ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠧᠨ ᠰᠢᠶᠣᠣ ᠶᠠᠨ᠄ ᠪᠡᠶ᠎ᠡ ᠶᠢᠨ ᠲᠠᠮᠢᠷ ᠤᠨ ᠡᠷᠴᠢ ᠬᠦᠴᠦᠨ ᠢ ᠮᠡᠳᠡᠷᠡᠵᠦ᠂ ᠰᠠᠶᠢᠨ ᠰᠠᠶᠢᠬᠠᠨ ᠠᠮᠢᠳᠤᠷᠠᠯ ᠵᠦᠭ ᠬᠠᠯᠠᠭᠤᠨ ᠭᠠᠷ ᠢᠶᠠᠨ ᠰᠤᠩᠭᠠᠨ᠎ᠠ
ᠨᠡᠶᠢᠲᠡᠯᠡᠭᠰᠡᠨ ᠴᠠᠭ᠄
2023/3/14
   ᠵᠡᠮᠳᠡᠭᠴᠦᠳ ᠤᠨ ᠬᠦᠨᠳᠦ ᠬᠥᠩᠭᠡᠨ ᠲᠠᠮᠢᠷ ᠤᠨ ᠲᠠᠮᠢᠷᠴᠢᠨ ᠸᠧᠨ ᠰᠢᠶᠣᠣ ᠶᠠᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠪᠢ ᠪᠠᠷ ᠪᠡᠭᠡᠵᠢᠩ ᠳᠤ ᠢᠷᠡᠵᠤ ᠬᠤᠷᠠᠯ ᠳᠤ ᠣᠷᠤᠯᠴᠠᠬᠤ ᠠᠴᠠ ᠡᠮᠦᠨ᠎ᠡ᠂ ᠳ᠋ᠦᠪᠠᠢ ᠳᠤ ᠶᠠᠪᠤᠭᠳᠠᠭᠰᠠᠨ ᠳᠡᠯᠡᠬᠡᠢ ᠶᠢᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠦᠨᠳᠦ ᠬᠥᠩᠭᠡᠨ ᠲᠠᠮᠢᠷ ᠤᠨ ᠲᠣᠮᠣ ᠱᠠᠩᠨᠠᠯᠲᠤ ᠤᠷᠤᠯᠳᠤᠭᠠᠨ ᠳᠤ ᠤᠷᠤᠯᠴᠠᠭᠠᠳ ᠳᠠᠬᠢᠨᠲᠠ ᠠᠯᠲᠠᠨ ᠮᠧᠳᠠᠯ ᠤᠯᠤᠭᠰᠠᠨ ᠶᠤᠮ᠃ ᠸᠧᠨ ᠰᠢᠶᠤᠤ ᠶᠠᠨ ᠠᠴᠠ ︽ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠨᠢ ᠲᠤᠶᠢᠯ ᠤᠨ ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ᠂ ᠬᠠᠷᠢᠭᠤᠴᠠᠯᠭ᠎ᠠ ᠮᠠᠰᠢ ᠬᠦᠨᠳᠦ᠃ ᠦᠨᠳᠦᠰᠦᠨ ᠱᠠᠲᠤᠨ ᠤ ᠲᠠᠭᠤᠨ ᠢ ᠲᠡᠭᠡᠭᠰᠢ ᠬᠦᠷᠭᠡᠵᠦ᠂ ᠬᠤᠷᠠᠯ ᠤᠨ ᠱᠠᠭᠠᠷᠳᠠᠯᠭ᠎ᠠ ᠶᠢ ᠠᠪᠴᠤ ᠬᠠᠷᠢᠬᠤ ᠪᠣᠯ ᠮᠢᠨᠤ ᠡᠭᠦᠷᠭᠡ ᠮᠥᠨ᠃ ᠪᠢ ᠪᠠᠰᠠ ᠡᠩ ᠤᠨ ᠦᠶ᠎ᠡ ᠶᠢᠨ ᠠᠵᠢᠯ ᠰᠤᠷᠤᠯᠴᠠᠯᠭ᠎ᠠ ᠶᠢᠨ ᠳᠤᠮᠳᠠ ᠪᠠᠨ ᠨᠡᠩ ᠤᠯᠠᠨ ᠵᠡᠮᠳᠡᠭ ᠨᠠᠶᠢᠵᠠ ᠨᠠᠷ ᠤᠨ ᠲᠠᠮᠢᠷ ᠤᠨ ᠲᠠᠯᠠᠪᠠᠢ ᠳᠤ ᠭᠠᠷᠴᠦ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ ᠪᠠᠨ ᠦᠷᠭᠡᠳᠬᠡᠨ᠂ ᠰᠢᠨᠵᠢᠯᠡᠬᠦ ᠤᠬᠠᠭᠠᠨᠴᠢ ᠪᠦᠲᠦᠮᠵᠢᠲᠡᠢ ᠪᠡᠶ᠎ᠡ ᠶᠢᠨ ᠲᠠᠮᠢᠷ ᠤᠨ ᠪᠣᠯᠪᠠᠰᠤᠷᠠᠯ ᠢᠶᠠᠷ ᠳᠠᠮᠵᠢᠨ ᠪᠡᠶ᠎ᠡ ᠮᠠᠬᠠᠪᠤᠳ ᠢᠶᠠᠨ ᠰᠠᠶᠢᠵᠢᠷᠠᠭᠤᠯᠵᠤ᠂ ᠪᠡᠶ᠎ᠡ ᠶᠢᠨ ᠲᠠᠮᠢᠷ ᠤᠨ ᠬᠦᠴᠦᠨ ᠢ ᠮᠡᠳᠡᠷᠡᠵᠦ᠂ ᠰᠠᠶᠢᠨ ᠰᠠᠶᠢᠬᠠᠨ ᠠᠮᠢᠳᠤᠷᠠᠯ ᠳᠤ ᠬᠠᠯᠠᠭᠤᠨ ᠭᠠᠷ ᠢᠶᠠᠨ ᠰᠤᠩᠭᠠᠬᠤ ᠶᠢ ᠵᠤᠷᠢᠭᠵᠢᠭᠤᠯᠳᠠᠭ︾ ᠭᠡᠵᠦ ᠬᠡᠯᠡᠵᠦ ᠪᠠᠶᠢᠪᠡ᠃     ᠸᠧᠨ ᠰᠢᠶᠣᠣ ᠶᠠᠨ 1997 ᠣᠨ ᠳᠤ ᠬᠤᠨᠠᠨ ᠤ ᠢᠶᠠᠩ ᠳᠤ ᠳᠦᠷᠦᠵᠦ᠂ 2015 ᠣᠨ ᠠᠴᠠ ᠡᠬᠢᠯᠡᠨ ᠰᠢᠰᠲ᠋ᠧᠮ ᠲᠠᠢ ᠪᠠᠷ ᠬᠦᠨᠳᠦ ᠬᠥᠩᠭᠡᠨ ᠲᠠᠮᠢᠷ ᠤᠨ ᠪᠣᠯᠪᠠᠰᠤᠷᠠᠯ ᠬᠦᠷᠲᠡᠵᠦ᠂ 2016 ᠣᠨ ᠳᠤ ᠷᠢᠦ᠋ ᠳ᠋ᠢ ᠿᠧᠨ᠋ᠸᠢᠢᠷᠦ᠋ ᠶᠢᠨ ᠵᠡᠮᠳᠡᠭᠴᠦᠳ ᠤᠨ ᠤᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠪᠠ᠃ ᠷᠢᠦ᠋ ᠳ᠋ᠢ ᠿᠧᠨ᠋ᠸᠢᠢᠷᠦ᠋ ᠶᠢᠨ ᠵᠡᠮᠳᠡᠭᠴᠦᠳ ᠤᠨ ᠤᠯᠢᠮᠫᠢᠺ ᠤᠨ ᠴᠤᠭᠯᠠᠭᠠᠨ ᠪᠣᠯᠣᠨ ᠲᠣᠣᠺᠢᠤ᠋ ᠶᠢᠨ ᠵᠡᠮᠳᠡᠭᠴᠦᠳ ᠤᠨ ᠤᠯᠢᠮᠫᠢᠺ  ᠤᠨ ᠴᠤᠭᠯᠠᠭᠠᠨ ᠤ ᠤᠷᠤᠯᠳᠤᠭᠠᠨ ᠳᠤ᠂ ᠸᠧᠨ ᠰᠢᠶᠣᠣ ᠶᠠᠨ ᠬᠦᠨᠳᠦ ᠬᠥᠩᠭᠡᠨ ᠲᠠᠮᠢᠷ ᠤᠨ ᠤᠷᠤᠯᠳᠤᠭᠠᠨ ᠤ ᠵᠦᠢᠯ ᠳᠤ 5 ᠠᠯᠲᠠᠨ ᠮᠧᠳᠠᠯ ᠣᠯᠵᠤ᠂ ᠳᠡᠯᠡᠬᠡᠢ ᠶᠢᠨ ᠲᠡᠮᠳᠡᠭᠯᠡᠯ ᠢ ᠣᠯᠠᠨ ᠤᠳᠠᠭ᠎ᠠ ᠰᠢᠨᠡᠳᠬᠡᠪᠡ᠃ ᠪᠡᠭᠡᠵᠢᠩ ᠤᠨ 2022 ᠣᠨ ᠤ ᠡᠪᠦᠯ ᠤᠨ ᠵᠡᠮᠳᠡᠭᠴᠦᠳ ᠤᠨ ᠤᠯᠢᠮᠫᠢᠺ ᠤᠨ ᠴᠤᠭᠯᠠᠭᠠᠨ ᠳᠤ᠂ ᠸᠧᠨ ᠰᠢᠶᠣᠣ ᠶᠠᠨ ᠡᠬᠢᠯᠡᠯᠲᠡ ᠶᠢᠨ ᠶᠣᠰᠣᠯᠠᠯ ᠤᠨ ᠭᠠᠯ ᠪᠠᠮᠪᠠᠷᠴᠢᠨ ᠪᠣᠯᠪᠠ᠃ ᠡᠨᠡ ᠲᠤᠬᠠᠢ ᠡᠷᠬᠢᠴᠡᠭᠦᠯᠬᠦ ᠳᠤ᠂ ᠲᠡᠷᠡ ᠮᠥᠨ ᠯᠡ ᠲᠤᠶᠢᠯ ᠢᠶᠠᠷ ᠰᠡᠳᠬᠢᠯ ᠬᠥᠳᠡᠯᠦᠨ᠄ ︽2022 ᠣᠨ ᠤ 3 ᠰᠠᠷ᠎ᠠ ᠶᠢᠨ 4 ᠤ  ᠣᠷᠣᠢ᠂ ᠪᠢ ᠭᠠᠯ ᠪᠠᠮᠪᠠᠷ ᠢᠶᠠᠨ ᠡᠷᠭᠦᠭᠡᠳ ᠭᠦᠶᠦᠬᠦ ᠳᠤ᠂ ᠲᠡᠷᠡ ᠬᠦ ᠪᠠᠶᠠᠷ ᠪᠠᠭ᠋ᠠᠳᠤᠯ᠂ ᠣᠮᠣᠭᠰᠢᠯ ᠢ ᠬᠡᠯᠡᠬᠦ ᠶᠢᠨ ᠠᠷᠭ᠎ᠠ ᠦᠭᠡᠢ᠂ ᠨᠢᠯᠪᠤᠰᠦ ᠪᠠᠨ ᠬᠤᠷᠢᠵᠦ ᠲᠡᠶᠢᠯᠬᠦ ᠦᠭᠡᠢ ᠪᠠᠶᠢᠭᠰᠠᠨ᠃ ᠡᠬᠡ ᠤᠯᠤᠰ ᠪᠣᠯᠣᠨ ᠠᠭᠤᠤ ᠶᠡᠭᠡ ᠴᠠᠭ ᠦᠶ᠎ᠡ ᠳᠤ ᠲᠠᠯᠠᠷᠬᠠᠵᠤ ᠪᠠᠶᠢᠨ᠎ᠠ᠂ ᠪᠢ ᠵᠡᠮᠳᠡᠭ ᠠᠬ᠎ᠠ ᠳᠡᠭᠦᠦ ᠡᠭᠡᠴᠢ ᠳᠡᠭᠦᠦ ᠨᠠᠷ ᠲᠠᠢ ᠬᠠᠮᠲᠤ ᠪᠠᠷ ᠬᠥᠮᠥᠨ ᠤ ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠠᠵᠠ ᠲᠣᠬᠢᠶᠠᠯ᠂ ᠬᠦᠰᠡᠯ ᠵᠡᠭᠦᠳᠦ ᠪᠠᠨ ᠪᠡᠶᠡᠯᠡᠭᠦᠯᠬᠦ ᠠᠵᠠ ᠲᠣᠬᠢᠶᠠᠯ᠂ ᠵᠢᠴᠢ ᠡᠬᠡ ᠤᠯᠤᠰ ᠪᠣᠯᠣᠨ ᠴᠠᠭ ᠦᠶ᠎ᠡ ᠲᠠᠢ ᠪᠠᠨ ᠬᠠᠮᠲᠤ ᠪᠠᠷ ᠦᠰᠦᠨ ᠪᠣᠶᠢᠵᠢᠵᠤ ᠲᠠᠪᠰᠢᠬᠤ ᠠᠵᠠ ᠲᠣᠬᠢᠶᠠᠯ ᠢ ᠡᠳ᠋ᠯᠡᠯ᠎ᠡ︾ ᠭᠡᠵᠦ ᠪᠠᠶᠢᠪᠡ᠃     ᠪᠡᠭᠡᠵᠢᠩ ᠤᠨ ᠡᠪᠦᠯ ᠤᠨ ᠤᠯᠢᠮᠫᠢᠺ ᠤᠨ ᠴᠤᠭᠯᠠᠭᠠᠨ᠂ ᠡᠪᠦᠯ ᠤᠨ ᠵᠡᠮᠳᠡᠭᠴᠦᠳ ᠤᠨ ᠤᠯᠢᠮᠫᠢᠺ ᠤᠨ ᠴᠤᠭᠯᠠᠭᠠᠨ ᠢ ᠪᠡᠯᠡᠳᠬᠡᠨ ᠡᠷᠭᠢᠯᠡᠭᠰᠡᠨ ᠶᠠᠪᠤᠳᠠᠯ ᠨᠢ ᠮᠠᠨ ᠤ ᠤᠯᠤᠰ ᠤᠨ ᠵᠡᠮᠳᠡᠭᠴᠦᠳ ᠤᠨ ᠮᠥᠰᠥ ᠴᠠᠰᠤᠨ ᠤ ᠦᠢᠯᠡᠰ ᠤᠨ ᠬᠥᠭᠵᠢᠯᠲᠡ ᠶᠢ ᠲᠤᠶᠢᠯ ᠤᠨ ᠶᠡᠭᠡ ᠪᠠᠷ ᠳᠠᠶᠢᠴᠢᠯᠠᠭᠰᠠᠨ ᠪᠠᠶᠢᠨ᠎ᠠ᠃ 2016 ᠣᠨ ᠠᠴᠠ ᠡᠷᠬᠢᠯᠡᠭᠰᠡᠨ ᠳᠤᠮᠳᠠᠳᠤ ᠤᠯᠤᠰ ᠤᠨ ᠵᠡᠮᠳᠡᠭᠴᠦᠳ ᠤᠨ ᠮᠥᠰᠥ ᠴᠠᠰᠤᠨ ᠤ ᠲᠠᠮᠢᠷ ᠤᠨ ᠤᠯᠠᠷᠢᠯ ᠤᠨ ᠠᠵᠢᠯᠯᠠᠭ᠎ᠠ ᠡᠨᠡ ᠵᠢᠯ ᠳᠣᠯᠣᠳᠤᠭᠠᠷ ᠬᠤᠭᠤᠴᠠᠭ᠎ᠠ ᠪᠠᠨ ᠤᠭᠲᠤᠨ ᠠᠪᠤᠯ᠎ᠠ᠃ 7 ᠵᠢᠯ ᠤᠨ ᠲᠤᠷᠰᠢ᠂ ᠵᠡᠮᠳᠡᠭᠴᠦᠳ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠯᠠᠷᠢᠯ ᠤᠨ ᠠᠵᠢᠯᠯᠠᠭ᠎ᠠ ᠥᠷᠨᠢᠭᠦᠯᠦᠭᠰᠡᠨ ᠮᠤᠵᠢ ᠣᠷᠣᠨ ᠬᠤᠳᠠ ᠶᠢᠨ ᠬᠢᠨ ᠬᠠᠮᠤᠭ ᠠᠩᠬᠠᠨ ᠤ 14 ᠪᠠᠶᠢᠭᠰᠠᠨ ᠠᠴᠠ ᠪᠠᠨ 31 ᠪᠣᠯᠵᠤ ᠬᠥᠭᠵᠢᠪᠡ᠃ ᠤᠷᠤᠯᠳᠤᠭᠠᠨ ᠤ ᠠᠵᠢᠯᠯᠠᠭ᠎ᠠ ᠶᠢᠨ ᠲᠠᠪᠴᠠᠩ ᠢ ᠤᠯᠠᠮ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠤᠯᠠᠮ ᠠᠴᠠ ᠤᠯᠠᠮ ᠣᠯᠠᠨ ᠵᠡᠮᠳᠡᠭᠴᠦᠳ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠩᠨᠡᠭᠡᠨ ᠳᠤ ᠣᠷᠣᠵᠤ ᠪᠠᠶᠢᠨ᠎ᠠ᠃ ᠰᠢᠨ᠎ᠡ ᠪᠠᠷ ᠰᠣᠩᠭᠤᠭᠳᠠᠭᠰᠠᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠸᠧᠨ ᠰᠢᠶᠣᠣ ᠶᠠᠨ ᠭᠤᠣᠯᠳᠠᠯᠭ᠎ᠠ ᠪᠠᠨ ᠵᠡᠮᠳᠡᠭᠴᠦᠳ ᠲᠤ ᠬᠠᠨᠳᠤᠭᠤᠯᠤᠭᠰᠠᠨ ᠪᠠᠶᠢᠨ᠎ᠠ᠃ ᠲᠡᠷᠡ᠄ ︽ᠪᠢ ᠵᠡᠮᠳᠡᠭ ᠲᠠᠮᠢᠷᠴᠢᠳ ᠤᠨ ᠤᠷᠤᠯᠳᠤᠭᠠᠨ ᠤ ᠪᠡᠶ᠎ᠡ ᠶᠢᠨ ᠲᠠᠮᠢᠷ ᠲᠤ ᠣᠷᠤᠯᠴᠠᠬᠤ ᠬᠠᠮᠢᠶ᠎ᠠ ᠪᠦᠬᠦᠢ ᠠᠭᠤᠯᠭ᠎ᠠ ᠶᠢ ᠠᠩᠬᠠᠷᠬᠤ ᠪᠥᠭᠡᠳ ᠵᠡᠮᠳᠡᠭᠴᠦᠳ ᠤᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠤᠯᠴᠠᠬᠤ ᠪᠠᠶᠢᠳᠠᠯ ᠢ ᠴᠤ ᠠᠩᠬᠠᠷᠬᠤ ᠪᠣᠯᠣᠨ᠎ᠠ᠃  2022 ᠣᠨ ᠤ ᠬᠤᠨᠠᠨ ᠤ ᠦᠨᠡᠮᠯᠡᠯ ᠲᠠᠢ ᠵᠡᠮᠳᠡᠭᠴᠦᠳ ᠤᠨ ᠦᠨᠳᠦᠰᠦᠨ ᠪᠠᠶᠢᠳᠠᠯ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠵᠡᠮᠳᠡᠭᠴᠦᠳ ᠤᠨ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠰᠠᠨ ᠨᠤᠷᠮ᠎ᠡ ᠵᠥᠪᠬᠡᠨ 25.8% ᠪᠠᠶᠢᠵᠤ᠂ ᠪᠠᠷᠤᠭ ᠳᠥᠷᠪᠡᠨ ᠤ ᠭᠤᠷᠪᠠᠨ ᠬᠤᠪᠢ ᠶᠢᠨ ᠵᠡᠮᠳᠡᠭᠴᠦᠳ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠰᠠᠨ ᠦᠭᠡᠢ᠂ ᠡᠯ᠎ᠡ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠠᠩ ᠣᠯᠠᠨ ᠵᠡᠮᠳᠡᠭ ᠨᠠᠶᠢᠵᠠ ᠨᠠᠷ ᠢ ᠲᠠᠮᠢᠷ ᠤᠨ ᠲᠠᠯᠠᠪᠤᠷ ᠲᠤ ᠤᠴᠢᠭᠤᠯᠬᠤ ᠶᠢ ᠬᠦᠰᠡᠵᠦ ᠪᠠᠶᠢᠨ᠎ᠠ᠃ ᠪᠢ ᠪᠠᠰᠠ ᠤᠢ ᠪᠢᠯᠢᠭ᠂ ᠮᠡᠳᠡᠷᠡᠯ ᠵᠢᠴᠢ ᠬᠦᠨᠳᠦ ᠵᠡᠮᠳᠡᠭ ᠬᠥᠮᠥᠨ ᠳᠤ ᠵᠣᠷᠢᠭᠤᠯᠤᠭᠰᠠᠨ ᠡᠷᠡᠭᠦᠯᠵᠢᠯ ᠤᠨ ᠦᠢᠯᠡᠴᠢᠯᠡᠭᠡ᠂ ᠨᠠᠶᠢᠳᠠᠨ ᠠᠰᠠᠷᠠᠭᠤᠯᠬᠤ ᠦᠢᠯᠡᠴᠢᠯᠡᠭᠡ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠠᠩᠬᠠᠷᠤᠨ᠎ᠠ︾ ᠭᠡᠵᠡᠢ᠃ ᠸᠧᠨ ᠰᠢᠶᠣᠣ ᠶᠠᠨ ᠠᠴᠠ᠂ ᠵᠡᠮᠳᠡᠭᠴᠦᠳ ᠤᠨ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠳᠤ ᠪᠥᠬᠦ ᠲᠠᠯ᠎ᠠ ᠪᠠᠷ ᠠᠭᠤᠰᠬᠠᠨ ᠣᠷᠣᠭᠤᠯᠵᠤ᠂ ᠤᠯᠤᠰ ᠤᠨ ᠪᠠ ᠠᠷᠠᠳ ᠤᠨ ᠡᠵᠡᠩᠨᠡᠭᠰᠡᠨ ᠪᠡᠶ᠎ᠡ ᠶᠢᠨ ᠲᠠᠮᠢᠷ ᠤᠨ ᠲᠠᠯᠠᠪᠠᠶ ᠶᠢ ᠵᠡᠮᠳᠡᠭᠴᠦᠳ ᠲᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠶᠢ ᠵᠣᠷᠢᠭᠵᠢᠭᠤᠯᠬᠤ ᠶᠢᠨ ᠬᠠᠮᠲᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠳᠤ ᠬᠠᠷᠰᠢ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠠᠭᠲᠠᠭᠠᠭᠰᠠᠨ ᠲᠥᠬᠦᠮ ᠦᠵᠡᠭᠦᠯᠬᠦ ᠶᠢ ᠰᠠᠨᠠᠭᠤᠯᠵᠦ ᠪᠠᠶᠢᠨ᠎ᠡ ᠭᠡᠵᠡᠢ᠃     ᠣᠳᠣᠬᠠᠨ ᠳᠤ᠂ ᠸᠧᠨ ᠰᠢᠶᠣᠣ ᠶᠠᠨ ᠶᠠᠭ ᠫᠠᠷᠢᠰ ᠤᠨ ᠵᠡᠮᠳᠡᠭᠴᠦᠳ ᠤᠨ ᠤᠯᠢᠮᠫᠢᠺ ᠤᠨ ᠴᠤᠭᠯᠠᠭᠠᠨ ᠳᠤ ᠢᠳᠡᠪᠬᠢᠲᠡᠢ ᠪᠡᠯᠡᠳᠬᠡᠯ ᠬᠢᠵᠦ᠂  ᠡᠷᠳᠡᠬᠡᠨ ᠤᠷᠤᠯᠴᠠᠬᠤ ᠬᠢᠷᠢ ᠬᠡᠮ ᠣᠯᠬᠤ ᠪᠠᠷ ᠮᠡᠷᠡᠶᠢᠵᠦ ᠪᠠᠶᠢᠨ᠎ᠡ᠃ ᠲᠡᠷᠡ ᠢᠯᠡᠷᠬᠡᠶᠢᠯᠡᠬᠦ ᠳᠡᠭᠡᠨ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠠᠯᠠᠪᠤᠷ ᠲᠤ ᠴᠤ ᠭᠡᠰᠡᠨ᠂ ᠬᠥᠮᠥᠨ ᠤ ᠠᠮᠢᠳᠤᠷᠠᠯ ᠤᠨ ᠵᠠᠮ ᠳᠤ ᠴᠦ ᠭᠡᠰᠡᠨ ᠲᠠᠰᠤᠷᠠᠯᠲᠠ ᠦᠭᠡᠢ ᠴᠢᠷᠮᠠᠶᠢᠵᠤ᠂ ᠥᠪᠡᠷ ᠢ ᠪᠠᠨ ᠳᠠᠪᠠᠵᠤ᠂ ᠨᠠᠩ ᠣᠯᠠᠨ ᠶᠣᠰᠣ ᠮᠣᠷᠠᠯ ᠤᠨ ︽ᠱᠠᠩᠨᠠᠯ︾᠂ ᠬᠡᠪ ᠨᠠᠮᠪᠠ ᠶᠢᠨ ︽ᠱᠠᠩᠨᠠᠯ︾᠂ ᠠᠷᠢᠭᠤᠨ ᠴᠡᠪᠡᠷ ︽ᠱᠠᠩᠨᠠᠯ︾ ᠢ ᠠᠪᠴᠤ᠂ ᠨᠡᠶᠢᠭᠡᠮ᠂ ᠤᠯᠤᠰ ᠣᠷᠣᠨ ᠤ ᠠᠴᠢ ᠶᠢ ᠬᠠᠷᠢᠭᠤᠯᠤᠨ᠎ᠠ ᠭᠡᠵᠡᠢ᠃
 
ᠢᠷᠡᠯᠲᠡ᠄ ᠲᠤᠮᠳᠠᠳᠦ ᠤᠯᠤᠰ ᠤᠨ ᠪᠡᠶ᠎ᠡ ᠶᠢᠨ ᠲᠠᠮᠢᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map