2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠠᠯᠠᠪᠠᠢ ᠶᠢᠨ ᠲᠤᠭ᠎ᠠ ᠪᠦᠷᠢᠳᠬᠡᠯ ᠤᠨ ᠵᠠᠷᠯᠠᠯ
ᠨᠡᠶᠢᠲᠡᠯᠡᠭᠰᠡᠨ ᠴᠠᠭ᠄
2023/6/1
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠥᠪᠰᠢᠶᠡᠷᠡᠭᠰᠡᠨ ︽ᠪᠥᠬᠦ ᠤᠯᠤᠰ ᠤᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ︾ ᠢ ᠦᠨᠳᠦᠰᠦᠯᠡᠨ᠂ 2022 ᠣᠨ ᠤ 12 ᠳ᠋ᠤᠭᠠᠷ ᠰᠠᠷ᠎ᠠ ᠶᠢᠨ 31 ᠤ ᠡᠳᠦᠷ ᠢᠶᠠᠷ ᠪᠠᠷᠢᠮᠵᠢᠶ᠎ᠠ ᠴᠠᠭ ᠪᠣᠯᠭᠠᠵᠤ᠂ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠪᠠᠷ ᠬᠢᠨᠠᠨ ᠪᠠᠲᠤᠯᠠᠭᠤᠯᠤᠭᠠᠳ᠂ ᠠᠵᠢᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠭᠤᠣᠯ ᠪᠠᠶᠢᠳᠠᠯ ᠢ ᠳᠣᠣᠷᠠᠬᠢ ᠮᠡᠲᠦ ᠨᠡᠶᠢᠲᠡᠯᠡᠶ᠎ᠡ᠄     ᠨᠢᠭᠡ᠂ ᠶᠡᠷᠦᠩᠬᠡᠢ ᠪᠠᠶᠢᠳᠠᠯ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠠᠯᠠᠪᠠᠶ 65854 ᠪᠠᠶᠢᠵᠦ᠂ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠠᠯᠠᠪᠠᠶ ᠨᠢ 6330.51 ᠲᠦᠮᠡᠨ ᠲᠡᠭᠰᠢ ᠳᠥᠷᠪᠡᠯᠵᠢᠨ ᠮᠧᠲᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ 2.64 ᠲᠡᠭᠰᠢ ᠳᠥᠷᠪᠡᠯᠵᠢᠨ ᠮᠧᠲᠷ ᠪᠤᠯᠤᠨ᠎ᠡ᠃
    ᠬᠤᠶᠠᠷ᠂ ᠰᠠᠭᠤᠷᠢ ᠲᠣᠮᠣ ᠲᠦᠷᠦᠯ ᠵᠦᠢᠯ ᠤᠨ ᠲᠠᠯᠠᠪᠠᠢ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠲᠠᠯᠠᠪᠠᠶ 3017 ᠪᠣᠶ᠃ ᠡᠭᠦᠨ ᠳᠤ 400 ᠮᠧᠲᠷ ᠤᠨ ᠲᠣᠭᠤᠷᠢᠭ ᠭᠦᠶᠦᠯᠲᠡ ᠶᠢᠨ ᠵᠠᠮ ᠲᠠᠢ ᠬᠦᠨᠳᠦ ᠬᠥᠩᠭᠡᠨ ᠲᠠᠮᠢᠷ ᠤᠨ ᠲᠠᠯᠠᠪᠠᠶ 951 ᠪᠠᠶᠢᠵᠤ᠂ 31.52% ᠢ ᠡᠵᠡᠯᠡᠨ᠎ᠡ︔ ᠪᠤᠰᠤᠳ ᠬᠦᠨᠳᠦ ᠬᠥᠩᠭᠡᠨ ᠲᠠᠮᠢᠷ ᠤᠨ ᠲᠠᠯᠠᠪᠠᠶ 2066 ᠪᠠᠶᠢᠵᠤ᠂ 68.48% ᠶᠢ ᠡᠵᠡᠯᠡᠨ᠎ᠡ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠪᠠᠯᠲᠠ ᠶᠢᠨ ᠲᠠᠯᠠᠪᠠᠶ 291 ᠪᠣᠶ᠃ ᠡᠭᠦᠨ ᠳᠤ᠂ ᠤᠷᠳᠤᠨ ‍ᠤ‌ᠭᠠᠳᠠᠨᠠᠬᠢ ᠤᠮᠪᠠᠯᠲᠠ ᠶᠢᠨ ᠲᠠᠲᠠᠭᠠᠯ 18 ᠪᠠᠶᠢᠵᠤ᠂ 6.19% ᠶᠢ ᠡᠵᠡᠯᠡᠨ᠎ᠡ︔ ᠤᠷᠳᠤᠨ ᠳᠣᠲᠣᠷᠠᠬᠢ ᠤᠮᠪᠠᠯᠲᠠ ᠶᠢᠨ ᠣᠷᠳᠣᠨ 272 ᠪᠠᠶᠢᠵᠤ᠂ 93.47% ᠶᠢ ᠡᠵᠡᠯᠡᠨ᠎ᠡ︔ ᠪᠠᠶᠢᠭᠠᠯᠢ ᠶᠢᠨ ᠤᠮᠪᠠᠯᠲᠠ ᠶᠢᠨ ᠲᠠᠯᠠᠪᠠᠶ 1 ᠪᠠᠶᠢᠵᠤ᠂ 0.34%  ᠶᠢ ᠡᠵᠡᠯᠡᠨ᠎ᠡ᠃     ᠭᠤᠷᠪᠠ᠂ ᠪᠥᠮᠪᠥᠭᠡᠨ ᠤ ᠲᠦᠷᠦᠯ ᠤᠨ ᠰᠫᠣᠷᠲ ᠤᠨ ᠲᠠᠯᠠᠪᠤᠷ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠮᠪᠥᠭᠡᠨ ᠤ ᠲᠥᠷᠥᠯ ᠤᠨ ᠲᠠᠮᠢᠷ ᠤᠨ ᠲᠠᠯᠠᠪᠠᠶ 37405 ᠪᠣᠶ᠃ ᠡᠭᠦᠨ ᠤ ᠳᠣᠲᠣᠷ᠎ᠠ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ ᠵᠡᠷᠭᠡ     ︽ᠭᠤᠷᠪᠠᠨ ᠲᠣᠮᠣ ᠪᠥᠮᠪᠦᠭᠡ︾ ᠶᠢᠨ ᠲᠠᠯᠠᠪᠠᠶ 22286 ᠪᠠᠶᠢᠵᠤ᠂ 59.58%  ᠶᠢ ᠡᠵᠡᠯᠡᠨ᠎ᠡ᠃ ᠫᠢᠩᠫᠠᠩ ᠪᠥᠮᠪᠦᠭᠡ ᠪᠠ ᠦᠳᠦᠨ ᠪᠥᠮᠪᠦᠭᠡ ᠶᠢᠨ ᠲᠠᠯᠠᠪᠠᠢ 11118 ᠪᠠᠶᠢᠵᠤ᠂ 29.72%   ᠶᠢ ᠡᠵᠡᠯᠡᠨ᠎ᠡ︔ ᠪᠤᠰᠤᠳ ᠪᠥᠮᠪᠥᠭᠡᠨ ᠲᠥᠷᠥᠯ ᠤᠨ ᠲᠠᠮᠢᠷ ᠤᠨ ᠲᠠᠯᠠᠪᠤᠷ 4001 ᠪᠠᠶᠢᠵᠤ᠂ 10.70%  ᠶᠢ ᠡᠵᠡᠯᠡᠨ᠎ᠡ᠃     ︵ᠨᠢᠭᠡ︶ ᠬᠥᠯ ᠪᠥᠮᠪᠦᠭᠡ ᠶᠢᠨ ᠲᠠᠯᠠᠪᠤᠷ ᠭᠠᠵᠠᠷ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯ ᠪᠥᠮᠪᠦᠭᠡ ᠶᠢᠨ ᠲᠠᠯᠠᠪᠠᠶ 4043 ᠪᠣᠶ᠃ ᠡᠭᠦᠨ ᠳᠤ᠂ ᠠᠷᠪᠠᠨ  ᠨᠢᠭᠡᠨ  ᠬᠥᠮᠥᠨ ᠤ  ᠳᠦᠷᠢᠮᠲᠦ  ᠬᠥᠯ  ᠪᠥᠮᠪᠦᠭᠡ ᠶᠢᠨ ᠲᠠᠯᠠᠪᠤᠷ 1010 ᠪᠠᠶᠢᠵᠤ᠂    24.98% ᠶᠢ ᠡᠵᠡᠯᠡᠨ᠎ᠡ︔ ᠲᠤᠯᠤᠭᠠᠨ ᠬᠥᠮᠥᠨ ᠤ ᠳᠦᠷᠢᠮᠲᠦ ᠬᠥᠯ  ᠪᠥᠮᠪᠦᠭᠡ  ᠶᠢᠨ  ᠲᠠᠯᠠᠪᠤᠷ 1136 ᠪᠠᠶᠢᠵᠤ᠂ 28.10% ᠶᠢ ᠡᠵᠡᠯᠡᠨ᠎ᠡ︔ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠲᠠᠯᠠᠪᠤᠷ 1887 ᠪᠠᠶᠢᠵᠤ᠂ 46.67% ᠶᠢ ᠡᠵᠡᠯᠡᠨ᠎ᠡ︔ ᠡᠯᠡᠰᠦᠨ ᠲᠠᠩ ᠤᠨ ᠬᠥᠯ ᠪᠥᠮᠪᠦᠭᠡ ᠶᠢᠨ ᠲᠠᠯᠠᠪᠤᠷ 10 ᠪᠠᠶᠢᠵᠤ᠂ 0.25% ᠶᠢ ᠡᠵᠡᠯᠡᠨ᠎ᠡ᠃     ︵ᠬᠤᠶᠠᠷ︶ ᠰᠠᠭᠰᠤᠨ ᠪᠥᠮᠪᠦᠭᠡ ᠶᠢᠨ ᠲᠠᠯᠠᠪᠤᠷ ᠭᠠᠵᠠᠷ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠰᠤᠨ ᠪᠥᠮᠪᠦᠭᠡ ᠶᠢᠨ ᠲᠠᠯᠠᠪᠠᠶ 15408 ᠪᠣᠶ᠃ ᠡᠭᠦᠨ ᠳᠤ᠂ ᠤᠷᠳᠤᠨ ᠤ ᠭᠠᠳᠠᠨᠠᠬᠢ ᠰᠠᠭᠰᠤᠨ ᠪᠥᠮᠪᠦᠭᠡ ᠶᠢᠨ ᠲᠠᠯᠠᠪᠤᠷ 13476 ᠪᠠᠶᠢᠵᠤ᠂ 87.46% ᠶᠢ ᠡᠵᠡᠯᠡᠨ᠎ᠡ︔ ᠭᠤᠷᠪᠠᠨ ᠬᠥᠮᠥᠨ ᠤ ᠰᠠᠭᠰᠤᠨ ᠪᠥᠮᠪᠦᠭᠡ ᠶᠢᠨ ᠲᠠᠯᠠᠪᠤᠷ 1039 ᠪᠠᠶᠢᠵᠤ᠂ 6.74% ᠶᠢ ᠡᠵᠡᠯᠡᠨ᠎ᠡ︔ ᠤᠷᠳᠤᠨ ᠳᠣᠲᠣᠷᠠᠬᠢ ᠰᠠᠭᠰᠤᠨ ᠪᠥᠮᠪᠦᠭᠡ ᠶᠢᠨ ᠣᠷᠳᠣᠨ 893 ᠪᠠᠶᠢᠵᠤ᠂ 5.80% ᠶᠢ ᠡᠵᠡᠯᠡᠨ᠎ᠡ᠃     ︵ᠭᠤᠷᠪᠠ︶ ᠠᠯᠠᠭᠠᠳᠠᠬᠤ ᠪᠥᠮᠪᠦᠭᠡ ᠶᠢᠨ ᠲᠠᠯᠠᠪᠤᠷ ᠤᠨ ᠭᠠᠵᠠᠷ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠭᠠᠳᠠᠬᠤ ᠪᠥᠮᠪᠦᠭᠡ ᠶᠢᠨ ᠲᠠᠯᠠᠪᠠᠶ 2835 ᠪᠣᠶ᠃ ᠡᠭᠦᠨ ᠳᠤ᠂ ᠤᠷᠳᠤᠨ   ᠤ ᠭᠠᠳᠠᠨᠠᠬᠢ ᠠᠯᠠᠭᠠᠳᠠᠬᠤ ᠪᠥᠮᠪᠦᠭᠡ ᠶᠢᠨ ᠲᠠᠯᠠᠪᠤᠷ 2649 ᠪᠠᠶᠢᠵᠤ᠂ 93.44%  ᠶᠢ ᠡᠵᠡᠯᠡᠨ᠎ᠡ︔ ᠤᠷᠳᠤᠨ ᠳᠣᠲᠣᠷᠠᠬᠢ ᠠᠯᠠᠭᠠᠳᠠᠬᠤ ᠪᠥᠮᠪᠦᠭᠡ ᠶᠢᠨ ᠣᠷᠳᠣᠨ 186 ᠪᠠᠶᠢᠵᠤ᠂ 6.56%  ᠶᠢ ᠡᠵᠡᠯᠡᠨ᠎ᠡ᠃     ︵ᠳᠥᠷᠪᠡ︶ ᠫᠢᠩᠫᠠᠩ ᠪᠥᠮᠪᠦᠭᠡ ᠶᠢᠨ ᠲᠠᠯᠠᠪᠤᠷ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠫᠢᠩᠫᠠᠩ ᠪᠥᠮᠪᠦᠭᠡ ᠶᠢᠨ ᠲᠠᠯᠠᠪᠠᠶ 9192 ᠪᠣᠶ᠃ ᠡᠭᠦᠨ ᠳᠤ᠂ ᠤᠷᠳᠤᠨ   ᠤ ᠭᠠᠳᠠᠨᠠᠬᠢ ᠫᠢᠩᠫᠠᠩ ᠪᠥᠮᠪᠦᠭᠡ ᠶᠢᠨ ᠲᠠᠯᠠᠪᠠᠶ 5045 ᠪᠠᠶᠢᠵᠤ᠂ 54.88%  ᠶᠢ ᠡᠵᠡᠯᠡᠨ᠎ᠡ︔ ᠫᠢᠩᠫᠠᠩ ᠪᠥᠮᠪᠦᠭᠡ ᠶᠢᠨ ᠣᠷᠳᠣᠨ 4147 ᠪᠠᠶᠢᠵᠤ᠂ 45.12% ᠢ ᠡᠵᠡᠯᠡᠨ᠎ᠡ᠃     ︵ᠲᠠᠪᠤ︶ ᠥᠳᠥᠨ ᠪᠥᠮᠪᠥᠭᠡᠨ ᠲᠠᠯᠠᠪᠤᠷ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠲᠥᠨ ᠪᠥᠮᠪᠦᠭᠡ ᠶᠢᠨ ᠲᠠᠯᠠᠪᠠᠶ 1926 ᠪᠣᠶ᠃ ᠡᠭᠦᠨ ᠳᠤ᠂ ᠤᠷᠳᠤᠨ   ᠤ ᠭᠠᠳᠠᠨᠠᠬᠢ ᠥᠲᠥᠨ ᠪᠥᠮᠪᠦᠭᠡ ᠶᠢᠨ ᠲᠠᠯᠠᠪᠠᠶ 1040 ᠪᠠᠶᠢᠵᠤ᠂ 54.00% ᠶᠢ ᠡᠵᠡᠯᠡᠨ᠎ᠡ︔ ᠤᠷᠳᠤᠨ ᠳᠣᠲᠣᠷᠠᠬᠢ ᠥᠳᠥᠨ ᠪᠥᠮᠪᠦᠭᠡ ᠶᠢᠨ ᠣᠷᠳᠣᠨ 886 ᠪᠠᠶᠢᠵᠤ᠂ 46.00% ᠶᠢ ᠡᠵᠡᠯᠡᠨ᠎ᠡ᠃     ᠳᠥᠷᠪᠡ᠂ ᠮᠥᠰᠥ ᠴᠠᠰᠤᠨ ᠤ  ᠪᠡᠶ᠎ᠡ ᠶᠢᠨ ᠲᠠᠮᠢᠷ ᠤᠨ ᠲᠠᠯᠠᠪᠤᠷ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠰᠥ ᠴᠠᠰᠤᠨ ᠤ ᠲᠠᠮᠢᠷ ᠤᠨ ᠲᠠᠯᠠᠪᠠᠶ 129 ᠪᠣᠶ᠃ ᠡᠭᠦᠨ ᠳᠤ᠂ ᠲᠡᠰᠢᠯᠲᠡ ᠶᠢᠨ ᠲᠠᠯᠠᠪᠠᠶ 81 ᠪᠠᠶᠢᠵᠤ᠂ 62.79% ᠶᠢ ᠡᠵᠡᠯᠡᠨ᠎ᠡ︔ ᠴᠠᠰᠤᠨ ᠳᠤ ᠭᠤᠯᠭᠤᠬᠤ ᠲᠠᠯᠠᠪᠠᠶ 48 ᠪᠠᠶᠢᠵᠤ᠂ 37.21%  ᠶᠢ ᠡᠵᠡᠯᠡᠨ᠎ᠡ᠃      ᠲᠠᠪᠤ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠯᠠᠪᠤᠷ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠮ 19274 ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠴᠢᠭᠢᠷᠠᠭᠵᠢᠭᠤᠯᠬᠤ ᠭᠡᠷ 2114 ᠪᠣᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠴᠢᠭᠢᠷᠠᠭᠵᠢᠭᠤᠯᠬᠤ ᠵᠠᠮ 746 ᠪᠠᠶᠢᠵᠤ᠂ ᠣᠷᠳᠣ ᠨᠢ 2061.75 ᠺᠢᠯᠣᠮᠧᠲᠷ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map