ᠲᠠᠪᠬᠢᠯᠠᠭᠤᠯᠤᠭᠠᠷᠠᠢ᠂ ᠤᠨᠤᠭᠠᠴᠢ ᠬᠦᠦ︕
ᠨᠡᠶᠢᠲᠡᠯᠡᠭᠰᠡᠨ ᠴᠠᠭ᠄
2023/11/21
     
     11 ᠰᠠᠷ᠎ᠠ ᠶᠢᠨ 18 ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾  ᠰᠢᠯᠢ ᠶᠢᠨ ᠭᠤᠣᠯ ᠤᠨ ᠮᠣᠩᠭᠤᠯ ᠮᠣᠷᠢᠨ ᠤ ᠲᠡᠰ ᠠᠴᠠ ᠲᠠᠪᠠᠭᠰᠠᠨ ᠬᠤᠯᠪᠣᠭᠠᠲᠤ ᠤᠷᠤᠯᠳᠤᠭᠠᠨ ᠤ ᠲᠤᠬᠠᠢ ᠶᠢᠨ ᠲᠠᠯᠠᠪᠤᠷ ᠲᠤ᠂ ᠰᠤᠷᠪᠤᠯᠵᠢᠯᠠᠭᠴᠢ ᠮᠠᠰᠢ ᠣᠯᠠᠨ ᠪᠢᠴᠢᠬᠠᠨ ᠤᠨᠤᠭᠠᠴᠢ ᠲᠠᠢ ᠲᠠᠭᠠᠷᠠᠯᠳᠤᠯ᠎ᠠ᠃
     ᠤᠯᠠᠭᠠᠨᠬᠠᠯᠠᠭ᠎ᠠ ᠰᠤᠮᠤ ᠶᠢᠨ ᠪᠠᠶᠠᠨᠴᠠᠶᠢᠳᠠᠮ ᠭᠠᠴᠠᠭ᠎ᠠ ᠶᠢᠨ ᠪᠢᠴᠢᠬᠠᠨ ᠤᠨᠤᠭᠠᠴᠢ ᠪᠠᠳᠤᠠᠤᠷᠬᠢᠯ ᠪᠤᠯ ᠲᠡᠳᠡᠨᠤᠰ ᠤᠨ ᠳᠣᠲᠣᠷᠠᠬᠢ ᠨᠢᠭᠡ ᠨᠢ ᠪᠣᠯᠣᠨ᠎ᠠ᠂ 15 ᠨᠠᠰᠤᠲᠠᠢ ᠤᠨᠤᠭᠠᠴᠢ  ᠬᠦᠦ  ᠪᠠᠳᠤᠠᠤᠷᠬᠢᠯ ᠰᠤᠷᠪᠤᠯᠵᠢᠯᠠᠭᠴᠢ ᠳᠤ᠄  ︽ᠪᠢ ᠮᠣᠷᠢ ᠤᠷᠤᠯᠳᠤᠬᠤ ᠮᠠᠰᠢ ᠳᠤᠷᠠᠲᠠᠢ᠂ 11 ᠨᠠᠰᠤᠨ ᠠᠴᠠ ᠪᠠᠨ ᠮᠤᠷᠢᠨ ᠤᠷᠤᠯᠳᠤᠭᠠᠨ ᠳᠤ ᠣᠷᠣᠯᠴᠠᠵᠤ᠂ 50 ᠭᠠᠷᠤᠢ ᠤᠳᠠᠭ᠎ᠠ ᠤᠷᠤᠯᠳᠤᠭᠠᠨ ᠳᠤ ᠣᠷᠣᠯᠴᠠᠵᠤ ᠪᠠᠶᠢᠨ᠎ᠡ᠂ ᠣᠯᠠᠨ ᠤᠳᠠᠭ᠎ᠠ ᠰᠠᠶᠢᠨ ᠬᠢᠷᠢ ᠪᠦᠲᠦᠮᠵᠢ ᠣᠯᠣᠭᠰᠠᠨ᠂ ᠮᠣᠷᠢ ᠤᠷᠤᠯᠳᠤᠬᠤ ᠮᠠᠰᠢ ᠰᠣᠨᠢᠷᠬᠠᠯᠲᠠᠢ᠂ ᠪᠢ ᠲᠡᠷᠡ ᠬᠦ ᠡᠷᠬᠡ ᠴᠢᠯᠦᠭᠡ ᠲᠠᠢ ᠲᠥᠷᠥᠭᠳᠡᠯ ᠳᠤ ᠳᠤᠷᠠᠲᠠᠢ︾ ᠭᠡᠵᠦ ᠪᠠᠶᠢᠪᠡ᠃ ᠲᠡᠷᠡ ᠬᠠᠷᠠᠬᠠᠨ ᠪᠠᠭ᠎ᠠ ᠠᠴᠠ ᠪᠠᠨ ᠮᠤᠷᠢ ᠤᠨᠤᠭ᠎ᠠ  ᠲᠠᠢ ᠤᠶᠢᠷᠠᠳᠤᠵᠦ᠂ ᠮᠤᠷᠢ ᠤᠨᠤᠬᠤ ᠠᠵᠠ ᠲᠤᠬᠢᠶᠠᠯ ᠬᠠᠶᠢᠳᠠᠭ ᠪᠠᠶᠢᠪᠠ᠃ ᠠᠩᠬ᠎ᠠ ᠵᠡᠷᠭᠡ ᠶᠢᠨ ᠲᠤᠮᠳᠠᠳᠦ ᠰᠤᠷᠭᠠᠭᠤᠯᠢ ᠶᠢᠨ ᠰᠤᠷᠤᠭᠴᠢ ᠪᠤᠯᠤᠭᠰᠠᠨ ᠲᠠᠷᠠ ᠤᠳᠤ ᠤᠨᠤᠭᠠᠴᠢ ᠪᠤᠯᠵᠠᠢ᠃  ᠲᠤᠰ ᠤᠳᠠᠭᠠᠨ ᠤ ᠭᠤᠴᠢᠨ ᠭᠠᠵᠠᠷ ᠤᠨ ᠰᠢᠨᠳᠠᠰᠦ ᠰᠢᠯᠭᠠᠬᠤ ᠤᠷᠤᠯᠳᠤᠭᠠᠨ ᠳᠤ᠂ ᠪᠠᠳᠤᠠᠤᠷᠬᠢᠯ ᠥᠪᠡᠷ ᠤᠨ ᠬᠠᠶᠢᠷᠠᠲᠤ ᠮᠣᠷᠢ ᠲᠠᠢ ᠪᠠᠨ  ᠴᠠᠰᠤᠳᠤ ᠲᠠᠯ᠎ᠠ ᠶᠢᠨ ᠲᠤᠮᠳᠠᠭᠤᠷ ᠬᠦᠢᠳᠡᠨ ᠰᠠᠯᠬᠢ ᠰᠦᠷᠦᠨ᠂ ᠬᠦᠴᠢᠷ ᠠᠴᠠ ᠠᠶᠤᠬᠤ ᠦᠭᠡᠢ ᠡᠷᠡᠯᠬᠡᠭᠯᠡᠨ ᠤᠷᠤᠭᠰᠢᠯᠠᠬᠤ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ᠠᠳᠤᠭᠤᠨ ᠰᠣᠶᠣᠯ ᠤᠨ ᠤᠯᠠᠮᠵᠢᠯᠠᠯ ᠢ ᠳᠡᠯᠭᠡᠨ ᠦᠵᠡᠭᠦᠯᠵᠦ ᠪᠠᠶᠢᠯ᠎ᠠ᠃
     ᠤᠷᠤᠯᠳᠤᠭᠠᠨ ᠳᠠᠭᠤᠰᠤᠭᠰᠠᠨ ᠤ ᠳᠠᠷᠠᠭ᠎ᠠ᠂  ᠪᠠᠳᠤᠠᠤᠷᠬᠢᠯ  ᠮᠥᠨ ᠯᠡ ᠴᠢᠷᠠᠢ ᠳᠦᠭᠦᠷᠡᠩ ᠢᠨᠢᠶᠡᠮᠰᠦᠭᠯᠡᠭᠰᠡᠭᠡᠷ ᠪᠠᠶᠢᠯ᠎ᠠ᠂ ᠲᠡᠭᠦᠨ ᠳᠤ ᠠᠪᠴᠤ ᠬᠡᠯᠡᠪᠡᠯ᠂ ᠮᠣᠷᠢ ᠤᠷᠤᠯᠳᠤᠬᠤ ᠪᠣᠯ ᠥᠪᠡᠷ ᠤᠨ ᠬᠢᠨᠢ ᠬᠠᠮᠤᠭ ᠤᠨ ᠪᠠᠶᠠᠷ ᠬᠥᠷ ᠲᠠᠢ ᠲᠠᠮᠢᠷ ᠤᠨ ᠬᠥᠳᠡᠯᠭᠡᠭᠡᠨ ᠪᠤᠯᠬᠤ ᠶᠤᠮ᠃
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map