ᠶᠠᠮᠤᠨ ᠤ ᠰᠠᠶᠢᠳ ᠯᠦᠸᠧ ᠱᠣ᠋ ᠭᠠᠩ  ᠲᠠᠢ ᠤᠯᠤᠰ ᠤᠨ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠢᠦᠶ ᠲᠠ ᠰᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2019/10/18
     10 ᠰᠠᠷ᠎ᠠ ᠶᠢᠨ 8 ᠤ ᠡᠳᠦᠷ᠂ ᠯᠦᠸᠧ ᠱᠣ᠋ ᠭᠠᠩ ᠶᠠᠮᠤᠨ  ᠤ ᠰᠠᠶᠢᠳ ᠳᠤᠮᠳᠠᠳᠤ ᠤᠯᠤᠰ ᠳᠤ ᠠᠶᠢᠯᠴᠢᠯᠠᠭᠰᠠᠨ ᠲᠠᠢ ᠤᠯᠤᠰ  ᠤᠨ ᠤᠯᠤᠰ  ᠤᠨ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠢᠦᠶ ᠲᠠ ᠰᠠ ᠵᠢᠴᠢ ᠲᠥᠯᠥᠭᠡᠯᠡᠭᠴᠢᠳ ᠤᠨ ᠪᠦᠯᠬᠦᠮ ᠲᠠᠢ ᠠᠭᠤᠯᠵᠠᠪᠠ᠃ ᠬᠤᠶᠠᠷ ᠤᠯᠤᠰ  ᠤᠨ ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠵᠶ᠋ᠠᠨ‌ᠬᠤᠶᠠᠷ ᠲᠠᠯ᠎ᠠ ᠪᠠᠷ ᠢᠶᠠᠨ ᠭᠦᠨᠵᠡᠭᠡᠶ ᠰᠣᠯᠢᠯᠴᠠᠪᠠ᠃      ᠶᠠᠮᠤᠨ ᠤ ᠰᠠᠶᠢᠳ ᠯᠦᠸᠧ ᠱᠣ᠋ ᠭᠠᠩ᠂ ᠢᠦᠢ ᠲᠠ ᠰᠠ ᠲᠤᠪᠴᠢᠶᠠᠨ ᠳᠠᠷᠤᠭ᠎ᠠ  ᠶᠢᠨ ᠪᠦᠯᠬᠦᠮ ᠳᠠᠭᠠᠭᠤᠯᠤᠨ ᠳᠤᠮᠳᠠᠳᠤ ᠤᠯᠤᠰ  ᠲᠤ ᠳᠠᠬᠢᠨᠲᠠ ᠠᠶᠢᠯᠴᠢᠯᠠᠭᠰᠠᠨ  ᠢ ᠪᠠᠶᠠᠷᠯᠠᠨ ᠤᠭᠲᠤᠵᠤ᠂ ᠳᠤᠮᠳᠠᠳᠤ ᠤᠯᠤᠰ ᠪᠠ ᠲᠠᠢ ᠤᠯᠤᠰ  ᠤᠨ ᠰᠣᠶᠣᠯ ᠪᠣᠯᠤᠨ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠠᠢ ᠤᠯᠤᠰ  ᠤᠨ ᠤᠯᠤᠰ  ᠤᠨ ᠵᠢᠭᠤᠯᠴᠢᠯᠠᠯ ᠤᠨ ᠲᠣᠪᠴᠢᠶ᠎ᠠ ᠶᠢᠨ ᠤᠷᠲᠤ ᠬᠤᠭᠤᠴᠠᠭᠠᠨ ᠤ ᠲᠤᠷᠰᠢ ᠬᠤᠶᠠᠷ ᠤᠯᠤᠰ  ᠤᠨ ᠰᠣᠶᠣᠯ ᠪᠣᠯᠤᠨ ᠵᠢᠭᠤᠯᠴᠢᠯᠠᠯ ᠤᠨ ᠬᠠᠷᠢᠴᠠᠭ᠎ᠠ ᠶᠢ ᠭᠦᠨᠵᠡᠭᠡᠶᠢᠷᠡᠭᠦᠯᠬᠦ ᠳᠤ ᠦᠵᠡᠭᠦᠯᠦᠭᠰᠡᠨ ᠴᠢᠬᠤᠯᠠ ᠦᠢᠯᠡᠳᠦᠯ ᠢ ᠮᠠᠭᠲᠠᠨ ᠰᠠᠶᠢᠰᠢᠶᠠᠪᠠ᠃ ᠯᠦᠸᠧ ᠱᠣ᠋ ᠭᠠᠩ᠂ ᠳᠤᠮᠳᠠᠳᠤ ᠤᠯᠤᠰ᠂ ᠲᠠᠢ ᠤᠯᠤᠰ ᠬᠤᠶᠠᠷ ᠨᠢᠭᠡᠨᠲᠡ ᠰᠢᠨ᠎ᠡ ᠴᠠᠭ ᠦᠶ᠎ᠡ ᠳᠤ ᠣᠷᠣᠵᠤ᠂  ᠳᠡᠭᠡᠳᠦ ᠳᠠᠪᠬᠤᠷᠭ᠎ᠠ ᠶᠢᠨ ᠬᠠᠷᠢᠯᠴᠠᠭ᠎ᠠ ᠣᠯᠠᠰᠢᠷᠠᠵᠤ᠂ ᠰᠣᠶᠣᠯ ᠪᠠ ᠵᠢᠭᠤᠯᠴᠢᠯᠠᠯ ᠤᠨ ᠰᠣᠯᠢᠯᠴᠠᠭᠠᠨ ᠤ ᠰᠠᠭᠤᠷᠢ ᠯᠠᠪᠳᠠᠭᠤᠨ ᠪᠠᠲᠤᠲᠠᠶ᠂ ᠲᠠᠪᠴᠠᠩ ᠥᠷᠭᠡᠨ ᠠᠭᠤᠳᠠᠮ ᠪᠤᠯᠤᠨ᠎ᠠ᠃ ᠰᠣᠶᠣᠯ ᠪᠠ ᠵᠢᠭᠤᠯᠴᠢᠯᠠᠯ ᠤᠨ ᠶᠠᠮᠤᠨ ᠳᠤᠷᠠᠲᠠᠶ᠎ᠠ ᠢᠷᠡᠭᠡᠳᠦᠢ ᠳᠤ ᠲᠠᠢ ᠤᠯᠤᠰ  ᠤᠨ ᠤᠯᠤᠰ  ᠤᠨ ᠵᠢᠭᠤᠯᠴᠢᠯᠠᠯ ᠤᠨ ᠲᠣᠪᠴᠢᠶ᠎ᠠ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ᠂ ᠬᠤᠶᠠᠷ ᠤᠯᠤᠰ  ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ ᠯᠦᠸᠧ ᠱᠣ᠋ ᠭᠠᠩ ᠴᠢᠬᠤᠯᠠᠴᠢᠯᠠᠭᠰᠠᠨ ᠨᠢ᠂ ᠳᠤᠮᠳᠠᠳᠤ ᠤᠯᠤᠰ᠂ ᠲᠠᠢ ᠤᠯᠤᠰ ᠬᠤᠶᠠᠷ ᠲᠠᠯ᠎ᠠ ᠪᠠᠷ ᠢᠶᠠᠨ ᠤᠳᠤ ᠪᠠᠶᠢᠭ᠎ᠠ ᠨᠡᠷᠡᠲᠦ ᠲᠡᠮᠳᠡᠭᠲᠦ ᠲᠥᠷᠥᠯ ᠵᠦᠢᠯ ᠪᠣᠯᠤᠨ ᠡᠬᠢ ᠪᠠᠶᠠᠯᠢᠭ ᠤᠨ ᠲᠠᠪᠴᠠᠩ  ᠠᠴᠠ  ᠪᠠᠨ ᠭᠠᠷᠲᠠᠨ ᠬᠢᠵᠦ᠂ ᠰᠣᠶᠣᠯ ᠵᠢᠭᠤᠯᠴᠢᠯᠠᠯ ᠤᠨ ᠠᠭᠤᠰᠤᠯᠳᠤᠨ ᠬᠥᠭᠵᠢᠬᠦ ᠶᠢ ᠴᠢᠩᠭᠠᠳᠬᠠᠨ᠂ ᠬᠤᠣᠰ ᠴᠢᠭᠯᠡᠯ ᠤᠨ ᠵᠢᠭᠤᠯᠴᠢᠯᠠᠯ ᠢ ᠢᠳᠡᠪᠬᠢᠲᠡᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ᠂ ᠲᠠᠢ ᠤᠯᠤᠰ  ᠤᠨ ᠬᠢᠨ ᠵᠢᠭᠤᠯᠴᠢᠯᠠᠯ ᠤᠨ ᠤᠰᠤ ᠭᠠᠲᠤᠯᠬᠤ ᠲᠥᠷᠥᠯ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠨᠠᠭᠰᠢᠳᠠ ᠳᠡᠭᠡᠭᠰᠢᠯᠡᠭᠦᠯᠬᠦ᠂ ᠬᠠᠭᠤᠷᠠᠶ ᠵᠠᠮ ᠤᠨ ᠵᠠᠮ ᠬᠠᠷᠢᠯᠴᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠢ ᠴᠢᠩᠭᠠᠳᠬᠠᠬᠤ ᠶᠢ ᠬᠦᠰᠡᠵᠦ ᠪᠠᠶᠢᠨ᠎ᠠ᠃ ᠢᠦᠶ ᠲᠠ ᠰᠠ ᠳᠤᠮᠳᠠᠳᠤ ᠤᠯᠤᠰ  ᠤᠨ ᠲᠠᠯ᠎ᠠ ᠶᠢᠨ ᠰᠠᠨᠠᠭᠤᠯᠭ᠎ᠠ ᠶᠢ ᠵᠥᠪᠰᠢᠶᠡᠷᠡᠭᠰᠡᠨ ᠪᠥᠭᠡᠳ ᠲᠠᠢ ᠤᠯᠤᠰ ᠤᠨ ᠲᠠᠯ᠎ᠠ ᠶᠢᠨ ᠬᠢᠨ ᠳᠤᠷᠠᠲᠠᠶᠢᠶ᠎ᠠ ᠳᠤᠮᠳᠠᠳᠤ ᠤᠯᠤᠰ  ᠤᠨ ᠲᠠᠯ᠎ᠠ ᠶᠢᠨ  ᠬᠢᠨ ᠲᠠᠢ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠲᠠᠢ ᠬᠤᠶᠠᠷ ᠤᠯᠤᠰ  ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ᠃      
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map