︵2017 ᠣᠨ ᠤ 5 ᠳ᠋ᠤᠭᠠᠷ ᠰᠠᠷ᠎ᠠ ᠶᠢᠨ 26 ᠤ ᠡᠳᠦᠷ ᠦᠪᠦᠷ ᠮᠣᠩᠭᠤᠯ ᠤᠨ ᠦᠪᠡᠷᠲᠡᠭᠡᠨ ᠵᠠᠰᠠᠬᠤ | ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠠᠯ ᠤᠨ ᠭᠤᠴᠢᠨ ᠭᠤᠷᠪᠠᠳᠤᠭᠠᠷ ᠬᠤᠭᠤᠴᠠᠭᠠᠨ ᠤ ᠬᠤᠷᠠᠯ ᠠᠴᠠ ᠪᠠᠲᠤᠯᠠᠪᠠ︶ | | | ᠨᠢᠭᠡᠳᠦᠭᠡᠷ ᠪᠦᠯᠦᠭ ᠶᠡᠷᠦᠩᠬᠡᠢ ᠵᠠᠷᠴᠢᠮ | ᠨᠢᠭᠡᠳᠦᠭᠡᠷ ᠵᠣᠷᠪᠤᠰ ᠳᠤᠮᠳᠠᠲᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ | ᠤᠯᠠᠮᠵᠢᠯᠠᠨ ᠬᠦᠭᠵᠢᠭᠦᠯᠵᠦ᠂ ᠪᠣᠳᠠᠰ ᠤᠨ ᠪᠣᠰᠤ ᠰᠣᠶᠣᠯ ᠤᠨ ᠦᠪ ᠢ ᠬᠠᠮᠠᠭᠠᠯᠠᠬᠤ ᠠᠵᠢᠯ ᠢ ᠴᠢᠩᠭᠠᠳᠬᠠᠬᠤ ᠶᠢᠨ | ᠲᠦᠯᠦᠭᠡ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠪᠤᠳᠠᠰ ᠤᠨ ᠪᠣᠰᠤ ᠰᠣᠶᠣᠯ ᠤᠨ ᠦᠪ ᠤᠨ | ᠬᠠᠤᠯᠢ︾ ᠪᠠ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠲᠠᠭᠠᠯ ᠢ ᠦᠨᠳᠦᠰᠦᠯᠡᠵᠦ᠂ | ᠦᠪᠡᠷᠲᠡᠭᠡᠨ ᠵᠠᠰᠠᠬᠤ ᠣᠷᠤᠨ ᠤ ᠪᠣᠳᠠᠲᠠᠢ ᠪᠠᠶᠢᠳᠠᠯ ᠲᠠᠢ ᠤᠶᠠᠯᠳᠤᠭᠤᠯᠵᠤ ᠲᠤᠰ ᠲᠦᠷᠢᠮ ᠢ ᠲᠤᠭᠲᠠᠭᠠᠪᠠ᠃ | ᠬᠤᠶᠠᠳᠤᠭᠠᠷ ᠵᠣᠷᠪᠣᠰ ᠦᠪᠡᠷᠲᠡᠭᠡᠨ ᠵᠠᠰᠠᠬᠤ ᠣᠷᠤᠨ ᠤ ᠵᠠᠰᠠᠭ ᠵᠠᠬᠢᠷᠭᠠᠨ ᠤ ᠣᠷᠤᠨ ᠲᠤᠳᠤᠷᠠᠬᠢ ᠪᠤᠳᠠᠰ | ᠤᠨ ᠪᠣᠰᠤ ᠰᠣᠶᠣᠯ ᠤᠨ ᠦᠪ ᠢ ᠪᠠᠶᠢᠴᠠᠭᠠᠬᠤ᠂ ᠬᠠᠳᠠᠭᠠᠯᠠᠬᠤ᠂ ᠤᠯᠠᠮᠵᠢᠯᠠᠬᠤ᠂ ᠳᠡᠯᠭᠡᠷᠡᠭᠦᠯᠬᠦ᠂ ᠠᠰᠢᠭᠯᠠᠬᠤ ᠵᠡᠷᠭᠡ | ᠬᠠᠮᠠᠭᠠᠯᠠᠬᠤ ᠠᠵᠢᠯᠯᠠᠭ᠎ᠠ ᠵᠢᠴᠢ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠳᠤ ᠲᠤᠰ ᠳᠦᠷᠢᠮ ᠢ ᠬᠡᠷᠡᠭᠵᠢᠭᠦᠯᠦᠨ᠎ᠡ | ᠃ | ᠭᠤᠷᠪᠠᠳᠤᠭᠠᠷ ᠵᠤᠷᠪᠤᠰ ᠲᠤᠰ ᠳᠦᠷᠢᠮ ᠳᠤ ᠬᠡᠯᠡᠵᠦ ᠪᠠᠶᠢᠭ᠎ᠠ ᠪᠣᠳᠠᠰ ᠤᠨ ᠪᠣᠰᠤ ᠰᠣᠶᠣᠯ ᠤᠨ ᠦᠪ | ᠭᠡᠳᠡᠭ ᠨᠢ ᠡᠯ᠎ᠡ ᠦᠨᠳᠦᠰᠦᠲᠡᠨ ᠤ ᠠᠷᠠᠳ ᠲᠦᠮᠡᠨ ᠦᠶ᠎ᠡ ᠵᠠᠯᠭᠠᠮᠵᠢᠯᠠᠨ ᠤᠯᠠᠮᠵᠢᠯᠠᠭᠰᠠᠨ ᠮᠦᠷᠲᠡᠭᠡᠨ ᠦᠪᠡᠷ ᠤᠨ | ᠰᠣᠶᠣᠯ ᠤᠨ ᠦᠪ ᠤᠨ ᠪᠦᠷᠢᠯᠳᠦᠭᠦᠨ ᠭᠡᠵᠦ ᠦᠵᠡᠵᠦ ᠪᠠᠶᠢᠭ᠎ᠠ ᠡᠯ᠎ᠡ ᠵᠦᠢᠯ ᠤᠨ ᠤᠯᠠᠮᠵᠢᠯᠠᠯᠲᠤ ᠰᠣᠶᠣᠯ ᠢ | ᠬᠠᠷᠠᠭᠤᠯᠬᠤ ᠬᠡᠯᠪᠡᠷᠢ ᠵᠢᠴᠢ ᠤᠯᠠᠮᠵᠢᠯᠠᠯᠲᠤ ᠰᠣᠶᠣᠯ ᠢ ᠬᠠᠷᠠᠭᠤᠯᠬᠤ ᠬᠡᠯᠪᠡᠷᠢ ᠶᠢᠨ ᠬᠠᠮᠢᠶ᠎ᠠ ᠪᠦᠬᠦᠢ ᠪᠣᠳᠠᠲᠤ | ᠶᠠᠭᠤᠮ᠎ᠠ ᠪᠠ ᠣᠷᠤᠨ ᠭᠠᠵᠠᠷ ᠢ ᠭᠡᠯᠡᠨ᠎ᠡ᠃ ᠡᠭᠦᠨ ᠳᠤ᠄ | ⑴ ᠤᠯᠠᠮᠵᠢᠯᠠᠯᠲᠤ ᠠᠮᠠᠨ ᠵᠤᠬᠢᠶᠠᠯ ᠵᠢᠴᠢ ᠲᠡᠭᠦᠨ ᠤ ᠠᠴᠢᠶᠠᠯᠠᠭᠴᠢ ᠪᠤᠯᠤᠭᠰᠠᠨ ᠦᠭᠡ ᠬᠡᠯᠡ᠃ | ⑵ ᠤᠯᠠᠮᠵᠢᠯᠠᠯᠲᠤ ᠤᠷᠠᠨ ᠵᠢᠷᠤᠭ᠂ ᠤᠷᠠᠨ ᠪᠢᠴᠢᠯᠭᠡ᠂ ᠳᠠᠭᠤᠤ ᠬᠦᠭᠵᠢᠮ᠂ ᠪᠦᠵᠢᠭ᠂ ᠰᠢ ᠵᠦᠴᠦᠭᠡ᠂ | ᠳᠠᠭᠤᠤᠷᠢᠯᠢᠭ ᠪᠠ ᠼᠢᠷᠺ᠃ | ⑶ ᠤᠯᠠᠮᠵᠢᠯᠠᠯᠲᠤ ᠤᠷ᠎ᠠ ᠮᠡᠷᠭᠡᠵᠢᠯ᠂ ᠡᠮ ᠡᠮᠨᠡᠯᠭᠡ ᠪᠠ ᠵᠢᠷᠤᠬᠠᠢ᠃ | ⑷ ᠤᠯᠠᠮᠵᠢᠯᠠᠯᠲᠤ ᠶᠣᠰᠤᠯᠠᠯ᠂ ᠪᠠᠶᠠᠷ ᠳᠤᠷᠠᠰᠬᠠᠯ ᠵᠡᠷᠭᠡ ᠵᠠᠩ ᠦᠢᠯᠡ᠃ | ⑸ ᠤᠯᠠᠮᠵᠢᠯᠠᠯᠲᠤ ᠪᠡᠶ᠎ᠡ ᠶᠢᠨ ᠲᠠᠮᠢᠷ ᠪᠠ ᠨᠠᠶᠢᠷ ᠨᠠᠭᠠᠳᠤᠮ᠃ | ⑹ ᠪᠣᠰᠤᠳ ᠪᠣᠳᠠᠰ ᠤᠨ ᠪᠣᠰᠤ ᠰᠣᠶᠣᠯ ᠤᠨ ᠦᠪ᠃ | ᠪᠣᠳᠠᠰ ᠤᠨ ᠪᠣᠰᠤ ᠰᠣᠶᠣᠯ ᠤᠨ ᠦᠪ ᠤᠨ ᠪᠦᠷᠢᠯᠳᠦᠬᠦᠨ ᠬᠡᠰᠡᠭ ᠲᠤ ᠬᠠᠷᠢᠶᠠᠯᠠᠭᠳᠠᠬᠤ ᠪᠣᠳᠠᠲᠠᠢ ᠶᠠᠭᠤᠮ᠎ᠠ | ᠪᠠ ᠣᠷᠤᠨ ᠲᠠᠯᠠᠪᠤᠷ ᠨᠢ ᠲᠡᠦᠬᠡ ᠶᠢᠨ ᠳᠤᠷᠠᠰᠬᠠᠯᠲᠤ ᠵᠦᠢᠯ ᠳᠤ ᠬᠠᠷᠢᠶᠠᠯᠠᠭᠳᠠᠬᠤ ᠪᠣᠯ ᠳᠠᠷᠤᠢ ︽ᠪᠦᠬᠦᠳᠡ | ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ︾ ᠪᠠ ︽ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ | ᠲᠦᠷᠢᠮ︾ ᠤᠨ ᠬᠠᠮᠢᠶ᠎ᠠ ᠪᠦᠬᠦᠢ ᠲᠦᠷᠢᠮ ᠲᠤᠭᠲᠠᠭᠠᠯ ᠢ ᠬᠡᠷᠡᠭᠯᠡᠨ᠎ᠡ᠃ | ᠳᠦᠷᠪᠡᠳᠦᠭᠡᠷ ᠵᠣᠷᠪᠤᠰ ᠪᠣᠳᠠᠰ ᠤᠨ ᠪᠣᠰᠤ ᠰᠣᠶᠣᠯ ᠤᠨ ᠦᠪ ᠢ ᠬᠠᠮᠠᠭᠠᠯᠠᠬᠤ ᠳᠤ ᠬᠠᠮᠠᠭᠠᠯᠠᠬᠤ ᠪᠠᠷ | ᠭᠤᠤᠯ ᠪᠣᠯᠭᠠᠵᠤ᠂ ᠵᠠᠪᠲᠤᠨ ᠠᠪᠤᠷᠠᠬᠤ ᠶᠢ ᠲᠡᠷᠢᠬᠦᠨ ᠳᠤ ᠲᠠᠯᠪᠢᠵᠤ᠂ ᠵᠣᠬᠢᠰᠲᠠᠢ ᠠᠰᠢᠭᠯᠠᠵᠤ ᠤᠯᠠᠮᠵᠢᠯᠠᠨ | ᠬᠦᠭᠵᠢᠭᠦᠯᠬᠦ ᠴᠢᠭᠯᠡᠯᠲᠡ ᠶᠢ ᠲᠤᠭᠤᠰᠢᠯᠠᠭᠤᠯᠵᠤ᠂ ᠦᠨᠡᠨ ᠪᠤᠳᠠᠲᠤ ᠴᠢᠨᠠᠷ᠂ ᠪᠦᠬᠦᠯᠢ ᠴᠤᠭᠴᠠᠲᠤ ᠴᠢᠨᠠᠷ ᠪᠠ | ᠦᠪᠯᠡᠨ ᠤᠯᠠᠮᠵᠢᠯᠠᠬᠤ ᠴᠢᠨᠠᠷ ᠤᠨ ᠵᠠᠷᠴᠢᠮ ᠢ ᠪᠠᠷᠢᠮᠲᠠᠯᠠᠨ᠎ᠠ᠃ | ᠲᠠᠪᠤᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠠᠴᠠ ᠪᠣᠳᠠᠰ ᠤᠨ ᠪᠣᠰᠤ ᠰᠣᠶᠣᠯ ᠤᠨ ᠦᠪ ᠢ ᠬᠠᠮᠠᠭᠠᠯᠠᠬᠤ ᠠᠵᠢᠯ ᠢ ᠲᠤᠰ ᠱᠠᠲᠤᠨ ᠤ ᠤᠯᠤᠰ ᠠᠷᠠᠳ | ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ ᠵᠢᠴᠢ ᠬᠤᠲᠠ ᠶᠢᠨ ᠲᠦᠯᠦᠪᠵᠢᠭᠦᠯᠭᠡ | ᠳᠤ ᠪᠠᠨ ᠣᠷᠤᠭᠤᠯᠬᠤ ᠶᠢᠨ ᠬᠠᠮᠲᠤ ᠬᠠᠮᠠᠭᠠᠯᠠᠬᠤ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠦᠰᠦᠪ ᠲᠤ | ᠪᠠᠨ ᠣᠷᠤᠭᠤᠯᠬᠤ ᠬᠡᠷᠡᠭᠲᠡᠢ᠃ | ᠵᠢᠷᠭᠤᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠤ ᠰᠣᠶᠣᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠣᠷᠤᠨ ᠳᠤᠲᠤᠷᠠᠬᠢ | ᠪᠣᠳᠠᠰ ᠤᠨ ᠪᠣᠰᠤ ᠰᠣᠶᠣᠯ ᠤᠨ ᠦᠪ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠰᠣᠶᠣᠯ ᠢ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠠᠷᠢᠶᠠᠯᠠᠭᠳᠠᠵᠤ ᠪᠠᠶᠢᠭ᠎ᠠ ᠪᠣᠳᠠᠰ ᠤᠨ ᠪᠣᠰᠤ ᠰᠣᠶᠣᠯ ᠤᠨ ᠦᠪ ᠢ | ᠬᠠᠮᠠᠭᠠᠯᠠᠬᠤ ᠠᠵᠢᠯ ᠤᠨ ᠪᠠᠶᠢᠭᠤᠯᠤᠮᠵᠢ ᠠᠴᠠ ᠪᠣᠳᠠᠰ ᠤᠨ ᠪᠣᠰᠤ ᠰᠣᠶᠣᠯ ᠤᠨ ᠦᠪ ᠢ ᠬᠠᠮᠠᠭᠠᠯᠠᠬᠤ ᠪᠣᠳᠠᠲᠠᠢ | ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠪᠣᠰᠤᠳ ᠬᠠᠮᠢᠶ᠎ᠠ | ᠪᠦᠬᠦᠢ ᠰᠠᠯᠠᠭ᠎ᠠ ᠮᠦᠴᠢᠷ ᠠᠴᠠ ᠦᠪᠡᠷ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠤᠲᠤᠷ᠎ᠠ ᠪᠤᠳᠠᠰ | ᠤᠨ ᠪᠤᠰᠤ ᠰᠣᠶᠣᠯ ᠤᠨ ᠦᠪ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠰᠣᠮᠣ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠤᠨ ᠵᠢᠴᠢ ᠲᠡᠭᠦᠨ ᠤ ᠰᠣᠶᠣᠯ ᠤᠨ | ᠭᠤᠤᠯᠴᠢᠯᠠᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠤᠨ ᠤᠳᠤᠷᠢᠳᠤᠯᠭ᠎ᠠ ᠪᠠ ᠵᠢᠯᠤᠭᠤᠳᠤᠯᠭ᠎ᠠ ᠳᠣᠣᠷ᠎ᠠ ᠪᠣᠳᠠᠰ | ᠤᠨ ᠪᠣᠰᠤ ᠰᠣᠶᠣᠯ ᠤᠨ ᠦᠪ ᠢ ᠬᠠᠮᠠᠭᠠᠯᠠᠬᠤ ᠬᠠᠮᠢᠶ᠎ᠠ ᠪᠦᠬᠦᠢ ᠠᠵᠢᠯᠯᠠᠭᠠᠨ ᠢ ᠦᠷᠨᠢᠭᠦᠯᠬᠦ ᠬᠡᠷᠡᠭᠲᠡᠢ᠃ | ᠳᠤᠯᠤᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ | ᠠᠴᠠ ᠴᠦᠭᠡᠨ ᠲᠤᠭᠠᠲᠤ ᠦᠨᠳᠦᠰᠦᠲᠡᠨ ᠤ ᠪᠤᠳᠠᠰ ᠤᠨ ᠪᠣᠰᠤ ᠰᠣᠶᠣᠯ ᠤᠨ ᠦᠪ ᠢ ᠬᠠᠮᠠᠭᠠᠯᠠᠬᠤ ᠠᠵᠢᠯ ᠢ | ᠴᠢᠬᠤᠯᠠᠴᠢᠯᠠᠨ ᠦᠵᠡᠵᠦ᠂ ᠬᠦᠮᠦᠨ ᠠᠮᠠ ᠶᠢᠨ ᠲᠤᠭ᠎ᠠ ᠪᠠᠭ᠎ᠠ ᠴᠦᠭᠡᠨ ᠲᠤᠭᠠᠲᠤ ᠦᠨᠳᠦᠰᠦᠲᠡᠨ ᠵᠢᠴᠢ ᠶᠠᠳᠠᠭᠤ | ᠬᠦᠴᠢᠷᠳᠡᠯ ᠲᠠᠢ ᠭᠠᠵᠠᠷ ᠣᠷᠤᠨ ᠤ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠠᠵᠢᠯ ᠢ ᠭᠤᠤᠯᠳᠠᠯᠭ᠎ᠠ | ᠲᠠᠢ ᠳᠡᠮᠵᠢᠪᠡᠯ ᠲᠠᠭᠠᠷᠠᠨ᠎ᠠ᠃ | ᠨᠠᠢᠮᠠᠳᠤᠭᠠᠷ ᠵᠤᠷᠪᠤᠰ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ | ᠠᠴᠠ ᠪᠣᠳᠠᠰ ᠤᠨ ᠪᠣᠰᠤ ᠰᠣᠶᠣᠯ ᠤᠨ ᠦᠪ ᠢ ᠬᠠᠮᠠᠭᠠᠯᠠᠬᠤ ᠠᠵᠢᠯ ᠳᠤ ᠣᠷᠤᠯᠴᠠᠬᠤ ᠶᠢ ᠵᠣᠷᠢᠭᠵᠢᠭᠤᠯᠤᠨ᠎ᠠ᠃ | ᠶᠢᠰᠦᠳᠦᠭᠡᠷ ᠵᠣᠷᠪᠤᠰ ᠬᠤᠰᠢᠭᠤ ᠰᠢᠶᠠᠨ ᠵᠢᠴᠢ ᠲᠡᠭᠦᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠤᠨ ᠵᠢᠴᠢ ᠬᠠᠮᠢᠶ᠎ᠠ ᠪᠦᠬᠦᠢ ᠬᠡᠯᠲᠡᠰ ᠠᠴᠠ ᠪᠣᠳᠠᠰ ᠤᠨ ᠪᠣᠰᠤ ᠰᠣᠶᠣᠯ ᠤᠨ ᠦᠪ ᠢ ᠬᠠᠮᠠᠭᠠᠯᠠᠬᠤ ᠠᠵᠢᠯ ᠳᠤ | ᠳᠣᠪᠤᠶᠢᠮ᠎ᠠ ᠵᠢᠳᠬᠦᠯ ᠦᠵᠡᠭᠦᠯᠦᠭᠰᠡᠨ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠳᠤ ᠤᠯᠤᠰ ᠪᠠ ᠦᠪᠡᠷᠲᠡᠭᠡᠨ | ᠵᠠᠰᠠᠬᠤ ᠣᠷᠤᠨ ᠤ ᠬᠠᠮᠢᠶ᠎ᠠ ᠪᠦᠬᠦᠢ ᠳᠦᠷᠢᠮ ᠲᠤᠭᠲᠠᠭᠠᠯ ᠢ ᠦᠨᠳᠦᠰᠦᠯᠡᠵᠦ ᠱᠠᠩᠨᠠᠨ ᠬᠦᠬᠢᠬᠦᠯᠪᠡᠯ ᠵᠣᠬᠢᠨ᠎ᠠ᠃ | ᠠᠷᠪᠠᠳᠤᠭᠠᠷ ᠵᠣᠷᠪᠤᠰ ᠪᠠᠶᠢᠭᠤᠯᠭ᠎ᠠ ᠪᠠ ᠬᠤᠪᠢ ᠬᠦᠮᠦᠨ ᠠᠴᠠ ᠲᠤᠰ ᠲᠤᠭᠲᠠᠭᠠᠯ ᠢ ᠵᠦᠷᠢᠴᠡᠭᠰᠡᠨ | ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠪᠤᠶᠤ ᠵᠠᠭᠠᠯᠳᠤᠬᠤ ᠡᠷᠬᠡ ᠲᠠᠢ᠃ | | ᠬᠤᠶᠠᠳᠤᠭᠠᠷ ᠪᠦᠯᠦᠭ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ | ᠠᠷᠪᠠᠨ ᠨᠢᠭᠡᠳᠦᠭᠡᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠲᠣᠰ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ | ᠵᠦᠢᠯ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠬᠤ ᠬᠡᠷᠡᠭᠲᠡᠶ᠃ | ᠲᠥᠯᠥᠭᠡᠯᠡᠬᠦ ᠴᠢᠨᠠᠷᠲᠠᠶ ᠲᠦᠷᠦᠯ ᠵᠦᠢᠯ ᠤᠨ ᠨᠡᠷᠡᠰ ᠤᠨ ᠵᠢᠭᠰᠠᠭᠠᠯᠲᠠ ᠳᠤ ᠤᠷᠤᠭᠰᠠᠨ ᠪᠣᠳᠠᠰ ᠤᠨ ᠪᠤᠰᠤ | ᠰᠣᠶᠣᠯ ᠤᠨ ᠥᠪ ᠤᠨ ᠲᠦᠷᠦᠯ ᠵᠦᠢᠯ ᠨᠢ ᠳᠣᠤᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠲᠡᠤᠬᠡ᠂ ᠤᠳᠬ᠎ᠠ ᠵᠣᠬᠢᠶᠠᠯ᠂ ᠤᠷᠠᠯᠢᠭ᠂ ᠰᠢᠨᠵᠢᠯᠡᠬᠦ ᠤᠬᠠᠭᠠᠨ ᠤ ᠲᠤᠪᠤᠶᠢᠮ᠎ᠠ ᠦᠨ᠎ᠡ | ᠥᠷᠲᠡᠭ ᠲᠠᠢ ᠪᠠᠶᠢᠬᠤ︔ ︵ᠬᠤᠶᠠᠷ︶ ᠰᠢᠯᠢᠳᠡᠭ ᠤᠯᠠᠮᠵᠢᠯᠠᠯᠲᠤ ᠰᠣᠶᠣᠯ ᠤᠨ ᠨᠡᠶᠢᠲᠡᠯᠢᠭ ᠴᠢᠨᠠᠷ᠂ ᠲᠥᠯᠥᠭᠡᠯᠡᠬᠦ | ᠴᠢᠨᠠᠷ ᠲᠠᠢ ᠪᠠᠶᠢᠬᠤ︔ | ︵ᠭᠤᠷᠪᠠ︶ ᠵᠣᠬᠢᠬᠤ ᠬᠠᠮᠲᠤᠯᠢᠭ ᠪᠤᠶᠤ ᠭᠠᠵᠠᠷ ᠣᠷᠣᠨ ᠤ ᠬᠡᠪᠴᠢᠶᠡᠨ ᠳᠣᠲᠣᠷ᠎ᠠ ᠤᠯᠠᠮᠵᠢᠯᠠᠨ | ᠵᠠᠯᠭᠠᠮᠵᠢᠯᠠᠵᠤ᠂ ᠤᠯᠠᠮᠵᠢᠯᠠᠨ ᠲᠠᠷᠬᠠᠭᠠᠭᠠᠳ ᠤᠳᠤ ᠪᠣᠯᠲᠠᠯ᠎ᠠ ᠠᠮᠢᠳᠤ ᠪᠠᠶᠢᠳᠠᠯ ᠤᠨ ᠬᠡᠯᠪᠡᠷᠢ ᠪᠠᠷ ᠣᠷᠣᠰᠢᠵᠤ | ᠪᠠᠶᠢᠭ᠎ᠠ ᠣᠨᠴᠠᠯᠢᠭ ᠲᠠᠢ ᠪᠠᠶᠢᠬᠤ︔ | ︵ᠲᠦᠷᠪᠡ︶ ᠢᠯᠡ ᠲᠣᠳᠣ ᠤᠤᠭᠠᠯ ᠠᠮᠢ ᠠᠬᠤᠢ ᠶᠢᠨ ᠣᠨᠴᠠᠯᠢᠭ ᠲᠠᠢ᠃ | ᠠᠷᠪᠠᠨ ᠬᠤᠶᠠᠳᠤᠭᠠᠷ ᠵᠣᠷᠪᠤᠰ ᠠᠳᠠᠯᠢᠬᠠᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠲᠦᠷᠦᠯ ᠵᠦᠢᠯ ᠤᠨ ᠬᠡᠯᠪᠡᠷᠢ ᠪᠠ ᠠᠭᠤᠯᠤᠭᠳᠠᠬᠤᠨ ᠨᠢ ᠬᠤᠶᠠᠷ ᠠᠴᠠ ᠳᠡᠭᠡᠭᠰᠢᠬᠢ ᠭᠠᠵᠠᠷ ᠣᠷᠣᠨ ᠳᠤ | ᠴᠥᠮ ᠪᠦᠷᠢᠨ ᠪᠦᠲᠦᠨ ᠪᠠᠶᠢᠪᠠᠯ ᠳᠡᠭᠡᠷ᠎ᠡ ᠨᠢᠭᠡ ᠱᠠᠲᠤᠨ ᠤ ᠲᠥᠯᠥᠭᠡᠯᠡᠬᠦ ᠴᠢᠨᠠᠷᠲᠠᠶ ᠲᠦᠷᠦᠯ ᠵᠦᠢᠯ ᠤᠨ ᠨᠡᠷᠡᠰ ᠤᠨ | ᠵᠢᠭᠰᠠᠭᠠᠯᠲᠠ ᠳᠤ ᠵᠡᠷᠭᠡᠪᠡᠷ ᠣᠷᠣᠭᠤᠯᠵᠤ ᠪᠣᠯᠤᠨ᠎ᠠ᠃ | ᠠᠷᠪᠠᠨ ᠭᠤᠷᠪᠠᠳᠤᠭᠠᠷ ᠵᠣᠷᠪᠤᠰ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ | ᠪᠠᠶᠢᠭᠤᠯᠤᠯᠲᠠ ᠨᠤᠭᠤᠳ ᠪᠠᠶᠢᠭ᠎ᠠ ᠭᠠᠵᠠᠷ ᠤᠨ ᠢᠶᠠᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠡᠭᠦᠨ ᠤ ᠥᠮᠴᠢᠯᠡᠵᠦ | ᠪᠠᠶᠢᠭ᠎ᠠ ᠪᠣᠳᠠᠰ ᠤᠨ ᠪᠤᠰᠤ ᠰᠣᠶᠣᠯ ᠤᠨ ᠥᠪ ᠢ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ ᠤᠨ | ᠵᠢᠭᠰᠠᠭᠠᠯᠲᠠ ᠳᠤ ᠣᠷᠣᠭᠤᠯᠬᠤ ᠭᠤᠶᠤᠴᠢᠯᠠᠯ ᠢᠶᠠᠨ ᠳᠤᠷᠠᠳᠴᠤ ᠪᠣᠯᠤᠨ᠎ᠠ᠃ ᠪᠤᠰᠤᠳ ᠪᠣᠳᠠᠰ ᠤᠨ ᠪᠤᠰᠤ | ᠰᠣᠶᠣᠯ ᠤᠨ ᠥᠪ ᠢ ᠲᠥᠯᠥᠭᠡᠯᠡᠬᠦ ᠴᠢᠨᠠᠷᠲᠠᠶ ᠲᠦᠷᠦᠯ ᠵᠦᠢᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠬᠤ | ᠰᠠᠨᠠᠭᠤᠯᠭ᠎ᠠ ᠳᠤᠷᠠᠳᠤᠭᠰᠠᠨ ᠴᠤ ᠪᠣᠯᠤᠨ᠎ᠠ᠃ | ᠠᠷᠪᠠᠨ ᠳᠥᠷᠪᠡᠳᠦᠭᠡᠷ ᠵᠣᠷᠪᠤᠰ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠶᠢ | ᠪᠠᠶᠢᠭᠤᠯᠵᠤ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠳᠦᠷᠢᠮ ᠢ ᠬᠡᠷᠡᠭᠵᠢᠭᠦᠯᠦᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠨ ᠲᠣᠭᠲᠠᠭᠠᠬᠤ | ᠳᠤᠭᠤᠶᠢᠯᠠᠩ ᠪᠣᠯᠤᠨ ᠰᠢᠯᠭᠠᠷᠠᠭᠤᠯᠤᠨ ᠲᠣᠭᠲᠠᠭᠠᠬᠤ ᠺᠣᠮᠢᠰ ᠪᠠᠶᠢᠭᠤᠯᠬᠤ ᠬᠡᠷᠡᠭᠲᠡᠶ᠃ ᠰᠢᠯᠭᠠᠷᠠᠭᠤᠯᠤᠨ | ᠲᠣᠭᠲᠠᠭᠠᠬᠤ ᠺᠣᠮᠢᠰ ᠨᠢ ᠪᠣᠳᠠᠰ ᠤᠨ ᠪᠤᠰᠤ ᠰᠣᠶᠣᠯ ᠤᠨ ᠥᠪ ᠤᠨ ᠬᠤᠯᠪᠣᠭᠳᠠᠯ ᠪᠦᠬᠦᠢ ᠬᠡᠪᠴᠢᠶᠡᠨ ᠤ ᠲᠤᠰᠬᠠᠶ | ᠮᠡᠷᠭᠡᠵᠢᠯᠲᠡᠨ ᠪᠠ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ ᠢᠶᠠᠷ ᠪᠦᠷᠢᠯᠳᠦᠭᠰᠡᠨ ᠪᠠᠶᠢᠬᠤ | ᠬᠡᠷᠡᠭᠲᠡᠶ᠃ | ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠨ ᠲᠣᠭᠲᠠᠭᠠᠬᠤ ᠳᠤᠭᠤᠶᠢᠯᠠᠩ ᠪᠣᠯᠤᠨ ᠰᠢᠯᠭᠠᠷᠠᠭᠤᠯᠤᠨ | ᠲᠣᠭᠲᠠᠭᠠᠬᠤ ᠺᠣᠮᠢᠰ ᠤᠨ ᠪᠦᠷᠢᠯᠳᠦᠬᠦᠨ ᠤ ᠲᠤᠭ᠎ᠠ ᠨᠢ ᠴᠥᠮ ᠰᠣᠨᠳᠣᠭᠤᠶ ᠲᠤᠭ᠎ᠠ ᠪᠠᠶᠢᠬᠤ ᠬᠡᠷᠡᠭᠲᠡᠢ᠃ ᠲᠤᠰᠬᠠᠶ | ᠮᠡᠷᠭᠡᠵᠢᠯᠲᠡᠨ ᠤ ᠰᠢᠯᠭᠠᠷᠠᠭᠤᠯᠤᠨ ᠲᠣᠭᠲᠠᠭᠠᠬᠤ ᠳᠤᠭᠤᠶᠢᠯᠠᠩ ᠨᠢ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠠᠩᠬᠠᠨ ᠤ ᠦᠨᠡᠯᠡᠯᠲᠡ ᠶᠢᠨ ᠠᠵᠢᠯ ᠢ ᠬᠠᠷᠢᠭᠤᠴᠠᠵᠤ᠂ ᠠᠩᠬᠠᠨ ᠤ | ᠦᠨᠡᠯᠡᠯᠲᠡ ᠶᠢᠨ ᠰᠠᠨᠠᠯ ᠢ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠨ ᠲᠣᠭᠲᠠᠭᠠᠬᠤ ᠳᠤᠭᠤᠶᠢᠯᠠᠩ ᠤᠨ | ᠪᠦᠷᠢᠯᠳᠦᠬᠦᠨ ᠤ ᠬᠠᠭᠠᠰ ᠠᠴᠠ ᠳᠡᠭᠡᠭᠰᠢᠬᠢ ᠲᠤᠭ᠎ᠠ ᠪᠠᠷ ᠪᠠᠲᠤᠯᠠᠭᠤᠯᠤᠭᠰᠠᠨ ᠪᠠᠶᠢᠬᠤ ᠬᠡᠷᠡᠭᠲᠡᠶ᠃ ᠰᠢᠯᠭᠠᠷᠠᠭᠤᠯᠤᠨ | ᠲᠣᠭᠲᠠᠭᠠᠬᠤ ᠺᠣᠮᠢᠰ ᠠᠩᠬ᠎ᠠ ᠦᠨᠡᠯᠡᠭᠰᠡᠨ ᠰᠠᠨᠠᠯ ᠢ ᠬᠢᠨᠠᠨ ᠶᠠᠷᠢᠯᠴᠠᠵᠤ᠂ ᠬᠢᠨᠠᠨ ᠶᠠᠷᠢᠯᠴᠠᠭᠰᠠᠨ ᠰᠠᠨᠠᠯ | ᠳᠤᠷᠠᠳᠬᠤ ᠶᠢ ᠬᠠᠷᠢᠭᠤᠴᠠᠨ᠎ᠠ᠃ | ᠰᠢᠯᠭᠠᠷᠠᠭᠤᠯᠤᠨ ᠲᠣᠭᠲᠠᠭᠠᠬᠤ ᠠᠵᠢᠯ ᠳᠤ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ | ᠵᠠᠷᠴᠢᠮ ᠢ ᠵᠢᠷᠤᠮᠯᠠᠬᠤ ᠬᠡᠷᠡᠭᠲᠡᠶ᠃ | ᠠᠷᠪᠠᠨ ᠲᠠᠪᠤᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠯᠥᠭᠡᠯᠡᠬᠦ ᠴᠢᠨᠠᠷᠲᠠᠶ ᠲᠥᠷᠥᠯ | ᠵᠦᠢᠯ ᠤᠨ ᠨᠡᠷᠡᠰ ᠤᠨ ᠵᠢᠭᠰᠠᠭᠠᠯᠲᠠ ᠳᠤ ᠵᠢᠭᠰᠠᠭᠠᠨ ᠣᠷᠣᠭᠤᠯᠬᠤ ᠪᠠᠷ ᠪᠠᠶᠢᠭ᠎ᠠ ᠪᠣᠳᠠᠰ ᠤᠨ ᠪᠤᠰᠤ ᠰᠣᠶᠣᠯ ᠤᠨ | ᠥᠪ ᠤᠨ ᠲᠥᠷᠥᠯ ᠵᠦᠢᠯ ᠢ ᠨᠡᠶᠢᠲᠡ ᠳᠤ ᠵᠠᠷᠯᠠᠬᠤ ᠬᠡᠷᠡᠭᠲᠡᠶ᠃ ᠵᠠᠷᠯᠠᠨ ᠨᠡᠶᠢᠲᠡᠯᠡᠬᠦ ᠴᠠᠭ ᠢ ᠬᠤᠷᠢᠨ ᠡᠳᠦᠷ ᠠᠴᠠ | ᠴᠥᠭᠡᠨ ᠪᠠᠶᠢᠯᠭᠠᠵᠤ ᠪᠣᠯᠬᠤ ᠦᠭᠡᠢ᠃ | ᠠᠷᠪᠠᠨ ᠵᠢᠷᠭᠤᠳᠤᠭᠠᠷ ᠵᠣᠷᠪᠤᠰ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠠᠷᠠᠳ ᠢᠷᠭᠡᠨ᠂ ᠬᠠᠤᠯᠢ ᠶᠢᠨ | ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠵᠠᠷᠯᠠᠨ ᠨᠡᠶᠢᠲᠡᠯᠡᠵᠦ ᠪᠠᠶᠢᠭ᠎ᠠ ᠠᠭᠤᠯᠭ᠎ᠠ ᠳᠤ ᠣᠨᠳᠣᠤ | ᠰᠠᠨᠠᠯ ᠲᠠᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠤᠨ ᠬᠡᠯᠪᠡᠷᠢ ᠪᠠᠷ ᠳᠤᠷᠠᠳᠴᠤ ᠪᠣᠯᠤᠨ᠎ᠠ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠳᠠᠬᠢᠨ ᠬᠢᠨᠠᠭᠤᠯᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠳᠠᠬᠢᠨ ᠬᠢᠨᠠᠭᠰᠠᠨ ᠦᠷ᠎ᠡ | ᠳ᠋ᠦᠩ ᠢᠶᠠᠨ ᠣᠨᠳᠣᠤ ᠰᠠᠨᠠᠯ ᠳᠤᠷᠠᠳᠤᠭᠴᠢ ᠳᠤ ᠪᠢᠴᠢᠭ ᠤᠨ ᠬᠡᠯᠪᠡᠷᠢ ᠪᠠᠷ ᠮᠡᠳᠡᠭᠳᠡᠬᠦ ᠬᠡᠷᠡᠭᠲᠡᠶ᠃ | ᠠᠷᠪᠠᠨ ᠳᠣᠯᠣᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠱᠠᠲᠤᠨ ᠤ ᠲᠥᠯᠥᠭᠡᠯᠡᠬᠦ ᠴᠢᠨᠠᠷᠲᠠᠶ | ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠳᠤ ᠵᠢᠭᠰᠠᠭᠠᠨ ᠣᠷᠣᠭᠤᠯᠬᠤ ᠪᠠᠷ ᠪᠠᠶᠢᠭ᠎ᠠ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ ᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠮᠡᠳᠡᠭᠦᠯᠦᠨ | ᠵᠥᠪᠰᠢᠶᠡᠷᠡᠭᠦᠯᠵᠦ᠂ ᠨᠡᠶᠢᠲᠡᠯᠡᠬᠦ ᠬᠡᠷᠡᠭᠲᠡᠶ᠃ | ᠲᠥᠯᠥᠭᠡᠯᠡᠬᠦ ᠴᠢᠨᠠᠷᠲᠠᠶ ᠲᠦᠷᠦᠯ ᠵᠦᠢᠯ ᠤᠨ ᠨᠡᠷᠡᠰ ᠤᠨ ᠵᠢᠭᠰᠠᠭᠠᠯᠲᠠ ᠶᠢ ᠳᠡᠭᠡᠷ᠎ᠡ ᠨᠢᠭᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠰᠣᠶᠣᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠶ᠃ | ᠠᠷᠪᠠᠨ ᠨᠠᠢᠮᠠᠳᠤᠭᠠᠷ ᠵᠣᠷᠪᠤᠰ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ | ᠵᠦᠢᠯ ᠢ ᠮᠡᠳᠡᠭᠦᠯᠬᠦ ᠳᠤ ᠬᠦᠷᠪᠡᠯ ᠬᠠᠮᠠᠭᠠᠯᠠᠯᠲᠠ ᠶᠢᠨ ᠨᠢᠭᠡᠴᠢ ᠶᠢ ᠬᠠᠮᠲᠤ ᠳᠤ ᠨᠢ ᠮᠡᠳᠡᠭᠦᠯᠬᠦ ᠬᠡᠷᠡᠭᠲᠡᠶ᠃ | ᠬᠠᠮᠠᠭᠠᠯᠠᠯᠲᠠ ᠶᠢᠨ ᠨᠢᠭᠡᠴᠢ ᠶᠢ ᠮᠠᠭᠠᠳᠯᠠᠨ ᠲᠣᠭᠲᠠᠭᠠᠬᠤ ᠪᠠ ᠨᠡᠶᠢᠲᠡᠯᠡᠬᠦ ᠨᠢ ᠲᠥᠯᠥᠭᠡᠯᠡᠬᠦ ᠴᠢᠨᠠᠷᠲᠠᠶ ᠲᠦᠷᠦᠯ | ᠵᠦᠢᠯ ᠢ ᠮᠠᠭᠠᠳᠯᠠᠨ ᠲᠣᠭᠲᠠᠭᠠᠬᠤ ᠪᠠ ᠨᠡᠶᠢᠲᠡᠯᠡᠬᠦ ᠯᠦᠭᠡ ᠵᠡᠷᠭᠡ ᠪᠠᠷ ᠶᠠᠪᠤᠭᠳᠠᠨ᠎ᠠ᠃ | ᠠᠷᠪᠠ ᠶᠢᠰᠦᠳᠦᠭᠡᠷ ᠵᠣᠷᠪᠤᠰ ᠬᠠᠮᠠᠭᠠᠯᠠᠬᠤ ᠨᠢᠭᠡᠴᠢ ᠳᠣᠤᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ | ᠪᠠᠶᠢᠬᠤ ᠬᠡᠷᠡᠭᠲᠡᠶ᠄ | ︵ᠨᠢᠭᠡ︶ ᠮᠡᠳᠡᠭᠦᠯᠦᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠤᠨ ᠲᠠᠷᠬᠠᠯᠲᠠ ᠶᠢᠨ ᠣᠷᠣᠨ ᠤ | ᠳᠣᠲᠣᠷ᠎ᠠ ᠪᠠᠶᠢᠬᠤ︔ | ︵ᠬᠤᠶᠠᠷ︶ ᠲᠤᠰᠬᠠᠢ ᠬᠠᠤᠯᠢ ᠶᠢᠨ ᠡᠷᠬᠡᠲᠡᠨ ᠤ ᠡᠷᠬᠡ ᠲᠠᠢ ᠪᠠᠶᠢᠬᠤ︔ | ︵ᠭᠤᠷᠪᠠ︶ ᠲᠤᠰ ᠲᠦᠷᠦᠯ ᠵᠦᠢᠯ ᠤᠨ ᠤᠯᠠᠮᠵᠢᠯᠠᠭᠴᠢ ᠪᠤᠶᠤ ᠬᠠᠷᠢᠴᠠᠩᠭᠤᠶ ᠪᠦᠷᠢᠨ ᠪᠦᠲᠦᠨ | ᠮᠠᠲ᠋ᠧᠷᠢᠶᠠᠯ ᠲᠠᠢ ᠪᠠᠶᠢᠬᠤ︔ | ︵ᠲᠦᠷᠪᠡ︶ ᠦᠪᠯᠡᠨ ᠤᠯᠠᠮᠵᠢᠯᠠᠬᠤ᠂ ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠬᠦ ᠲᠠᠯᠠᠪᠤᠷ ᠪᠠ | ᠨᠥᠬᠦᠴᠡᠯ ᠲᠠᠢ ᠪᠠᠶᠢᠬᠤ︔ | ︵ᠲᠠᠪᠤ︶ ᠲᠤᠰ ᠲᠦᠷᠦᠯ ᠵᠦᠢᠯ ᠤᠨ ᠬᠠᠮᠠᠭᠠᠯᠠᠯᠲᠠ ᠶᠢ ᠬᠡᠷᠡᠭᠵᠢᠭᠦᠯᠬᠦ ᠬᠦᠰᠡᠯ ᠰᠠᠨᠠᠭ᠎ᠠ ᠪᠠ ᠴᠢᠳᠠᠪᠤᠷᠢ ᠲᠠᠢ | ᠪᠠᠶᠢᠬᠤ︔ | ︵ᠵᠢᠷᠭᠤᠭ᠎ᠠ︶ ᠲᠣᠰ ᠲᠥᠷᠥᠯ ᠵᠦᠢᠯ ᠤᠨ ᠤᠯᠠᠮᠵᠢᠯᠠᠭᠴᠢ ᠪᠤᠶᠤ ᠤᠯᠠᠮᠵᠢᠯᠠᠯ ᠤᠨ ᠬᠠᠮᠲᠤᠯᠢᠭ ᠤᠨ | ᠵᠥᠪᠰᠢᠶᠡᠷᠡᠯ ᠢ ᠣᠯᠤᠭᠰᠠᠨ ᠪᠠᠶᠢᠬᠤ᠃ | ᠬᠤᠷᠢᠳᠤᠭᠠᠷ ᠵᠣᠷᠪᠤᠰ ᠬᠠᠮᠠᠭᠠᠯᠠᠬᠤ ᠨᠢᠭᠡᠴᠢ ᠳᠣᠤᠷ᠎ᠠ ᠵᠢᠭᠰᠠᠭᠠᠭᠰᠠᠨ ᠡᠷᠬᠡ ᠶᠢ ᠡᠳ᠋ᠯᠡᠨ᠎ᠡ᠄ | ︵ᠨᠢᠭᠡ︶ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠢ ᠵᠦᠶ | ᠵᠣᠬᠢᠰᠲᠠᠶ ᠠᠰᠢᠭᠯᠠᠵᠤ᠂ ᠬᠤᠯᠪᠣᠭᠳᠠᠯ ᠪᠦᠬᠦᠢ ᠦᠢᠯᠡᠳᠬᠦᠨ ᠪᠠ ᠦᠢᠯᠡᠴᠢᠯᠡᠭᠡ ᠬᠠᠩᠭᠠᠨ᠎ᠠ︔ | ︵ᠬᠤᠶᠠᠷ︶ ᠨᠡᠶᠢᠲᠡ ᠶᠢᠨ ᠠᠰᠠᠷᠠᠮᠵᠢ ᠶᠢᠨ ᠪᠤᠰᠤ ᠴᠢᠨᠠᠷᠲᠠᠶ ᠠᠵᠢᠯᠯᠠᠭ᠎ᠠ ᠳᠤ ᠣᠷᠤᠯᠴᠠᠬᠤ ᠪᠥᠭᠡᠳ | ᠵᠣᠬᠢᠴᠠᠩᠭᠤᠶ ᠬᠥᠯᠥᠰᠥ ᠣᠯᠭᠤᠮᠵᠢ ᠤᠯᠬᠤ︔ | ︵ᠭᠤᠷᠪᠠ︶ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠤᠨ | ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢ ᠲᠠᠨᠢᠯᠴᠠᠭᠤᠯᠤᠨ᠎ᠠ᠃ | ᠬᠤᠷᠢᠨ ᠨᠢᠭᠡᠳᠦᠭᠡᠷ ᠵᠣᠷᠪᠤᠰ ᠬᠠᠮᠠᠭᠠᠯᠠᠬᠤ ᠨᠢᠭᠡᠴᠢ ᠳᠣᠤᠷ᠎ᠠ ᠵᠢᠭᠰᠠᠭᠠᠭᠰᠠᠨ ᠡᠭᠦᠷᠭᠡ ᠨᠦᠭᠦᠳ ᠢ | ᠭᠦᠢᠴᠡᠳᠭᠡᠬᠦ ᠬᠡᠷᠡᠭᠲᠡᠶ᠄ | ︵ᠨᠢᠭᠡ︶ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠢ ᠬᠠᠮᠠᠭᠠᠯᠠᠬᠤ | ᠪᠠ ᠦᠪᠯᠡᠨ ᠤᠯᠠᠮᠵᠢᠯᠠᠬᠤ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ᠲᠥᠯᠥᠭᠡᠯᠡᠬᠦ ᠴᠢᠨᠠᠷᠲᠠᠶ ᠦᠪᠯᠡᠨ | ᠤᠯᠠᠮᠵᠢᠯᠠᠭᠴᠢ ᠶᠢᠨ ᠦᠪᠯᠡᠨ ᠤᠯᠠᠮᠵᠢᠯᠠᠬᠤ ᠠᠵᠢᠯᠯᠠᠭ᠎ᠠ ᠥᠷᠨᠢᠭᠦᠯᠬᠦ ᠳᠤ ᠨᠦᠭᠦᠴᠡᠯ ᠬᠠᠩᠭᠠᠬᠤ︔ | ︵ᠬᠤᠶᠠᠷ︶ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠤᠨ | ᠮᠠᠲ᠋ᠧᠷᠢᠶᠠᠯ᠂ ᠪᠣᠳᠠᠲᠤ ᠶᠠᠭᠤᠮ᠎ᠠ ᠶᠢ ᠴᠤᠭᠯᠠᠭᠤᠯᠤᠨ ᠡᠮᠬᠢᠳᠬᠡᠵᠦ᠂ ᠬᠤᠯᠪᠣᠭᠳᠠᠯ ᠪᠦᠬᠦᠢ ᠮᠠᠲ᠋ᠧᠷᠢᠶᠠᠯ᠂ ᠪᠣᠳᠠᠲᠤ | ᠶᠠᠭᠤᠮ᠎ᠠ ᠪᠠ ᠲᠠᠯᠠᠪᠤᠷ ᠵᠡᠷᠭᠡ ᠶᠢ ᠬᠠᠮᠠᠭᠠᠯᠠᠨ᠎ᠠ︔ | ︵ᠭᠤᠷᠪᠠ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠬᠢᠬᠦ ᠬᠡᠷᠡᠭᠲᠡᠢ᠃ | ︵ᠳᠦᠷᠪᠡ︶ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠤᠨ | ᠬᠤᠯᠪᠣᠭᠳᠠᠯ ᠪᠦᠬᠦᠢ ᠮᠡᠳᠡᠯᠭᠡ ᠪᠠ ᠤᠷ᠎ᠠ ᠮᠡᠷᠭᠡᠵᠢᠯ ᠢ ᠤᠯᠠᠮᠵᠢᠯᠠᠨ ᠰᠤᠷᠭᠠᠵᠤ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠤᠬᠠᠭᠤᠯᠭ᠎ᠠ ᠬᠢᠬᠦ᠂ ᠳᠡᠯᠭᠡᠨ ᠦᠵᠡᠭᠦᠯᠬᠦ᠂ ᠡᠷᠳᠡᠮ ᠰᠢᠨᠵᠢᠯᠡᠭᠡᠨ ᠤ ᠶᠠᠷᠢᠶ᠎ᠠ ᠲᠠᠯᠪᠢᠬᠤ ᠪᠠ ᠡᠷᠳᠡᠮ | ᠰᠢᠨᠵᠢᠯᠡᠭᠡᠨ ᠤ ᠰᠤᠳᠤᠯᠭᠠᠨ ᠬᠢᠬᠦ ᠵᠡᠷᠭᠡ ᠠᠵᠢᠯᠯᠠᠭ᠎ᠠ ᠶᠢ ᠥᠷᠨᠢᠭᠦᠯᠦᠨ᠎ᠡ︔ | ︵ᠲᠠᠪᠤ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠲᠥᠷᠥᠯ ᠵᠦᠢᠯ ᠤᠨ ᠬᠠᠮᠠᠭᠠᠯᠠᠯᠲᠠ ᠵᠢᠴᠢ ᠲᠤᠰᠬᠠᠶ ᠵᠣᠷᠪᠤᠰ ᠤᠨ ᠪᠡᠯᠡ ᠮᠥᠩᠭᠦ ᠶᠢ ᠬᠡᠷᠡᠭᠯᠡᠵᠦ ᠪᠠᠶᠢᠭ᠎ᠠ | ᠪᠠᠶᠢᠳᠠᠯ ᠢᠶᠠᠨ ᠲᠤᠭᠲᠠᠭᠰᠠᠨ ᠬᠤᠭᠤᠴᠠᠭ᠎ᠠ ᠲᠠᠢ ᠪᠠᠷ ᠮᠡᠳᠡᠭᠦᠯᠬᠦ ᠶᠢᠨ ᠬᠠᠮᠲᠤ ᠬᠢᠨᠠᠯᠲᠠ ᠲᠠᠯᠪᠢᠬᠤ ᠶᠢ ᠬᠦᠯᠢᠶᠡᠬᠦ | ᠬᠡᠷᠡᠭᠲᠡᠶ᠃ | ᠬᠤᠷᠢᠨ ᠬᠤᠶᠠᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ | ᠬᠠᠮᠠᠭᠠᠯᠠᠯᠲᠠ ᠶᠢᠨ ᠪᠠᠶᠢᠳᠠᠯ ᠢ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠲᠣᠰ ᠱᠠᠲᠤᠨ ᠤ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠬᠠᠮᠠᠭᠠᠯᠠᠯᠲᠠ ᠶᠢᠨ ᠪᠠᠶᠢᠳᠠᠯ ᠳᠤ ᠲᠤᠭᠲᠠᠭᠰᠠᠨ | ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠨᠡᠶᠢᠭᠡᠮ ᠳᠤ | ᠢᠯᠡ ᠨᠡᠶᠢᠲᠡᠯᠡᠬᠦ ᠬᠡᠷᠡᠭᠲᠡᠶ᠃ | | ᠭᠤᠷᠪᠠᠳᠤᠭᠠᠷ ᠪᠦᠯᠦᠭ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ | ᠬᠤᠷᠢᠨ ᠭᠤᠷᠪᠠᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠵᠥᠪᠰᠢᠶᠡᠷᠡᠨ ᠨᠡᠶᠢᠲᠡᠯᠡᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠲᠥᠷᠥᠯ ᠵᠦᠢᠯ ᠳᠤ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠮᠠᠭᠠᠳᠯᠠᠨ ᠲᠤᠭᠲᠠᠭᠠᠵᠤ ᠪᠣᠯᠤᠨ᠎ᠠ᠃ | ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢ ᠬᠢᠨᠠᠨ ᠲᠣᠭᠲᠠᠭᠠᠬᠤ᠂ ᠵᠠᠷᠯᠠᠨ ᠨᠡᠶᠢᠲᠡᠯᠡᠬᠦ ᠪᠠ | ᠮᠠᠭᠠᠳᠯᠠᠨ ᠲᠣᠭᠲᠠᠭᠠᠬᠤ ᠳᠤ ᠲᠤᠰ ᠳᠦᠷᠢᠮ ᠤᠨ ᠬᠤᠯᠪᠣᠭᠳᠠᠯ ᠪᠦᠬᠦᠢ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠦᠷᠦᠯ ᠵᠦᠢᠯ ᠤᠨ ᠬᠢᠨᠠᠨ ᠲᠣᠭᠲᠠᠭᠠᠬᠤ ᠵᠢᠷᠤᠮ ᠪᠠ ᠬᠤᠯᠪᠣᠭᠳᠠᠯ ᠪᠦᠬᠦᠢ | ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠬᠤᠷᠢᠨ ᠳᠥᠷᠪᠡᠳᠦᠭᠡᠷ ᠵᠣᠷᠪᠤᠰ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ | ᠪᠠᠶᠢᠭᠤᠯᠤᠯᠲᠠ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢ ᠲᠠᠨᠢᠯᠴᠠᠭᠤᠯᠵᠤ ᠪᠣᠯᠤᠨ᠎ᠠ᠂ ᠠᠷᠠᠳ ᠢᠷᠭᠡᠨ | ᠴᠦ ᠥᠪᠡᠰᠦᠪᠡᠨ ᠭᠤᠶᠤᠴᠢᠯᠠᠯ ᠭᠠᠷᠭᠠᠵᠤ ᠪᠣᠯᠤᠨ᠎ᠠ᠃ | ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠲᠥᠯᠥᠭᠡᠯᠡᠬᠦ ᠴᠢᠨᠠᠷᠲᠠᠶ | ᠦᠪᠯᠡᠨ ᠤᠯᠠᠮᠵᠢᠯᠠᠭᠴᠢ ᠶᠢ ᠲᠠᠨᠢᠯᠴᠠᠭᠤᠯᠤᠭᠰᠠᠨ ᠪᠠᠶᠢᠪᠠᠯ ᠲᠠᠨᠢᠯᠴᠠᠭᠤᠯᠤᠭᠳᠠᠭᠰᠠᠨ ᠬᠥᠮᠦᠨ ᠤ ᠪᠢᠴᠢᠭ ᠤᠨ ᠬᠡᠯᠪᠡᠷᠢ | ᠶᠢᠨ ᠵᠥᠪᠰᠢᠶᠡᠷᠡᠯ ᠢ ᠣᠯᠬᠤ ᠬᠡᠷᠡᠭᠲᠡᠶ᠃ | ᠬᠤᠷᠢᠨ ᠲᠠᠪᠤᠳᠤᠭᠠᠷ ᠵᠣᠷᠪᠤᠰ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠨᠢ ᠳᠣᠤᠷ᠎ᠠ | ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠦᠪᠯᠡᠨ ᠤᠯᠠᠮᠵᠢᠯᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠲᠦᠷᠦᠯ ᠵᠦᠢᠯ ᠢ ᠡᠵᠡᠮᠰᠢᠭᠰᠡᠨ ᠪᠠᠶᠢᠬᠤ︔ | ︵ᠬᠤᠶᠠᠷ︶ ᠣᠨᠴᠠ ᠲᠣᠭᠲᠠᠭᠠᠭᠰᠠᠨ ᠬᠦᠷᠢᠶᠡᠨ ᠳᠤ ᠲᠥᠯᠥᠭᠡᠯᠡᠬᠦ ᠴᠢᠨᠠᠷᠲᠠᠶ ᠪᠥᠭᠡᠳ ᠵᠣᠬᠢᠬᠤ ᠣᠷᠣᠨ | ᠬᠡᠪᠴᠢᠶᠡᠨ ᠳᠤ ᠨᠡᠯᠢᠶᠡᠳ ᠶᠡᠭᠡ ᠨᠥᠯᠥᠭᠡ ᠲᠠᠢ ᠪᠠᠶᠢᠬᠤ︔ | ︵ᠭᠤᠷᠪᠠ︶ ᠦᠪᠯᠡᠨ ᠤᠯᠠᠮᠵᠢᠯᠠᠬᠤ᠂ ᠤᠯᠠᠮᠵᠢᠯᠠᠨ ᠳᠡᠯᠭᠡᠷᠡᠭᠦᠯᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ | ᠃ | ᠬᠤᠷᠢᠨ ᠵᠢᠷᠭᠤᠳᠤᠭᠠᠷ ᠵᠣᠷᠪᠤᠰ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠳᠣᠤᠷ᠎ᠠ ᠵᠢᠭᠰᠠᠭᠠᠭᠰᠠᠨ | ᠡᠷᠬᠡ ᠶᠢ ᠡᠳ᠋ᠯᠡᠨ᠎ᠡ᠄ | ︵ᠨᠢᠭᠡ︶ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠢ ᠵᠦᠶ | ᠵᠣᠬᠢᠰᠲᠠᠶ ᠠᠰᠢᠭᠯᠠᠵᠤ᠂ ᠬᠤᠯᠪᠣᠭᠳᠠᠯ ᠪᠦᠬᠦᠢ ᠦᠢᠯᠡᠳᠬᠦᠨ ᠪᠠ ᠦᠢᠯᠡᠴᠢᠯᠡᠭᠡ ᠬᠠᠩᠭᠠᠨ᠎ᠠ︔ | ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ ᠳᠡᠮᠵᠢᠯᠭᠡ ᠭᠤᠶᠤᠴᠢᠯᠠᠵᠤ᠂ | ᠬᠠᠮᠠᠭᠠᠯᠠᠬᠤ ᠰᠠᠨᠠᠭᠤᠯᠭ᠎ᠠ ᠳᠤᠷᠠᠳᠬᠤ︔ | ︵ᠭᠤᠷᠪᠠ︶ ᠦᠪᠯᠡᠨ ᠤᠯᠠᠮᠵᠢᠯᠠᠬᠤ᠂ ᠤᠯᠠᠮᠵᠢᠯᠠᠨ ᠲᠠᠷᠬᠠᠭᠠᠬᠤ ᠠᠵᠢᠯ ᠪᠤᠶᠤ ᠪᠤᠰᠤᠳ ᠠᠵᠢᠯᠯᠠᠭ᠎ᠠ ᠯᠤᠭ᠎ᠠ | ᠵᠣᠬᠢᠴᠠᠯᠳᠤᠭᠰᠠᠨ ᠬᠠᠷᠠᠮᠵᠢ ᠣᠯᠬᠤ᠃ | ᠬᠤᠷᠢᠨ ᠳᠣᠯᠣᠳᠤᠭᠠᠷ ᠵᠣᠷᠪᠤᠰ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠳᠣᠤᠷ᠎ᠠ ᠵᠢᠭᠰᠠᠭᠠᠭᠰᠠᠨ | ᠡᠭᠦᠷᠭᠡ ᠶᠢ ᠭᠦᠢᠴᠡᠳᠭᠡᠬᠦ ᠬᠡᠷᠡᠭᠲᠡᠶ᠄ | ︵ᠨᠢᠭᠡ︶ ᠦᠪᠯᠡᠨ ᠤᠯᠠᠮᠵᠢᠯᠠᠬᠤ ᠠᠵᠢᠯᠯᠠᠭ᠎ᠠ ᠥᠷᠨᠢᠭᠦᠯᠵᠦ᠂ ᠵᠠᠯᠭᠠᠮᠵᠢᠯᠠᠭᠴᠢ ᠴᠢᠳᠠᠪᠤᠷᠢᠲᠠᠨ ᠢ ᠬᠥᠮᠦᠵᠢᠭᠦᠯᠬᠦ | ︔ | ︵ᠬᠤᠶᠠᠷ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠬᠢᠬᠦ ᠬᠡᠷᠡᠭᠲᠡᠢ᠃ | ︵ᠭᠤᠷᠪᠠ︶ ᠬᠠᠮᠢᠶ᠎ᠠ ᠪᠦᠬᠦᠢ ᠪᠣᠳᠠᠲᠤ ᠶᠠᠭᠤᠮ᠎ᠠ ᠪᠠ ᠮᠠᠲ᠋ᠧᠷᠢᠶᠠᠯ ᠢ ᠲᠣᠬᠢᠲᠠᠶ ᠬᠠᠳᠠᠭᠠᠯᠠᠬᠤ ᠬᠡᠷᠡᠭᠲᠡᠶ︔ | ︵ᠲᠦᠷᠪᠡ︶ ᠦᠵᠡᠰᠬᠦᠯᠡᠩ᠂ ᠦᠵᠡᠭᠦᠯᠦᠯᠭᠡ᠂ ᠲᠣᠭᠯᠠᠯᠲᠠ᠂ ᠰᠣᠳᠤᠯᠤᠨ ᠶᠠᠷᠢᠯᠴᠠᠭ᠎ᠠ ᠪᠠ ᠰᠣᠯᠢᠯᠴᠠᠭ᠎ᠠ | ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠨ᠎ᠠ᠃ | ᠬᠤᠷᠢᠨ ᠨᠠᠢᠮᠠᠳᠤᠭᠠᠷ ᠵᠣᠷᠪᠤᠰ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠦᠶ ᠶᠣᠰᠣᠨ ᠤ | ᠰᠢᠯᠲᠠᠭᠠᠨ ᠦᠭᠡᠢ ᠪᠠᠷ ᠦᠪᠯᠡᠨ ᠤᠯᠠᠮᠵᠢᠯᠠᠬᠤ ᠡᠭᠦᠷᠭᠡ ᠪᠠᠨ ᠭᠦᠢᠴᠡᠳᠭᠡᠬᠦ ᠥᠬᠡᠶ ᠪᠤᠶᠤ ᠪᠤᠰᠤᠳ ᠰᠢᠯᠲᠠᠭᠠᠨ ᠠᠴᠠ | ᠪᠣᠯᠵᠤ ᠦᠪᠯᠡᠨ ᠤᠯᠠᠮᠵᠢᠯᠠᠬᠤ ᠡᠭᠦᠷᠭᠡ ᠪᠠᠨ ᠭᠦᠢᠴᠡᠳᠭᠡᠬᠦ ᠶᠢᠨ ᠠᠷᠭ᠎ᠠ ᠥᠬᠡᠶ ᠪᠠᠶᠢᠪᠠᠯ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢᠨ ᠬᠢᠷᠢ ᠬᠡᠮ ᠢ ᠨᠢ ᠬᠦᠴᠦᠨ ᠥᠬᠡᠶ | ᠪᠣᠯᠭᠠᠬᠤ ᠶᠢᠨ ᠬᠠᠮᠲᠤ᠂ ᠲᠤᠰ ᠵᠣᠷᠪᠤᠰ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢ ᠳᠠᠬᠢᠵᠤ | ᠰᠢᠨ᠎ᠡ ᠪᠠᠷ ᠮᠠᠭᠠᠳᠯᠠᠨ ᠲᠣᠭᠲᠠᠭᠠᠨ᠎ᠠ︔ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠨᠢ ᠦᠪᠯᠡᠨ | ᠤᠯᠠᠮᠵᠢᠯᠠᠬᠤ ᠴᠢᠳᠠᠪᠤᠷᠢ ᠪᠠᠨ ᠠᠯᠳᠠᠭᠰᠠᠨ ᠪᠠᠶᠢᠪᠠᠯ ᠰᠣᠶᠣᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠲᠤᠰ ᠵᠣᠷᠪᠤᠰ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢ ᠳᠠᠬᠢᠨ ᠰᠢᠨ᠎ᠡ ᠪᠠᠷ ᠮᠠᠭᠠᠳᠯᠠᠨ | ᠲᠣᠭᠲᠠᠭᠠᠵᠤ ᠪᠣᠯᠤᠨ᠎ᠠ᠃ | ᠬᠤᠷᠢ ᠶᠢᠰᠦᠳᠦᠭᠡᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠡᠷᠡᠭᠴᠡᠭᠡ ᠪᠠᠨ ᠦᠨᠳᠦᠰᠦᠯᠡᠨ᠂ | ᠳᠣᠤᠷᠠᠬᠢ ᠮᠡᠲᠦ ᠠᠷᠭ᠎ᠠ ᠬᠡᠮᠵᠢᠶ᠎ᠡ ᠶᠢ ᠠᠪᠴᠤ᠂ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢᠨ ᠦᠪᠯᠡᠨ | ᠤᠯᠠᠮᠵᠢᠯᠠᠬᠤ᠂ ᠤᠯᠠᠮᠵᠢᠯᠠᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ ᠶᠢ ᠳᠠᠮᠵᠢᠨ᠎ᠠ᠄ | ︵ᠨᠢᠭᠡ︶ ᠴᠢᠬᠤᠯᠠ ᠪᠦᠬᠦᠢ ᠦᠪᠯᠡᠨ ᠤᠯᠠᠮᠵᠢᠯᠠᠬᠤ ᠲᠠᠯᠠᠪᠤᠷ ᠬᠠᠩᠭᠠᠬᠤ︔ | ︵ᠬᠤᠶᠠᠷ︶ ᠴᠢᠬᠤᠯᠠ ᠪᠦᠬᠦᠢ ᠵᠠᠷᠤᠳᠠᠯ ᠤᠨ ᠲᠤᠰᠠᠯᠠᠮᠵᠢ ᠬᠠᠩᠭᠠᠬᠤ︔ ︵ᠭᠤᠷᠪᠠ︶ ᠰᠣᠯᠢᠯᠴᠠᠭ᠎ᠠ᠂ | ᠪᠣᠯᠪᠠᠰᠤᠷᠠᠭᠤᠯᠤᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ︔ | ︵ᠳᠦᠷᠪᠡ︶ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯᠯᠠᠭ᠎ᠠ ᠳᠤ ᠣᠷᠣᠯᠴᠠᠬᠤ ᠶᠢ ᠨᠢ | ᠳᠡᠮᠵᠢᠬᠦ︔ | ︵ᠲᠠᠪᠤ︶ ᠪᠤᠰᠤᠳ ᠳᠡᠮᠵᠢᠬᠦ ᠠᠷᠭ᠎ᠠ ᠬᠡᠮᠵᠢᠶ᠎ᠡ᠃ | ᠭᠤᠴᠢᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠯᠥᠭᠡᠯᠡᠬᠦ ᠴᠢᠨᠠᠷᠲᠠᠶ ᠦᠪᠯᠡᠨ | ᠤᠯᠠᠮᠵᠢᠯᠠᠭᠴᠢ ᠶᠢ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠲᠣᠰ ᠱᠠᠲᠤᠨ ᠤ ᠪᠣᠳᠠᠰ ᠤᠨ ᠪᠤᠰᠤ ᠰᠣᠶᠣᠯ ᠤᠨ | ᠥᠪ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠳᠤ ᠲᠤᠭᠲᠠᠭᠰᠠᠨ ᠬᠤᠭᠤᠴᠠᠭ᠎ᠠ ᠲᠠᠢ ᠪᠠᠷ ᠦᠨᠡᠯᠡᠨ | ᠵᠢᠱᠢᠯᠲᠡ ᠬᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠶ᠃ | | ᠳᠥᠷᠪᠡᠳᠦᠭᠡᠷ ᠪᠦᠯᠦᠭ ᠪᠠᠶᠢᠴᠠᠭᠠᠬᠤ᠂ ᠬᠠᠳᠠᠭᠠᠯᠠᠬᠤ᠂ ᠦᠪᠯᠡᠨ ᠤᠯᠠᠮᠵᠢᠯᠠᠬᠤ᠂ ᠤᠯᠠᠮᠵᠢᠯᠠᠨ ᠳᠡᠯᠭᠡᠷᠡᠭᠦᠯᠬᠦ | ᠭᠤᠴᠢᠨ ᠨᠢᠭᠡᠳᠦᠭᠡᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠬᠡᠷᠡᠭᠴᠡᠭᠡ ᠪᠠᠨ | ᠦᠨᠳᠦᠰᠦᠯᠡᠨ᠂ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠣᠳᠠᠰ ᠤᠨ ᠪᠤᠰᠤ ᠰᠣᠶᠣᠯ ᠤᠨ ᠥᠪ ᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠬᠡᠷᠡᠭᠲᠡᠶ᠃ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠶᠢ | ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠵᠤ ᠬᠢᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠤᠰᠤᠳ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠲᠡᠭᠦᠨ ᠤ ᠠᠵᠢᠯ ᠤᠨ ᠬᠦᠷᠢᠶ᠎ᠡ ᠬᠡᠪᠴᠢᠶᠡᠨ ᠳᠠᠬᠢ ᠪᠣᠳᠠᠰ ᠤᠨ ᠪᠤᠰᠤ ᠰᠣᠶᠣᠯ ᠤᠨ | ᠥᠪ ᠲᠤ ᠪᠠᠨ ᠪᠠᠶᠢᠴᠠᠭᠠᠯᠲᠠ ᠬᠢᠵᠦ ᠪᠣᠯᠤᠨ᠎ᠠ᠃ | ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠬᠠᠤᠯᠢ ᠶᠣᠰᠣᠭᠠᠷ | ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠬᠢᠵᠦ ᠪᠣᠯᠤᠨ᠎ᠠ᠃ | ᠭᠤᠴᠢᠨ ᠬᠤᠶᠠᠳᠤᠭᠠᠷ ᠵᠣᠷᠪᠤᠰ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠬᠢᠬᠦ ᠳᠤ ᠪᠠᠨ | ᠪᠣᠳᠠᠰ ᠤᠨ ᠪᠤᠰᠤ ᠰᠣᠶᠣᠯ ᠤᠨ ᠥᠪ ᠤᠨ ᠮᠡᠳᠡᠭᠡ ᠵᠠᠩᠭᠢ ᠶᠢ ᠦᠨᠡᠨ ᠪᠣᠳᠠᠲᠠᠶ᠂ ᠣᠨᠣᠪᠴᠢᠲᠠᠶ᠂ ᠪᠦᠬᠦ ᠲᠠᠯ᠎ᠠ ᠪᠠᠷ | ᠲᠡᠮᠳᠡᠭᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠪᠦᠷᠢᠯᠳᠦᠬᠦᠨ ᠬᠡᠰᠡᠭ ᠲᠤ ᠬᠠᠷᠢᠶᠠᠯᠠᠭᠳᠠᠬᠤ ᠲᠥᠯᠥᠭᠡᠯᠡᠬᠦ | ᠴᠢᠨᠠᠷᠲᠠᠶ ᠪᠣᠳᠠᠲᠤ ᠶᠠᠭᠤᠮ᠎ᠠ ᠶᠢ ᠴᠤᠭᠯᠠᠭᠤᠯᠬᠤ ᠬᠡᠷᠡᠭᠲᠡᠶ︔ ᠪᠠᠶᠢᠴᠠᠭᠠᠯᠲᠠ ᠶᠢᠨ ᠳᠤᠮᠳᠠ ᠣᠯᠤᠭᠰᠠᠨ ᠮᠠᠲ᠋ᠧᠷᠢᠶᠠᠯ | ᠪᠣᠯᠤᠨ ᠪᠣᠳᠠᠲᠤ ᠶᠠᠭᠤᠮ᠎ᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠡᠮᠬᠢᠯᠡᠵᠦ᠂ ᠲᠣᠬᠢᠲᠠᠶ ᠬᠠᠳᠠᠭᠠᠯᠠᠵᠤ᠂ | ᠡᠪᠳᠡᠷᠡᠵᠦ ᠰᠦᠢᠳᠬᠦ᠂ ᠭᠡᠭᠡᠭᠳᠡᠬᠦ ᠶᠢ ᠰᠡᠷᠭᠡᠶᠢᠯᠡᠬᠦ ᠬᠡᠷᠡᠭᠲᠡᠶ᠃ | ᠭᠤᠴᠢᠨ ᠭᠤᠷᠪᠠᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠣᠳᠠᠰ ᠤᠨ ᠪᠤᠰᠤ ᠰᠣᠶᠣᠯ ᠤᠨ ᠥᠪ ᠤᠨ | ᠳᠠᠩᠰᠠ ᠡᠪᠬᠡᠮᠡᠯ ᠵᠢᠴᠢ ᠬᠠᠮᠢᠶ᠎ᠠ ᠪᠦᠬᠦᠢ ᠳ᠋ᠠᠶᠢᠲ᠋ᠠ ᠬᠥᠮᠥᠷᠭᠡ ᠪᠠᠶᠢᠭᠤᠯᠵᠤ᠂ ᠪᠠᠶᠢᠴᠠᠭᠠᠯᠲᠠ ᠶᠢᠨ ᠮᠡᠳᠡᠭᠡ ᠵᠠᠩᠭᠢ ᠶᠢ | ᠬᠠᠮᠲᠤᠪᠠᠷ ᠬᠦᠷᠲᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠬᠠᠤᠯᠢ ᠶᠣᠰᠣᠭᠠᠷ ᠨᠢᠭᠤᠴᠠ ᠶᠢ | ᠬᠠᠮᠠᠭᠠᠯᠠᠬᠤ ᠬᠡᠷᠡᠭᠲᠡᠶ ᠵᠦᠢᠯ ᠠᠴᠠ ᠭᠠᠳᠠᠨ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠳᠠᠩᠰᠠ ᠡᠪᠬᠡᠮᠡᠯ ᠵᠢᠴᠢ | ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠢᠯᠡ ᠪᠣᠯᠭᠠᠵᠤ᠂ ᠣᠯᠠᠨ ᠨᠡᠶᠢᠲᠡ ᠶᠢᠨ ᠪᠠᠶᠢᠴᠠᠭᠠᠨ | ᠦᠵᠡᠬᠦ ᠳᠤ ᠳᠥᠭᠦᠮ ᠪᠣᠯᠭᠠᠬᠤ ᠬᠡᠷᠡᠭᠲᠡᠶ᠃ | ᠭᠤᠴᠢᠨ ᠳᠥᠷᠪᠡᠳᠦᠭᠡᠷ ᠵᠣᠷᠪᠤᠰ ᠬᠢᠯᠢ ᠶᠢᠨ ᠭᠠᠳᠠᠨᠠᠬᠢ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠣᠳᠠᠰ ᠤᠨ ᠪᠤᠰᠤ ᠰᠣᠶᠣᠯ ᠤᠨ | ᠥᠪ ᠤᠨ ᠪᠠᠶᠢᠴᠠᠭᠠᠯᠲᠠ ᠬᠢᠬᠦ ᠳᠤ ᠪᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠣᠲᠣᠷᠠᠬᠢ | ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠪᠠᠶᠢᠭᠤᠯᠤᠮᠵᠢ ᠪᠤᠶᠤ ᠡᠷᠳᠡᠮ | ᠰᠢᠨᠵᠢᠯᠡᠭᠡᠨ ᠤ ᠰᠤᠳᠤᠯᠤᠯ ᠤᠨ ᠪᠠᠶᠢᠭᠤᠯᠤᠮᠵᠢ ᠯᠤᠭ᠎ᠠ ᠬᠠᠮᠵᠢᠯᠴᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ | ᠵᠥᠪᠰᠢᠶᠡᠷᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ ᠬᠤᠷᠢᠨ ᠡᠳᠦᠷ ᠤᠨ | ᠳᠤᠳᠤᠷ᠎ᠠ ᠵᠥᠪᠰᠢᠶᠡᠷᠡᠬᠦ ᠡᠰᠡᠬᠦ ᠶᠢᠨ ᠲᠤᠬᠠᠢ ᠪᠢᠴᠢᠭ ᠤᠨ ᠬᠡᠯᠪᠡᠷᠢ ᠶᠢᠨ ᠲᠣᠭᠲᠠᠭᠠᠯ ᠭᠠᠷᠭᠠᠬᠤ ᠬᠡᠷᠡᠭᠲᠡᠶ᠃ | ᠪᠠᠶᠢᠴᠠᠭᠠᠯᠲᠠ ᠬᠢᠵᠦ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠶᠢᠴᠠᠭᠠᠯᠲᠠ ᠶᠢᠨ ᠮᠡᠳᠡᠭᠦᠯᠦᠯᠲᠡ ᠪᠠ | ᠪᠠᠶᠢᠴᠠᠭᠠᠯᠲᠠ ᠶᠢᠨ ᠲᠤᠮᠳᠠ ᠣᠯᠤᠭᠰᠠᠨ ᠪᠣᠳᠠᠲᠤ ᠶᠠᠭᠤᠮ᠎ᠠ ᠶᠢᠨ ᠵᠢᠷᠤᠭ᠂ ᠮᠠᠲ᠋ᠧᠷᠢᠶᠠᠯ ᠤᠨ ᠺᠣᠪᠢᠳᠠᠭᠰᠠᠨ ᠪᠠᠷ ᠢ | ᠲᠤᠰᠢᠶᠠᠬᠤ ᠬᠡᠷᠡᠭᠲᠡᠢ᠃ ᠪᠣᠳᠠᠲᠤ ᠶᠠᠭᠤᠮ᠎ᠠ ᠵᠢᠴᠢ ᠮᠠᠲ᠋ᠧᠷᠢᠶᠠᠯ ᠠᠪᠴᠤ ᠬᠢᠯᠢ ᠠᠴᠠ ᠭᠠᠷᠬᠤ ᠴᠢᠬᠤᠯᠠᠲᠠᠶ ᠪᠠᠶᠢᠪᠠᠯ | ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠭᠤᠴᠢᠨ ᠲᠠᠪᠤᠳᠤᠭᠠᠷ ᠵᠣᠷᠪᠤᠰ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠬᠢᠬᠦ ᠳᠤ ᠪᠠᠨ | ᠪᠠᠶᠢᠴᠠᠭᠠᠭᠳᠠᠬᠤ ᠡᠲᠡᠭᠡᠳ ᠤᠨ ᠵᠥᠪᠰᠢᠶᠡᠷᠡᠯ ᠢ ᠣᠯᠵᠤ᠂ ᠵᠠᠩ ᠳᠠᠳᠬᠠᠯ ᠢ ᠨᠢ ᠬᠦᠨᠳᠦᠳᠬᠡᠬᠦ ᠬᠡᠷᠡᠭᠲᠡᠶ᠂ ᠬᠠᠤᠯᠢ | ᠶᠣᠰᠣᠨ ᠤ ᠡᠷᠬᠡ ᠠᠰᠢᠭ ᠢ ᠨᠢ ᠬᠤᠬᠢᠷᠠᠭᠤᠯᠵᠤ ᠪᠣᠯᠬᠤ ᠦᠭᠡᠢ᠃ | ᠭᠤᠴᠢᠨ ᠵᠢᠷᠭᠤᠳᠤᠭᠠᠷ ᠵᠣᠷᠪᠤᠰ ᠤᠰᠠᠳᠬᠤ ᠰᠢᠬᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ | ᠲᠥᠷᠥᠯ ᠵᠦᠢᠯ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ | ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠮᠠᠲ᠋ᠧᠷᠢᠶᠠᠯ᠂ ᠪᠣᠳᠠᠲᠤ ᠶᠠᠭᠤᠮ᠎ᠠ ᠶᠢ ᠴᠠᠭ | ᠲᠤᠬᠠᠶ ᠳᠤ ᠨᠢ ᠲᠡᠮᠳᠡᠭᠯᠡᠬᠦ ᠪᠠ ᠴᠤᠭᠯᠠᠭᠤᠯᠵᠤ᠂ ᠠᠪᠤᠷᠠᠯᠲᠠ ᠶᠢᠨ ᠴᠢᠨᠠᠷᠲᠠᠶ ᠬᠠᠮᠠᠭᠠᠯᠠᠬᠤ ᠠᠷᠭ᠎ᠠ ᠶᠢ ᠠᠪᠬᠤ | ᠬᠡᠷᠡᠭᠲᠡᠶ᠃ | ᠭᠤᠴᠢᠨ ᠳᠣᠯᠣᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠤᠰᠠᠳᠬᠤ ᠰᠢᠬᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ | ᠵᠦᠢᠯ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠪᠣᠯᠤᠨ ᠵᠠᠯᠭᠠᠮᠵᠢᠯᠠᠭᠴᠢ ᠴᠢᠳᠠᠪᠤᠷᠢᠲᠠᠨ ᠢ | ᠭᠤᠤᠯᠳᠠᠯᠭ᠎ᠠ ᠲᠠᠢ ᠲᠡᠳᠬᠦᠬᠦ ᠪᠠ ᠬᠥᠮᠦᠵᠢᠭᠦᠯᠬᠦ ᠬᠡᠷᠡᠭᠲᠡᠶ᠃ | ᠭᠤᠴᠢᠨ ᠨᠠᠢᠮᠠᠳᠤᠭᠠᠷ ᠵᠣᠷᠪᠤᠰ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠡᠯᠪᠡᠭ ᠳᠡᠯᠪᠡᠭ᠂ | ᠲᠦᠯᠦᠭᠡᠯᠡᠬᠦ ᠴᠢᠨᠠᠷᠲᠠᠢ ᠲᠦᠷᠦᠯ ᠵᠦᠢᠯ ᠬᠠᠷᠢᠴᠠᠩᠭᠤᠶ ᠪᠠᠷ ᠲᠥᠪᠯᠡᠷᠡᠭᠰᠡᠨ᠂ ᠬᠡᠯᠪᠡᠷᠢ ᠪᠠ ᠠᠭᠤᠯᠤᠭᠳᠠᠬᠤᠨ ᠨᠢ | ᠬᠠᠷᠢᠴᠠᠩᠭᠤᠶ ᠪᠦᠷᠢᠨ ᠪᠦᠲᠦᠨ᠂ ᠪᠠᠶᠢᠭᠠᠯᠢ ᠶᠢᠨ ᠣᠷᠴᠢᠨ ᠲᠣᠭᠤᠷᠢᠨ ᠪᠠ ᠬᠥᠮᠦᠨ ᠨᠡᠶᠢᠭᠡᠮ ᠤᠨ ᠣᠷᠴᠢᠨ | ᠲᠣᠭᠤᠷᠢᠨ ᠢᠶᠠᠷ ᠨᠡᠯᠢᠶᠡᠳ ᠰᠠᠶᠢᠨ ᠣᠨᠴᠠ ᠲᠣᠭᠲᠠᠭᠠᠭᠰᠠᠨ ᠣᠷᠣᠨ ᠭᠠᠵᠠᠷ ᠢ ᠲᠤᠬᠠᠶ ᠶᠢᠨ ᠭᠠᠵᠠᠷ ᠤᠨ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠲᠤᠰᠬᠠᠶ ᠵᠣᠷᠪᠤᠰ ᠢᠶᠠᠷ ᠬᠠᠮᠠᠭᠠᠯᠠᠬᠤ ᠲᠦᠯᠦᠪᠵᠢᠭᠦᠯᠭᠡ ᠲᠣᠭᠲᠠᠭᠠᠵᠤ ᠪᠣᠯᠤᠨ᠎ᠠ᠂ ᠲᠣᠰ | ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ ᠪᠠᠷ ᠭᠤᠤᠯ ᠪᠣᠯᠭᠠᠭᠰᠠᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ | ᠣᠷᠣᠨ ᠢ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠶ ᠪᠦᠬᠦᠯᠢ ᠴᠣᠭᠴᠠ ᠶᠢᠨ ᠬᠠᠮᠠᠭᠠᠯᠠᠯᠲᠠ ᠶᠢ ᠬᠡᠷᠡᠭᠵᠢᠭᠦᠯᠦᠨ᠎ᠡ | ᠃ | ᠭᠤᠴᠢ ᠶᠢᠰᠦᠳᠦᠭᠡᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠣᠳᠠᠰ ᠤᠨ ᠪᠤᠰᠤ ᠰᠣᠶᠣᠯ ᠤᠨ ᠥᠪ ᠤᠨ | ᠲᠠᠷᠬᠠᠯᠲᠠ ᠨᠡᠯᠢᠶᠡᠳ ᠲᠥᠪᠯᠡᠷᠡᠭᠰᠡᠨ᠂ ᠦᠪᠯᠡᠨ ᠤᠯᠠᠮᠵᠢᠯᠠᠭᠰᠠᠨ ᠰᠠᠭᠤᠷᠢ ᠪᠠᠷ ᠨᠡᠯᠢᠶᠡᠳ ᠰᠠᠶᠢᠨ ᠭᠠᠵᠠᠷ | ᠣᠷᠣᠨ ᠳᠤ ᠦᠪᠯᠡᠨ ᠤᠯᠠᠮᠵᠢᠯᠠᠬᠤ ᠰᠠᠭᠤᠷᠢᠨ ᠭᠠᠵᠠᠷ ᠪᠠᠶᠢᠭᠤᠯᠵᠤ ᠪᠣᠯᠤᠨ᠎ᠠ᠃ ᠦᠪᠯᠡᠨ ᠤᠯᠠᠮᠵᠢᠯᠠᠬᠤ ᠰᠠᠭᠤᠷᠢᠨ | ᠭᠠᠵᠠᠷ ᠲᠤ ᠦᠪᠯᠡᠨ ᠤᠯᠠᠮᠵᠢᠯᠠᠬᠤ ᠭᠠᠵᠠᠷ ᠪᠠ ᠦᠪᠯᠡᠨ ᠤᠯᠠᠮᠵᠢᠯᠠᠬᠤ ᠡᠷᠦᠬᠡ ᠭᠠᠷᠭᠠᠵᠤ ᠪᠣᠯᠤᠨ᠎ᠠ᠃ | ᠳᠥᠴᠢᠳᠦᠭᠡᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠤᠯ᠂ ᠬᠠᠮᠠᠭᠠᠯᠠᠯᠲᠠ᠂ | ᠬᠠᠮᠢᠶᠠᠷᠤᠯᠲᠠ ᠵᠡᠷᠭᠡ ᠲᠤᠰᠬᠠᠶ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠵᠤ ᠢᠷᠡᠬᠦ ᠬᠡᠷᠡᠭᠲᠡᠶ᠃ | ᠳᠥᠴᠢᠨ ᠨᠢᠭᠡᠳᠦᠭᠡᠷ ᠵᠣᠷᠪᠤᠰ ᠰᠤᠷᠭᠠᠨ ᠬᠥᠮᠦᠵᠢᠯ ᠤᠨ ᠪᠠᠶᠢᠭᠤᠯᠤᠮᠵᠢ ᠨᠤᠭᠤᠳ ᠪᠣᠳᠠᠰ ᠤᠨ ᠪᠤᠰᠤ | ᠰᠣᠶᠣᠯ ᠤᠨ ᠥᠪ ᠤᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ᠂ ᠦᠪᠯᠡᠨ ᠤᠯᠠᠮᠵᠢᠯᠠᠭᠴᠢ ᠶᠢ ᠤᠷᠢᠵᠤ | ᠬᠢᠴᠢᠶᠡᠯ ᠣᠷᠣᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠲᠦᠷᠦᠯ ᠵᠦᠢᠯ ᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠳᠤ ᠣᠷᠣᠭᠤᠯᠬᠤ ᠶᠢ ᠲᠦᠯᠬᠢᠨ | ᠠᠬᠢᠭᠤᠯᠬᠤ ᠬᠡᠷᠡᠭᠲᠡᠶ᠃ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠤᠯ ᠵᠡᠷᠭᠡ ᠪᠠᠶᠢᠭᠤᠯᠤᠮᠵᠢ ᠠᠴᠠ ᠰᠤᠷᠤᠯᠭ᠎ᠠ ᠶᠢᠨ | ᠨᠠᠮᠲᠠᠷ ᠤᠨ ᠰᠤᠷᠭᠠᠨ ᠬᠥᠮᠦᠵᠢᠯ᠂ ᠳᠠᠪᠲᠠᠨ ᠪᠣᠯᠪᠠᠰᠤᠷᠠᠭᠤᠯᠬᠤ᠂ ᠣᠬᠤᠷ ᠬᠤᠭᠤᠴᠠᠭᠠᠨ ᠤ ᠪᠣᠯᠪᠠᠰᠤᠷᠠᠭᠤᠯᠤᠯ | ᠵᠡᠷᠭᠡ ᠠᠷᠭ᠎ᠠ ᠮᠠᠶ᠋ᠢᠭ ᠢ ᠠᠪᠴᠤ᠂ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠶ ᠴᠢᠳᠠᠪᠤᠷᠢᠲᠠᠨ ᠢ | ᠬᠥᠮᠦᠵᠢᠭᠦᠯᠬᠦ ᠠᠵᠢᠯ ᠢ ᠥᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ | ᠳᠥᠴᠢᠨ ᠬᠤᠶᠠᠳᠤᠭᠠᠷ ᠵᠣᠷᠪᠤᠰ ᠲᠣᠬᠢᠷᠠᠮᠵᠢᠲᠠᠶ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠲᠦᠷᠦᠯ ᠵᠦᠢᠯ ᠢ ᠤᠤᠯ ᠤᠨ ᠦᠨᠡᠨ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ ᠦᠢᠯᠡᠳᠪᠦᠷᠢᠯᠡᠯ ᠤᠨ | ᠴᠢᠨᠠᠷᠲᠠᠶ ᠬᠠᠮᠠᠭᠠᠯᠠᠯᠲᠠ ᠶᠢ ᠬᠡᠷᠡᠭᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠤᠳᠤ ᠦᠶ᠎ᠡ ᠶᠢᠨ | ᠨᠡᠶᠢᠭᠡᠮ ᠤᠨ ᠠᠮᠢᠳᠤᠷᠠᠯ ᠳᠤ ᠠᠭᠤᠰᠤᠯᠴᠠᠭᠤᠯᠬᠤ ᠶᠢ ᠠᠬᠢᠭᠤᠯᠬᠤ ᠶᠢ ᠵᠣᠷᠢᠭᠵᠢᠭᠤᠯᠤᠨ ᠳᠡᠮᠵᠢᠨ᠎ᠡ᠃ | ᠳᠥᠴᠢᠨ ᠭᠤᠷᠪᠠᠳᠤᠭᠠᠷ ᠵᠣᠷᠪᠤᠰ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠢᠨᠲ᠋ᠧᠷ | ᠰᠦᠯᠵᠢᠶ᠎ᠡ ᠵᠡᠷᠭᠡ ᠵᠠᠭᠤᠴᠢ ᠨᠤᠭᠤᠳ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠤᠬᠠᠭᠤᠯᠵᠤ᠂ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠢ ᠤᠯᠠᠮᠵᠢᠯᠠᠨ ᠳᠡᠯᠭᠡᠷᠡᠭᠦᠯᠵᠦ᠂ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠪᠦᠬᠦ ᠨᠡᠶᠢᠭᠡᠮ ᠤᠨ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ | ᠳᠥᠴᠢᠨ ᠳᠥᠷᠪᠡᠳᠦᠭᠡᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠨᠤᠭᠤᠳ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠤᠬᠠᠭᠤᠯᠤᠨ ᠦᠵᠡᠭᠦᠯᠵᠦ᠂ ᠲᠣᠰ ᠭᠠᠵᠠᠷ ᠤᠨ ᠢᠶᠠᠨ ᠰᠣᠶᠣᠯ ᠤᠨ ᠨᠠᠶᠢᠷ | ᠂ ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷᠯᠢᠭ᠂ ᠤᠯᠠᠮᠵᠢᠯᠠᠯᠲᠤ ᠪᠠᠶᠠᠷ ᠳᠤᠷᠠᠰᠬᠠᠯ ᠪᠠ ᠠᠷᠠᠳ ᠤᠨ ᠵᠠᠩ | ᠵᠠᠩᠰᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠲᠥᠷᠥᠯ ᠵᠦᠢᠯ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ | ᠳᠥᠴᠢᠨ ᠲᠠᠪᠤᠳᠤᠭᠠᠷ ᠵᠣᠷᠪᠤᠰ ᠬᠥᠮᠦᠰ ᠨᠢᠭᠲᠠᠷᠠᠭᠰᠠᠨ ᠣᠯᠠᠨ ᠨᠡᠶᠢᠲᠡ ᠶᠢᠨ ᠲᠠᠯᠠᠪᠤᠷ ᠪᠠ ᠣᠯᠠᠨ | ᠨᠡᠶᠢᠲᠡ ᠶᠢᠨ ᠣᠷᠴᠢᠨ ᠲᠣᠭᠤᠷᠢᠨ ᠳᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ | ᠵᠦᠢᠯ ᠤᠨ ᠤᠬᠠᠭᠤᠯᠬᠤ ᠫᠠᠶᠢᠰᠠ᠂ ᠤᠬᠠᠭᠤᠯᠬᠤ ᠰᠠᠮᠪᠠᠷ᠎ᠠ ᠪᠠ ᠡᠯᠧᠺᠲᠷᠣᠨ ᠳᠡᠯᠭᠡᠴᠡ ᠭᠠᠷᠭᠠᠬᠤ ᠶᠢ | ᠵᠣᠷᠢᠭᠵᠢᠭᠤᠯᠤᠨ ᠳᠠᠮᠵᠢᠨ᠎ᠠ᠃ | ᠳᠥᠴᠢᠨ ᠵᠢᠷᠭᠤᠳᠤᠭᠠᠷ ᠵᠦᠢᠯ ᠪᠣᠳᠠᠰ ᠤᠨ ᠪᠤᠰᠤ ᠰᠣᠶᠣᠯ ᠤᠨ ᠥᠪ ᠤᠨ ᠡᠷᠳᠡᠮ ᠰᠢᠨᠵᠢᠯᠡᠭᠡᠨ ᠤ | ᠰᠤᠳᠤᠯᠭᠠᠨ ᠤ ᠪᠠᠶᠢᠭᠤᠯᠤᠮᠵᠢ᠂ ᠬᠠᠮᠠᠭᠠᠯᠠᠯᠲᠠ ᠶᠢᠨ ᠠᠵᠢᠯ ᠤᠨ ᠪᠠᠶᠢᠭᠤᠯᠤᠮᠵᠢ᠂ ᠨᠣᠮ ᠤᠨ ᠰᠠᠩ᠂ ᠰᠣᠶᠣᠯ ᠤᠨ | ᠣᠷᠳᠣᠨ᠂ ᠮᠦᠽᠧᠶ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠳᠠᠩᠰᠠ | ᠡᠪᠬᠡᠮᠡᠯ ᠤᠨ ᠭᠠᠵᠠᠷ᠂ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ᠂ ᠠᠵᠢᠯᠴᠢᠨ ᠤ ᠰᠣᠶᠣᠯ ᠤᠨ | ᠣᠷᠳᠣᠨ᠂ ᠨᠡᠶᠢᠭᠡᠮ ᠲᠣᠭᠤᠷᠢᠭ ᠤᠨ ᠰᠣᠶᠣᠯ ᠤᠨ ᠬᠥᠳᠡᠯᠭᠡᠭᠡᠨ ᠤ ᠲᠥᠪ᠂ ᠰᠤᠮᠤ ᠰᠢᠶᠠᠩ ᠪᠠᠯᠭᠠᠰᠤᠨ ᠤ | ᠰᠣᠶᠣᠯ ᠤᠨ ᠥᠷᠲᠡᠭᠡ᠂ ᠭᠠᠴᠠᠭ᠎ᠠ ᠲᠣᠰᠬᠤᠨ ᠤ ᠰᠣᠶᠣᠯ ᠤᠨ ᠥᠷᠥᠭᠡ ᠵᠡᠷᠭᠡ ᠣᠯᠠᠨ ᠨᠡᠶᠢᠲᠡ ᠶᠢᠨ ᠰᠣᠶᠣᠯ ᠤᠨ | ᠪᠠᠶᠢᠭᠤᠯᠤᠮᠵᠢ ᠵᠢᠴᠢ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢ ᠠᠰᠢᠭᠯᠠᠨ ᠡᠷᠬᠢᠯᠡᠭᠰᠡᠨ ᠤᠷᠠᠨ ᠰᠠᠶᠢᠬᠠᠨ ᠤ | ᠲᠣᠭᠯᠠᠯᠲᠠ ᠶᠢᠨ ᠪᠦᠯᠬᠦᠮ᠂ ᠲᠣᠭᠯᠠᠯᠲᠠ ᠶᠢᠨ ᠲᠠᠯᠠᠪᠤᠷ ᠤᠨ ᠡᠵᠡᠩᠨᠡᠯᠲᠡ ᠶᠢᠨ ᠨᠢᠭᠡᠴᠢ ᠨᠦᠭᠦᠳ ᠲᠣᠰ ᠲᠣᠰ ᠤᠨ | ᠢᠶᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠦᠨᠳᠦᠰᠦᠯᠡᠨ᠂ ᠪᠣᠳᠠᠰ ᠤᠨ ᠪᠤᠰᠤ ᠰᠣᠶᠣᠯ ᠤᠨ ᠥᠪ ᠢ ᠡᠮᠬᠢᠯᠡᠬᠦ᠂ | ᠰᠤᠳᠤᠯᠬᠤ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠪᠠ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠤᠬᠠᠭᠤᠯᠭ᠎ᠠ᠂ ᠦᠵᠡᠭᠦᠯᠦᠯᠭᠡ ᠶᠢ ᠲᠥᠯᠥᠪᠯᠡᠭᠡ ᠲᠠᠢ ᠪᠠᠷ ᠥᠷᠨᠢᠭᠦᠯᠬᠦ | ᠬᠡᠷᠡᠭᠲᠡᠶ᠃ | ᠳᠥᠴᠢᠨ ᠳᠣᠯᠣᠳᠤᠭᠠᠷ ᠵᠣᠷᠪᠤᠰ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ | ᠪᠠᠶᠢᠭᠤᠯᠤᠯᠲᠠ ᠶᠢᠨ ᠬᠠᠤᠯᠢ ᠶᠣᠰᠣᠭᠠᠷ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠭᠠᠨ ᠤ ᠪᠠᠶᠢᠭᠤᠯᠤᠮᠵᠢ | ᠪᠠᠶᠢᠭᠤᠯᠬᠤ᠂ ᠳᠡᠯᠭᠡᠨ ᠦᠵᠡᠭᠦᠯᠬᠦ ᠪᠠ ᠦᠪᠯᠡᠨ ᠤᠯᠠᠮᠵᠢᠯᠠᠬᠤ ᠲᠠᠯᠠᠪᠤᠷ ᠭᠠᠷᠭᠠᠬᠤ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ ᠠᠵᠢᠯᠯᠠᠭ᠎ᠠ ᠡᠷᠬᠢᠯᠡᠬᠦ᠂ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠢ ᠰᠤᠳᠤᠯᠬᠤ᠂ ᠬᠠᠳᠠᠭᠠᠯᠠᠬᠤ᠂ ᠳᠡᠯᠭᠡᠨ ᠦᠵᠡᠭᠦᠯᠬᠦ | ᠂ ᠦᠪᠯᠡᠨ ᠤᠯᠠᠮᠵᠢᠯᠠᠬᠤ ᠠᠵᠢᠯᠯᠠᠭ᠎ᠠ ᠶᠢ ᠵᠣᠷᠢᠭᠵᠢᠭᠤᠯᠤᠨ ᠳᠠᠮᠵᠢᠨ᠎ᠠ᠃ | ᠳᠥᠴᠢᠨ ᠨᠠᠢᠮᠠᠳᠤᠭᠠᠷ ᠵᠣᠷᠪᠤᠰ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ | ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠠᠩᠬᠠᠨ ᠤ ᠲᠤᠯᠭᠤᠷ ᠪᠢᠴᠢᠭ᠂ ᠰᠤᠳᠤᠷ ᠪᠢᠴᠢᠭ᠂ | ᠮᠠᠲ᠋ᠧᠷᠢᠶᠠᠯ ᠢ ᠡᠮᠬᠢᠯᠡᠬᠦ᠂ ᠣᠷᠴᠢᠭᠤᠯᠬᠤ᠂ ᠬᠡᠪᠯᠡᠭᠦᠯᠬᠦ ᠶᠠᠪᠤᠳᠠᠯ ᠢ ᠵᠣᠷᠢᠭᠵᠢᠭᠤᠯᠤᠨ ᠳᠠᠮᠵᠢᠨ᠎ᠠ᠃ | ᠳᠥᠴᠢ ᠶᠢᠰᠦᠳᠦᠭᠡᠷ ᠵᠣᠷᠪᠤᠰ ᠪᠣᠳᠠᠰ ᠤᠨ ᠪᠤᠰᠤ ᠰᠣᠶᠣᠯ ᠤᠨ ᠥᠪ ᠲᠤ ᠰᠠᠭᠤᠷᠢᠯᠠᠨ ᠪᠤᠢ ᠪᠣᠯᠤᠭᠰᠠᠨ | ᠵᠣᠬᠢᠶᠠᠯ ᠪᠦᠲᠦᠭᠡᠯ ᠤᠨ ᠡᠷᠬᠡ᠂ ᠲᠠᠸᠠᠷ ᠤᠨ ᠲᠡᠮᠳᠡᠭᠲᠦ ᠶᠢᠨ ᠡᠷᠬᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠤᠯᠢ ᠶᠣᠰᠣᠭᠠᠷ ᠬᠠᠮᠠᠭᠠᠯᠠᠨ᠎ᠠ᠃ | | | ᠲᠠᠪᠤᠳᠤᠭᠠᠷ ᠪᠦᠯᠦᠭ ᠬᠠᠮᠢᠶᠠᠷᠤᠯᠲᠠ ᠬᠢᠭᠡᠳ ᠠᠰᠢᠭᠯᠠᠯᠲᠠ | ᠲᠠᠪᠢᠳᠤᠭᠠᠷ ᠵᠣᠷᠪᠤᠰ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ | ᠠᠴᠠ ᠥᠪᠡᠷ ᠤᠨ ᠥᠮᠴᠢᠯᠡᠵᠦ ᠪᠠᠶᠢᠭ᠎ᠠ ᠪᠣᠳᠠᠰ ᠤᠨ ᠪᠤᠰᠤ ᠰᠣᠶᠣᠯ ᠤᠨ ᠥᠪ ᠤᠨ ᠮᠠᠲ᠋ᠧᠷᠢᠶᠠᠯ᠂ ᠪᠣᠳᠠᠲᠤ ᠶᠠᠭᠤᠮ᠎ᠠ | ᠪᠠ ᠣᠷᠤᠨ ᠲᠠᠯᠠᠪᠤᠷ ᠢᠶᠠᠨ ᠠᠷᠠᠳ ᠤᠨ ᠵᠠᠰᠠᠭ ᠤᠨ ᠣᠷᠳᠤᠨ ᠤ ᠪᠠᠶᠢᠭᠤᠯᠤᠭᠰᠠᠨ ᠪᠣᠳᠠᠰ ᠤᠨ ᠪᠤᠰᠤ ᠰᠣᠶᠣᠯ ᠤᠨ | ᠥᠪ ᠢ ᠬᠤᠷᠢᠶᠠᠨ ᠬᠠᠳᠠᠭᠠᠯᠠᠬᠤ᠂ ᠰᠤᠳᠤᠯᠬᠤ ᠪᠠᠶᠢᠭᠤᠯᠤᠮᠵᠢ ᠵᠢᠴᠢ ᠰᠣᠶᠣᠯ ᠤᠨ ᠪᠤᠰᠤᠳ ᠪᠠᠶᠢᠭᠤᠯᠤᠮᠵᠢ ᠳᠤ | ᠬᠠᠨᠳᠢᠪᠯᠠᠨ ᠬᠦᠷᠭᠡᠬᠦ ᠪᠤᠶᠤ ᠨᠠᠶᠢᠳᠠᠵᠤ᠂ ᠬᠤᠷᠢᠶᠠᠨ ᠬᠠᠳᠠᠭᠠᠯᠠᠭᠤᠯᠬᠤ᠂ ᠬᠠᠳᠠᠭᠠᠯᠠᠨ ᠬᠠᠮᠢᠶᠠᠷᠤᠭᠤᠯᠬᠤ᠂ ᠲᠡᠯᠭᠡᠨ | ᠦᠵᠡᠭᠦᠯᠦᠭᠦᠯᠬᠦ ᠪᠤᠶᠤ ᠬᠡᠷᠡᠭᠯᠡᠭᠦᠯᠬᠦ ᠶᠢ ᠵᠣᠷᠢᠭᠵᠢᠭᠤᠯᠤᠨ ᠳᠠᠮᠵᠢᠨ᠎ᠠ᠃ | ᠬᠠᠨᠳᠢᠪᠯᠠᠨ ᠬᠦᠷᠭᠡᠭᠰᠡᠳ ᠢ ᠱᠠᠩᠨᠠᠨ ᠬᠥᠬᠢᠭᠦᠯᠬᠦ ᠶᠢᠨ ᠬᠠᠮᠲᠤ ᠬᠠᠨᠳᠢᠪᠯᠠᠨ ᠬᠦᠷᠭᠡᠭᠰᠡᠨ ᠦᠨᠡᠮᠯᠡᠯ ᠣᠯᠭᠤᠬᠤ | ᠬᠡᠷᠡᠭᠲᠡᠶ︔ ᠨᠠᠶᠢᠳᠠᠭᠰᠠᠨ ᠬᠥᠮᠦᠨ ᠳᠤ ᠨᠠᠶᠢᠳᠠᠭᠰᠠᠨ ᠪᠠᠶᠢᠭᠤᠯᠭ᠎ᠠ ᠶᠢᠨ ᠨᠡᠷᠡᠶᠢᠳᠦᠯ ᠪᠤᠶᠤ ᠬᠤᠪᠢ ᠬᠥᠮᠦᠨ ᠤ | ᠣᠪᠣᠭ ᠨᠡᠷ᠎ᠡ ᠶᠢ ᠲᠣᠳᠣᠷᠬᠠᠶᠢᠯᠠᠬᠤ ᠬᠡᠷᠡᠭᠲᠡᠶ᠃ | ᠲᠠᠪᠢᠨ ᠨᠢᠭᠡᠳᠦᠭᠡᠷ ᠵᠣᠷᠪᠤᠰ ᠪᠣᠳᠠᠰ ᠤᠨ ᠪᠤᠰᠤ ᠰᠣᠶᠣᠯ ᠤᠨ ᠥᠪ ᠢ ᠬᠤᠷᠢᠶᠠᠨ ᠬᠠᠳᠠᠭᠠᠯᠠᠬᠤ᠂ | ᠰᠤᠳᠤᠯᠬᠤ ᠪᠠᠶᠢᠭᠤᠯᠤᠮᠵᠢ ᠵᠢᠴᠢ ᠰᠣᠶᠣᠯ ᠤᠨ ᠦᠢᠯᠡᠰ ᠤᠨ ᠪᠤᠰᠤᠳ ᠪᠠᠶᠢᠭᠤᠯᠤᠮᠵᠢ ᠨᠤᠭᠤᠳ ᠪᠣᠳᠠᠰ ᠤᠨ ᠪᠤᠰᠤ | ᠰᠣᠶᠣᠯ ᠤᠨ ᠥᠪ ᠤᠨ ᠮᠠᠲ᠋ᠧᠷᠢᠶᠠᠯ᠂ ᠪᠣᠳᠠᠲᠤ ᠶᠠᠭᠤᠮ᠎ᠠ ᠪᠠ ᠣᠷᠤᠨ ᠲᠠᠯᠠᠪᠤᠷ ᠵᠡᠷᠭᠡ ᠶᠢ ᠲᠣᠬᠢᠲᠠᠶ ᠬᠠᠮᠠᠭᠠᠯᠠᠨ | ᠬᠠᠮᠢᠶᠠᠷᠬᠤ ᠬᠡᠷᠡᠭᠲᠡᠶ᠃ | ᠲᠠᠪᠢᠨ ᠬᠤᠶᠠᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠯᠦᠭᠡ | ᠰᠢᠭᠤᠳ ᠬᠤᠯᠪᠣᠭᠳᠠᠬᠤ ᠣᠷᠤᠨ ᠲᠠᠯᠠᠪᠤᠷ᠂ ᠦᠯᠡᠳᠡᠭᠳᠡᠯ ᠵᠢᠴᠢ ᠬᠠᠷᠢᠶᠠᠯᠠᠭᠳᠠᠬᠤ ᠪᠤᠳᠠᠰ ᠤᠨ ᠬᠠᠮᠠᠭᠠᠯᠠᠯᠲᠠ ᠶᠢᠨ | ᠬᠡᠪᠴᠢᠶ᠎ᠡ ᠶᠢ ᠬᠤᠪᠢᠶᠠᠷᠢᠯᠠᠨ ᠲᠣᠭᠲᠠᠭᠠᠵᠤ᠂ ᠲᠡᠮᠳᠡᠭ ᠲᠤᠳᠤᠷᠬᠠᠶᠢᠯᠠᠯᠲᠠ ᠬᠢᠵᠦ᠂ ᠳᠠᠩᠰᠠ ᠡᠪᠬᠡᠮᠡᠯ | ᠪᠠᠶᠢᠭᠤᠯᠬᠤ ᠶᠢᠨ ᠬᠠᠮᠲᠤ ᠬᠤᠲᠠ ᠬᠥᠳᠡᠭᠡ ᠶᠢᠨ ᠲᠦᠯᠦᠪᠵᠢᠭᠦᠯᠭᠡ ᠪᠣᠯᠤᠨ ᠪᠦᠲᠦᠭᠡᠨ ᠪᠠᠶᠢᠭᠤᠯᠤᠯᠲᠠ ᠶᠢᠨ ᠳᠤᠮᠳᠠ | ᠠᠷᠭ᠎ᠠ ᠬᠡᠮᠵᠢᠶ᠎ᠡ ᠠᠪᠴᠤ ᠬᠠᠮᠠᠭᠠᠯᠠᠬᠤ ᠬᠡᠷᠡᠭᠲᠡᠶ᠃ | ᠲᠡᠮᠳᠡᠭ ᠲᠤᠳᠤᠷᠬᠠᠶᠢᠯᠠᠯᠲᠠ ᠳᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ | ᠵᠦᠢᠯ ᠤᠨ ᠨᠡᠷᠡᠶᠢᠳᠦᠯ᠂ ᠲᠡᠰ᠂ ᠬᠠᠮᠠᠭᠠᠯᠠᠬᠤ ᠬᠡᠪᠴᠢᠶ᠎ᠡ᠂ ᠬᠠᠮᠠᠭᠠᠯᠠᠬᠤ ᠠᠭᠤᠯᠭ᠎ᠠ᠂ ᠲᠣᠪᠴᠢ ᠲᠠᠨᠢᠯᠴᠠᠭᠤᠯᠭ᠎ᠠ | ᠵᠢᠴᠢ ᠲᠡᠮᠳᠡᠭ ᠪᠠᠶᠢᠭᠤᠯᠤᠭᠰᠠᠨ ᠪᠠᠶᠢᠭᠤᠯᠭ᠎ᠠ᠂ ᠡᠳᠦᠷ ᠬᠤᠭᠤᠴᠠᠭ᠎ᠠ ᠵᠡᠷᠭᠡ ᠠᠭᠤᠯᠭ᠎ᠠ ᠶᠢ ᠪᠠᠭᠲᠠᠭᠠᠨ᠎ᠠ᠃ | ᠲᠠᠪᠢᠨ ᠭᠤᠷᠪᠠᠳᠤᠭᠠᠷ ᠵᠣᠷᠪᠤᠰ ᠶᠠᠮᠠᠷᠪᠠ ᠨᠢᠭᠡᠴᠢ ᠪᠠ ᠬᠤᠪᠢ ᠬᠥᠮᠦᠨ ᠪᠣᠳᠠᠰ ᠤᠨ ᠪᠤᠰᠤ ᠰᠣᠶᠣᠯ ᠤᠨ | ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠯᠦᠭᠡ ᠰᠢᠭᠤᠳ ᠬᠤᠯᠪᠣᠭᠳᠠᠬᠤ ᠤᠷᠤᠨ ᠲᠠᠯᠠᠪᠤᠷ᠂ ᠦᠯᠡᠳᠡᠭᠳᠡᠯ | ᠵᠢᠴᠢ ᠬᠠᠷᠢᠶᠠᠯᠠᠭᠳᠠᠬᠤ ᠪᠤᠳᠠᠰ ᠢ ᠡᠵᠡᠯᠡᠨ ᠠᠪᠴᠤ᠂ ᠡᠪᠳᠡᠵᠦ ᠪᠣᠯᠬᠤ ᠦᠭᠡᠢ︔ ᠴᠢᠬᠤᠯᠠ ᠪᠦᠬᠦᠢ ᠵᠠᠰᠠᠪᠤᠷᠢ | ᠣᠷᠣᠭᠤᠯᠬᠤ ᠦᠶ᠎ᠡ ᠳᠤ ᠲᠡᠭᠦᠨ ᠤ ᠤᠤᠯ ᠤᠨ ᠳᠦᠷᠰᠦ ᠪᠠᠶᠢᠳᠠᠯ ᠪᠠ ᠰᠣᠶᠣᠯ ᠤᠨ ᠠᠭᠤᠯᠤᠭᠳᠠᠬᠤᠨ ᠢ | ᠬᠤᠪᠢᠷᠠᠭᠤᠯᠵᠤ ᠪᠣᠯᠬᠤ ᠦᠭᠡᠢ᠃ | ᠲᠠᠪᠢᠨ ᠳᠥᠷᠪᠡᠳᠦᠭᠡᠷ ᠵᠣᠷᠪᠤᠰ ᠤᠯᠤᠰ ᠤᠨ ᠨᠢᠭᠤᠴᠠ ᠳᠤ ᠬᠤᠯᠪᠣᠭᠳᠠᠬᠤ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠳᠤ ᠬᠠᠤᠯᠢ ᠶᠣᠰᠣᠭᠠᠷ ᠨᠢᠭᠤᠴᠠ ᠶᠢᠨ ᠳᠡᠰ | ᠲᠣᠭᠲᠠᠭᠠᠵᠤ᠂ ᠬᠠᠮᠠᠭᠠᠯᠠᠬᠤ ᠠᠷᠭ᠎ᠠ ᠠᠪᠴᠠᠯ ᠠᠪᠬᠤ ᠬᠡᠷᠡᠭᠲᠡᠶ︔ ᠬᠤᠳᠠᠯᠳᠤᠭᠠᠨ ᠤ ᠨᠢᠭᠤᠴᠠ ᠳᠤ ᠬᠤᠯᠪᠣᠭᠳᠠᠪᠠᠯ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠡᠷᠡᠭᠵᠢᠭᠦᠯᠦᠨ᠎ᠡ᠃ | ᠲᠠᠪᠢᠨ ᠲᠠᠪᠤᠳᠤᠭᠠᠷ ᠵᠣᠷᠪᠤᠰ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ | ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠨ᠂ | ᠰᠣᠶᠣᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠣᠷᠣᠨ ᠨᠤᠲᠤᠭ᠂ ᠦᠨᠳᠦᠰᠦᠲᠡᠨ ᠤ ᠣᠨᠴᠠᠯᠢᠭ ᠪᠠ ᠵᠠᠬ᠎ᠠ | ᠳᠡᠯᠭᠡᠭᠦᠷ ᠤᠨ ᠨᠢᠭᠤᠭᠳᠠᠮᠠᠯ ᠬᠦᠴᠦᠨ ᠲᠠᠢ ᠰᠣᠶᠣᠯ ᠤᠨ ᠦᠢᠯᠡᠳᠬᠦᠨ ᠪᠠ ᠰᠣᠶᠣᠯ ᠤᠨ ᠦᠢᠯᠡᠴᠢᠯᠡᠭᠡ ᠶᠢ ᠨᠡᠭᠡᠭᠡᠨ | ᠬᠥᠭᠵᠢᠭᠦᠯᠬᠦ ᠶᠢ ᠵᠣᠷᠢᠭᠵᠢᠭᠤᠯᠤᠨ ᠳᠠᠮᠵᠢᠨ᠎ᠠ᠃ | ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠠᠰᠢᠭᠯᠠᠬᠤ ᠳᠤ ᠪᠠᠨ ᠲᠡᠭᠦᠨ ᠤ ᠰᠣᠶᠣᠯ ᠤᠨ | ᠦᠨᠳᠦᠰᠦᠨ ᠠᠭᠤᠯᠤᠭᠳᠠᠬᠤᠨ ᠢ ᠬᠦᠨᠳᠦᠳᠬᠡᠬᠦ ᠬᠡᠷᠡᠭᠲᠡᠶ᠂ ᠭᠠᠵᠢᠭᠤᠳᠠᠭᠤᠯᠵᠤ᠂ ᠳᠤᠷ᠎ᠠ ᠪᠠᠷ ᠢᠶᠠᠨ ᠬᠡᠷᠡᠭᠯᠡᠵᠦ | ᠪᠣᠯᠬᠤ ᠦᠭᠡᠢ᠃ | ᠲᠠᠪᠢᠨ ᠵᠢᠷᠭᠤᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠵᠦᠶ | ᠵᠣᠬᠢᠰᠲᠠᠶ ᠠᠰᠢᠭᠯᠠᠭᠰᠠᠨ ᠨᠢᠭᠡᠴᠢ ᠶᠢ ᠲᠡᠳᠬᠦᠬᠦ ᠬᠡᠷᠡᠭᠲᠡᠶ᠃ ᠲᠤᠰ ᠨᠢᠭᠡᠴᠢ ᠠᠴᠠ ᠪᠣᠳᠠᠰ ᠤᠨ ᠪᠤᠰᠤ ᠰᠣᠶᠣᠯ ᠤᠨ | ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠢ ᠵᠦᠶ ᠵᠣᠬᠢᠰᠲᠠᠶ ᠠᠰᠢᠭᠯᠠᠭᠰᠠᠨ ᠪᠠᠶᠢᠪᠠᠯ ᠤᠯᠤᠰ ᠠᠴᠠ | ᠲᠣᠭᠲᠠᠭᠠᠭᠰᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠬᠠᠤᠯᠢ ᠶᠣᠰᠣᠭᠠᠷ ᠬᠦᠷᠲᠡᠨ᠎ᠡ᠃ | ᠲᠠᠪᠢᠨ ᠳᠣᠯᠣᠳᠤᠭᠠᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠤᠨ | ᠬᠠᠮᠠᠭᠠᠯᠠᠯᠲᠠ ᠶᠢᠨ ᠵᠠᠷᠤᠳᠠᠯ ᠤᠨ ᠲᠤᠰᠬᠠᠶ ᠵᠣᠭᠤᠰ ᠢ ᠲᠤᠰᠬᠠᠶ ᠵᠣᠷᠪᠤᠰ ᠲᠤ ᠨᠢ ᠬᠡᠷᠡᠭᠯᠡᠬᠦ ᠶᠢ ᠪᠠᠲᠤᠯᠠᠬᠤ ᠬᠡᠷᠡᠭᠲᠡᠶ᠃ | | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠠᠪᠢᠨ ᠨᠠᠢᠮᠠᠳᠤᠭᠠᠷ ᠵᠣᠷᠪᠤᠰ ᠲᠣᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ | ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ | ︾ ᠵᠡᠷᠭᠡ ᠤᠯᠤᠰ ᠠᠴᠠ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠶ ᠰᠢᠢᠳᠭᠡᠨ ᠲᠣᠷᠭᠠᠬᠤ | ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠬᠡᠷᠡᠭᠵᠢᠭᠦᠯᠦᠨ᠎ᠡ᠃ | ᠲᠠᠪᠢ ᠶᠢᠰᠦᠳᠦᠭᠡᠷ ᠵᠣᠷᠪᠤᠰ ᠲᠣᠰ ᠳᠦᠷᠢᠮ ᠤᠨ ᠲᠣᠭᠲᠠᠭᠠᠯ ᠠᠴᠠ ᠵᠥᠷᠢᠴᠡᠨ ᠠᠷᠠᠳ ᠢᠷᠭᠡᠨ᠂ | ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠠᠴᠠ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠥᠷᠥᠯ ᠵᠦᠢᠯ ᠵᠢᠴᠢ ᠲᠡᠭᠦᠨ ᠢ ᠬᠠᠮᠠᠭᠠᠯᠠᠬᠤ ᠨᠢᠭᠡᠴᠢ ᠪᠤᠶᠤ ᠲᠥᠯᠥᠭᠡᠯᠡᠬᠦ ᠴᠢᠨᠠᠷᠲᠠᠶ | ᠤᠯᠠᠮᠵᠢᠯᠠᠨ ᠤᠯᠠᠮᠵᠢᠯᠠᠭᠴᠢ ᠶᠢ ᠮᠡᠳᠡᠭᠦᠯᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠣᠯ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠢ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠰᠡᠷᠡᠮᠵᠢ ᠥᠭᠬᠦ ᠬᠡᠷᠡᠭᠲᠡᠶ᠃ ᠦᠢᠯᠡ ᠪᠠᠶᠢᠳᠠᠯ ᠨᠢ | ᠬᠦᠨᠳᠦ ᠨᠣᠴᠢᠲᠠᠶ ᠪᠠᠶᠢᠪᠠᠯ᠂ ᠦᠨᠡᠯᠡᠨ ᠲᠣᠭᠲᠠᠭᠠᠬᠤ ᠳᠤ ᠣᠷᠣᠯᠴᠠᠬᠤ ᠬᠢᠷᠢ ᠬᠡᠮ ᠢ ᠨᠢ ᠬᠠᠰᠤᠨ᠎ᠠ︔ ᠨᠢᠭᠡᠨᠲᠡ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠦᠷᠦᠯ ᠵᠦᠢᠯ ᠵᠢᠴᠢ ᠲᠡᠭᠦᠨ ᠢ ᠬᠠᠮᠠᠭᠠᠯᠠᠬᠤ | ᠨᠢᠭᠡᠴᠢ ᠪᠤᠶᠤ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠪᠠᠷ ᠲᠣᠭᠲᠠᠭᠠᠭᠰᠠᠨ ᠪᠠᠶᠢᠪᠠᠯ ᠬᠦᠴᠦᠨ ᠦᠭᠡᠢ | ᠪᠣᠯᠭᠠᠬᠤ ᠶᠢᠨ ᠬᠠᠮᠲᠤ ᠲᠡᠭᠦᠨ ᠢ ᠵᠠᠷᠯᠢᠭᠳᠠᠵᠤ ᠪᠠᠶᠢᠭᠠᠳ ᠲᠦᠷᠦᠯ ᠵᠦᠢᠯ ᠢ ᠬᠠᠮᠠᠭᠠᠯᠠᠬᠤ᠂ ᠦᠪᠯᠡᠨ ᠤᠯᠠᠮᠵᠢᠯᠠᠬᠤ | ᠡᠳ᠋ ᠮᠥᠩᠭᠦ᠂ ᠨᠥᠬᠦᠪᠥᠷᠢ ᠵᠠᠷᠤᠳᠠᠯ ᠢ ᠨᠢ ᠪᠤᠴᠠᠭᠠᠯᠭᠠᠨ᠎ᠠ᠃ | ᠵᠢᠷᠠᠳᠤᠭᠠᠷ ᠵᠣᠷᠪᠤᠰ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠬᠠᠮᠠᠭᠠᠯᠠᠬᠤ ᠨᠢᠭᠡᠴᠢ ᠵᠦᠶ | ᠶᠣᠰᠣᠨ ᠤ ᠤᠴᠢᠷ ᠰᠢᠯᠲᠠᠭᠠᠨ ᠦᠭᠡᠢ ᠪᠠᠷ ᠬᠠᠮᠠᠭᠠᠯᠠᠬᠤ ᠡᠭᠦᠷᠭᠡ ᠪᠠᠨ ᠭᠦᠢᠴᠡᠳᠭᠡᠬᠦ ᠥᠬᠡᠶ ᠪᠣᠯ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠵᠠᠷᠯᠢᠭᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠲᠡᠶ᠃ ᠬᠤᠭᠤᠴᠠᠭ᠎ᠠ | ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠬᠢᠷᠢ ᠬᠡᠮ ᠢ ᠨᠢ ᠬᠠᠰᠤᠬᠤ ᠶᠢᠨ ᠬᠠᠮᠲᠤ ᠲᠤᠰ ᠵᠣᠷᠪᠤᠰ ᠢ | ᠬᠠᠮᠠᠭᠠᠯᠠᠬᠤ ᠨᠢᠭᠡᠴᠢ ᠶᠢ ᠳᠠᠬᠢᠨ ᠮᠠᠭᠠᠳᠯᠠᠨ ᠲᠣᠭᠲᠠᠭᠠᠨ᠎ᠠ᠃ | ᠵᠢᠷᠠᠨ ᠨᠢᠭᠡᠳᠦᠭᠡᠷ ᠵᠣᠷᠪᠤᠰ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠰᠣᠶᠣᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ | ᠰᠠᠯᠠᠭ᠎ᠠ ᠮᠥᠴᠢᠷ ᠵᠢᠴᠢ ᠠᠵᠢᠯᠲᠠᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ | ᠳᠤᠮᠳᠠ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠴᠤ | ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠢᠳᠭᠡᠯ | ᠣᠯᠭᠤᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ | ᠄ | ︵ᠨᠢᠭᠡ︶ ᠪᠣᠳᠠᠰ ᠤᠨ ᠪᠤᠰᠤ ᠰᠣᠶᠣᠯ ᠤᠨ ᠥᠪ ᠤᠨ ᠬᠤᠪᠣᠷ ᠨᠠᠨᠳᠢᠨ ᠮᠠᠲ᠋ᠧᠷᠢᠶᠠᠯ᠂ ᠪᠣᠳᠠᠲᠤ ᠶᠠᠭᠤᠮ᠎ᠠ | ᠵᠡᠷᠭᠡ ᠳᠤ ᠡᠪᠳᠡᠯᠡᠭᠡ ᠪᠠ ᠬᠤᠬᠢᠷᠠᠯ ᠤᠴᠠᠷᠠᠭᠤᠯᠤᠭᠰᠠᠨ︔ | ︵ᠬᠤᠶᠠᠷ︶ ᠨᠦᠬᠦᠴᠡᠯ ᠪᠠ ᠳᠠᠷᠠᠭᠠᠯᠠᠯ ᠢ ᠵᠥᠷᠢᠴᠡᠨ ᠪᠣᠳᠠᠰ ᠤᠨ ᠪᠤᠰᠤ ᠰᠣᠶᠣᠯ ᠤᠨ ᠥᠪ ᠤᠨ ᠲᠦᠯᠦᠭᠡᠯᠡᠬᠦ | ᠴᠢᠨᠠᠷᠲᠠᠢ ᠲᠦᠷᠦᠯ ᠵᠦᠢᠯ ᠵᠢᠴᠢ ᠲᠡᠭᠦᠨ ᠢ ᠬᠠᠮᠠᠭᠠᠯᠠᠬᠤ ᠨᠢᠭᠡᠴᠢ ᠪᠠ ᠲᠥᠯᠥᠭᠡᠯᠡᠬᠦ ᠴᠢᠨᠠᠷᠲᠠᠶ ᠦᠪᠯᠡᠨ | ᠤᠯᠠᠮᠵᠢᠯᠠᠭᠴᠢ ᠶᠢ ᠮᠠᠭᠠᠳᠯᠠᠨ ᠲᠣᠭᠲᠠᠭᠠᠭᠰᠠᠨ︔ | ︵ᠭᠤᠷᠪᠠ︶ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠬᠢᠬᠦ ᠳᠤ ᠪᠠᠨ ᠪᠠᠶᠢᠴᠠᠭᠠᠭᠳᠠᠬᠤ | ᠡᠲᠡᠭᠡᠳ ᠤᠨ ᠵᠠᠩ ᠳᠠᠳᠬᠠᠯ ᠳᠤ ᠬᠠᠯᠳᠠᠵᠤ ᠬᠦᠨᠳᠦ ᠨᠣᠴᠢᠲᠠᠶ ᠤᠷᠰᠢᠭ ᠲᠠᠲᠠᠭᠰᠠᠨ︔ | ︵ᠳᠦᠷᠪᠡ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠵᠠᠷᠤᠳᠠᠯ ᠢ ᠱᠠᠮᠰᠢᠭᠰᠠᠨ᠂ ᠨᠡᠭᠦᠯᠭᠡᠨ | ᠬᠡᠷᠡᠭᠯᠡᠭᠰᠡᠨ︔ | ︵ᠲᠠᠪᠤ︶ ᠠᠯᠪᠠᠨ ᠲᠤᠰᠢᠶᠠᠯ ᠳᠤ ᠪᠠᠨ ᠠᠯᠮᠠᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ | ᠬᠡᠷᠡᠭᠯᠡᠭᠰᠡᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | | | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | ᠵᠢᠷᠠᠨ ᠬᠤᠶᠠᠳᠤᠭᠠᠷ ᠵᠣᠷᠪᠤᠰ ᠲᠤᠰ ᠳᠦᠷᠢᠮ ᠢ 2017 ᠣᠨ ᠤ 7 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | |