ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ 028 ᠳ᠋ᠤᠭᠠᠷ ᠲᠣᠭᠠᠲᠤ ᠰᠠᠨᠠᠭᠤᠯᠭ᠎ᠠ ᠶᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄
2019/10/28
ᠲᠥᠯᠥᠭᠡᠯᠡᠭᠴᠢ ᠵᠠᠩ ᠵᠢᠶᠦ᠋ᠨ ᠲᠤᠤ᠄      ᠲᠠᠨ  ᠤ ᠳᠤᠷᠠᠳᠤᠭᠰᠠᠨ ︽︿ᠨᠤᠲᠤᠭ ᠤᠰᠤᠨ ᠤ ᠰᠣᠶᠣᠯ ᠢ ᠬᠠᠮᠠᠭᠠᠯᠠᠬᠤ ᠬᠠᠤᠯᠢ﹀ ᠪᠤᠶᠤ ᠳᠦᠷᠢᠮ ᠢ ᠰᠤᠳᠤᠯᠤᠨ ᠲᠣᠭᠲᠠᠭᠠᠬᠤ ᠲᠤᠬᠠᠶ ᠰᠠᠨᠠᠭᠤᠯᠭ᠎ᠠ︾  ᠶᠢ ᠬᠤᠷᠢᠶᠠᠨ ᠣᠯᠪᠠ᠃ ᠲᠤᠰ ᠰᠠᠨᠠᠭᠤᠯᠭ᠎ᠠ ᠮᠠᠰᠢ ᠴᠢᠬᠤᠯᠠ ᠶᠤᠮ᠂ ᠨᠤᠲᠤᠭ ᠤᠰᠤᠨ ᠤ ᠰᠣᠶᠣᠯ ᠤᠨ ᠬᠠᠮᠠᠭᠠᠯᠠᠯᠲᠠ ᠨᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠨᠤᠲᠤᠭ ᠤᠰᠤᠨ ᠤ ᠰᠣᠶᠣᠯ ᠳᠤ ᠠᠭᠤᠯᠤᠭᠳᠠᠵᠤ ᠪᠠᠶᠢᠭ᠎ᠠ ᠠᠭᠤᠯᠭ᠎ᠠ ᠪᠠᠶᠠᠯᠢᠭ᠂ ᠮᠠᠨ ᠤ ᠲᠢᠩᠬᠢᠮ ᠤᠨ ᠠᠵᠢᠯ ᠤᠨ ᠬᠦᠷᠢᠶ᠎ᠡ ᠴᠠᠷᠠᠭ᠎ᠠ ᠳᠤ ᠬᠤᠯᠪᠣᠭᠳᠠᠬᠤ ᠨᠢ ᠲᠡᠭᠦᠨ ᠤ ᠲᠤᠳᠤᠷᠠᠬᠢ ᠨᠢᠭᠡ ᠪᠠᠭᠠᠬᠠᠨ ᠬᠡᠰᠡᠭ ᠪᠤᠯᠤᠨ᠎ᠠ᠃ ᠣᠳᠣ ᠮᠠᠨ ᠤ ᠲᠢᠩᠬᠢᠮ ᠤᠨ ᠠᠵᠢᠯ ᠤᠨ ᠠᠭᠤᠯᠭ᠎ᠠ ᠳᠤ ᠬᠤᠯᠪᠤᠭᠳᠠᠬᠤ ᠠᠭᠤᠯᠭ᠎ᠠ  ᠳᠤ ᠳᠣᠤᠷᠠᠬᠢ ᠮᠡᠲᠦ ᠬᠠᠷᠢᠭᠤᠯᠲᠠ ᠥᠭᠬᠦᠶ᠎ᠡ᠄      ᠨᠢᠭᠡ᠂ ᠮᠠᠨ ᠤ ᠲᠢᠩᠬᠢᠮ ᠤᠨ ᠨᠤᠲᠤᠭ ᠤᠰᠤᠨ ᠤ ᠰᠣᠶᠣᠯ ᠤᠨ ᠠᠵᠢᠯ ᠳᠤ ᠬᠤᠯᠪᠣᠭᠳᠠᠭᠰᠠᠨ ᠶᠡᠷᠦᠩᠬᠡᠶ ᠪᠠᠶᠢᠳᠠᠯ      ᠨᠤᠲᠤᠭ ᠤᠰᠤᠨ ᠤ ᠰᠣᠶᠣᠯ ᠳᠤ ᠡᠷᠳᠡᠮᠲᠡᠳ ᠤᠨ ᠠᠩᠭᠢᠯᠠᠯ ᠶᠣᠰᠣᠭᠠᠷ ᠳᠥᠷᠪᠡᠨ ᠳᠠᠪᠬᠤᠷᠭ᠎ᠠ ᠶᠢ ᠪᠠᠭᠲᠠᠭᠠᠬᠤ ᠬᠡᠷᠡᠭᠲᠡᠶ᠄ ᠪᠣᠳᠠᠰ ᠤᠨ ᠲᠥᠯᠥᠪ ᠤᠨ ᠰᠣᠶᠣᠯ ᠤᠨ ᠳᠠᠪᠬᠤᠷᠭ᠎ᠠ᠂ ᠦᠢᠯᠡ ᠠᠵᠢᠯᠯᠠᠭ᠎ᠠ ᠶᠢᠨ ᠰᠣᠶᠣᠯ ᠤᠨ ᠳᠠᠪᠬᠤᠷᠭ᠎ᠠ ᠵᠡᠷᠭᠡ᠂ ᠳᠦᠷᠢᠮ ᠤᠨ ᠰᠣᠶᠣᠯ ᠤᠨ ᠳᠠᠪᠬᠤᠷᠭ᠎ᠠ᠂ ᠣᠶᠤᠨ ᠤ ᠰᠣᠶᠣᠯ ᠤᠨ ᠳᠠᠪᠬᠤᠷᠭ᠎ᠠ᠃ ᠪᠣᠳᠠᠲᠠᠶ ᠪᠠᠷ ᠬᠡᠯᠡᠪᠡᠯ ᠬᠥᠳᠡᠭᠡ ᠲᠣᠰᠬᠤᠨ ᠤ ᠠᠭᠤᠯᠠ ᠤᠰᠤ᠂ ᠬᠥᠳᠡᠭᠡ ᠲᠣᠰᠬᠤᠨ ᠤ ᠰᠠᠭᠤᠷᠢᠰᠢᠯ᠂ ᠬᠥᠳᠡᠭᠡ ᠲᠣᠰᠬᠤᠨ ᠤ ᠪᠠᠷᠢᠯᠭ᠎ᠠ᠂ ᠲᠣᠰᠬᠤᠨ ᠤ ᠳᠦᠷᠢᠮ ᠠᠷᠠᠳ ᠤᠨ ᠭᠡᠷ᠎ᠡ᠂ ᠠᠷᠠᠳ ᠤᠨ ᠵᠠᠩ ᠵᠠᠩᠰᠢᠯ ᠤᠨ ᠳᠠᠭᠠᠤ ᠭᠠᠷ ᠤᠷᠠᠯᠠᠯ᠂ ᠰᠢ ᠵᠦᠴᠦᠭᠡ᠂ ᠤᠯᠠᠮᠵᠢᠯᠠᠯᠲᠤ ᠢᠳᠡᠭᠡᠨ ᠤᠮᠳᠠᠭᠠᠨ᠂ ᠬᠤᠪᠴᠠᠰᠤ ᠵᠠᠰᠠᠯ ᠵᠡᠷᠭᠡ ᠶᠢ ᠪᠠᠭᠲᠠᠭᠠᠵᠤ᠂ ᠨᠢᠭᠡ ᠨᠤᠲᠤᠭ ᠤᠨ ᠬᠥᠮᠦᠰ ᠤᠨ ᠰᠣᠶᠣᠯ ᠤᠨ ᠬᠥᠭᠡᠭᠡᠴᠡᠯᠳᠦᠯ ᠢ ᠨᠢᠭᠲᠠᠷᠠᠭᠤᠯᠵᠤ ᠪᠠᠶᠢᠳᠠᠭ᠃ ᠡᠳᠡᠭᠡᠷ ᠡᠯ᠎ᠡ ᠭᠠᠵᠠᠷ ᠣᠷᠣᠨ ᠤ ᠭᠤᠤᠯ ᠡᠯᠧᠮᠧᠨ᠋ᠲ ᠢ ᠢᠯᠡᠷᠡᠭᠦᠯᠵᠦ᠂ ᠳᠡᠯᠡᠬᠡᠶ ᠶᠢᠨ ᠡᠯ᠎ᠡ ᠵᠦᠢᠯ ᠤᠨ ᠤᠷᠤᠰᠬᠠᠯ ᠤᠨ ᠨᠡᠶᠢᠯᠡᠯᠲᠡ ᠳᠤᠮᠳᠠ ᠥᠪᠡᠷ ᠤᠨ ᠥᠪᠡᠷᠮᠢᠴᠡ ᠲᠠᠲᠠᠬᠤ ᠬᠦᠴᠦᠨ ᠢᠶᠠᠨ ᠠᠭᠠᠵᠢᠮ ᠢᠶᠠᠷ ᠬᠠᠲᠠᠭᠤᠵᠢᠭᠤᠯᠪᠠ᠃ ᠮᠠᠨ ᠤ ᠲᠢᠩᠬᠢᠮ ᠳᠤ ᠬᠤᠯᠪᠣᠭᠳᠠᠬᠤ ᠨᠤᠲᠤᠭ ᠤᠰᠤᠨ ᠤ ᠰᠣᠶᠣᠯ ᠤᠨ ᠠᠵᠢᠯ ᠳᠤ ᠭᠤᠤᠯᠳᠠᠭᠤ᠄ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠬᠥᠳᠡᠭᠡ ᠲᠣᠰᠬᠤᠨ ᠳᠤ ᠬᠤᠯᠪᠣᠭᠳᠠᠬᠤ ᠡᠯ᠎ᠡ ᠵᠦᠢᠯ ᠤᠨ ᠣᠨᠴᠠᠯᠢᠭᠲᠤ ᠵᠢᠭᠤᠯᠴᠢᠯᠠᠯ᠂ ᠨᠤᠲᠤᠭ ᠤᠨ ᠤᠷᠠᠯᠢᠭ᠂ ᠨᠤᠲᠤᠭ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢᠨ ᠬᠥᠭᠵᠢᠯᠲᠡ ᠵᠡᠷᠭᠡ ᠪᠠᠭᠲᠠᠨ᠎ᠠ᠃ ᠣᠶᠢᠷ᠎ᠠ ᠶᠢᠨ ᠵᠢᠯ ᠤᠨ ᠲᠤᠷᠰᠢ᠂ ᠮᠠᠨ ᠤ ᠲᠢᠩᠬᠢᠮ ᠳᠡᠭᠡᠷ᠎ᠡ ᠳᠤᠷᠠᠳᠤᠭᠰᠠᠨ ᠠᠵᠢᠯ ᠤᠨ ᠲᠠᠯ᠎ᠠ ᠪᠠᠷ ᠴᠥᠮ ᠨᠡᠯᠢᠶᠡᠳ ᠶᠡᠭᠡ ᠠᠬᠢᠴᠠ ᠲᠠᠢ ᠪᠣᠯᠪᠠ᠃      ︵ᠨᠢᠭᠡ︶ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ ᠬᠠᠮᠠᠭᠠᠯᠠᠬᠤ ᠶᠢ ᠢᠳᠡᠪᠬᠢᠲᠡᠢ ᠠᠬᠢᠭᠤᠯᠤᠨ᠎ᠠ᠃ ᠨᠢᠭᠡ ᠳᠤ᠂ ᠨᠡᠷᠡᠰ ᠤᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠣᠳᠣᠬᠠᠨ ᠪᠣᠯᠲᠠᠯ᠎ᠠ᠂ ᠮᠠᠨ ᠤ ᠣᠷᠣᠨ ᠤ ᠳᠥᠷᠪᠡᠨ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠶᠢ ᠬᠠᠮᠠᠭᠠᠯᠠᠬᠤ ᠰᠢᠰᠲ᠋ᠧᠮ ᠪᠠ ᠤᠯᠠᠮᠵᠢᠯᠠᠨ ᠵᠠᠯᠭᠠᠮᠵᠢᠯᠠᠭᠴᠢ ᠶᠢᠨ ᠨᠡᠷᠡᠰ ᠤᠨ ᠵᠢᠭᠰᠠᠭᠠᠯᠲᠠ ᠶᠢ ᠮᠠᠭᠠᠳᠯᠠᠨ ᠲᠣᠭᠲᠠᠭᠠᠬᠤ ᠳᠦᠷᠢᠮ ᠦᠨᠳᠦᠰᠦᠨ ᠳᠤ ᠪᠠᠨ ᠪᠠᠶᠢᠭᠤᠯᠤᠭᠳᠠᠵᠤ᠂ ︽ᠬᠥᠮᠦᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠦᠯᠦᠭᠡᠯᠡᠭᠴᠢ ᠪᠦᠲᠦᠭᠡᠯ︾ 2 ᠵᠦᠢᠯ᠂ ᠤᠯᠤᠰ ᠤᠨ ᠲᠡᠰ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ 81 ᠪᠠᠶᠢᠵᠤ᠂ 89 ᠭᠠᠵᠠᠷ ᠪᠠᠶᠢᠵᠤ᠂ ᠤᠯᠤᠰ ᠤᠨ ᠲᠡᠰ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ 75 ᠪᠣᠶ︔ ᠥᠪᠡᠷᠲᠡᠭᠡᠨ ᠵᠠᠰᠠᠬᠤ ᠣᠷᠣᠨ ᠤ ᠲᠡᠰ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ 479 ᠪᠠᠶᠢᠵᠤ᠂ 704 ᠭᠠᠵᠠᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ 885 ᠬᠥᠮᠦᠨ ᠪᠠᠶᠢᠨ᠎ᠠ᠃ ᠬᠤᠶᠠᠷ ᠲᠤ᠂ ᠠᠪᠤᠷᠠᠯᠲᠠ ᠶᠢᠨ ᠴᠢᠨᠠᠷᠲᠠᠶ ᠲᠡᠮᠳᠡᠭᠯᠡᠯ ᠤᠨ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ︽ᠤᠯᠤᠰ ᠤᠨ ᠲᠡᠰ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢᠨ ᠵᠠᠪᠳᠤᠨ ᠠᠪᠤᠷᠠᠬᠤ ᠴᠢᠨᠠᠷᠲᠠᠶ ᠲᠡᠮᠳᠡᠭᠯᠡᠯ ᠤᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ 70 ᠪᠦᠬᠦᠯᠢ ᠨᠠᠰᠤᠨ ᠠᠴᠠ ᠳᠡᠭᠡᠭᠰᠢᠬᠢ ᠤᠯᠤᠰ ᠤᠨ ᠲᠡᠰ ᠤᠨ 18 ᠤᠯᠠᠮᠵᠢᠯᠠᠨ ᠵᠠᠯᠭᠠᠮᠵᠢᠯᠠᠭᠴᠢ ᠶᠢᠨ ᠵᠠᠪᠳᠤᠨ ᠠᠪᠤᠷᠠᠬᠤ ᠴᠢᠨᠠᠷᠲᠠᠶ ᠲᠡᠮᠳᠡᠭᠯᠡᠯ ᠢ ᠨᠢᠭᠡᠨᠲᠡ ᠪᠡᠶᠡᠯᠡᠭᠦᠯᠪᠡ᠃ ︽ᠬᠤᠤᠰ ᠵᠠᠭᠤ ᠶᠢ ᠬᠠᠮᠠᠭᠠᠯᠠᠬᠤ︾ ᠢᠨᠵᠧᠨᠧᠷᠢᠩ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠨᠲᠡ 75 ᠤᠰᠠᠳᠬᠤ ᠰᠢᠬᠠᠭᠰᠠᠨ ᠲᠥᠷᠥᠯ ᠵᠦᠢᠯ ᠤᠨ ᠦᠢᠯᠡᠳᠦᠯᠭᠡ ᠶᠢᠨ ᠶᠠᠪᠤᠴᠠ ᠬᠢᠭᠡᠳ ᠨᠠᠰᠤ ᠠᠬᠠᠰᠢᠷᠠᠭᠰᠠᠨ ᠤᠯᠠᠮᠵᠢᠯᠠᠨ ᠤᠯᠠᠮᠵᠢᠯᠠᠭᠴᠢ ᠶᠢᠨ ᠠᠮᠠ ᠪᠠᠷ ᠶᠠᠷᠢᠭᠰᠠᠨ ᠲᠡᠦᠬᠡ ᠶᠢᠨ ᠲᠤᠬᠠᠶ ᠪᠦᠬᠦ ᠲᠠᠯ᠎ᠠ ᠶᠢᠨ᠂ ᠰᠢᠰᠲ᠋ᠧᠮ ᠲᠠᠢ᠂ ᠲᠤᠰᠬᠠᠶ ᠮᠡᠷᠭᠡᠵᠢᠯ ᠤᠨ ᠴᠢᠨᠠᠷᠲᠠᠶ ᠲᠡᠮᠳᠡᠭᠯᠡᠯ   ᠢ ᠪᠡᠶᠡᠯᠡᠭᠦᠯᠪᠡ᠃ ᠭᠤᠷᠪᠠ ᠳᠤ᠂ ︽ᠣᠪᠣᠭ᠎ᠠ ᠳᠠᠬᠢᠬᠤ︾ ᠲᠥᠷᠥᠯ ᠵᠦᠢᠯ ᠢ ᠨᠢᠭᠡᠨᠲᠡ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ ᠲᠤ ᠣᠷᠣᠭᠤᠯᠵᠤ᠂ ᠪᠦᠬᠦ ᠣᠷᠣᠨ ᠤ ᠡᠯ᠎ᠡ ᠭᠠᠵᠠᠷ ᠤᠨ ᠬᠢᠨ ᠵᠢᠯ ᠪᠦᠷᠢ ᠬᠤᠯᠪᠣᠭᠳᠠᠯ ᠪᠦᠬᠦᠢ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠢᠳᠡᠪᠬᠢᠲᠡᠢ ᠤᠯᠠᠮᠵᠢᠯᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠣᠯᠠᠩᠬᠢ ᠨᠢ ᠴᠥᠮ ᠨᠤᠲᠤᠭ ᠤᠰᠤᠨ ᠤ ᠰᠣᠶᠣᠯ ᠤᠨ ᠲᠥᠷᠥᠯ ᠵᠦᠢᠯ ᠲᠠᠢ ᠬᠤᠯᠪᠣᠭᠳᠠᠨ᠎ᠠ᠃      ︵ᠬᠤᠶᠠᠷ︶ ᠦᠨᠳᠦᠰᠦᠲᠡᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ ᠠᠰᠢᠭᠯᠠᠬᠤ ᠶᠢ ᠶᠡᠬᠡᠪᠡᠷ ᠴᠢᠩᠭᠠᠳᠬᠠᠨ᠎ᠠ᠃ ᠨᠢᠭᠡ ᠳᠤ᠂ ᠳᠠᠯᠠ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠬᠠᠭᠤᠴᠢᠨ ᠪᠠᠭᠤᠷᠢ ᠵᠡᠷᠭᠡ 36 ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ ᠶᠢ ᠨᠠᠢᠮᠠᠳᠤᠭᠠᠷ ᠪᠦᠯᠦᠭ ᠤᠨ ᠪᠦᠬᠦ ᠤᠯᠤᠰ ᠠᠴᠠ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ ᠳᠤ ᠮᠡᠳᠡᠭᠦᠯᠬᠦ ᠠᠵᠢᠯ ᠢ ᠪᠡᠶᠡᠯᠡᠭᠦᠯᠪᠡ᠃ ᠬᠤᠶᠠᠷ ᠲᠤ᠂ ᠲᠦᠮᠡᠨ ᠭᠠᠵᠠᠷ ᠤᠨ ᠴᠠᠢ ᠶᠢᠨ ᠵᠠᠮ ᠢ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ ᠶᠡᠬᠡᠪᠡᠷ ᠲᠦᠯᠬᠢᠨ ᠠᠬᠢᠭᠤᠯᠤᠨ᠎ᠠ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠠᠢ ᠬᠠᠮᠵᠢᠯᠴᠠᠨ ᠲᠡᠤᠬᠡ ᠰᠣᠶᠣᠯ ᠤᠨ ᠨᠡᠷᠡᠲᠦ ᠪᠠᠯᠭᠠᠰᠤ ᠨᠡᠷᠡᠲᠦ ᠲᠣᠰᠬᠤᠨ ᠢ ᠦᠨᠡᠯᠡᠨ ᠲᠣᠭᠲᠠᠭᠠᠵᠤ ᠨᠤᠲᠠᠯᠠᠬᠤ ᠠᠵᠢᠯ ᠢ ᠥᠷᠨᠢᠭᠦᠯᠦᠨ᠎ᠡ᠃ ᠳᠥᠷᠪᠡ ᠳᠤ᠂ ᠦᠨᠳᠦᠰᠦᠨ ᠱᠠᠲᠤᠨ ᠤ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠳᠤ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ᠂ ᠬᠠᠭᠤᠴᠢ ᠰᠣᠶᠣᠯ ᠤᠨ ᠴᠢᠳᠠᠪᠤᠷᠢᠲᠠᠨ ᠢ ᠢᠳᠡᠪᠬᠢᠲᠡᠶ ᠪᠠᠷ ᠬᠥᠮᠦᠵᠢᠭᠦᠯᠵᠦ ᠥᠭᠭᠦᠨ᠎ᠡ᠃      ︵ᠭᠤᠷᠪᠠ︶ ᠡᠯ᠎ᠡ ᠵᠦᠢᠯ ᠤᠨ ᠣᠨᠴᠠᠯᠢᠭᠲᠤ ᠬᠥᠳᠡᠭᠡ ᠲᠣᠰᠬᠤᠨ ᠤ ᠵᠢᠭᠤᠯᠴᠢᠯᠠᠯ ᠢ ᠢᠳᠡᠪᠬᠢᠲᠡᠢ ᠠᠬᠢᠭᠤᠯᠤᠨ᠎ᠠ᠃ ᠨᠢᠭᠡ ᠳᠤ᠂ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠲᠤᠰᠬᠤᠨ ᠤ ᠪᠠᠶᠢᠳᠠᠯ ᠢ ᠣᠶᠢᠯᠠᠭᠠᠬᠤ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠪᠡᠶᠡᠯᠡᠭᠦᠯᠵᠦ᠂ ︽ᠥᠪᠥᠷ ᠮᠣᠩᠭᠤᠯ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ ᠵᠢᠭᠤᠯᠴᠢᠯᠠᠯ ᠤᠨ ᠣᠳᠣᠨ ᠲᠡᠰ ᠤᠨ ᠬᠦᠯᠢᠶᠡᠨ ᠠᠪᠬᠤ ᠡᠷᠦᠬᠡ ᠶᠢ ᠰᠢᠯᠭᠠᠨ ᠲᠣᠭᠲᠠᠭᠠᠬᠤ ᠪᠠᠷᠢᠮᠵᠢᠶ᠎ᠠ︾ ᠶᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠪᠠ᠃ ᠬᠤᠶᠠᠷ ᠲᠤ᠂ 2018 ᠣᠨ ᠪᠥᠬᠦ ᠵᠢᠯ ᠳᠤ 12849 ᠲᠦᠮᠡᠨ ᠲᠥᠭᠦᠷᠢᠭ ᠤᠨ ᠪᠠᠯᠠ ᠣᠷᠣᠭᠤᠯᠵᠤ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠲᠡᠳᠬᠦᠨ ᠳᠡᠮᠵᠢᠬᠦ ᠳᠤ ᠬᠡᠷᠡᠭᠯᠡᠵᠦ᠂ 63 ᠲᠠᠪᠤᠨ ᠣᠳᠤᠨ ᠳᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠬᠡ ᠪᠠ 70 ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠦᠨᠡᠯᠡᠨ ᠲᠣᠭᠲᠠᠭᠠᠪᠠ᠃ ᠭᠤᠷᠪᠠ ᠳᠤ᠂ ᠪᠦᠬᠦ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠪᠣᠯᠪᠠᠰᠤᠷᠠᠯ ᠤᠨ ᠠᠩᠭᠢ ᠶᠢ 2 ᠬᠤᠭᠤᠴᠠᠭ᠎ᠠ ᠡᠷᠬᠢᠯᠡᠵᠦ᠂ ᠵᠢᠭᠤᠯᠴᠢᠯᠠᠯ ᠤᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠳᠤ ᠪᠠᠭᠤᠯᠭᠠᠵᠤ ᠬᠥᠳᠡᠭᠡ ᠲᠣᠰᠬᠤᠨ ᠤ ᠵᠢᠭᠤᠯᠴᠢᠯᠠᠯ ᠤᠨ ᠲᠤᠬᠠᠶ ᠵᠥᠪᠯᠡᠯᠭᠡ ᠥᠭᠬᠦ ᠪᠠ ᠲᠥᠯᠥᠪᠵᠢᠭᠦᠯᠦᠨ ᠵᠢᠯᠣᠭᠤᠳᠬᠤ ᠪᠣᠯᠪᠠᠰᠤᠷᠠᠯ ᠢ 10 ᠭᠠᠷᠤᠶ ᠤᠳᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ ᠤ ᠵᠢᠭᠤᠯᠴᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠪᠡ᠃      ︵ᠲᠦᠷᠪᠡ︶ ᠦᠨᠳᠦᠰᠦᠲᠡᠨ ᠤ ᠤᠷᠠᠯᠢᠭ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢ ᠰᠠᠶᠢᠲᠤᠷ ᠬᠢᠬᠦ ᠬᠡᠷᠡᠭᠲᠡᠶ᠃ ᠨᠢᠭᠡ ᠳᠤ᠂ ᠤᠯᠠᠭᠠᠨᠮᠥ᠋ᠴᠢᠷ ᠤᠨ ᠠᠵᠢᠯ ᠢ ᠶᠡᠬᠡᠪᠡᠷ ᠴᠢᠩᠭᠠᠳᠬᠠᠵᠤ᠂ ᠰᠢᠯᠢᠳᠡᠭ ᠤᠷᠠᠯᠢᠭ ᠢ ᠮᠠᠯᠴᠢᠨ ᠲᠠᠷᠢᠶᠠᠴᠢᠨ ᠪᠠ ᠦᠨᠳᠦᠰᠦᠨ ᠱᠠᠲᠤᠨ ᠤ ᠣᠯᠠᠨ ᠲᠦᠮᠡᠨ ᠳᠤ ᠦᠢᠯᠡᠴᠢᠯᠡᠭᠦᠯᠦᠨ᠎ᠡ᠃ ᠬᠤᠶᠠᠷ ᠲᠤ᠂ ᠡᠯ᠎ᠡ ᠲᠥᠷᠥᠯ ᠤᠨ ᠦᠨᠳᠦᠰᠦᠲᠡᠨ ᠤ ᠤᠷᠠᠯᠢᠭ ᠤᠨ ᠪᠦᠲᠦᠭᠡᠯ ᠭᠠᠷᠭᠠᠬᠤ ᠶᠢ ᠵᠣᠷᠢᠭᠵᠢᠭᠤᠯᠵᠤ᠂ ᠦᠨᠳᠦᠰᠦᠲᠡᠨ ᠤ ᠤᠳᠬ᠎ᠠ ᠤᠷᠠᠯᠢᠭ ᠤᠨ ᠵᠠᠬ᠎ᠠ ᠳᠡᠯᠭᠡᠭᠦᠷ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠠᠭᠠᠨᠮᠥ᠋ᠴᠢᠷ ᠤᠨ ᠤᠷᠠᠯᠢᠭ ᠤᠨ ᠨᠠᠶᠢᠷ᠂ ᠣᠷᠣᠨ ᠨᠤᠲᠤᠭ ᠤᠨ ᠰᠢ ᠵᠦᠴᠦᠭᠡ ᠶᠢᠨ ᠦᠵᠡᠭᠦᠯᠦᠯᠭᠡ ᠲᠣᠭᠯᠠᠯᠲᠠ᠂ ᠪᠥᠬᠦ ᠣᠷᠣᠨ ᠤ ᠱᠤᠭ ᠵᠦᠴᠦᠭᠡ ᠶᠢᠨ ᠤᠷᠤᠯᠳᠤᠭᠠᠨ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠴᠥᠭᠡᠨ ᠲᠣᠭᠠᠲᠤ ᠦᠨᠳᠦᠰᠦᠲᠡᠨ ᠤ ᠳᠠᠭᠤᠤ ᠪᠥᠵᠢᠭ᠂ ᠴᠥᠭᠡᠨ ᠲᠣᠭᠠᠲᠤ ᠦᠨᠳᠦᠰᠦᠲᠡᠨ ᠤ ᠬᠡᠯᠡᠨ ᠤ ᠲᠥᠷᠥᠯ ᠤᠨ ᠵᠦᠴᠦᠭᠡ ︵ᠲᠤᠭᠯᠠᠯᠲᠠ︶ ᠶᠢᠨ ᠵᠣᠷᠢᠯᠭ᠎ᠠ ᠶᠢ ᠵᠣᠬᠢᠶᠠᠨ ᠪᠦᠲᠦᠭᠡᠬᠦ᠂ ᠪᠣᠯᠪᠠᠰᠤᠷᠠᠬᠤ᠂ ᠲᠣᠭᠯᠠᠯᠲᠠ ᠪᠠ ᠤᠷᠤᠯᠳᠤᠭᠠᠨ ᠵᠡᠷᠭᠡ ᠠᠵᠢᠯ ᠢ ᠴᠢᠩᠭᠠᠳᠬᠠᠪᠠ᠃ ᠭᠤᠷᠪᠠ ᠳᠤ᠂ ᠪᠦᠬᠦ ᠣᠷᠣᠨ ᠤ ᠡᠯ᠎ᠡ ᠱᠠᠲᠤᠨ ᠤ ᠤᠳᠬ᠎ᠠ ᠤᠷᠠᠯᠢᠭ ᠤᠨ ᠬᠦᠷᠢᠶᠡᠯᠡᠩ ᠤᠨ ᠪᠦᠯᠬᠦᠮ ᠢ ᠵᠣᠬᠢᠶᠠᠨ ᠪᠠᠶᠢᠭᠤᠯᠤᠨ ᠲᠠᠷᠢᠶᠠᠯᠠᠬᠤ ᠮᠠᠯᠵᠢᠬᠤ ᠣᠷᠣᠨ᠂ ᠦᠢᠯᠡᠳᠪᠦᠷᠢ ᠠᠭᠤᠷᠬᠠᠶ᠂ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ ᠵᠡᠷᠭᠡ᠂ ᠢᠯᠠᠩᠭᠤᠶ᠎ᠠ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠣᠷᠣᠨ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠪᠣᠯᠤᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠡᠷᠢᠭ ᠠᠩᠭᠢ᠂ ᠬᠠᠷᠠᠭᠤᠯ ᠤᠨ ᠭᠠᠵᠠᠷ ᠵᠡᠷᠭᠡ ᠦᠨᠳᠦᠰᠦᠨ ᠱᠠᠲᠤᠨ ᠳᠤ ᠣᠴᠢᠵᠤ ︽ᠵᠠᠭᠤᠨ ᠪᠦᠯᠬᠦᠮ ᠮᠢᠩᠭᠠᠨ ᠲᠠᠯᠠᠪᠠᠢ︾ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠬᠤ ᠠᠵᠢᠯᠯᠠᠭ᠎ᠠ ᠥᠷᠨᠢᠭᠦᠯᠪᠡ᠃      ︵ᠲᠠᠪᠤ︶ ᠣᠯᠠᠨ ᠨᠡᠶᠢᠲᠡ ᠶᠢᠨ ᠦᠢᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃ ᠨᠢᠭᠡ ᠳᠤ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠥᠷᠨᠢᠭᠦᠯᠪᠡ᠃ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠲᠣᠭᠯᠠᠯᠲᠠ᠂ ᠠᠭᠤᠳᠠᠮ ᠲᠠᠯᠠᠪᠠᠢ ᠶᠢᠨ ᠪᠥᠵᠢᠭ ᠤᠨ ᠤᠷᠤᠯᠳᠤᠭᠠᠨ᠂ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ ᠵᠡᠷᠭᠡ ᠶᠢ ᠵᠤᠬᠢᠶᠠᠨ ᠪᠠᠶᠢᠭᠤᠯᠵᠤ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠬᠤᠶᠠᠷ ᠲᠤ᠂ ︽ᠬᠤᠶᠠᠷ ᠣᠷᠳᠣᠨ ᠨᠢᠭᠡ ᠦᠷᠲᠡᠭᠡ︾ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠣᠷᠳᠣᠨ ᠨᠢᠭᠡ ᠦᠷᠲᠡᠭᠡ︾ ᠶᠢᠨ ᠦᠨᠳᠦᠰᠦᠨ ᠱᠠᠲᠤᠨ ᠤ ᠨᠡᠶᠢᠭᠡᠮ ᠤᠨ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠤᠶᠠᠷ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠭᠰᠠᠨ ᠪᠠᠶᠢᠳᠠᠯ      ᠣᠳᠣᠬᠠᠨ ᠳᠤ ᠨᠡᠶᠢᠲᠡᠯᠡᠨ ᠬᠡᠷᠡᠭᠵᠢᠭᠦᠯᠵᠦ ᠪᠠᠶᠢᠭ᠎ᠠ ᠨᠤᠲᠤᠭ ᠤᠰᠤᠨ ᠤ ᠰᠣᠶᠣᠯ ᠤᠨ ᠬᠠᠮᠠᠭᠠᠯᠠᠯᠲᠠ ᠳᠤ ᠬᠤᠯᠪᠣᠭᠳᠠᠬᠤ ᠰᠣᠶᠣᠯ ᠪᠠ ᠵᠢᠭᠤᠯᠴᠢᠯᠠᠯ ᠤᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠳᠤ ᠭᠤᠤᠯᠳᠠᠭᠤ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ︾᠂ ︽ᠲᠡᠤᠬᠡ ᠰᠣᠶᠣᠯ ᠤᠨ ᠨᠡᠷᠡᠲᠦ ᠬᠤᠲᠠ ᠨᠡᠷᠡᠲᠦ ᠪᠠᠯᠭᠠᠰᠤ ᠨᠡᠷᠡᠲᠦ ᠲᠣᠰᠬᠤᠨ ᠢ ᠬᠠᠮᠠᠭᠠᠯᠠᠬᠤ ᠳᠦᠷᠢᠮ︾︔ ᠮᠠᠨ ᠤ ᠣᠷᠣᠨ ᠤ ᠨᠡᠶᠢᠲᠡᠯᠡᠭᠰᠡᠨ ᠨᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠨᠣᠮ ᠤᠨ ᠰᠠᠩ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠳᠦᠷᠢᠮ︾ ᠵᠡᠷᠭᠡ ᠪᠣᠯᠤᠨ᠎ᠠ᠃ ᠨᠤᠲᠤᠭ ᠤᠰᠤᠨ ᠤ ᠰᠣᠶᠣᠯ ᠪᠣᠯ ᠮᠠᠰᠢ ᠣᠯᠠᠨ ᠠᠭᠤᠯᠭ᠎ᠠ ᠶᠢ ᠬᠠᠮᠤᠷᠤᠭᠰᠠᠨ ᠤᠬᠠᠭᠳᠠᠬᠤᠨ ᠪᠣᠯᠬᠤ ᠤᠴᠢᠷ ᠠᠴᠠ ᠨᠢᠭᠡᠳᠦᠯᠲᠡᠶ ᠬᠠᠤᠯᠢ ᠴᠠᠭᠠᠵᠠ ᠂ ᠳᠦᠷᠢᠮ ᠲᠣᠭᠲᠠᠭᠠᠯ ᠲᠣᠭᠲᠠᠭᠠᠬᠤ ᠨᠢ ᠨᠡᠯᠢᠶᠡᠳ ᠶᠡᠭᠡ ᠬᠦᠴᠢᠷᠳᠡᠯ ᠲᠠᠢ ᠶᠤᠮ᠃ ᠲᠡᠷᠡᠴᠢᠯᠡᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶ᠎ᠡ ᠠᠴᠠ ᠨᠢᠭᠡᠨᠲᠡ ᠳᠠᠪᠠᠵᠤ᠂ ᠰᠢᠢᠳᠪᠦᠷᠢᠯᠡᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ᠃ ᠲᠠᠷᠠᠭᠠᠴᠢ ᠶᠢᠨ ᠠᠯᠬᠤᠮ ᠳᠤ ᠰᠣᠶᠣᠯ ᠵᠢᠭᠤᠯᠴᠢᠯᠠᠯ ᠤᠨ ᠦᠢᠯᠡᠰ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠨᠡᠶᠢᠲᠡᠯᠡᠬᠦ ᠶᠢ ᠦᠷᠭᠦᠯᠵᠢᠯᠡᠨ ᠠᠬᠢᠭᠤᠯᠵᠤ᠂ ᠨᠤᠲᠤᠭ ᠤᠰᠤᠨ  ᠤ ᠰᠣᠶᠣᠯ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠵᠢᠱᠢᠶᠡᠯᠡᠪᠡᠯ ᠣᠶᠢᠷ᠎ᠠ ᠶᠢᠨ ᠬᠤᠭᠤᠴᠠᠭᠠᠨ ᠳᠤ ᠮᠠᠨ ᠤ ᠲᠢᠩᠬᠢᠮ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ︽ᠤᠯᠠᠭᠠᠨᠮᠥ᠋ᠴᠢᠷ ᠤᠨ ᠳᠦᠷᠢᠮ︾ ᠢ ᠲᠦᠷᠭᠡᠨ ᠨᠡᠶᠢᠲᠡᠯᠡᠬᠦ ᠶᠢ ᠢᠳᠡᠪᠬᠢᠲᠡᠢ ᠠᠬᠢᠭᠤᠯᠵᠤ ᠪᠠᠶᠢᠨ᠎ᠠ᠃                                     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                 ᠰᠣᠶᠣᠯ ᠪᠠ ᠵᠢᠭᠤᠯᠴᠢᠯᠠᠯ ᠤᠨ ᠲᠢᠩᠬᠢᠮ                                              2019 ᠣᠨ ᠤ 6 ᠰᠠᠷ᠎ᠠ ᠶᠢᠨ 24 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map