ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠪᠡᠶ᠎ᠡ ᠶᠢᠨ ᠲᠠᠮᠢᠷ ᠤᠨ | ᠲᠤᠬᠠᠢ ᠴᠢᠬᠤᠯᠠ ᠥᠭᠦᠯᠡᠯᠲᠡ ᠪᠣᠯᠣᠨ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ᠂ ᠤᠯᠤᠰ ᠪᠠ ᠥᠪᠡᠷᠲᠡᠭᠡᠨ | ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠤᠪᠴᠢᠶᠠᠨ | ᠳᠠᠷᠤᠭ᠎ᠠ ᠨᠠᠷ ᠤᠨ ᠠᠵᠢᠯ ᠤᠨ ᠬᠤᠷᠠᠯ ᠪᠣᠯᠣᠨ ᠪᠥᠬᠦ ᠣᠷᠣᠨ ᠤ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ | ᠲᠦᠪᠰᠢᠨ ᠲᠣᠭᠲᠠᠭᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ 2023 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠲᠠᠩᠰᠠ ᠶᠢ ᠰᠢᠨᠵᠢᠯᠡᠬᠦ | ᠤᠬᠠᠭᠠᠨᠴᠢ ᠪᠠᠷ ᠰᠦᠪᠡᠭᠴᠢᠯᠡᠵᠦ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠂ | ᠪᠡᠶ᠎ᠡ ᠶᠢᠨ ᠲᠠᠮᠢᠷ ᠤᠨ ᠤᠷᠤᠯᠳᠤᠭᠠᠨ ᠤ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢ ᠶᠢ ᠪᠠᠬᠢᠵᠢᠭᠦᠯᠵᠦ᠂ ᠥᠪᠥᠷ ᠮᠤᠩᠭᠤᠯ | ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠰᠢᠨ᠎ᠡ ᠲᠡᠭᠳᠡᠷ ᠲᠤ ᠬᠦᠷᠭᠡᠨ᠎ᠡ᠃ | ᠤᠯᠤᠰ ᠤᠨ ᠲᠠᠯ᠎ᠠ ᠬᠢ᠄ | 1. ᠪᠥᠬᠦ ᠤᠯᠤᠰ ᠤᠨ 6 ᠮᠤᠵᠢ ᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ | ᠲᠤᠷᠰᠢᠯᠲᠠ ᠶᠢᠨ ᠴᠢᠭ᠋ ᠤᠨ ᠢᠨᠵᠧᠨᠧᠷᠢᠩ ᠤᠨ ᠲᠤᠬᠠᠢ ᠶᠢᠨ ᠲᠠᠯᠠᠪᠤᠷ ᠤᠨ ᠬᠤᠷᠠᠯ ᠤᠨ ᠵᠣᠬᠢᠶᠠᠨ ᠪᠠᠶᠢᠭᠤᠯᠬᠤ | ᠠᠵᠢᠯ ᠢ ᠰᠠᠶᠢᠲᠤᠷ ᠡᠷᠭᠢᠯᠡᠬᠦ ᠶᠢᠨ ᠬᠠᠮᠲᠤ ᠥᠪᠥᠷ ᠮᠣᠩᠭᠤᠯ ᠤᠨ 100 ᠳᠤᠮᠳᠠᠳᠤ ᠪᠠᠭ᠎ᠠ ᠰᠤᠷᠭᠠᠭᠤᠯᠢ ᠳᠤ | ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠥᠷᠨᠢᠭᠦᠯᠦᠨ᠎ᠡ᠃ | 2. 60 ᠨᠡᠷᠡᠰ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠠᠵᠠᠷ ᠤᠨ ᠺᠠᠳ᠋ᠷ | ᠪᠣᠯᠣᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠬᠠᠮᠢᠶᠠᠷᠤᠯᠲᠠ ᠶᠢᠨ ᠠᠵᠢᠯᠲᠠᠨ ᠤ | ᠪᠤᠯᠪᠠᠰᠤᠷᠠᠯ ᠤᠨ ᠠᠩᠭᠢ ᠶᠢ ᠰᠠᠶᠢᠳᠤᠷ ᠡᠷᠬᠢᠯᠡᠨ᠎ᠡ᠃ | 3. 100 ᠨᠡᠷᠡᠰ ᠪᠥᠬᠦ ᠤᠯᠤᠰ ᠤᠨ ᠲᠠᠮᠢᠷ ᠤᠨ ᠰᠤᠷᠭᠠᠭᠤᠯᠢ ᠶᠢᠨ ᠰᠤᠷᠭᠠᠭᠤᠯᠢ ᠶᠢᠨ ᠵᠠᠬᠢᠷᠤᠯ ᠤᠨ | ᠪᠤᠯᠪᠠᠰᠤᠷᠠᠯ ᠤᠨ ᠠᠩᠭᠢ ᠶᠢ ᠲᠠᠭᠠᠭᠠᠴᠢᠯᠠᠨ ᠡᠷᠭᠢᠯᠡᠨ᠎ᠡ᠃ | 4. ︽ᠤᠷᠤᠭᠰᠢᠯᠠᠭᠠᠷᠠᠢ ᠪᠠᠭᠠᠴᠤᠳ ᠡ︾ ᠪᠠᠭᠠᠴᠤᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ | ᠰᠠᠶᠢᠲᠤᠷ ᠡᠷᠭᠢᠯᠡᠵᠦ᠂ 100 ᠲᠦᠮᠡᠨ ᠬᠥᠮᠥᠨ ᠤᠳᠠᠭ᠎ᠠ ᠣᠷᠤᠯᠴᠠᠬᠤ ᠶᠢ ᠪᠡᠶᠡᠯᠡᠭᠦᠯᠦᠨ᠎ᠡ᠃ | 5. ︽ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠰᠤᠷᠲᠠᠯ ᠰᠠᠬᠢᠯᠭ᠎ᠠ ᠪᠠᠲᠤ ᠬᠦᠭᠡᠷᠦᠭᠦᠯᠬᠦ ᠡᠮ ᠢ | ᠡᠰᠡᠷᠭᠦᠴᠡᠬᠦ ᠤᠬᠠᠭᠤᠯᠭ᠎ᠠ ᠬᠥᠮᠦᠵᠢᠯ︾ ᠤᠨ ᠲᠤᠷᠰᠢᠯᠲᠠ ᠶᠢᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ 20 ᠲᠦᠮᠡᠨ | ᠵᠠᠯᠠᠭᠤᠴᠤᠳ ᠪᠠᠭᠠᠴᠤᠳ ᠲᠤ ᠬᠦᠮᠦᠵᠢᠯ ᠬᠦᠷᠳᠡᠭᠡᠨ᠎ᠡ᠃ | 6. ᠪᠥᠬᠦ ᠤᠯᠤᠰ ᠤᠨ ᠡᠯ᠎ᠡ ᠱᠠᠲᠤᠨ ᠤ ᠡᠯ᠎ᠡ ᠲᠥᠷᠥᠯ ᠤᠨ ᠲᠠᠮᠢᠷ ᠤᠨ ᠰᠤᠷᠭᠠᠭᠤᠯᠢ ᠶᠢᠨ 110 ᠨᠡᠷᠡᠰ | ᠲᠠᠰᠬᠠᠯᠵᠢᠭᠤᠯᠤᠭᠴᠢ ᠶᠢᠨ ᠶᠡᠷᠦᠩᠬᠡᠶᠢᠯᠡᠭᠰᠡᠨ ᠮᠡᠳᠡᠯᠭᠡ ᠶᠢᠨ ᠰᠢᠨᠡᠴᠢᠯᠡᠯᠲᠡ ᠶᠢᠨ ᠡᠭᠡᠯᠵᠢᠯᠡᠬᠦ ᠪᠤᠯᠪᠠᠰᠤᠷᠠᠯ ᠤᠨ | ᠠᠩᠭᠢ ᠶᠢ ᠡᠷᠭᠢᠯᠡᠨ᠎ᠡ᠃ | 7. ᠰᠤᠷ ᠬᠠᠷᠪᠤᠬᠤ᠂ ᠤᠮᠪᠠᠭ᠋ᠤ᠂ ᠲᠠᠶᠢᠺᠢᠨᠳᠤᠤ᠂ ᠪᠥᠬᠡ ᠪᠠᠷᠢᠯᠳᠤᠬᠤ᠂ ᠠᠷᠤᠷ᠎ᠠ ᠪᠥᠮᠪᠦᠭᠡ ᠵᠡᠷᠭᠡ 5 | ᠲᠥᠷᠥᠯ ᠤᠨ ᠵᠠᠯᠠᠭᠤᠴᠤᠳ ᠪᠠᠭᠠᠴᠤᠳ ᠤᠨ U ᠰᠢᠷᠢᠰ ᠤᠷᠤᠯᠳᠤᠭᠠᠨ ᠢ ᠰᠠᠶᠢᠲᠤᠷ ᠡᠷᠭᠢᠯᠡᠨ᠎ᠡ᠃ | 8. ᠮᠥᠰᠥ ᠴᠠᠰᠤᠨ ᠤ ᠪᠡᠯᠡᠳᠬᠡᠯ ᠴᠢᠳᠠᠪᠤᠷᠢᠲᠠᠨ ᠤ 4 ᠰᠠᠭᠤᠷᠢᠨ ᠭᠠᠵᠠᠷ ᠢ ᠰᠠᠶᠢᠲᠤᠷ ᠪᠦᠲᠦᠭᠡᠨ | ᠪᠠᠶᠢᠭᠤᠯᠤᠨ᠎ᠠ ︵ᠬᠥᠬᠡᠬᠤᠲᠠ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠶᠢᠨ | ᠯᠢᠶᠡᠩᠴᠧᠩ ᠰᠢᠶᠠᠨ︶᠃ | ᠦᠪᠡᠷᠳᠡᠭᠡᠨ ᠵᠠᠰᠠᠬᠤ ᠤᠷᠤᠨ ᠤ ᠲᠠᠯ᠎ᠠ ᠶᠢᠨ ᠬᠢ᠄ | 1. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ | ᠬᠢᠵᠦ᠂ ︽ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠢ ᠠᠬᠢᠭᠤᠯᠵᠤ᠂ ᠲᠤᠬᠠᠶᠢᠯᠠᠭᠰᠠᠨ ᠠᠵᠢᠯ ᠢᠶᠠᠷ | ᠨᠠᠮ ᠤᠨ ᠪᠠᠶᠢᠭᠤᠯᠤᠯᠲᠠ ᠶᠢ ᠬᠦᠴᠦᠷᠬᠡᠭᠵᠢᠭᠦᠯᠬᠦ︾ ᠣᠶᠢᠯᠠᠭᠠᠭᠳᠠᠬᠤᠨ ᠢ ᠪᠠᠷᠢᠮᠲᠠᠯᠠᠨ᠂ ᠨᠠᠮ ᠤᠨ ᠪᠠᠶᠢᠭᠤᠯᠤᠯᠲᠠ | ᠶᠢᠨ ᠨᠡᠷᠡᠲᠦ ᠲᠡᠮᠳᠡᠭ ᠢ ᠦᠷᠭᠦᠯᠵᠢᠯᠡᠨ ᠪᠤᠶ ᠪᠣᠯᠭᠠᠨ᠎ᠠ᠃ | 2. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠤᠯᠪᠠᠰᠤᠷᠠᠯ ᠢ ᠰᠠᠶᠢᠳᠤᠷ ᠬᠢᠨ᠎ᠡ᠃ ᠪᠥᠬᠦ | ᠣᠷᠣᠨ ᠤ 65 ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ︽ᠰᠠᠭᠤᠷᠢ ᠶᠢ ᠪᠠᠬᠢᠵᠢᠭᠦᠯᠬᠦ ᠲᠥᠯᠥᠪᠯᠡᠭᠡ︾ ᠶᠢ | ᠬᠡᠷᠡᠭᠵᠢᠭᠦᠯᠦᠨ᠂ 5 ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠲᠥᠪ ᠢ ᠰᠢᠨ᠎ᠡ ᠪᠠᠷ ᠨᠡᠮᠡᠵᠦ ᠪᠠᠶᠢᠭᠤᠯᠤᠨ᠎ᠠ᠃ | 3. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠬᠤ ᠠᠵᠢᠯ ᠢ | ᠰᠠᠶᠢᠳᠤᠷ ᠬᠢᠨ᠎ᠡ᠃ ︽ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ︾ ᠶᠢ ᠪᠠᠷᠢᠮᠲᠠᠯᠠᠵᠤ᠂ ᠬᠥᠯ ᠪᠥᠮᠪᠦᠭᠡ᠂ | ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠪᠤᠶᠢᠺᠤ ᠪᠥᠮᠪᠦᠭᠡ᠂ ᠠᠷᠤᠷ᠎ᠠ ᠪᠥᠮᠪᠦᠭᠡ ᠵᠡᠷᠭᠡ 12 ᠲᠥᠷᠥᠯ | ᠵᠦᠢᠯ ᠤᠨ ᠬᠡᠦᠬᠡᠳ ᠤᠨ ᠰᠣᠨᠢᠷᠬᠠᠯᠳᠤ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠺᠯᠦ᠋ᠪ ᠤᠨ ᠬᠤᠯᠪᠣᠭᠠᠲᠤ ᠤᠷᠤᠯᠳᠤᠭᠠᠨ ᠪᠠ ᠰᠤᠷᠭᠠᠭᠤᠯᠢ ᠶᠢᠨ ᠬᠤᠭᠤᠷᠣᠨᠳᠣᠬᠢ ᠬᠤᠯᠪᠣᠭᠠᠲᠤ ᠤᠷᠤᠯᠳᠤᠭᠠᠨ ᠢ | ᠶᠡᠬᠡᠪᠡᠷ ᠥᠷᠨᠢᠭᠦᠯᠵᠦ᠂ 5 ᠲᠦᠮᠡᠨ ᠬᠡᠦᠬᠡᠳ ᠪᠠᠭᠠᠴᠤᠳ ᠢ ᠣᠷᠣᠯᠴᠠᠭᠤᠯᠤᠨ᠎ᠠ᠃ ᠪᠦᠬᠦ ᠤᠯᠤᠰ ᠤᠨ ᠠᠩᠬᠠᠳᠤᠭᠠᠷ | ᠬᠤᠭᠤᠴᠠᠭᠠᠨ ᠤ ᠰᠤᠷᠤᠭᠴᠢᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠤᠯᠴᠠᠬᠤ ᠪᠠᠷ | ᠪᠡᠯᠡᠳᠬᠡᠵᠦ᠂ ᠤᠶᠤᠨ ᠤ ᠪᠣᠯᠪᠠᠰᠤᠨ ᠪᠠ ᠪᠡᠶ᠎ᠡ ᠶᠢᠨ ᠲᠠᠮᠢᠷ ᠤᠨ ᠬᠤᠣᠰ ᠡᠯᠪᠡᠭ ᠬᠤᠷᠢᠶᠠᠯᠲᠠ ᠣᠯᠬᠤ ᠪᠠᠷ | ᠴᠢᠷᠮᠠᠶᠢᠨ᠎ᠠ᠃ | 4. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ | ᠬᠡᠦᠬᠡᠳ ᠤᠨ ᠪᠡᠶ᠎ᠡ ᠶᠢᠨ ᠲᠠᠮᠢᠷ ᠤᠨ ᠶᠡᠭᠡ ᠬᠤᠷᠠᠯ ᠵᠢᠴᠢ ᠡᠴᠢᠭᠡ ᠡᠬᠡ ᠦᠷ᠎ᠡ ᠬᠡᠦᠬᠡᠳ ᠤᠨ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠨᠠᠶᠢᠷ ︵13 ᠲᠠᠯᠠᠪᠤᠷ | ᠪᠡᠶ᠎ᠡ ᠶᠢᠨ ᠲᠠᠮᠢᠷ ᠤᠨ ᠮᠡᠷᠭᠡᠵᠢᠯ ᠴᠢᠳᠠᠪᠤᠷᠢ ᠶᠢᠨ ᠦᠵᠡᠭᠦᠯᠦᠯᠭᠡ ᠶᠢᠨ ᠶᠡᠭᠡ ᠬᠤᠷᠠᠯ᠂ 10 ᠬᠤᠭᠤᠴᠠᠭᠠᠨ ᠤ | ᠵᠤᠰᠠᠯᠠᠩ ᠤᠨ ᠠᠵᠢᠯᠯᠠᠭ᠎ᠠ᠂ 10 ᠬᠤᠭᠤᠴᠠᠭᠠᠨ ᠤ ᠡᠪᠦᠯ ᠤᠨ ᠠᠮᠠᠷᠠᠯᠲᠠ ᠶᠢᠨ ᠠᠵᠢᠯᠯᠠᠭ᠎ᠠ︶ ᠡᠷᠬᠢᠯᠡᠨ᠂ 2 | ᠲᠦᠮᠡᠨ ᠬᠡᠦᠬᠡᠳ ᠪᠠᠭᠠᠴᠤᠳ ᠤᠨ ᠣᠷᠤᠯᠴᠠᠬᠤ ᠶᠢ ᠪᠡᠶᠡᠯᠡᠭᠦᠯᠦᠨ᠎ᠡ᠃ | 5. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯᠲᠠᠳ ᠤᠨ ᠪᠤᠯᠪᠠᠰᠤᠷᠠᠯ ᠤᠨ ᠠᠩᠭᠢ ᠶᠢ | ᠰᠠᠶᠢᠳᠤᠷ ᠡᠷᠬᠢᠯᠡᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠵᠠᠬᠢᠷᠤᠯ᠂ | ᠲᠠᠰᠬᠠᠯᠵᠢᠭᠤᠯᠤᠭᠴᠢ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠬᠠᠮᠢᠶᠠᠷᠤᠯᠲᠠ ᠶᠢᠨ | ᠠᠵᠢᠯᠲᠠᠨ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ | ᠪᠠᠭᠰᠢ ᠶᠢᠨ ᠪᠣᠯᠪᠠᠰᠤᠷᠠᠯ ᠤᠨ ᠠᠩᠭᠢ ᠶᠢ 10 ᠬᠤᠭᠤᠴᠠᠭ᠎ᠠ ᠡᠷᠬᠢᠯᠡᠵᠦ᠂ 1000 ᠬᠦᠮᠦᠨ ᠢ ᠤᠷᠤᠯᠴᠠᠭᠤᠯᠤᠨ᠎ᠡ᠃ | 6. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠠᠵᠢᠯ ᠢ ᠰᠠᠶᠢᠳᠤᠷ | ᠦᠷᠨᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠡᠯ᠎ᠡ ᠭᠠᠵᠠᠷ ᠣᠷᠣᠨ ᠤ ᠰᠣᠨᠢᠨ ᠮᠡᠳᠡᠭᠡᠨ ᠤ | ᠵᠠᠭᠤᠴᠢᠯᠠᠭᠤᠷ ᠵᠢᠴᠢ ᠬᠤᠪᠢ ᠶᠢᠨ ᠵᠠᠭᠤᠴᠢᠯᠠᠭᠤᠷ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠭᠤᠴᠢᠯᠠᠭᠤᠷ ᠤᠨ | ᠠᠭᠤᠯᠵᠠᠯᠲᠠ ᠶᠢᠨ ᠬᠤᠷᠠᠯ᠂ ᠰᠣᠨᠢᠨ ᠮᠡᠳᠡᠭᠡᠯᠡᠯ᠂ ᠸᠧᠳᠢᠤ᠋ ᠳᠠᠮᠵᠢᠭᠤᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠦᠷᠨᠢᠭᠦᠨ ᠬᠦᠭᠵᠢᠭᠦᠨ ᠠᠭᠤᠷ ᠠᠮᠢᠰᠬᠤᠯ ᠢ ᠪᠣᠶ | ᠪᠣᠯᠭᠠᠵᠤ᠂ ᠪᠥᠬᠦ ᠣᠷᠣᠨ ᠳᠤ ᠡᠯ᠎ᠡ ᠲᠥᠷᠥᠯ ᠤᠨ ᠰᠣᠨᠢᠨ ᠮᠡᠳᠡᠭᠡ ᠳᠤ 500 ᠵᠤᠷᠪᠤᠰ ᠮᠡᠳᠡᠭᠡ ᠤᠬᠠᠭᠤᠯᠤᠨ | ᠮᠡᠳᠡᠭᠡᠯᠡᠬᠦ ᠶᠢ ᠪᠡᠶᠡᠯᠡᠭᠦᠯᠦᠨ᠎ᠡ᠃ | 7. ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠦᠷᠭᠦᠯᠵᠢᠯᠡᠨ ᠠᠬᠢᠭᠤᠯᠤᠨ᠎ᠡ᠃ | ᠪᠡᠶ᠎ᠡ ᠶᠢᠨ ᠲᠠᠮᠢᠷ ᠤᠨ ᠲᠥᠷᠥᠯ ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠵᠤ᠂ 500 | ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢ ᠪᠠᠶᠢᠭᠤᠯᠵᠤ᠂ ︽ᠨᠢᠭᠡ ᠰᠤᠷᠭᠠᠭᠤᠯᠢ ᠨᠢᠭᠡ | ᠲᠥᠷᠥᠯ ᠵᠦᠢᠯ︾ ︽ᠨᠢᠭᠡ ᠰᠤᠷᠭᠠᠭᠤᠯᠢ ᠣᠯᠠᠨ ᠲᠥᠷᠥᠯ ᠵᠦᠢᠯ︾ ᠤᠨ ᠣᠨᠴᠠᠯᠢᠭᠲᠤ ᠦᠷ᠎ᠡ ᠪᠦᠲᠦᠭᠡᠯ ᠢ | ᠪᠠᠬᠢᠵᠢᠭᠦᠯᠦᠨ᠎ᠡ᠃ ᠪᠡᠶ᠎ᠡ ᠶᠢᠨ ᠲᠠᠮᠢᠷ ᠤᠨ ᠪᠠᠭᠰᠢ᠂ ᠲᠠᠰᠬᠠᠯᠵᠢᠭᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠨ ᠲᠠᠮᠢᠷᠴᠢᠳ ᠤᠨ ᠪᠡᠶ᠎ᠡ ᠶᠢᠨ ᠲᠠᠮᠢᠷ ᠤᠨ ᠪᠠᠭᠰᠢ ᠪᠠ | ᠲᠠᠰᠬᠠᠯᠵᠢᠭᠤᠯᠤᠭᠴᠢ ᠶᠢᠨ ᠲᠤᠰᠢᠶᠠᠯ ᠢ ᠡᠭᠦᠷᠭᠡᠯᠡᠬᠦ ᠶᠢ ᠳᠡᠮᠵᠢᠨ᠎ᠡ᠃ | 8. ᠡᠯ᠎ᠡ ᠪᠦᠷᠢᠯᠳᠦᠭᠦᠨ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠨ᠎ᠡ᠃ | ︽ᠬᠤᠶᠠᠷ ᠢ ᠪᠠᠭᠠᠰᠬᠠᠬᠤ︾ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ | ᠡᠵᠡᠮᠳᠡᠬᠦ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢ ᠴᠢᠩᠭᠠᠳᠬᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠡᠦᠬᠡᠳ ᠤᠨ ᠬᠥᠭᠵᠢᠯᠲᠡ ᠶᠢᠨ ᠬᠥᠲᠥᠯᠪᠦᠷᠢ︾ ᠶᠢᠨ ᠬᠠᠷᠠᠯᠲᠠᠲᠤ ᠡᠭᠦᠷᠭᠡ ᠶᠢᠨ ᠠᠵᠢᠯ ᠤᠨ | ᠬᠤᠪᠢᠶᠠᠷᠢᠯᠠᠯ ᠢ ᠪᠡᠶᠡᠯᠡᠭᠦᠯᠵᠦ᠂ ︽ᠤᠮᠠᠷᠠᠲᠤ ᠬᠢᠯᠢ ᠪᠠᠨ ᠶᠡᠭᠡ ᠪᠠᠷ ᠬᠠᠶᠢᠷᠠᠯᠠᠬᠤ︾ ᠰᠢᠷᠢᠰ ᠠᠵᠢᠯᠯᠠᠭ᠎ᠠ ᠶᠢ | ᠥᠷᠨᠢᠭᠦᠯᠦᠨ᠎ᠡ᠃ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ | ᠬᠠᠯᠠᠮᠵᠢᠯᠠᠨ ᠠᠩᠬᠠᠷᠴᠤ ᠪᠠᠶᠢᠭ᠎ᠠ ᠳᠤ ᠲᠠᠯᠠᠷᠬᠠᠵᠤ ᠪᠠᠶᠢᠨ᠎ᠠ᠂ 2023 ᠣᠨ ᠳᠤ᠂ ᠪᠢᠳᠡ ᠨᠢᠭᠡ ᠰᠡᠳᠬᠢᠯ ᠨᠢᠭᠡ | ᠵᠣᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠦᠢᠯᠡᠰ ᠤᠨ ᠬᠥᠭᠵᠢᠯᠲᠡ ᠶᠢᠨ ᠲᠥᠯᠥᠭᠡ ᠬᠠᠮᠲᠤᠪᠠᠷ ᠴᠢᠷᠮᠠᠶᠢᠬᠤ ᠪᠤᠯᠤᠨ᠎ᠡ᠃ |