | ᠬᠡᠷᠡᠭᠴᠡᠭᠡ ᠶᠢ ᠦᠨᠳᠦᠰᠦᠯᠡᠨ᠂ ᠠᠷᠭ᠎ᠠ ᠬᠡᠮᠵᠢᠶ᠎ᠡ ᠠᠪᠴᠤ᠂ ᠲᠡᠷᠢᠭᠦᠨ ᠤ ᠦᠢᠯᠡᠳᠬᠦ ᠦᠢᠯᠡᠰ ᠵᠡᠷᠭᠡ ᠠᠵᠤ | ᠦᠢᠯᠡᠰ ᠤᠨ ᠬᠡᠷᠡᠭᠴᠡᠭᠡ ᠳᠤ ᠱᠠᠭᠠᠷᠳᠠᠭᠳᠠᠬᠤ ᠰᠢᠨ᠎ᠡ ᠪᠠᠷ ᠬᠥᠭᠵᠢᠭᠰᠡᠨ ᠲᠤᠰᠬᠠᠶ ᠮᠡᠷᠭᠡᠵᠢᠯ ᠢ ᠶᠡᠭᠡ ᠪᠠᠷ | ᠬᠥᠭᠵᠢᠭᠦᠯᠵᠦ᠂ ᠥᠨᠳᠥᠷ ᠬᠢᠷᠢ ᠲᠦᠪᠰᠢᠨ ᠪᠥᠬᠦᠶ ᠠᠵᠢᠯ ᠮᠡᠷᠭᠡᠵᠢᠯ ᠤᠨ ᠰᠤᠷᠭᠠᠭᠤᠯᠢ᠂ ᠲᠤᠰᠬᠠᠶ ᠮᠡᠷᠭᠡᠵᠢᠯ ᠤᠨ | ᠪᠠᠶᠢᠭᠤᠯᠤᠯᠲᠠ ᠶᠢ ᠳᠡᠮᠵᠢᠨ᠎ᠡ᠃ | ᠤᠯᠤᠰ ᠠᠴᠠ ᠠᠷᠭ᠎ᠠ ᠬᠡᠮᠵᠢᠶ᠎ᠡ ᠠᠪᠴᠤ ᠨᠠᠶᠢᠳᠠᠨ ᠬᠥᠮᠦᠵᠢᠭᠦᠯᠬᠦ᠂ ᠰᠤᠪᠢᠯᠠᠬᠤ᠂ ᠡᠷᠡᠭᠦᠯᠵᠢᠯ ᠰᠤᠪᠢᠯᠠᠯᠲᠠ᠂ | ᠭᠡᠷ ᠤᠨ ᠶᠠᠪᠤᠳᠠᠯ ᠵᠡᠷᠭᠡ ᠶᠢᠨ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠥᠳᠲᠡᠷ ᠲᠦᠷᠭᠡᠨ | ᠬᠥᠮᠦᠵᠢᠭᠦᠯᠦᠨ᠎ᠡ᠃ | ᠬᠤᠷᠢᠨ ᠬᠤᠶᠠᠳᠤᠭᠠᠷ ᠵᠦᠢᠯ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠰᠢᠶᠠᠨ ᠤ | ᠬᠡᠪᠴᠢᠶᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠭᠤᠣᠯ ᠰᠤᠷᠭᠠᠭᠤᠯᠢ ᠪᠠᠶᠢᠭᠤᠯᠵᠤ᠂ ᠣᠯᠠᠨ ᠵᠦᠢᠯ ᠤᠨ ᠬᠡᠯᠪᠡᠷᠢᠲᠦ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠢ ᠥᠷᠨᠢᠭᠦᠯᠵᠦ᠂ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠬᠡᠷᠡᠭᠵᠢᠭᠦᠯᠵᠦ ᠪᠣᠯᠤᠨ᠎ᠠ᠃ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠭᠤᠤᠯ ᠰᠤᠷᠭᠠᠭᠤᠯᠢ ᠳᠤ ᠨᠠᠶᠢᠳᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠵᠢᠯᠣᠭᠤᠳᠬᠤ᠂ | ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ᠂ ᠪᠠᠭᠰᠢ ᠶᠢᠨ ᠪᠣᠯᠪᠠᠰᠤᠷᠠᠭᠤᠯᠤᠯ ᠵᠡᠷᠭᠡ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ | ᠡᠭᠦᠷᠭᠡᠯᠡᠭᠦᠯᠵᠦ ᠪᠣᠯᠤᠨ᠎ᠠ᠃ | ᠬᠤᠷᠢᠨ ᠭᠤᠷᠪᠠᠳᠤᠭᠠᠷ ᠵᠦᠢᠯ ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠠᠵᠢᠯ | ᠲᠥᠷᠥᠯ᠂ ᠠᠵᠤ ᠦᠢᠯᠡᠰ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠣᠰᠤ ᠪᠠᠷ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ | ᠮᠡᠳᠡᠭᠡ ᠵᠠᠩᠭᠢ ᠶᠢ ᠲᠣᠭᠲᠠᠮᠠᠯ ᠬᠤᠭᠤᠴᠠᠭᠠᠲᠠᠢ ᠨᠡᠶᠢᠲᠡᠯᠡᠨ᠎ᠡ᠃ | ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ ᠤ ᠡᠪᠯᠡᠯ ᠪᠣᠯᠤᠨ ᠳᠤᠮᠳᠠᠳᠤ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠷᠢᠶ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠨᠢ ᠬᠡᠷᠡᠭᠴᠡᠭᠡ ᠪᠠᠨ ᠦᠨᠳᠦᠰᠦᠯᠡᠨ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠭᠠᠷᠴᠠᠭ ᠪᠣᠯᠤᠨ ᠬᠤᠯᠪᠤᠭᠳᠠᠬᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠵᠤ᠂ ᠴᠢᠳᠠᠪᠤᠷᠢᠲᠠᠨ ᠤ | ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠬᠦ᠂ ᠠᠵᠢᠯ ᠮᠡᠷᠭᠡᠵᠢᠯ ᠤᠨ ᠠᠮᠢᠳᠤᠷᠠᠬᠤᠢ ᠶᠢᠨ ᠬᠥᠭᠵᠢᠯᠲᠡ ᠶᠢᠨ | ᠰᠤᠳᠤᠯᠭᠠᠨ ᠵᠢᠴᠢ ᠮᠡᠳᠡᠭᠡ ᠵᠠᠩᠭᠢ ᠶᠢᠨ ᠵᠦᠪᠯᠡᠯᠭᠡ ᠥᠭᠬᠦ ᠶᠢ ᠥᠷᠨᠢᠭᠦᠯᠵᠦ᠂ ᠬᠠᠩᠭᠠᠯᠭ᠎ᠠ ᠪᠠ ᠬᠡᠷᠡᠭᠴᠡᠭᠡ ᠳᠤ | ᠵᠣᠬᠢᠴᠠᠭᠰᠠᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠬᠠᠭᠰᠠᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢ ᠪᠤᠶᠢᠵᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠷᠭᠢᠯᠡᠬᠦ ᠪᠤᠶᠤ ᠬᠠᠮᠲᠤᠷᠠᠨ ᠡᠷᠭᠢᠯᠡᠵᠦ᠂ ᠬᠤᠯᠪᠤᠭᠳᠠᠬᠤ ᠠᠵᠤ ᠠᠬᠤᠶᠢᠯᠠᠯ᠂ | ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ | ᠵᠢᠯᠣᠭᠤᠳᠴᠤ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠡᠷᠭᠢᠯᠡᠵᠦ ᠪᠣᠯᠤᠨ᠎ᠠ᠃ | ᠬᠤᠷᠢᠨ ᠳᠥᠷᠪᠡᠳᠦᠭᠡᠷ ᠵᠦᠢᠯ ᠠᠵᠤ ᠠᠬᠤᠶᠢᠯᠠᠯ ᠡᠷᠬᠡᠪᠰᠢ ᠲᠤᠰ ᠨᠢᠭᠡᠴᠢ ᠶᠢᠨ ᠢᠶᠠᠨ ᠪᠣᠳᠠᠲᠤ ᠪᠠᠶᠢᠳᠠᠯ ᠢ | ᠦᠨᠳᠦᠰᠦᠯᠡᠨ᠂ ᠲᠤᠰ ᠨᠢᠭᠡᠴᠢ ᠶᠢᠨ ᠢᠶᠠᠨ ᠠᠵᠢᠯᠳᠠᠨ ᠠᠵᠢᠯᠴᠢᠨ ᠪᠠ ᠡᠯᠰᠡᠵᠦ ᠬᠡᠷᠡᠭᠯᠡᠬᠦ ᠪᠠᠷ ᠪᠡᠯᠡᠳᠬᠡᠵᠦ ᠪᠠᠶᠢᠭ᠎ᠠ | ᠬᠥᠮᠦᠰ ᠲᠤ ᠲᠥᠯᠥᠪᠯᠡᠭᠡ ᠲᠠᠢ ᠪᠠᠷ ᠠᠵᠢᠯ ᠮᠡᠷᠭᠡᠵᠢᠯ ᠤᠨ ᠬᠥᠮᠦᠵᠢᠯ ᠬᠢᠬᠦ ᠬᠡᠷᠡᠭᠲᠡᠢ ᠪᠥᠭᠡᠳ ᠲᠤᠰᠬᠠᠢ | ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠠᠵᠢᠯ ᠮᠡᠷᠭᠡᠵᠢᠯ ᠤᠨ ᠬᠥᠮᠦᠵᠢᠯ ᠤᠨ ᠠᠵᠢᠯ ᠤᠨ ᠪᠠᠶᠢᠷᠢ | ᠭᠠᠷᠭᠠᠵᠤ ᠪᠣᠯᠤᠨ᠎ᠠ᠃ | ᠠᠵᠤ ᠠᠬᠤᠶᠢᠯᠠᠯ ᠤᠨ ᠬᠢᠨ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠪᠣᠯᠪᠠᠰᠤᠷᠠᠭᠤᠯᠵᠤ | ᠠᠵᠢᠯ ᠤᠨ ᠪᠠᠶᠢᠷᠢ ᠳᠤ ᠭᠠᠷᠭᠠᠬᠤ ᠲᠦᠷᠢᠮ ᠢ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠡᠯᠰᠡᠵᠦ ᠬᠡᠷᠡᠭᠯᠡᠭᠰᠡᠨ | ᠮᠡᠷᠭᠡᠵᠢᠯ ᠤᠨ ᠲᠦᠷᠦᠯ ᠤᠨ ᠬᠥᠳᠡᠯᠮᠦᠷᠢᠴᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠡᠷᠬᠡᠪᠰᠢ ᠠᠶᠤᠯ | ᠦᠭᠡᠢ ᠦᠢᠯᠡᠳᠪᠦᠷᠢᠯᠡᠯ ᠤᠨ ᠬᠥᠮᠦᠵᠢᠯ ᠪᠠ ᠮᠡᠷᠭᠡᠵᠢᠯ ᠤᠨ ᠪᠣᠯᠪᠠᠰᠤᠷᠠᠭᠤᠯᠤᠯ ᠭᠦᠷᠲᠡᠨ᠎ᠡ︔ ᠣᠯᠠᠨ ᠨᠡᠶᠢᠲᠡ ᠶᠢᠨ | ᠠᠮᠤᠷ ᠲᠦᠪᠰᠢᠨ᠂ ᠬᠥᠮᠦᠨ ᠤ ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ | ᠵᠡᠷᠭᠡ ᠳᠤ ᠬᠤᠯᠪᠣᠭᠳᠠᠬᠤ ᠣᠨᠴᠠᠭᠠᠶ ᠠᠵᠢᠯ ᠮᠡᠷᠭᠡᠵᠢᠯ ︵ᠠᠵᠢᠯ ᠲᠥᠷᠥᠯ︶ ᠳᠤ ᠡᠯᠰᠡᠵᠦ ᠬᠡᠷᠡᠭᠯᠡᠭᠰᠡᠨ | ᠬᠥᠳᠡᠯᠮᠦᠷᠢᠴᠢᠨ ᠡᠷᠬᠡᠪᠰᠢ ᠪᠣᠯᠪᠠᠰᠤᠷᠠᠭᠤᠯᠤᠯ ᠭᠥᠷᠳᠡᠬᠦ ᠶᠢᠨ ᠬᠠᠮᠲᠤ ᠬᠠᠤᠯᠢ ᠶᠣᠰᠤ ᠪᠠᠷ ᠠᠵᠢᠯ ᠮᠡᠷᠭᠡᠵᠢᠯ ᠤᠨ ᠬᠢᠷᠢ | ᠬᠡᠮ ᠪᠤᠶᠤ ᠣᠨᠴᠠᠭᠠᠶ ᠲᠥᠷᠥᠯ ᠤᠨ ᠠᠵᠢᠯ ᠬᠢᠬᠦ ᠬᠢᠷᠢ ᠬᠡᠮ ᠣᠯᠤᠭᠰᠠᠨ ᠪᠠᠶᠢᠬᠤ ᠬᠡᠷᠡᠭᠲᠡᠶ᠃ ᠠᠵᠤ ᠠᠬᠤᠶᠢᠯᠠᠯ ᠤᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠠᠵᠤ ᠠᠬᠤᠶᠢᠯᠠᠯ ᠤᠨ ᠨᠡᠶᠢᠭᠡᠮ ᠤᠨ | ᠬᠠᠷᠢᠭᠤᠴᠠᠯᠭ᠎ᠠ ᠶᠢᠨ ᠮᠡᠳᠡᠭᠦᠯᠦᠯᠲᠡ ᠳᠤ ᠣᠷᠣᠭᠤᠯᠤᠨ᠎ᠠ᠃ | ᠬᠤᠷᠢᠨ ᠲᠠᠪᠤᠳᠤᠭᠠᠷ ᠵᠦᠢᠯ ᠠᠵᠤ ᠠᠬᠤᠶᠢᠯᠠᠯ ᠨᠢ ᠬᠥᠷᠥᠩᠭᠡ᠂ ᠮᠡᠷᠭᠡᠵᠢᠯ᠂ ᠮᠡᠳᠡᠯᠭᠡ᠂ ᠪᠡᠯᠡᠳᠬᠡᠮᠵᠢ᠂ | ᠲᠥᠬᠦᠭᠡᠷᠦᠮᠵᠢ᠂ ᠪᠠᠶᠢᠷᠢ ᠲᠠᠯᠠᠪᠤᠷ ᠪᠣᠯᠤᠨ ᠬᠠᠮᠢᠶᠠᠷᠤᠯᠲᠠ ᠵᠡᠷᠭᠡ ᠬᠦᠴᠦᠨ ᠵᠦᠢᠯ ᠢ ᠠᠰᠢᠭᠯᠠᠨ᠂ ᠠᠵᠢᠯ | ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠷᠬᠢᠯᠡᠬᠦ ᠪᠤᠶᠤ | ᠬᠠᠮᠲᠤᠷᠠᠨ ᠡᠷᠬᠢᠯᠡᠵᠦ ᠪᠣᠯᠤᠨ᠎ᠠ᠃ | ᠬᠤᠷᠢᠨ ᠵᠢᠷᠭᠤᠳᠤᠭᠠᠷ ᠵᠦᠢᠯ ᠤᠯᠤᠰ ᠠᠴᠠ ᠠᠵᠤ ᠠᠬᠤᠶᠢᠯᠠᠯ ᠪᠠ ᠨᠡᠶᠢᠭᠡᠮ ᠤᠨ ᠪᠤᠰᠤᠳ ᠬᠦᠴᠦᠨ ᠤ | ᠬᠠᠤᠯᠢ ᠶᠣᠰᠤ ᠪᠠᠷ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠡᠷᠬᠢᠯᠡᠬᠦ ᠶᠢ ᠵᠣᠷᠢᠭᠵᠢᠭᠤᠯᠤᠨ ᠵᠢᠯᠣᠭᠤᠳᠴᠤ ᠳᠡᠮᠵᠢᠨ᠎ᠡ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠤ᠂ | ᠰᠤᠷᠤᠭᠴᠢᠳ ᠲᠤ ᠰᠤᠷᠤᠯᠭ᠎ᠠ ᠶᠢ ᠳᠡᠳᠬᠦᠬᠦ ᠵᠢᠭᠡᠯᠡᠯᠭᠡ᠂ ᠰᠤᠷᠤᠯᠭ᠎ᠠ ᠶᠢᠨ ᠱᠠᠩᠨᠠᠯ ᠤᠨ ᠮᠥᠩᠭᠦ ᠬᠠᠩᠭᠠᠬᠤ ᠵᠡᠷᠭᠡ | ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠪᠣᠯᠤᠨ ᠨᠡᠶᠢᠭᠡᠮ ᠤᠨ ᠪᠤᠰᠤᠳ ᠬᠦᠴᠦᠨ ᠤ ᠬᠠᠤᠯᠢ ᠶᠣᠰᠤ ᠪᠠᠷ | ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠲᠡᠳᠬᠦᠨ ᠳᠡᠮᠵᠢᠨ᠎ᠡ︔ ᠡᠭᠦᠨ ᠳᠠᠬᠢ ᠠᠰᠢᠭ ᠣᠯᠵᠠᠪᠤᠷᠢ ᠶᠢᠨ ᠪᠤᠰᠤ ᠴᠢᠨᠠᠷᠲᠠᠶ ᠠᠵᠢᠯ | ᠮᠡᠷᠭᠡᠵᠢᠯ ᠤᠨ ᠰᠤᠷᠭᠠᠭᠤᠯᠢ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠪᠠᠰᠠ | ᠵᠠᠰᠠᠭ ᠤᠨ ᠣᠷᠳᠣᠨ ᠤ ᠨᠥᠬᠦᠪᠥᠷᠢ᠂ ᠰᠠᠭᠤᠷᠢ ᠮᠥᠩᠭᠦ ᠪᠠᠷ ᠱᠠᠩᠨᠠᠬᠤ᠂ ᠪᠡᠯᠡ ᠮᠥᠩᠭᠦ ᠪᠠᠷ ᠲᠤᠰᠠᠯᠠᠵᠤ | ᠤᠷᠮᠠᠰᠢᠭᠤᠯᠬᠤ ᠵᠡᠷᠭᠡ ᠲᠡᠳᠬᠦᠬᠦ ᠠᠷᠭ᠎ᠠ ᠬᠡᠮᠵᠢᠶ᠎ᠡ ᠶᠢ ᠠᠪᠴᠤ᠂ ᠠᠳᠠᠯᠢ ᠱᠠᠲᠤᠨ ᠤ ᠠᠳᠠᠯᠢ ᠲᠥᠷᠥᠯ ᠤᠨ | ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠨᠢᠭᠡ ᠪᠦᠷᠢ ᠶᠢᠨ ᠳᠤᠮᠳᠠᠴᠢ ᠵᠠᠷᠤᠳᠠᠯ ᠵᠡᠷᠭᠡ | ᠬᠤᠯᠪᠤᠭᠳᠠᠬᠤ ᠵᠠᠷᠤᠳᠠᠯ ᠤᠨ ᠪᠠᠷᠢᠮᠵᠢᠶ᠎ᠠ ᠪᠣᠯᠤᠨ ᠳᠡᠮᠵᠢᠬᠦ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ | ᠵᠣᠬᠢᠰᠲᠠᠶ ᠨᠥᠬᠦᠪᠥᠷᠢ ᠥᠭᠴᠦ ᠪᠣᠯᠤᠨ᠎ᠠ᠃ | ᠬᠤᠷᠢᠨ ᠳᠣᠯᠣᠳᠤᠭᠠᠷ ᠵᠦᠢᠯ ᠠᠵᠤ ᠦᠢᠯᠡᠰ ᠪᠣᠯᠤᠨ ᠰᠤᠷᠭᠠᠨ ᠬᠥᠮᠦᠵᠢᠯ ᠤᠨ ᠠᠭᠤᠰᠤᠯᠴᠠᠭ᠎ᠠ᠂ | ᠰᠤᠷᠭᠠᠭᠤᠯᠢ ᠪᠣᠯᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ᠭᠦᠨᠵᠡᠭᠡᠶ ᠣᠷᠣᠯᠴᠠᠵᠤ᠂ ᠮᠡᠷᠭᠡᠵᠢᠯ ᠤᠨ ᠤᠷ᠎ᠠ | ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠠᠵᠢᠯ ᠣᠯᠭᠤᠯᠲᠠ ᠶᠢ | ᠠᠬᠢᠭᠤᠯᠬᠤ ᠶᠠᠪᠤᠴᠠ ᠳᠤ ᠴᠢᠬᠤᠯᠠ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠤᠭᠰᠠᠨ ᠠᠵᠤ ᠠᠬᠤᠶᠢᠯᠠᠯ ᠢ | ᠲᠣᠭᠲᠠᠭᠠᠯ ᠶᠣᠰᠤ ᠪᠠᠷ ᠱᠠᠩᠨᠠᠨ᠎ᠠ︔ ᠨᠥᠬᠦᠴᠡᠯ ᠳᠤ ᠨᠡᠶᠢᠴᠡᠭᠰᠡᠨ ᠠᠵᠤ ᠦᠢᠯᠡᠰ ᠪᠣᠯᠤᠨ ᠰᠤᠷᠭᠠᠨ ᠬᠥᠮᠦᠵᠢᠯ ᠢ | ᠠᠭᠤᠰᠬᠠᠭᠰᠠᠨ ᠬᠡᠯᠪᠡᠷᠢᠲᠦ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠭᠰᠠᠨ ᠪᠣᠯ ᠲᠣᠭᠲᠠᠭᠠᠯ ᠶᠣᠰᠤ ᠪᠠᠷ | ᠮᠥᠩᠭᠦᠨ ᠭᠦᠢᠯᠭᠡᠭᠡ᠂ ᠡᠳ᠋ ᠤᠨ ᠵᠠᠰᠠᠭ᠂ ᠭᠠᠵᠠᠷ ᠰᠢᠷᠣᠶ ᠵᠡᠷᠭᠡ ᠶᠢᠨ ᠳᠡᠮᠵᠢᠯᠭᠡ ᠣᠯᠭᠤᠵᠤ᠂ ᠰᠤᠷᠭᠠᠨ | ᠬᠥᠮᠦᠵᠢᠯ ᠤᠨ ᠨᠡᠮᠡᠯᠲᠡ ᠵᠠᠷᠤᠳᠠᠯ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ ᠢ ᠬᠠᠰᠤᠵᠤ | ᠭᠡᠯᠳᠦᠷᠢᠭᠦᠯᠬᠦ ᠵᠢᠴᠢ ᠪᠤᠰᠤᠳ ᠭᠠᠶᠢᠯᠢ ᠪᠠ ᠰᠦᠢᠳᠭᠡᠯ ᠤᠨ ᠬᠠᠷᠠᠭᠠᠯᠵᠠᠯ ᠢ ᠨᠠᠶᠢᠳᠠᠪᠤᠷᠢᠵᠢᠭᠤᠯᠤᠨ᠎ᠠ᠃ | ᠬᠤᠷᠢᠨ ᠨᠠᠢᠮᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠮᠲᠤᠷᠠᠨ ᠡᠷᠬᠢᠯᠡᠬᠦ ᠳᠤ ᠡᠷᠬᠢᠯᠡᠨ ᠪᠠᠶᠢᠭᠤᠯᠤᠭᠴᠢ ᠨᠢ ᠬᠠᠮᠲᠤᠷᠠᠨ | ᠰᠤᠷᠭᠠᠭᠤᠯᠢ ᠡᠷᠬᠢᠯᠡᠬᠦ ᠬᠡᠯᠡᠯᠴᠡᠭᠡᠷ ᠲᠣᠭᠲᠠᠭᠠᠵᠤ᠂ ᠡᠯ᠎ᠡ ᠲᠠᠯ᠎ᠠ ᠶᠢᠨ ᠬᠢᠨ ᠤ ᠡᠷᠬᠡ ᠪᠠ ᠡᠭᠦᠷᠭᠡ ᠶᠢ | ᠪᠣᠯᠵᠣᠨᠲ᠋ᠣᠭᠲᠠᠭᠠᠬᠤ ᠬᠡᠷᠡᠭᠲᠡᠢ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠠᠵᠢᠯ ᠲᠥᠷᠥᠯ ᠢ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨ ᠨᠡᠶᠢᠭᠡᠮ ᠤᠨ ᠬᠦᠴᠦᠨ ᠤ ᠬᠠᠮᠲᠤᠷᠠᠨ ᠰᠤᠷᠭᠠᠭᠤᠯᠢ ᠡᠷᠬᠢᠯᠡᠬᠦ ᠳᠤ ᠬᠠᠤᠯᠢ | ᠶᠣᠰᠤ ᠪᠠᠷ ᠣᠷᠣᠯᠴᠠᠬᠤ ᠶᠢ ᠳᠡᠮᠵᠢᠵᠦ᠂ ᠣᠯᠠᠨ ᠵᠦᠢᠯ ᠤᠨ ᠬᠡᠯᠪᠡᠷᠢᠲᠦ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ | ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠡᠷᠬᠢᠯᠡᠨ᠎ᠡ᠃ | ᠠᠵᠢᠯ ᠲᠥᠷᠥᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ ᠤ ᠡᠪᠯᠡᠯ ᠵᠡᠷᠭᠡ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ | ᠠᠵᠢᠯ ᠦᠢᠯᠡᠰ ᠤᠨ ᠨᠢᠭᠡᠴᠢ ᠵᠡᠷᠭᠡ ᠨᠢ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠳᠤ ᠨᠠᠶᠢᠳᠠᠵᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠨᠠᠶᠢᠳᠠᠯᠭ᠎ᠠ ᠶᠢᠨ ᠭᠡᠷ᠎ᠡ | ᠲᠣᠭᠲᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠲᠦᠷᠦᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠠᠵᠢᠯᠴᠢᠨ ᠤ | ᠡᠪᠯᠡᠯ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠢᠯ ᠲᠦᠷᠦᠯ ᠤᠨ ᠵᠣᠬᠢᠶᠠᠨ | ᠪᠠᠶᠢᠭᠤᠯᠤᠯᠲᠠ᠂ ᠠᠵᠤ ᠠᠬᠤᠶᠢᠯᠠᠯ ᠵᠡᠷᠭᠡ ᠶᠢ ᠵᠣᠬᠢᠶᠠᠨ ᠪᠠᠶᠢᠭᠤᠯᠵᠤ ᠣᠷᠣᠨ ᠪᠦᠰᠡ ᠪᠤᠶᠤ ᠠᠵᠢᠯ ᠲᠦᠷᠦᠯ ᠤᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠡᠷᠡᠭᠴᠡᠭᠡ ᠶᠢ ᠦᠨᠳᠦᠰᠦᠯᠡᠨ ᠥᠨᠳᠥᠷ ᠬᠢᠷᠢ ᠲᠦᠪᠰᠢᠨᠲᠦ᠂ | ᠲᠤᠰᠬᠠᠶᠢᠵᠢᠭᠰᠠᠨ᠂ ᠨᠡᠭᠡᠭᠡᠯᠲᠡᠲᠦ ᠬᠠᠮᠲᠤ ᠪᠠᠷ ᠡᠳ᠋ᠯᠡᠬᠦ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠬᠠᠭᠰᠠᠨ | ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ | ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠳᠠᠳᠤᠯᠭ᠎ᠠ ᠪᠣᠯᠪᠠᠰᠤᠷᠠᠯ ᠢ ᠥᠷᠨᠢᠭᠦᠯᠬᠦ ᠪᠠ ᠠᠵᠤ | ᠠᠬᠤᠶᠢᠯᠠᠯ ᠤᠨ ᠪᠣᠯᠪᠠᠰᠤᠷᠠᠭᠤᠯᠤᠯ ᠢ ᠥᠷᠨᠢᠭᠦᠯᠬᠦ ᠳᠤ ᠨᠥᠬᠦᠴᠡᠯ ᠪᠠ ᠳᠡᠮᠵᠢᠯᠭᠡ ᠬᠠᠩᠭᠠᠬᠤ ᠬᠡᠷᠡᠭᠲᠡᠢ᠃ | ᠭᠤᠴᠢᠳᠤᠭᠠᠷ ᠵᠦᠢᠯ ᠤᠯᠤᠰ ᠠᠴᠠ ᠳᠤᠮᠳᠠᠳᠤ ᠤᠯᠤᠰ ᠤᠨ ᠣᠨᠴᠠᠯᠢᠭ ᠪᠦᠬᠦᠢ ᠱᠠᠪᠢᠯᠠᠬᠤ ᠳᠦᠷᠢᠮ ᠢ | ᠬᠡᠷᠡᠭᠵᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠠᠵᠢᠯ ᠤᠨ ᠪᠠᠶᠢᠷᠢ ᠶᠢᠨ ᠶᠡᠷᠦᠩᠬᠡᠶ ᠬᠡᠮᠵᠢᠶᠡᠨ ᠤ | ᠵᠣᠬᠢᠬᠤ ᠬᠠᠷᠢᠴᠠᠯ ᠢᠶᠠᠷ ᠱᠠᠪᠢᠯᠠᠬᠤ ᠠᠵᠢᠯ ᠤᠨ ᠪᠠᠶᠢᠷᠢ ᠭᠠᠷᠭᠠᠵᠤ᠂ ᠮᠡᠷᠭᠡᠵᠢᠯ ᠤᠨ ᠤᠷ᠎ᠠ ᠴᠢᠳᠠᠪᠤᠷᠢᠲᠤ | ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠲᠠᠢ ᠠᠵᠤ ᠠᠬᠤᠶᠢᠯᠠᠯ ᠣᠨᠴᠠᠭᠠᠶᠢᠯᠠᠨ ᠦᠢᠯᠡᠳᠪᠦᠷᠢᠯᠡᠯ ᠪᠠ ᠵᠢᠭᠠᠨ | ᠰᠤᠷᠭᠠᠯᠲᠠ ᠶᠢ ᠤᠶᠠᠯᠳᠤᠭᠤᠯᠤᠭᠰᠠᠨ ᠬᠡᠯᠪᠡᠷᠢ ᠶᠢᠨ ᠠᠵᠤ ᠠᠬᠤᠶᠢᠯᠠᠯ ᠬᠢᠭᠡᠳ ᠠᠵᠢᠯ ᠮᠡᠷᠭᠡᠵᠢᠯ ᠤᠨ ᠰᠤᠷᠭᠠᠭᠤᠯᠢ᠂ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ | ᠳᠡᠮᠵᠢᠵᠦ᠂ ᠰᠢᠨ᠎ᠡ ᠪᠠᠷ ᠡᠯᠰᠡᠵᠦ ᠬᠡᠷᠡᠭᠯᠡᠭᠰᠡᠨ ᠠᠵᠢᠯᠲᠠᠨ ᠠᠵᠢᠯᠴᠢᠨ᠂ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ | ᠠᠵᠢᠯᠴᠢᠨ ᠪᠠ ᠠᠵᠢᠯ ᠤᠨ ᠪᠠᠶᠢᠷᠢ ᠰᠢᠯᠵᠢᠭᠰᠡᠨ ᠠᠵᠢᠯᠲᠠᠨ ᠠᠵᠢᠯᠴᠢᠨ ᠢ ᠪᠣᠯᠪᠠᠰᠤᠷᠠᠭᠤᠯᠬᠤ ᠪᠤᠶᠤ ᠠᠵᠢᠯ | ᠮᠡᠷᠭᠡᠵᠢᠯ ᠤᠨ ᠰᠤᠷᠭᠠᠭᠤᠯᠢ ᠲᠠᠢ ᠬᠠᠮᠲᠤᠷᠠᠨ ᠰᠤᠷᠤᠭᠴᠢ ᠡᠯᠰᠡᠵᠦ᠂ ᠠᠵᠢᠯᠯᠠᠵᠤ ᠰᠤᠷᠤᠯᠴᠠᠬᠤ ᠶᠢ ᠤᠶᠠᠯᠳᠤᠭᠤᠯᠬᠤ | ᠬᠡᠯᠪᠡᠷᠢ ᠪᠠᠷ ᠱᠠᠪᠢ ᠠᠵᠢᠯᠴᠢᠨ ᠢ ᠬᠥᠮᠦᠵᠢᠭᠦᠯᠦᠨ᠎ᠡ᠃ ᠬᠤᠯᠪᠤᠭᠳᠠᠬᠤ ᠠᠵᠤ ᠠᠬᠤᠶᠢᠯᠠᠯ ᠲᠣᠭᠲᠠᠭᠠᠯ ᠶᠣᠰᠤ ᠪᠠᠷ | ᠨᠥᠬᠦᠪᠥᠷᠢ ᠮᠥᠩᠭᠦ ᠣᠯᠵᠤ ᠪᠣᠯᠤᠨ᠎ᠠ᠃ | ᠠᠵᠤ ᠠᠬᠤᠶᠢᠯᠠᠯ ᠪᠣᠯᠤᠨ ᠠᠵᠢᠯ ᠮᠡᠷᠭᠡᠵᠢᠯ ᠤᠨ ᠰᠤᠷᠭᠠᠭᠤᠯᠢ ᠬᠤᠯᠪᠣᠭᠠᠯᠠᠨ ᠰᠤᠷᠤᠭᠴᠢ ᠡᠯᠰᠡᠵᠦ᠂ | ᠠᠵᠢᠯᠯᠠᠵᠤ ᠰᠤᠷᠤᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠱᠠᠪᠢ ᠬᠥᠮᠦᠵᠢᠭᠦᠯᠬᠦ ᠳᠤ ᠱᠠᠪᠢ ᠬᠥᠮᠦᠵᠢᠭᠦᠯᠬᠦ | ᠬᠡᠯᠡᠯᠴᠡᠭᠡᠷ ᠲᠣᠭᠲᠠᠭᠠᠬᠤ ᠬᠡᠷᠡᠭᠲᠡᠢ᠃ | ᠭᠤᠴᠢᠨ ᠨᠢᠭᠡᠳᠦᠭᠡᠷ ᠵᠦᠢᠯ ᠤᠯᠤᠰ ᠠᠴᠠ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ | ᠵᠡᠷᠭᠡ ᠶᠢᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠵᠢᠭᠠᠬᠤ ᠮᠠᠲ᠋ᠧᠷᠢᠶᠠᠯ ᠢ | ᠨᠡᠭᠡᠭᠡᠨ ᠬᠥᠭᠵᠢᠭᠦᠯᠬᠦ ᠳᠤ ᠣᠷᠣᠯᠴᠠᠬᠤ ᠶᠢ ᠵᠣᠷᠢᠭᠵᠢᠭᠤᠯᠵᠤ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ | ᠣᠨᠣᠯᠵᠢᠬᠤᠨ ᠢ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠳᠤ ᠣᠷᠣᠭᠤᠯᠬᠤ ᠶᠢᠨ ᠬᠠᠮᠲᠤ | ᠵᠠᠳᠠᠭᠠᠢ ᠬᠠᠭᠤᠳᠠᠰᠤᠲᠤ ᠵᠢᠭᠠᠬᠤ ᠮᠠᠲ᠋ᠧᠷᠢᠶᠠᠯ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠬᠥᠳᠡᠯᠦᠩᠭᠦᠢ ᠪᠠᠷ | ᠰᠢᠨᠡᠳᠬᠡᠵᠦ ᠪᠣᠯᠤᠨ᠎ᠠ︔ ᠮᠡᠳᠡᠭᠡ ᠵᠠᠩᠭᠢ ᠶᠢᠨ ᠮᠡᠷᠭᠡᠵᠢᠯ ᠪᠣᠯᠤᠨ ᠪᠤᠰᠤᠳ ᠣᠳᠣᠬᠢᠴᠢᠯᠠᠭᠰᠠᠨ ᠵᠢᠭᠠᠬᠤ ᠠᠷᠭ᠎ᠠ | ᠮᠠᠶ᠋ᠢᠭ ᠢ ᠬᠡᠷᠡᠭᠯᠡᠬᠦ ᠶᠢ ᠳᠡᠮᠵᠢᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠦᠯᠵᠢᠶᠡᠨ ᠳᠠᠬᠢ ᠬᠢᠴᠢᠶᠡᠯ | ᠵᠡᠷᠭᠡ ᠰᠤᠷᠤᠯᠴᠠᠬᠤ ᠡᠬᠢ ᠪᠠᠶᠠᠯᠢᠭ ᠢ ᠨᠡᠭᠡᠭᠡᠵᠦ᠂ ᠵᠢᠭᠠᠬᠤ ᠠᠷᠭ᠎ᠠ ᠮᠠᠶ᠋ᠢᠭ ᠪᠣᠯᠤᠨ ᠰᠤᠷᠭᠠᠭᠤᠯᠢ ᠶᠢᠨ | ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠪᠠ ᠠᠭᠤᠰᠬᠠᠨ ᠬᠡᠷᠡᠭᠯᠡᠬᠦ ᠶᠢ ᠠᠬᠢᠭᠤᠯᠤᠨ᠎ᠠ᠃ | ᠭᠤᠴᠢᠨ ᠬᠤᠶᠠᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ | ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠳᠠᠮᠵᠢᠭᠤᠯᠤᠨ᠂ ᠮᠡᠷᠭᠡᠵᠢᠯ ᠤᠨ ᠤᠷ᠎ᠠ ᠴᠢᠳᠠᠪᠤᠷᠢᠲᠤ | ᠴᠢᠳᠠᠪᠤᠷᠢᠲᠠᠨ ᠳᠤ ᠤᠷ᠎ᠠ ᠴᠢᠳᠠᠪᠤᠷᠢ ᠪᠠᠨ ᠳᠡᠯᠭᠡᠨ ᠦᠵᠡᠭᠦᠯᠬᠦ᠂ ᠤᠷ᠎ᠠ ᠮᠡᠷᠭᠡᠰᠢᠯ ᠢᠶᠠᠨ ᠰᠣᠯᠢᠯᠴᠠᠬᠤ ᠲᠠᠪᠴᠠᠩ ᠢ | ᠬᠠᠩᠭᠠᠵᠤ᠂ ᠥᠨᠳᠥᠷ ᠬᠡᠪ ᠴᠢᠨᠠᠷ ᠪᠦᠬᠦᠢ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ᠂ ᠤᠷᠠᠨ ᠳᠠᠷᠬᠠᠨ ᠪᠠ | ᠤᠯᠤᠰ ᠤᠨ ᠲᠤᠮᠤ ᠤᠷᠠᠨ ᠳᠠᠷᠬᠠᠨ ᠢ ᠦᠷᠭᠦᠯᠵᠢᠯᠡᠨ ᠬᠥᠮᠦᠵᠢᠭᠦᠯᠦᠨ᠎ᠡ᠃ | | ᠳᠥᠷᠪᠡᠳᠦᠭᠡᠷ ᠪᠦᠯᠦᠭ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ | ᠤᠨ ᠪᠣᠯᠪᠠᠰᠤᠷᠠᠭᠤᠯᠤᠯ ᠤᠨ ᠪᠠᠶᠢᠭᠤᠯᠤᠮᠵᠢ | | ᠭᠤᠴᠢᠨ ᠭᠤᠷᠪᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠳᠤ ᠳᠣᠣᠷ᠎ᠠ ᠵᠢᠭᠰᠠᠭᠠᠭᠰᠠᠨ | ᠦᠨᠳᠦᠰᠦᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠳᠦᠷᠢᠮ ᠲᠠᠢ ᠪᠠᠶᠢᠬᠤ︔ | ︵ᠬᠤᠶᠠᠷ︶ ᠬᠢᠷᠢ ᠲᠡᠩᠴᠡᠭᠰᠡᠨ ᠪᠠᠭᠰᠢ ᠪᠠ ᠬᠠᠮᠢᠶᠠᠷᠤᠯᠲᠠ ᠶᠢᠨ ᠠᠵᠢᠯᠳᠡᠠ ᠲᠠᠢ ᠪᠠᠶᠢᠬᠤ︔ | ︵ᠭᠤᠷᠪᠠ︶ ᠬᠡᠷᠡᠭᠵᠢᠭᠦᠯᠵᠦ ᠪᠠᠶᠢᠭ᠎ᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠯᠦᠭᠡ ᠲᠣᠬᠢᠷᠠᠯᠴᠠᠭᠰᠠᠨ᠂ | ᠳᠣᠭᠲᠠᠭᠰᠠᠨ ᠪᠠᠷᠢᠮᠵᠢᠶ᠎ᠠ ᠪᠣᠯᠤᠨ ᠠᠶᠤᠯ ᠦᠭᠡᠶ ᠶᠢᠨ ᠱᠠᠭᠠᠷᠳᠠᠯᠭ᠎ᠠ ᠳᠤ ᠨᠡᠶᠢᠴᠡᠭᠰᠡᠨ ᠵᠢᠭᠠᠨ ᠰᠤᠷᠭᠠᠯᠲᠠ ᠵᠢᠴᠢ | ᠳᠠᠳᠤᠯᠭ᠎ᠠ ᠪᠣᠯᠪᠠᠰᠤᠷᠠᠭᠤᠯᠤᠯ ᠤᠨ ᠪᠠᠶᠢᠷᠢ ᠲᠠᠯᠠᠪᠤᠷ᠂ ᠪᠡᠯᠡᠳᠬᠡᠮᠵᠢ᠂ ᠲᠥᠬᠦᠭᠡᠷᠦᠮᠵᠢ ᠵᠢᠴᠢ ᠬᠢᠴᠢᠶᠡᠯ ᠤᠨ | ᠳᠣᠭᠲᠠᠯᠴᠠᠭ᠎ᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠵᠡᠷᠭᠡ ᠲᠠᠢ ᠪᠠᠶᠢᠬᠤ︔ | ︵ᠳᠥᠷᠪᠡ︶ ᠰᠤᠷᠭᠠᠭᠤᠯᠢ ᠡᠷᠬᠢᠯᠡᠬᠦ ᠴᠢᠬᠤᠯᠠ ᠪᠦᠬᠦᠢ ᠪᠡᠯᠡ ᠮᠥᠩᠭᠦ ᠪᠣᠯᠤᠨ ᠰᠤᠷᠭᠠᠭᠤᠯᠢ ᠡᠷᠬᠢᠯᠡᠬᠦ | ᠬᠡᠪᠴᠢᠶ᠎ᠡ ᠯᠦᠭᠡ ᠲᠣᠬᠢᠷᠠᠯᠴᠠᠭᠰᠠᠨ ᠲᠣᠭᠲᠠᠪᠤᠷᠢᠲᠠᠶ ᠵᠠᠷᠤᠳᠠᠯ ᠤᠨ ᠢᠷᠡᠯᠲᠡᠢ ᠪᠠᠶᠢᠬᠤ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠳᠤ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠤᠶᠤ ᠬᠤᠯᠪᠤᠭᠳᠠᠬᠤ ᠰᠠᠯᠠᠭ᠎ᠠ ᠮᠥᠴᠢᠷ ᠠᠴᠠ | ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠤ ᠪᠠᠷ ᠬᠢᠨᠠᠨ ᠵᠥᠪᠰᠢᠶᠡᠷᠡᠨ᠎ᠡ︔ ᠲᠤᠰᠬᠠᠢ ᠮᠡᠷᠭᠡᠵᠢᠯ ᠤᠨ ᠲᠡᠰ ᠤᠨ | ᠰᠤᠷᠭᠠᠨ ᠬᠥᠮᠦᠵᠢᠯ ᠢ ᠬᠡᠷᠡᠭᠵᠢᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠳᠤ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠬᠢᠨᠠᠨ ᠵᠥᠪᠰᠢᠶᠡᠷᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ︔ ᠦᠨᠳᠦᠰᠦᠨ ᠠᠩᠬᠢ ᠵᠢᠴᠢ ᠲᠡᠭᠦᠨ ᠠᠴᠠ ᠳᠡᠭᠡᠭᠰᠢᠬᠢ ᠲᠡᠰ | ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ | ᠪᠠᠶᠢᠭᠤᠯᠬᠤ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠬᠢᠨᠠᠨ ᠵᠥᠪᠰᠢᠶᠡᠷᠡᠨ᠎ᠡ᠃ | ᠲᠤᠰᠬᠠᠢ ᠮᠡᠷᠭᠡᠵᠢᠯ ᠤᠨ ᠲᠡᠰ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠲᠤᠬᠢᠷᠠᠭᠤᠯᠤᠭᠰᠠᠨ ᠳᠡᠭᠡᠳᠦ ᠲᠡᠰ ᠤᠨ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠬᠡᠰᠡᠭ | ᠲᠤᠰᠬᠠᠢ ᠮᠡᠷᠭᠡᠵᠢᠯ ᠨᠢ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠭᠦᠨᠵᠡᠭᠡᠢ ᠠᠭᠤᠰᠬᠠᠵᠤ᠂ ᠰᠤᠷᠭᠠᠭᠤᠯᠢ | ᠡᠷᠬᠢᠯᠡᠬᠦ ᠣᠨᠴᠠᠯᠢᠭ ᠢᠯᠡ ᠲᠣᠳᠣ᠂ ᠬᠥᠮᠦᠵᠢᠭᠦᠯᠬᠦ ᠴᠢᠨᠠᠷ ᠴᠢᠨᠰᠠᠭ᠎ᠠ ᠨᠡᠯᠢᠶᠡᠳ ᠥᠨᠳᠥᠷ ᠵᠡᠷᠭᠡ ᠨᠥᠬᠦᠴᠡᠯ ᠳᠤ | ᠨᠡᠶᠢᠴᠡᠭᠰᠡᠨ ᠪᠣᠯ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠢᠶᠠᠷ ᠬᠢᠨᠠᠨ ᠵᠥᠪᠰᠢᠶᠡᠷᠡᠭᠦᠯᠦᠭᠡᠳ᠂ ᠦᠨᠳᠦᠰᠦᠨ ᠠᠩᠭᠢ ᠶᠢᠨ ᠲᠡᠰ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠢ ᠬᠡᠷᠡᠭᠵᠢᠭᠦᠯᠵᠦ ᠪᠣᠯᠤᠨ᠎ᠠ᠃ | ᠭᠤᠴᠢᠨ ᠳᠥᠷᠪᠡᠳᠦᠭᠡᠷ ᠵᠦᠢᠯ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠪᠠᠶᠢᠭᠤᠯᠬᠤ ᠳᠤ ᠳᠣᠣᠷ᠎ᠠ ᠵᠢᠭᠰᠠᠭᠠᠭᠰᠠᠨ ᠦᠨᠳᠦᠰᠦᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠬᠠᠮᠢᠶᠠᠷᠤᠯᠲᠠ ᠶᠢᠨ ᠲᠦᠷᠢᠮ ᠲᠠᠢ ᠪᠠᠶᠢᠬᠤ︔ | ︵ᠬᠤᠶᠠᠷ︶ ᠪᠣᠯᠪᠠᠰᠤᠷᠠᠭᠤᠯᠤᠯ ᠤᠨ ᠡᠭᠦᠷᠭᠡ ᠯᠦᠭᠡ ᠲᠣᠬᠢᠷᠠᠯᠴᠠᠭᠰᠠᠨ ᠬᠢᠴᠢᠶᠡᠯ ᠤᠨ ᠳᠣᠭᠲᠠᠯᠴᠠᠭ᠎ᠠ᠂ ᠪᠠᠭᠰᠢ | ᠪᠤᠶᠤ ᠪᠤᠰᠤᠳ ᠬᠢᠴᠢᠶᠡᠯᠯᠡᠭᠴᠢ᠂ ᠬᠠᠮᠢᠶᠠᠷᠤᠯᠲᠠ ᠶᠢᠨ ᠠᠵᠢᠯᠲᠠᠨ ᠲᠠᠢ ᠪᠠᠶᠢᠬᠤ︔ | ︵ᠭᠤᠷᠪᠠ︶ ᠪᠣᠯᠪᠠᠰᠤᠷᠠᠭᠤᠯᠤᠯ ᠤᠨ ᠡᠭᠦᠷᠭᠡ ᠯᠦᠭᠡ ᠲᠣᠬᠢᠷᠠᠭᠰᠠᠨ᠂ ᠠᠶᠤᠯ ᠦᠭᠡᠶ ᠶᠢᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠷᠢ ᠲᠠᠯᠠᠪᠤᠷ᠂ ᠪᠡᠯᠡᠳᠬᠡᠮᠵᠢ᠂ ᠲᠥᠬᠦᠭᠡᠷᠦᠮᠵᠢ ᠲᠠᠢ ᠪᠠᠶᠢᠬᠤ︔ | ︵ᠳᠥᠷᠪᠡ︶ ᠵᠣᠬᠢᠴᠠᠩᠭᠤᠶ ᠵᠠᠷᠤᠳᠠᠯ ᠲᠠᠢ ᠪᠠᠶᠢᠬᠤ᠃ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠭᠤᠯᠬᠤ᠂ ᠬᠤᠪᠢᠷᠠᠭᠤᠯᠬᠤ ᠪᠠ | ᠵᠣᠭᠰᠣᠭᠠᠬᠤ ᠳᠤ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠬᠡᠷᠡᠭᠵᠢᠭᠦᠯᠦᠨ᠎ᠡ᠃ | ᠭᠤᠴᠢᠨ ᠲᠠᠪᠤᠳᠤᠭᠠᠷ ᠵᠦᠢᠯ ᠠᠯᠪᠠᠨ ᠠᠴᠠ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ᠪᠣᠯᠤᠨ ᠬᠤᠯᠪᠤᠭᠳᠠᠬᠤ | ᠲᠣᠭᠲᠠᠭᠠᠯ ᠶᠣᠰᠤ ᠪᠠᠷ ᠰᠤᠷᠭᠠᠭᠤᠯᠢ ᠶᠢᠨ ᠠᠵᠢᠯ ᠢ ᠪᠦᠬᠦ ᠲᠠᠯ᠎ᠠ ᠪᠠᠷ ᠤᠳᠤᠷᠢᠳᠴᠤ᠂ ᠰᠤᠷᠭᠠᠭᠤᠯᠢ ᠶᠢᠨ | ᠵᠠᠬᠢᠷᠤᠯ ᠤᠨ ᠡᠷᠬᠡ ᠲᠤᠰᠢᠶᠠᠯ ᠢᠶᠠᠨ ᠪᠡᠶ᠎ᠡ ᠪᠠᠨ ᠳᠠᠭᠠᠭᠠᠵᠤ ᠬᠠᠷᠢᠭᠤᠴᠠᠨ ᠬᠡᠷᠡᠭᠵᠢᠭᠦᠯᠬᠦ ᠶᠢ ᠳᠡᠮᠵᠢᠨ᠎ᠡ᠃ | ᠠᠷᠠᠳ ᠠᠴᠠ ᠡᠷᠭᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠰᠢᠢᠳᠪᠦᠷᠢᠲᠦ ᠪᠣᠳᠣᠯᠭ᠎ᠠ ᠲᠣᠭᠲᠠᠭᠠᠬᠤ | ᠲᠣᠭᠲᠠᠴᠠ ᠪᠠᠨ ᠬᠠᠤᠯᠢ ᠶᠣᠰᠤ ᠪᠠᠷ ᠲᠡᠭᠦᠯᠳᠡᠷᠵᠢᠭᠦᠯᠵᠦ᠂ ᠰᠤᠷᠭᠠᠭᠤᠯᠢ ᠶᠢᠨ ᠢᠶᠠᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ | ᠴᠢᠩᠭᠠᠷᠠᠭᠤᠯᠵᠤ᠂ ᠰᠤᠷᠭᠠᠭᠤᠯᠢ ᠶᠢᠨ ᠴᠢᠬᠤᠯᠠ ᠶᠡᠭᠡ ᠬᠡᠷᠡᠭ ᠶᠠᠪᠤᠳᠠᠯ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠬᠢᠨᠠᠯᠲᠠ ᠲᠠᠯᠪᠢᠬᠤ᠂ ᠬᠡᠷᠡᠭᠵᠢᠭᠦᠯᠬᠦ ᠡᠯ᠎ᠡ ᠭᠤᠭᠴᠤᠭ᠎ᠠ ᠳᠠᠬᠢ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠶᠢ | ᠪᠠᠲᠤᠯᠠᠨ᠎ᠠ᠃ | ᠰᠤᠷᠭᠠᠭᠤᠯᠢ ᠶᠢᠨ ᠵᠠᠬᠢᠷᠤᠯ ᠲᠤᠰ ᠰᠤᠷᠭᠠᠭᠤᠯᠢ ᠶᠢᠨ ᠢᠶᠠᠨ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ | ᠰᠤᠳᠤᠯᠭᠠᠨ ᠪᠠ ᠪᠤᠰᠤᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃ | ᠰᠤᠷᠭᠠᠭᠤᠯᠢ ᠶᠢᠨ ᠵᠠᠬᠢᠷᠤᠯ ᠨᠢ ᠰᠤᠷᠭᠠᠭᠤᠯᠢ ᠶᠢᠨ ᠵᠠᠬᠢᠷᠤᠯ ᠤᠨ ᠠᠯᠪᠠᠨ ᠤ ᠬᠤᠷᠠᠯ ᠪᠤᠶᠤ ᠰᠤᠷᠭᠠᠭᠤᠯᠢ ᠶᠢᠨ | ᠶᠠᠪᠤᠳᠠᠯ ᠤᠨ ᠬᠤᠷᠠᠯ ᠢᠶᠠᠷ ᠳᠠᠮᠵᠢᠨ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠤᠯᠢ ᠶᠣᠰᠤ ᠪᠠᠷ ᠬᠢᠨᠠᠯᠲᠠ | ᠲᠠᠯᠪᠢᠬᠤ ᠶᠢ ᠬᠦᠯᠢᠶᠡᠨ᠎ᠡ᠃ | ᠠᠵᠢᠯ ᠮᠡᠷᠭᠡᠵᠢᠯ ᠤᠨ ᠰᠤᠷᠭᠠᠭᠤᠯᠢ ᠵᠦᠪᠯᠡᠯᠭᠡ ᠥᠭᠬᠦ᠂ ᠵᠥᠪᠳᠡᠯᠴᠡᠬᠦ ᠵᠡᠷᠭᠡ ᠣᠯᠠᠨ ᠵᠦᠢᠯ ᠤᠨ ᠬᠡᠯᠪᠡᠷᠢ | ᠮᠠᠶ᠋ᠢᠭ ᠢᠶᠠᠷ ᠳᠠᠮᠵᠢᠭᠤᠯᠤᠨ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠰᠤᠷᠭᠠᠭᠤᠯᠢ | ᠲᠡᠭᠦᠰᠦᠭᠰᠡᠳ ᠵᠡᠷᠭᠡ ᠲᠠᠯ᠎ᠠ ᠶᠢᠨ ᠬᠢᠨ ᠤ ᠲᠥᠯᠥᠭᠡᠯᠡᠭᠴᠢ ᠶᠢᠨ ᠰᠠᠨᠠᠯ ᠢ ᠰᠣᠨᠣᠰᠴᠤ᠂ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ ᠳᠤ ᠣᠷᠣᠯᠴᠠᠬᠤ᠂ ᠰᠤᠷᠭᠠᠭᠤᠯᠢ ᠶᠢᠨ ᠬᠥᠭᠵᠢᠯᠲᠡ ᠶᠢ ᠳᠡᠮᠵᠢᠬᠦ ᠦᠢᠯᠡᠳᠦᠯ ᠢ ᠪᠠᠳᠠᠷᠠᠭᠤᠯᠵᠤ | ᠪᠣᠯᠤᠨ᠎ᠠ᠃ | ᠭᠤᠴᠢᠨ ᠵᠢᠷᠭᠤᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠬᠠᠤᠯᠢ ᠶᠣᠰᠤ ᠪᠠᠷ ᠰᠤᠷᠭᠠᠭᠤᠯᠢ | ᠡᠷᠬᠢᠯᠡᠵᠦ᠂ ᠳᠦᠷᠢᠮ ᠢᠶᠠᠨ ᠦᠨᠳᠦᠰᠦᠯᠡᠨ ᠡᠵᠡᠨ ᠮᠡᠳᠡᠨ ᠬᠠᠮᠢᠶᠠᠷᠬᠤ ᠬᠡᠷᠡᠭᠲᠡᠶ᠃ | ᠠᠵᠢᠯ ᠮᠡᠷᠭᠡᠵᠢᠯ ᠤᠨ ᠰᠤᠷᠭᠠᠭᠤᠯᠢ ᠰᠤᠷᠭᠠᠭᠤᠯᠢ ᠡᠷᠬᠢᠯᠡᠬᠦ ᠳᠤ ᠪᠠᠨ ᠳᠣᠣᠷ᠎ᠠ ᠵᠢᠭᠰᠠᠭᠠᠭᠰᠠᠨ ᠠᠵᠢᠯᠯᠠᠭ᠎ᠠ ᠢ | ᠥᠷᠨᠢᠭᠦᠯᠵᠦ ᠪᠣᠯᠤᠨ᠎ᠠ ᠃ | ︵ᠨᠢᠭᠡ︶ ᠠᠵᠤ ᠦᠢᠯᠡᠰ ᠤᠨ ᠬᠡᠷᠡᠭᠴᠡᠭᠡ ᠶᠢ ᠦᠨᠳᠦᠰᠦᠯᠡᠨ᠂ ᠲᠤᠰᠬᠠᠶ ᠮᠡᠷᠭᠡᠵᠢᠯ ᠢ ᠬᠠᠤᠯᠢ ᠶᠣᠰᠤ ᠪᠠᠷ | ᠡᠵᠡᠨ ᠮᠡᠳᠡᠨ ᠪᠠᠶᠢᠷᠢᠯᠠᠭᠤᠯᠤᠨ᠎ᠠ︔ | ︵ᠬᠤᠶᠠᠷ︶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠷᠢᠮᠵᠢᠶ᠎ᠠ ᠳᠤ ᠰᠠᠭᠤᠷᠢᠯᠠᠨ ᠴᠢᠳᠠᠪᠤᠷᠢᠲᠠᠨ ᠢ | ᠬᠥᠮᠦᠵᠢᠭᠦᠯᠬᠦ ᠲᠥᠰᠦᠯ ᠢ ᠲᠣᠭᠲᠠᠭᠠᠵᠤ᠂ ᠲᠤᠰᠬᠠᠶ ᠮᠡᠷᠭᠡᠵᠢᠯ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠬᠠᠤᠯᠢ | ᠶᠣᠰᠣ ᠪᠠᠷ ᠡᠵᠡᠨ ᠮᠡᠳᠡᠨ ᠰᠣᠩᠭᠤᠨ ᠬᠡᠷᠡᠭᠯᠡᠬᠦ ᠪᠤᠶᠤ ᠨᠠᠶᠢᠷᠠᠭᠤᠯᠤᠨ ᠪᠢᠴᠢᠨ᠎ᠡ︔ | ︵ᠭᠤᠷᠪᠠ︶ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠬᠡᠷᠡᠭᠴᠡᠭᠡ ᠶᠢ | ᠦᠨᠳᠦᠰᠦᠯᠡᠨ᠂ ᠰᠤᠷᠤᠯᠴᠠᠬᠤ ᠲᠦᠷᠢᠮ ᠢ ᠡᠵᠡᠨ ᠮᠡᠳᠡᠨ ᠳᠣᠭᠲᠠᠭᠠᠵᠤ᠂ ᠵᠢᠭᠠᠨ ᠰᠤᠷᠭᠠᠬᠤ ᠶᠠᠪᠤᠴᠠ ᠶᠢ | ᠲᠤᠬᠢᠷᠠᠭᠤᠯᠤᠨ᠎ᠠ︔ | ︵ᠲᠦᠷᠪᠡ︶ ᠰᠤᠷᠤᠯᠭ᠎ᠠ ᠶᠢᠨ ᠦᠨᠳᠦᠰᠦᠨ ᠲᠦᠷᠢᠮ ᠤᠨ ᠰᠠᠭᠤᠷᠢᠨ ᠳᠡᠭᠡᠷ᠎ᠡ ᠰᠤᠷᠭᠠᠭᠤᠯᠢ ᠳᠤ ᠰᠤᠷᠦᠯᠴᠡᠬᠤ | ᠬᠤᠭᠤᠴᠠᠭ᠎ᠠ ᠶᠢ ᠵᠣᠬᠢᠰᠲᠠᠢ ᠲᠤᠬᠢᠷᠡᠭᠤᠯᠵᠦ᠂ ᠤᠶᠠᠨ ᠬᠠᠳᠡᠠ ᠰᠤᠷᠦᠯᠴᠡᠬᠤ ᠲᠦᠷᠢᠮ ᠢ ᠬᠡᠷᠡᠭᠵᠢᠭᠦᠯᠦᠨ᠎ᠡ︔ | ︵ᠲᠠᠪᠤ︶ ᠲᠤᠰᠬᠠᠶ ᠮᠡᠷᠭᠡᠵᠢᠯ ᠤᠨ ᠬᠢᠴᠢᠶᠡᠯ ᠤᠨ ᠪᠠᠭᠰᠢ ᠶᠢ ᠬᠠᠤᠯᠢ ᠶᠣᠰᠤ ᠪᠠᠷ ᠡᠵᠡᠨ ᠮᠡᠳᠡᠵᠦ ᠰᠣᠩᠭᠤᠨ | ᠤᠷᠢᠨ᠎ᠠ᠃ | ᠭᠤᠴᠢᠨ ᠳᠣᠯᠣᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠲᠤ | ᠨᠡᠶᠢᠴᠡᠭᠰᠡᠨ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠢ ᠪᠠᠶᠢᠭᠤᠯᠤᠨ᠎ᠠ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ | ᠬᠤᠯᠪᠤᠭᠳᠠᠬᠤ ᠲᠤᠰᠬᠠᠶ ᠮᠡᠷᠭᠡᠵᠢᠯ ᠳᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ | ᠬᠥᠮᠦᠵᠢᠯ ᠯᠦᠭᠡ ᠨᠡᠪᠲᠡᠷᠡᠭᠰᠡᠨ ᠰᠤᠷᠤᠭᠴᠢ ᠡᠯᠰᠡᠬᠦ ᠪᠠ ᠬᠥᠮᠦᠵᠢᠭᠦᠯᠬᠦ ᠶᠢ ᠬᠡᠷᠡᠭᠵᠢᠭᠦᠯᠵᠦ ᠪᠣᠯᠤᠨ᠎ᠠ᠃ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠤᠯᠤᠰ ᠤᠨ ᠬᠤᠯᠪᠤᠭᠳᠠᠬᠤ ᠲᠣᠭᠲᠠᠭᠠᠯ | ᠶᠣᠰᠤ ᠪᠠᠷ ᠰᠣᠶᠣᠯ ᠤᠨ ᠬᠡᠪ ᠴᠢᠨᠠᠷ ᠪᠣᠯᠤᠨ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢ ᠤᠶᠠᠯᠳᠤᠭᠤᠯᠤᠭᠰᠠᠨ | ᠬᠢᠨᠠᠨ ᠰᠢᠯᠭᠠᠬᠤ ᠠᠷᠭ᠎ᠠ ᠮᠠᠶ᠋ᠢᠭ ᠢ ᠠᠪᠴᠤ ᠰᠤᠷᠤᠭᠴᠢ ᠡᠯᠰᠡᠵᠦ ᠪᠣᠯᠤᠨ᠎ᠠ︔ ᠲᠤᠪᠤᠶᠢᠮ᠎ᠠ ᠬᠤᠪᠢ ᠨᠡᠮᠡᠷᠢ | ᠦᠵᠡᠭᠦᠯᠦᠭᠰᠡᠨ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠢᠨᠠᠨ ᠰᠢᠯᠭᠠᠭᠠᠳ ᠬᠢᠷᠢ ᠲᠡᠩᠴᠡᠪᠡᠯ | ᠳᠦᠷᠢᠮ ᠠᠴᠠ ᠳᠠᠪᠠᠭᠤᠯᠤᠨ ᠡᠯᠰᠡᠵᠦ ᠪᠣᠯᠤᠨ᠎ᠠ᠃ | ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠬᠢᠨ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠤᠭᠳᠠᠬᠤ | ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠢᠭᠡᠳᠦᠯᠲᠡᠶ ᠰᠤᠷᠤᠭᠴᠢ ᠡᠯᠰᠡᠬᠦ | ᠲᠠᠪᠴᠠᠩ ᠢ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠰᠤᠷᠭᠠᠭᠤᠯᠢ ᠵᠢᠴᠢ ᠲᠤᠰᠬᠠᠶ | ᠮᠡᠷᠭᠡᠵᠢᠯ ᠤᠨ ᠪᠠᠶᠢᠷᠢᠯᠠᠭᠤᠯᠤᠯᠲᠠ᠂ ᠰᠤᠷᠤᠭᠴᠢ ᠡᠯᠰᠡᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ ᠬᠤᠷᠢᠶᠠᠩᠭᠤᠶᠢᠯᠠᠨ | ᠨᠡᠶᠢᠲᠡᠯᠡᠵᠦ᠂ ᠪᠠᠶᠢᠴᠠᠭᠠᠨ ᠯᠠᠪᠯᠠᠬᠤ᠂ ᠨᠡᠷ᠎ᠡ ᠮᠡᠳᠡᠭᠦᠯᠬᠦ ᠵᠡᠷᠭᠡ ᠦᠢᠯᠡᠴᠢᠯᠡᠭᠡ ᠶᠢ ᠬᠠᠩᠭᠠᠨ᠎ᠠ᠃ | ᠭᠤᠴᠢᠨ ᠨᠠᠢᠮᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠰᠤᠷᠭᠠᠭᠤᠯᠢ ᠶᠢᠨ ᠰᠤᠷᠲᠠᠯ | ᠰᠤᠷᠤᠯᠴᠠᠬᠤ ᠰᠤᠷᠲᠠᠯ᠂ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠰᠠᠶᠢᠨ ᠰᠠᠶᠢᠬᠠᠨ | ᠰᠤᠷᠤᠯᠴᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ | ᠴᠢᠨᠰᠠᠭ᠎ᠠ ᠶᠢ ᠪᠠᠲᠤᠯᠠᠬᠤ ᠬᠡᠷᠡᠭᠲᠡᠶ᠃ | ᠭᠤᠴᠢ ᠶᠢᠰᠦᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠠᠵᠢᠯ ᠣᠯᠵᠤ ᠦᠢᠯᠡᠰ | ᠪᠣᠰᠬᠠᠬᠤ ᠶᠢ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠵᠦᠢᠯ ᠤᠨ ᠬᠡᠯᠪᠡᠷᠢ ᠪᠠᠷ | ᠰᠤᠷᠤᠭᠴᠢᠳ ᠲᠤ ᠠᠵᠢᠯ ᠮᠡᠷᠭᠡᠵᠢᠯ ᠢ ᠲᠥᠯᠦᠪᠵᠢᠭᠦᠯᠬᠦ᠂ ᠠᠵᠢᠯ ᠮᠡᠷᠭᠡᠵᠢᠯ ᠢ ᠣᠶᠢᠯᠠᠭᠠᠭᠤᠯᠬᠤ᠂ ᠠᠵᠢᠯ ᠡᠷᠢᠬᠦ ᠶᠢ | ᠵᠢᠯᠣᠭᠤᠳᠬᠤ ᠵᠡᠷᠭᠡ ᠠᠵᠢᠯ ᠣᠯᠵᠤ ᠦᠢᠯᠡᠰ ᠪᠣᠰᠬᠠᠬᠤ ᠦᠢᠯᠡᠴᠢᠯᠡᠭᠡ ᠶᠢ ᠬᠠᠩᠭᠠᠵᠤ᠂ ᠰᠤᠷᠤᠭᠴᠢᠳ ᠤᠨ ᠠᠵᠢᠯ | ᠣᠯᠵᠤ ᠦᠢᠯᠡᠰ ᠪᠣᠰᠬᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃ | ᠳᠥᠴᠢᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠳᠤ ᠪᠠᠨ ᠠᠵᠤ ᠦᠢᠯᠡᠰ ᠪᠠ ᠰᠤᠷᠭᠠᠨ | ᠬᠥᠮᠦᠵᠢᠯ ᠤᠨ ᠠᠭᠤᠰᠤᠯᠴᠠᠭ᠎ᠠ ᠶᠢ ᠴᠢᠬᠤᠯᠠᠴᠢᠯᠠᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠬᠡᠷᠡᠭᠵᠢᠭᠦᠯᠬᠦ ᠬᠡᠷᠡᠭᠲᠡᠢ᠃ | ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠠᠵᠢᠯ | ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠵᠡᠷᠭᠡ ᠯᠦᠭᠡ | ᠬᠠᠮᠲᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠡᠷᠬᠢᠯᠡᠬᠦ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠪᠦᠯᠦᠭᠯᠡᠯ ᠢ ᠵᠣᠬᠢᠶᠠᠨ ᠪᠠᠶᠢᠭᠤᠯᠬᠤ᠂ ᠵᠠᠬᠢᠶᠠᠯᠠᠭ᠎ᠠ ᠪᠠᠷ ᠬᠥᠮᠦᠵᠢᠭᠦᠯᠬᠦ ᠵᠡᠷᠭᠡ ᠣᠯᠠᠨ | ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ ᠬᠤᠷᠰᠢᠶᠠᠯᠠᠵᠤ ᠪᠣᠯᠤᠨ᠎ᠠ᠃ | ᠤᠯᠤᠰ ᠠᠴᠠ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠵᠦ ᠠᠵᠢᠯ ᠣᠯᠭᠤᠬᠤ᠂ | ᠴᠢᠳᠠᠪᠤᠷᠢᠲᠠᠨ ᠢ ᠬᠥᠮᠦᠵᠢᠭᠦᠯᠬᠦ ᠲᠥᠰᠦᠯ ᠲᠣᠭᠲᠠᠭᠠᠬᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠲᠤᠰᠬᠠᠶ | ᠮᠡᠷᠭᠡᠵᠢᠯ ᠤᠨ ᠲᠥᠯᠥᠪᠵᠢᠭᠦᠯᠭᠡ᠂ ᠬᠢᠴᠢᠶᠡᠯ ᠤᠨ ᠲᠣᠬᠢᠷᠠᠭᠤᠯᠤᠯᠲᠠ᠂ ᠵᠢᠭᠠᠬᠤ ᠮᠠᠲ᠋ᠧᠷᠢᠶᠠᠯ ᠤᠨ ᠨᠡᠭᠡᠭᠡᠯᠲᠡ᠂ | ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ᠂ ᠵᠢᠭᠠᠨ ᠰᠤᠷᠭᠠᠯᠲᠠ ᠶᠢᠨ ᠬᠡᠷᠡᠭᠵᠢᠭᠦᠯᠦᠯᠲᠡ᠂ ᠴᠢᠨᠠᠷ | ᠴᠢᠨᠰᠠᠭ᠎ᠠ ᠶᠢᠨ ᠦᠨᠡᠯᠡᠯᠲᠡ᠂ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠤᠨ ᠦᠢᠯᠡᠴᠢᠯᠡᠭᠡ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠢᠴᠢ ᠮᠡᠷᠭᠡᠵᠢᠯ ᠤᠨ ᠤᠷ᠎ᠠ ᠴᠢᠳᠠᠪᠤᠷᠢ ᠶᠢᠨ | ᠰᠢᠨ᠎ᠡ ᠶᠢ ᠡᠭᠦᠳᠬᠦ ᠲᠠᠪᠴᠠᠩ᠂ ᠲᠤᠰᠬᠠᠶᠢᠵᠢᠭᠰᠠᠨ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ᠂ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠤᠯᠪᠤᠭᠳᠠᠬᠤ ᠠᠵᠢᠯ | ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠵᠡᠷᠭᠡ ᠯᠦᠭᠡ | ᠬᠠᠮᠲᠤᠷᠠᠯᠴᠠᠭᠠᠨ ᠤ ᠲᠣᠭᠲᠠᠴᠠ ᠪᠠᠶᠢᠭᠤᠯᠬᠤ ᠶᠢ ᠵᠣᠷᠢᠭᠵᠢᠭᠤᠯᠤᠨ᠎ᠠ᠃ ᠬᠠᠮᠲᠤᠷᠠᠯᠴᠠᠭ᠎ᠠ ᠥᠷᠨᠢᠭᠦᠯᠬᠦ ᠳᠤ | ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ ᠲᠣᠳᠣᠷᠬᠠᠶᠢᠯᠠᠬᠤ ᠬᠡᠷᠡᠭᠲᠡᠢ᠃ | ᠳᠥᠴᠢᠨ ᠨᠢᠭᠡᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠥᠷᠨᠢᠭᠦᠯᠵᠦ᠂ | ᠨᠡᠶᠢᠭᠡᠮ ᠤᠨ ᠦᠢᠯᠡᠴᠢᠯᠡᠭᠡ ᠬᠠᠩᠭᠠᠬᠤ ᠪᠤᠶᠤ ᠳᠠᠳᠤᠯᠭ᠎ᠠ ᠪᠣᠯᠪᠠᠰᠤᠷᠠᠯ ᠬᠢᠬᠦ ᠪᠠᠷ ᠵᠣᠷᠢᠯᠭ᠎ᠠ ᠪᠣᠯᠭᠠᠨ ᠠᠵᠤ | ᠠᠬᠤᠶᠢᠯᠠᠯ ᠡᠷᠬᠢᠯᠡᠵᠦ᠂ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠭᠡᠳ ᠣᠯᠤᠭᠰᠠᠨ ᠣᠷᠣᠯᠭ᠎ᠠ ᠶᠢ ᠰᠤᠷᠭᠠᠭᠤᠯᠢ | ᠡᠷᠬᠢᠯᠡᠬᠦ ᠨᠥᠬᠦᠴᠡᠯ ᠢᠶᠠᠨ ᠰᠠᠶᠢᠵᠢᠷᠠᠭᠤᠯᠬᠤ ᠳᠤ ᠬᠡᠷᠡᠭᠯᠡᠨ᠎ᠡ︔ ᠣᠷᠣᠯᠭ᠎ᠠ ᠶᠢᠨ ᠵᠣᠬᠢᠬᠤ ᠬᠠᠷᠢᠴᠠᠯ ᠢ ᠪᠠᠭᠰᠢ᠂ | ᠠᠵᠤ ᠠᠬᠤᠶᠢᠯᠠᠯ ᠤᠨ ᠲᠤᠰᠬᠠᠶ ᠮᠡᠷᠭᠡᠵᠢᠯᠲᠡᠨ᠂ ᠭᠠᠳᠠᠨ᠎ᠠ ᠠᠴᠠ ᠤᠷᠢᠭᠳᠠᠭᠴᠢ ᠪᠠ ᠰᠤᠷᠭᠠᠨ ᠬᠥᠮᠦᠵᠢᠯ | ᠬᠦᠷᠲᠡᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠳᠤ ᠬᠡᠷᠡᠭᠯᠡᠵᠦ ᠪᠣᠯᠤᠨ᠎ᠠ᠂ ᠪᠠᠰᠠ ᠬᠢᠷᠢ | ᠪᠦᠲᠦᠮᠵᠢ ᠶᠢᠨ ᠴᠠᠯᠢᠩ ᠤᠨ ᠢᠷᠡᠯᠲᠡ ᠪᠣᠯᠭᠠᠵᠤ᠂ ᠤᠯᠤᠰ ᠤᠨ ᠲᠣᠭᠲᠠᠭᠠᠯ ᠳᠤ ᠨᠡᠶᠢᠴᠡᠪᠡᠯ ᠬᠢᠷᠢ ᠪᠦᠲᠦᠮᠵᠢ ᠶᠢᠨ | ᠴᠠᠯᠢᠩ ᠤᠨ ᠶᠡᠷᠦᠩᠬᠡᠶ ᠬᠡᠮᠵᠢᠶ᠎ᠡ ᠶᠢᠨ ᠬᠢᠵᠠᠭᠠᠷᠯᠠᠯ ᠢ ᠬᠦᠯᠢᠶᠡᠬᠦ ᠦᠭᠡᠶ ᠪᠠᠶᠢᠵᠤ ᠪᠣᠯᠤᠨ᠎ᠠ᠃ | ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠡᠮᠦᠨᠡᠬᠢ | ᠵᠤᠷᠪᠤᠰ ᠲᠤ ᠲᠣᠭᠲᠠᠭᠠᠭᠰᠠᠨ ᠠᠵᠢᠯᠯᠠᠭ᠎ᠠ ᠶᠢ ᠬᠢᠬᠦ ᠳᠤ ᠤᠯᠤᠰ ᠤᠨ ᠬᠤᠯᠪᠤᠭᠳᠠᠬᠤ ᠲᠣᠭᠲᠠᠭᠠᠯ ᠳᠤ ᠨᠡᠶᠢᠴᠡᠪᠡᠯ᠂ | ᠬᠤᠯᠪᠤᠭᠳᠠᠬᠤ ᠭᠠᠶᠢᠯᠢ ᠪᠠ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠨ᠎ᠡ᠃ | ᠳᠥᠴᠢᠨ ᠬᠤᠶᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠳᠣᠭᠲᠠᠭᠰᠠᠨ ᠰᠦᠢᠳᠬᠡᠯ | ᠬᠤᠷᠢᠶᠠᠬᠤ ᠪᠠᠷᠢᠮᠵᠢᠶ᠎ᠠ ᠪᠠ ᠠᠷᠭ᠎ᠠ ᠶᠢᠨ ᠶᠣᠰᠤ ᠪᠠᠷ ᠰᠤᠷᠤᠯᠭ᠎ᠠ ᠶᠢᠨ ᠰᠦᠢᠳᠬᠡᠯ ᠪᠠ ᠪᠤᠰᠤᠳ ᠴᠢᠬᠤᠯᠠ ᠪᠦᠬᠦᠢ | ᠰᠦᠢᠳᠬᠡᠯ ᠢ ᠬᠤᠷᠢᠶᠠᠨ᠎ᠠ︔ ᠤᠯᠤᠰ ᠠᠴᠠ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠣᠯ ᠬᠠᠰᠤᠵᠤ | ᠬᠡᠯᠲᠦᠷᠢᠭᠦᠯᠬᠦ ᠬᠡᠷᠡᠭᠲᠡᠶ︔ ᠠᠵᠢᠯ ᠲᠠᠨᠢᠯᠴᠠᠭᠤᠯᠬᠤ᠂ ᠳᠠᠳᠤᠯᠭ᠎ᠠ ᠪᠣᠯᠪᠠᠰᠤᠷᠠᠯ ᠬᠢᠬᠦ ᠵᠡᠷᠭᠡ ᠨᠡᠷ᠎ᠡ ᠪᠠᠷ ᠬᠠᠤᠯᠢ ᠶᠢ | ᠵᠥᠷᠢᠴᠡᠨ ᠰᠦᠢᠳᠭᠡᠯ ᠬᠤᠷᠢᠶᠠᠵᠤ ᠪᠣᠯᠬᠤ ᠥᠬᠡᠶ᠃ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠵᠢᠯ ᠮᠡᠷᠭᠡᠵᠢᠯ ᠤᠨ ᠰᠤᠷᠭᠠᠭᠤᠯᠢ | ᠨᠡᠶᠢᠭᠡᠮ ᠳᠤ ᠬᠠᠨᠳᠤᠭᠤᠯᠤᠨ ᠪᠣᠯᠪᠠᠰᠤᠷᠠᠭᠤᠯᠤᠯ ᠥᠷᠨᠢᠭᠦᠯᠦᠭᠰᠡᠨ ᠪᠣᠯ ᠤᠯᠤᠰ ᠤᠨ ᠬᠤᠯᠪᠤᠭᠳᠠᠬᠤ ᠲᠣᠭᠲᠠᠭᠠᠯ | ᠶᠣᠰᠤ ᠪᠠᠷ ᠰᠦᠢᠳᠬᠡᠯ ᠬᠤᠷᠢᠶᠠᠨ᠎ᠠ᠃ | ᠳᠥᠴᠢᠨ ᠭᠤᠷᠪᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ ᠲᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠵᠡᠷᠭᠡ ᠶᠢ | ᠰᠢᠩᠭᠡᠭᠡᠨ ᠠᠪᠴᠤ ᠦᠨᠡᠯᠡᠬᠦ ᠳᠤ ᠣᠷᠣᠯᠴᠠᠭᠤᠯᠬᠤ ᠶᠢᠨ ᠬᠠᠮᠲᠤ ᠬᠤᠯᠪᠤᠭᠳᠠᠬᠤ ᠮᠡᠳᠡᠭᠡ ᠵᠠᠩᠭᠢ ᠶᠢ ᠳᠠᠷᠤᠢ ᠳᠤ ᠨᠢ | ᠢᠯᠡ ᠪᠣᠯᠭᠠᠵᠤ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠬᠦ | ᠬᠡᠷᠡᠭᠲᠡᠶ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠬᠢᠨ ᠬᠤᠯᠪᠤᠭᠳᠠᠬᠤ ᠰᠠᠯᠠᠭ᠎ᠠ ᠮᠥᠴᠢᠷ᠂ ᠠᠵᠢᠯ ᠲᠦᠷᠦᠯ ᠤᠨ ᠵᠣᠬᠢᠶᠠᠨ | ᠪᠠᠶᠢᠭᠤᠯᠤᠯᠲᠠ ᠲᠠᠢ ᠬᠠᠮᠲᠤᠷᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠲᠤ ᠨᠡᠶᠢᠴᠡᠭᠰᠡᠨ ᠴᠢᠨᠠᠷ | ᠴᠢᠨᠰᠠᠭ᠎ᠠ ᠶᠢ ᠦᠨᠡᠯᠡᠬᠦ ᠳᠣᠭᠲᠠᠯᠴᠠᠭ᠎ᠠ ᠶᠢ ᠪᠠᠶᠢᠭᠤᠯᠵᠤ᠂ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠠᠵᠤ | ᠠᠬᠤᠶᠢᠯᠠᠯ ᠪᠠ ᠭᠤᠷᠪᠠᠳᠠᠬᠢ ᠡᠲᠡᠭᠡᠳ ᠤᠨ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ ᠪᠤᠶᠤ | ᠨᠠᠶᠢᠳᠠᠵᠤ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ ᠦᠨᠡᠯᠡᠨ | ᠵᠢᠱᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ ᠳᠠᠷᠤᠢ ᠳᠤ ᠨᠢ ᠢᠯᠡ ᠪᠣᠯᠭᠠᠬᠤ ᠬᠡᠷᠡᠭᠲᠡᠢ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢᠨ ᠦᠨᠡᠯᠡᠯᠲᠡ ᠨᠢ ᠠᠵᠢᠯ ᠣᠯᠭᠤᠬᠤ | ᠤᠳᠤᠷᠢᠳᠤᠮᠵᠢ ᠶᠢ ᠲᠣᠪᠤᠶᠢᠯᠭᠠᠵᠤ᠂ ᠰᠤᠷᠭᠠᠨ ᠬᠥᠮᠦᠵᠢᠯ ᠬᠦᠷᠲᠡᠭᠰᠡᠳ ᠤᠨ ᠡᠷᠬᠢᠯᠡᠭᠰᠡᠨ ᠠᠵᠢᠯ ᠤᠨ ᠶᠣᠰᠣ ᠮᠣᠷᠠᠯ | ᠂ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ᠂ ᠠᠵᠢᠯ ᠣᠯᠬᠤ ᠴᠢᠨᠠᠷ ᠴᠢᠨᠰᠠᠭ᠎ᠠ ᠪᠠᠷ ᠴᠢᠬᠤᠯᠠ ᠭᠦᠢᠴᠡᠳᠬᠡᠬᠦ ᠲᠤᠭ᠎ᠠ | ᠪᠣᠯᠭᠠᠵᠤ᠂ ᠠᠵᠢᠯ ᠮᠡᠷᠭᠡᠵᠢᠯ ᠤᠨ ᠰᠤᠷᠭᠠᠭᠤᠯᠢ ᠶᠢ ᠬᠥᠲᠥᠯᠥᠨ ᠵᠢᠯᠣᠭᠤᠳᠴᠤ ᠥᠨᠳᠥᠷ ᠮᠡᠳᠡᠯᠭᠡ ᠪᠣᠯᠪᠠᠰᠤᠷᠠᠯ ᠲᠠᠢ | ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠶ᠃ | ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠣᠰᠤ ᠪᠠᠷ ᠠᠵᠢᠯ | ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ | | ᠲᠠᠪᠤᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠪᠠᠭᠰᠢ ᠪᠠ ᠰᠤᠷᠭᠠᠨ ᠬᠥᠮᠦᠵᠢᠯ ᠬᠦᠷᠳᠡᠭᠴᠢᠦᠠ | | ᠳᠥᠴᠢᠨ ᠳᠥᠷᠪᠡᠳᠦᠭᠡᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ | ᠡᠷᠬᠡ ᠶᠢ ᠪᠠᠲᠤᠯᠠᠵᠤ᠂ ᠲᠤᠰᠬᠠᠢ ᠮᠡᠷᠭᠡᠵᠢᠯ ᠤᠨ ᠬᠡᠪ ᠴᠢᠨᠠᠷ ᠪᠠ ᠨᠡᠶᠢᠭᠡᠮ ᠤᠨ ᠪᠠᠶᠢᠷᠢ ᠰᠠᠭᠤᠷᠢ ᠶᠢ | ᠳᠡᠭᠡᠭᠰᠢᠯᠡᠭᠦᠯᠦᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠤᠭᠳᠠᠬᠤ ᠰᠠᠯᠠᠭ᠎ᠠ | ᠮᠥᠴᠢᠷ ᠤᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ | ᠠᠵᠢᠯ ᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨᠬᠥ᠋ᠭᠵᠢᠭᠦᠯᠦᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠶᠢ ᠪᠠᠲᠤᠯᠠᠬᠤ ᠬᠡᠷᠡᠭᠲᠡᠢ᠃ | ᠳᠥᠴᠢᠨ ᠲᠠᠪᠤᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢ | ᠬᠥᠮᠦᠵᠢᠭᠦᠯᠦᠨ ᠪᠣᠯᠪᠠᠰᠤᠷᠠᠭᠤᠯᠬᠤ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠪᠠᠭᠰᠢ ᠶᠢᠨ ᠲᠤᠰᠬᠠᠶᠢᠵᠢᠭᠰᠠᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠲᠤᠰᠬᠠᠶ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠳᠡᠭᠡᠳᠦ ᠰᠤᠷᠭᠠᠭᠤᠯᠢ ᠪᠠᠶᠢᠭᠤᠯᠬᠤ ᠶᠢ ᠵᠣᠷᠢᠭᠵᠢᠭᠤᠯᠵᠤ᠂ | ᠳᠡᠭᠡᠳᠦ ᠰᠤᠷᠭᠠᠭᠤᠯᠢ ᠠᠴᠠ ᠬᠤᠯᠪᠤᠭᠳᠠᠬᠤ ᠲᠤᠰᠬᠠᠶ ᠮᠡᠷᠭᠡᠵᠢᠯ ᠪᠠᠶᠢᠭᠤᠯᠬᠤ ᠶᠢ ᠳᠡᠮᠵᠢᠵᠦ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠪᠠᠭᠰᠢ ᠶᠢ ᠬᠥᠮᠦᠵᠢᠭᠦᠯᠬᠦ ᠬᠡᠷᠡᠭᠲᠡᠶ︔ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ | ᠠᠵᠤ ᠠᠬᠤᠶᠢᠯᠠᠯ ᠬᠠᠮᠲᠤ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢ ᠬᠥᠮᠦᠵᠢᠭᠦᠯᠬᠦ ᠪᠠ | ᠪᠣᠯᠪᠠᠰᠤᠷᠠᠭᠤᠯᠬᠤ ᠳᠤ ᠣᠷᠣᠯᠴᠠᠬᠤ ᠶᠢ ᠵᠣᠷᠢᠭᠵᠢᠭᠤᠯᠤᠨ᠎ᠠ᠃ | ᠠᠵᠤ ᠦᠢᠯᠡᠰ ᠪᠣᠯᠤᠨ ᠰᠤᠷᠭᠠᠨ ᠬᠥᠮᠦᠵᠢᠯ ᠢ ᠠᠭᠤᠰᠬᠠᠭᠰᠠᠨ ᠠᠵᠤ ᠠᠬᠤᠶᠢᠯᠠᠯ᠂ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ ᠤᠳ ᠵᠣᠬᠢᠬᠤ ᠬᠠᠷᠢᠴᠠᠯ ᠢᠶᠠᠷ ᠠᠵᠢᠯ ᠤᠨ ᠪᠠᠶᠢᠷᠢ ᠳᠣᠭᠢᠷᠠᠭᠤᠯᠵᠤ᠂ ᠠᠵᠢᠯ | ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠠᠭᠰᠢ ᠨᠠᠷ ᠤᠨ | ᠦᠢᠯᠡᠳᠦᠯᠭᠡ ᠳᠤ ᠣᠷᠣᠯᠴᠠᠬᠤ ᠶᠢ ᠭᠥᠯᠢᠶᠡᠨ ᠠᠪᠬᠤ ᠬᠡᠷᠡᠭᠲᠡᠶ᠃ | ᠳᠥᠴᠢᠨ ᠵᠢᠷᠭᠤᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠪᠠ | ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠠᠵᠢᠯ ᠤᠨ | ᠪᠠᠶᠢᠷᠢ ᠶᠢᠨ ᠪᠠᠶᠢᠷᠢᠯᠠᠭᠤᠯᠤᠯᠲᠠ ᠪᠠ ᠲᠤᠰᠢᠶᠠᠯ ︵ᠮᠡᠷᠭᠡᠵᠢᠯ ᠤᠨ ᠴᠣᠯᠠ︶ ᠲᠣᠭᠲᠠᠭᠠᠬᠤ ᠪᠠ ᠤᠷᠢᠬᠤ ᠳᠦᠷᠢᠮ ᠢ | ᠪᠠᠶᠢᠭᠤᠯᠤᠨ ᠲᠡᠭᠦᠯᠳᠡᠷᠵᠢᠭᠦᠯᠦᠨ᠎ᠡ᠃ | ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠪᠠᠭᠰᠢ ︵ᠳᠠᠳᠤᠯᠭ᠎ᠠ ᠶᠢ | ᠵᠢᠭᠠᠨ ᠵᠢᠯᠣᠭᠤᠳᠬᠤ ᠪᠠᠭᠰᠢ ᠶᠢ ᠪᠠᠭᠲᠠᠭᠠᠨ᠎ᠠ︶ ᠨᠢ ᠵᠣᠬᠢᠬᠤ ᠵᠢᠯ ᠤᠨ ᠬᠠᠷᠠᠭᠠᠯᠵᠠᠭᠰᠠᠨ ᠠᠵᠢᠯ ᠤᠨ ᠳᠤᠷᠰᠢᠯᠭ᠎ᠠ | ᠲᠠᠢ ᠪᠤᠶᠤ ᠦᠢᠯᠡᠳᠦᠯᠭᠡ ᠶᠢᠨ ᠲᠤᠷᠰᠢᠯᠭ᠎ᠠ ᠲᠠᠢ ᠪᠠᠶᠢᠵᠤ᠂ ᠵᠣᠬᠢᠬᠤ ᠤᠷ᠎ᠠ ᠴᠢᠳᠠᠪᠤᠷᠢ ᠶᠢᠨ ᠬᠢᠷᠢ ᠲᠦᠪᠰᠢᠨ ᠳᠤ | ᠬᠦᠷᠦᠭᠰᠡᠨ ᠪᠠᠶᠢᠬᠤ ᠬᠡᠷᠡᠭᠲᠡᠶ᠃ | ᠨᠥᠬᠦᠴᠡᠯ ᠪᠦᠷᠢᠳᠦᠭᠰᠡᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠡᠵᠡᠩᠨᠡᠯᠲᠡ ᠬᠠᠮᠢᠶᠠᠷᠤᠯᠲᠠ | ᠪᠠ ᠲᠤᠰᠬᠠᠢ ᠮᠡᠷᠭᠡᠵᠢᠯ ᠤᠨ ᠠᠵᠢᠯᠳᠠᠨ ᠵᠢᠴᠢ ᠲᠤᠰᠬᠠᠢ ᠮᠡᠷᠭᠡᠵᠢᠯ ᠤᠨ ᠮᠡᠳᠡᠯᠭᠡ ᠲᠠᠢ ᠪᠤᠶᠤ ᠣᠨᠴᠠᠭᠠᠢ ᠤᠷ᠎ᠠ | ᠴᠢᠳᠠᠪᠤᠷᠢ ᠲᠠᠢ ᠪᠤᠰᠤᠳ ᠠᠵᠢᠯᠳᠠᠨ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠴᠢᠳᠠᠪᠤᠷᠢ ᠶᠢᠨ | ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠪᠣᠯ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠲᠤᠰᠢᠶᠠᠯ ᠤᠨ | ᠪᠤᠶᠤ ᠲᠤᠰᠢᠶᠠᠯ ᠬᠠᠪᠰᠤᠷᠭᠠᠭᠰᠠᠨ ᠲᠤᠰᠬᠠᠢ ᠮᠡᠷᠭᠡᠵᠢᠯ ᠤᠨ ᠬᠢᠴᠢᠶᠡᠯ ᠤᠨ ᠪᠠᠭᠰᠢ ᠪᠤᠯᠵᠤ ᠪᠣᠯᠤᠨ᠎ᠠ︔ ᠪᠠᠭᠰᠢ ᠶᠢᠨ | ᠬᠢᠷᠢ ᠬᠡᠮ ᠢ ᠣᠯᠤᠭᠰᠠᠨ ᠪᠣᠯ ᠲᠡᠭᠦᠨ ᠤ ᠮᠡᠷᠭᠡᠵᠢᠯ ᠤᠨ ᠴᠣᠯᠠ ᠶᠢ ᠦᠨᠳᠦᠰᠦᠯᠡᠨ ᠵᠣᠬᠢᠬᠤ ᠪᠠᠭᠰᠢ ᠶᠢᠨ | ᠲᠤᠰᠢᠶᠠᠯ ᠳᠤ ᠤᠷᠢᠵᠤ ᠪᠣᠯᠤᠨ᠎ᠠ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ | ᠪᠠᠭᠰᠢ ᠶᠢᠨ ᠬᠢᠷᠢ ᠬᠡᠮ ᠢ ᠤᠯᠬᠤ ᠳᠤ ᠪᠠᠶᠢᠳᠠᠯ ᠢ ᠦᠵᠡᠵᠦ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ | ᠪᠠᠭᠤᠷᠠᠭᠤᠯᠵᠤ ᠪᠣᠯᠤᠨ᠎ᠠ᠃ | ᠳᠥᠴᠢᠨ ᠳᠣᠯᠣᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠭᠤᠯᠢ ᠶᠢᠨ ᠤᠷ᠎ᠠ ᠴᠢᠳᠠᠪᠤᠷᠢᠲᠤ | ᠶᠡᠭᠡ ᠮᠠᠰᠲ᠋ᠧᠷ᠂ ᠬᠥᠳᠡᠯᠮᠦᠷᠢ ᠶᠢᠨ ᠵᠢᠱᠢᠶᠡᠴᠢ᠂ ᠤᠷᠠᠨ ᠳᠠᠷᠬᠠᠨ᠂ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠵᠡᠷᠭᠡ ᠳᠡᠭᠡᠳᠦ ᠳᠡᠰ ᠤᠨ ᠤᠷ᠎ᠠ ᠴᠢᠳᠠᠪᠤᠷᠢᠲᠤ | ᠴᠢᠳᠠᠪᠤᠷᠢᠲᠠᠨ ᠢ ᠤᠷᠢᠵᠤ᠂ ᠲᠤᠰᠬᠠᠢ ᠪᠤᠶᠤ ᠲᠤᠰᠢᠶᠠᠯ ᠬᠠᠪᠰᠤᠷᠭᠠᠭᠰᠠᠨ ᠲᠤᠰᠬᠠᠢ ᠮᠡᠷᠭᠡᠵᠢᠯ ᠤᠨ ᠬᠢᠴᠢᠶᠡᠯ ᠤᠨ | ᠪᠠᠭᠰᠢ ᠪᠣᠯᠭᠠᠵᠤ᠂ ᠠᠵᠢᠯᠯᠠᠬᠤ ᠲᠠᠰᠤᠭ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠳᠠᠪᠤᠷᠢᠲᠠᠨ ᠢ | ᠬᠥᠮᠦᠵᠢᠭᠦᠯᠬᠦ᠂ ᠮᠡᠷᠭᠡᠵᠢᠯ ᠢ ᠨᠡᠭᠡᠭᠡᠨ ᠬᠥᠭᠵᠢᠭᠦᠯᠬᠦ᠂ ᠤᠷ᠎ᠠ ᠴᠢᠳᠠᠪᠤᠷᠢ ᠶᠢ ᠤᠯᠠᠮᠵᠢᠯᠠᠨ ᠵᠠᠯᠭᠠᠮᠵᠢᠯᠠᠬᠤ ᠵᠡᠷᠭᠡ | ᠠᠵᠢᠯ ᠳᠤ ᠣᠷᠣᠯᠴᠠᠭᠤᠯᠬᠤ ᠶᠢ ᠵᠣᠷᠢᠭᠵᠢᠭᠤᠯᠤᠨ᠎ᠠ᠃ | ᠳᠥᠴᠢᠨ ᠨᠠᠢᠮᠠᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠳᠡᠠ | ᠠᠵᠢᠯᠴᠢᠨ ᠢ ᠲᠤᠬᠢᠷᠡᠭᠤᠯᠬᠤ ᠦᠨᠳᠦᠰᠦᠨ ᠪᠠᠷᠢᠮᠵᠢᠶ᠎ᠠ ᠶᠢ ᠲᠣᠭᠲᠠᠭᠠᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠦᠨᠳᠦᠰᠦᠨ ᠪᠠᠷᠢᠮᠵᠢᠶ᠎ᠠ ᠶᠢ ᠦᠨᠳᠦᠰᠦᠯᠡᠨ ᠲᠤᠰ ᠭᠠᠵᠠᠷ ᠣᠷᠣᠨ ᠤ ᠪᠠᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠢ ᠲᠣᠬᠢᠷᠠᠭᠤᠯᠬᠤ ᠪᠠᠷᠢᠮᠵᠢᠶ᠎ᠠ ᠶᠢ ᠳᠣᠭᠲᠠᠭᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠠᠭᠰᠢ | ᠠᠵᠢᠯᠲᠠᠨ ᠠᠵᠢᠯᠴᠢᠨ ᠢ ᠲᠣᠬᠢᠷᠠᠭᠤᠯᠬᠤ ᠪᠠᠷᠢᠮᠵᠢᠶ᠎ᠠ᠂ ᠰᠤᠷᠭᠠᠭᠤᠯᠢ ᠡᠷᠬᠢᠯᠡᠬᠦ ᠬᠡᠪᠴᠢᠶ᠎ᠡ ᠵᠡᠷᠭᠡ ᠶᠢ ᠦᠨᠳᠦᠰᠦᠯᠡᠨ᠂ | ᠠᠯᠪᠠᠨ ᠠᠴᠠ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠬᠡᠪᠴᠢᠶ᠎ᠡ ᠶᠢ | ᠲᠣᠭᠲᠠᠭᠠᠬᠤ ᠬᠡᠷᠡᠭᠲᠡᠶ᠂ ᠡᠭᠦᠨ ᠳᠤ ᠵᠣᠬᠢᠬᠤ ᠬᠠᠷᠢᠴᠠᠯ ᠢ ᠠᠵᠢᠯ ᠮᠡᠷᠭᠡᠵᠢᠯ ᠤᠨ ᠰᠤᠷᠭᠠᠭᠤᠯᠢ ᠶᠢᠨ ᠨᠡᠶᠢᠭᠡᠮ ᠳᠤ | ᠬᠠᠨᠳᠤᠭᠤᠯᠤᠨ ᠲᠤᠰᠬᠠᠶ ᠮᠡᠷᠭᠡᠵᠢᠯ ᠤᠨ ᠠᠵᠢᠯᠲᠠᠨ᠂ ᠤᠷ᠎ᠠ ᠴᠢᠳᠠᠪᠤᠷᠢᠲᠤ ᠴᠢᠳᠠᠪᠤᠷᠢᠲᠠᠨ ᠢ ᠢᠯᠡ ᠪᠠᠷ ᠤᠷᠢᠵᠤ | ᠲᠤᠰᠬᠠᠶ ᠪᠤᠶᠤ ᠲᠤᠰᠢᠶᠠᠯ ᠬᠠᠪᠰᠤᠷᠭᠠᠭᠰᠠᠨ ᠪᠠᠭᠰᠢ ᠪᠣᠯᠭᠠᠨ ᠬᠡᠷᠡᠭᠯᠡᠵᠦ ᠪᠣᠯᠤᠨ᠎ᠠ᠃ | ᠳᠥᠴᠢ ᠶᠢᠰᠦᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠬᠠᠤᠯᠢ ᠴᠠᠭᠠᠵᠠ᠂ | ᠬᠠᠤᠯᠢ ᠳᠦᠷᠢᠮ ᠪᠣᠯᠤᠨ ᠰᠤᠷᠤᠭᠴᠢ ᠶᠢᠨ ᠦᠢᠯᠡ ᠠᠵᠢᠯᠯᠠᠭᠠᠨ ᠤ ᠳᠦᠷᠢᠮᠵᠢᠯ ᠢ ᠵᠢᠷᠤᠮᠯᠠᠨ᠂ ᠰᠠᠶᠢᠨ ᠰᠠᠶᠢᠬᠠᠨ | ᠠᠵᠢᠯ ᠮᠡᠷᠭᠡᠵᠢᠯ ᠤᠨ ᠶᠣᠰᠣ ᠮᠣᠷᠠᠯ᠂ ᠠᠵᠢᠯ ᠮᠡᠷᠭᠡᠵᠢᠯ ᠤᠨ ᠵᠣᠷᠢᠭ ᠰᠠᠨᠠᠭ᠎ᠠ ᠪᠣᠯᠤᠨ ᠦᠢᠯᠡ ᠠᠵᠢᠯᠯᠠᠭᠠᠨ ᠤ | ᠳᠠᠳᠬᠠᠯ ᠲᠠᠢ ᠪᠣᠯᠵᠣ᠂ ᠴᠢᠷᠮᠠᠶᠢᠨ ᠰᠤᠷᠤᠯᠴᠠᠵᠤ᠂ ᠳᠣᠭᠲᠠᠭᠰᠠᠨ ᠰᠤᠷᠤᠯᠴᠠᠬᠤ ᠡᠭᠦᠷᠭᠡ ᠪᠠᠨ ᠪᠡᠶᠡᠯᠡᠭᠦᠯᠦᠨ᠂ | ᠱᠠᠭᠠᠷᠳᠠᠯᠭ᠎ᠠ ᠶᠣᠰᠤ ᠪᠠᠷ ᠳᠠᠳᠤᠯᠭ᠎ᠠ ᠪᠣᠯᠪᠠᠰᠤᠷᠠᠯ ᠳᠤ ᠣᠷᠣᠯᠴᠠᠵᠤ᠂ ᠮᠡᠷᠭᠡᠵᠢᠯ ᠤᠨ ᠤᠷ᠎ᠠ ᠴᠢᠳᠠᠪᠤᠷᠢ ᠶᠢ ᠡᠵᠡᠮᠰᠢᠬᠦ | ᠬᠡᠷᠡᠭᠲᠡᠶ᠃ | ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠪᠠᠷ | ᠬᠠᠮᠠᠭᠠᠯᠠᠨ᠎ᠠ᠃ | ᠲᠠᠪᠢᠳᠤᠭᠠᠷ ᠵᠦᠢᠯ ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠬᠢᠨ ᠳᠠᠳᠤᠯᠭ᠎ᠠ | ᠬᠢᠬᠦ ᠠᠵᠢᠯ ᠤᠨ ᠪᠠᠶᠢᠷᠢ ᠲᠣᠬᠢᠷᠠᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠤᠭᠴᠢᠳ ᠤᠨ ᠳᠠᠳᠤᠯᠭ᠎ᠠ ᠬᠢᠬᠦ ᠶᠢ ᠬᠦᠯᠢᠶᠡᠨ ᠠᠪᠬᠤ ᠶᠢ | ᠵᠣᠷᠢᠭᠵᠢᠭᠤᠯᠤᠨ᠎ᠠ᠃ ᠳᠠᠳᠤᠯᠭ᠎ᠠ ᠶᠢ ᠬᠦᠯᠢᠶᠡᠨ ᠠᠪᠤᠭᠰᠠᠨ ᠨᠢᠭᠡᠴᠢ ᠨᠢ ᠰᠤᠷᠤᠭᠴᠢᠳ ᠤᠨ ᠳᠠᠳᠤᠯᠭ᠎ᠠ ᠶᠢᠨ | ᠬᠤᠭᠤᠴᠠᠭᠠᠨ ᠳᠤ ᠪᠠᠨ ᠲᠣᠭᠲᠠᠭᠠᠯ ᠶᠣᠰᠤ ᠪᠠᠷ ᠠᠮᠠᠷᠠᠯᠲᠠ ᠪᠠ ᠠᠮᠠᠷᠠᠯᠲᠠ ᠶᠢᠨ ᠴᠢᠯᠦᠭᠡ ᠶᠢ ᠡᠳ᠋ᠯᠡᠬᠦ᠂ | ᠬᠥᠳᠡᠯᠮᠦᠷᠢ ᠶᠢᠨ ᠠᠶᠤᠯ ᠦᠭᠡᠢ ᠪᠠᠶᠢᠳᠠᠯ ᠪᠠ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠬᠦᠷᠲᠡᠬᠦ᠂ ᠬᠤᠯᠪᠤᠭᠳᠠᠬᠤ | ᠳᠠᠭᠠᠳᠬᠠᠯ ᠳᠤ ᠣᠷᠣᠯᠴᠠᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠢᠯᠤᠭᠤᠳᠤᠯᠭ᠎ᠠ ᠶᠢ ᠬᠦᠯᠢᠶᠡᠬᠦ ᠵᠡᠷᠭᠡ | ᠡᠷᠬᠡ ᠶᠢ ᠪᠠᠲᠤᠯᠠᠬᠤ ᠬᠡᠷᠡᠭᠲᠡᠢ︔ ᠠᠵᠢᠯ ᠤᠨ ᠪᠠᠶᠢᠷᠢ ᠳᠤ ᠭᠠᠷᠴᠤ ᠳᠠᠳᠤᠯᠭ᠎ᠠ ᠬᠢᠭᠰᠡᠨ ᠪᠣᠯ ᠳᠠᠳᠤᠯᠭ᠎ᠠ ᠬᠢᠬᠦ | ᠬᠡᠯᠡᠯᠴᠡᠭᠡᠷ ᠲᠣᠭᠲᠠᠭᠠᠵᠤ᠂ ᠵᠣᠬᠢᠬᠤ ᠬᠥᠳᠡᠯᠮᠦᠷᠢ ᠶᠢᠨ ᠬᠥᠯᠥᠰᠥ ᠬᠠᠷᠠᠮᠵᠢ ᠥᠭᠬᠦ ᠬᠡᠷᠡᠭᠲᠡᠢ᠃ | ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ | ᠳᠠᠳᠤᠯᠭ᠎ᠠ ᠪᠣᠯᠪᠠᠰᠤᠷᠠᠯ ᠤᠨ ᠰᠤᠷᠤᠭᠴᠢᠳ ᠲᠤ ᠬᠢᠬᠦ ᠵᠢᠯᠣᠭᠤᠳᠣᠯᠭ᠎ᠠ ᠪᠠᠨ ᠴᠢᠩᠭᠠᠳᠬᠠᠵᠤ᠂ ᠠᠶᠤᠯ ᠥᠬᠡᠶ | ᠦᠢᠯᠡᠳᠪᠦᠷᠢᠯᠡᠯ ᠤᠨ ᠬᠥᠮᠦᠵᠢᠯ ᠢ ᠴᠢᠩᠭᠠᠳᠬᠠᠵᠤ᠂ ᠳᠠᠳᠤᠯᠭ᠎ᠠ ᠬᠢᠬᠦ ᠨᠢᠭᠡᠴᠢ ᠯᠦᠭᠡ ᠵᠥᠪᠳᠡᠯᠴᠡᠵᠦ | ᠰᠤᠷᠤᠭᠴᠢᠳ ᠤᠨ ᠰᠣᠷᠣᠭᠰᠠᠨ ᠲᠤᠰᠬᠠᠶ ᠮᠡᠷᠭᠡᠵᠢᠯ ᠯᠦᠭᠡ ᠳᠣᠭᠢᠷᠠᠯᠴᠠᠭᠰᠠᠨ ᠠᠵᠢᠯ ᠤᠨ ᠪᠠᠶᠢᠷᠢ ᠳᠤ ᠳᠣᠭᠢᠷᠠᠭᠤᠯᠵᠤ᠂ | ᠳᠠᠳᠤᠯᠭ᠎ᠠ ᠪᠣᠯᠪᠠᠰᠤᠷᠠᠯ ᠤᠨ ᠠᠭᠤᠯᠭ᠎ᠠ ᠪᠠ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠶ᠂ ᠰᠤᠷᠤᠭᠴᠢᠳ ᠢᠶᠠᠷ | ᠰᠣᠷᠣᠭᠰᠠᠨ ᠲᠤᠰᠬᠠᠶ ᠮᠡᠷᠭᠡᠵᠢᠯ ᠲᠠᠢ ᠨᠢ ᠬᠤᠯᠪᠤᠭᠳᠠᠬᠤ ᠥᠬᠡᠶ ᠳᠠᠳᠤᠯᠭ᠎ᠠ ᠪᠣᠯᠪᠠᠰᠤᠷᠠᠯ ᠬᠢᠯᠭᠡᠬᠦ ᠪᠠᠷ | ᠲᠣᠬᠢᠷᠠᠭᠤᠯᠵᠤ ᠪᠣᠯᠬᠤ ᠥᠬᠡᠶ᠂ ᠬᠤᠯᠪᠤᠭᠳᠠᠬᠤ ᠲᠣᠭᠲᠠᠭᠠᠯ ᠢ ᠵᠥᠷᠢᠴᠡᠨ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ᠂ ᠡᠰᠡᠬᠦᠯ᠎ᠡ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂ ᠬᠥᠳᠡᠯᠮᠦᠷᠢ ᠦᠢᠯᠡᠴᠢᠯᠡᠭᠡ ᠲᠣᠮᠢᠯᠠᠬᠤ ᠲᠤᠬᠠᠶᠢᠯᠠᠭᠰᠠᠨ | ᠠᠵᠢᠯ ᠢ ᠬᠠᠤᠯᠢ ᠪᠤᠰᠤ ᠪᠠᠷ ᠡᠷᠭᠢᠯᠡᠵᠦ ᠪᠠᠶᠢᠭ᠎ᠠ ᠨᠢᠭᠡᠴᠢ ᠪᠤᠶᠤ ᠬᠤᠪᠢ ᠬᠥᠮᠦᠨ ᠤ ᠵᠣᠬᠢᠶᠠᠨ ᠪᠠᠶᠢᠭᠤᠯᠬᠤ ᠪᠠᠷ | ᠳᠠᠮᠵᠢᠭᠤᠯᠤᠨ ᠰᠤᠷᠤᠭᠴᠢᠳ ᠤᠨ ᠳᠠᠳᠤᠯᠭ᠎ᠠ ᠪᠣᠯᠪᠠᠰᠤᠷᠠᠯ ᠢ ᠳᠣᠭᠢᠷᠠᠭᠤᠯᠤᠨ ᠬᠠᠮᠢᠶᠠᠷᠴᠤ ᠪᠣᠯᠬᠤ ᠥᠬᠡᠶ᠃ | ᠲᠡᠪᠢᠠ ᠨᠢᠭᠡᠳᠦᠭᠡᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠬᠦᠷᠳᠡᠬᠦ ᠳᠤ | ᠬᠠᠷᠠᠭᠠᠯᠵᠠᠭᠰᠠᠨ ᠰᠤᠷᠤᠯᠭ᠎ᠠ ᠶᠢᠨ ᠱᠠᠭᠠᠷᠳᠠᠯᠭ᠎ᠠ ᠳᠤ ᠬᠦᠷᠦᠭᠰᠡᠠ ᠪᠥᠭᠡᠳ ᠰᠤᠷᠭᠠᠭᠤᠯᠢ ᠶᠢᠨ ᠬᠢᠨᠠᠨ ᠰᠢᠯᠭᠠᠯᠲᠠ ᠳᠤ | ᠬᠢᠷᠢ ᠲᠡᠩᠴᠡᠪᠡᠯ ᠬᠠᠷᠠᠭᠠᠯᠵᠠᠭᠰᠠᠨ ᠰᠤᠷᠤᠯᠭ᠎ᠠ ᠶᠢᠨ ᠦᠨᠡᠮᠯᠡᠯ ᠣᠯᠭᠤᠨ᠎ᠠ︔ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠭᠦᠷᠲᠡᠬᠦ ᠳᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠪᠤᠶᠤ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠪᠡᠯ | ᠬᠠᠷᠠᠭᠠᠯᠵᠠᠭᠰᠠᠨ ᠪᠣᠯᠪᠠᠰᠤᠷᠠᠭᠤᠯᠤᠯ ᠤᠨ ᠦᠨᠡᠮᠯᠡᠯ ᠣᠯᠭᠤᠨ᠎ᠠ︔ ᠤᠯᠤᠰ ᠤᠨ ᠲᠣᠭᠲᠠᠭᠠᠯ ᠳᠤ ᠨᠡᠶᠢᠴᠡᠭᠰᠡᠨ | ᠲᠤᠰᠬᠠᠢ ᠪᠠᠶᠢᠭᠤᠯᠤᠮᠵᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠣᠯ ᠬᠠᠷᠠᠭᠠᠯᠵᠠᠭᠰᠠᠨ ᠠᠵᠢᠯ | ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠦᠨᠡᠮᠯᠡᠯ | ᠣᠯᠭᠤᠨ᠎ᠠ᠃ ᠰᠤᠷᠤᠯᠭ᠎ᠠ ᠶᠢᠨ ᠦᠨᠡᠮᠯᠡᠯ᠂ ᠪᠣᠯᠪᠠᠰᠤᠷᠠᠭᠤᠯᠤᠯ ᠤᠨ ᠦᠨᠡᠮᠯᠡᠯ᠂ ᠠᠵᠢᠯ ᠮᠡᠷᠭᠡᠵᠢᠯ ᠤᠨ ᠬᠢᠷᠢ ᠬᠡᠮ ᠤᠨ | ᠦᠨᠡᠮᠯᠡᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠦᠨᠡᠮᠯᠡᠯ ᠢ ᠤᠯᠤᠰ ᠤᠨ ᠬᠤᠯᠪᠤᠭᠳᠠᠬᠤ | ᠲᠣᠭᠲᠠᠭᠠᠯ ᠶᠣᠰᠤ ᠪᠠᠷ ᠰᠤᠷᠭᠠᠨ ᠬᠥᠮᠦᠵᠢᠯ ᠬᠦᠷᠳᠡᠭᠴᠢ ᠶᠢᠨ ᠠᠵᠢᠯ ᠡᠷᠬᠢᠯᠡᠬᠦ ᠭᠡᠷᠡᠴᠢ ᠪᠠᠷᠢᠮᠲᠠ ᠪᠣᠯᠭᠠᠨ᠎ᠠ᠃ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠭᠦᠷᠲᠡᠵᠦ ᠣᠯᠤᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠳᠡᠰ ᠤᠨ | ᠦᠨᠡᠮᠯᠡᠯ᠂ ᠪᠣᠯᠪᠠᠰᠤᠷᠠᠭᠤᠯᠤᠯ ᠤᠨ ᠦᠨᠡᠮᠯᠡᠯ ᠵᠡᠷᠭᠡ ᠰᠤᠷᠤᠯᠴᠠᠭᠰᠠᠨ ᠦᠷ᠎ᠡ ᠪᠦᠲᠦᠭᠡᠯ ᠢ ᠠᠵᠢᠯ ᠮᠡᠷᠭᠡᠵᠢᠯ ᠤᠨ | ᠰᠤᠷᠭᠠᠭᠤᠯᠢ ᠪᠠᠷ ᠭᠡᠷᠡᠴᠢᠯᠡᠭᠦᠯᠵᠦ ᠬᠠᠷᠠᠭᠠᠯᠵᠠᠭᠰᠠᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ | ᠰᠤᠷᠤᠯᠭ᠎ᠠ ᠶᠢᠨ ᠬᠤᠪᠢ ᠪᠣᠯᠭᠠᠨ ᠬᠤᠪᠢᠷᠠᠭᠤᠯᠵᠤ ᠪᠣᠯᠤᠨ᠎ᠠ︔ ᠬᠠᠷᠠᠭᠠᠯᠵᠠᠭᠰᠠᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠯᠭ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠣᠯ ᠬᠠᠷᠠᠭᠠᠯᠵᠠᠭᠰᠠᠨ ᠰᠤᠷᠤᠯᠭ᠎ᠠ ᠶᠢᠨ ᠦᠨᠡᠮᠯᠡᠯ | ᠣᠯᠵᠤ ᠪᠣᠯᠤᠨ᠎ᠠ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ᠂ | ᠰᠤᠷᠤᠯᠭ᠎ᠠ ᠶᠢᠨ ᠬᠢᠷᠢ ᠬᠡᠮᠵᠢᠶ᠎ᠡ ᠨᠢ ᠤᠯᠤᠰ ᠠᠴᠠ ᠲᠣᠭᠲᠠᠭᠠᠭᠰᠠᠨ ᠡᠷᠳᠡᠮ ᠤᠨ ᠴᠣᠯᠠ ᠶᠢᠨ ᠪᠠᠷᠢᠮᠵᠢᠶ᠎ᠠ ᠳᠤ | ᠬᠦᠷᠦᠭᠰᠡᠨ ᠪᠣᠯ ᠬᠠᠤᠯᠢ ᠶᠣᠰᠤ ᠪᠠᠷ ᠬᠠᠷᠠᠭᠠᠯᠵᠠᠭᠰᠠᠨ ᠡᠷᠳᠡᠮ ᠤᠨ ᠴᠣᠯᠠ ᠭᠤᠶᠤᠴᠢᠯᠠᠵᠤ ᠪᠣᠯᠤᠨ᠎ᠠ᠃ | ᠲᠡᠪᠢᠠ ᠬᠤᠶᠠᠳᠤᠭᠠᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠢ ᠱᠠᠩᠨᠠᠨ | ᠬᠥᠬᠢᠭᠦᠯᠬᠦ ᠪᠠ ᠳᠡᠳᠬᠦᠨ ᠲᠤᠰᠠᠯᠠᠬᠤ ᠲᠦᠷᠢᠮ ᠢ ᠪᠠᠶᠢᠭᠤᠯᠵᠤ᠂ ᠣᠨᠴᠠᠭᠠᠢ ᠰᠢᠯᠢᠳᠡᠭ ᠰᠤᠷᠤᠭᠴᠢ ᠶᠢ ᠱᠠᠩᠨᠠᠨ | ᠬᠥᠬᠢᠭᠦᠯᠵᠦ᠂ ᠠᠵᠤ ᠠᠬᠤᠢ ᠶᠢᠨ ᠲᠠᠯ᠎ᠠ ᠪᠠᠷ ᠬᠦᠴᠢᠷᠳᠡᠯᠲᠡᠢ ᠰᠤᠷᠤᠭᠴᠢ ᠶᠢ ᠳᠡᠳᠬᠦᠨ ᠲᠤᠰᠠᠯᠠᠬᠤ ᠶᠢᠨ ᠬᠠᠮᠲᠤ | ᠪᠡᠷᠬᠡ ᠬᠠᠲᠠᠭᠤᠵᠢᠯᠲᠠᠢ᠂ ᠣᠨᠴᠠᠭᠠᠢ ᠠᠵᠢᠯ ᠲᠦᠷᠦᠯ ᠵᠡᠷᠭᠡ ᠲᠤᠰᠬᠠᠢ ᠮᠡᠷᠭᠡᠵᠢᠯ ᠤᠨ ᠰᠤᠷᠤᠭᠴᠢ ᠳᠤ | ᠵᠣᠬᠢᠰᠲᠠᠢ ᠪᠠᠷ ᠬᠡᠯᠪᠠᠶᠢᠯᠭᠡᠨ᠎ᠡ᠃ ᠤᠯᠤᠰ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ | ᠦᠨᠳᠦᠰᠦᠯᠡᠨ ᠱᠠᠩᠨᠠᠬᠤ ᠪᠠ ᠳᠡᠳᠬᠦᠨ ᠲᠤᠰᠠᠯᠠᠬᠤ ᠪᠠᠷᠢᠮᠵᠢᠶ᠎ᠠ ᠳᠤ ᠳᠠᠷᠤᠢ ᠳᠤ ᠨᠢ ᠲᠣᠬᠢᠷᠠᠭᠤᠯᠤᠨ᠎ᠠ᠃ | ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ | ᠵᠢᠴᠢ ᠠᠷᠠᠳ ᠢᠷᠭᠡᠨ ᠬᠤᠪᠢ ᠬᠥᠮᠦᠨ ᠤ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠰᠤᠷᠤᠯᠭ᠎ᠠ ᠶᠢᠨ ᠱᠠᠩᠨᠠᠯ ᠤᠨ ᠮᠥᠩᠭᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ | ᠪᠠᠶᠢᠭᠤᠯᠵᠤ᠂ ᠰᠢᠯᠢᠳᠡᠭ ᠰᠤᠷᠤᠭᠴᠢ ᠶᠢ ᠱᠠᠩᠨᠠᠨ ᠬᠥᠬᠢᠭᠦᠯᠵᠦ᠂ ᠠᠵᠤ ᠠᠬᠤᠢ ᠨᠢ ᠬᠦᠴᠢᠷᠳᠡᠯᠲᠡᠢ ᠰᠤᠷᠤᠭᠴᠢ ᠶᠢ | ᠳᠡᠳᠬᠦᠨ ᠲᠤᠰᠠᠯᠠᠬᠤ ᠶᠢ ᠳᠡᠮᠵᠢᠨ᠎ᠡ᠃ | ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠤᠯᠤᠰ ᠤᠨ ᠬᠤᠯᠪᠤᠭᠳᠠᠬᠤ ᠲᠣᠭᠲᠠᠭᠠᠯ ᠶᠣᠰᠤ ᠪᠠᠷ ᠠᠵᠢᠯ | ᠦᠢᠯᠡᠰ ᠤᠨ ᠣᠷᠣᠯᠭ᠎ᠠ ᠪᠤᠶᠤ ᠰᠤᠷᠤᠯᠭ᠎ᠠ ᠶᠢᠨ ᠰᠦᠢᠳᠬᠡᠯ ᠤᠨ ᠣᠷᠣᠯᠭ᠎ᠠ ᠶᠢᠨ ᠳᠣᠲᠣᠷ᠎ᠠ ᠠᠴᠠ ᠵᠣᠬᠢᠬᠤ | ᠬᠠᠷᠢᠴᠠᠯ ᠢᠶᠠᠷ ᠪᠡᠯᠡ ᠮᠥᠩᠭᠦ ᠭᠠᠷᠭᠠᠵᠤ᠂ ᠰᠤᠷᠤᠭᠴᠢ ᠶᠢ ᠱᠠᠩᠨᠠᠬᠤ ᠪᠠ ᠲᠤᠰᠠᠯᠠᠬᠤ ᠳᠤ ᠬᠡᠷᠡᠭᠯᠡᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠠᠵᠢᠯ ᠮᠡᠷᠭᠡᠵᠢᠯ ᠤᠨ ᠰᠤᠷᠭᠠᠭᠤᠯᠢ ᠶᠢ ᠳᠡᠳᠬᠦᠨ | ᠲᠤᠰᠠᠯᠠᠬᠤ ᠪᠡᠯᠡ ᠮᠥᠩᠭᠦᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠳᠡᠳᠬᠦᠨ ᠲᠤᠰᠠᠯᠠᠬᠤ ᠪᠡᠯᠡ | ᠮᠥᠩᠭᠦᠨ ᠤ ᠬᠠᠮᠢᠶᠠᠷᠤᠯᠲᠠ ᠪᠠ ᠬᠡᠷᠡᠭᠯᠡᠯᠲᠡ ᠶᠢ ᠳᠦᠷᠢᠮᠵᠢᠭᠦᠯᠦᠨ᠎ᠡ᠃ | ᠲᠠᠪᠢᠨ ᠭᠤᠷᠪᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠰᠤᠷᠭᠠᠭᠤᠯᠢ ᠳᠡᠪᠰᠢᠬᠦ᠂ | ᠠᠵᠢᠯ ᠣᠯᠬᠤ᠂ ᠠᠵᠢᠯ ᠮᠡᠷᠭᠡᠵᠢᠯ ᠤᠨ ᠬᠥᠭᠵᠢᠯᠲᠡ ᠵᠡᠷᠭᠡ ᠲᠠᠯ᠎ᠠ ᠪᠠᠷ ᠠᠳᠠᠯᠢ ᠳᠡᠰ ᠤᠨ ᠡᠩ ᠤᠨ | ᠰᠤᠷᠭᠠᠭᠤᠯᠢ ᠶᠢᠨ ᠰᠤᠷᠤᠭᠴᠢ ᠲᠠᠢ ᠠᠳᠠᠯᠢ ᠲᠡᠭᠰᠢ ᠲᠣᠬᠢᠶᠠᠯ ᠲᠠᠢ᠃ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ | ᠬᠡᠷᠡᠭᠵᠢᠭᠦᠯᠬᠦ ᠡᠩ ᠤᠨ ᠳᠡᠭᠡᠳᠦ ᠰᠤᠷᠭᠠᠭᠤᠯᠢ ᠰᠤᠷᠤᠭᠴᠢ ᠡᠯᠰᠡᠬᠦ ᠲᠥᠯᠥᠪᠯᠡᠭᠡ ᠳᠤ ᠪᠠᠨ ᠵᠣᠬᠢᠬᠤ ᠬᠠᠷᠢᠴᠠᠯ | ᠲᠣᠭᠲᠠᠭᠠᠬᠤ ᠪᠤᠶᠤ ᠲᠤᠰᠠᠭᠠᠷ ᠰᠢᠯᠭᠠᠬᠤ ᠠᠷᠭ᠎ᠠ ᠶᠢ ᠠᠪᠴᠤ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ | ᠲᠤᠰᠬᠠᠶᠢᠯᠠᠨ ᠡᠯᠰᠡᠬᠦ ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠡᠷᠬᠡ ᠲᠡᠭᠰᠢ ᠪᠠᠷ ᠠᠵᠢᠯ ᠣᠯᠭᠤᠬᠤ ᠣᠷᠴᠢᠨ | ᠲᠣᠭᠤᠷᠢᠨ ᠢ ᠡᠭᠦᠳᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠤᠨ ᠰᠤᠷᠭᠠᠭᠤᠯᠢ | ᠲᠡᠭᠦᠰᠦᠭᠰᠡᠳ ᠤᠨ ᠡᠷᠬᠡ ᠲᠡᠭᠰᠢ ᠪᠠᠷ ᠠᠵᠢᠯ ᠣᠯᠬᠤ᠂ ᠡᠷᠬᠡ ᠲᠡᠭᠰᠢ ᠪᠠᠷ ᠥᠷᠢᠰᠥᠯᠳᠦᠬᠦ ᠶᠢ ᠬᠠᠷᠰᠢᠯᠠᠬᠤ | ᠰᠢᠯᠭᠠᠭᠤᠯᠬᠤ᠂ ᠡᠯᠰᠡᠬᠦ᠂ ᠤᠷᠢᠬᠤ ᠨᠥᠬᠦᠴᠡᠯ ᠲᠣᠬᠢᠷᠠᠭᠤᠯᠵᠤ ᠪᠣᠯᠬᠤ ᠦᠭᠡᠶ᠃ ᠪᠠᠶᠢᠭᠤᠯᠭ᠎ᠠ᠂ ᠠᠵᠢᠯ | ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠮᠡᠷᠭᠡᠵᠢᠯ ᠤᠨ ᠤᠷ᠎ᠠ ᠴᠢᠳᠠᠪᠤᠷᠢ ᠶᠢᠨ | ᠠᠵᠢᠯ ᠤᠨ ᠪᠠᠶᠢᠷᠢ ᠳᠤ ᠠᠵᠢᠯᠲᠠᠨ ᠡᠯᠰᠡᠬᠦ᠂ ᠤᠷᠢᠬᠤ ᠳᠤ ᠪᠠᠨ ᠮᠡᠷᠭᠡᠵᠢᠯ ᠤᠨ ᠤᠷ᠎ᠠ ᠴᠢᠳᠠᠪᠤᠷᠢ ᠶᠢᠨ | ᠱᠠᠭᠠᠷᠳᠠᠯᠭ᠎ᠠ ᠶᠢ ᠲᠣᠳᠣᠷᠬᠠᠶᠢᠯᠠᠵᠤ᠂ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠡᠯᠰᠡᠬᠦ᠂ ᠤᠷᠢᠬᠤ | ᠶᠢᠨ ᠴᠢᠬᠤᠯᠠ ᠨᠥᠬᠦᠴᠡᠯ ᠪᠣᠯᠭᠠᠬᠤ ᠬᠡᠷᠡᠭᠲᠡᠢ᠃ ᠠᠵᠢᠯ ᠦᠢᠯᠡᠰ ᠤᠨ ᠨᠢᠭᠡᠴᠢ ᠠᠴᠠ ᠢᠯᠡ ᠪᠠᠷ ᠠᠵᠢᠯᠲᠠᠨ ᠡᠯᠰᠡᠬᠦ | ᠶᠠᠪᠤᠴᠠ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ ᠤᠨ ᠱᠠᠭᠠᠷᠳᠠᠯᠭ᠎ᠠ ᠲᠠᠢ ᠠᠵᠢᠯ ᠤᠨ ᠪᠠᠶᠢᠷᠢ ᠳᠤ | ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ ᠪᠣᠯᠤᠨ᠎ᠠ᠃ | | ᠵᠢᠷᠭᠤᠳᠤᠭᠠᠷ ᠪᠦᠯᠦᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠲᠤᠯᠠᠭ᠎ᠠ | | ᠲᠠᠪᠢᠨ ᠳᠥᠷᠪᠡᠳᠦᠭᠡᠷ ᠵᠦᠢᠯ ᠤᠯᠤᠰ ᠠᠴᠠ ᠰᠤᠷᠭᠠᠨ ᠬᠥᠮᠦᠵᠢᠯ ᠤᠨ ᠵᠠᠷᠤᠳᠠᠯ ᠤᠨ ᠵᠠᠷᠤᠯᠭ᠎ᠠ ᠶᠢᠨ | ᠪᠦᠲᠦᠴᠡ ᠶᠢ ᠰᠢᠯᠢᠳᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠡᠯᠡ | ᠣᠷᠣᠭᠤᠯᠤᠯᠲᠠ ᠶᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠲᠠᠢ | ᠵᠣᠬᠢᠴᠠᠭᠤᠯᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ | ᠬᠥᠭᠵᠢᠭᠦᠯᠬᠦ ᠪᠡᠯᠡ ᠮᠥᠩᠭᠦ ᠶᠢ ᠬᠠᠤᠯᠢ ᠶᠣᠰᠤ ᠪᠠᠷ ᠴᠤᠭᠯᠠᠭᠤᠯᠬᠤ ᠶᠢ ᠵᠣᠷᠢᠭᠵᠢᠭᠤᠯᠤᠨ᠎ᠠ᠃ | ᠲᠠᠪᠢᠨ ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠡᠷᠬᠡ ᠪᠣᠯᠤᠨ | ᠵᠠᠷᠤᠯᠭ᠎ᠠ ᠶᠢᠨ ᠬᠠᠷᠢᠭᠤᠴᠠᠯᠭ᠎ᠠ ᠪᠠᠨ ᠬᠠᠷᠢᠯᠴᠠᠨ ᠲᠣᠬᠢᠷᠠᠭᠤᠯᠬᠤ ᠵᠠᠷᠴᠢᠮ ᠶᠣᠰᠤ ᠪᠠᠷ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠰᠤᠷᠭᠠᠭᠤᠯᠢ ᠡᠷᠬᠢᠯᠡᠬᠦ ᠬᠡᠪᠴᠢᠶ᠎ᠡ᠂ ᠬᠥᠮᠦᠵᠢᠭᠦᠯᠬᠦ ᠥᠪᠡᠷ ᠤᠨ ᠥᠷᠲᠡᠭ ᠪᠣᠯᠤᠨ ᠰᠤᠷᠭᠠᠭᠤᠯᠢ | ᠡᠷᠬᠢᠯᠡᠬᠦ ᠴᠢᠨᠠᠷ ᠴᠢᠨᠰᠠᠭ᠎ᠠ ᠵᠡᠷᠭᠡ ᠶᠢ ᠦᠨᠳᠦᠰᠦᠯᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠷᠤᠳᠠᠯ ᠢ | ᠨᠠᠶᠢᠳᠠᠪᠤᠷᠢᠵᠢᠭᠤᠯᠬᠤ ᠶᠢᠨ ᠬᠠᠮᠲᠤ ᠲᠥᠰᠦᠪ ᠤᠨ ᠬᠢᠷᠢ ᠪᠦᠲᠦᠮᠵᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠡᠯᠡ | ᠮᠥᠩᠭᠦ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ | ᠲᠤᠰ ᠭᠠᠵᠠᠷ ᠣᠷᠣᠨ ᠤ ᠪᠠᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠨᠢᠭᠡ ᠪᠦᠷᠢ ᠶᠢᠨ ᠳᠤᠮᠳᠠᠴᠢ | ᠵᠠᠷᠤᠳᠠᠯ ᠤᠨ ᠪᠠᠷᠢᠮᠵᠢᠶ᠎ᠠ ᠪᠤᠶᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠶ᠃ | ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠭᠰᠡᠳ ᠰᠤᠷᠤᠭᠴᠢ ᠨᠢᠭᠡ ᠪᠦᠷᠢ ᠶᠢᠨ ᠳᠤᠮᠳᠠᠴᠢ ᠵᠠᠷᠤᠳᠠᠯ ᠤᠨ ᠪᠠᠷᠢᠮᠵᠢᠶ᠎ᠠ | ᠪᠤᠶᠤ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠣᠰᠤ ᠪᠠᠷ ᠵᠠᠷᠤᠳᠠᠯ ᠢ ᠬᠤᠭᠤᠴᠠᠭᠠᠨ ᠳᠤ ᠪᠠᠨ | ᠭᠦᠢᠴᠡᠳ ᠲᠤᠭ᠎ᠠ ᠪᠠᠷ ᠰᠠᠯᠭᠠᠨ ᠥᠭᠴᠦ᠂ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠲᠠᠰᠤᠷᠠᠯᠲᠠ ᠤᠢᠭᠡᠢ | ᠰᠠᠶᠢᠵᠢᠷᠠᠭᠤᠯᠬᠤ ᠬᠡᠷᠡᠭᠲᠡᠶ᠃ ᠰᠤᠷᠤᠯᠭ᠎ᠠ ᠶᠢᠨ ᠰᠦᠢᠳᠬᠡᠯ᠂ ᠨᠡᠶᠢᠭᠡᠮ ᠤᠨ ᠦᠢᠯᠡᠴᠢᠯᠡᠭᠡᠨ ᠤ ᠣᠷᠣᠯᠭ᠎ᠠ ᠪᠠᠷ | ᠰᠤᠷᠤᠭᠴᠢ ᠶᠢᠨ ᠳᠤᠮᠳᠠᠴᠢ ᠰᠠᠯᠭᠠᠨ ᠥᠭᠬᠦ ᠵᠣᠭᠤᠰ ᠢ ᠲᠤᠯᠭᠠᠨ ᠪᠣᠳᠣᠵᠤ ᠪᠣᠯᠬᠤ ᠦᠭᠡᠶ᠃ | ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠭᠰᠡᠳ ᠠᠳᠠᠯᠢ ᠳᠡᠰ ᠤᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠨᠢᠭᠡ ᠪᠦᠷᠢ ᠶᠢᠨ ᠳᠤᠮᠳᠠᠴᠢ ᠵᠠᠷᠤᠳᠠᠯ ᠤᠨ ᠪᠠᠷᠢᠮᠵᠢᠶ᠎ᠠ ᠪᠠᠷ ᠯᠠᠪᠯᠠᠯᠲᠠ | ᠪᠣᠯᠭᠠᠵᠤ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠵᠠᠷᠤᠳᠠᠯ ᠴᠤᠭᠯᠠᠭᠤᠯᠬᠤ ᠬᠡᠷᠡᠭᠲᠡᠶ᠃ | ᠡᠳ᠋ ᠤᠨ ᠵᠠᠰᠠᠭ ᠤᠨ ᠲᠤᠰᠬᠠᠶ ᠵᠦᠢᠯ ᠢᠶᠠᠷ ᠲᠣᠬᠢᠷᠠᠭᠤᠯᠤᠭᠰᠠᠨ᠂ ᠨᠡᠶᠢᠭᠡᠮ ᠤᠨ ᠬᠢᠨ ᠤ ᠲᠤᠰᠠᠯᠠᠨ ᠬᠦᠷᠭᠡᠭᠰᠡᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠬᠦ ᠪᠠᠷ ᠳᠣᠭᠲᠠᠭᠠᠭᠰᠠᠨ ᠵᠠᠷᠤᠳᠠᠯ ᠢ ᠶᠠᠮᠠᠷᠪᠠ ᠵᠣᠬᠢᠶᠠᠨ | ᠪᠠᠶᠢᠭᠤᠯᠤᠯᠲᠠ ᠪᠣᠯᠤᠨ ᠬᠤᠪᠢ ᠬᠥᠮᠦᠨ ᠨᠡᠭᠦᠯᠭᠡᠨ ᠬᠡᠷᠡᠭᠯᠡᠬᠦ ᠪᠠ ᠳᠠᠷᠤᠵᠤ ᠦᠯᠡᠳᠡᠭᠡᠵᠦ ᠪᠣᠯᠬᠤ ᠦᠭᠡᠶ᠃ | ᠲᠠᠪᠢᠨ ᠵᠢᠷᠭᠤᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ | ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠵᠠᠷᠤᠳᠠᠯ ᠢ ᠲᠤᠬᠢᠷᠠᠭᠤᠯᠬᠤ ᠳᠤ ᠪᠠᠨ ᠲᠡᠭᠦᠨ ᠤ | ᠳᠣᠲᠣᠷᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠵᠦ ᠪᠣᠯᠬᠤ ᠪᠡᠯᠡ ᠮᠥᠩᠭᠦ ᠶᠢ ᠨᠢᠭᠡᠳᠦᠯᠲᠡᠢ | ᠲᠥᠯᠥᠪᠯᠡᠨ ᠬᠡᠷᠡᠭᠯᠡᠬᠦ ᠬᠡᠷᠡᠭᠲᠡᠢ︔ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠤ ᠦᠢᠯᠡᠳᠦᠯ ᠢ | ᠪᠠᠳᠠᠷᠠᠭᠤᠯᠵᠤ᠂ ᠠᠵᠢᠯᠳᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠶᠢ | ᠲᠡᠮᠵᠢᠨ᠎ᠠ᠃ | ᠲᠠᠪᠢᠨ ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠥᠳᠡᠭᠡ ᠲᠣᠰᠬᠤᠨ ᠳᠤ | ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ | ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡ᠂ ᠮᠡᠷᠭᠡᠵᠢᠯ ᠤᠨ | ᠳᠡᠯᠭᠡᠷᠡᠭᠦᠯᠦᠯᠲᠡ ᠶᠢᠨ ᠵᠠᠷᠤᠳᠠᠯ ᠢ ᠬᠥᠳᠡᠭᠡ ᠲᠣᠰᠬᠤᠨ ᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠳᠤ ᠵᠣᠬᠢᠰᠲᠠᠢ | ᠬᠡᠷᠡᠭᠯᠡᠵᠦ ᠪᠣᠯᠤᠨ᠎ᠠ᠃ | ᠲᠡᠪᠢᠠ ᠨᠠᠢᠮᠠᠳᠤᠭᠠᠷ ᠵᠦᠢᠯ ᠠᠵᠤ ᠠᠬᠤᠶᠢᠯᠠᠯ ᠡᠷᠬᠡᠪᠰᠢ ᠲᠦᠷᠦ ᠶᠢᠨ ᠶᠠᠪᠤᠳᠠᠯ ᠤᠨ ᠬᠤᠷᠢᠶᠠᠨ ᠤ | ᠲᠣᠭᠲᠠᠭᠠᠭᠰᠠᠨ ᠪᠠᠷᠢᠮᠵᠢᠶ᠎ᠠ ᠶᠢ ᠦᠨᠳᠦᠰᠦᠯᠡᠨ᠂ ᠠᠵᠢᠯᠳᠡᠠ ᠠᠵᠢᠯᠴᠢᠨ ᠤ ᠴᠠᠯᠢᠩ ᠤᠨ ᠪᠦᠬᠦ ᠲᠣᠭᠠᠨ ᠤ ᠵᠣᠬᠢᠬᠤ | ᠬᠠᠷᠢᠴᠠᠯ ᠢᠶᠠᠷ ᠠᠵᠢᠯᠳᠡᠠ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠭᠠᠷᠭᠠᠨ ᠠᠪᠴᠤ ᠬᠡᠷᠡᠭᠯᠡᠨ᠎ᠡ᠃ | ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠪᠠᠶᠢᠭᠤᠯᠤᠮᠵᠢ ᠶᠢ ᠡᠷᠬᠢᠯᠡᠬᠦ᠂ ᠲᠤᠰ ᠨᠢᠭᠡᠴᠢ ᠶᠢᠨ ᠢᠶᠠᠨ ᠠᠵᠢᠯᠲᠠᠨ ᠠᠵᠢᠯᠴᠢᠨ ᠪᠣᠯᠤᠨ ᠡᠯᠰᠡᠬᠦ ᠪᠠᠷ ᠪᠠᠶᠢᠭ᠎ᠠ | ᠬᠥᠮᠦᠰ ᠲᠤ ᠠᠵᠢᠯ ᠮᠡᠷᠭᠡᠵᠢᠯ ᠤᠨ ᠬᠥᠮᠦᠵᠢᠯ ᠢ ᠥᠷᠨᠢᠭᠦᠯᠬᠦ ᠵᠡᠷᠭᠡ ᠵᠦᠢ ᠵᠣᠬᠢᠰᠲᠠᠶ ᠵᠦᠢᠯ ᠳᠤ ᠬᠡᠷᠡᠭᠯᠡᠵᠦ | ᠪᠣᠯᠤᠨ᠎ᠠ᠂ ᠡᠭᠦᠨ ᠳᠤ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠬᠦ ᠵᠠᠷᠤᠳᠠᠯ ᠢ ᠤᠯᠤᠰ ᠠᠴᠠ ᠲᠣᠭᠲᠠᠭᠠᠭᠰᠠᠨ ᠬᠠᠷᠢᠴᠠᠯ ᠳᠤ | ᠬᠦᠷᠦᠭᠦᠯᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠠᠵᠢᠯᠲᠠᠨ ᠠᠵᠢᠯᠴᠢᠨ ᠢ ᠠᠵᠢᠯ ᠮᠡᠷᠭᠡᠵᠢᠯ ᠤᠨ ᠰᠤᠷᠭᠠᠭᠤᠯᠢ | ᠪᠤᠶᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠣᠬᠢᠷᠠᠭᠤᠯᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠬᠦᠷᠲᠡᠭᠡᠪᠡᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠵᠦ ᠪᠠᠶᠢᠭ᠎ᠠ | ᠬᠤᠭᠤᠴᠠᠭᠠᠨ ᠳᠤ ᠬᠠᠤᠯᠢ ᠶᠣᠰᠤ ᠪᠠᠷ ᠴᠠᠯᠢᠩ ᠣᠯᠭᠤᠵᠤ᠂ ᠬᠠᠮᠢᠶ᠎ᠠ ᠪᠦᠬᠦᠢ ᠣᠯᠭᠤᠮᠵᠢ ᠶᠢ ᠪᠠᠲᠤᠯᠠᠬᠤ ᠬᠡᠷᠡᠭᠲᠡᠶ᠃ | ᠠᠵᠤ ᠠᠬᠤᠶᠢᠯᠠᠯ ᠨᠢ ᠦᠢᠯᠡᠳᠪᠦᠷᠢᠯᠡᠯ ᠪᠣᠯᠤᠨ ᠵᠢᠭᠠᠨ ᠰᠤᠷᠭᠠᠯᠲᠠ ᠶᠢᠨ ᠴᠢᠳᠠᠮᠵᠢ ᠲᠠᠢ ᠠᠵᠤ ᠦᠢᠯᠡᠰ | ᠪᠣᠯᠤᠨ ᠵᠢᠭᠠᠨ ᠰᠤᠷᠭᠠᠯᠲᠠ ᠶᠢ ᠠᠭᠤᠰᠬᠠᠭᠰᠠᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ | ᠪᠠᠶᠢᠭᠤᠯᠤᠭᠰᠠᠨ ᠠᠴᠠ ᠪᠣᠢ ᠪᠣᠯᠤᠭᠰᠠᠨ ᠵᠠᠷᠤᠳᠠᠯ ᠢ ᠠᠵᠢᠯ ᠮᠡᠷᠭᠡᠵᠢᠯ ᠤᠨ ᠰᠤᠷᠭᠠᠭᠤᠯᠢ ᠶᠢᠨ ᠵᠣᠬᠢᠬᠤ ᠬᠡᠷᠡᠭᠯᠡᠬᠦ | ᠭᠠᠵᠠᠷ᠂ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠵᠠᠷᠤᠳᠠᠯ ᠵᠡᠷᠭᠡ ᠶᠢᠨ ᠬᠠᠷᠠᠭᠠᠯᠵᠠᠯ ᠢᠶᠠᠷ ᠯᠠᠪᠯᠠᠯᠲᠠ | ᠪᠣᠯᠭᠠᠵᠤ ᠪᠣᠯᠤᠨ᠎ᠠ᠃ | ᠲᠠᠪᠢ ᠶᠢᠰᠦᠳᠦᠭᠡᠷ ᠵᠦᠢᠯ ᠤᠯᠤᠰ ᠠᠴᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠮᠥᠩᠭᠦᠨ | ᠭᠦᠢᠯᠭᠡᠭᠡᠨ ᠤ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠥᠭᠵᠢᠯᠲᠡ ᠶᠢ ᠳᠡᠮᠵᠢᠬᠦ ᠶᠢ ᠵᠣᠷᠢᠭᠵᠢᠭᠤᠯᠤᠨ᠎ᠠ᠃ | ᠵᠢᠷᠠᠳᠤᠭᠠᠷ ᠵᠦᠢᠯ ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠵᠢᠴᠢ ᠠᠷᠠᠳ ᠢᠷᠭᠡᠨ ᠬᠤᠪᠢ ᠬᠥᠮᠦᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠤᠷᠤᠯᠭ᠎ᠠ ᠶᠢ ᠳᠡᠳᠬᠦᠨ ᠲᠤᠰᠠᠯᠠᠬᠤ ᠶᠢ ᠵᠣᠷᠢᠭᠵᠢᠭᠤᠯᠵᠤ᠂ ᠬᠢᠯᠢ ᠶᠢᠨ ᠭᠠᠳᠠᠨᠠᠬᠢ ᠵᠣᠬᠢᠶᠠᠨ ᠪᠠᠶᠢᠭᠤᠯᠤᠯᠲᠠ ᠪᠠ | ᠬᠤᠪᠢ ᠬᠥᠮᠦᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠡᠳ᠋ ᠮᠥᠩᠭᠦ ᠪᠠᠷ ᠳᠡᠳᠬᠦᠨ ᠲᠤᠰᠠᠯᠠᠬᠤ ᠪᠠ ᠪᠡᠯᠡᠭᠯᠡᠨ | ᠬᠦᠷᠭᠡᠬᠦ ᠶᠢ ᠵᠣᠷᠢᠭᠵᠢᠭᠤᠯᠤᠨ᠎ᠠ᠃ ᠬᠠᠩᠭᠠᠭᠰᠠᠨ ᠳᠡᠳᠬᠦᠮᠵᠢ ᠪᠠ ᠬᠦᠷᠭᠡᠯᠲᠡ ᠶᠢ ᠡᠷᠬᠡᠪᠰᠢ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠳᠤ ᠬᠡᠷᠡᠭᠯᠡᠬᠦ ᠬᠡᠷᠡᠭᠲᠡᠶ᠃ | ᠵᠢᠷᠠᠨ ᠨᠢᠭᠡᠳᠦᠭᠡᠷ ᠵᠦᠢᠯ ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠤᠳᠤᠯᠭᠠᠨ᠂ ᠵᠢᠭᠠᠬᠤ ᠮᠠᠲ᠋ᠧᠷᠢᠶᠠᠯ ᠪᠠ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ | ᠨᠡᠭᠡᠭᠡᠨ ᠬᠥᠭᠵᠢᠭᠦᠯᠦᠯᠲᠡ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠡᠬᠢ ᠪᠠᠶᠠᠯᠢᠭ ᠢ ᠣᠷᠣᠨ ᠪᠦᠰᠡ ᠠᠯᠤᠰᠯᠠᠨ᠂ ᠠᠵᠢᠯ ᠲᠦᠷᠦᠯ ᠠᠯᠤᠰᠯᠠᠨ᠂ ᠰᠠᠯᠠᠭ᠎ᠠ ᠮᠥᠴᠢᠷ | ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ | ᠤᠯᠤᠰ ᠠᠴᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠪᠠ ᠴᠢᠳᠠᠮᠵᠢ ᠶᠢ ᠲᠤᠰᠬᠠᠬᠤ | ᠮᠡᠳᠡᠭᠡ ᠵᠠᠩᠭᠢ ᠶᠢᠨ ᠪᠦᠷᠢᠳᠬᠡᠯ ᠪᠠ ᠬᠠᠮᠢᠶᠠᠷᠤᠯᠲᠠ ᠶᠢᠨ ᠳᠣᠭᠲᠠᠯᠴᠠᠭ᠎ᠠ ᠶᠢ ᠠᠯᠬᠤᠮ ᠠᠯᠬᠤᠮ ᠢᠶᠠᠷ | ᠪᠠᠶᠢᠭᠤᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠤᠭᠳᠠᠬᠤ | ᠰᠠᠯᠠᠭ᠎ᠠ ᠮᠥᠴᠢᠷ ᠤᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡ ᠪᠠ ᠪᠠᠲᠤᠯᠠᠭᠠᠨ ᠤ | ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠴᠢᠨ ᠤ ᠡᠪᠯᠡᠯ ᠵᠡᠷᠭᠡ ᠣᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ᠂ ᠰᠤᠷᠭᠠᠭᠤᠯᠢ | ᠵᠡᠷᠭᠡ ᠶᠢ ᠵᠣᠬᠢᠶᠠᠨ ᠪᠠᠶᠢᠭᠤᠯᠤᠨ ᠬᠥᠳᠥᠯᠥᠨ ᠵᠢᠯᠣᠭᠤᠳᠴᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠤᠳᠤᠯᠭᠠᠨ᠂ ᠤᠬᠠᠭᠤᠯᠤᠨ ᠳᠡᠯᠭᠡᠷᠡᠭᠦᠯᠬᠦ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠵᠡᠷᠭᠡ | ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ | ᠵᠢᠷᠠᠨ ᠬᠤᠶᠠᠳᠤᠭᠠᠷ ᠵᠦᠢᠯ ᠰᠣᠨᠢᠨ ᠮᠡᠳᠡᠭᠡᠨ ᠤ ᠵᠠᠭᠤᠴᠢᠯᠠᠭᠤᠷ ᠪᠠ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠤᠯᠪᠤᠭᠳᠠᠬᠤ ᠲᠠᠯ᠎ᠠ ᠶᠢᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠡᠶᠢᠲᠡ ᠶᠢᠨ | ᠠᠰᠠᠷᠠᠮᠵᠢ ᠶᠢᠨ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠮᠡᠷᠭᠡᠵᠢᠯ ᠤᠨ ᠤᠷ᠎ᠠ ᠴᠢᠳᠠᠪᠤᠷᠢᠲᠤ ᠴᠢᠳᠠᠪᠤᠷᠢᠲᠠᠨ ᠤ | ᠦᠰᠦᠨ ᠪᠤᠶᠢᠵᠢᠵᠤ ᠴᠢᠳᠠᠪᠤᠷᠢᠲᠠᠨ ᠪᠣᠯᠤᠭᠰᠠᠨ ᠨᠡᠶᠢᠲᠡᠯᠢᠭ ᠦᠢᠯᠡ ᠠᠵᠢᠯᠯᠠᠭ᠎ᠠ ᠶᠢ ᠪᠠᠳᠠᠷᠠᠭᠤᠯᠵᠤ᠂ ᠬᠥᠮᠦᠨ | ᠪᠣᠯᠭᠠᠨ ᠴᠢᠳᠠᠪᠤᠷᠢᠲᠠᠨ ᠪᠣᠯᠬᠤ ᠪᠠᠷ ᠴᠢᠷᠮᠠᠶᠢᠬᠤ᠂ ᠬᠥᠮᠦᠨ ᠪᠣᠯᠭᠠᠨ ᠴᠢᠳᠠᠪᠤᠷᠢᠲᠠᠨ ᠪᠤᠯᠵᠤ ᠪᠣᠯᠬᠤ᠂ ᠬᠥᠮᠦᠨ | ᠪᠣᠯᠭᠠᠨ ᠡᠷᠳᠡᠮ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ | ᠪᠤᠢ ᠪᠣᠯᠭᠠᠬᠤ ᠬᠡᠷᠡᠭᠲᠡᠢ᠃ | | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠵᠢᠷᠠᠨ ᠭᠤᠷᠪᠠᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠶᠠᠪᠤᠴᠠ ᠳᠤ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾ ᠵᠡᠷᠭᠡ ᠬᠤᠯᠪᠤᠭᠳᠠᠬᠤ ᠬᠠᠤᠯᠢ | ᠴᠠᠭᠠᠵᠠ ᠶᠢᠨ ᠲᠣᠭᠲᠠᠭᠠᠯ ᠢ ᠵᠥᠷᠢᠴᠡᠭᠰᠡᠨ ᠪᠣᠯ ᠬᠤᠯᠪᠤᠭᠳᠠᠬᠤ ᠬᠠᠤᠯᠢ ᠴᠠᠭᠠᠵᠠ ᠶᠢᠨ ᠲᠣᠭᠲᠠᠭᠠᠯ ᠶᠣᠰᠤ ᠪᠠᠷ | ᠰᠢᠢᠳᠭᠡᠨ᠎ᠡ᠃ | ᠵᠢᠷᠠᠨ ᠳᠥᠷᠪᠡᠳᠦᠭᠡᠷ ᠵᠦᠢᠯ ᠠᠵᠤ ᠠᠬᠤᠶᠢᠯᠠᠯ ᠲᠤᠰ ᠬᠠᠤᠯᠢ ᠶᠢᠨ ᠲᠣᠭᠲᠠᠭᠠᠯ ᠶᠣᠰᠤ ᠪᠠᠷ ᠲᠤᠰ | ᠨᠢᠭᠡᠴᠢ ᠶᠢᠨ ᠢᠶᠠᠨ ᠠᠵᠢᠯᠲᠠᠨ ᠠᠵᠢᠯᠴᠢᠨ ᠪᠠ ᠡᠯᠰᠡᠬᠦ ᠪᠠᠷ ᠪᠡᠯᠡᠳᠬᠡᠵᠦ ᠪᠠᠶᠢᠭ᠎ᠠ ᠬᠥᠮᠦᠰ ᠲᠤ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠬᠦᠷᠲᠡᠭᠡᠭᠰᠡᠨ ᠦᠭᠡᠢ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ | ᠭᠠᠷᠭᠠᠵᠤ ᠠᠪᠤᠭᠰᠠᠨ ᠪᠠ ᠬᠡᠷᠡᠭᠯᠡᠭᠰᠡᠨ ᠦᠭᠡᠢ ᠪᠣᠯ ᠬᠤᠯᠪᠤᠭᠳᠠᠬᠤ ᠰᠠᠯᠠᠭ᠎ᠠ ᠮᠥᠴᠢᠷ ᠠᠴᠠ ᠵᠠᠷᠯᠢᠭᠳᠠᠨ | ᠵᠠᠯᠠᠷᠠᠭᠤᠯᠤᠭᠤᠯᠤᠨ᠎ᠠ︔ ᠵᠠᠯᠠᠷᠠᠭᠤᠯᠬᠤ ᠶᠢ ᠲᠡᠪᠴᠢᠭᠰᠡᠨ ᠪᠣᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠠᠴᠠ ᠲᠡᠭᠦᠨ ᠤ ᠡᠭᠦᠷᠭᠡᠯᠡᠪᠡᠰᠦ ᠵᠣᠬᠢᠬᠤ ᠠᠵᠢᠯᠳᠠᠨ ᠠᠵᠢᠯᠴᠢᠨ ᠤ ᠰᠤᠷᠭᠠᠨ ᠬᠥᠮᠦᠵᠢᠯ ᠤᠨ | ᠵᠠᠷᠤᠳᠠᠯ ᠢ ᠬᠤᠷᠢᠶᠠᠨ ᠠᠪᠴᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠨ᠎ᠡ᠃ | ᠵᠢᠷᠠᠨ ᠲᠠᠪᠤᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠶᠠᠪᠤᠴᠠ ᠳᠤ ᠲᠤᠰ ᠬᠠᠤᠯᠢ ᠶᠢᠨ | ᠲᠣᠭᠲᠠᠭᠠᠯ ᠢ ᠵᠥᠷᠢᠴᠡᠭᠰᠡᠨ ᠪᠣᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠪᠤᠰᠤᠳ | ᠬᠤᠯᠪᠤᠭᠳᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠴᠢᠨᠠᠷ ᠴᠢᠨᠰᠠᠭ᠎ᠠ ᠨᠢ ᠳᠣᠣᠷ᠎ᠠ ᠪᠤᠶᠤ ᠬᠠᠮᠢᠶᠠᠷᠤᠯᠲᠠ ᠨᠢ ᠡᠮᠬᠢ ᠵᠠᠮᠪᠠᠷᠠᠭ᠎ᠠ ᠤᠢᠭᠡᠢ ᠠᠴᠠ ᠪᠤᠯᠵᠦ | ᠬᠦᠨᠳᠦ ᠨᠣᠴᠢᠲᠠᠢ ᠤᠷᠰᠢᠭ ᠲᠠᠲᠠᠭᠰᠠᠨ ᠪᠣᠯ ᠵᠠᠷᠯᠢᠭᠳᠠᠵᠤ ᠰᠤᠷᠦᠬᠴᠢ ᠡᠯᠰᠡᠬᠦ ᠶᠢ ᠲᠦᠷ ᠵᠣᠭᠰᠣᠭᠠᠵᠤ᠂ | ᠬᠤᠭᠤᠴᠠᠭ᠎ᠠ ᠲᠣᠭᠲᠠᠭᠠᠨ ᠴᠡᠭᠴᠡᠯᠡᠭᠦᠯᠦᠨ᠎ᠡ︔ ᠬᠤᠭᠤᠴᠠᠭ᠎ᠠ ᠬᠡᠲᠦᠷᠡᠲᠡᠯ᠎ᠡ ᠴᠡᠭᠴᠡᠯᠡᠭᠰᠡᠨ ᠦᠭᠡᠢ ᠪᠤᠶᠤ | ᠴᠡᠭᠴᠡᠯᠡᠭᠡᠳ ᠱᠠᠭᠠᠷᠳᠠᠯᠭ᠎ᠠ ᠳᠤ ᠬᠦᠷᠦᠭᠰᠡᠨ ᠦᠭᠡᠢ ᠪᠣᠯ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ | ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ ᠰᠤᠷᠭᠠᠭᠤᠯᠢ ᠡᠷᠬᠢᠯᠡᠬᠦ ᠶᠢ ᠵᠠᠷᠯᠢᠭᠳᠠᠨ ᠵᠣᠭᠰᠣᠭᠠᠨ᠎ᠠ᠃ ᠵ᠊ | ᠵᠷᠠᠨ ᠵᠢᠷᠭᠤᠳᠤᠭᠠᠷ ᠵᠦᠢᠯ ᠠᠵᠢᠯ ᠮᠡᠷᠭᠡᠵᠢᠯ ᠤᠨ ᠰᠤᠷᠭᠠᠭᠤᠯᠢ ᠪᠠ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠤᠭᠴᠢᠳ ᠤᠨ ᠳᠠᠳᠤᠯᠭ᠎ᠠ ᠶᠢ ᠬᠦᠯᠢᠶᠡᠨ ᠠᠪᠤᠭᠰᠠᠨ ᠨᠢᠭᠡᠴᠢ ᠲᠤᠰ | ᠬᠠᠤᠯᠢ ᠶᠢᠨ ᠲᠣᠭᠲᠠᠭᠠᠯ ᠢ ᠵᠥᠷᠢᠴᠡᠵᠦ᠂ ᠰᠤᠷᠤᠭᠴᠢᠳ ᠤᠨ ᠠᠮᠠᠷᠠᠯᠲᠠ ᠪᠠ ᠠᠮᠠᠷᠠᠯᠲᠠ ᠶᠢᠨ ᠴᠢᠯᠥᠭᠡ ᠠᠪᠬᠤ᠂ | ᠬᠥᠳᠡᠯᠮᠦᠷᠢ ᠶᠢᠨ ᠠᠶᠤᠯ ᠦᠭᠡᠢ ᠪᠠᠶᠢᠳᠠᠯ ᠪᠠ ᠡᠷᠡᠭᠦᠯ ᠬᠠᠮᠠᠭᠠᠯᠠᠯ ᠤᠨ ᠬᠠᠮᠠᠭᠠᠯᠠᠯᠲᠠ ᠶᠢ ᠣᠯᠬᠤ᠂ ᠬᠤᠯᠪᠤᠭᠳᠠᠬᠤ | ᠳᠠᠭᠠᠳᠬᠠᠯ ᠳᠤ ᠣᠷᠣᠯᠴᠠᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠢᠯᠤᠭᠤᠳᠤᠯᠭ᠎ᠠ ᠶᠢ ᠬᠦᠯᠢᠶᠡᠬᠦ ᠵᠡᠷᠭᠡ | ᠡᠷᠬᠡ ᠳᠤ ᠬᠠᠯᠳᠠᠭᠰᠠᠨ ᠪᠣᠯ ᠬᠠᠤᠯᠢ ᠶᠣᠰᠤ ᠪᠠᠷ ᠵᠣᠬᠢᠰᠲᠠᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠨ᠎ᠡ᠃ | ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠲᠤᠰ | ᠬᠠᠤᠯᠢ ᠶᠢᠨ ᠲᠣᠭᠲᠠᠭᠠᠯ ᠢ ᠵᠥᠷᠢᠴᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠪᠤᠶᠤ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡ᠂ ᠬᠥᠳᠡᠯᠮᠦᠷᠢ ᠦᠢᠯᠡᠴᠢᠯᠡᠭᠡ ᠲᠣᠮᠢᠯᠠᠬᠤ ᠲᠤᠬᠠᠶᠢᠯᠠᠭᠰᠠᠨ ᠠᠵᠢᠯ ᠢ ᠬᠠᠤᠯᠢ ᠪᠤᠰᠤ ᠪᠠᠷ ᠬᠢᠵᠦ ᠪᠠᠶᠢᠭ᠎ᠠ | ᠨᠢᠭᠡᠴᠢ ᠪᠤᠶᠤ ᠬᠤᠪᠢ ᠬᠥᠮᠦᠨ ᠤ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ ᠰᠤᠷᠤᠭᠴᠢᠳ ᠤᠨ ᠳᠠᠳᠤᠯᠭ᠎ᠠ | ᠪᠣᠯᠪᠠᠰᠤᠷᠠᠯ ᠬᠢᠬᠦ ᠶᠢ ᠲᠤᠬᠢᠷᠠᠭᠤᠯᠤᠨ ᠬᠠᠮᠢᠶᠠᠷᠤᠭᠰᠠᠨ ᠪᠣᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠵᠠᠰᠠᠭ ᠵᠠᠬᠢᠷᠭᠠᠨ ᠤ ᠰᠠᠯᠠᠭ᠎ᠠ | ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠶᠢ | ᠵᠥᠷᠢᠴᠡᠵᠦ ᠣᠯᠤᠭᠰᠠᠨ ᠠᠰᠢᠭ ᠬᠤᠨᠵᠢᠪᠤᠷᠢ ᠶᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠤᠭᠰᠠᠨ | ᠠᠰᠢᠭ ᠬᠤᠨᠵᠢᠪᠤᠷᠢ ᠶᠢᠨ ᠨᠢᠭᠡ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠬᠠᠤᠯᠢ ᠶᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠨᠢ ᠲᠦᠮᠡᠨ | ᠲᠥᠭᠦᠷᠢᠭ ᠲᠤ ᠬᠦᠷᠬᠦ ᠦᠭᠡᠢ ᠪᠣᠯ ᠲᠦᠮᠡᠨ ᠲᠥᠭᠦᠷᠢᠭ ᠢᠶᠠᠷ ᠪᠤᠳᠤᠨ᠎ᠠ᠃ | ᠡᠮᠦᠨᠡᠬᠢ ᠪᠠᠳᠠᠭ ᠲᠤ ᠲᠣᠭᠲᠠᠭᠠᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠪᠤᠶᠤ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡ᠂ ᠬᠥᠳᠡᠯᠮᠦᠷᠢ ᠦᠢᠯᠡᠴᠢᠯᠡᠭᠡ ᠲᠣᠮᠢᠯᠠᠬᠤ ᠲᠤᠬᠠᠶᠢᠯᠠᠭᠰᠠᠨ ᠠᠵᠢᠯ ᠢ ᠬᠠᠤᠯᠢ ᠪᠤᠰᠤ ᠪᠠᠷ ᠡᠷᠬᠢᠯᠡᠭᠰᠡᠨ | ᠨᠢᠭᠡᠴᠢ ᠪᠤᠶᠤ ᠬᠤᠪᠢ ᠬᠥᠮᠦᠨ ᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠤᠶᠤ ᠪᠤᠰᠤᠳ ᠬᠤᠯᠪᠤᠭᠳᠠᠬᠤ ᠰᠠᠯᠠᠭ᠎ᠠ ᠮᠥᠴᠢᠷ ᠠᠴᠠ ᠵᠠᠷᠯᠢᠭᠳᠠᠨ | ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠶᠢ ᠨᠢ ᠬᠤᠷᠢᠶᠠᠨ ᠠᠪᠴᠤ᠂ | ᠬᠠᠤᠯᠢ ᠶᠢ ᠵᠥᠷᠢᠴᠡᠵᠦ ᠣᠯᠤᠭᠰᠠᠨ ᠠᠰᠢᠭ ᠬᠤᠨᠵᠢᠪᠤᠷᠢ ᠶᠢᠨ ᠨᠢᠭᠡ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠬᠠᠤᠯᠢ ᠶᠢ ᠵᠥᠷᠢᠴᠡᠵᠦ ᠣᠯᠤᠭᠰᠠᠨ ᠠᠰᠢᠭ | ᠬᠤᠨᠵᠢᠪᠤᠷᠢ ᠨᠢ ᠲᠦᠮᠡᠨ ᠲᠥᠭᠦᠷᠢᠭ ᠲᠤ ᠬᠦᠷᠬᠦ ᠦᠭᠡᠢ ᠪᠣᠯ ᠲᠦᠮᠡᠨ ᠲᠥᠭᠦᠷᠢᠭ ᠢᠶᠠᠷ ᠪᠤᠳᠤᠨ᠎ᠠ᠃ | ᠵᠢᠷᠠᠨ ᠳᠣᠯᠣᠳᠤᠭᠠᠷ ᠵᠦᠢᠯ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠤᠶᠤ ᠪᠤᠰᠤᠳ | ᠬᠤᠯᠪᠤᠭᠳᠠᠬᠤ ᠰᠠᠯᠠᠭ᠎ᠠ ᠮᠥᠴᠢᠷ ᠤᠨ ᠠᠵᠢᠯᠳᠠᠨ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠡᠷᠬᠡ | ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠨ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠬᠤᠪᠢ ᠶᠢᠨ | ᠨᠠᠶᠢᠷ ᠢ ᠪᠣᠳᠤᠵᠤ ᠬᠠᠤᠯᠢ ᠶᠣᠰᠣ ᠶᠢ ᠵᠥᠷᠢᠴᠡᠭᠰᠡᠨ ᠪᠣᠯ ᠬᠠᠤᠯᠢ ᠶᠣᠰᠤ ᠪᠠᠷ ᠰᠢᠢᠳᠭᠡᠯ ᠥᠭᠭᠦᠨ᠎ᠡ︔ ᠶᠠᠯ᠎ᠠ ᠪᠤᠯᠵᠦ | ᠪᠦᠷᠢᠯᠳᠦᠭᠰᠡᠨ ᠪᠣᠯ ᠬᠠᠤᠯᠢ ᠶᠣᠰᠤ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | | ᠵᠢᠷᠠᠨ ᠨᠠᠢᠮᠠᠳᠤᠭᠠᠷ ᠵᠦᠢᠯ ᠬᠢᠯᠢ ᠶᠢᠨ ᠭᠠᠳᠠᠨᠠᠬᠢ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠬᠢᠯᠢ ᠶᠢᠨ | ᠳᠣᠲᠣᠷ᠎ᠠ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ | ᠪᠠᠶᠢᠭᠤᠯᠬᠤ ᠳᠤ ᠲᠤᠰ ᠬᠠᠤᠯᠢ ᠶᠢ ᠬᠡᠷᠡᠭᠯᠡᠨ᠎ᠡ︔ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ | ᠠᠰᠲᠠᠭᠠᠨ ᠲᠣᠭᠲᠠᠭᠠᠯ ᠲᠠᠢ ᠪᠣᠯ ᠳᠤᠰᠬᠠᠢ ᠶᠢᠨ ᠲᠣᠭᠲᠠᠭᠠᠯ ᠢ ᠵᠢᠷᠤᠮᠯᠠᠨ᠎ᠠ᠃ | ᠵᠢᠷᠠ ᠶᠢᠰᠦᠳᠦᠭᠡᠷ ᠵᠦᠢᠯ ᠲᠤᠰ ᠬᠠᠤᠯᠢ ᠶᠢ 2022 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |