ᠲᠠᠮᠢᠷ ᠤᠨ ᠬᠦᠳᠡᠯᠬᠡᠬᠡᠨ ᠢᠶᠠᠷ ᠬᠠᠨᠤᠭ᠎ᠠ ᠦᠭᠡᠢ ᠨᠤᠶᠢᠷ ᠢᠶᠠᠨ ᠨᠦᠬᠦᠪᠦᠷᠢᠯᠡᠵᠤ ᠪᠤᠯᠳᠠᠭ
ᠨᠡᠶᠢᠲᠡᠯᠡᠭᠰᠡᠨ ᠴᠠᠭ᠄
2024/4/7
    ᠦᠳᠡᠰᠢ ᠨᠤᠶᠢᠷ ᠬᠤᠯᠵᠢᠪᠠᠯ ᠪᠡᠶ᠎ᠡ ᠮᠠᠭᠤᠳᠠᠬᠤ ᠨᠢ ᠮᠡᠳᠡᠭᠡᠵᠢ᠃ ᠨᠤᠶᠢᠷ ᠬᠤᠯᠵᠢᠵᠤ ᠪᠡᠶ᠎ᠡ ᠮᠠᠭᠤᠳᠠᠪᠠᠯ ᠬᠦᠳᠡᠯᠬᠡᠬᠡᠨ ᠢᠶᠠᠷ ᠨᠦᠬᠦᠪᠤᠷᠢᠯᠡᠵᠤ ᠪᠤᠯᠤᠨ᠎ᠠ᠂ ᠪᠡᠶ᠎ᠡ ᠶᠢᠨ ᠳᠠᠮᠢᠷ ᠤᠨ ᠪᠤᠯᠪᠠᠰᠤᠷᠠᠯ ᠬᠦᠷᠦᠯᠴᠡᠬᠦᠶᠢᠴᠡ ᠪᠠᠶᠢᠪᠠᠯ ᠨᠤᠶᠢᠷ ᠬᠤᠯᠵᠢᠬᠤ ᠠᠴᠠ ᠪᠤᠯᠤᠭᠰᠠᠨ ᠡᠷᠡᠬᠦᠯ ᠮᠡᠨᠳᠤ ᠶᠢᠨ ᠳᠦᠭᠰᠢᠬᠦᠷᠢ ᠶᠢ ᠪᠠᠭᠠᠰᠬᠠᠵᠤ ᠪᠤᠯᠳᠠᠭ ᠭᠡᠳᠡᠭ ᠢ ᠰᠤᠳᠤᠯᠭᠠᠨ ᠢᠶᠠᠷ ᠢᠯᠡᠷᠡᠬᠦᠯᠪᠡ᠃     ᠠᠩᠭ᠍ᠯᠢ ᠶᠢᠨ ᠠᠮᠢᠳᠤ ᠪᠤᠳᠠᠰ ᠤᠨ ᠬᠦᠮᠦᠷᠭᠡ ᠶᠢᠨ ᠰᠤᠳᠤᠯᠭᠠᠨ ᠠᠴᠠ 380055 ᠢᠳᠡᠷ ᠨᠠᠰᠤᠨ ᠤ ᠬᠦᠮᠦᠰ ᠲᠤ ᠦᠷᠭᠡᠨ ᠬᠡᠪᠴᠢᠶ᠎ᠠ ᠲᠠᠢ ᠰᠤᠳᠤᠯᠭᠠᠨ ᠬᠢᠭᠰᠡᠨ ᠳ᠋ᠦᠩ ᠳᠤ᠂ ᠴᠤᠭ ᠵᠢᠪᠬᠤᠭ᠎ᠠ ᠲᠠᠢ ᠮᠦᠷᠳᠡᠭᠡᠨ ᠡᠷᠡᠬᠦᠯ ᠮᠡᠨᠳᠤ ᠪᠠᠨ ᠪᠠᠳᠤᠯᠠᠬᠤ ᠨᠢ ᠨᠤᠶᠢᠷ ᠬᠤᠯᠵᠢᠬᠤ ᠵᠡᠷᠭᠡ ᠨᠤᠶᠢᠷ ᠳᠤᠳᠠᠭᠤᠳᠠᠬᠤ ᠠᠴᠠ ᠪᠤᠯᠤᠭᠰᠠᠨ ᠪᠡᠶ᠎ᠡ ᠮᠠᠭᠤᠳᠠᠬᠤ ᠪᠠᠶᠢᠳᠠᠯ ᠢ ᠪᠦᠳᠦᠮᠵᠢᠳᠠᠢ ᠰᠡᠷᠬᠡᠶᠢᠯᠡᠵᠤ ᠴᠢᠳᠠᠨ᠎ᠠ ᠭᠡᠰᠡᠨ ᠢ ᠨᠤᠳᠠᠯᠠᠪᠠ᠃     ᠪᠢᠳᠠᠨ ᠤ ᠮᠡᠳᠡᠭᠡᠵᠢ ᠪᠠᠷ᠂ ᠡᠷᠡᠬᠦᠯ ᠰᠠᠶᠢᠬᠠᠨ ᠠᠮᠢᠳᠤᠷᠠᠯ ᠳᠤ ᠶᠡᠭᠡ ᠬᠡᠮᠵᠢᠶᠡᠨ ᠤ ᠪᠡᠶ᠎ᠡ ᠶᠢᠨ ᠳᠠᠮᠢᠷ ᠤᠨ ᠪᠤᠯᠪᠠᠰᠤᠷᠠᠯ ᠴᠢᠬᠤᠯᠠᠳᠠᠢ ᠮᠦᠷᠳᠡᠭᠡᠨ ᠬᠠᠩᠭᠠᠯᠳᠠᠳᠠᠢ ᠰᠠᠶᠢᠨ ᠨᠤᠶᠢᠷ ᠱᠠᠭᠠᠷᠳᠠᠭᠳᠠᠳᠠᠭ᠃ ᠰᠢᠨ᠎ᠡ ᠰᠤᠳᠤᠯᠭᠠᠨ ᠢᠶᠠᠷ ᠢᠯᠡᠷᠡᠬᠦᠯᠦᠭᠰᠡᠨ ᠨᠢ᠂ ᠬᠦᠷᠦᠯᠴᠡᠬᠦᠶᠢᠴᠡ ᠪᠡᠶ᠎ᠡ ᠶᠢᠨ ᠳᠠᠮᠢᠷ ᠤᠨ ᠪᠤᠯᠪᠠᠰᠤᠷᠠᠯ ᠢᠶᠠᠷ ᠳᠤᠳᠠᠭᠤᠳᠠᠯ ᠨᠤᠶᠢᠷ ᠢᠶᠠᠨ ᠨᠦᠬᠦᠪᠤᠷᠢᠯᠡᠵᠤ ᠪᠡᠶ᠎ᠡ ᠳᠡᠭᠡᠨ ᠡᠷᠴᠢ ᠬᠦᠴᠦᠨ ᠨᠡᠮᠡᠷᠢᠯᠡᠵᠤ ᠪᠤᠯᠳᠠᠭ ᠭᠡᠵᠤ ᠪᠠᠶᠢᠨ᠎ᠠ᠃     ᠬᠦᠳᠡᠯᠬᠡᠬᠡᠨ ᠬᠢᠬᠦ ᠪᠠ ᠤᠨᠳᠠᠬᠤ ᠨᠢ ᠡᠷᠡᠬᠦᠯ ᠮᠡᠨᠳᠤ ᠳᠤ ᠠᠰᠢᠭᠳᠠᠢ ᠡᠰᠡᠬᠦ ᠦᠵᠡᠯᠳᠡ ᠶᠢᠨ ᠲᠤᠬᠠᠢ ᠡᠨᠡ ᠰᠤᠳᠤᠯᠭᠠᠨ ᠤ ᠢᠯᠡᠷᠡᠬᠦᠯᠦᠭᠰᠡᠨ ᠤᠨᠴᠠᠭᠠᠢ ᠲᠠᠯ᠎ᠠ ᠨᠢ ᠬᠡᠪᠡᠯ ᠬᠦᠳᠡᠯᠬᠡᠬᠡᠨ ᠪᠠ ᠤᠨᠳᠠᠬᠤ ᠶᠢᠨ ᠡᠷᠡᠬᠦᠯ ᠮᠡᠨᠳᠤ ᠶᠢᠨ ᠬᠤᠭᠤᠷᠤᠨᠳᠤᠬᠢ ᠠᠰᠢᠭᠳᠠᠢ ᠬᠠᠷᠢᠴᠠᠭ᠎ᠠ ᠶᠢ ᠬᠠᠷᠠᠭᠤᠯᠤᠭᠰᠠᠨ ᠮᠦᠷᠳᠡᠭᠡᠨ ᠡᠮᠴᠢ ᠨᠠᠷ ᠲᠤ ᠡᠪᠡᠳᠴᠢᠳᠡᠨ ᠤ ᠨᠤᠶᠢᠷ ᠤᠨ ᠠᠰᠠᠭᠤᠳᠠᠯ ᠢ ᠡᠮᠨᠡᠨ ᠵᠠᠰᠠᠬᠤ ᠦᠬᠡᠷ᠎ᠡ ᠨᠢᠭᠡ ᠵᠤᠶᠢᠯ ᠤᠨ ᠠᠷᠭ᠎ᠠ ᠬᠡᠯᠪᠡᠷᠢ ᠶᠢ ᠬᠠᠩᠭᠠᠭᠰᠠᠨ ᠪᠠᠶᠢᠨ᠎ᠠ᠃     ᠠᠦ᠋ᠰᠲᠷᠠᠯᠢᠶ᠎ᠠ ᠶᠢᠨ ᠰᠢᠨ᠎ᠡ ᠳ᠋ᠧᠯᠢ ᠶᠡᠭᠡ ᠰᠤᠷᠭᠠᠭᠤᠯᠢ ᠶᠢᠨ ᠬᠠᠯᠳᠠᠪᠤᠷᠢᠳᠤ ᠡᠪᠡᠳᠴᠢᠨ ᠤ ᠤᠨᠤᠯ ᠤᠨ ᠤᠬᠠᠭᠠᠨᠳᠠᠨ Bo-Hueihuang ᠬᠡᠯᠡᠬᠦ ᠳᠡᠭᠡᠨ᠄ ︽ᠪᠢᠳᠠᠨ ᠤ ᠢᠯᠡᠷᠡᠬᠦᠯᠦᠭᠰᠡᠨ ᠢᠶᠠᠷ᠂ ᠨᠤᠶᠢᠷ ᠬᠤᠯᠵᠢᠬᠤ᠂ ᠬᠦᠳᠡᠯᠬᠡᠬᠡᠨ ᠪᠠᠭᠠᠳᠠᠢ ᠬᠦᠮᠦᠰ ᠲᠤ ᠵᠢᠷᠦᠬᠡᠨ ᠡᠪᠡᠳᠴᠢᠨ᠂ ᠰᠠ ᠡᠪᠡᠳᠴᠢᠨ ᠪᠠ ᠦᠮᠡᠨ ᠡᠪᠡᠳᠴᠢᠨ ᠳᠤᠰᠴᠤ ᠨᠠᠰᠤ ᠪᠠᠷᠠᠬᠤ ᠠᠶᠤᠯ ᠳᠦᠭᠰᠢᠬᠦᠷᠢ ᠬᠠᠮᠤᠭ ᠤᠨ ᠶᠡᠭᠡ ᠪᠤᠢ᠃ ᠡᠨᠡ ᠬᠤᠶᠠᠷ ᠵᠤᠶᠢᠯ ᠤᠨ ᠦᠢᠯᠡ ᠠᠵᠢᠯᠯᠠᠭᠠᠨ ᠤ  ᠬᠤᠭᠤᠷᠣᠨᠳᠣ  ᠬᠠᠷᠢᠯᠴᠠᠨ  ᠦᠢᠯᠡᠳᠦᠯᠴᠡᠬᠦ  ᠬᠠᠷᠢᠴᠠᠭ᠎ᠠ  ᠣᠷᠣᠰᠢᠵᠣ  ᠪᠠᠶᠢᠬᠤ  ᠶᠢ  ᠰᠣᠳᠣᠯᠭᠠᠨ  ᠤ  ᠳ᠋ᠦᠩ ᠬᠠᠷᠠᠭᠤᠯᠣᠯ᠎ᠠ︾ ᠬᠡᠵᠦ ᠪᠠᠶᠢᠨ᠎ᠠ᠃     ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠣᠯᠲᠠ ᠶᠢᠨ ᠰᠠᠨᠠᠭᠠᠴᠢᠯᠠᠭᠰᠠᠨ ᠪᠡᠶ᠎ᠡ ᠶᠢᠨ ᠲᠠᠮᠢᠷ ᠤᠨ ᠭᠦᠳᠡᠯᠭᠡᠭᠡᠨ ᠪᠤᠯ ᠭᠠᠷᠠᠭ ᠪᠦᠷᠢ 150 ᠮᠢᠨᠦ᠋ᠲ ᠤᠨ ᠳᠣᠮᠳᠠᠴᠢ ᠬᠡᠮᠵᠢᠶᠡᠨ ᠤ ᠬᠦᠳᠡᠯᠭᠡᠭᠡᠨ ᠬᠢᠬᠦ ᠪᠤᠶᠤ ᠡᠰᠡᠭᠦᠯ᠎ᠡ 75 ᠮᠢᠨᠦ᠋ᠲ ᠠᠴᠠ ᠳᠡᠭᠡᠭᠰᠢᠬᠢ ᠰᠢᠷᠦᠭᠦᠨ ᠬᠦᠳᠡᠯᠭᠡᠭᠡᠨ ᠬᠢᠬᠦ ᠬᠡᠷᠡᠭᠲᠡᠢ᠃     ᠰᠣᠳᠣᠯᠭᠠᠴᠢᠳ ᠨᠢᠭᠡᠨ ᠰᠣᠳᠣᠯᠭᠠᠨ ᠳᠤ ᠬᠦᠮᠦᠰ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠬᠢᠭᠰᠡᠨ ᠦᠨᠳᠦᠷ ᠪᠤᠭᠤᠨᠢ ᠭᠤᠷᠪᠠᠨ ᠬᠢᠷᠢ ᠬᠡᠮᠵᠢᠶ᠎ᠡ ᠪᠠᠷ ᠳᠣᠭᠤᠶᠢᠯᠠᠩ ᠬᠤᠪᠢᠶᠠᠵᠣ᠂ ᠳᠡᠳᠡᠭᠡᠷ ᠤᠨ ᠣᠨᠳᠠᠭᠰᠠᠨ ᠴᠠᠭ ᠤᠨ ᠬᠡᠮᠵᠢᠶ᠎ᠡ᠂ ᠣᠷᠣᠨ ᠳᠠᠭᠠᠨ ᠬᠡᠪᠲᠡᠭᠰᠡᠨ ᠴᠠᠭ ᠪᠣᠯᠣᠨ ᠨᠣᠶᠢᠷ ᠬᠤᠯᠵᠢᠭᠰᠠᠨ᠂ ᠬᠤᠷᠬᠢᠷᠠᠭᠰᠠᠨ ᠪᠠ ᠣᠨᠳᠠᠩᠬᠠᠢ ᠪᠠᠶᠢᠳᠠᠯ ᠢ ᠦᠨᠳᠦᠰᠦᠯᠡᠨ᠂ ᠳᠡᠳᠡᠨ ᠤ ᠣᠨᠳᠠᠭᠰᠠᠨ ᠪᠠᠶᠢᠳᠠᠯ ᠳᠤ ᠬᠤᠪᠢ ︵ᠬᠠᠮᠤᠭ ᠤᠨ ᠪᠣᠭᠤᠨᠢ ᠨᠢ 0 ᠬᠤᠪᠢ᠂ ᠬᠠᠮᠤᠭ ᠤᠨ ᠦᠨᠳᠦᠷ ᠬᠤᠪᠢ ᠨᠢ 5 ᠬᠤᠪᠢ︶ ᠣᠯᠭᠤᠵᠠᠢ᠃     ᠰᠣᠳᠣᠯᠭᠠᠨ ᠤ ᠳ᠋ᠦᠩ ᠳᠤ᠂ ᠨᠤᠶᠢᠷ ᠬᠤᠯᠵᠢᠳᠠᠭ ᠮᠦᠷᠲᠡᠭᠡᠨ ᠬᠦᠳᠡᠯᠭᠡᠭᠡᠨ ︵ᠳᠡᠯᠡᠬᠡᠢ ᠶᠢᠨ ᠡᠷᠡᠭᠦᠯ ᠮᠡᠨᠳᠦ ᠶᠢᠨ ᠵᠣᠬᠢᠶᠠᠨ ᠪᠠᠶᠢᠭᠤᠯᠣᠯᠲᠠ ᠶᠢᠨ ᠰᠠᠨᠠᠭᠠᠴᠢᠯᠠᠭᠰᠠᠨ ᠪᠡᠶ᠎ᠡ ᠶᠢᠨ ᠲᠠᠮᠢᠷ ᠤᠨ ᠬᠦᠳᠡᠯᠭᠡᠭᠡᠨ︶ ᠪᠠᠭᠠᠲᠠᠢ ᠬᠦᠮᠦᠰ ᠬᠤᠣᠷᠲᠣ ᠬᠠᠪᠣᠳᠠᠷ ᠢᠶᠠᠷ ᠨᠠᠰᠣ ᠪᠠᠷᠠᠬᠤ ᠪᠣᠶᠣ ᠵᠢᠷᠦᠬᠡᠨ ᠤ ᠡᠪᠡᠳᠴᠢᠨ ᠳᠤ ᠨᠡᠪᠲᠡᠷᠡᠬᠦ ᠬᠠᠮᠤᠭ ᠤᠨ ᠶᠡᠭᠡ ᠡᠷᠡᠰᠲᠡᠯ ᠲᠠᠢ ᠪᠠᠶᠢᠵᠣ᠂ ᠨᠣᠶᠢᠷ ᠮᠠᠭᠤᠲᠠᠢ ᠪᠣᠯᠪᠠᠴᠣ ᠪᠡᠶ᠎ᠡ ᠶᠢᠨ ᠲᠠᠮᠢᠷ ᠤᠨ ᠬᠦᠳᠡᠯᠭᠡᠭᠡᠨ ᠬᠦᠷᠦᠯᠴᠡᠬᠦᠶᠢᠴᠡ ᠬᠦᠮᠦᠰ ᠤᠨ ᠬᠤᠣᠷᠲᠣ ᠬᠠᠪᠣᠳᠠᠷ ᠪᠣᠶᠣ ᠵᠢᠷᠦᠬᠡᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ ᠨᠡᠯᠢᠶᠡᠳ ᠪᠠᠭ᠎ᠠ ᠪᠠᠶᠢᠵᠠᠢ᠃     ᠡᠯ᠎ᠡ ᠲᠦᠷᠦᠯ ᠤᠨ ᠬᠤᠣᠷᠲᠣ ᠬᠠᠪᠣᠳᠠᠷ ᠡᠪᠡᠳᠴᠢᠨ ᠢᠶᠠᠷ ᠵᠢᠱᠢᠶᠠᠯᠡᠪᠡᠯ᠂ ᠨᠤᠶᠢᠷ ᠮᠠᠭᠤᠲᠠᠢ᠂ ᠪᠡᠶ᠎ᠡ ᠶᠢᠨ ᠲᠠᠮᠢᠷ ᠤᠨ ᠬᠦᠳᠡᠯᠭᠡᠭᠡᠨ ᠬᠠᠮᠤᠭ ᠤᠨ ᠪᠠᠭ᠎ᠠ ᠬᠦᠮᠦᠰ ᠤᠨ ᠬᠤᠣᠷᠲᠣ ᠬᠠᠪᠣᠳᠠᠷ ᠢᠶᠠᠷ ᠨᠠᠰᠣ ᠪᠠᠷᠠᠬᠤ ᠠᠶᠣᠯ ᠲᠦᠭᠰᠢᠭᠦᠷᠢ ᠨᠢ ᠨᠣᠶᠢᠷ ᠰᠠᠶᠢᠲᠠᠢ ᠮᠦᠷᠲᠡᠭᠡᠨ ᠪᠡᠶ᠎ᠡ ᠶᠢᠨ ᠲᠠᠮᠢᠷ ᠤᠨ ᠬᠦᠳᠡᠯᠭᠡᠭᠡᠨ ᠬᠢᠳᠡᠭ ᠬᠦᠮᠦᠰ  ᠠᠴᠠ 45% ᠶᠢᠨ ᠬᠤᠪᠢ ᠪᠠᠷ ᠶᠡᠭᠡ ᠪᠠᠶᠢᠪᠠ᠃ ᠬᠡᠳᠡᠯ᠎ᠡ ᠨᠣᠶᠢᠷ ᠮᠠᠭᠤᠲᠠᠢ ᠪᠣᠯᠪᠠᠴᠣ ᠬᠦᠷᠦᠯᠴᠡᠬᠦᠶᠢᠴᠡ ᠪᠡᠶ᠎ᠡ ᠶᠢᠨ ᠲᠠᠮᠢᠷ ᠤᠨ ᠪᠤᠯᠪᠠᠰᠣᠷᠠᠯ ᠬᠢᠳᠡᠭ ᠬᠦᠮᠦᠰ ᠤᠨ ᠬᠤᠣᠷᠲᠣ ᠬᠠᠪᠣᠳᠠᠷ ᠲᠤ ᠨᠡᠷᠪᠡᠭᠳᠡᠬᠦ ᠠᠶᠣᠯ ᠲᠦᠭᠰᠢᠭᠦᠷᠢ ᠨᠢ ᠨᠣᠶᠢᠷ ᠮᠠᠭᠤᠳᠠᠭᠰᠠᠨ ᠠᠴᠠ ᠪᠣᠯᠣᠭᠠᠳ ᠨᠡᠮᠡᠭᠳᠡᠭᠰᠡᠨ ᠶᠠᠪᠣᠳᠠᠯ ᠢᠯᠡᠷᠡᠭᠡ ᠦᠭᠡᠢ ᠪᠠᠶᠢᠪᠠ᠃     ᠰᠣᠳᠣᠯᠭᠠᠴᠢᠳ᠄ ︽ᠲᠠᠮᠢᠷ ᠤᠨ ᠪᠤᠯᠪᠠᠰᠣᠷᠠᠯ ᠳᠤ ᠣᠷᠣᠯᠴᠠᠬᠤ ᠬᠢᠷᠢ ᠬᠡᠮᠵᠢᠶ᠎ᠡ ᠨᠢ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠣᠯᠲᠠ ᠶᠢᠨ ᠰᠠᠨᠠᠭᠠᠴᠢᠯᠠᠭᠰᠠᠨ ᠬᠠᠮᠤᠭ ᠤᠨ ᠳᠣᠣᠷ᠎ᠠ ᠬᠦᠳᠡᠯᠭᠡᠭᠡᠨ ᠬᠢᠬᠦ ᠬᠢᠷᠢ ᠬᠡᠮᠵᠢᠶᠡᠨ ᠳᠤ ᠬᠦᠷᠦᠭᠰᠡᠨ ᠪᠤᠶᠤ ᠲᠡᠭᠦᠨ ᠠᠴᠠ ᠳᠠᠪᠠᠭᠰᠠᠨ ᠪᠠᠶᠢᠪᠠᠯ᠂ ᠨᠣᠶᠢᠷ ᠬᠤᠯᠵᠢᠬᠤ ᠪᠠ ᠦᠬᠦᠬᠦ ᠶᠢᠨ ᠬᠤᠭᠤᠷᠣᠨᠳᠣᠬᠢ ᠬᠤᠯᠪᠣᠭᠳᠠᠬᠤ ᠮᠠᠰᠢ ᠣᠯᠠᠨ ᠬᠤᠣᠷ ᠨᠦᠯᠦᠭᠡ ᠶᠢ ᠦᠭᠡᠶᠢᠰᠭᠡᠵᠦ ᠴᠢᠳᠠᠨ᠎ᠠ︾ ᠭᠡᠵᠦ ᠦᠭᠦᠯᠡᠯ ᠳᠡᠭᠡᠨ ᠪᠢᠴᠢᠵᠠᠢ᠃     ᠪᠡᠶ᠎ᠡ ᠶᠢᠨ ᠳᠠᠮᠢᠷ ᠤᠨ ᠬᠦᠳᠡᠯᠭᠡᠭᠡᠨ ᠨᠢ ᠨᠤᠶᠢᠷ ᠬᠦᠷᠦᠯᠴᠡᠬᠦ ᠦᠭᠡᠢ ᠪᠠᠶᠢᠳᠠᠯ ᠢ ᠬᠡᠷᠬᠢᠨ ᠨᠦᠬᠦᠪᠦᠷᠢᠯᠡᠳᠡᠭ ᠲᠣᠬᠠᠢ ᠰᠣᠳᠣᠯᠭᠠᠴᠢᠳ ᠤᠨ ᠦᠵᠡᠬᠦ ᠪᠠᠷ᠂ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠨᠡᠮᠡᠭᠳᠡᠯ ᠨᠢ ᠦᠷᠪᠢᠰᠦᠯ ᠤᠨ ᠡᠪᠡᠳᠴᠢᠨ ᠪᠤᠶᠤ ᠦᠵᠦᠮ ᠤᠨ ᠰᠢᠬᠢᠷ ᠤᠨ ᠡᠮᠬᠢ ᠵᠠᠮᠪᠠᠷᠠᠭ᠎ᠠ ᠦᠭᠡᠢ ᠰᠣᠯᠢᠯᠴᠠᠭ᠎ᠠ ᠶᠢ ᠪᠠᠭᠠᠰᠬᠠᠵᠦ ᠮᠡᠳᠡᠨ᠎ᠡ ᠭᠡᠵᠦ ᠪᠠᠶᠢᠨ᠎ᠠ᠃     ᠰᠢᠨ᠎ᠡ ᠳ᠋ᠧᠯᠢ ᠶᠡᠭᠡ ᠰᠣᠷᠭᠠᠭᠤᠯᠢ ᠶᠢᠨ ᠬᠦᠮᠦᠨ ᠠᠮᠠ ᠶᠢᠨ ᠡᠷᠡᠭᠦᠯ ᠮᠡᠨᠳᠦ ᠶᠢᠨ ᠰᠣᠳᠣᠯᠣᠭᠴᠢ Emmanuel stamatakis ᠬᠡᠯᠡᠬᠦ ᠳᠡᠭᠡᠨ᠄ ︽ᠡᠨᠡ ᠬᠤᠶᠠᠷ ᠵᠦᠢᠯ ᠤᠨ ᠦᠢᠯᠡ ᠠᠵᠢᠯᠯᠠᠭ᠎ᠠ ᠨᠢ ᠬᠦᠮᠦᠨ ᠤ ᠡᠷᠡᠭᠦᠯ ᠮᠡᠨᠳᠦ ᠳᠤ ᠴᠦᠮ ᠲᠦᠢᠯ ᠤᠨ ᠴᠢᠬᠤᠯᠠ ᠪᠠᠶᠢᠳᠠᠭ᠃ ᠣᠳᠣᠬᠠᠨ ᠳᠤ᠂ ᠬᠦᠮᠦᠰ ᠪᠡᠶ᠎ᠡ ᠶᠢᠨ ᠲᠠᠮᠢᠷ ᠤᠨ ᠬᠦᠳᠡᠯᠭᠡᠭᠡᠨ ᠲᠣᠳᠠᠭᠳᠠᠭᠰᠠᠨ ᠪᠠ ᠨᠣᠶᠢᠷ ᠮᠠᠭᠤᠲᠠᠢ ᠠᠶᠣᠯ ᠳᠤ ᠴᠦᠮ ᠲᠣᠯᠭᠠᠷᠠᠵᠣ ᠪᠣᠢ᠂ ᠬᠦᠮᠦᠰ ᠢ ᠣᠷᠮᠠᠰᠢᠭᠤᠯᠵᠣ᠂ ᠪᠡᠶ᠎ᠡ ᠶᠢᠨ ᠲᠠᠮᠢᠷ ᠤᠨ ᠬᠦᠳᠡᠯᠭᠡᠭᠡᠨ ᠢᠯᠡᠭᠦᠦ ᠬᠢᠯᠭᠡᠬᠦ ᠳᠤ ᠪᠢᠳᠡ ᠨᠡᠩ ᠣᠯᠠᠨ ᠡᠷᠡᠭᠦᠯ ᠮᠡᠨᠳᠦ ᠶᠢᠨ ᠪᠠᠷᠢᠮᠳᠠ ᠬᠠᠩᠭᠠᠭᠰᠠᠨ ᠪᠠᠶᠢᠨ᠎ᠠ᠃ ᠡᠭᠦᠨ ᠠᠴᠠ ᠭᠠᠳᠠᠨ᠎ᠠ ᠪᠠᠰᠠ ᠡᠮᠴᠢ ᠰᠣᠪᠢᠯᠠᠭᠴᠢᠳ ᠲᠤ ᠨᠡᠩ ᠣᠯᠠᠨ ᠠᠷᠭ᠎ᠠ ᠵᠢᠭᠠᠵᠣ ᠣᠨᠳᠠᠯᠭ᠎ᠠ ᠶᠢᠨ ᠰᠠᠭᠠᠳ ᠲᠠᠢ ᠡᠪᠡᠳᠴᠢᠲᠡᠨ ᠳᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠵᠣᠷ ᠦᠭᠳᠡᠭ︾ ᠭᠡᠵᠦ ᠪᠠᠶᠢᠨ᠎ᠠ᠃     ᠲᠣᠰ ᠰᠣᠳᠣᠯᠭᠠᠨ ᠨᠢ ︽ᠠᠩᠭ᠍ᠯᠢ ᠶᠢᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠡᠮᠴᠢᠯᠡᠭᠡᠨ ᠤ ᠰᠡᠳᠭᠦᠯ︾ ᠳᠡᠭᠡᠷ᠎ᠡ ᠨᠡᠶᠢᠲᠡᠯᠡᠭᠳᠡᠵᠦ ᠦᠩᠭᠡᠷᠡᠵᠡᠢ᠃
 
ᠢᠷᠡᠯᠲᠡ᠄ ᠤᠷᠳᠤᠰ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map