ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ 218 ᠳ᠋ᠤᠭᠠᠷ ᠰᠠᠨᠠᠭᠤᠯᠭ᠎ᠠ ᠶᠢᠨ ᠲᠤᠬᠠᠢ ᠬᠠᠷᠢᠭᠤᠯᠲᠠ
ᠨᠡᠶᠢᠲᠡᠯᠡᠭᠰᠡᠨ ᠴᠠᠭ᠄
2019/11/5
ᠭᠡᠰᠢᠭᠦᠨ ᠯᠢᠦ ᠱᠣ᠋ ᠬᠤᠸᠠ ᠲᠠᠨ᠎ᠠ᠄      ᠲᠠᠨ ᠤ ᠳᠤᠷᠠᠳᠤᠭᠰᠠᠨ ︽ᠨᠡᠶᠢᠭᠡᠮ ᠲᠣᠭᠤᠷᠢᠭ ᠤᠨ ᠨᠣᠮ ᠤᠨ ᠰᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠭᠤᠯᠭ᠎ᠠ︾  ᠶᠢ ᠬᠦᠯᠢᠶᠡᠨ ᠭᠠᠷᠳᠠᠪᠠ᠃ ᠡᠳᠦᠭᠡ ᠳᠣᠤᠷᠠᠬᠢ ᠮᠡᠲᠦ ᠬᠠᠷᠢᠭᠤᠯᠲᠠ ᠥᠭᠬᠦᠶ᠎ᠡ᠄      ᠤᠶᠢᠷ᠎ᠠ ᠶᠢᠨ ᠵᠢᠯ ᠳᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠠᠴᠠ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠮᠠᠨ ᠤ ᠣᠷᠣᠨ ᠶᠡᠷᠦᠩᠬᠡᠶ ᠬᠤᠪᠢᠶᠠᠷᠢ ᠨᠣᠮ ᠤᠨ ᠰᠠᠩ ᠤᠨ ᠳᠦᠷᠢᠮ ᠤᠨ ᠬᠡᠯᠪᠡᠷᠢ ᠪᠠᠷ ᠭᠤᠤᠯ ᠪᠣᠯᠭᠠᠨ᠂ ᠦᠨᠳᠦᠰᠦᠨ ᠱᠠᠲᠤᠨ ᠤ ᠨᠣᠮ ᠤᠨ ᠰᠠᠩ᠂ ᠨᠣᠮ ᠤᠨ ᠰᠠᠩ ᠤᠨ ᠭᠡᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠬᠤ ᠶᠢᠨ ᠬᠠᠮᠲᠤ ︽ᠬᠤᠲᠠ ᠶᠢᠨ ᠨᠣᠮ ᠤᠨ ᠥᠷᠥᠭᠡ︾ ᠶᠢᠨ ᠬᠡᠯᠪᠡᠷᠢ ᠶᠢᠨ ᠨᠡᠶᠢᠭᠡᠮ ᠲᠣᠭᠤᠷᠢᠭ ᠤᠨ ᠨᠣᠮ ᠤᠨ ᠰᠠᠩ ᠤᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠵᠦ ᠪᠠᠶᠢᠨ᠎ᠠ᠃ 2015 ᠤᠨ ᠤ ᠡᠬᠢ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠤᠳᠤ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠲᠤᠬᠠᠶ ᠰᠠᠨᠠᠯ︾ ᠢ ᠨᠡᠶᠢᠲᠡᠯᠡᠵᠦ᠂ ︽ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡ  ᠶᠢ ᠠᠳᠠᠯᠢ ᠲᠡᠭᠰᠢ ᠪᠣᠯᠭᠠᠬᠤ ᠶᠢ ᠠᠬᠢᠭᠤᠯᠬᠤ︾ ᠵᠦᠢᠯ ᠵᠤᠷᠪᠤᠰ ᠲᠤ᠄ ︽ᠰᠢᠶᠠᠨ ᠤ ᠱᠠᠲᠤᠨ ᠤ ᠰᠣᠶᠣᠯ ᠤᠨ ᠣᠷᠳᠣᠨ᠂ ᠨᠣᠮ ᠤᠨ ᠰᠠᠩ ᠢᠶᠠᠷ ᠲᠥᠪ ᠪᠣᠯᠭᠠᠨ ᠶᠡᠷᠦᠩᠬᠡᠶ ᠬᠤᠪᠢᠶᠠᠷᠢ ᠣᠷᠳᠣᠨ ᠤ ᠳᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︾ ᠭᠡᠵᠦ ᠲᠣᠳᠣᠷᠬᠠᠶ ᠳᠤᠷᠠᠳᠤᠨ ᠭᠠᠷᠭᠠᠵᠠᠶ᠃ 2016 ᠤᠨ ᠤ 12 ᠰᠠᠷ᠎ᠠ ᠶᠢᠨ 29 ᠤ ᠡᠳᠦᠷ᠂ ᠰᠤᠶᠤᠯ ᠤᠨ ᠶᠠᠮᠤᠨ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠶᠡᠷᠦᠩᠬᠡᠶ ᠲᠣᠪᠴᠢᠶ᠎ᠠ᠂ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ ᠲᠠᠪᠤᠨ ᠰᠠᠯᠠᠭ᠎ᠠ ᠮᠦᠴᠢᠷ ᠬᠠᠮᠲᠤᠷᠠᠨ ︽ᠰᠢᠶᠠᠨ ᠤ ᠱᠠᠲᠤᠨ ᠤ ᠰᠣᠶᠣᠯ ᠤᠨ ᠣᠷᠳᠣᠨ᠂ ᠨᠣᠮ ᠤᠨ ᠰᠠᠩ ᠤᠨ ᠶᠡᠷᠦᠩᠬᠡᠶ ᠬᠤᠪᠢᠶᠠᠷᠢ ᠣᠷᠳᠣᠨ ᠤ ᠳᠦᠷᠢᠮ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠃ 2017 ᠤᠨ ᠤ 11 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠂ ᠰᠣᠶᠣᠯ ᠤᠨ ᠲᠢᠩᠬᠢᠮ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠮᠲᠤᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ᠂ ᠨᠣᠮ ᠤᠨ ᠰᠠᠩ ᠤᠨ ᠶᠡᠷᠦᠩᠬᠡᠶ ᠬᠤᠪᠢᠶᠠᠷᠢ ᠣᠷᠳᠣᠨ ᠤ ᠳᠦᠷᠢᠮ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠪᠠ᠃ 2018 ᠣᠨ ᠠᠴᠠ ᠡᠬᠢᠯᠡᠨ ᠰᠣᠶᠣᠯ ᠤᠨ ᠣᠷᠳᠣᠨ᠂ ᠨᠣᠮ ᠤᠨ ᠰᠠᠩ ᠤᠨ ᠶᠡᠷᠦᠩᠬᠡᠶ᠂ ᠬᠤᠪᠢᠶᠠᠷᠢ ᠣᠷᠳᠣᠨ ᠤ ᠳᠦᠷᠢᠮ ᠤᠨ ᠪᠠᠶᠢᠭᠤᠯᠤᠯᠲᠠ ᠶᠢ ᠠᠶᠢᠮᠠᠭ ᠬᠤᠲᠠ ᠶᠢᠨ ᠤᠳᠤᠷᠢᠳᠬᠤ ᠪᠠᠭ ᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠤᠨ᠎ᠠ᠃      ᠣᠳᠣᠬᠠᠨ ᠳᠤ ᠪᠥᠬᠦ ᠣᠷᠣᠨ ᠤ ᠬᠥᠯᠥᠨ ᠪᠤᠶᠢᠷ᠂ ᠲᠦᠩᠯᠢᠶᠣᠤ᠂ ᠬᠥᠬᠡᠬᠤᠲᠠ᠂ ᠣᠷᠳᠣᠰ᠂ ᠪᠤᠭᠤᠲᠤ ᠬᠤᠲᠠ ᠵᠡᠷᠭᠡ 12 ᠠᠶᠢᠮᠠᠭ ᠬᠤᠲᠠ ᠨᠢᠭᠡᠨᠲᠡ ᠪᠣᠳᠠᠲᠠᠶ ᠰᠣᠶᠣᠯ ᠤᠨ ᠣᠷᠳᠣᠨ᠂ ᠨᠣᠮ ᠤᠨ ᠰᠠᠩ ᠤᠨ ᠶᠡᠷᠦᠩᠬᠡᠶ ᠬᠤᠪᠢᠶᠠᠷᠢ ᠣᠷᠳᠣᠨ ᠤ ᠬᠡᠷᠡᠭᠵᠢᠭᠦᠯᠬᠦ ᠰᠠᠨᠠᠯ ᠪᠤᠶᠤ ᠬᠡᠷᠡᠭᠵᠢᠭᠦᠯᠬᠦ ᠲᠥᠰᠦᠯ ᠢ ᠨᠡᠶᠢᠲᠡᠯᠡᠭᠰᠡᠨ ᠪᠥᠭᠡᠳ ᠵᠣᠩᠬᠢᠯᠠᠬᠤ ᠠᠶᠢᠮᠠᠭ ᠬᠤᠲᠠ ᠨᠢᠭᠡᠨᠲᠡ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠪᠠᠶᠢᠨ᠎ᠠ᠃ ᠡᠯ᠎ᠡ ᠭᠠᠵᠠᠷ ᠤᠨ ᠬᠢᠨ ᠠᠵᠢᠯ ᠢᠶᠠᠨ ᠠᠬᠢᠭᠤᠯᠬᠤ ᠶᠠᠪᠤᠴᠠ ᠳᠤ ᠬᠤᠰᠢᠭᠤ ᠰᠢᠶᠠᠨ ᠤ ᠱᠠᠲᠤᠨ ᠤ ᠨᠣᠮ ᠤᠨ ᠰᠠᠩ ᠤᠨ ᠶᠡᠷᠦᠩᠬᠡᠶ ᠬᠤᠪᠢᠶᠠᠷᠢ ᠣᠷᠳᠣᠨ ᠤ ᠳᠦᠷᠢᠮ ᠤᠨ ᠪᠠᠶᠢᠭᠤᠯᠤᠯᠲᠠ ᠶᠢᠨ ᠬᠡᠪ ᠵᠠᠭᠪᠤᠷ ᠢ ᠪᠣᠢ ᠪᠣᠯᠭᠠᠵᠠᠶ᠃ ᠵᠠᠷᠢᠮ ᠭᠠᠵᠠᠷ ᠣᠷᠣᠨ ᠳᠤ ᠲᠥᠪ ᠣᠷᠳᠣᠨ ︵ᠠᠶᠢᠮᠠᠭ ᠬᠤᠲᠠ ᠶᠢᠨ ᠨᠣᠮ ᠤᠨ ᠰᠠᠩ︶ — ᠶᠡᠷᠦᠩᠬᠡᠶ ᠣᠷᠳᠣᠨ ︵ᠬᠤᠰᠢᠭᠤ ᠰᠢᠶᠠᠨ ᠤ ᠨᠣᠮ ᠤᠨ ᠰᠠᠩ︶ — ᠬᠤᠪᠢᠶᠠᠷᠢ ᠣᠷᠳᠣᠨ ︵ᠰᠤᠮᠤ ᠰᠢᠶᠠᠩ ᠪᠠᠯᠭᠠᠰᠤ ᠶᠢᠨ ᠨᠣᠮ ᠤᠨ ᠰᠠᠩ︶ — ᠬᠤᠪᠢᠶᠠᠷᠢ ᠣᠷᠳᠣᠨ ︵ᠭᠠᠴᠠᠭ᠎ᠠ ᠲᠣᠰᠬᠤᠨ ᠤ ᠰᠣᠶᠣᠯ ᠤᠨ ᠲᠠᠰᠤᠭ︶ ᠳᠥᠷᠪᠡᠨ ᠱᠠᠲᠤᠨ ᠤ ᠰᠢᠰᠲ᠋ᠧᠮ ᠤᠨ ᠵᠠᠭᠪᠤᠷ ᠢ ᠪᠠᠶᠢᠭᠤᠯᠪᠠ︔ ᠵᠠᠷᠢᠮ ᠭᠠᠵᠠᠷ ᠣᠷᠣᠨ ᠳᠤ ᠲᠥᠪ ᠣᠷᠳᠣᠨ ︵ᠠᠶᠢᠮᠠᠭ ᠬᠤᠲᠠ ᠶᠢᠨ ᠨᠣᠮ ᠤᠨ ᠰᠠᠩ︶᠂ ᠶᠡᠷᠦᠩᠬᠡᠶ ᠣᠷᠳᠣᠨ ︵ᠬᠤᠰᠢᠭᠤ ᠰᠢᠶᠠᠨ ᠤ ᠨᠣᠮ ᠤᠨ ᠰᠠᠩ︶ ᠢᠶᠠᠷ ᠭᠤᠤᠯ ᠪᠣᠯᠭᠠᠨ᠂ ᠲᠡᠭᠦᠨ ᠤ ᠰᠠᠴᠤᠷᠠᠭᠤᠯᠤᠭᠰᠠᠨ ᠦᠢᠯᠡᠴᠢᠯᠡᠭᠡᠨ ᠤ ᠣᠷᠣᠨ ᠳᠤ ᠬᠥᠨᠳᠡᠯᠡᠨ ᠢᠶᠠᠷ ᠬᠤᠪᠢᠶᠠᠷᠢ ᠣᠷᠳᠣᠨ ᠪᠠᠶᠢᠭᠤᠯᠪᠠ᠃ ᠵᠢᠱᠢᠶᠡᠯᠡᠪᠡᠯ᠄ xxx ᠰᠤᠷᠭᠠᠭᠤᠯᠢ ᠶᠢᠨ ᠬᠤᠪᠢᠶᠠᠷᠢ ᠣᠷᠳᠣᠨ᠂ xxx ᠪᠠᠶᠢᠭᠤᠯᠭ᠎ᠠ ᠶᠢᠨ ᠬᠤᠪᠢᠶᠠᠷᠢ ᠣᠷᠳᠣᠨ᠂ xxx ᠠᠵᠤ ᠠᠬᠤᠶᠢᠯᠠᠯ ᠤᠨ ᠬᠤᠪᠢᠶᠠᠷᠢ ᠣᠷᠳᠣᠨ᠂ xxx ᠴᠡᠷᠢᠭ ᠠᠩᠭᠢ ᠶᠢᠨ ᠬᠤᠪᠢᠶᠠᠷᠢ ᠣᠷᠳᠣᠨ ᠵᠡᠷᠭᠡ ᠵᠠᠭᠪᠤᠷ︔ ᠵᠠᠷᠢᠮ ᠭᠠᠵᠠᠷ ᠣᠷᠣᠨ ᠳᠤ ᠬᠠᠭᠠᠰ ᠨᠠᠶᠢᠳᠠᠵᠤ ᠬᠠᠮᠢᠶᠠᠷᠤᠭᠤᠯᠬᠤ ᠵᠠᠭᠪᠤᠷ ᠢ ᠬᠡᠷᠡᠭᠯᠡᠵᠦ ᠪᠠᠶᠢᠨ᠎ᠠ᠃ ᠵᠠᠷᠢᠮ ᠭᠠᠵᠠᠷ ᠣᠷᠣᠨ ᠨᠢ ᠪᠦᠷᠢᠨ ᠨᠠᠶᠢᠳᠠᠵᠤ ᠬᠠᠮᠢᠶᠠᠷᠤᠭᠤᠯᠬᠤ ᠵᠠᠭᠪᠤᠷ ᠢ ᠬᠡᠷᠡᠭᠯᠡᠵᠦ ᠪᠠᠶᠢᠨ᠎ᠠ᠃ ᠶᠡᠷᠦᠩᠬᠡᠶ ᠳᠤᠨᠢ ᠠᠪᠴᠤ ᠦᠵᠡᠪᠡᠯ᠂ ᠶᠡᠷᠦᠩᠬᠡᠶ ᠬᠤᠪᠢᠶᠠᠷᠢ ᠣᠷᠳᠣᠨ ᠤ ᠪᠦᠲᠦᠭᠡᠨ ᠪᠠᠶᠢᠭᠤᠯᠤᠯᠲᠠ ᠶᠢ ᠡᠯ᠎ᠡ ᠭᠠᠵᠠᠷ ᠲᠤ ᠠᠬᠢᠭᠤᠯᠬᠤ ᠢᠳᠡᠪᠬᠢᠵᠢᠯ ᠨᠡᠯᠢᠶᠡᠳ ᠥᠨᠳᠥᠷ ᠪᠠᠶᠢᠵᠤ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠳᠡᠮᠵᠢᠯᠭᠡ ᠶᠢᠨ ᠡᠷᠴᠢᠮ ᠶᠡᠭᠡ ᠪᠠᠶᠢᠵᠤ᠂ ᠣᠯᠠᠨ ᠨᠡᠶᠢᠲᠡ ᠶᠢᠨ ᠨᠣᠮ ᠤᠨ ᠰᠠᠩ ᠤᠨ ᠦᠢᠯᠡᠲᠦᠯ ᠴᠢᠳᠠᠮᠵᠢ ᠦᠳᠲᠡᠷ ᠲᠦᠷᠭᠡᠨ ᠳᠡᠭᠡᠭᠰᠢᠯᠡᠵᠦ ᠂ ᠶᠡᠷᠦᠩᠬᠡᠶ ᠬᠤᠪᠢᠶᠠᠷᠢ ᠣᠷᠳᠣᠨ ᠤ ᠰᠢᠰᠲ᠋ᠧᠮ ᠤᠨ ᠪᠣᠷᠣ ᠲᠥᠯᠥᠪ ᠦᠨᠳᠦᠰᠦᠨ ᠳᠤ ᠪᠠᠨ ᠪᠦᠷᠢᠯᠳᠦᠵᠦ᠂ ᠲᠥᠪ ᠣᠷᠳᠣᠨ ᠤ ᠡᠭᠦᠷᠭᠡ ᠴᠢᠳᠠᠪᠤᠷᠢ ᠭᠦᠢᠴᠡᠳ ᠪᠠᠳᠠᠷᠠᠨ᠂ ︽ᠥᠩᠭᠡᠲᠦ ᠡᠭᠦᠯᠡᠨ ᠤ ᠦᠢᠯᠡᠴᠢᠯᠡᠭᠡ︾᠂ ︽︿ᠬᠤᠨ ᠭᠠᠯᠠᠭᠤ﹀ ᠪᠠᠭ᠋ᠠᠲᠤᠨ ᠤᠩᠰᠢᠬᠤ ᠲᠥᠯᠥᠪᠯᠡᠭᠡ︾ ᠵᠡᠷᠭᠡ ᠲᠣᠭᠠᠴᠢᠯᠠᠭᠰᠠᠨ ᠰᠣᠶᠣᠯ ᠤᠨ ᠦᠢᠯᠡᠴᠢᠯᠡᠭᠡᠨ ᠤ ᠶᠡᠷᠦᠩᠬᠡᠶ ᠬᠤᠪᠢᠶᠠᠷᠢ ᠣᠷᠳᠣᠨ ᠤ ᠵᠠᠭᠪᠤᠷ ᠢ ᠬᠡᠷᠡᠭᠯᠡᠵᠦ᠂ ᠠᠵᠢᠯ ᠲᠥᠷᠥᠯ ᠠᠯᠤᠰᠯᠠᠭᠰᠠᠨ ᠣᠯᠠᠨ ᠡᠰᠢᠵᠢᠭᠰᠡᠨ ᠶᠡᠷᠦᠩᠬᠡᠶ ᠬᠤᠪᠢᠶᠠᠷᠢ ᠣᠷᠳᠣᠨ ᠤ ᠬᠥᠭᠵᠢᠯᠲᠡ ᠶᠢᠨ ᠵᠠᠭᠪᠤᠷ ᠢ ᠠᠩᠬ᠎ᠠ ᠠᠯᠬᠤᠮ ᠬᠠᠶᠢᠨ ᠰᠦᠪᠡᠭᠴᠢᠯᠡᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠢᠯᠡᠳᠦᠯ ᠴᠢᠳᠠᠪᠬᠢ ᠲᠡᠭᠡᠭᠰᠢᠯᠡᠭᠰᠡᠨ ᠪᠠᠶᠢᠨ᠎ᠠ᠃      ᠵᠣᠬᠢᠬᠤ ᠠᠮᠵᠢᠯᠲᠠ ᠣᠯᠤᠭᠰᠠᠨ ᠤ ᠲᠠᠭᠠᠤ ᠳᠤ ᠨᠢ᠂ ᠮᠠᠨ ᠤ ᠣᠷᠣᠨ ᠳᠤ ᠪᠠᠰᠠ ᠣᠯᠠᠨ ᠨᠡᠶᠢᠲᠡ ᠶᠢᠨ ᠨᠣᠮ ᠤᠨ ᠰᠠᠩ ᠤᠨ ᠦᠢᠯᠡᠰ ᠤᠨ ᠬᠥᠭᠵᠢᠯᠲᠡ ᠲᠡᠩᠴᠡᠭᠦᠷᠢ ᠦᠭᠡᠢ᠂ ᠭᠦᠢᠴᠡᠳ ᠦᠭᠡᠢ᠂ ᠦᠨᠳᠦᠰᠦᠨ ᠱᠠᠲᠤᠨ ᠤ ᠨᠣᠮ ᠤᠨ ᠰᠠᠩ ᠤᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢ ᠬᠦᠷᠦᠯᠴᠡᠬᠦ ᠦᠭᠡᠢ᠂ ᠣᠷᠣᠨ ᠨᠤᠲᠤᠭ ᠤᠨ ᠵᠠᠰᠠᠭ ᠤᠨ ᠣᠷᠳᠣᠨ ᠤ ᠨᠡᠶᠢᠭᠡᠮ ᠲᠣᠭᠤᠷᠢᠭ ᠤᠨ ᠨᠣᠮ ᠤᠨ ᠰᠠᠩ ᠤᠨ ᠬᠥᠭᠵᠢᠯᠲᠡ ᠶᠢ ᠴᠢᠬᠤᠯᠠᠴᠢᠯᠠᠬᠤ ᠬᠡᠮᠵᠢᠶ᠎ᠡ ᠬᠦᠷᠦᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠭᠤᠤᠯᠯᠠᠬᠤ ᠬᠦᠴᠦᠨ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠶᠡᠷᠦᠩᠬᠡᠶ ᠬᠤᠪᠢᠶᠠᠷᠢ ᠣᠷᠳᠣᠨ ᠤ ᠰᠢᠰᠲ᠋ᠧᠮ ᠤᠨ ᠪᠠᠶᠢᠭᠤᠯᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠬᠤ ᠶᠢ ᠲᠦᠯᠬᠢᠨ ᠠᠬᠢᠭᠤᠯᠵᠤ᠂ ᠨᠢᠭᠡᠳᠦᠯᠲᠡᠶ ᠪᠠᠶᠢᠷᠢᠯᠠᠭᠤᠯᠤᠨ᠂ ᠬᠢᠨᠠᠮᠠᠭᠠᠶ ᠨᠠᠢᠳᠠᠪᠤᠷᠢᠵᠢᠭᠤᠯᠬᠤ᠂ ᠣᠯᠠᠨ ᠨᠡᠶᠢᠲᠡ ᠶᠢᠨ ᠰᠣᠶᠣᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠣᠯᠠᠨ ᠶᠠᠩᠵᠤᠴᠢᠯᠠᠭᠰᠠᠨ ᠶᠡᠷᠦᠩᠬᠡᠶ ᠬᠤᠪᠢᠶᠠᠷᠢ ᠣᠷᠳᠣᠨ ᠤ ᠪᠠᠶᠢᠭᠤᠯᠤᠯᠲᠠ ᠶᠢᠨ ᠵᠠᠭᠪᠤᠷ ᠢ ᠬᠡᠷᠡᠭᠯᠡᠨ᠂ ᠨᠡᠶᠢᠭᠡᠮ ᠲᠣᠭᠤᠷᠢᠭ ᠤᠨ ᠨᠣᠮ ᠤᠨ ᠰᠠᠩ ᠢ ᠪᠠᠭᠲᠠᠭᠠᠭᠰᠠᠨ ᠦᠨᠳᠦᠰᠦᠨ ᠱᠠᠲᠤᠨ ᠤ ᠨᠣᠮ ᠤᠨ ᠰᠠᠩ᠂ ᠨᠣᠮ ᠤᠨ ᠥᠷᠥᠭᠡ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠦᠨᠡᠨ ᠬᠦ ᠲᠦᠯᠬᠢᠨ ᠠᠬᠢᠭᠤᠯᠤᠨ᠎ᠠ᠃                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                             ᠰᠣᠶᠣᠯ ᠪᠠ ᠵᠢᠭᠤᠯᠴᠢᠯᠠᠯ ᠤᠨ ᠲᠢᠩᠬᠢᠮ                                             2019 ᠤᠨ 6 ᠰᠠᠷ᠎ᠠ ᠶᠢᠨ 20 ᠤ ᠡᠳᠦᠷ  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map