︽ᠲᠠᠶᠢᠺᠢᠨᠳᠤᠤ ᠶᠢᠨ ᠰᠣᠳᠣᠴᠤᠤᠯ︾ ᠤᠨ ᠪᠣᠯᠪᠠᠰᠤᠷᠠᠯ ᠶᠠᠪᠤᠭᠳᠠᠵᠠᠢ
ᠨᠡᠶᠢᠲᠡᠯᠡᠭᠰᠡᠨ ᠴᠠᠭ᠄
2023/11/9
     ᠤᠶᠢᠷ᠎ᠠ ᠳᠤ᠂ 2023 ᠤᠨ ᠤ ᠦᠬᠠᠶ ᠬᠤᠳᠠ ᠶᠢᠨ ᠠᠩᠬᠠᠳᠤᠭᠠᠷ ᠬᠤᠭᠤᠴᠠᠭᠠᠨ ᠤ ︽ᠲᠠᠶᠢᠺᠢᠨᠳᠤᠤ ᠶᠢᠨ ᠰᠣᠳᠣᠴᠤᠤᠯ︾ ᠤᠨ ᠪᠣᠯᠪᠠᠰᠤᠷᠠᠯ ᠤᠨ ᠠᠵᠢᠯᠯᠠᠭ᠎ᠠ 2 ᠡᠳᠦᠷ ᠤᠨ ᠬᠤᠭᠤᠴᠠᠭ᠎ᠠ ᠲᠠᠢ ᠶᠠᠪᠤᠭᠳᠠᠵᠦ᠂ ᠦᠬᠠᠢ ᠬᠤᠳᠠ ᠶᠢᠨ ᠡᠯ᠎ᠡ ᠪᠡᠯᠡᠳᠭᠡᠯ ᠴᠢᠳᠠᠪᠤᠷᠢᠳᠠᠨ ᠤ ᠰᠠᠭᠤᠷᠢᠨ ᠤ 200 ᠰᠢᠬᠠᠮ ᠰᠤᠷᠤᠯᠭᠠᠳᠠᠨ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠳᠤ ᠲᠠᠶᠢᠺᠢᠨᠳᠤᠤ ᠶᠢᠨ ᠣᠨᠴᠠ ᠮᠡᠷᠭᠡᠵᠢᠯ ᠤᠨ ᠦᠵᠡᠭᠦᠯᠭᠡ ᠶᠢᠨ ᠲᠤᠭᠯᠠᠯᠳᠠ᠂ ᠰᠠᠭᠤᠷᠢ ᠵᠢᠭᠠᠨ ᠰᠤᠷᠭᠠᠯᠲᠠ ᠪᠠ ᠰᠢᠭᠰᠢᠭᠡ ᠤᠷᠤᠯᠳᠤᠭᠠᠨ ᠵᠡᠷᠭᠡ ᠠᠭᠤᠯᠭ᠎ᠠ ᠶᠢ ᠲᠣᠬᠢᠷᠠᠭᠤᠯᠪᠠ᠃      ᠠᠵᠢᠯᠯᠠᠭ᠎ᠠ ᠳᠤ᠂ ᠲᠠᠶᠢᠺᠢᠨᠳᠤᠤ ᠶᠢᠨ ᠬᠦᠭᠵᠢᠭᠦᠯᠦᠯᠳᠡ ᠶᠢᠨ ᠬᠠᠷᠠᠯᠲᠠ ᠪᠠ ᠲᠥᠯᠥᠪᠵᠢᠭᠦᠯᠭᠡ᠂ ᠪᠡᠶ᠎ᠡ ᠶᠢᠨ ᠲᠠᠮᠢᠷ ᠰᠤᠷᠭᠠᠨ ᠬᠦᠮᠦᠵᠢᠯ ᠢ ᠠᠭᠤᠰᠤᠯᠴᠠᠭᠤᠯᠬᠤ ᠳᠤᠮᠳᠠᠬᠢ ᠲᠠᠶᠢᠺᠢᠨᠳᠤᠤ ᠶᠢᠨ ᠬᠦᠭᠵᠢᠭᠦᠯᠦᠯᠳᠡ ᠶᠢᠨ ᠪᠠᠶᠢᠯᠳᠤᠬᠤ ᠪᠣᠳᠣᠯᠭ᠎ᠠ᠂ ᠲᠠᠶᠢᠺᠢᠨᠳᠤᠤ ᠶᠢᠨ ᠲᠥᠷᠥᠯ ᠵᠦᠢᠯ ᠤᠨ ᠤᠷᠤᠯᠳᠤᠭᠠᠨ ᠤ ᠬᠠᠮᠤᠭ ᠤᠨ ᠰᠢᠨ᠎ᠡ ᠲᠠᠰ ᠬᠤᠪᠢᠶᠠᠬᠤ ᠲᠦᠷᠢᠮ ᠵᠢᠴᠢ ᠡᠯᠧᠺᠲᠷᠣᠨ ᠬᠠᠮᠠᠭᠠᠯᠠᠯᠳᠠ ᠶᠢᠨ ᠪᠠᠭᠠᠵᠢ ᠶᠢ ᠬᠡᠷᠡᠭᠯᠡᠬᠦ ᠠᠷᠭ᠎ᠠ ᠪᠠ ᠤᠷ᠎ᠠ ᠮᠡᠷᠭᠡᠵᠢᠯ ᠵᠡᠷᠭᠡ ᠠᠭᠤᠯᠭ᠎ᠠ ᠶᠢ ᠰᠤᠷᠤᠭᠴᠢᠳ ᠲᠤ ᠲᠠᠶᠢᠯᠪᠤᠷᠢᠯᠠᠨ ᠤᠶᠢᠯᠠᠭᠠᠭᠤᠯᠵᠦ᠂ ᠪᠠᠰᠠ ᠦᠢᠯᠡ ᠬᠥᠳᠡᠯᠦᠯ ᠤᠨ ᠭᠤᠤᠯᠳᠠᠯᠭ᠎ᠠ ᠪᠠ ᠬᠦᠴᠢᠷ ᠠᠰᠠᠭᠤᠳᠠᠯ ᠢ ᠵᠢᠱᠢᠶ᠎ᠡ ᠦᠵᠡᠭᠦᠯᠦᠨ ᠵᠠᠳᠠᠯᠵᠤ᠂ ᠲᠤᠰᠬᠠᠢ ᠪᠡᠶ᠎ᠡ ᠶᠢᠨ ᠲᠠᠮᠢᠷ ᠤᠨ ᠪᠣᠯᠪᠠᠰᠤᠷᠠᠯ ᠪᠠ ᠠᠩᠬ᠎ᠠ ᠵᠡᠷᠭᠡ ᠶᠢᠨ ᠮᠡᠷᠭᠡᠵᠢᠯ ᠤᠨ ᠪᠣᠯᠪᠠᠰᠤᠷᠠᠯ ᠢ ᠪᠥᠬᠦ ᠲᠠᠯ᠎ᠠ ᠪᠠᠷ᠂ ᠰᠢᠰᠲ᠋ᠧᠮ ᠲᠠᠢ᠂ ᠰᠢᠨᠵᠢᠯᠡᠬᠦ ᠤᠬᠠᠭᠠᠨᠴᠢ ᠪᠠᠷ ᠲᠠᠶᠢᠯᠪᠤᠷᠢᠯᠠᠪᠠ᠃  
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map