ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠤᠨ 260 ᠳ᠋ᠤᠭᠠᠷ ᠲᠣᠭᠠᠲᠤ ᠰᠠᠨᠠᠭᠤᠯᠭ᠎ᠠ ᠶᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄
2019/10/30
ᠲᠥᠯᠥᠭᠡᠯᠡᠭᠴᠢ ᠲᠤᠤ ᠾᠦᠢ ᠰᠢᠶᠠ ᠳᠤ᠄        ᠲᠠᠨ ᠤ ᠳᠤᠷᠠᠳᠤᠭᠰᠠᠨ ︽ᠲᠡᠮᠡᠭᠡᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠪᠠᠶᠢᠭᠤᠯᠬᠤ ᠲᠤᠬᠠᠶ ᠰᠠᠨᠠᠭᠤᠯᠭ᠎ᠠ︾ ᠭᠡᠰᠡᠨ ᠰᠠᠨᠠᠯ ᠢ ᠣᠯᠤᠭᠠᠳ ᠣᠶᠢᠯᠠᠭᠠᠯ᠎ᠠ᠂ ᠡᠳᠦᠭᠡ ᠬᠠᠷᠢᠭᠤᠯᠲᠠ ᠥᠭᠭᠦᠶ᠎ᠡ᠄      ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠪᠣᠯ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠᠷ ᠭᠤᠤᠯ ᠪᠣᠯᠭᠠᠭᠰᠠᠨ᠂ ᠲᠡᠤᠬᠡ ᠰᠣᠶᠣᠯ ᠤᠨ ᠡᠯᠪᠡᠭ ᠬᠤᠷᠠᠮᠳᠤᠯ ᠲᠠᠢ᠂ ᠣᠷᠣᠰᠢᠨ  ᠦᠷᠭᠦᠯᠵᠢᠯᠡᠭᠰᠡᠨ ᠪᠠᠶᠢᠳᠠᠯ ᠨᠢ ᠰᠠᠶᠢᠨ᠂ ᠴᠢᠬᠤᠯᠠ ᠦᠨ᠎ᠡ ᠥᠷᠲᠡᠭ ᠲᠠᠢ ᠪᠥᠭᠡᠳ ᠢᠯᠡ ᠲᠣᠳᠣ ᠣᠨᠴᠠᠯᠢᠭ ᠲᠠᠢ ᠰᠣᠶᠣᠯ ᠤᠨ ᠬᠡᠯᠪᠡᠷᠢ ᠪᠠᠶᠢᠳᠠᠯ ᠳᠤ ᠪᠦᠬᠦᠯᠢ ᠴᠣᠭᠴᠠ ᠶᠢᠨ ᠴᠢᠨᠠᠷᠲᠠᠶ ᠬᠠᠮᠠᠭᠠᠯᠠᠯᠲᠠ ᠬᠢᠬᠦ ᠶᠢᠨ ᠬᠠᠮᠲᠤ ᠰᠣᠶᠣᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠪᠠᠶᠢᠭᠤᠯᠤᠭᠰᠠᠨ ᠣᠨᠴᠠ ᠲᠣᠭᠲᠠᠭᠰᠠᠨ ᠣᠷᠣᠨ ᠪᠦᠰᠡ ᠪᠣᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠪᠦᠬᠦᠯᠢ ᠴᠣᠭᠴᠠ ᠶᠢᠨ ᠴᠢᠨᠠᠷᠲᠠᠶ ᠬᠠᠮᠠᠭᠠᠯᠠᠯᠲᠠ ᠪᠠ ᠤᠯᠠᠮᠵᠢᠯᠠᠨ ᠵᠠᠯᠭᠠᠮᠵᠢᠯᠠᠬᠤ ᠦᠷᠨᠢᠨ ᠬᠦᠭᠵᠢᠬᠦ ᠶᠢ ᠲᠦᠯᠬᠢᠨ ᠠᠬᠢᠭᠤᠯᠵᠤ᠂ ᠰᠣᠶᠣᠯ ᠤᠨ ᠠᠮᠢ ᠠᠬᠤᠶ ᠶᠢᠨ ᠰᠢᠰᠲ᠋ᠧᠮ ᠤᠨ ᠲᠡᠩᠴᠡᠭᠦᠷᠢ ᠪᠠ ᠪᠦᠷᠢᠨ ᠪᠦᠲᠦᠨ ᠪᠠᠶᠢᠬᠤ ᠶᠢ ᠬᠠᠮᠠᠭᠠᠯᠠᠨ᠂ ᠦᠨᠳᠦᠰᠦᠲᠡᠨ ᠤ  ᠢᠲᠡᠭᠡᠯ ᠵᠣᠷᠢᠭ ᠪᠠ ᠪᠦᠯᠬᠦᠮᠳᠡᠯ ᠨᠢᠭᠲᠠᠷᠠᠯ ᠤᠨ ᠬᠦᠴᠦᠨ ᠢ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠪᠦᠬᠦ ᠲᠠᠯ᠎ᠠ ᠪᠠᠷ ᠵᠣᠬᠢᠴᠠᠩᠭᠤᠶ ᠬᠢᠭᠡᠳ ᠦᠷᠭᠦᠯᠵᠢᠯᠡᠨ ᠬᠦᠭᠵᠢᠬᠦ ᠶᠢ ᠠᠬᠢᠭᠤᠯᠬᠤ ᠶᠢᠨ ᠲᠥᠯᠥᠭᠡ᠂ 2007 ᠣᠨ ᠠᠴᠠ ᠡᠬᠢᠯᠡᠨ ᠰᠣᠶᠣᠯ ᠤᠨ ᠶᠠᠮᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠪᠡ᠃ ᠣᠳᠣᠬᠠᠨ ᠪᠣᠯᠲᠠᠯ᠎ᠠ᠂ ᠪᠦᠬᠦ ᠤᠯᠤᠰ ᠲᠤ 21 ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠪᠤᠶ᠃      ︽ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2005﹈ 42 ᠳ᠋ᠤᠭᠠᠷ ᠲᠣᠭᠠᠲᠤ︶᠂ ︽ᠮᠠᠨ ᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2005﹈ 18 ᠳ᠋ᠤᠭᠠᠷ ᠲᠣᠭᠠᠲᠤ︶ ᠪᠣᠯᠤᠨ ︽ᠤᠯᠤᠰ ᠤᠨ ︿11 • 5﹀ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠰᠣᠶᠣᠯ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠪᠴᠢ︾ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠮᠠᠨ ᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠨ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠰᠣᠶᠣᠯ ᠬᠢᠭᠡᠳ ᠠᠵᠤ ᠠᠬᠤᠶ ᠨᠡᠶᠢᠭᠡᠮ ᠤᠨ ᠪᠦᠬᠦ ᠲᠠᠯ᠎ᠠ ᠪᠠᠷ ᠵᠣᠬᠢᠴᠠᠩᠭᠤᠶ ᠪᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠮᠠᠨ ᠤ ᠲᠢᠩᠬᠢᠮ 2009 ᠣᠨ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠪᠡ᠃ ᠮᠠᠨ ᠤ ᠣᠷᠣᠨ 2009 ᠣᠨ᠂ 2010 ᠤᠨ ᠪᠣᠯᠤᠨ 2013 ᠣᠨ ᠳᠤ ᠨᠡᠶᠢᠲᠡ 13 ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠲᠤᠰ ᠲᠤᠰ ᠨᠡᠶᠢᠲᠡᠯᠡᠵᠡᠶ᠂ ᠡᠭᠦᠨ ᠳᠤ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠲᠣᠷᠭᠤᠳ ᠮᠣᠩᠭᠤᠯ ᠦᠨᠳᠦᠰᠦᠲᠡᠨ ᠤ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠪᠠ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠠᠯᠠᠱᠠ ᠬᠤᠱᠤᠳ ᠮᠣᠩᠭᠤᠯ ᠦᠨᠳᠦᠰᠦᠲᠡᠨ ᠤ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠪᠠᠭᠲᠠᠭᠠᠨ᠎ᠠ᠃ 2019 ᠣᠨ ᠳᠤ᠂ ᠮᠠᠨ ᠤ ᠲᠢᠩᠬᠢᠮ ᠳᠥᠷᠪᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ︽ᠬᠥᠮᠦᠨ ᠢ ᠦᠵᠡᠬᠦ ᠪᠤᠳᠠᠰ ᠢ ᠦᠵᠡᠬᠦ ᠠᠮᠢᠳᠤᠷᠠᠯ ᠢ ᠦᠵᠡᠬᠦ︾ ᠣᠶᠢᠯᠠᠭᠠᠭᠳᠠᠬᠤᠨ ᠢ ᠭᠦᠨᠵᠡᠭᠡᠶᠢᠷᠡᠭᠦᠯᠵᠦ᠂ ︽ᠥᠪ ᠬᠥᠷᠥᠩᠭᠡ ᠡᠯᠪᠡᠭ ᠪᠠᠶᠠᠯᠢᠭ᠂ ᠠᠭᠤᠷ ᠠᠮᠢᠰᠬᠤᠯ ᠭᠦᠨ ᠵᠤᠵᠠᠭᠠᠨ᠂ ᠣᠨᠴᠠᠯᠢᠭ ᠢᠯᠡ ᠲᠣᠳᠣ᠂ ᠠᠷᠠᠳ ᠣᠯᠠᠨ ᠠᠰᠢᠭ ᠬᠦᠷᠲᠡᠬᠦ︾ ᠭᠡᠳᠡᠭ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠠᠯᠠᠱᠠ ᠲᠡᠮᠡᠭᠡᠨ ᠰᠣᠶᠣᠯ ᠤᠨ ᠰᠣᠶᠣᠯ ᠤᠨ ᠣᠨᠴᠠᠯᠢᠭ᠂ ᠣᠯᠠᠨ ᠲᠦᠮᠡᠨ ᠤ ᠰᠠᠭᠤᠷᠢ ᠪᠣᠯᠤᠨ ᠣᠷᠣᠨ ᠨᠤᠲᠤᠭ ᠤᠨ ᠢᠳᠡᠪᠬᠢᠵᠢᠯ ᠢ ᠪᠣᠳᠣᠯᠬᠢᠯᠠᠭᠠᠳ᠂ ᠮᠠᠨ ᠤ ᠲᠢᠩᠬᠢᠮ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠥᠬᠦᠴᠡᠯ ᠪᠦᠷᠢᠳᠦᠭᠰᠡᠨ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠳᠤ ᠭᠤᠶᠤᠴᠢᠯᠠᠨ ᠮᠡᠳᠡᠭᠦᠯᠬᠦ ᠶᠢ ᠰᠠᠨᠠᠭᠤᠯᠤᠶ᠎ᠠ᠃      ᠠᠯᠠᠱᠠ ᠲᠡᠮᠡᠭᠡᠨ ᠤ ᠵᠢᠭᠤᠯᠴᠢᠯᠠᠯ ᠤᠨ ᠦᠢᠯᠡᠰ ᠢᠶᠠᠨ ᠬᠥᠭᠵᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠨᠢ      ᠨᠢᠭᠡᠳᠦᠭᠡᠷ ᠲᠤ᠂ ᠲᠡᠮᠡᠭᠡᠨ ᠠᠵᠤ ᠦᠢᠯᠡᠰ ᠪᠠ ᠡᠯᠡᠰᠦᠨ ᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠪᠠ ᠣᠷᠣᠨ ᠵᠠᠶ ᠮᠠᠰᠢ ᠶᠡᠭᠡ ᠪᠠᠶᠢᠨ᠎ᠠ᠃ ᠲᠡᠮᠡᠭᠡᠨ ᠨᠠᠭᠠᠳᠤᠮ ᠤᠨ ᠴᠤᠭᠯᠠᠭᠠᠨ ᠢᠶᠠᠷ ᠳᠠᠮᠵᠢᠨ᠂  ᠠᠯᠠᠱᠠ ᠶᠢᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠳᠡᠯᠭᠡᠨ ᠦᠵᠡᠭᠦᠯᠵᠦ᠂ ᠲᠡᠮᠡᠭᠡᠨ ᠠᠵᠤ ᠦᠢᠯᠡᠰ ᠪᠠ ᠡᠯᠡᠰᠦᠨ ᠤ ᠠᠵᠤ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠲᠦᠷᠭᠡᠳᠬᠡᠬᠦ ᠶᠢᠨ ᠲᠥᠯᠥᠭᠡ ᠲᠠᠪᠴᠠᠩ ᠪᠠ ᠠᠵᠠ ᠲᠣᠬᠢᠶᠠᠯ ᠢ ᠡᠭᠦᠳᠦᠨ᠎ᠡ᠃      ᠬᠤᠶᠠᠳᠤᠭᠠᠷ ᠲᠤ᠂ ᠨᠠᠭᠠᠳᠤᠮ ᠨᠢ ᠮᠠᠯᠴᠢᠨ ᠲᠠᠷᠢᠶᠠᠴᠢᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠬᠠᠮᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠠᠬᠢᠭᠤᠯᠵᠤ᠂ ᠬᠢᠯᠢ ᠬᠢᠵᠠᠭᠠᠷ ᠭᠠᠵᠠᠷ ᠤᠨ ᠴᠥᠭᠡᠨ ᠲᠣᠭᠠᠲᠤ ᠦᠨᠳᠦᠰᠦᠲᠡᠨ ᠤ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠪᠠ ᠮᠠᠯᠴᠢᠨ ᠲᠠᠷᠢᠶᠠᠴᠢᠨ ᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠶ ᠶᠤᠮ᠃      ᠭᠤᠷᠪᠠᠳᠤᠭᠠᠷ ᠲᠤ᠂ ᠨᠠᠭᠠᠳᠤᠮ ᠢᠶᠠᠷ ᠲᠠᠮᠵᠢᠭᠤᠯᠵᠤ ᠬᠥᠮᠦᠰ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠲᠡᠭᠡᠭᠰᠢᠯᠡᠭᠦᠯᠵᠦ ᠪᠣᠯᠤᠨ᠎ᠠ᠃ ᠨᠡᠭᠦᠳᠡᠯ ᠮᠠᠯᠵᠢᠯ ᠤᠨ ᠰᠣᠶᠣᠯ ᠳᠤ ᠣᠷᠴᠢᠨ ᠲᠣᠭᠤᠷᠢᠨ  ᠢ ᠬᠠᠮᠠᠭᠠᠯᠠᠬᠤ ᠤᠬᠠᠮᠰᠠᠷ ᠴᠢᠩᠭ᠎ᠠ ᠪᠠᠶᠢᠳᠠᠭ᠂ ᠨᠡᠭᠦᠳᠡᠯ ᠮᠠᠯᠵᠢᠯ ᠤᠨ ᠦᠢᠯᠡᠳᠪᠦᠷᠢᠯᠡᠯ ᠠᠮᠢᠳᠤᠷᠠᠯ ᠪᠣᠯ ᠡᠬᠡ ᠪᠠᠶᠢᠭᠠᠯᠢ ᠲᠠᠢ ᠡᠶ᠎ᠡ ᠵᠣᠬᠢᠴᠠᠯ ᠲᠠᠢ ᠪᠠᠷ ᠬᠠᠮᠲᠤ ᠪᠠᠷ ᠠᠰᠢᠭ ᠬᠦᠷᠲᠡᠬᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠪᠣᠯᠤᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠨᠢ ᠣᠷᠴᠢᠨ ᠲᠣᠭᠤᠷᠢᠨ ᠤ ᠬᠠᠮᠠᠭᠠᠯᠠᠯᠲᠠ ᠠᠴᠠ ᠰᠠᠯᠵᠤ ᠴᠢᠳᠠᠬᠤ ᠦᠭᠡᠶ᠂ ᠲᠡᠮᠡᠭᠡᠨ ᠰᠣᠶᠣᠯ ᠤᠨ ᠬᠥᠭᠵᠢᠯᠲᠡ ᠪᠣᠯᠤᠨ ᠠᠵᠤ ᠦᠢᠯᠡᠰ ᠤᠨ ᠬᠥᠭᠵᠢᠯᠲᠡ ᠨᠢ ᠪᠣᠬᠢᠷᠲᠤᠯ ᠦᠭᠡᠶ ᠬᠥᠭᠵᠢᠯᠲᠡ ᠳᠤ ᠪᠦᠷᠢᠮᠦᠰᠦᠨ ᠠᠭᠤᠰᠤᠯᠴᠠᠵᠤ ᠴᠢᠳᠠᠨ᠎ᠠ᠃      ᠡᠭᠦᠨ ᠳᠤ ᠦᠨᠳᠦᠰᠦᠯᠡᠨ᠂ ᠮᠠᠨ ᠤ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠠᠯᠠᠱᠠ ᠠᠶᠢᠮᠠᠭ ᠤᠨ ᠵᠠᠬᠢᠷᠭ᠎ᠠ ᠲᠠᠢ ᠬᠠᠮᠲᠤᠷᠠᠨ ᠥᠪᠥᠷ ᠮᠣᠩᠭᠤᠯ ᠤᠨ ᠲᠡᠮᠡᠭᠡᠨ ᠨᠠᠭᠠᠳᠤᠮ ᠵᠢᠴᠢ ᠲᠦᠮᠡᠨ ᠲᠡᠮᠡᠭᠡᠨ ᠤ ᠰᠣᠶᠣᠯ ᠵᠢᠭᠤᠯᠴᠢᠯᠠᠯ ᠤᠨ ᠨᠠᠶᠢᠷ ᠢ ᠭᠤᠤᠯᠯᠠᠨ ᠡᠷᠬᠢᠯᠡᠵᠦ᠂ ᠲᠡᠮᠡᠭᠡᠨ ᠰᠣᠶᠣᠯ ᠤᠨ ᠠᠭᠤᠯᠬᠤᠨ ᠢ ᠲᠠᠰᠤᠷᠠᠯ ᠦᠭᠡᠢ  ᠪᠠᠶᠠᠯᠢᠭᠵᠢᠭᠤᠯᠪᠠ᠂ 2018 ᠣᠨ ᠪᠣᠯᠲᠠᠯ᠎ᠠ ᠨᠢᠭᠡᠨᠲᠡ ᠬᠤᠶᠠᠷ ᠬᠤᠭᠤᠴᠠᠭ᠎ᠠ ᠠᠮᠵᠢᠯᠲᠠᠲᠠᠶ ᠡᠷᠬᠢᠯᠡᠪᠡ᠃      ᠠᠵᠢᠯᠯᠠᠭ᠎ᠠ ᠨᠢ ᠣᠶᠢᠷ᠎ᠠ ᠬᠠᠪᠢ ᠭᠠᠵᠠᠷ ᠣᠷᠣᠨ ᠤ ᠬᠢᠨ ᠤ ᠤᠷᠤᠯᠴᠠᠯᠭ᠎ᠠ ᠶᠢ ᠲᠠᠲᠠᠵᠤ᠂ ᠵᠢᠭᠤᠯᠴᠢᠯᠠᠯ ᠤᠨ ᠦᠢᠯᠡᠳᠬᠦᠨ ᠪᠣᠯᠤᠨ ᠲᠡᠮᠡᠭᠡᠨ ᠤ ᠰᠣᠶᠣᠯ ᠤᠨ ᠠᠵᠤ ᠦᠢᠯᠡᠰ ᠤᠨ ᠭᠠᠷᠭᠠᠯᠲᠠ ᠪᠠ ᠦᠢᠯᠡᠳᠦᠯᠴᠡᠯ ᠢ  ᠪᠦᠷᠢᠯᠳᠦᠭᠦᠯᠪᠡ᠂ ᠲᠡᠮᠡᠭᠡᠨ ᠤ ᠤᠯᠠᠮᠵᠢᠯᠠᠯᠲᠤ ᠰᠣᠶᠣᠯ ᠤᠨ ᠬᠡᠷᠡᠭᠰᠡᠯ ᠵᠢᠴᠢ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠲᠡᠮᠡᠭᠡᠨ ᠨᠣᠣᠰᠤᠨ ᠤ ᠪᠠᠷᠠᠭ᠎ᠠ ᠲᠠᠸᠠᠷ ᠢ ᠳᠡᠯᠭᠡᠨ ᠦᠵᠡᠭᠦᠯᠬᠦ᠂ ᠲᠡᠮᠡᠭᠡᠨ ᠠᠴᠢᠶᠠᠨ ᠤ ᠪᠠᠭᠠᠵᠢ ᠬᠡᠷᠡᠭᠰᠡᠯ ᠢ ᠳᠡᠯᠭᠡᠨ ᠪᠣᠷᠣᠯᠠᠭᠤᠯᠬᠤ᠂ ᠢᠡᠭᠭᠡᠨ ᠰᠦᠨ ᠤ ᠴᠠᠭᠠᠨ ᠢᠳᠡᠭᠡᠨ ᠢ ᠳᠡᠯᠭᠡᠨ ᠪᠣᠷᠣᠯᠠᠭᠤᠯᠬᠤ᠂ ᠲᠡᠮᠡᠭᠡᠨ ᠮᠢᠬᠠᠨ ᠤ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ᠂ ᠲᠡᠮᠡᠭᠡᠨ ᠶᠠᠰᠤᠨ ᠤ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ᠂ ᠡᠯᠡᠰᠦᠨ ᠠᠵᠤ ᠦᠢᠯᠡᠰ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠭᠡᠬᠦ ᠵᠡᠷᠭᠡ ᠶᠢ ᠪᠠᠭᠲᠠᠭᠠᠭᠠᠳ ᠰᠣᠶᠣᠯ ᠤᠨ ᠨᠡᠷᠡᠲᠦ ᠲᠡᠮᠳᠡᠭ ᠢ ᠡᠭᠦᠳᠴᠦ᠂ ᠪᠦᠲᠦᠭᠡᠭᠳᠡᠬᠦᠨ ᠤ ᠱᠤᠭᠤᠮ ᠢ ᠪᠠᠶᠠᠯᠢᠭᠵᠢᠭᠤᠯᠪᠠ᠃      ᠲᠡᠮᠡᠭᠡᠨ ᠰᠣᠶᠣᠯ ᠤᠨ ᠭᠤᠤᠯ ᠰᠡᠳᠦᠪᠲᠦ ᠵᠠᠮ ᠱᠤᠭᠤᠮ ᠢ ᠤᠬᠠᠭᠤᠯᠬᠤ᠄ ᠵᠢᠭᠤᠯᠴᠢᠯᠠᠯ ᠤᠨ ᠵᠠᠩᠭᠢᠯᠠᠭ᠎ᠠ ᠶᠢᠨ ᠴᠡᠭ᠄ ᠠᠯᠠᠱᠨ ᠠᠭᠤᠯᠠ ᠶᠢᠨ ᠪᠤᠶᠠᠨ ᠦᠨᠳᠦᠰᠦᠯᠡᠭᠴᠢ ᠰᠦᠮ᠎ᠡ — ᠮᠦᠷᠡᠨᠭᠤᠣᠯ ᠥᠷᠲᠡᠭᠡ — ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ — ᠰᠦᠮᠡᠲᠦ ᠶᠢᠨ ᠠᠭᠤᠢ — ᠲᠡᠮᠡᠭᠡ ᠶᠢ ᠳᠠᠰᠬᠠᠨ ᠲᠡᠵᠢᠭᠡᠬᠦ ᠰᠠᠭᠤᠷᠢᠨ ᠭᠠᠵᠠᠷ — ᠰᠢᠷ᠎ᠠ ᠪᠦᠷᠢᠳᠦ — ᠠᠯᠠᠱᠠ ᠴᠢᠨ ᠸᠠᠩ ᠤᠨ ᠣᠷᠳᠣᠨ ᠤ  ᠬᠠᠭᠤᠴᠢᠨ ᠪᠠᠭᠤᠷᠢ᠃ ᠡᠳᠡᠭᠡᠷ ᠠᠴᠠ ᠵᠤᠭᠠᠴᠠᠭᠰᠠᠳ ᠲᠥᠪᠡᠳ ᠠᠴᠠ ᠤᠯᠠᠮᠵᠢᠯᠠᠭᠰᠠᠨ ᠪᠤᠳ᠋ᠳ᠋ᠾᠠ ᠶᠢᠨ ᠱᠠᠰᠢᠨ ᠤ ᠰᠣᠶᠣᠯ ᠢ ᠮᠡᠳᠡᠷᠡᠨ᠂ ᠬᠠᠳᠠᠨ ᠠᠭᠤᠢ ᠶᠢᠨ ᠤᠷᠠᠯᠢᠭ ᠢ ᠣᠶᠢᠯᠠᠭᠠᠵᠤ᠂ ᠲᠡᠮᠡᠭᠡ ᠶᠢ ᠲᠠᠰᠬᠠᠨ ᠲᠡᠵᠢᠭᠡᠬᠦ᠂ ᠣᠡᠭᠭᠤᠨ ᠪᠤᠤᠷ᠎ᠠ ᠲᠠᠬᠢᠬᠤ ᠶᠢ ᠣᠯᠵᠤ ᠰᠣᠨᠢᠷᠬᠠᠬᠤ ᠪᠣᠯᠤᠨ᠎ᠠ᠂ ᠬᠤᠪᠢᠰᠬᠠᠯ ᠤᠨ ᠲᠦᠯᠦᠭᠡ ᠪᠡᠶ᠎ᠡ ᠦᠷᠡᠭᠳᠡᠭᠰᠡᠨ ᠪᠠᠭᠠᠲᠤᠷᠴᠤᠳ ᠢ ᠰᠠᠨᠠᠭᠠᠯᠵᠠᠬᠤ᠂ ᠣᠪᠣᠭ᠎ᠠ ᠲᠠᠬᠢᠵᠤ᠂ ᠲᠡᠮᠡᠭᠡ ᠤᠨᠤᠬᠤ ᠶᠢ ᠣᠶᠢᠯᠠᠭᠠᠵᠤ ᠴᠢᠳᠠᠨ᠎ᠠ᠃      2019 ᠣᠨ ᠤ ᠡᠬᠢ ᠪᠠᠷ ᠲᠡᠮᠡᠭᠡᠨ ᠰᠣᠶᠣᠯ ᠤᠨ ᠵᠤᠭᠠᠴᠠᠯ ᠤᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ ᠠᠵᠢᠯ ᠨᠢᠭᠡᠨᠲᠡ ᠠᠷᠠᠯᠵᠢᠶᠠᠴᠢᠨ ᠤᠷᠢᠵᠤ ᠡᠬᠢᠯᠡᠪᠡ᠂ ᠰᠦᠮᠡᠲᠦ ᠶᠢᠨ ᠲᠡᠮᠡᠭᠡᠨ ᠤ ᠪᠣᠯᠪᠠᠰᠤᠷᠠᠯ ᠤᠨ ᠲᠠᠯᠠᠪᠠᠶ᠂ ᠴᠠᠭᠠᠨ ᠲᠡᠮᠡᠭᠡᠨ ᠤ ᠰᠠᠭᠤᠷᠢᠨ ᠭᠠᠵᠠᠷ ᠪᠠ ᠰᠢᠯᠢᠭᠤᠣᠯ ᠤᠨ ᠪᠤᠤᠷ᠎ᠠ ᠶᠢᠨ ᠲᠠᠯᠠᠪᠠᠶ ᠪᠠᠷ ᠠᠵᠤ ᠦᠢᠯᠡᠰ ᠢᠶᠠᠨ ᠡᠬᠢᠯᠡᠭᠦᠯᠬᠦ ᠵᠣᠭᠰᠣᠴᠠ ᠪᠠᠨ ᠪᠣᠯᠭᠠᠨ᠎ᠠ᠂ ᠡᠭᠦᠨ ᠤ ᠵᠡᠷᠭᠡᠴᠡᠭᠡ ᠪᠠᠷ᠂ ᠡᠷᠭᠢᠨ ᠲᠣᠭᠤᠷᠢᠨ ᠢ ᠲᠣᠬᠢᠷᠠᠭᠤᠯᠤᠯᠲᠠ ᠲᠠᠢ ᠨᠡᠭᠡᠭᠡᠨ ᠬᠥᠭᠵᠢᠭᠦᠯᠬᠦ ᠶᠢ ᠳᠠᠪᠤᠰᠤᠨ ᠨᠠᠭᠤᠷ ᠤᠨ ᠵᠤᠭᠠᠴᠠᠯ᠂ ᠮᠣᠩᠭᠤᠯ ᠡᠮᠨᠡᠯᠭᠡ ᠶᠢᠨ ᠰᠤᠪᠢᠯᠠᠯᠲᠠ ᠶᠢᠨ ᠬᠦᠷᠢᠶᠡᠯᠡᠩ ᠵᠡᠷᠭᠡ ᠰᠣᠶᠣᠯ ᠵᠤᠭᠠᠴᠠᠯ ᠤᠨ ᠠᠵᠤ ᠦᠢᠯᠡᠰ ᠲᠠᠢ ᠤᠶᠠᠯᠳᠤᠭᠤᠯᠬᠤ ᠶᠢᠨ ᠬᠠᠮᠲᠤ ᠳᠤ ᠨᠢ ᠲᠡᠮᠡᠭᠡᠨ ᠤ ᠨᠠᠭᠠᠳᠤᠮ ᠢᠶᠠᠷ ᠵᠢᠯ ᠪᠦᠷᠢ ᠶᠢᠨ ᠲᠦᠪᠯᠡᠷᠡᠯ ᠲᠠᠢ ᠬᠦᠳᠡᠯᠭᠡᠭᠡᠨ ᠤ ᠵᠢᠯ ᠤᠨ ᠬᠤᠷᠠᠯ ᠪᠠ ᠲᠡᠮᠡᠭᠡᠨ ᠤ ᠰᠣᠶᠣᠯ ᠤᠨ ᠵᠤᠭᠠᠴᠠᠯ ᠤᠨ ᠭᠤᠣᠯ ᠣᠷᠭᠢᠯ ᠴᠠᠭ ᠪᠣᠯᠭᠠᠵᠤ᠂ ᠤᠷᠲᠤᠳᠬᠠᠭᠰᠠᠨ ᠱᠤᠭᠤᠮ ᠤᠨ ᠵᠤᠭᠠᠴᠠᠯ ᠤᠨ ᠥᠷᠲᠡᠭᠡ ᠶᠢ ᠪᠠᠶᠢᠭᠤᠯᠵᠤ᠂ ᠰᠣᠶᠣᠯ ᠵᠤᠭᠠᠴᠠᠯ ᠤᠨ ᠦᠢᠯᠡᠴᠢᠯᠡᠭᠡ ᠲᠠᠢ ᠵᠣᠯᠭᠠᠭᠤᠯᠤᠨ᠎ᠠ᠂ ᠡᠳᠡᠭᠡᠷ ᠪᠠᠶᠢᠭᠤᠯᠤᠯᠲᠠ ᠨᠢ ᠦᠨᠡᠨ ᠬᠦ ᠪᠦᠲᠦᠬᠦ ᠳᠤ ᠬᠦᠷᠪᠡᠯ ᠠᠯᠠᠱᠠ ᠶᠢᠨ ᠰᠣᠶᠤᠯ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ᠂  ᠮᠠᠯᠵᠢᠬᠤ ᠣᠷᠣᠨ ᠤ ᠠᠵᠤ ᠠᠬᠤᠶ᠂ ᠠᠷᠠᠳ ᠲᠦᠮᠡᠨ ᠤ ᠠᠵᠢᠯ ᠣᠯᠬᠤ ᠣᠷᠤᠯᠭ᠎ᠠ ᠨᠡᠮᠡᠭᠳᠡᠬᠦ ᠶᠢ ᠠᠬᠢᠭᠤᠯᠬᠤ ᠳᠤ ᠯᠣᠲᠤ ᠶᠡᠭᠡ ᠦᠢᠯᠡᠳᠦᠯ ᠦᠵᠡᠭᠦᠯᠦᠨ᠎ᠡ᠃      ᠮᠠᠨ ᠤ ᠣᠷᠣᠨ ᠤ ᠵᠢᠭᠤᠯᠴᠢᠯᠠᠯ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠲᠠᠨᠢ ᠮᠠᠰᠢᠳᠠ ᠲᠠᠯᠠᠷᠬᠠᠵᠤ ᠪᠠᠶᠢᠨ᠎ᠠ︕                                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                  ᠰᠣᠶᠣᠯ ᠪᠠ ᠵᠢᠭᠤᠯᠴᠢᠯᠠᠯ ᠤᠨ ᠲᠢᠩᠬᠢᠮ                                                                                                                                                   2019 ᠣᠨ ᠤ 6 ᠰᠠᠷ᠎ᠠ ᠶᠢᠨ 28 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map