ᠪᠥᠭᠦ ᠤᠯᠣᠰ ᠤᠨ ᠭᠡᠪᠴᠢᠶᠠᠨ ᠤ ᠡᠪᠡᠷ ᠨᠤᠮᠤ ᠶᠢᠨ ᠤᠷᠤᠯᠳᠤᠭᠠᠨ ᠠᠮᠵᠢᠯᠳᠠᠳᠠᠢ ᠦᠨᠳᠤᠷᠯᠠᠯ᠎ᠠ
ᠨᠡᠶᠢᠲᠡᠯᠡᠭᠰᠡᠨ ᠴᠠᠭ᠄
2023/9/17
    ᠣᠶᠢᠷ᠎ᠠ ᠶᠢᠨ ᠡᠳᠦᠷ᠂ ᠪᠥᠭᠦ ᠤᠯᠣᠰ ᠤᠨ ᠭᠡᠪᠴᠢᠶᠠᠨ ᠤ ᠤᠯᠠᠮᠵᠢᠯᠠᠯᠳᠤ ᠡᠪᠡᠷ ᠨᠤᠮᠤ ᠶᠢᠨ ᠤᠷᠤᠯᠳᠤᠭᠠᠨ ᠤᠷᠳᠤᠰ ᠬᠤᠳᠠ ᠶᠢᠨ ᠦᠤᠰᠢᠨ ᠬᠤᠰᠢᠭᠤ ᠳᠤ ᠶᠠᠪᠤᠭᠳᠠᠯ᠎ᠠ᠃     ᠲᠤᠰ ᠤᠳᠠᠭᠠᠨ ᠤ ᠤᠷᠤᠯᠳᠤᠭᠠᠨ ᠳᠤ᠂ ᠰᠢᠯᠢ ᠶᠢᠨ ᠭᠤᠣᠯ᠂ ᠪᠠᠶᠠᠠᠨᠠᠭᠤᠷ᠂ ᠪᠤᠭᠤᠳᠤ᠂ ᠤᠯᠠᠭᠠᠨᠴᠠᠪ᠂ ᠠᠯᠠᠱᠠ᠂ ᠤᠷᠳᠤᠰ᠂ ᠪᠡᠭᠡᠵᠢᠩ ᠵᠡᠷᠭᠡ ᠭᠠᠵᠠᠷ ᠤᠨ 300 ᠭᠠᠷᠤᠢ ᠬᠠᠷᠪᠤᠭᠠᠴᠢᠨ ᠣᠷᠣᠯᠴᠠᠵᠤ᠂ 30 ᠮᠧᠲᠷ ᠤᠨ ᠵᠠᠢ ᠠᠴᠠ ᠰᠡᠷᠡᠨ ᠫᠠᠢ ᠬᠠᠷᠪᠤᠵᠤ ᠡᠷᠡᠭᠡᠢ ᠮᠡᠷᠭᠡᠨ ᠢᠶᠠᠨ ᠰᠢᠯᠭᠠᠯ᠎ᠠ᠃ ᠤᠷᠤᠯᠳᠤᠭᠠᠨ ᠨᠢ ᠡᠷᠡᠭᠳᠡᠢ᠂ ᠡᠮᠡᠭᠳᠡᠢ ᠶᠢᠨ ᠬᠤᠪᠢ ᠬᠦᠮᠦᠨ ᠤ ᠤᠷᠤᠯᠳᠤᠭᠠᠨ᠂ ᠬᠠᠮᠳᠤ ᠨᠢᠭᠡᠴᠢ ᠶᠢᠨ ᠤᠷᠤᠯᠳᠤᠭᠠᠨ ᠭᠡᠭᠦ ᠭᠤᠷᠪᠠᠨ ᠶᠡᠭᠡ ᠲᠦᠷᠥᠯ ᠢᠶᠠᠷ ᠶᠠᠪᠤᠭᠳᠠᠵᠤ᠂ ᠤᠷᠤᠯᠴᠠᠭᠴᠢ ᠨᠢᠭᠡᠪᠤᠷᠢ 30 ᠰᠤᠮᠤ ᠬᠠᠷᠪᠤᠵᠤ᠂ ᠤᠯᠤᠭᠰᠠᠨ ᠬᠤᠪᠢ ᠪᠠᠷ ᠡᠮᠤᠨ᠎ᠠ 64 ᠨᠡᠷ᠎ᠡ ᠶᠢ  ᠨᠢ ᠱᠠᠩᠨᠠᠵᠠᠢ᠃ ᠡᠭᠦᠨ ᠳᠤ ᠡᠮᠡᠭᠳᠡᠢ ᠶᠢᠨ ᠲᠤᠭᠤᠶᠢᠯᠠᠩ ᠤᠨ ᠤᠷᠤᠯᠳᠤᠭᠠᠨ ᠳᠤ ᠤᠯᠠᠭᠠᠨᠴᠠᠪ ᠬᠤᠳᠠ ᠶᠢᠨ ᠲᠦᠷᠪᠠᠳ ᠬᠤᠰᠢᠭᠤᠨ ᠤ ᠠᠯᠳ᠋ᠬᠠᠤᠳᠣ ᠲᠡᠷᠢᠭᠦᠯᠡᠵᠦ᠂ ᠡᠷᠡᠭᠳᠡᠢ ᠶᠢᠨ ᠲᠤᠭᠤᠶᠢᠯᠠᠩ ᠤᠨ ᠤᠷᠤᠯᠳᠤᠭᠠᠨ ᠳᠤ ᠰᠢᠯᠢ ᠶᠢᠨ ᠭᠤᠣᠯ ᠠᠶᠢᠮᠠᠭ ᠤᠨ ᠵᠠᠭᠦᠨ ᠰᠦᠨᠢᠳ ᠬᠤᠰᠢᠭᠤᠨ ᠤ ᠬᠠᠰᠪᠠᠭᠠᠨ᠎ᠠ ᠲᠡᠷᠢᠭᠦᠯᠡᠵᠦ᠂ ᠬᠠᠮᠳᠤ ᠨᠢᠭᠡᠴᠢ ᠶᠢᠨ ᠤᠷᠤᠯᠳᠤᠭᠠᠨ ᠳᠤ ᠦᠤᠰᠢᠨ ᠬᠤᠰᠢᠭᠤᠨ ᠤ ᠲᠥᠯᠥᠭᠡᠯᠡᠭᠴᠢ ᠶᠢᠨ ᠪᠦᠯᠭᠦᠮ ᠲᠡᠷᠢᠭᠦᠯᠠᠵᠠᠢ᠃     ᠲᠤᠰ ᠤᠷᠤᠯᠳᠤᠭᠠᠨ ᠨᠢ ᠬᠠᠷᠪᠤᠭᠠᠴᠢᠳ ᠬᠠᠷᠢᠯᠴᠠᠨ ᠲᠤᠷᠰᠢᠯᠭ᠎ᠠ ᠪᠠᠨ ᠰᠤᠯᠢᠯᠴᠠᠬᠤ ᠰᠠᠶᠢᠬᠠᠨ ᠲᠠᠪᠴᠠᠩ ᠪᠣᠯᠵᠠᠢ᠃
 
ᠢᠷᠡᠯᠲᠡ᠄ ᠲᠤᠮᠳᠠᠳᠦ ᠤᠯᠤᠰ ᠤᠨ ᠮᠤᠩᠭᠤᠯ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map