ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠸᠠᠩ ᠶᠦᠩ ᠹᠧᠩ᠄ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠨ᠎ᠡ ᠪᠠᠷ ᠪᠤᠢ ᠪᠤᠯᠤᠭᠰᠠᠨ ᠲᠦᠷᠦᠯ ᠵᠦᠢᠯ ᠤᠨ ᠬᠦᠭᠵᠢᠯᠳᠡ ᠶᠢ ᠠᠬᠢᠭᠤᠯᠤᠨ᠎ᠡ
ᠨᠡᠶᠢᠲᠡᠯᠡᠭᠰᠡᠨ ᠴᠠᠭ᠄
2023/3/15
    ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠠᠭᠤᠯᠠ ᠠᠪᠠᠷᠢᠬᠤ ᠲᠥᠪ ᠤᠨ ᠳᠡᠳ᠋ ᠡᠷᠬᠢᠯᠡᠭᠴᠢ᠂ ᠳᠤᠮᠳᠠᠳᠤ ᠤᠯᠤᠰ ᠤᠨ ᠠᠭᠤᠯᠠ ᠠᠪᠠᠷᠢᠬᠤ ᠨᠡᠶᠢᠭᠡᠮᠯᠢᠭ ᠤᠨ ᠳᠡᠳ᠋ ᠲᠡᠷᠢᠭᠦᠯᠡᠭᠴᠢ ᠸᠠᠩ ᠶᠦᠩ ᠹᠧᠩ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠪᠠ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠬᠤᠯᠪᠣᠭᠳᠠᠯ ᠪᠦᠬᠦᠢ ᠠᠰᠠᠭᠤᠳᠠᠯ ᠢ ᠲᠤᠶᠢᠯ ᠢᠶᠠᠷ ᠠᠩᠬᠠᠷᠴᠤ ᠪᠤᠢ᠃ ᠡᠨᠡ ᠵᠢᠯ ᠲᠡᠷᠡ ᠬᠤᠶᠠᠷ ᠬᠤᠪᠢ ᠰᠠᠨᠠᠯ ᠳᠤᠷᠠᠳᠤᠯᠭ᠎ᠠ ᠠᠪᠴᠢᠷᠠᠪᠠ᠂ ᠨᠢᠭᠡ ᠨᠢ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠪᠣᠯᠣᠨ ᠶᠡᠭᠡ ᠳᠡᠭᠡᠳᠦ ᠰᠤᠷᠭᠠᠭᠤᠯᠢ ᠬᠠᠮᠲᠤ ᠪᠠᠷ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠨ᠎ᠡ ᠪᠠᠷ ᠪᠤᠢ ᠪᠤᠯᠤᠭᠰᠠᠨ ᠲᠥᠷᠥᠯ ᠵᠦᠢᠯ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠪᠠᠶᠢᠭᠤᠯᠬᠤ ᠲᠤᠬᠠᠢ ᠪᠠᠶᠢᠵᠦ᠂  ᠨᠦᠬᠦᠭᠡ ᠨᠢ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠲᠤᠬᠠᠢ ᠪᠤᠯᠤᠨ᠎ᠡ᠃     ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠦᠷᠭᠦᠯᠵᠢᠯᠡᠨ ᠪᠠᠶᠢᠴᠠᠭᠠᠨ ᠰᠤᠳᠤᠯᠤᠯᠲᠠ ᠬᠢᠵᠦ᠂ ᠦᠷᠭᠦᠯᠵᠢᠯᠡᠨ ᠲᠠᠭᠤ ᠶᠠᠷᠢᠶ᠎ᠠ ᠭᠠᠷᠭᠠᠨ᠂ ᠨᠢᠭᠡᠨ ᠤᠴᠢᠷ ᠶᠠᠪᠤᠳᠠᠯ ᠢ ᠦᠷᠭᠦᠯᠵᠢᠯᠡᠨ ᠬᠢᠬᠦ ᠨᠢ ᠮᠠᠰᠢ ᠰᠠᠶᠢᠨ ᠶᠤᠮ︾᠃ ᠡᠭᠦᠨ ᠠᠴᠠ ᠡᠮᠦᠨ᠎ᠡ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠸᠠᠩ ᠶᠦᠩ ᠹᠧᠩ ᠡᠨᠡ ᠲᠠᠯ᠎ᠠ ᠶᠢᠨ ᠠᠰᠠᠭᠤᠳᠠᠯ ᠢ ᠮᠠᠰᠢ ᠠᠩᠬᠠᠷᠴᠤ ᠪᠠᠶᠢᠪᠠ᠃ ᠲᠡᠷᠡ ᠬᠡᠯᠡᠬᠦ ᠳᠡᠭᠡᠨ᠄ ︽ᠡᠨᠡ ᠤᠳᠠᠭ᠎ᠠ ᠪᠢ ᠪᠤᠰᠤᠳ ᠭᠡᠰᠢᠭᠦᠳ ᠲᠠᠢ ᠴᠦ ᠰᠠᠨᠠᠯ ᠢᠶᠠᠨ ᠰᠤᠯᠢᠯᠴᠠᠪᠠ᠂ ᠳᠡᠳᠡᠨ ᠤ ᠳᠣᠲᠣᠷ᠎ᠠ ᠦᠢᠯᠡᠳᠦᠯᠭᠡ ᠶᠢᠨ ᠲᠠᠯ᠎ᠠ ᠶᠢᠨ ᠲᠤᠰᠬᠠᠢ ᠮᠡᠷᠭᠡᠵᠢᠯᠲᠡᠨ ᠪᠠᠶᠢᠬᠤ ᠪᠥᠭᠡᠳ ᠤᠨᠤᠯ ᠤᠨ ᠲᠠᠯ᠎ᠠ ᠶᠢᠨ ᠲᠤᠰᠬᠠᠢ ᠮᠡᠷᠭᠡᠵᠢᠯᠲᠡᠨ ᠴᠦ ᠪᠠᠶᠢᠨ᠎ᠠ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠵᠤ᠂ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠵᠥᠪᠯᠡᠯᠭᠡ ᠶᠢ ᠨᠡᠩ ᠯᠠᠪᠳᠠᠭᠤᠨ᠂ ᠨᠡᠩ ᠰᠠᠶᠢᠨ ᠬᠢᠬᠦ ᠪᠠᠷ ᠴᠢᠷᠮᠠᠶᠢᠨ᠎ᠠ︾ ᠭᠡᠵᠡᠢ᠃     ᠸᠠᠩ ᠶᠦᠩ ᠹᠧᠩ ᠢᠯᠡᠷᠬᠡᠶᠢᠯᠡᠬᠦ ᠳᠡᠭᠡᠨ᠂ ᠨᠠᠮ  ᠤᠨ  ᠬᠤᠷᠢᠳᠤᠭᠠᠷ  ᠶᠡᠭᠡ  ᠬᠤᠷᠠᠯ  ᠤᠨ  ᠢᠯᠡᠳᠬᠡᠯ ᠳᠤ᠂ ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠬᠡᠷᠡᠭᠲᠡᠢ︾ ᠭᠡᠵᠦ ᠳᠤᠷᠠᠳᠤᠨ ᠭᠠᠷᠭᠠᠵᠠᠢ᠂ ᠡᠶᠢᠮᠦ ᠠᠴᠠ ᠫᠢᠩᠫᠠᠩ ᠪᠥᠮᠪᠦᠭᠡ᠂ ᠤᠰᠤᠨ ᠳᠤ ᠬᠠᠷᠠᠶᠢᠬᠤ ᠵᠡᠷᠭᠡ ᠤᠯᠠᠮᠵᠢᠯᠠᠯᠲᠤ ᠳᠠᠪᠠᠭᠤᠯᠢᠭ ᠵᠦᠢᠯᠡᠰ ᠢ ᠪᠠᠲᠤᠯᠠᠬᠤ ᠶᠢᠨ ᠬᠠᠮᠲᠤ ᠪᠠᠰᠠ ᠠᠰᠬ᠎ᠠ ᠠᠪᠠᠷᠢᠬᠤ᠂ ᠴᠠᠰᠤᠨ ᠳᠤ ᠭᠤᠯᠭᠤᠬᠤ᠂ ᠭᠤᠯᠭᠤᠭᠤᠷ ᠬᠠᠪᠲᠠᠰᠤ ᠵᠡᠷᠭᠡ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠨ᠎ᠡ ᠪᠠᠷ ᠪᠣᠶ ᠪᠣᠯᠤᠭᠰᠠᠨ ᠵᠦᠢᠯᠡᠰ ᠢ ᠳᠡᠮᠵᠢᠬᠦ ᠪᠠ ᠪᠠᠲᠤᠯᠠᠬᠤ ᠪᠠᠨ ᠲᠠᠰᠤᠷᠠᠯᠲᠠ ᠦᠭᠡᠢ ᠴᠢᠩᠭᠠᠳᠬᠠᠵᠤ᠂ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠨ᠎ᠡ ᠪᠠᠷ ᠪᠣᠶ ᠪᠣᠯᠤᠭᠰᠠᠨ ᠵᠦᠢᠯᠡᠰ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠡᠢ᠃     ᠸᠠᠩ ᠶᠦᠩ ᠹᠧᠩ ᠤᠨ ᠦᠵᠡᠬᠦ ᠪᠠᠷ᠂ ᠪᠡᠯᠡᠳᠬᠡᠯ ᠴᠢᠳᠠᠪᠤᠷᠢᠲᠠᠨ᠂ ᠮᠡᠷᠭᠡᠵᠢᠯ ᠤᠨ ᠴᠢᠳᠠᠪᠤᠷᠢᠲᠠᠨ ᠲᠤᠲᠠᠭᠳᠠᠵᠤ ᠪᠠᠶᠢᠬᠤ ᠵᠢᠴᠢ ᠰᠠᠭᠤᠷᠢ ᠲᠥᠬᠦᠭᠡᠷᠦᠮᠵᠢ ᠬᠦᠷᠦᠯᠴᠡᠬᠦ ᠦᠭᠡᠢ ᠪᠠᠶᠢᠬᠤ ᠵᠡᠷᠭᠡ ᠪᠣᠯ ᠣᠳᠣᠬᠠᠨ ᠤ ᠮᠠᠨ ᠤ ᠤᠯᠤᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠰᠢᠨ᠎ᠡ ᠪᠠᠷ ᠪᠤᠢ ᠪᠤᠯᠤᠭᠰᠠᠨ ᠲᠦᠷᠦᠯ ᠵᠦᠢᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠭᠤᠣᠯ ᠠᠰᠠᠭᠤᠳᠠᠯ ᠪᠣᠯᠣᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ᠪᠣᠯ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠶᠢᠨ ᠰᠠᠭᠤᠷᠢ ᠮᠥᠨ᠂ ᠲᠡᠷᠡ ᠰᠠᠨᠠᠭᠤᠯᠬᠤ ᠳᠠᠭᠠᠨ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠳᠡᠭᠡᠳᠦ ᠰᠤᠷᠭᠠᠭᠤᠯᠢ ᠲᠠᠢ ᠬᠠᠮᠲᠤᠷᠠᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠨ᠎ᠡ ᠪᠠᠷ ᠪᠣᠶ ᠪᠣᠯᠤᠭᠰᠠᠨ ᠲᠦᠷᠦᠯ ᠵᠦᠢᠯ ᠲᠦᠷᠦᠯ ᠵᠦᠢᠯ  ᠤᠨ ᠪᠡᠯᠡᠳᠬᠡᠯ ᠴᠢᠳᠠᠪᠤᠷᠢᠳᠠᠨ ᠢ ᠬᠦᠮᠦᠵᠢᠭᠦᠯᠬᠦ ᠰᠢᠰᠲ᠋ᠧᠮ ᠢ ᠪᠠᠶᠢᠭᠤᠯᠬᠤ ᠬᠡᠷᠡᠭᠳᠡᠢ᠃ ᠡᠭᠦᠨ ᠤ ᠬᠠᠮᠲᠤ ᠪᠠᠰᠠ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠬᠢᠭᠡᠳ ᠳᠡᠭᠡᠳᠦ ᠰᠤᠷᠭᠠᠭᠤᠯᠢ ᠶᠢᠨ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠵᠤ᠂ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠨ᠎ᠡ ᠪᠠᠷ ᠪᠤᠢ ᠪᠣᠯᠤᠭᠰᠠᠨ ᠵᠦᠢᠯᠡᠰ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠲᠤᠷᠰᠢᠯᠲᠠ ᠶᠢᠨ ᠶᠡᠭᠡ ᠳᠡᠭᠡᠳᠦ ᠰᠤᠷᠭᠠᠭᠤᠯᠢ ᠶᠢ ᠪᠠᠶᠢᠭᠤᠯᠵᠤ᠂ ᠳᠠᠰᠬᠠᠯᠵᠢᠭᠤᠯᠤᠭᠴᠢ ᠶᠢᠨ ᠪᠦᠯᠬᠦᠮ ᠤᠨ ᠪᠠᠶᠢᠭᠤᠯᠤᠯᠲᠠ ᠪᠠ ᠬᠥᠮᠥᠵᠢᠭᠦᠯᠦᠯ ᠢ ᠴᠢᠩᠭᠠᠳᠬᠠᠵᠤ᠂ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠬᠦ ᠬᠡᠷᠡᠭᠳᠡᠢ ᠭᠡᠵᠡᠢ᠃     ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠰᠠᠨᠠᠯ ᠳᠤᠷᠠᠳᠤᠯᠭ᠎ᠠ ᠳᠤ᠂ ᠸᠠᠩ ᠶᠦᠩ ᠹᠧᠩ ︽ᠮᠠ ᠱᠠᠨ ᠤ ᠵᠠᠭᠪᠤᠷ︾ ᠢ ᠳᠤᠷᠠᠳᠪᠠ᠃ 2017 ᠣᠨ ᠤ 8 ᠰᠠᠷ᠎ᠠ ᠳᠤ ᠪᠥᠬᠦ ᠤᠯᠤᠰ ᠤᠨ ᠠᠩᠬᠠᠳᠠᠭᠴᠢ ᠠᠰᠬ᠎ᠠ ᠠᠪᠠᠷᠢᠬᠤ ᠣᠨᠴᠠᠯᠢᠭᠲᠤ ᠪᠡᠶ᠎ᠡ ᠶᠢᠨ ᠲᠠᠮᠢᠷ ᠤᠨ ᠵᠢᠵᠢᠭ ᠪᠠᠯᠭᠠᠰᠤ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠮᠠ ᠱᠠᠨ ᠰᠢᠶᠠᠨ ᠳᠤ ᠪᠤᠢ ᠪᠤᠯᠤᠭᠰᠠᠨ ᠠᠴᠠ ᠨᠠᠰᠢ᠂ ᠲᠤᠬᠠᠢ ᠶᠢᠨ ᠭᠠᠵᠠᠷ ᠤᠨ ᠬᠢᠨ ᠠᠰᠬ᠎ᠠ ᠠᠪᠠᠷᠢᠬᠤ ᠣᠨᠴᠠᠯᠢᠭᠲᠤ ᠨᠠᠷᠠᠲᠤ ᠲᠡᠮᠳᠡᠭ ᠢ ᠡᠭᠦᠳᠴᠦ᠂ ᠠᠰᠬ᠎ᠠ ᠠᠪᠠᠷᠢᠬᠤ ᠬᠥᠳᠡᠯᠭᠡᠭᠡᠨ ᠢ ᠢᠳᠡᠪᠬᠢᠲᠡᠢ ᠬᠥᠭᠵᠢᠭᠦᠯᠵᠦ᠂ ︽ᠠᠰᠬ᠎ᠠ ᠠᠪᠠᠷᠢᠬᠤ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ︾ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠨ᠎ᠠ᠃ ᠬᠡᠳᠦᠨ ᠵᠢᠯ ᠤᠨ ᠲᠤᠷᠰᠢ᠂ ᠮᠠ ᠱᠠᠨ ᠰᠢᠶᠠᠨ ᠨᠡᠶᠢᠲᠡ 23 ︽ᠠᠰᠬ᠎ᠠ ᠠᠪᠠᠷᠢᠬᠤ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ︾ ᠲᠠᠯᠠᠪᠠᠶ ᠪᠠᠶᠢᠭᠤᠯᠵᠤ᠂  ᠠᠰᠬ᠎ᠠ ᠠᠪᠷᠢᠬᠤ ᠲᠠᠯᠠᠪᠠᠶ ᠨᠢ 2665 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠰᠬ᠎ᠠ ᠠᠪᠠᠷᠢᠬᠤ ᠣᠯᠠᠨ ᠣᠨᠴᠠᠯᠢᠭᠲᠤ ᠰᠤᠷᠭᠠᠭᠤᠯᠢ ᠶᠢ ᠪᠠᠶᠢᠭᠤᠯᠵᠤ᠂ ᠠᠰᠬ᠎ᠠ ᠠᠪᠷᠢᠬᠤ ᠪᠠᠷ ᠣᠨᠴᠠᠯᠢᠭ ᠪᠣᠯᠭᠠᠭᠰᠠᠨ ᠪᠡᠶ᠎ᠡ ᠶᠢᠨ ᠲᠠᠮᠢᠷ ᠤᠨ ᠬᠥᠮᠦᠵᠢᠯ ᠤᠨ ᠠᠭᠤᠰᠤᠯᠴᠠᠯ ᠤᠨ ᠵᠠᠭᠪᠤᠷ ᠢ ᠠᠩᠬ᠎ᠠ ᠠᠯᠬᠤᠮ ᠪᠣᠶ ᠪᠣᠯᠭᠠᠵᠠᠢ᠃ ᠮᠠ ᠱᠠᠨ ᠰᠢᠶᠠᠨ ᠤ ︽ᠠᠰᠬ᠎ᠠ ᠠᠪᠠᠷᠢᠬᠤ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ︾ ᠲᠥᠯᠥᠪᠯᠡᠭᠡ ᠨᠢ ᠴᠦ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠤᠶᠠᠯᠳᠤᠭᠤᠯᠤᠭᠰᠠᠨ ᠨᠡᠶᠢᠲᠡᠯᠢᠭ ᠵᠢᠱᠢᠶ᠎ᠡ ᠪᠣᠯᠵᠠᠢ᠃     ᠡᠭᠦᠨ ᠳᠤ ᠰᠠᠭᠤᠷᠢᠯᠠᠨ᠂ ᠸᠠᠩ ᠶᠦᠩ ᠹᠧᠩ ᠰᠠᠨᠠᠯ ᠳᠤᠷᠠᠳᠤᠯᠭ᠎ᠠ ᠳᠠᠭᠠᠨ ᠲᠠᠪᠤᠨ ᠲᠠᠯ᠎ᠠ ᠶᠢᠨ ᠰᠠᠨᠠᠭᠤᠯᠭ᠎ᠠ ᠳᠤᠷᠠᠳᠴᠠᠢ᠃ ᠨᠢᠭᠡ ᠳᠤ᠂ ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠲᠡᠭᠡᠳᠦ ᠲᠠᠪᠬᠤᠷᠭ᠎ᠠ ᠶᠢᠨ ᠲᠥᠯᠥᠪᠯᠡᠭᠡ ᠶᠢ ᠲᠡᠭᠦᠯᠳᠡᠷᠵᠢᠭᠦᠯᠦᠨ᠎ᠡ︔ ᠬᠤᠶᠠᠷ ᠲᠤ᠂ ᠰᠠᠯᠠᠭ᠎ᠠ ᠮᠥᠴᠢᠷ ᠤᠨ ᠠᠭᠤᠰᠤᠯᠴᠠᠯ ᠢ ᠠᠬᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ︔ ᠭᠤᠷᠪᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠤᠯᠭᠠᠭᠤᠷᠢᠯᠠᠯ ᠪᠠᠲᠤᠯᠠᠭ᠎ᠠ ᠶᠢ ᠥᠷᠭᠡᠳᠬᠡᠨ᠎ᠡ︔ ᠳᠥᠷᠪᠡ ᠳᠤ ᠤᠷᠤᠯᠳᠤᠭᠠᠨ ᠤ ᠶᠠᠪᠤᠳᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ︔ ᠲᠠᠪᠤ ᠳᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠪᠠᠳᠠᠷᠠᠭᠤᠯᠵᠤ᠂ ︽ᠮᠠ ᠱᠠᠨ ᠤ ᠵᠠᠭᠪᠤᠷ︾  ᠢ ᠳᠡᠯᠭᠡᠷᠡᠭᠦᠯᠦᠨ᠎ᠡ᠃
 
ᠢᠷᠡᠯᠲᠡ᠄ ᠲᠤᠮᠳᠠᠳᠦ ᠤᠯᠤᠰ ᠤᠨ ᠪᠡᠶ᠎ᠡ ᠶᠢᠨ ᠲᠠᠮᠢᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map