ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠢᠳᠡᠳ ᠮᠠᠶ᠋ᠢᠭ ᠤᠨ ᠪᠦᠬᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/6/30
    6 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠠᠩᠬᠠᠨ ᠤ ᠤᠷᠤᠯᠳᠤᠭᠠᠨ ︱ ᠬᠢᠳᠡᠳ ᠮᠠᠶ᠋ᠢᠭ ᠤᠨ ᠪᠥᠬᠡ ᠶᠢᠨ ᠤᠷᠤᠯᠳᠤᠭᠠᠨ ᠤᠯᠠᠭᠠᠨᠴᠠᠪ ᠬᠤᠲᠠ ᠶᠢᠨ ᠪᠡᠶ᠎ᠡ ᠶᠢᠨ ᠲᠠᠮᠢᠷ ᠤᠨ ᠣᠷᠳᠣᠨ ᠳᠤ ᠡᠬᠢᠯᠡᠪᠡ᠂ 4 ᠡᠳᠦᠷ ᠶᠠᠪᠤᠭᠳᠠᠬᠤ ᠲᠤᠰ ᠤᠷᠤᠯᠳᠤᠭᠠᠨ ᠳᠤ ᠪᠥᠬᠦ ᠣᠷᠣᠨ ᠤ 12 ᠠᠶᠢᠮᠠᠭ ᠬᠤᠲᠠ ᠶᠢᠨ 193 ᠲᠠᠮᠢᠷᠴᠢᠨ ᠤᠷᠤᠯᠴᠠᠪᠠ᠃     ᠤᠷᠤᠯᠳᠤᠭᠠᠨ ᠳᠤ ᠡᠷᠡᠭᠲᠡᠢ ᠶᠢᠨ 52 ᠺᠢᠯᠣᠭ᠍ᠷᠠᠮ ᠤᠨ ᠲᠠᠰ᠂ 62 ᠺᠢᠯᠣᠭ᠍ᠷᠠᠮ ᠤᠨ ᠲᠠᠰ᠂ 74 ᠺᠢᠯᠣᠭ᠍ᠷᠠᠮ ᠤᠨ ᠲᠠᠰ᠂ 87 ᠺᠢᠯᠣᠭ᠍ᠷᠠᠮ ᠤᠨ ᠲᠠᠰ᠂ 97 ᠺᠢᠯᠣᠭ᠍ᠷᠠᠮ ᠤᠨ ᠲᠠᠰ᠂ 110 ᠺᠢᠯᠣᠭ᠍ᠷᠠᠮ ᠤᠨ ᠲᠠᠰ ᠪᠠ 110 ᠺᠢᠯᠣᠭ᠍ᠷᠠᠮ ᠠᠴᠠ ᠳᠡᠭᠡᠭᠰᠢ ᠲᠠᠰ   ᠤᠨ ᠤᠷᠤᠯᠳᠤᠭᠠᠨ ᠲᠣᠬᠢᠷᠠᠭᠤᠯᠵᠤ᠂ ᠲᠣᠰ ᠲᠣᠰ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠲᠤᠳᠤᠷᠠᠭᠤᠯᠤᠨ᠎ᠡ᠃     ᠲᠤᠰ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠦᠷᠦᠯ ᠵᠦᠢᠯ ᠪᠠ ᠲᠣᠭᠯᠠᠯᠲᠠ ᠶᠢᠨ ᠲᠦᠷᠦᠯ ᠵᠦᠢᠯ ᠳᠤ 19 ᠶᠡᠭᠡ ᠲᠦᠷᠦᠯ ᠵᠦᠢᠯ ᠢ ᠲᠣᠬᠢᠷᠠᠭᠤᠯᠪᠠ᠃ ᠣᠶᠢᠯᠠᠭᠠᠭᠰᠠᠨ ᠢᠶᠠᠷ᠂ ᠡᠬᠢᠯᠡᠯᠲᠡ ᠶᠢᠨ ᠶᠣᠰᠣᠯᠠᠯ 7 ᠰᠠᠷ᠎ᠠ ᠶᠢᠨ 8 ᠤ ᠡᠳᠦᠷ ᠤᠯᠠᠭᠠᠨᠴᠠᠪ ᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠳᠤ ᠶᠠᠪᠤᠭᠳᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map