ᠥᠪᠥᠷ ᠮᠣᠩᠭᠤᠯ ᠤᠯᠤᠰ ᠤᠨ ᠵᠢᠦᠳᠣᠣ ᠶᠢᠨ ᠵᠠᠯᠠᠭᠤᠴᠤᠳ ᠤᠨ ᠠᠩᠭᠢ ᠶᠢ ᠬᠠᠮᠲᠤ ᠪᠠᠷ ᠪᠠᠶᠢᠭᠤᠯᠬᠤ ᠭᠡᠷ᠎ᠡ ᠲᠤᠭᠳᠠᠪᠠ
ᠨᠡᠶᠢᠲᠡᠯᠡᠭᠰᠡᠨ ᠴᠠᠭ᠄
2024/4/26
     4 ᠰᠠᠷ᠎ᠠ ᠶᠢᠨ 24 ᠤ ᠡᠳᠦᠷ᠂ ᠤᠯᠤᠰ ᠤᠨ ᠵᠢᠦᠳᠣᠣ ᠶᠢᠨ ᠵᠠᠯᠠᠭᠤᠴᠤᠳ ᠤᠨ ᠠᠩᠭᠢ ᠶᠢ ᠣᠷᠣᠨ ᠨᠤᠲᠤᠭ  ᠲᠠᠢ ᠬᠠᠮᠲᠤ ᠪᠠᠷ ᠪᠠᠶᠢᠭᠤᠯᠬᠤ ᠭᠡᠷ᠎ᠡ ᠲᠣᠭᠲᠠᠬᠤ ᠶᠣᠰᠣᠯᠠᠯ ᠪᠡᠭᠡᠵᠢᠩ ᠳᠤ ᠶᠠᠪᠤᠭᠳᠠᠪᠠ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠤᠪᠴᠢᠶ᠎ᠡ ᠶᠢᠨ ᠬᠦᠨᠳᠦ ᠡᠷᠭᠦᠯᠳᠡ ᠪᠥᠬᠡ ᠵᠢᠤᠳᠤᠤ ᠶᠢᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠯᠢᠦ ᠴᠧᠩ ᠯᠢᠶᠠᠩ᠂ ᠳᠡᠳ᠋ ᠡᠷᠬᠢᠯᠡᠭᠴᠢ ᠾᠧ ᠢ ᠴᠢᠶᠦ᠋ᠨ᠂ ᠡᠯ᠎ᠡ ᠬᠠᠮᠲᠤ ᠪᠠᠷ ᠪᠠᠶᠢᠭᠤᠯᠬᠤ ᠮᠤᠵᠢ ᠬᠤᠲᠠ ᠶᠢᠨ ᠪᠡᠶ᠎ᠡ ᠶᠢᠨ ᠲᠠᠮᠢᠷ ᠤᠨ ᠲᠤᠪᠴᠢᠶ᠎ᠡ᠂ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠤᠯᠭ᠎ᠠ ᠪᠠ ᠵᠣᠴᠢᠳ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ ᡁᠢ ᠶᠢᠦ ᠥᠪᠥᠷ ᠮᠣᠩᠭᠤᠯ ᠢ ᠲᠥᠯᠥᠭᠡᠯᠡᠨ ᠭᠠᠷ ᠤᠨ ᠦᠰᠦᠭ ᠵᠢᠷᠤᠪᠠ᠃ ᠯᠢᠦ ᠴᠧᠩ ᠯᠢᠶᠠᠩ ᠢᠯᠡᠷᠬᠡᠶᠢᠯᠡᠬᠦ ᠳᠡᠭᠡᠨ᠂ ᠲᠤᠰ ᠤᠳᠠᠭᠠᠨ ᠤ ᠬᠦᠨᠳᠦ ᠡᠷᠭᠦᠯᠲᠡ ᠪᠥᠬᠡ ᠵᠢᠤᠳᠤᠤ ᠶᠢᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠨᠢ ᠡᠯ᠎ᠡ ᠮᠤᠵᠢ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠲᠠᠢ ᠭᠠᠷ ᠬᠤᠯᠪᠣᠨ ᠬᠠᠮᠲᠤᠷᠠᠯᠴᠠᠵᠤ᠂ ᠤᠯᠤᠰ ᠤᠨ ᠵᠢᠦᠳᠣᠣ ᠶᠢᠨ ᠵᠠᠯᠠᠭᠤᠴᠤᠳ ᠤᠨ ᠠᠩᠭᠢ ᠶᠢ ᠬᠠᠮᠲᠤ ᠪᠠᠷ ᠪᠠᠶᠢᠭᠤᠯᠬᠤ ᠨᠢ ᠣᠷᠣᠨ ᠨᠤᠲᠤᠭ ᠤᠨ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠲᠤᠷᠰᠢᠯᠲᠠ ᠶᠢᠨ ᠴᠡᠭ ᠠᠴᠠ ᠵᠠᠯᠠᠭᠤᠴᠤᠳ ᠪᠠᠭᠠᠴᠤᠳ ᠤᠨ ᠵᠢᠦᠳᠣᠣ ᠶᠢᠨ ᠴᠢᠳᠠᠪᠤᠷᠢᠲᠠᠨ ᠢ ᠬᠠᠮᠲᠤ ᠪᠠᠷ ᠪᠠᠶᠢᠭᠤᠯᠬᠤ ᠵᠠᠭᠪᠤᠷ ᠲᠤ ᠣᠷᠣᠯᠴᠠᠬᠤ ᠶᠢ ᠭᠦᠢᠴᠡᠳ ᠳᠠᠶᠢᠴᠢᠯᠠᠵᠤ᠂ ᠫᠠᠷᠢᠰ ᠤᠨ ᠳᠠᠷᠠᠭᠠᠬᠢ ᠬᠤᠶᠠᠷ ᠦᠶᠡᠯᠡᠯ ᠤᠨ ᠬᠤᠭᠤᠴᠠᠭᠠᠨ ᠤ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠠᠵᠢᠯ ᠪᠠ ᠴᠢᠭᠯᠡᠯ ᠬᠠᠷᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠬᠦ ᠦᠷᠭᠦᠯᠵᠢᠯᠡᠬᠦ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠵᠤ᠂ ᠵᠢᠦᠳᠣᠣ ᠶᠢᠨ ᠲᠥᠷᠥᠯ ᠵᠦᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠤᠯᠤᠰ ᠳᠠᠭᠠᠨ ᠢᠷᠠᠭᠤ ᠠᠯᠳᠠᠷ ᠣᠯᠭᠤᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ ᠭᠡᠵᠡᠢ᠃
    ᠯᠢ ᡁᠢ ᠶᠢᠦ ᠢᠯᠡᠷᠬᠡᠶᠢᠯᠡᠬᠦ ᠳᠡᠭᠡᠨ᠂ ᠥᠨᠥᠳᠦᠷ ᠤᠯᠤᠰ ᠤᠨ ᠵᠢᠦᠳᠣᠣ ᠶᠢᠨ ᠵᠠᠯᠠᠭᠤᠴᠤᠳ ᠤᠨ ᠠᠩᠭᠢ ᠶᠢ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠣᠭᠲᠠᠭᠰᠠᠨ ᠨᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠥᠩ ᠰᠢᠮᠡᠯᠢᠭ ᠬᠥᠷᠥᠰᠥᠨ ᠳᠤ ᠲᠦᠰᠢᠭᠯᠡᠨ᠂ ᠳᠤᠮᠳᠠᠳᠤ ᠤᠯᠤᠰ ᠤᠨ ᠵᠢᠦᠳᠣᠣ ᠶᠢᠨ ᠲᠥᠷᠥᠯ ᠵᠦᠢᠯ ᠢ ᠤᠯᠠᠮ ᠨᠢᠭᠡ ᠠᠯᠬᠤᠮ ᠬᠥᠭᠵᠢᠭᠦᠯᠦᠨ ᠪᠤᠵᠠᠭᠠᠶᠢᠷᠠᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ︕ ᠲᠤᠰ ᠤᠳᠠᠭᠠᠨ ᠤ ᠣᠷᠣᠨ ᠨᠤᠲᠤᠭ ᠲᠠᠢ ᠬᠠᠮᠲᠤ ᠪᠠᠷ ᠪᠠᠶᠢᠭᠤᠯᠬᠤ ᠬᠠᠮᠲᠤᠷᠠᠯᠴᠠᠭ᠎ᠠ ᠠᠮᠵᠢᠯᠲᠠ ᠣᠯᠵᠤ᠂ ᠡᠯᠪᠡᠭ ᠦᠷ᠎ᠡ ᠪᠦᠲᠦᠭᠡᠯ ᠣᠯᠬᠤ ᠶᠢ ᠬᠦᠰᠡᠵᠦ ᠪᠠᠶᠢᠨ᠎ᠠ ᠭᠡᠪᠡ᠃ ᠯᠢ ᡁᠢ ᠶᠢᠦ ᠪᠠᠰᠠ ᠵᠢᠦᠳᠣᠣ ᠶᠢᠨ ᠲᠥᠷᠥᠯ ᠵᠦᠢᠯ ᠤᠨ ᠥᠭᠡᠷᠡᠴᠢᠯᠡᠯᠲᠡ᠂ ᠬᠠᠮ ᠬᠡᠯᠪᠡᠷᠢ ᠶᠢᠨ ᠪᠦᠯᠬᠦᠮ ᠨᠡᠶᠢᠲᠡ ᠶᠢᠨ ᠪᠠᠶᠢᠭᠤᠯᠤᠯᠲᠠ᠂ ᠤᠯᠤᠰ ᠤᠨ ᠵᠠᠯᠠᠭᠤᠴᠤᠳ ᠤᠨ ᠠᠩᠭᠢ ᠶᠢᠨ ᠬᠠᠮᠲᠤ ᠪᠠᠷ ᠪᠠᠶᠢᠭᠤᠯᠬᠤ ᠠᠵᠢᠯ᠂ ᠲᠦᠷᠦᠯ ᠲᠡᠮᠳᠡᠭ ᠤᠨ ᠤᠷᠤᠯᠳᠤᠭᠠᠨ ᠢ ᠡᠷᠬᠢᠯᠡᠬᠦ᠂ ᠪᠡᠯᠡᠳᠬᠡᠯ ᠴᠢᠳᠠᠪᠤᠷᠢᠲᠠᠨ ᠢ ᠰᠣᠩᠭᠤᠨ ᠬᠥᠮᠦᠵᠢᠭᠦᠯᠬᠦ ᠪᠠ 2028 ᠣᠨ᠂ 2032 ᠣᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠠᠵᠢᠯ ᠢ ᠥᠷᠨᠢᠭᠦᠯᠬᠦ ᠵᠡᠷᠭᠡ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠪᠠ᠃
    ᠳᠠᠷᠠᠭ᠎ᠠ ᠨᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠬᠦᠨᠳᠦ ᠡᠷᠭᠦᠯᠲᠡ ᠪᠥᠬᠡ ᠵᠢᠤᠳᠤᠤ ᠶᠢᠨ ᠬᠦᠳᠡᠯᠭᠡᠭᠡᠨ ᠤ ᠬᠠᠮᠢᠶᠠᠷᠤᠯᠲᠠ ᠶᠢᠨ ᠲᠥᠪ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠬᠠᠮᠲᠤ ᠪᠠᠷ ︽ᠤᠯᠤᠰ ᠤᠨ ᠵᠢᠤᠳᠤᠤ ᠶᠢᠨ ᠵᠠᠯᠠᠭᠤᠴᠤᠳ ᠤᠨ ᠠᠩᠭᠢ ᠶᠢ ᠬᠠᠮᠲᠤ ᠪᠠᠷ ᠪᠠᠶᠢᠭᠤᠯᠬᠤ︾ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠰᠢᠭᠤᠳ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map