ᠦᠬᠠᠶ ᠬᠤᠲᠠ ᠶᠢᠨ 2019 ᠦᠬᠠᠶ ᠶᠢᠨ ᠡᠯᠡᠰᠦᠨ ᠴᠦᠯ ᠤᠨ ᠦᠵᠦᠮ ᠤᠨ ᠠᠷᠢᠬᠢ ᠶᠢᠨ ᠰᠣᠶᠣᠯ  ᠵᠢᠭᠤᠯᠴᠢᠯᠡᠯ ᠤᠨ ᠨᠠᠶᠢᠷ ᠡᠷᠬᠢᠯᠡᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2019/10/18
   ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄       ᠡᠷᠬᠢᠮ ᠬᠤᠲᠠ ᠶᠢᠨ ︽2019 ᠦᠬᠠᠶ ᠶᠢᠨ ᠡᠯᠡᠰᠦᠨ ᠴᠦᠯ ᠤᠨ ᠦᠵᠦᠮ ᠤᠨ ᠠᠷᠢᠬᠢ ᠶᠢᠨ ᠰᠣᠶᠣᠯ ᠵᠢᠭᠤᠯᠴᠢᠯᠠᠯ ᠤᠨ ᠪᠠᠶᠠᠷ ᠢ ᠡᠷᠬᠢᠯᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠦᠬᠠᠶ ᠬᠤᠳᠠ ᠶᠢᠨ ᠵᠠᠰᠠᠭ  ᠤᠨ ᠣᠷᠳᠣᠨ ᠤ ᠲᠠᠷᠬᠠᠭᠠᠭᠰᠠᠨ ︹ 2019 ︺ 35 ᠳ᠋ᠤᠭᠠᠷ ᠲᠣᠭᠠᠲᠤ︶  ᠪᠠ ᠲᠣᠰ ᠦᠢᠯᠡ ᠠᠵᠢᠯᠯᠠᠭᠠᠨ ᠤ ᠲᠣᠬᠠᠢ ᠬᠠᠮᠢᠶ᠎ᠠ ᠪᠦᠬᠦᠢ ᠮᠠᠲ᠋ᠧᠷᠢᠶᠠᠯ   ᠢ  ᠬᠦᠯᠢᠶᠡᠨ ᠭᠠᠷᠳᠠᠪᠠ᠃ ︽ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠨᠠᠮ ᠠᠯᠪᠠᠨ ᠲᠠᠷᠬᠠᠭᠠᠭᠰᠠᠨ ︹ 2015 ︺ 45 ᠳ᠋ᠤᠭᠠᠷ ᠲᠣᠭᠠᠲᠤ︶ ᠶᠢᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ  ᠬᠦᠷᠭᠡᠵᠣ᠂ ᠰᠠᠶᠢᠰᠢᠶᠠᠨ ᠬᠥᠬᠢᠭᠦᠯᠬᠦ ᠶᠢ ᠵᠢᠷᠣᠮᠵᠢᠭᠤᠯᠬᠤ ᠵᠢᠴᠢ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠤᠨ ᠦᠵᠡᠭᠦᠯᠦᠯᠭᠡ ᠶᠢᠨ ᠴᠤᠭᠯᠠᠭᠠᠨ ᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠰᠤᠳᠤᠯᠤᠯᠲᠠ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠲᠠᠨ   ᠤ ᠬᠤᠲᠠ ᠶᠢᠨ 2019 ᠦᠬᠠᠶ ᠶᠢᠨ ᠡᠯᠡᠰᠦᠨ ᠴᠦᠯ ᠤᠨ ᠦᠵᠦᠮ ᠤᠨ ᠠᠷᠢᠬᠢ ᠶᠢᠨ ᠰᠣᠶᠣᠯ ᠵᠢᠭᠤᠯᠴᠢᠯᠠᠯ ᠤᠨ ᠨᠠᠶᠢᠷ ᠡᠷᠬᠢᠯᠡᠬᠦ ᠶᠢ  ᠵᠦᠪᠰᠢᠶᠡᠷᠡᠪᠡ᠃       ᠡᠭᠦᠨ ᠤ  ᠳᠠᠭᠠᠤ  ᠳᠣᠤᠷᠠᠬᠢ  ᠬᠡᠳᠣᠨ ᠰᠠᠨᠠᠯ ᠢ  ᠳᠣᠷᠠᠳᠬᠤ ᠨᠢ᠄ ᠨᠢᠭᠡ ᠳᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ  ᠭᠦᠢᠴᠡᠳᠭᠡᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠦᠷᠢᠨ ᠲᠥᠬᠦᠷ ᠳᠦᠷᠢᠮ ᠲᠣᠭᠲᠠᠭᠠᠯ   ᠢ ᠴᠢᠩᠭ᠎ᠠ ᠬᠡᠷᠡᠭᠵᠢᠭᠦᠯᠵᠦ  ᠂ ᠡᠯ᠎ᠡ  ᠵᠦᠢᠯ ᠤᠨ ᠠᠵᠢᠯᠯᠠᠭ᠎ᠠ  ᠪᠠᠨ  ᠠᠷᠪᠢᠳᠡᠢ ᠭᠠᠮᠲᠠᠢ ᠪᠠᠷ ᠦᠷᠨᠢᠭᠦᠯᠬᠦ ᠬᠡᠷᠡᠭᠲᠡᠶ᠃ ᠬᠤᠶᠠᠷ ᠲᠤ  ᠂ ᠤᠷᠠᠨ ᠰᠠᠶᠢᠬᠠᠨ ᠤ ᠲᠣᠭᠯᠠᠯᠲᠠ᠂ ᠦᠵᠡᠰᠬᠦᠯᠡᠩ ᠦᠵᠡᠭᠦᠯᠦᠯᠭᠡ ᠵᠡᠷᠭᠡ ᠠᠵᠢᠯᠯᠠᠭ᠎ᠠ ᠶᠢᠨ ᠠᠭᠤᠯᠭ᠎ᠠ ᠶᠢ ᠴᠢᠩᠭ᠎ᠠ ᠬᠢᠨᠠᠨ ᠬᠠᠮᠢᠶᠠᠷᠴᠤ᠂ ᠦᠵᠡᠯ ᠤᠬᠠᠮᠰᠠᠷ ᠤᠨ ᠬᠡᠯᠪᠡᠷᠢ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠭᠤᠷᠪᠠ ᠳᠤ ᠭᠠᠯ ᠢ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠭᠢᠰᠬᠢᠯᠡᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠴᠢᠩᠭ᠎ᠠ ᠰᠠᠶᠢᠲᠤᠷ ᠬᠢᠵᠦ᠂ ᠠᠵᠢᠯᠯᠠᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠳᠥᠷᠪᠡ ᠳᠤ᠂ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 2 ᠰᠠᠷ᠎ᠠ ᠶᠢᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ  ᠶᠣᠰᠣᠯᠡᠯ ᠢ   ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠲᠣᠬᠢᠷᠠᠭᠤᠯᠪᠠ︶  ᠳᠤ ᠲᠣᠰ ᠤᠳᠠᠭᠠᠨ ᠤ ᠠᠵᠢᠯᠯᠠᠭ᠎ᠠ ᠶᠢᠨ ᠳ᠋ᠦᠩᠨᠡᠯᠲᠡ ᠪᠠᠨ  ᠬᠦᠷᠭᠡᠨ ᠮᠡᠳᠡᠭᠦᠯᠬᠦ ᠬᠡᠷᠡᠭᠲᠡᠶ᠃       ᠡᠭᠦᠨ ᠤ ᠳᠤ ᠲᠤᠯᠠ ᠲᠤᠰᠬᠠᠶᠢᠯᠠᠨ ᠴᠣᠬᠤᠯᠠᠪᠤᠷᠢᠯᠠᠨ ᠬᠠᠷᠢᠭᠤᠯᠪᠠ  ᠃                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ                            ᠶᠣᠰᠣᠯᠠᠯ ᠢ ᠵᠢᠷᠣᠮᠵᠢᠭᠤᠯᠬᠤ ᠠᠵᠢᠯ   ᠤᠨ ᠲᠤᠰᠬᠠᠶ  ᠳᠣᠭᠤᠶᠢᠯᠠᠩ                                                2019 ᠣᠨ ᠤ 8 ᠰᠠᠷ᠎ᠠ ᠶᠢᠨ 15 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map