ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠯᠠᠭᠠᠨᠴᠠᠪ ᠬᠤᠲᠠ ᠯᠤᠭ᠎ᠠ ᠬᠠᠮᠲᠤᠪᠠᠷ  ᠬᠤᠷᠢᠨ ᠶᠢᠰᠦᠳᠦᠭᠡᠷ ᠡᠭᠡᠯᠵᠢ ᠶᠢᠨ ᠵᠢᠭᠤᠯᠴᠢᠯᠠᠯ ᠤᠨ ᠨᠠᠭᠠᠳᠤᠮ ᠢ ᠡᠷᠬᠢᠯᠡᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2019/10/18
   
   ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠄       ᠲᠠᠨ ᠤ ᠢᠷᠡᠭᠦᠯᠦᠭᠰᠡᠨ ︽ ᠬᠤᠷᠢᠨ ᠶᠢᠰᠦᠳᠦᠭᠡᠷ ᠤᠳᠠᠭᠠᠨ ᠤ ᠵᠢᠭᠤᠯᠴᠢᠯᠠᠯ ᠤᠨ ᠨᠠᠭᠠᠳᠤᠮ ᠢ ᠡᠷᠬᠢᠯᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠦᠪᠣᠷ ᠮᠣᠩᠭᠤᠯ ᠤᠨ ᠰᠣᠶᠣᠯ ᠪᠡ ᠵᠢᠭᠤᠯᠴᠢᠯᠡᠯ ᠤᠨ ᠲᠢᠩᠭᠢᠮ ᠤᠨ ᠳᠣᠲᠣᠭᠠᠳᠤ   ᠪᠢᠴᠢᠭ ᠮᠠᠲ᠋ᠧᠷᠢᠶᠠᠯ ︹ 2019 ︺ 125 ᠳ᠋ᠤᠭᠠᠷ ᠲᠣᠭᠠᠲᠤ︶ ᠶᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠢ ᠬᠦᠯᠢᠶᠡᠨ ᠭᠠᠷᠳᠠᠪᠠ᠃ ︽ᠪᠠᠶᠠᠷ ᠳᠤᠷᠠᠰᠬᠠᠯ ᠤᠨ ᠡᠳᠦᠷ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠨᠠᠮ ᠠᠯᠪᠠᠨ ᠲᠠᠷᠬᠠᠭᠠᠭᠰᠠᠨ ︹ 2015 ︺ 45 ᠳ᠋ᠤᠭᠠᠷ ᠲᠣᠭᠠᠲᠤ︶ ᠶᠢᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠭᠡᠵᠣ᠂ ᠰᠠᠶᠢᠰᠢᠶᠠᠨ ᠬᠥᠬᠢᠭᠦᠯᠬᠦ ᠶᠢ ᠵᠢᠷᠤᠮᠵᠢᠭᠤᠯᠬᠤ ᠵᠢᠴᠢ ᠪᠠᠶᠠᠷ ᠳᠤᠷᠠᠰᠬᠠᠯ ᠤᠨ  ᠶᠠᠷᠢᠶᠠᠨ ᠤ ᠲᠠᠪᠴᠠᠩ   ᠤᠨ ᠦᠵᠡᠭᠦᠯᠦᠯᠭᠡ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠰᠤᠳᠤᠯᠤᠯᠲᠠ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠲᠠᠨ ᠤ ᠲᠢᠩᠬᠢᠮ ᠬᠢᠭᠡᠳ ᠤᠯᠠᠭᠠᠨᠴᠠᠪ ᠬᠤᠲᠠ ᠬᠠᠮᠲᠤᠪᠠᠷ ᠬᠤᠷᠢᠨ  ᠶᠢᠰᠦᠳᠦᠭᠡᠷ  ᠣᠳᠠᠭᠠᠨ ᠤ ᠵᠢᠭᠤᠯᠴᠢᠯᠠᠯ ᠤᠨ ᠨᠠᠭᠠᠳᠤᠮ ᠢ  ᠳᠥᠷᠪᠡᠳ ᠬᠤᠰᠢᠭᠤᠨ ᠳᠤ  ᠡᠷᠭᠢᠯᠡᠬᠦ ᠶᠢ ᠵᠦᠪᠰᠢᠶᠡᠷᠡᠪᠡ᠃       ᠡᠭᠦᠨ ᠤ ᠳᠠᠭᠠᠤ ᠳᠣᠤᠷᠠᠬᠢ  ᠬᠡᠳᠦᠨ ᠰᠠᠨᠠᠯ ᠢ  ᠳᠣᠷᠠᠳᠬᠤ ᠨᠢ᠄ ᠨᠢᠭᠡ ᠳᠤ᠂ ᠲᠥᠪ ᠬᠤᠷᠢᠶᠠᠨ ᠤ  ᠨᠠᠢᠮᠠᠨ ᠵᠤᠷᠪᠤᠰ ᠲᠣᠭᠲᠠᠭᠠᠯ ᠵᠢᠴᠢ  ᠭᠦᠢᠴᠡᠳᠭᠡᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠦᠷᠢᠨ ᠲᠥᠬᠦᠷ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ ᠡᠯ᠎ᠡ  ᠵᠦᠢᠯ ᠤᠨ ᠠᠵᠢᠯᠯᠠᠭ᠎ᠠ   ᠪᠠᠨ ᠠᠷᠪᠢᠳᠡᠢ ᠭᠠᠮᠲᠠᠢ ᠪᠠᠷ ᠡᠷᠬᠢᠯᠡᠬᠦ ᠬᠡᠷᠡᠭᠲᠡᠶ᠃ ᠬᠤᠶᠠᠷ ᠲᠤ᠂ ᠤᠷᠠᠨ ᠰᠠᠶᠢᠬᠠᠨ ᠤ ᠲᠣᠭᠯᠠᠯᠲᠠ᠂ ᠦᠵᠡᠰᠬᠦᠯᠡᠩ ᠦᠵᠡᠭᠦᠯᠦᠯᠭᠡ ᠵᠡᠷᠭᠡ ᠠᠵᠢᠯᠯᠠᠭ᠎ᠠ ᠶᠢᠨ ᠠᠭᠤᠯᠭ᠎ᠠ ᠶᠢ ᠴᠢᠩᠭ᠎ᠠ ᠬᠢᠨᠠᠨ ᠬᠠᠮᠢᠶᠠᠷᠴᠤ᠂ ᠦᠵᠡᠯ ᠤᠬᠠᠮᠰᠠᠷ ᠤᠨ ᠬᠡᠯᠪᠡᠷᠢ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠭᠤᠷᠪᠠ ᠳᠤ᠂ ᠭᠠᠯ ᠢ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠭᠢᠰᠬᠢᠯᠡᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠠᠵᠢᠯᠯᠠᠭ᠎ᠠ ᠶᠢᠨ ᠠᠮᠤᠷ ᠲᠦᠪᠰᠢᠨ ᠢ ᠦᠨᠡᠨ ᠬᠦ  ᠪᠠᠲᠤᠯᠠᠬᠤ ᠬᠡᠷᠡᠭᠲᠡᠶ᠃ ᠳᠥᠷᠪᠡ ᠳᠤ᠂ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 2 ᠰᠠᠷ᠎ᠠ ᠶᠢᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ  ᠶᠣᠰᠣᠯᠠᠯ ᠢ ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠲᠣᠬᠢᠷᠠᠭᠤᠯᠪᠠ︶  ᠳᠤ ᠲᠣᠰ ᠤᠳᠠᠭᠠᠨ ᠤ ᠠᠵᠢᠯᠯᠠᠭ᠎ᠠ ᠶᠢᠨ ᠳ᠋ᠦᠩᠨᠡᠯᠲᠡ ᠪᠠᠨ ᠬᠦᠷᠭᠡᠨ ᠮᠡᠳᠡᠭᠦᠯᠬᠦ ᠬᠡᠷᠡᠭᠲᠡᠶ᠃ ᠲᠠᠪᠤ ᠳᠤ  ᠂  ᠳᠠᠬᠢᠭᠠᠳ ᠡᠶᠢᠮᠣᠷᠬᠦᠦ ᠬᠠᠮᠢᠶ᠎ᠠ ᠪᠦᠬᠦᠢ ᠪᠠᠶᠠᠷ ᠳᠣᠷᠠᠰᠬᠠᠯ ᠢ  ᠪᠡᠯᠭᠡᠯᠡᠬᠦ ᠦᠢᠯᠡ ᠠᠵᠢᠯᠯᠠᠭ᠎ᠠ  ᠬᠢᠬᠦ ᠳᠤ ᠬᠦᠷᠪᠡᠯ᠂ ᠪᠠᠶᠠᠷ ᠳᠤᠷᠠᠰᠬᠠᠯ ᠤᠨ ᠡᠳᠦᠷ ᠢ ᠪᠡᠯᠭᠡᠯᠡᠬᠦ ᠬᠦᠳᠡᠯᠭᠡᠭᠡᠨ   ᠤ ᠬᠠᠮᠢᠶᠠᠷᠣᠯᠳᠠ ᠶᠢᠨ  ᠳᠦᠷᠢᠮ ᠲᠣᠭᠳᠠᠭᠠᠯ ᠢ ᠴᠢᠩᠭ᠎ᠠ  ᠪᠠᠷᠢᠮᠲᠡᠯᠡᠵᠣ᠂  ᠲᠣᠭᠳᠠᠭᠰᠠᠨ ᠴᠠᠭ ᠬᠤᠭᠤᠴᠠᠭᠠᠨ ᠤ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ  ᠢᠶᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃       ᠡᠭᠦᠨ ᠤ ᠳᠤ ᠲᠤᠯᠠ ᠲᠤᠰᠬᠠᠶᠢᠯᠠᠨ ᠴᠣᠬᠤᠯᠠᠪᠤᠷᠢᠯᠠᠨ ᠬᠠᠷᠢᠭᠤᠯᠪᠠ  ᠃                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ                          ᠶᠣᠰᠣᠯᠠᠯ ᠢ ᠵᠢᠷᠤᠮᠵᠢᠭᠤᠯᠬᠤ ᠠᠵᠢᠯ  ᠤᠨ ᠲᠤᠰᠬᠠᠶ  ᠳᠣᠭᠤᠶᠢᠯᠠᠩ                                                     2019 ᠤᠨ ᠤ  8 ᠰᠠᠷ᠎ᠠ ᠶᠢᠨ 13 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map