ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠤᠨ ᠰᠢᠯᠭᠠᠷᠠᠭᠤᠯᠤᠭᠰᠠᠨ ᠦᠷ᠎ᠡ ᠳ᠋ᠦᠩ ᠤᠨ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2019/11/19
     ︽2019 ᠣᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ﹀ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠮᠡᠳᠡᠭᠳᠡᠯ︾ ︵ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠯᠪᠠᠨ ᠭᠡᠷ ᠦᠰᠦᠭ ﹇2019﹈ 146 ᠳ᠋ᠤᠭᠠᠷ ᠲᠣᠭᠠᠲᠤ︶ ᠢ ᠦᠨᠳᠦᠰᠦᠯᠡᠨ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠲᠣᠭᠲᠠᠭᠠᠯᠭᠠᠬᠤ ᠪᠠᠷ ᠳᠠᠮᠵᠢᠨ᠂ 2019 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ 10 ᠵᠦᠴᠦᠭᠡ ᠪᠠ ᠭᠤᠤᠯᠳᠠᠯᠭ᠎ᠠ ᠲᠠᠢ ᠳᠠᠬᠢᠨ ᠲᠡᠳᠬᠦᠵᠦ ᠳᠡᠭᠡᠭᠰᠢᠯᠡᠭᠦᠯᠬᠦ ᠥᠪᠡᠷᠲᠡᠭᠡᠨ ᠵᠠᠰᠠᠬᠤ ᠣᠷᠣᠨ ᠤ ᠰᠣᠳᠤᠨ ᠵᠦᠴᠦᠭᠡ 2 ᠵᠦᠴᠦᠭᠡ ᠶᠢ ᠰᠢᠯᠭᠠᠷᠠᠭᠤᠯᠵᠤ ᠭᠠᠷᠭᠠᠪᠠ᠃ ᠰᠤᠩᠭᠤᠭᠳᠠᠭᠰᠠᠨ ᠨᠡᠷᠡᠰ ᠨᠢ ᠳᠣᠤᠷᠠᠬᠢ ᠮᠡᠲᠦ᠄      ᠨᠢᠭᠡ᠂ 2019 ᠣᠨ ᠤ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠵᠦᠴᠦᠭᠡ᠄      1. ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠶᠠᠷᠢᠶᠠᠲᠤ ᠵᠦᠴᠦᠭᠡ ︽ᠬᠤᠷᠤᠭᠤᠨ ᠣᠷᠣᠮ︾      2. ᠠᠯᠠᠱᠠ ᠠᠶᠢᠮᠠᠭ ᠤᠨ ᠤᠯᠠᠭᠠᠨᠮᠥ᠋ᠴᠢᠷ ᠤᠨ ᠶᠠᠷᠢᠶᠠᠲᠤ ᠵᠦᠴᠦᠭᠡ ︽ᠳᠣᠷᠣᠨ᠎ᠠ ᠶᠢᠨ ᠰᠠᠯᠬᠢ — ᠬᠦᠷᠴᠢᠭᠢᠨᠡᠨ᠎ᠡ︾      3. ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ  ᠪᠡᠭᠡᠵᠢᠩ ᠰᠢ ︽ᠳ᠋ᠠ ᠱᠧᠩ ᠺᠦᠶ︾      4. ᠬᠦᠬᠡᠬᠤᠲᠠ ᠶᠢᠨ ᠦᠨᠳᠦᠰᠦᠲᠡᠨ ᠤ ᠲᠣᠭᠯᠠᠯᠲᠠ ᠶᠢᠨ ᠤᠷᠠᠯᠢᠭ ᠤᠨ ᠪᠦᠯᠦᠭᠯᠡᠯ ᠤᠨ ᠳᠠᠭᠤᠯᠠᠯᠲᠤ ᠵᠦᠴᠦᠭᠡ ︽ᠬᠥᠬᠡ ᠠᠭᠤᠯᠠ ᠶᠢᠨ ᠳᠣᠬᠢᠶᠠᠨ ᠭᠠᠯ︾      5. ᠣᠲᠤᠭ ᠬᠤᠰᠢᠭᠤᠨ ᠤ ᠤᠯᠠᠭᠠᠨᠮᠥ᠋ᠴᠢᠷ ᠤᠨ ᠮᠣᠩᠭᠤᠯ ᠵᠦᠴᠦᠭᠡ ︽ᠤᠯᠠᠭᠠᠨᠮᠥ᠋ᠴᠢᠷ ᠤᠨ ᠬᠠᠯᠠᠭᠤᠨ ᠪᠠᠶᠠᠷ︾      6. ᠬᠢᠩᠭᠠᠨ ᠤ ᠤᠯᠠᠭᠠᠨᠮᠥ᠋ᠴᠢᠷ ᠤᠨ ᠦᠨᠳᠦᠰᠦᠲᠡᠨ ᠤ ᠳᠠᠭᠤᠤ ᠪᠥᠵᠢᠭᠲᠦ ᠵᠦᠴᠦᠭᠡ ︽ᠮᠠᠭᠲᠠᠭᠠᠯ ᠳᠠᠭᠤᠤ      7. ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠤᠯᠠᠭᠠᠨᠮᠥ᠋ᠴᠢᠷ ᠤᠨ ᠮᠣᠩᠭᠤᠯ ᠵᠦᠴᠦᠭᠡ ︽ᠠᠭᠠᠷᠴᠠᠨ ᠴᠢᠯᠠᠭᠤ︾      8. ᠤᠯᠠᠭᠠᠨᠬᠠᠳᠠ ᠬᠤᠲᠠ ᠶᠢᠨ ᠦᠨᠳᠦᠰᠦᠲᠡᠨ ᠤ ᠳᠠᠭᠤᠤ ᠪᠦᠵᠢᠭ ᠵᠦᠴᠦᠭᠡ ᠶᠢᠨ ᠬᠦᠷᠢᠶᠡᠯᠡᠩ ᠤᠨ ᠠᠷᠠᠳ ᠤᠨ ᠬᠥᠭᠵᠢᠮ ᠤᠨ ᠳᠠᠭᠤᠤ ᠬᠦᠭᠵᠢᠮ ᠤᠨ ᠴᠢᠭᠤᠯᠭᠠᠨ ᠤ ︽ᠴᠤᠭ ᠪᠢᠯᠢᠭᠲᠦ ᠮᠣᠩᠭᠤᠯ ᠬᠥᠭᠵᠢᠮ︾      9. ᠰᠥᠨᠢᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠮᠣᠩᠭᠤᠯ ᠵᠦᠴᠦᠭᠡ ︽ᠪᠣᠳᠠᠷ ᠴᠢᠯᠠᠭᠤᠨ ᠤ ᠳᠣᠮᠤᠭ︾      10. ᠦᠬᠠᠶ ᠬᠤᠲᠠ ᠶᠢᠨ ᠳᠠᠭᠤᠤ ᠪᠥᠵᠢᠭ ᠤᠨ ᠪᠦᠯᠬᠦᠮ ᠤᠨ ᠳᠠᠭᠤᠤ ᠬᠦᠭᠵᠢᠮᠲᠦ ᠵᠦᠴᠦᠭᠡ ︽ᠦᠬᠠᠶ ᠠᠶᠢᠯ ᠤᠨ ᠬᠢᠨ︾      ᠬᠤᠶᠠᠷ᠂ ᠭᠤᠤᠯᠳᠠᠯᠭ᠎ᠠ ᠲᠠᠢ ᠳᠠᠬᠢᠨ ᠲᠡᠳᠬᠦᠵᠦ ᠳᠡᠭᠡᠭᠰᠢᠯᠡᠭᠦᠯᠬᠦ ᠥᠪᠡᠷᠲᠡᠭᠡᠨ ᠵᠠᠰᠠᠬᠤ ᠣᠷᠣᠨ ᠤ ᠰᠣᠳᠤᠨ ᠵᠦᠴᠦᠭᠡ᠄      1. ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠶᠠᠷᠢᠶᠠᠲᠤ ᠵᠦᠴᠦᠭᠡ ︽ᠢᠨᠵᠠᠨᠨᠠᠰᠢ︾      2. ᠥᠪᠥᠷ ᠮᠣᠩᠭᠤᠯ ᠤᠨ ᠳᠡᠳᠮ᠎ᠠ ᠤᠷᠠᠯᠢᠭ ᠤᠨ ᠰᠤᠷᠭᠠᠭᠤᠯᠢ ᠶᠢᠨ ᠦᠨᠳᠦᠰᠦᠲᠡᠨ ᠤ ᠳᠠᠭᠤᠯᠠᠯᠲᠤ ᠵᠦᠴᠦᠭᠡ ︽ᠲᠣᠤᠷᠠᠶ ᠶᠢᠨ ᠬᠠᠶᠢᠷ᠎ᠠ︾      ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠡᠳᠦᠷ ︵ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠵᠦ ᠪᠣᠳᠣᠨ᠎ᠠ︶ ᠂ ᠬᠡᠷᠪᠡ ᠵᠠᠷᠯᠠᠨ ᠨᠡᠶᠢᠲᠡᠯᠡᠭᠰᠡᠨ ᠨᠡᠷᠡᠰ ᠲᠤ ᠣᠨᠳᠣᠣ ᠰᠠᠨᠠᠯ ᠲᠠᠢ ᠪᠠᠶᠢᠪᠠᠯ ᠵᠠᠷᠯᠠᠨ ᠨᠡᠶᠢᠲᠡᠯᠡᠵᠦ ᠪᠠᠶᠢᠬᠤ ᠬᠤᠭᠤᠴᠠᠭᠠᠨ ᠳᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠤᠷᠠᠯᠢᠭ ᠤᠨ ᠭᠠᠵᠠᠷ ᠲᠤ ᠲᠤᠰᠬᠠᠬᠤ ᠬᠡᠷᠡᠭᠲᠡᠶ᠃      ᠲᠤᠰᠬᠠᠭᠰᠠᠨ ᠪᠠᠶᠢᠳᠠᠯ ᠨᠢ ᠨᠠᠷᠢᠨ ᠪᠣᠳᠠᠲᠠᠶ ᠪᠠᠶᠢᠬᠤ ᠬᠡᠷᠡᠭᠲᠡᠶ ᠪᠥᠭᠡᠳ ᠨᠡᠷ᠎ᠡ ᠪᠣᠯᠤᠨ ᠬᠠᠶ᠋ᠢᠭ ᠢᠶᠠᠨ ᠦᠯᠡᠳᠡᠭᠡᠵᠦ ᠪᠠᠶᠢᠴᠠᠭᠠᠬᠤ ᠳᠤ ᠳᠥᠭᠦᠮ ᠪᠣᠯᠭᠠᠬᠤ ᠬᠡᠷᠡᠭᠲᠡᠶ᠃      ᠣᠨᠳᠣᠤ ᠰᠠᠨᠠᠯ ᠢ ᠬᠦᠯᠢᠶᠡᠨ ᠠᠪᠴᠤ ᠰᠢᠢᠳᠪᠦᠷᠢᠯᠡᠬᠦ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠤᠷᠠᠯᠢᠭ ᠤᠨ ᠭᠠᠵᠠᠷ      ᠬᠠᠷᠢᠯᠴᠠᠬᠤ ᠤᠲᠠᠰᠤ᠄ 0471 — 6968114 ︵ᠹᠠᠺᠰ ᠬᠠᠪᠰᠤᠷᠭᠠᠨ᠎ᠠ︶                           ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                       ᠰᠣᠶᠣᠯ ᠪᠠ ᠵᠢᠭᠤᠯᠴᠢᠯᠠᠯ ᠤᠨ ᠲᠢᠩᠬᠢᠮ                                      2019 ᠤᠨ ᠤ 10 ᠰᠠᠷ᠎ᠠ ᠶᠢᠨ 24 ᠤ ᠡᠳᠦᠷ
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map