ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠶᠢᠰᠦᠳᠦᠭᠡᠷ ᠬᠤᠭᠤᠴᠠᠭᠠᠨ ᠤ ᠵᠠᠭᠤᠨ ᠬᠤᠰᠢᠭᠤ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠤᠷᠤᠯᠳᠤᠭᠠᠨ ᠲᠦᠩᠯᠢᠶᠣᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/26
    6 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠶᠢᠰᠦᠳᠦᠭᠡᠷ ᠬᠤᠭᠤᠴᠠᠭᠠᠨ ᠤ ᠵᠠᠭᠤᠨ ᠬᠤᠰᠢᠭᠤ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠤᠷᠤᠯᠳᠤᠭᠠᠨ ᠲᠦᠩᠯᠢᠶᠣᠤ ᠬᠤᠲᠠ ᠳᠤ ᠶᠠᠪᠤᠭᠳᠠᠪᠠ᠃ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ᠂ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠠᠴᠠ ᠬᠠᠮᠲᠤᠷᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ᠂ ᠲᠦᠩᠯᠢᠶᠣᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠲᠦᠩᠯᠢᠶᠣᠤ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠳᠠᠭᠠᠭᠠᠴᠢᠯᠠᠨ ᠡᠷᠭᠢᠯᠡᠵᠦ᠂ ᠪᠥᠬᠦ ᠣᠷᠣᠨ ᠤ 103 ᠲᠥᠯᠥᠭᠡᠯᠡᠭᠴᠢᠳ ᠤᠨ ᠠᠩᠭᠢ ᠶᠢᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠪᠠᠭ᠋ᠠᠲᠠᠶ ᠬᠥᠮᠦᠰ ᠡᠯ᠎ᠡ ᠲᠥᠷᠥᠯ ᠵᠦᠢᠯ ᠤᠨ ᠥᠷᠢᠰᠥᠯᠳᠦᠭᠡᠨ ᠳᠤ ᠣᠷᠣᠯᠴᠠᠪᠠ᠃
    5 ᠡᠳᠦᠷ ᠤᠨ ᠬᠤᠭᠤᠴᠠᠭ᠎ᠠ ᠲᠠᠢ ᠤᠷᠤᠯᠳᠤᠭᠠᠨ ᠳᠤ᠂ ᠵᠣᠬᠢᠶᠠᠨ ᠪᠠᠶᠢᠭᠤᠯᠬᠤ ᠺᠣᠮᠢᠰ ᠠᠴᠠ ᠪᠠᠰᠠ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠦᠮᠡᠨ ᠲᠣᠰᠬᠤᠨ ᠤ ᠡᠮᠡᠭᠲᠡᠶᠢᠴᠦᠳ︾ ᠤᠨ ᠨᠢᠭᠡᠳᠦᠭᠡᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠪᠣᠯᠪᠠᠰᠤᠷᠠᠯ ᠤᠨ ᠠᠩᠭᠢ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ᠂ ᠥᠪᠥᠷ ᠮᠣᠩᠭᠤᠯ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠨᠡᠶᠢᠭᠡᠮᠯᠢᠭ ᠤᠨ ᠳᠥᠷᠪᠡᠳᠦᠭᠡᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠥᠬᠦ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠠᠵᠢᠯ ᠤᠨ ᠶᠠᠷᠢᠯᠴᠠᠬᠤ ᠬᠤᠷᠠᠯ ᠵᠡᠷᠭᠡ ᠠᠵᠢᠯᠯᠠᠭ᠎ᠠ ᠶᠢ ᠡᠷᠭᠢᠯᠡᠨ᠎ᠡ᠃
     ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠲᠠᠰᠤᠷᠠᠯᠲᠠ ᠥᠬᠡᠶ ᠠᠬᠢᠭᠤᠯᠵᠤ᠂ ᠥᠷᠭᠡᠨ ᠣᠯᠠᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠪᠠᠭ᠋ᠠᠲᠠᠶ ᠬᠥᠮᠦᠰ ᠲᠤ ᠰᠣᠯᠢᠯᠴᠠᠭ᠎ᠠ ᠬᠢᠬᠦ᠂ ᠳᠡᠯᠭᠡᠨ ᠦᠵᠡᠭᠦᠯᠬᠦ᠂ ᠤᠷᠤᠯᠳᠤᠭᠠᠨ ᠤ ᠨᠠᠩ ᠥᠷᠭᠡᠨ ᠲᠠᠪᠴᠠᠩ ᠪᠠᠶᠢᠭᠤᠯᠤᠨ ᠥᠭᠴᠦ᠂ ᠮᠠᠨ ᠤ ᠣᠷᠣᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠡᠷᠡᠭᠦᠯ ᠡᠩᠬᠡ ᠡᠶ᠎ᠡ ᠵᠣᠬᠢᠴᠠᠯ ᠲᠠᠢ ᠣᠷᠴᠢᠨ ᠲᠣᠭᠤᠷᠢᠨ ᠢ ᠪᠣᠶ ᠪᠣᠯᠭᠠᠨ᠎ᠠ᠃  
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号
Baidu
map