ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2019 ᠣᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ
ᠨᠡᠶᠢᠲᠡᠯᠡᠭᠰᠡᠨ ᠴᠠᠭ᠄
2019/12/2
     2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠢ ᠨᠡᠶᠢᠯᠡᠭᠦᠯᠦᠨ ᠬᠥᠭᠵᠢᠭᠦᠯᠬᠦ ᠠᠩᠬᠠᠨ ᠤ ᠵᠢᠯ᠂ ᠮᠦᠨ ᠴᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠭᠡᠵᠦ ᠪᠠᠶᠢᠭ᠎ᠠ ᠪᠣᠭᠤᠮᠲᠠ ᠰᠢᠪᠲᠤᠯᠬᠤ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠡᠳᠦᠭᠡ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2019 ᠣᠨ ᠤ ᠭᠤᠤᠯᠳᠠᠯᠭ᠎ᠠ ᠲᠠᠢ ᠠᠵᠢᠯ ᠢ ᠳᠣᠤᠷᠠᠬᠢ ᠮᠡᠲᠦ ᠲᠣᠬᠢᠷᠠᠭᠤᠯᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠠᠨ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠨᠠᠢᠮᠠᠳᠣᠭᠠᠷ ᠤᠳᠠᠭᠠᠨ ᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯ ᠪᠣᠯᠤᠨ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ ︽ᠳᠥᠷᠪᠡᠨ ᠤᠬᠠᠮᠰᠠᠷ ︾ ᠢ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠢᠶᠠᠷ ᠭᠤᠣᠯᠯᠠᠭᠤᠯᠬᠤ ᠬᠥᠭᠵᠢᠯᠲᠡ ᠶᠢᠨ ᠦᠵᠡᠯ ᠰᠠᠨᠠᠭ᠎ᠠ ᠶᠢ  ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠪᠠᠷ ᠬᠠᠷᠠᠯᠲᠠ ᠪᠠᠨ ᠪᠣᠯᠭᠠᠵᠤ᠂ ᠰᠣᠶᠣᠯ ᠪᠠ ᠵᠢᠭᠤᠯᠴᠢᠯᠠᠯ ᠢ ᠨᠡᠶᠢᠯᠡᠭᠦᠯᠦᠨ ᠬᠦᠭᠵᠢᠭᠦᠯᠬᠦ ᠶᠢ ᠠᠬᠢᠭᠤᠯᠬᠤ ᠪᠠᠷ ᠭᠤᠤᠯ ᠰᠢᠵᠢᠮ ᠢᠶᠠᠨ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠢᠶᠠᠨ ᠪᠣᠯᠭᠠᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠴᠠᠭ ᠲᠣᠬᠢᠶᠠᠯ ᠢ ᠠᠳᠬᠤᠵᠤ᠂ ᠠᠷᠠᠳ ᠣᠯᠠᠨ ᠳᠤ ᠰᠢᠯᠢᠳᠡᠭ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡ᠂ ᠴᠢᠨᠠᠷ ᠰᠠᠶᠢᠲᠠᠶ ᠵᠢᠭᠤᠯᠴᠢᠯᠠᠯ ᠤᠨ ᠪᠦᠲᠦᠭᠡᠭᠳᠡᠬᠦᠨ ᠪᠠ ᠦᠢᠯᠡᠴᠢᠯᠡᠭᠡ ᠬᠠᠩᠭᠠᠬᠤ ᠳᠤ ᠠᠩᠬᠠᠷᠤᠯ ᠢᠶᠠᠨ ᠴᠢᠭᠯᠡᠭᠦᠯᠵᠦ᠂ ᠠᠷᠠᠳ ᠣᠯᠠᠨ ᠤ ᠰᠠᠶᠢᠨ ᠰᠠᠶᠢᠬᠠᠨ ᠣᠶᠤᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ      ᠬᠤᠶᠠᠷ᠂ ᠬᠥᠭᠵᠢᠯᠲᠡ ᠶᠢᠨ ᠬᠠᠷᠠᠯᠲᠠ      ︽ᠦᠨᠳᠦᠰᠦᠲᠡᠨ ᠤ ᠰᠣᠶᠣᠯ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠪᠠ ︽ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠲᠦ ᠵᠢᠭᠤᠯᠴᠢᠯᠠᠯ ᠤᠨ ᠵᠣᠷᠢᠭᠰᠠᠨ ᠭᠠᠵᠠᠷ︾ ᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠨᠡᠶᠢᠯᠡᠭᠦᠯᠦᠨ ᠬᠦᠭᠵᠢᠭᠦᠯᠬᠦ ᠦᠵᠡᠯ ᠰᠠᠨᠠᠭ᠎ᠠ ᠶᠢ ᠪᠠᠬᠢᠯᠡᠨ ᠪᠣᠰᠬᠠᠵᠤ᠂ ︽ᠨᠠᠶᠢᠯᠡᠬᠦ ᠳᠤ ᠲᠣᠬᠢᠷᠠᠮᠵᠢᠲᠠᠢ ᠪᠣᠯ ᠨᠠᠶᠢᠯᠡᠭᠦᠯᠬᠦ᠂ ᠨᠠᠶᠢᠯᠡᠬᠦ ᠪᠣᠯᠤᠮᠵᠢ ᠲᠠᠢ ᠶᠢ ᠴᠥᠮ ᠨᠠᠶᠢᠯᠡᠭᠦᠯᠬᠦ︾ ᠵᠠᠷᠴᠢᠮ ᠢ ᠪᠠᠷᠢᠮᠲᠠᠯᠠᠨ᠂ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠪᠠ ᠳᠦᠷᠢᠮ ᠲᠣᠭᠲᠠᠭᠠᠬᠤ ᠠᠵᠢᠯ ᠢ ᠴᠢᠩᠭᠠᠳᠬᠠᠵᠤ᠂ ᠰᠣᠶᠣᠯ ᠪᠠ ᠵᠢᠭᠤᠯᠴᠢᠯᠠᠯ ᠢ ᠨᠠᠶᠢᠯᠡᠭᠦᠯᠦᠨ ᠬᠥᠭᠵᠢᠭᠦᠯᠬᠦ ᠭᠤᠷᠪᠠᠨ ᠵᠢᠯ ᠤᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠰᠣᠶᠣᠯ ᠪᠠ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ᠂ ᠠᠵᠤ ᠦᠢᠯᠡᠰ ᠤᠨ ᠬᠥᠭᠵᠢᠯᠲᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠭᠠᠳᠠᠭᠠᠳᠤ ᠵᠢᠴᠢ ᠰᠢᠶᠠᠩᠭᠠᠡᠭ ᠣᠣᠮᠧᠨ ᠲᠠᠶᠢᠸᠠᠨ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠵᠡᠷᠭᠡ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠭᠦᠨᠵᠡᠭᠡᠶ ᠨᠠᠶᠢᠯᠡᠯ ᠢ ᠢᠳᠡᠪᠬᠢᠲᠡᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠲᠠᠲᠠᠬᠤ ᠬᠦᠴᠦᠨ᠂ ᠥᠷᠢᠰᠦᠯᠳᠦᠬᠦ ᠬᠦᠴᠦᠨ᠂ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠢ 1.44 ᠳ᠋ᠦᠩᠰᠢᠭᠤᠷ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 10 % ᠪᠠᠷ ᠨᠡᠮᠡᠭᠳᠡᠭᠦᠯᠬᠦ ᠶᠢ ᠬᠦᠴᠦᠯᠡᠵᠦ ᠪᠡᠶᠡᠯᠡᠭᠦᠯᠦᠨ᠎ᠡ︔ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ ᠶᠢ 4500 ᠳ᠋ᠦᠩᠰᠢᠭᠤᠷ ᠲᠥᠭᠦᠷᠢᠭ ᠲᠤ ᠬᠦᠷᠭᠡᠨ᠂ ᠠᠳᠠᠯᠢ ᠬᠤᠭᠤᠴᠠᠭᠠᠨ ᠤ ᠬᠢ ᠠᠴᠠ 12% ᠠᠴᠠ ᠲᠡᠭᠡᠭᠰᠢ ᠨᠡᠮᠡᠭᠳᠡᠬᠦ ᠶᠢ ᠪᠡᠶᠡᠯᠡᠭᠦᠯᠦᠨ᠎ᠡ᠃      ᠭᠤᠷᠪᠠ᠂ ᠭᠤᠤᠯ ᠡᠭᠦᠷᠭᠡ      ︵ᠨᠢᠭᠡ︶ ᠤᠷᠠᠯᠢᠭ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ      1.ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠳᠠᠭᠤᠤ ᠬᠥᠭᠵᠢᠮ᠂ ᠪᠥᠵᠢᠭ᠂ ᠰᠢ ᠲᠠᠭᠤᠷᠢᠯᠢᠭ᠂ ᠰᠢ ᠵᠦᠴᠦᠭᠡ᠂ ᠤᠷᠠᠨ ᠵᠢᠷᠤᠭ ᠵᠡᠷᠭᠡ ᠤᠳᠬ᠎ᠠ ᠤᠷᠠᠯᠢᠭ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃      2. ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠢᠯᠡᠰ ᠤᠨ ᠲᠤᠬᠠᠶ ᠴᠢᠬᠤᠯᠠ ᠵᠢᠭᠠᠪᠤᠷᠢ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠣᠷᠢᠵᠢᠭᠤᠯᠤᠨ᠎ᠠ᠂ ᠤᠯᠠᠭᠠᠨᠮᠥ᠋ᠴᠢᠷ ᠤᠨ ᠬᠠᠤᠯᠢ ᠲᠣᠭᠲᠠᠭᠠᠬᠤ ᠠᠵᠢᠯ ᠢ ᠢᠳᠡᠪᠬᠢᠲᠡᠢ ᠠᠬᠢᠭᠤᠯᠤᠨ᠂ ︽ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ︾ ᠪᠠ ︽ᠤᠯᠠᠭᠠᠨᠮᠥ᠋ᠴᠢᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠨᠠᠢᠮᠠᠳᠣᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠢ ᠡᠷᠬᠢᠯᠡᠨ᠎ᠡ᠃      3. ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢᠨ ᠲᠣᠭᠤᠷᠢᠨ ᠳᠤ᠂ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ︾᠂ ︽ᠮᠣᠷᠢᠲᠤ ᠴᠡᠷᠢᠭ︾᠂ ︽ᠲᠡᠮᠡᠭᠡᠨ ᠵᠢᠩ︾᠂ ᠳᠠᠭᠤᠤ ᠪᠥᠵᠢᠭᠲᠦ ᠵᠦᠴᠦᠭᠡ ︽ᠮᠢᠨᠦ ᠤᠯᠠᠭᠠᠨᠮᠥ᠋ᠴᠢᠷ︾᠂ ᠶᠠᠷᠢᠶᠠᠲᠤ ᠵᠦᠴᠦᠭᠡ ︽ᠲᠣᠮᠣ ᠤᠯᠤᠰ ᠤᠨ ᠤᠷᠠᠨ ᠳᠠᠷᠬᠠᠨ︾᠂ ︽ᠬᠤᠷᠤᠭᠤᠨ ᠲᠠᠮᠠᠭ᠎ᠠ︾᠂ ︽ᠤᠯᠠᠭᠠᠨᠮᠥ᠋ᠴᠢᠷ ᠤᠨ ᠰᠡᠳᠭᠢᠯ ᠤᠨ ᠲᠠᠭᠤᠯᠠᠯ︾ ᠂ ᠮᠣᠩᠭᠤᠯ ᠵᠦᠴᠦᠭᠡ ︽ᠡᠭᠦᠷ ᠰᠡᠭᠦᠯᠲᠦ︾᠂ ︽ᠠᠮᠢᠨ ᠵᠠᠶᠠᠭ᠎ᠠ︾ ᠵᠡᠷᠭᠡ ᠶᠠᠰᠤ ᠰᠢᠷᠪᠥᠰᠥ ᠲᠠᠢ᠂ ᠮᠣᠷᠠᠯ ᠰᠤᠷᠲᠠᠬᠤᠨ ᠲᠠᠢ᠂ ᠳᠤᠯᠠᠭᠠᠴᠠ ᠲᠠᠢ᠂ ᠴᠠᠭ ᠦᠶ᠎ᠡ ᠶᠢᠨ ᠣᠨᠴᠠᠯᠢᠭ ᠪᠤᠯᠤᠨ ᠲᠠᠯ᠎ᠠ ᠨᠤᠲᠤᠭ ᠤᠨ ᠣᠨᠴᠠᠯᠢᠭ ᠢ ᠢᠯᠡᠷᠡᠭᠦᠯᠦᠭᠰᠡᠨ ᠨᠢᠭᠡ ᠪᠦᠯᠦᠭ ᠰᠣᠳᠣᠨ ᠵᠦᠴᠦᠭᠡ ᠶᠢ ᠲᠡᠮᠵᠢᠨ ᠦᠢᠯᠡᠳᠦᠨ᠎ᠡ᠃ ᠰᠢᠯᠢᠳᠡᠭ ᠵᠦᠴᠦᠭᠡ ᠶᠢ ᠰᠣᠩᠭᠤᠨ ᠲᠠᠨᠢᠯᠴᠠᠭᠤᠯᠵᠤ ᠰᠣᠶᠣᠯ ᠤᠨ ᠶᠡᠭᠡ ᠱᠠᠩᠨᠠᠯ᠂ ︽ᠲᠠᠪᠤᠨ ᠨᠢᠭᠡ ᠢᠨᠵᠧᠨᠧᠷᠢᠩ︾ ᠤᠨ ᠱᠠᠩᠨᠠᠯ ᠭᠡᠬᠦ ᠵᠡᠷᠭᠡ ᠤᠯᠤᠰ ᠤᠨ ᠲᠡᠰ ᠤᠨ ᠤᠷᠠᠯᠢᠭ ᠤᠨ ᠱᠠᠩᠨᠠᠯ ᠤᠨ ᠦᠷᠢᠰᠦᠯᠳᠦᠭᠡᠨ ᠳᠤ ᠣᠷᠤᠯᠴᠠᠭᠤᠯᠤᠨ᠎ᠠ᠃      4. ︽ᠵᠠᠭᠤᠨ ᠪᠦᠯᠬᠦᠮ ᠤᠨ ᠮᠢᠩᠭᠠᠨ ᠲᠠᠯᠠᠪᠤᠷ ᠲᠣᠭᠯᠠᠯᠲᠠ ᠦᠨᠳᠦᠰᠦᠨ ᠱᠠᠲᠤᠨ ᠳᠤ ᠪᠠᠭᠤᠬᠤ︾᠂ ︽ᠲᠠᠯ᠎ᠠ ᠨᠤᠲᠤᠭ ᠤᠨ ᠰᠣᠨᠤᠰᠬᠤᠯᠠᠩ ᠲᠠᠢ ᠭᠠᠷᠠᠭ ᠤᠨ ᠠᠮᠠᠷᠠᠯᠲᠠ︾᠂ ︽ᠲᠠᠯ᠎ᠠ ᠨᠤᠲᠤᠭ ᠤᠨ ᠰᠢ ᠵᠦᠴᠦᠭᠡ ᠶᠢᠨ ᠦᠵᠡᠭᠦᠯᠦᠯᠭᠡ ᠶᠢᠨ ᠰᠠᠷ᠎ᠠ︾᠂ ︽ᠳᠥᠷᠪᠡᠨ ᠤᠯᠠᠷᠢᠯ ᠳᠠᠬᠢ ᠥᠪᠥᠷ ᠮᠣᠩᠭᠤᠯ ᠤᠨ ᠲᠣᠭᠯᠠᠯᠲᠠ ᠶᠢᠨ ᠤᠯᠠᠷᠢᠯ︾᠂ ︽ᠦᠨᠳᠦᠰᠦᠲᠡᠨ ᠤ ᠳᠠᠭᠤᠤ ᠪᠥᠵᠢᠭ᠂ ᠣᠷᠣᠨ ᠨᠤᠲᠤᠭ ᠤᠨ ᠰᠢ ᠲᠠᠭᠤᠷᠢᠯᠢᠭ ᠰᠤᠷᠭᠠᠭᠤᠯᠢ ᠶᠢᠨ ᠬᠦᠷᠢᠶᠡᠨ ᠳᠤ ᠣᠷᠣᠬᠤ︾ ᠵᠡᠷᠭᠡ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠨᠢᠭᠦᠯᠦᠨ᠎ᠡ᠃      5. ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠷᠠᠯᠢᠭ ᠤᠨ ᠲᠠᠯᠠᠪᠠᠢ ᠣᠷᠳᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠂ ᠤᠯᠠᠭᠠᠨᠮᠥ᠋ᠴᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ   ᠠᠵᠢᠯ ᠢ ᠡᠬᠢᠯᠡᠭᠦᠯᠦᠨ᠎ᠡ᠂ ᠥᠪᠥᠷ ᠮᠣᠩᠭᠤᠯ ᠤᠨ ᠳᠠᠭᠤᠤ ᠬᠥᠭᠵᠢᠮ ᠤᠨ ᠲᠢᠩᠬᠢᠮ ᠢ ᠲᠦᠯᠦᠪᠯᠡᠨ ᠪᠠᠶᠢᠭᠤᠯᠤᠨ᠎ᠠ᠃      6. ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠤᠨ᠎ᠠ᠃      7. ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠰᠣᠶᠣᠯ ᠤᠨ ᠬᠦᠳᠡᠯᠭᠡᠭᠡᠨ ᠢ ᠡᠷᠬᠢᠯᠡᠨ᠎ᠡ᠃      8. ᠰᠢ ᠲᠠᠭᠤᠷᠢᠯᠢᠭ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠰᠢ ᠲᠠᠭᠤᠷᠢᠯᠢᠭ ᠢ ᠠᠮᠢᠯᠠᠭᠤᠯᠬᠤ᠂ ᠤᠯᠠᠮᠵᠢᠯᠠᠬᠤ᠂ ᠰᠣᠳᠣᠨ ᠪᠦᠲᠦᠭᠡᠯ ᠭᠠᠷᠭᠠᠬᠤ᠂ ᠨᠡᠷᠡᠲᠦ ᠬᠥᠮᠦᠨ ᠴᠣᠯᠭᠤᠷᠠᠭᠤᠯᠬᠤ ᠠᠵᠢᠯ ᠢ ᠠᠬᠢᠭᠤᠯᠤᠨ᠎ᠠ᠃      9. ᠪᠥᠬᠦ ᠣᠷᠣᠨ ᠤ ᠤᠷᠠᠯᠢᠭ ᠤᠨ ᠵᠣᠬᠢᠶᠠᠨ ᠪᠦᠲᠦᠭᠡᠯᠭᠡ᠂  ᠰᠣᠳᠣᠯᠭᠠᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠯᠤᠰ ᠤᠨ ᠤᠷᠠᠯᠢᠭ ᠤᠨ ᠬᠦᠷᠢᠶᠡᠯᠡᠩ ᠪᠦᠯᠬᠦᠮ ᠂ ᠰᠣᠶᠣᠯ ᠤᠷᠠᠯᠢᠭ ᠤᠨ ᠲᠡᠭᠡᠳᠦ ᠰᠤᠷᠭᠠᠭᠤᠯᠢ ᠪᠠᠶᠢᠭᠤᠯᠤᠮᠵᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠤᠷᠠᠯᠢᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠦᠬᠦ ᠲᠠᠯ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      10. ᠪᠥᠬᠦ ᠣᠷᠣᠨ ᠤ ᠤᠷᠠᠯᠢᠭ ᠤᠨ ᠳᠠᠩᠰᠠ ᠡᠪᠬᠡᠮᠡᠯ ᠢ ᠲᠤᠭᠠᠵᠢᠭᠤᠯᠬᠤ ᠪᠠᠶᠢᠭᠤᠯᠤᠯᠲᠠ ᠶᠢ  ᠴᠢᠩᠭᠠᠳᠬᠠᠨ᠎ᠠ᠂ ᠬᠤᠪᠣᠷ ᠨᠠᠨᠳᠢᠨ ᠤᠷᠠᠯᠢᠭ ᠤᠨ ᠳᠠᠩᠰᠠ ᠡᠪᠬᠡᠮᠡᠯ ᠤᠨ ᠡᠬᠢ ᠪᠠᠶᠠᠯᠢᠭ ᠢ ᠵᠠᠪᠳᠤᠨ ᠠᠪᠤᠷᠠᠵᠤ᠂ ᠥᠪᠥᠷ ᠮᠣᠩᠭᠤᠯ ᠤᠨ ᠤᠷᠠᠯᠢᠭ ᠤᠨ ᠳᠠᠩᠰᠠ ᠡᠪᠬᠡᠮᠡᠯ ᠤᠨ ᠤᠷᠳᠤᠨ ᠤ ᠳᠡᠰ ᠳᠡᠪᠰᠢᠬᠦ ᠶᠢ ᠠᠬᠢᠭᠤᠯᠤᠨ᠎ᠠ᠃      ︵ᠬᠤᠶᠠᠷ︶ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠲᠡᠭᠡᠭᠰᠢᠯᠡᠯᠲᠡ ᠶᠢ ᠠᠬᠢᠭᠤᠯᠤᠨ᠎ᠠ        1. ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ᠂ ᠣᠯᠠᠨ ᠨᠡᠶᠢᠲᠡ ᠶᠢᠨ ᠨᠣᠮ ᠤᠨ ᠰᠠᠩ ᠤᠨ ᠲᠤᠬᠠᠢ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃      2. ᠡᠯ᠎ᠡ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠡᠯᠡᠳᠬᠡᠮᠵᠢ ᠶᠢ ᠨᠢᠭᠡᠳᠦᠯᠲᠡᠶ ᠲᠦᠯᠦᠪᠵᠢᠭᠦᠯᠦᠨ ᠪᠦᠲᠦᠭᠡᠨ ᠪᠠᠶᠢᠭᠤᠯᠤᠨ᠎ᠠ᠂ ᠬᠢᠯᠢ ᠬᠢᠵᠠᠭᠠᠷ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠲᠠᠢ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠲᠠᠢ ᠣᠷᠭᠠᠨᠢᠭ ᠢᠶᠠᠷ ᠤᠶᠠᠯᠳᠤᠭᠤᠯᠤᠨ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠲᠥᠪ ᠢ ᠰᠠᠶᠢᠲᠤᠷ ᠪᠠᠶᠢᠭᠤᠯᠤᠨ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠎ᠡ᠃ ᠥᠪᠥᠷ ᠮᠣᠩᠭᠤᠯ ᠤᠨ ᠰᠣᠶᠣᠯ ᠤᠨ ᠣᠷᠳᠣᠨ ᠤ ᠰᠢᠨ᠎ᠡ ᠣᠷᠳᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃      3. ︽ᠵᠣᠷᠯᠣᠩ ᠤᠨ ᠬᠤᠪᠢᠰᠬᠠᠯ︾ ᠢ ᠲᠤᠭᠲᠠᠭᠤᠨ ᠢᠶᠠᠷ ᠲᠦᠯᠬᠢᠨ ᠠᠬᠢᠭᠤᠯᠵᠤ᠂ 2019 ᠣᠨ ᠤ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠤᠭ᠎ᠠ ᠴᠢᠨᠠᠷ ᠲᠠᠢ ᠨᠢ ᠪᠠᠲᠤᠯᠠᠨ ᠪᠡᠶᠡᠯᠡᠬᠦᠯᠦᠨ᠎ᠡ᠂ 2018 ᠣᠨ ᠤ ᠪᠥᠬᠦ ᠣᠷᠣᠨ ᠤ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ ᠤᠨ ᠲᠤᠬᠠᠢ ᠪᠤᠲᠠᠲᠠᠢ ᠭᠠᠵᠠᠷ ᠲᠤᠨᠢ ᠰᠢᠯᠭᠠᠨ ᠠᠪᠬᠤ ᠪᠠ ᠵᠡᠷᠭᠡ ᠲᠡᠰ ᠢ ᠦᠨᠡᠯᠡᠨ ᠲᠣᠭᠲᠠᠭᠠᠬᠤ ᠠᠵᠢᠯ ᠢ ᠬᠢᠨ᠎ᠡ᠃ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃      4. ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠬᠤᠪᠢ ᠶᠢᠨ ᠲᠡᠷᠭᠡ ᠶᠢᠨ ᠪᠠᠭᠤᠳᠠᠯᠯᠠᠬᠤ ᠭᠠᠵᠠᠷ᠂ ᠵᠢᠭᠤᠯᠴᠢᠯᠠᠯ ᠤᠨ ᠥᠷᠲᠡᠭᠡ᠂ ᠴᠢᠯᠥᠭᠡᠲᠡᠶ ᠶᠠᠪᠤᠬᠤ ᠦᠢᠯᠡᠴᠢᠯᠡᠭᠡᠨ ᠤ ᠲᠤᠭᠲᠠᠯᠴᠠᠭ᠎ᠠ᠂ ᠵᠢᠭᠤᠯᠴᠢᠯᠠᠯ ᠤᠨ ᠲᠦᠪᠯᠡᠷᠡᠵᠦ ᠲᠠᠷᠠᠬᠤ ᠶᠢ ᠯᠠᠪᠯᠠᠬᠤ ᠲᠤᠭᠲᠠᠯᠴᠠᠭ᠎ᠠ᠂ ᠣᠶᠤᠨᠴᠢ ᠵᠢᠭᠤᠯᠴᠢᠯᠠᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠲᠦᠷᠭᠡᠳᠬᠡᠨ᠎ᠡ᠃ ᠵᠢᠭᠤᠯᠴᠢᠯᠠᠯ ᠤᠨ ᠵᠠᠮ ᠬᠠᠷᠢᠯᠴᠠᠭᠠᠨ ᠤ ᠳᠡᠰ ᠲᠡᠪᠰᠢᠯᠲᠡ ᠶᠢ ᠲᠦᠷᠭᠡᠳᠬᠡᠵᠦ᠂ ᠭᠤᠤᠯ ᠵᠠᠰᠠᠮᠠᠯ ᠵᠠᠮ ᠬᠢᠭᠡᠳ ᠦᠵᠡᠮᠵᠢ ᠶᠢᠨ ᠣᠷᠣᠨ ᠢ ᠵᠠᠯᠭᠠᠯᠳᠤᠭᠤᠯᠬᠤ ᠠᠵᠢᠯᠯᠠᠭ᠎ᠠ ᠶᠢ ᠲᠦᠯᠬᠢᠨ ᠠᠬᠢᠭᠤᠯᠵᠤ᠂ ᠵᠠᠮ ᠬᠠᠷᠢᠯᠴᠠᠭᠠᠨ ᠳᠠᠬᠢ ᠵᠢᠭᠤᠯᠴᠢᠯᠠᠯ ᠤᠨ ᠲᠡᠮᠳᠡᠭ ᠢᠯᠡᠷᠬᠡᠶᠢᠯᠡᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠡᠯ᠎ᠡ ᠠᠶᠢᠮᠠᠭ ᠬᠤᠲᠠ ᠶᠢ ᠬᠤᠯᠪᠣᠭᠰᠠᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠵᠢᠭᠤᠯᠴᠢᠯᠠᠯ ᠤᠨ ᠱᠤᠭᠤᠮ ᠪᠠ ᠲᠡᠮᠦᠷ ᠵᠠᠮ ᠤᠨ ᠵᠢᠭᠤᠯᠴᠢᠯᠠᠯ ᠤᠨ ᠵᠠᠮ ᠱᠤᠭᠤᠮ ᠤᠨ ᠨᠡᠪᠲᠡᠷᠡᠬᠦ ᠠᠵᠢᠯ ᠢ ᠲᠦᠯᠬᠢᠨ ᠠᠬᠢᠭᠤᠯᠤᠨ᠎ᠠ᠃      5. ᠲᠣᠭᠠᠵᠢᠭᠤᠯᠤᠭᠰᠠᠨ ᠨᠣᠮ ᠤᠨ ᠰᠠᠩ᠂ ᠲᠣᠭᠠᠵᠢᠭᠤᠯᠤᠭᠰᠠᠨ ᠰᠣᠶᠣᠯ ᠤᠨ ᠣᠷᠳᠣᠨ᠂ ᠤᠶᠤᠨᠲᠤ ᠮᠦᠽᠧᠶ᠂ ᠤᠶᠤᠨᠲᠤ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠠᠵᠢᠭᠤᠯᠤᠭᠰᠠᠨ ᠲᠦᠪᠰᠢᠨ ᠢ ᠳᠡᠭᠡᠭᠰᠢᠯᠡᠭᠦᠯᠵᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠪᠠ ᠨᠡᠶᠢᠳᠬᠡᠨ ᠠᠰᠢᠭᠯᠠᠬᠤ ᠠᠵᠢᠯ ᠢ ᠠᠬᠢᠭᠤᠯᠤᠨ᠎ᠠ᠃      6. ᠳᠤᠮᠳᠠᠳᠤ ᠤᠯᠤᠰ ᠤᠨ ᠮᠣᠩᠭᠤᠯ ᠰᠤᠷᠪᠤᠯᠵᠢ ᠪᠢᠴᠢᠭ ᠤᠨ ᠨᠣᠮ ᠤᠨ ᠰᠠᠩ ᠢ ᠢᠳᠡᠪᠬᠢᠲᠡᠢ ᠪᠦᠲᠦᠭᠡᠨ ᠪᠠᠶᠢᠭᠤᠯᠵᠤ᠂ ᠭᠠᠳᠠᠭᠠᠳᠤ ᠳᠠᠬᠢ ᠮᠣᠩᠭᠤᠯ ᠬᠡᠯᠡᠨ ᠤ ᠡᠷᠲᠡᠨ ᠤ ᠪᠢᠴᠢᠭ ᠢ ᠡᠬᠡᠭᠦᠯᠵᠦ ᠠᠪᠬᠤ ᠠᠵᠢᠯ ᠢ ᠴᠠᠭ ᠲᠤᠨᠢ ᠲᠤᠬᠢᠷᠠᠭᠤᠯᠤᠨ ᠡᠬᠢᠯᠡᠭᠦᠯᠵᠦ᠂ ᠮᠣᠩᠭᠤᠯ ᠰᠤᠷᠪᠤᠯᠵᠢ ᠪᠢᠴᠢᠭ ᠤᠨ ᠬᠡᠪᠯᠡᠯ ᠤᠨ ᠭᠠᠷᠴᠠᠭᠯᠠᠯ ᠤᠨ ᠲᠤᠭ᠎ᠠ ᠪᠠᠷᠢᠮᠲᠠ ᠶᠢᠨ ᠲᠥᠪ ᠢ ᠪᠠᠶᠢᠭᠤᠯᠬᠤ ᠠᠵᠢᠯ ᠳᠤ ᠬᠦᠴᠦᠯᠡᠨ᠎ᠡ᠃      7. ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠤ ᠵᠠᠰᠠᠵᠤ ᠬᠠᠮᠢᠶᠠᠷᠬᠤ ᠪᠦᠲᠦᠴᠡ ᠶᠢᠨ ᠥᠭᠡᠷᠡᠴᠢᠯᠡᠯᠲᠡ ᠪᠣᠯᠤᠨ ᠣᠯᠠᠨ ᠨᠡᠶᠢᠲᠡ ᠶᠢᠨ ᠨᠣᠮ ᠤᠨ ᠰᠠᠩ ᠰᠣᠶᠣᠯ ᠤᠨ ᠣᠷᠳᠣᠨ ᠤ ᠶᠡᠷᠦᠩᠬᠡᠶ ᠬᠤᠪᠢᠶᠠᠷᠢ ᠣᠷᠳᠣᠨ ᠤ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃      8. ︽ᠭᠤᠷᠪᠠᠨ ᠣᠷᠳᠣᠨ ᠨᠢᠭᠡ ᠦᠷᠲᠡᠭᠡ︾ ᠶᠢ ᠰᠦᠢᠳᠭᠡᠯ ᠬᠤᠷᠢᠶᠠᠬᠤ ᠦᠭᠡᠢ ᠪᠠᠷ ᠨᠡᠭᠡᠭᠡᠬᠦ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠣᠯᠠᠨ ᠲᠦᠮᠡᠨ ᠤ ᠦᠨᠡᠯᠡᠯᠲᠡ ᠬᠢᠬᠦ ᠪᠠ ᠬᠡᠷᠡᠭᠴᠡᠭᠡ ᠱᠠᠭᠠᠷᠳᠠᠯᠭ᠎ᠠ ᠳᠤ ᠬᠠᠷᠢᠭᠤ ᠲᠤᠰᠬᠠᠬᠤ  ᠪᠦᠲᠦᠴᠡ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠬᠦᠴᠦ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ᠃      9. ᠵᠢᠱᠢᠶ᠎ᠡ ᠦᠵᠡᠭᠦᠯᠬᠦ ᠴᠢᠨᠠᠷᠲᠠᠶ᠂ ᠬᠥᠲᠥᠯᠥᠨ ᠵᠢᠯᠣᠭᠤᠳᠬᠤ ᠴᠢᠨᠠᠷᠲᠠᠢ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠢᠳᠡᠪᠬᠢᠲᠡᠢ ᠥᠷᠨᠢᠭᠦᠯᠦᠨ᠎ᠡ᠃      10. ᠰᠣᠶᠣᠯ ᠪᠠ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠪᠦᠬᠦ ᠲᠠᠯ᠎ᠠ ᠪᠠᠷ ᠨᠡᠶᠢᠯᠡᠬᠦ ᠶᠢ ᠲᠦᠯᠬᠢᠨ ᠠᠬᠢᠭᠤᠯᠵᠤ᠂ ᠢᠵᠢ ᠪᠦᠷᠢᠨ ᠲᠡᠭᠦᠯᠳᠡᠷ᠂ ᠴᠢᠳᠠᠮᠵᠢ ᠵᠦᠶ ᠵᠣᠬᠢᠰᠲᠠᠶ ᠰᠣᠶᠣᠯ ᠤᠨ ᠵᠢᠭᠤᠯᠴᠢᠯᠠᠯ ᠤᠨ ᠣᠯᠠᠨ ᠨᠡᠶᠢᠲᠡ ᠶᠢᠨ  ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃      ︵ᠭᠤᠷᠪᠠ︶ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠶᠢ ᠦᠨᠡᠨ ᠬᠦ ᠴᠢᠩᠭᠠᠳᠬᠠᠨ᠎ᠠ      1. ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠠᠰᠢᠭᠯᠠᠯᠲᠠ ᠥᠭᠡᠷᠡᠴᠢᠯᠡᠯᠲᠡ ᠶᠢ ᠴᠢᠩᠭᠠᠳᠬᠠᠬᠤ ᠲᠤᠬᠠᠶ ᠰᠠᠨᠠᠯ ᠤᠳ︾ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ︽ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠠᠰᠢᠭᠯᠠᠯᠲᠠ ᠥᠭᠡᠷᠡᠴᠢᠯᠡᠯᠲᠡ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠲᠣᠭᠲᠠᠭᠠᠨ ᠬᠡᠷᠡᠭᠵᠢᠭᠦᠯᠦᠨ᠎ᠡ᠃      2. ᠯᠢᠶᠣᠤ ᠤᠯᠤᠰ ᠤᠨ ᠲᠡᠭᠡᠳᠦ ᠨᠡᠶᠢᠰᠯᠡᠯ ᠪᠣᠯᠤᠨ ᠳᠡᠭᠡᠳᠦᠰ ᠤᠨ ᠣᠩᠭᠤᠨ ᠤ ᠪᠠᠭᠤᠷᠢ᠂ ᠤᠯᠠᠭᠠᠨᠬᠠᠳᠠ ᠠᠭᠤᠯᠠ ᠶᠢᠨ ᠰᠣᠶᠣᠯ ᠤᠨ ᠪᠠᠭᠤᠷᠢ᠂ ᠮᠤᠨᠢ ᠠᠭᠤᠯᠠ ᠶᠢᠨ ᠬᠠᠳᠠᠨ ᠰᠡᠶᠢᠯᠦᠮᠡᠯ ᠪᠠ ᠲᠦᠮᠡᠨ ᠭᠠᠵᠠᠷ ᠤᠨ ᠴᠠᠢ ᠶᠢᠨ ᠵᠠᠮ ᠢ ᠰᠣᠶᠣᠯ ᠤᠨ ᠥᠪ ᠪᠣᠯᠭᠠᠵᠤ ᠮᠡᠳᠡᠭᠦᠯᠬᠦ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃      3. ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠢ ᠦᠨᠡᠨ ᠬᠦ ᠬᠢᠵᠦ᠂ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠤᠷᠲᠤ ᠴᠠᠭᠠᠨ ᠬᠡᠷᠡᠮ ᠵᠢᠴᠢ ᠡᠷᠲᠡᠨ ᠤ ᠪᠠᠷᠢᠯᠭ᠎ᠠ᠂ ᠡᠷᠲᠡᠨ ᠤ ᠪᠠᠭᠤᠷᠢ᠂ ᠡᠷᠲᠡᠨ ᠤ ᠪᠤᠯᠠᠰᠢ᠂ ᠣᠷᠴᠢᠨ ᠣᠳᠣ ᠦᠶ᠎ᠡ ᠶᠢᠨ ᠳᠤᠷᠠᠰᠬᠠᠯ ᠤᠨ ᠪᠠᠷᠢᠯᠭ᠎ᠠ ᠵᠡᠷᠭᠡ ᠶᠢ ᠠᠮᠵᠢᠨ ᠠᠪᠤᠷᠠᠬᠤ ᠪᠠ ᠬᠠᠮᠠᠭᠠᠯᠠᠨ ᠰᠡᠯᠪᠢᠬᠦ ᠶᠢ ᠦᠷᠭᠦᠯᠵᠢᠯᠡᠨ ᠠᠬᠢᠭᠤᠯᠤᠨ᠎ᠠ᠃      4. ︽ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠠᠰᠢᠭᠯᠠᠯᠲᠠ ᠶᠢᠨ ᠠᠵᠢᠯ ᠢ ᠬᠢᠬᠦ ᠲᠤᠬᠠᠶ ᠰᠠᠨᠠᠯ︾ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠬᠤᠪᠢᠰᠬᠠᠯ ᠤᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠠᠵᠢᠯ ᠢ ᠴᠢᠩᠭᠠᠳᠬᠠᠨ᠎ᠠ᠃ ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢᠨ ᠮᠦᠽᠧᠶ ᠶᠢᠨ ᠳᠡᠯᠭᠡᠨ ᠦᠵᠡᠭᠦᠯᠬᠦ ᠶᠢ ᠵᠢᠷᠤᠵᠤ ᠲᠦᠯᠦᠪᠯᠡᠬᠦ ᠪᠠ ᠲᠡᠦᠬᠡ ᠶᠢᠨ ᠳᠤᠷᠠᠰᠬᠠᠯᠲᠤ ᠵᠦᠢᠯ ᠢ ᠴᠤᠭᠯᠠᠭᠤᠯᠬᠤ ᠠᠵᠢᠯ ᠢ ᠠᠬᠢᠭᠤᠯᠤᠨ᠎ᠠ᠃        5. ᠬᠠᠤᠯᠢ ᠶᠢᠨ ᠡᠷᠬᠡᠲᠡᠨ ᠤ ᠬᠠᠤᠯᠢ ᠠᠴᠠ ᠵᠥᠷᠢᠴᠡᠬᠦ᠂ ᠬᠤᠯᠠᠭᠠᠶᠢᠯᠠᠨ ᠠᠭᠤᠳᠠᠯᠵᠤ ᠬᠤᠯᠠᠭᠠᠢ ᠬᠢᠬᠦ᠂ ᠭᠠᠯ ᠤᠨ ᠠᠶᠤᠯ ᠤᠨ ᠠᠳᠡᠯ ᠵᠡᠷᠭᠡ ᠭᠤᠷᠪᠠᠨ ᠶᠡᠭᠡ ᠲᠦᠭᠰᠢᠭᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠠᠵᠢᠯ ᠢ ᠬᠢᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠠᠶᠤᠯᠭᠦᠢ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃      6. ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠢᠨᠵᠧᠨᠧᠷᠢᠩ ᠲᠠᠢ ᠬᠠᠮᠵᠢᠯᠴᠠᠵᠤ ᠠᠪᠤᠷᠠᠯᠲᠠ ᠶᠢᠨ ᠴᠢᠨᠠᠷᠲᠠᠶ ᠪᠠᠷ ᠬᠠᠭᠤᠴᠢ ᠰᠤᠳᠤᠯᠭᠠᠨ ᠤ ᠨᠡᠭᠡᠭᠡᠨ ᠮᠠᠯᠲᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠰᠠᠭᠤᠷᠢᠨ ᠭᠠᠵᠠᠷ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠭᠤᠴᠢ ᠰᠤᠳᠤᠯᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      7. ᠤᠶᠤᠨᠲᠤ ᠮᠦᠽᠧᠶ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠯᠢᠶᠣᠤ ᠤᠯᠤᠰ ᠤᠨ ᠦᠶ᠎ᠡ ᠶᠢᠨ ᠬᠠᠨᠠᠨ ᠵᠢᠷᠤᠭ ᠢ ᠲᠣᠭᠠᠵᠢᠭᠤᠯᠤᠨ ᠳᠡᠯᠭᠡᠨ ᠦᠵᠡᠭᠦᠯᠵᠦ ᠠᠰᠢᠭᠯᠠᠬᠤ ᠠᠵᠢᠯ᠂ ᠬᠠᠳᠠᠭᠠᠯᠠᠵᠤ ᠪᠦᠬᠦᠢ ᠬᠤᠪᠤᠷ ᠨᠠᠨᠳᠢᠨ ᠲᠡᠤᠬᠡ ᠶᠢᠨ ᠳᠤᠷᠠᠰᠬᠠᠯᠲᠤ ᠵᠦᠢᠯ ᠤᠨ ᠬᠠᠳᠠᠭᠠᠯᠠᠬᠤ ᠣᠷᠴᠢᠨ ᠲᠣᠭᠤᠷᠢᠨ ᠤ ᠨᠦᠬᠦᠴᠡᠯ ᠢ ᠪᠠᠷᠢᠮᠵᠢᠶ᠎ᠠ ᠳᠤ ᠬᠦᠷᠭᠡᠬᠦ ᠠᠵᠢᠯ ᠢ ᠡᠬᠢᠯᠡᠭᠦᠯᠦᠨ᠎ᠡ᠃      8. ᠨᠢᠭᠡ ᠪᠦᠯᠦᠭ ᠰᠣᠳᠣᠨ ᠵᠦᠢᠯ ᠤᠨ ᠳᠡᠯᠭᠡᠨ ᠦᠵᠡᠭᠦᠯᠦᠯᠭᠡ ᠶᠢ ᠲᠦᠰᠦᠪᠯᠡᠵᠦ ᠭᠠᠷᠭᠠᠨ᠎ᠠ᠃      9. ᠰᠣᠶᠣᠯ ᠤᠨ ᠥᠪ ᠤᠨ ᠡᠬᠢ ᠪᠠᠶᠠᠯᠢᠭ ᠢ ᠠᠭᠤᠳᠠᠯᠬᠤ ᠠᠵᠢᠯ ᠢ ᠴᠢᠩᠭᠠᠳᠬᠠᠵᠤ᠂ ᠮᠦᠽᠧᠶ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠰᠤᠷᠬᠤ ᠭᠠᠵᠠᠷ᠂ ᠬᠠᠭᠤᠴᠢᠨ ᠤ ᠪᠢᠴᠢᠭ ᠤᠨ ᠦᠵᠡᠰᠭᠦᠯᠡᠩ ᠤᠨ ᠣᠷᠳᠣᠨ ᠵᠡᠷᠭᠡ ᠰᠣᠶᠣᠯ ᠤᠨ ᠲᠠᠯᠠᠪᠤᠷ ᠣᠷᠳᠣᠨ ᠢ ᠵᠢᠭᠤᠯᠴᠢᠯᠠᠯ ᠤᠨ ᠵᠠᠮ ᠱᠤᠭᠤᠮ ᠳᠤ ᠣᠷᠣᠭᠤᠯᠵᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠥᠪ ᠬᠥᠷᠥᠩᠭᠡ ᠶᠢᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠢ ᠬᠥᠭᠵᠢᠭᠦᠯᠦᠨ᠎ᠡ᠃      10. ᠲᠡᠦᠬᠡ ᠶᠢᠨ ᠳᠤᠷᠠᠰᠬᠠᠯᠲᠤ ᠵᠦᠢᠯ ᠤᠨ ᠥᠪ᠂ ᠦᠪᠯᠡᠨ ᠬᠥᠭᠵᠢᠭᠦᠯᠬᠦ᠂ ᠬᠠᠮᠠᠭᠠᠯᠠᠨ ᠠᠰᠢᠭᠯᠠᠬᠤ᠂ ᠬᠠᠤᠯᠢ ᠴᠠᠭᠠᠵᠠ ᠬᠠᠤᠯᠢ ᠲᠣᠭᠲᠠᠭᠠᠯ᠂ ᠲᠡᠦᠬᠡ ᠶᠢᠨ ᠳᠤᠷᠠᠰᠬᠠᠯᠲᠤ ᠵᠦᠢᠯ ᠤᠨ ᠠᠶᠤᠯᠭᠦᠢ ᠵᠡᠷᠭᠡ ᠶᠢᠨ ᠲᠤᠬᠠᠢ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠦᠨ᠎ᠡ᠃︵ ᠲᠦᠷᠪᠡ︶ ᠪᠣᠳᠠᠰ ᠤᠨ ᠪᠤᠰᠤ ᠰᠣᠶᠣᠯ ᠤᠨ ᠥᠪ ᠢ ᠦᠪᠯᠡᠨ ᠤᠯᠠᠮᠵᠢᠯᠠᠬᠤ ᠪᠠ ᠬᠠᠮᠠᠭᠠᠯᠠᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠤᠨ᠎ᠠ      1. ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠮᠲᠤᠷᠠᠨ ︽ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ  ᠪᠠᠶᠢᠳᠠᠯ  ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠦᠨ᠎ᠡ᠃      2. ᠲᠠᠪᠤᠳᠤᠭᠠᠷ ᠪᠦᠯᠦᠭ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ︽ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠪᠠ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠶᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾ ᠶᠢ ᠰᠤᠳᠤᠯᠤᠨ ᠲᠣᠭᠲᠠᠭᠠᠨ᠎ᠠ᠃      3. ᠪᠣᠳᠠᠰ ᠤᠨ ᠪᠤᠰᠤ ᠰᠣᠶᠣᠯ ᠤᠨ ᠥᠪ ᠢ ᠲᠡᠮᠳᠡᠭᠯᠡᠬᠦ ᠠᠵᠢᠯ ᠢ ᠭᠦᠨᠵᠡᠭᠡᠶᠢᠷᠡᠭᠦᠯᠦᠨ ᠬᠢᠵᠦ᠂ ᠮᠦᠬᠦᠬᠦ ᠰᠢᠬᠠᠭᠰᠠᠨ ᠪᠣᠳᠠᠰ ᠤᠨ ᠪᠤᠰᠤ ᠰᠣᠶᠣᠯ ᠤᠨ ᠥᠪ ᠲᠤ ᠠᠪᠤᠷᠠᠯᠲᠠ ᠶᠢᠨ ᠴᠢᠨᠠᠷᠲᠠᠶ ᠬᠠᠮᠠᠭᠠᠯᠠᠯᠲᠠ ᠶᠢ ᠬᠡᠷᠡᠭᠵᠢᠭᠦᠯᠦᠨ᠎ᠡ᠃      4. ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠣᠷᠳᠣᠨ ᠪᠠᠶᠢᠭᠤᠯᠬᠤ ᠶᠢ ᠲᠦᠯᠬᠢᠨ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠵᠤ ᠰᠤᠷᠤᠯᠴᠠᠬᠤ ᠶᠢ ᠲᠡᠯᠭᠡᠨ ᠦᠵᠡᠭᠦᠯᠬᠦ ᠲᠠᠯᠠᠪᠣᠷ ᠣᠷᠳᠣᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃      5. ᠶᠠᠳᠠᠭᠤ ᠬᠦᠴᠢᠷᠳᠡᠯ ᠲᠠᠢ ᠭᠠᠵᠠᠷ ᠣᠷᠣᠨ ᠪᠠ ᠬᠥᠮᠦᠨ ᠠᠮᠠ ᠪᠠᠷ ᠨᠡᠯᠢᠶᠡᠳ ᠴᠥᠭᠡᠨ ᠦᠨᠳᠦᠰᠦᠲᠡᠨ ᠤ ᠭᠠᠵᠠᠷ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ᠎ᠠ᠃      6. ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢ ᠰᠤᠳᠤᠯᠤᠯᠲᠠ ᠪᠣᠯᠪᠠᠰᠤᠷᠠᠭᠤᠯᠤᠯ ᠤᠨ ᠲᠥᠯᠥᠪᠯᠡᠭᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠦᠢᠯ ᠤᠨ ᠠᠵᠢᠯ ᠳᠤ ᠪᠦᠷᠢᠨ ᠪᠦᠲᠦᠨ ᠪᠠᠶᠢᠭᠤᠯᠤᠮᠵᠢ ᠶᠢᠨ ᠳᠦᠷᠢᠮᠲᠦ ᠪᠣᠯᠪᠠᠰᠤᠷᠠᠭᠤᠯᠤᠯ ᠬᠢᠬᠦ ᠠᠵᠢᠯ ᠢ ᠥᠷᠨᠢᠭᠦᠯᠦᠨ᠎ᠡ᠃      7. ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠤᠯᠠᠮᠵᠢᠯᠠᠯᠲᠤ ᠭᠠᠷ ᠤᠷᠠᠯᠠᠯ ᠤᠨ ᠠᠵᠢᠯᠯᠠᠬᠤ ᠥᠷᠲᠡᠭᠡ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠭᠠᠷᠴᠠᠭ ᠢ ᠨᠡᠶᠢᠲᠡᠯᠡᠨ᠎ᠡ᠃      8. ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠭᠤᠤᠯᠳᠠᠯᠭ᠎ᠠ ᠲᠠᠢ ᠢᠨᠵᠧᠨᠧᠷᠢᠩ ᠪᠠ ᠠᠵᠢᠯ ᠳᠤ ᠪᠦᠲᠦᠮᠵᠢ ᠦᠢᠯᠡᠳᠦᠯ ᠤᠨ ᠬᠢᠨᠠᠨ ᠰᠢᠯᠭᠠᠯᠲᠠ ᠪᠠ ᠬᠥᠳᠡᠯᠦᠩᠭᠦᠶ ᠬᠠᠮᠢᠶᠠᠷᠤᠯᠲᠠ ᠶᠢ ᠶᠠᠪᠤᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠦᠪᠯᠡᠨ ᠤᠯᠠᠮᠵᠢᠯᠠᠬᠤ ᠲᠤᠰᠬᠠᠶ ᠵᠦᠢᠯ ᠤᠨ ᠲᠤᠰᠠᠯᠠᠮᠵᠢ ᠶᠢᠨ ᠪᠡᠯᠡ ᠮᠥᠩᠭᠦ ᠶᠢᠨ ᠦᠷ᠎ᠡ ᠪᠦᠲᠦᠮᠵᠢ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃      9. ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠳᠣᠰ ᠬᠤᠲᠠ ᠶᠢ ᠤᠯᠤᠰ ᠤᠨ ᠲᠡᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠪᠤᠯᠬᠤ ᠶᠢ ᠭᠤᠶᠤᠴᠢᠯᠠᠨ ᠮᠡᠳᠡᠭᠦᠯᠬᠦ ᠶᠢ ᠠᠬᠢᠭᠤᠯᠵᠤ᠂ ᠪᠦᠬᠦ ᠣᠷᠣᠨ ᠪᠦᠰᠡ ᠶᠢᠨ ᠵᠢᠭᠤᠯᠴᠢᠯᠠᠯ ᠢ ᠬᠥᠭᠵᠢᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠵᠤ᠂ ᠬᠥᠳᠡᠭᠡ ᠲᠣᠰᠬᠤᠨ ᠤ ᠬᠥᠭᠵᠢᠨ ᠪᠠᠳᠠᠷᠠᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠨ᠎ᠡ᠃      10. ᠪᠣᠳᠠᠰ ᠤᠨ ᠪᠤᠰᠤ ᠰᠣᠶᠣᠯ ᠤᠨ ᠥᠪ ᠲᠤ ᠲᠠᠶᠢᠯᠤᠨ ᠬᠢᠵᠦ ᠤᠯᠠᠮᠵᠢᠯᠠᠨ ᠲᠡᠯᠭᠡᠷᠡᠭᠦᠯᠬᠦ ᠠᠵᠢᠯ ᠤᠨ ᠡᠷᠴᠢᠮ ᠢ ᠴᠢᠩᠭᠠᠷᠠᠭᠤᠯᠤᠨ᠂ ᠤᠯᠠᠮᠵᠢᠯᠠᠯᠲᠤ ᠰᠣᠶᠣᠯ ᠢ ᠲᠦᠭᠡᠮᠡᠯᠵᠢᠭᠦᠯᠦᠨ ᠤᠯᠠᠮᠵᠢᠯᠠᠨ ᠲᠡᠯᠭᠡᠷᠡᠭᠦᠯᠬᠦ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠣ᠂ ᠵᠢᠭᠤᠯᠴᠢᠯᠠᠯ ᠤᠨ ᠬᠥᠭᠵᠢᠯᠲᠡ ᠳᠤ ᠨᠠᠩ ᠴᠢᠨᠠᠷ ᠰᠠᠶᠢᠲᠠᠶ᠂ ᠨᠠᠩ ᠲᠠᠲᠠᠬᠤ ᠬᠦᠴᠦᠨ ᠲᠠᠢ ᠰᠣᠶᠣᠯ ᠤᠨ ᠠᠭᠤᠯᠭ᠎ᠠ ᠶᠢ ᠣᠷᠣᠭᠤᠯᠬᠤ ᠶᠢᠨ ᠬᠠᠮᠲᠤ ᠵᠢᠭᠤᠯᠴᠢᠯᠠᠯ ᠤᠨ ᠦᠢᠯᠡᠰ ᠤᠨ ᠥᠪᠡᠷᠮᠢᠴᠡ ᠳᠠᠪᠠᠭᠤᠯᠢᠭ ᠲᠠᠯ᠎ᠠ ᠶᠢ ᠪᠠᠳᠠᠷᠠᠭᠤᠯᠵᠤ᠂ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠪᠠ ᠤᠯᠠᠮᠵᠢᠯᠠᠨ ᠬᠥᠭᠵᠢᠭᠦᠯᠬᠦ ᠳᠤ ᠬᠦᠴᠦᠨ ᠨᠡᠮᠡᠷᠢᠯᠡᠨ᠎ᠡ᠃ ᠮᠣᠩᠭᠤᠯ ᠮᠣᠷᠢᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠢ ᠡᠷᠬᠢᠯᠡᠨ᠎ᠠ᠃      ︵ᠲᠠᠪᠤ︶ ᠠᠵᠤ ᠦᠢᠯᠡᠰ ᠤᠨ ᠨᠡᠶᠢᠯᠡᠨ ᠬᠥᠭᠵᠢᠬᠦ ᠶᠢ ᠢᠳᠡᠪᠬᠢᠲᠡᠢ ᠠᠬᠢᠭᠤᠯᠤᠨ᠎ᠠ      1. ᠰᠣᠶᠣᠯ ᠪᠠ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠠᠶᠢᠯᠡᠨ ᠬᠥᠭᠵᠢᠬᠦ ᠶᠢ ᠠᠬᠢᠭᠤᠯᠵᠤ᠂ ᠥᠪᠥᠷ ᠮᠣᠩᠭᠤᠯ ᠤᠨ ᠣᠨᠴᠠᠯᠢᠭ ᠪᠦᠬᠦᠢ ᠠᠳᠤᠭᠤᠨ ᠰᠣᠶᠣᠯ ᠤᠨ ᠵᠢᠭᠤᠯᠴᠢᠯᠠᠯ᠂ ᠪᠡᠶ᠎ᠡ ᠶᠢᠨ ᠲᠠᠮᠢᠷ ᠤᠨ ᠵᠢᠭᠤᠯᠴᠢᠯᠠᠯ᠂ ᠮᠥᠰᠥ ᠴᠠᠰᠤᠨ ᠤ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠪᠠ ᠬᠢᠯᠢ ᠶᠢᠨ ᠭᠠᠵᠠᠷ ᠤᠨ ᠵᠢᠭᠤᠯᠴᠢᠯᠠᠯ ᠢ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ᠂ ᠰᠣᠶᠣᠯ ᠤᠨ ᠥᠪ ᠤᠨ ᠵᠢᠭᠤᠯᠴᠢᠯᠠᠯ᠂ ᠭᠤᠤᠯ ᠰᠡᠳᠦᠪᠲᠦ ᠴᠡᠴᠡᠷᠯᠢᠭ᠂ ᠰᠣᠶᠣᠯ ᠤᠨ ᠭᠤᠤᠯ ᠰᠡᠳᠦᠪᠲᠦ ᠪᠠᠭᠤᠳᠠᠯ ᠵᠡᠷᠭᠡ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠰᠢᠨ᠎ᠡ ᠪᠠᠷ ᠡᠭᠦᠳᠦᠨ ᠬᠥᠭᠵᠢᠭᠦᠯᠵᠦ᠂ ᠵᠢᠭᠤᠯᠴᠢᠯᠠᠯ ᠤᠨ ᠦᠢᠯᠡᠳᠭᠦᠨ ᠤ ᠰᠢᠰᠲ᠋ᠧᠮᠵᠢ ᠶᠢ ᠥᠷᠭᠡᠳᠬᠡᠨ᠎ᠡ᠃      2. ᠰᠣᠶᠣᠯ ᠪᠠ ᠵᠢᠭᠤᠯᠴᠢᠯᠠᠯ ᠬᠢᠭᠡᠳ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠣᠯᠠᠨ ᠡᠰᠢᠵᠢᠭᠰᠡᠨ ᠲᠤᠭᠲᠠᠯᠴᠠᠭ᠎ᠠ ᠶᠢ ᠪᠠᠶᠢᠭᠤᠯᠤᠨ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠲᠥᠷᠥᠯ ᠵᠦᠢᠯ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠶᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠯᠤᠭ᠎ᠠ ᠵᠣᠯᠭᠠᠭᠤᠯᠬᠤ ᠶᠢ ᠠᠬᠢᠭᠤᠯᠤᠨ᠎ᠠ᠃ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯᠲᠦ ᠺᠣᠮᠫᠠᠨᠢ ᠶᠢ ᠲᠦᠯᠦᠪᠯᠡᠨ ᠪᠠᠶᠢᠭᠤᠯᠤᠨ᠎ᠠ᠃      3. ᠣᠨᠴᠠᠯᠢᠭᠲᠤ ᠵᠢᠵᠢᠭ ᠪᠠᠯᠭᠠᠰᠤ ᠂ ᠰᠣᠶᠣᠯ ᠤᠨ ᠶᠡᠭᠡ ᠦᠯᠡᠳᠡᠭᠳᠡᠯ ᠪᠠᠭᠤᠷᠢ ᠶᠢ ᠨᠡᠭᠡᠭᠡᠨ ᠬᠥᠭᠵᠢᠭᠦᠯᠬᠦ᠂ ᠦᠵᠡᠮᠵᠢ ᠶᠢᠨ ᠣᠷᠣᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠦᠨᠳᠦᠰᠦᠲᠡᠨ ᠤ ᠰᠣᠶᠣᠯ ᠤᠨ ᠣᠨᠴᠠᠯᠢᠭ ᠲᠠᠢ ᠲᠡᠮᠳᠡᠭ ᠤᠨ ᠰᠢᠨᠵᠢᠲᠠᠢ᠂ ᠲᠠᠭᠠᠭᠤᠯᠬᠤ ᠰᠢᠨᠵᠢᠲᠠᠢ ᠰᠣᠶᠣᠯ ᠵᠢᠭᠤᠯᠴᠢᠯᠠᠯ ᠤᠨ ᠴᠢᠬᠤᠯᠠ ᠶᠡᠭᠡ ᠠᠵᠢᠯ ᠢ ᠦᠨᠡᠨ ᠬᠦ ᠬᠢᠬᠦ ᠶᠢ ᠠᠬᠢᠭᠤᠯᠤᠨ᠎ᠠ᠃      4. ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠵᠡᠷᠭᠡ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠣᠷᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃      5. ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠲᠣᠭᠠᠴᠢᠯᠠᠭᠰᠠᠨ ᠰᠣᠶᠣᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ᠎ᠠ᠃      6. ᠰᠣᠶᠣᠯ ᠵᠢᠭᠤᠯᠴᠢᠯᠠᠯ ᠤᠨ ᠰᠢᠨ᠎ᠡ ᠦᠢᠯᠡᠳᠭᠦᠨ ᠢ ᠶᠡᠬᠡᠪᠡᠷ ᠠᠭᠤᠳᠠᠯᠬᠤ ᠪᠠ ᠡᠮᠬᠢᠳᠬᠡᠵᠦ᠂ ᠰᠣᠶᠣᠯ ᠤᠨ ᠨᠢᠭᠡᠴᠢ ᠶᠢᠨ ᠪᠦᠲᠦᠭᠡᠯᠴᠢ ᠦᠢᠯᠡᠳᠭᠦᠨ ᠤ ᠨᠡᠭᠡᠭᠡᠯᠲᠡ ᠬᠦᠭᠵᠢᠯᠲᠡ ᠶᠢ ᠲᠦᠯᠬᠢᠨ ᠠᠬᠢᠭᠤᠯᠵᠤ᠂ ᠰᠣᠶᠣᠯ ᠤᠨ ᠠᠭᠤᠯᠤᠭᠳᠠᠬᠤᠨ ᠲᠠᠢ ᠵᠢᠭᠤᠯᠴᠢᠯᠠᠯ ᠤᠨ ᠲᠠᠸᠠᠷ᠂ ᠣᠨᠴᠠᠯᠢᠭᠲᠤ ᠵᠢᠭᠤᠯᠴᠢᠯᠠᠯ ᠤᠨ ᠵᠤᠷᠢᠯᠭᠠᠲᠤ ᠭᠠᠵᠠᠷ ᠂ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠨᠡᠭᠡᠭᠡᠨ ᠬᠥᠭᠵᠢᠭᠦᠯᠬᠦ ᠠᠵᠢᠯ ᠢ ᠳᠠᠮᠵᠢᠨ᠎ᠠ᠃      7. ᠪᠥᠬᠦ ᠣᠷᠣᠨ ᠤ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠨᠠᠶᠢᠯᠡᠨ ᠬᠥᠭᠵᠢᠬᠦ ᠶᠡᠭᠡ ᠬᠤᠷᠠᠯ ᠢ ᠬᠤᠷᠠᠯᠳᠤᠭᠤᠯᠵᠤ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃      8. ᠠᠷᠠᠳ ᠤᠨ ᠡᠵᠡᠩᠨᠡᠭᠰᠡᠨ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃      9. ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢ ᠰᠦᠪᠡᠭᠴᠢᠯᠡᠨ ᠥᠷᠨᠢᠭᠦᠯᠵᠦ᠂ ᠰᠢᠨ᠎ᠡ ᠮᠠᠶ᠋ᠢᠭ ᠤᠨ ᠬᠡᠷᠡᠭᠯᠡᠭᠡᠨ ᠤ ᠵᠠᠭᠪᠤᠷ ᠢ ᠪᠤᠶᠢᠵᠢᠭᠤᠯᠤᠨ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠬᠦ ᠪᠠ ᠬᠥᠲᠥᠯᠥᠨ ᠵᠢᠯᠣᠭᠤᠳᠴᠤ᠂ ᠠᠷᠠᠳ ᠣᠯᠠᠨ ᠳᠤ ᠨᠠᠩ ᠠᠷᠪᠢᠨ ᠰᠣᠶᠣᠯ ᠤᠨ ᠬᠦᠷᠲᠡᠭᠡᠮᠵᠢ ᠶᠢ ᠣᠯᠭᠤᠨ᠎ᠠ᠃      10. ᠱᠧᠨᠵᠧᠨ ᠤ ᠣᠯᠠᠨ ᠤᠯᠤᠰ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠬᠢᠭᠡᠳ ᠠᠷᠠᠯᠵᠢᠶᠠᠨ ᠤ ᠴᠤᠭᠯᠠᠭᠠᠨ᠂ ᠪᠡᠭᠡᠵᠢᠩ ᠤᠨ ᠰᠣᠶᠣᠯ ᠤᠨ ᠪᠦᠲᠦᠭᠡᠯᠴᠢ ᠠᠵᠤ ᠦᠢᠯᠡᠰ ᠤᠨ ᠦᠵᠡᠰᠬᠦᠯᠡᠩ᠂ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ᠂ ᠳᠤᠮᠳᠠᠳᠤ ᠤᠯᠤᠰ ᠤᠨ ᠵᠢᠭᠤᠯᠴᠢᠯᠠᠯ ᠤᠨ ᠠᠵᠤ ᠦᠢᠯᠡᠰ ᠤᠨ ᠦᠵᠡᠰᠬᠦᠯᠡᠩ᠂ ᠳᠤᠮᠳᠠᠳᠤ ᠤᠯᠤᠰ ᠤᠨ ᠣᠯᠠᠨ ᠤᠯᠤᠰ ᠤᠨ ᠵᠢᠭᠤᠯᠴᠢᠯᠠᠯ ᠤᠨ ᠠᠷᠠᠯᠵᠢᠶᠠᠨ ᠤ ᠴᠤᠭᠯᠠᠭᠠᠨ ᠵᠡᠷᠭᠡ ᠴᠢᠬᠤᠯᠠ ᠦᠵᠡᠭᠦᠯᠦᠯᠭᠡ ᠶᠢᠨ ᠴᠤᠭᠯᠠᠭᠠᠨ ᠪᠠ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠣᠷᠣᠯᠴᠠᠨ᠎ᠠ᠃      ︵ᠵᠢᠷᠭᠤᠭ᠎ᠠ︶ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ        1. ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠢᠵᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠰᠦᠪᠡᠭᠴᠢᠯᠡᠨ ᠪᠠᠶᠢᠭᠤᠯᠵᠤ᠂ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃      2. ᠬᠥᠬᠡᠬᠤᠲᠠ ᠪᠤᠭᠤᠲᠤ ᠣᠷᠳᠣᠰ᠂ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ᠂ ᠠᠯᠠᠱᠠ — ᠦᠬᠠᠶ᠂ ᠳᠣᠯᠣᠨᠨᠠᠭᠤᠷ — ᠶᠤᠸᠠᠨ ᠤ ᠲᠡᠭᠡᠳᠦ ᠨᠡᠶᠢᠰᠯᠡᠯ ᠵᠡᠷᠭᠡ ᠭᠤᠤᠯᠳᠠᠯᠭ᠎ᠠ ᠲᠠᠢ ᠵᠢᠭᠤᠯᠴᠢᠯᠠᠯ ᠤᠨ ᠵᠤᠷᠢᠯᠭᠠᠲᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠣᠪᠤᠶᠢᠯᠭᠠᠵᠤ ᠰᠠᠶᠢᠲᠤᠷ ᠠᠳᠬᠤᠨ᠎ᠠ᠃      3. ︽ᠲᠦᠮᠡᠨ ᠭᠠᠵᠠᠷ ᠤᠨ ᠴᠠᠶ ᠶᠢᠨ ᠵᠠᠮ︾ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠱᠤᠭᠤᠮ᠂ ᠬᠠᠲᠤᠨ ᠭᠤᠤᠯ ᠤᠨ《几》ᠦᠰᠦᠭᠲᠦ ᠪᠤᠯᠤᠩ ᠤᠨ ᠰᠣᠶᠣᠯ ᠵᠢᠭᠤᠯᠴᠢᠯᠠᠯ ᠤᠨ ᠬᠤᠩᠭᠢᠯ᠂ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠵᠠᠮ᠂ ᠬᠤᠷᠴᠢᠨ ᠤ ᠦᠵᠡᠮᠵᠢ ᠶᠢᠨ ᠵᠠᠮ᠂  ᠶᠡᠭᠡ ᠬᠢᠨᠭ᠍ᠭᠠᠨ ᠲᠠᠪᠠᠭᠠᠨ ᠤ ᠠᠮᠢ ᠠᠬᠤᠶ ᠶᠢᠨ ᠦᠵᠡᠮᠵᠢ ᠶᠢᠨ ᠵᠠᠮ᠂ ᠠᠯᠠᠱᠠ ᠶᠢᠨ ᠶᠡᠭᠡ ᠡᠯᠡᠰᠦᠨ ᠤ ᠵᠠᠩ ᠦᠢᠯᠡ ᠶᠢᠨ ᠵᠠᠮ ᠵᠡᠷᠭᠡ ᠰᠣᠳᠣᠨ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃      4. ᠤᠯᠤᠰ ᠤᠨ 5 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠤᠯᠤᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠤᠯᠤᠰ ‍ᠤᠨ‌‍ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ᠂ ᠤᠯᠤᠰ ᠤᠨ ᠠᠮᠢ ᠠᠬᠤᠶ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ᠂ ᠣᠯᠠᠨ ᠤᠯᠤᠰ ᠤᠨ ᠣᠨᠴᠠᠯᠢᠭᠲᠤ ᠵᠢᠭᠤᠯᠴᠢᠯᠠᠯ ᠤᠨ ᠵᠤᠷᠢᠯᠭᠠᠲᠤ ᠭᠠᠵᠠᠷ ᠵᠡᠷᠭᠡ ᠤᠯᠤᠰ ᠤᠨ ᠲᠠᠰ ᠤᠨ ᠨᠡᠷᠡᠲᠦ ᠲᠥᠷᠥᠯ ᠲᠡᠮᠳᠡᠭᠲᠦ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠥᠪᠥᠷ ᠮᠣᠩᠭᠤᠯ ᠤᠨ ᠵᠢᠭᠤᠯᠴᠢᠯᠠᠯ ᠤᠨ ᠭᠤᠣᠯᠯᠠᠭᠴᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃      5. ᠪᠦᠬᠦ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠵᠢᠴᠢ ᠠᠷᠠᠳ ᠤᠨ ᠣᠷᠣᠨ ᠰᠠᠭᠤᠴᠠ ᠶᠢᠨ ᠰᠣᠳᠣᠨ ᠪᠠᠷᠢᠮᠵᠢᠶ᠎ᠠ ᠶᠢᠨ ᠰᠢᠰᠲ᠋ᠧᠮᠵᠢ ᠶᠢ ᠰᠤᠳᠤᠯᠤᠨ ᠲᠣᠭᠲᠠᠭᠠᠵᠤ᠂ ᠨᠢᠭᠡ ᠪᠦᠯᠦᠭ ᠢᠯᠡ ᠲᠣᠳᠣ ᠣᠨᠴᠠᠯᠢᠭ ᠲᠠᠢ᠂ ᠪᠦᠷᠢᠨ ᠲᠡᠭᠦᠯᠳᠡᠷ ᠴᠢᠳᠠᠮᠵᠢ ᠂ ᠪᠦᠷᠢᠨ ᠲᠡᠭᠦᠯᠳᠡᠷ ᠲᠦᠬᠦᠭᠡᠷᠦᠮᠵᠢ ᠲᠠᠢ᠂ ᠵᠢᠱᠢᠶ᠎ᠡ ᠦᠵᠡᠭᠦᠯᠦᠨ ᠳᠠᠶᠢᠴᠢᠯᠠᠬᠤ  ᠦᠢᠯᠡᠳᠦᠯ ᠲᠠᠢ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠤᠨ᠎ᠠ᠃      6. ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠢᠨᠵᠧᠨᠧᠷᠢᠩ ᠢ ᠦᠨᠡᠨ ᠬᠦ ᠪᠡᠶᠡᠯᠡᠭᠦᠯᠦᠨ᠂ ᠰᠣᠶᠣᠯ ᠤᠨ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠣᠶᠣᠯ ᠪᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠡᠮᠵᠢᠨ᠎ᠡ᠃      7. ᠬᠤᠪᠢᠰᠬᠠᠯ ᠤᠨ ᠰᠣᠶᠣᠯ ᠢ ᠪᠠᠳᠠᠷᠠᠭᠤᠯᠬᠤ ᠪᠠᠷ ᠭᠤᠤᠯ ᠰᠡᠳᠦᠪ ᠪᠣᠯᠭᠠᠵᠤ᠂ ᠬᠤᠪᠢᠰᠬᠠᠯ ᠤᠨ ᠲᠤᠷᠠᠰᠬᠠᠯᠲᠤ ᠰᠣᠳᠣᠨ ᠵᠢᠭᠤᠯᠴᠢᠯᠠᠯ ᠤᠨ ᠱᠤᠭᠤᠮ ᠢ ᠨᠡᠭᠡᠭᠡᠨ ᠬᠥᠭᠵᠢᠭᠦᠯᠵᠦ᠂ ᠰᠣᠩᠭᠤᠳᠠᠭ ᠬᠤᠪᠢᠰᠬᠠᠯ ᠤᠨ ᠲᠤᠷᠠᠰᠬᠠᠯᠲᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠵᠤ᠂ ︽ᠲᠠᠪᠤᠨ ᠰᠠᠶᠢᠨᠲᠠᠶ︾ ᠲᠠᠶᠢᠯᠪᠤᠷᠢᠯᠠᠭᠴᠢ ᠶᠢᠨ ᠡᠩᠨᠡᠭᠡ ᠶᠢ ᠪᠦᠲᠦᠭᠡᠨ ᠪᠠᠶᠢᠭᠤᠯᠵᠤ᠂ ᠬᠤᠪᠢᠰᠬᠠᠯ ᠤᠨ ᠰᠣᠶᠣᠯ ᠤᠨ ᠦᠵᠡᠰᠬᠦᠯᠡᠩ ᠤᠨ ᠳᠡᠯᠭᠡᠨ ᠦᠵᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠪᠢᠰᠬᠠᠯ ᠤᠨ ᠦᠯᠢᠭᠡᠷ ᠶᠠᠷᠢᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ᠎ᠠ᠃      8. ︽ᠳᠥᠷᠪᠡᠨ ᠤᠯᠠᠷᠢᠯ ᠤᠨ ᠵᠢᠭᠤᠯᠴᠢᠯᠠᠯ︾ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ᠂ ᠵᠤᠨ ᠤ ᠵᠢᠭᠤᠯᠴᠢᠯᠠᠯ ᠤᠨ ᠳᠡᠰ ᠳᠡᠪᠰᠢᠬᠦ ᠶᠢ ᠶᠡᠭᠡ ᠪᠠᠷ ᠲᠦᠯᠬᠢᠨ ᠠᠬᠢᠭᠤᠯᠵᠤ᠂ ᠬᠠᠪᠤᠷ ᠨᠠᠮᠤᠷ ᠤᠨ ᠵᠢᠭᠤᠯᠴᠢᠯᠠᠯ ᠢ ᠰᠢᠨ᠎ᠡ ᠪᠠᠷ ᠡᠭᠦᠳᠦᠨ ᠬᠥᠭᠵᠢᠭᠦᠯᠵᠦ᠂ ᠡᠪᠦᠯ ᠤᠨ ᠵᠢᠭᠤᠯᠴᠢᠯᠠᠯ ᠤᠨ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠣᠪᠤᠶᠢᠮ᠎ᠠ ᠰᠠᠶᠢᠲᠤᠷ ᠠᠳᠬᠤᠵᠤ᠂ ᠵᠢᠭᠤᠯᠴᠢᠯᠠᠯ ᠤᠨ ᠦᠢᠯᠡᠰ ᠤᠨ ᠠᠭᠤᠯᠭ᠎ᠠ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ ᠤᠯᠠᠷᠢᠯ ᠢ ᠪᠦᠲᠦᠮᠵᠢᠲᠡᠶ ᠤᠷᠲᠤᠳᠬᠠᠨ᠎ᠠ᠃      9. ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ᠂ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ᠂ ᠵᠢᠭᠤᠯᠴᠢᠯᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠦᠳᠡᠭᠡ ᠨᠤᠲᠤᠭ ᠤᠨ ᠵᠢᠭᠤᠯᠴᠢᠯᠠᠯ ᠢ ᠡᠮᠬᠢ ᠵᠠᠮᠪᠠᠷᠠᠭ᠎ᠠ ᠦᠭᠡᠶ ᠨᠡᠭᠡᠭᠡᠨ ᠬᠦᠭᠵᠢᠭᠦᠯᠵᠦ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃      10. ᠨᠠᠷᠢᠯᠢᠭ ᠣᠨᠣᠴᠠᠲᠠᠶ ᠡᠵᠡᠩᠨᠡᠨ ᠪᠣᠷᠣᠯᠠᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ︽ᠪᠦᠬᠦ ᠣᠷᠣᠨ ᠳᠤ ᠨᠢᠭᠡᠳᠦᠯᠲᠡᠶ ᠲᠥᠯᠥᠪᠯᠡᠬᠦ᠂ ᠠᠶᠢᠮᠠᠭ ᠬᠤᠲᠠ ᠬᠠᠮᠲᠤᠷᠠᠨ ᠬᠥᠳᠡᠯᠦᠯᠴᠡᠬᠦ᠂ ᠠᠵᠤ ᠠᠬᠤᠶᠢᠯᠠᠯ ᠳᠠᠭᠠᠵᠤ ᠣᠷᠤᠯᠴᠠᠬᠤ︾ ᠶᠢ ᠤᠬᠠᠭᠤᠯᠤᠨ ᠳᠡᠯᠭᠡᠷᠡᠭᠦᠯᠬᠦ ᠲᠣᠭᠲᠠᠴᠠ ᠶᠢ ᠪᠠᠶᠢᠭᠤᠯᠵᠤ᠂ ᠤᠯᠠᠮᠵᠢᠯᠠᠯᠲᠤ ᠵᠠᠭᠤᠴᠢᠯᠠᠭᠤᠷ᠂ ᠢᠨᠲ᠋ᠧᠷ ᠰᠦᠯᠵᠢᠶᠡᠨ ᠤ ᠰᠢᠨ᠎ᠡ ᠵᠠᠭᠤᠴᠢᠯᠠᠭᠤᠷ᠂ ᠵᠢᠭᠤᠯᠴᠢᠯᠠᠯ ᠤᠨ ᠦᠵᠡᠰᠬᠦᠯᠡᠩ ᠪᠠ ᠭᠤᠤᠯ ᠰᠡᠳᠦᠪ ᠢ ᠳᠡᠯᠭᠡᠷᠡᠭᠦᠯᠬᠦ ᠵᠡᠷᠭᠡ ᠡᠵᠡᠩᠨᠡᠨ ᠪᠣᠷᠣᠯᠠᠭᠤᠯᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠨ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠤᠨ ᠵᠢᠭᠤᠯᠴᠢᠯᠠᠯ ᠤᠨ ᠳᠦᠷᠢ ᠲᠥᠷᠬᠦ ᠶᠢ ᠪᠤᠶ ᠪᠣᠯᠭᠠᠨ᠎ᠠ᠃      11. ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂ ᠲᠠᠯ᠎ᠠ ᠨᠤᠲᠤᠭ ᠤᠨ ᠰᠣᠶᠣᠯ ᠤᠨ ᠨᠠᠶᠢᠷ᠂ ᠵᠢᠭᠤᠯᠴᠢᠯᠠᠯ ᠤᠨ ᠨᠠᠭᠠᠳᠤᠮ᠂ ᠮᠥᠰᠥ ᠴᠠᠰᠤᠨ ᠤ ᠨᠠᠭᠠᠳᠤᠮ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠤᠷᠠᠯᠢᠭ ᠤᠨ ᠨᠠᠶᠢᠷ᠂ ᠥᠪᠥᠷ ᠮᠣᠩᠭᠤᠯ ᠤᠨ ᠦᠨᠦᠷ ᠠᠮᠲᠠᠲᠤ ᠰᠠᠶᠢᠬᠠᠨ ᠴᠠᠭ ᠡᠷᠢᠨ᠂ ᠠᠯᠠᠱᠠ ᠳᠤ ᠬᠡᠬᠡᠷᠡᠯᠡᠬᠦ E ᠪᠦᠯᠦᠭ ᠪᠠᠭᠠᠲᠤᠷᠴᠤᠳ ᠤᠨ ᠴᠤᠭᠯᠠᠭᠠᠨ᠂ ᠲᠤᠮᠲᠠᠳᠤ ᠣᠷᠣᠰ ᠮᠤᠩᠭᠤᠯ ︵ᠮᠠᠨᠵᠤᠤᠷ︶ ᠤᠨ ᠵᠢᠭᠤᠯᠴᠢᠯᠠᠯ ᠤᠨ ᠨᠠᠶᠢᠷ᠂ ᠷᠠᠰᠢᠶᠠᠨ ᠤ  ᠶᠠᠷᠢᠯᠴᠠᠭᠠᠨ ᠤ ᠲᠠᠪᠴᠠᠩ ᠵᠡᠷᠭᠡ ᠵᠢᠭᠤᠯᠴᠢᠯᠠᠯ ᠤᠨ ᠪᠠᠶᠠᠷ ᠳᠤᠷᠠᠰᠬᠠᠯ ᠤᠨ ᠨᠡᠷᠡᠲᠦ ᠲᠦᠷᠦᠯ ᠲᠡᠮᠳᠡᠭ ᠢ ᠭᠤᠣᠯᠳᠠᠯᠭ᠎ᠠ ᠲᠠᠢ ᠡᠭᠦᠳᠦᠨ᠎ᠡ᠃      ︵ᠳᠣᠯᠤᠭ᠎ᠠ︶ ᠵᠠᠬ᠎ᠠ ᠳᠡᠯᠭᠡᠭᠦᠷ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠢᠳᠡᠪᠬᠢᠲᠡᠶ ᠠᠬᠢᠭᠤᠯᠤᠨ᠎ᠠ        1. ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠵᠢᠭᠤᠯᠴᠢᠯᠠᠯ ᠤᠨ ᠬᠤᠨᠤᠭ ᠪᠠᠭᠤᠳᠠᠯ ᠤᠨ ᠦᠢᠯᠡᠰ᠂ ᠵᠢᠭᠤᠯᠴᠢᠯᠠᠬᠤ ᠳᠤ ᠦᠢᠯᠡᠴᠢᠯᠡᠬᠦ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠨ ᠵᠢᠭᠤᠯᠴᠢᠯᠠᠯ ᠤᠨ ᠬᠥᠲᠥᠴᠢ ᠶᠢᠨ ᠡᠩᠨᠡᠭᠡᠨ ᠤ ᠪᠦᠲᠦᠴᠡ ᠶᠢᠨ ᠰᠠᠶᠢᠵᠢᠷᠠᠭᠤᠯᠤᠯᠲᠠ᠂ ᠳᠡᠰ ᠳᠡᠪᠰᠢᠬᠦ ᠶᠢ ᠵᠣᠷᠢᠭᠵᠢᠭᠤᠯᠤᠨ ᠳᠠᠮᠵᠢᠵᠤ᠂ ᠵᠢᠭᠤᠯᠴᠢᠯᠠᠯ ᠤᠨ ᠮᠠᠰᠢᠨ ᠲᠡᠷᠭᠡ᠂ ᠵᠢᠭᠤᠯᠴᠢᠯᠠᠯ ᠤᠨ ᠳᠡᠯᠭᠡᠭᠦᠷ᠂ ᠵᠢᠭᠤᠯᠴᠢᠯᠠᠯ ᠤᠨ ᠢᠳᠡᠭᠡᠨ ᠤᠮᠳᠠᠭᠠᠨ ᠤ ᠳᠡᠯᠭᠡᠭᠦᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠠᠳᠬᠤᠨ᠎ᠠ᠃      2. ᠪᠦᠬᠦ ᠤᠯᠤᠰ ᠤᠨ ᠰᠣᠶᠣᠯ ᠤᠨ ᠵᠠᠬ᠎ᠠ ᠳᠡᠯᠭᠡᠭᠦᠷ᠂ ᠵᠢᠭᠤᠯᠴᠢᠯᠠᠯ ᠤᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠬᠡᠷᠡᠭᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠭᠤᠣᠯ ᠴᠣᠭᠴᠠ ᠰᠢᠨ᠎ᠡ ᠪᠦᠯᠬᠦᠮ ᠴᠣᠭᠴᠠ ᠶᠢ ᠬᠥᠲᠥᠯᠥᠨ ᠵᠢᠯᠣᠭᠤᠳᠬᠤ᠂ ᠡᠳᠡᠭᠡᠷ ᠲᠤ ᠦᠢᠯᠡᠴᠢᠯᠡᠬᠦ ᠪᠠ ᠡᠳᠡᠭᠡᠷ ᠢ ᠬᠠᠮᠢᠶᠠᠷᠬᠤ ᠪᠠᠨ ᠴᠢᠩᠭᠠᠳᠬᠠᠵᠤ᠂ ᠢᠨᠲ᠋ᠧᠷ ᠰᠦᠯᠵᠢᠶᠡᠨ ᠤ ᠰᠦᠯᠵᠢᠶᠡᠨ ᠳᠤ ᠭᠠᠷᠬᠤ ᠦᠢᠯᠡᠴᠢᠯᠡᠭᠡᠨ ᠤ ᠠᠵᠢᠯ ᠲᠥᠷᠥᠯ᠂ ᠰᠣᠶᠣᠯ ᠵᠤᠭ᠎ᠠ ᠴᠡᠩᠭᠡᠯ ᠤᠨ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃      3. ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠᠷ ᠭᠤᠤᠯ ᠪᠣᠯᠭᠠᠭᠰᠠᠨ ᠰᠢᠨ᠎ᠡ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠬᠠᠷ᠎ᠠ ᠲᠠᠩᠰᠠᠨ ᠳᠤ ᠲᠡᠮᠳᠡᠭᠯᠡᠬᠦ ᠳᠦᠷᠢᠮ ᠢ ᠰᠠᠶᠢᠲᠤᠷ ᠬᠡᠷᠡᠭᠵᠢᠭᠦᠯᠦᠨ᠎ᠡ᠃      4. ᠠᠮᠠᠷᠠᠯᠲᠠ ᠶᠢᠨ ᠡᠳᠦᠷ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠮᠠᠷᠠᠯᠲᠠ ᠶᠢᠨ ᠡᠳᠦᠷ ᠵᠢᠴᠢ ᠣᠷᠭᠢᠯ ᠤᠨ ᠬᠤᠭᠤᠴᠠᠭᠠᠨ ᠤ ᠵᠢᠭᠤᠯᠴᠢᠯᠠᠯ ᠤᠨ ᠡᠵᠡᠮᠰᠢᠯ ᠲᠣᠬᠢᠷᠠᠭᠤᠯᠭ᠎ᠠ ᠶᠢ ᠴᠢᠩᠭᠠᠳᠬᠠᠵᠤ᠂ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠪᠢᠯᠧᠲ ᠤᠨ ᠶᠠᠪᠤᠳᠠᠯ᠂ ᠵᠦᠶ ᠵᠣᠬᠢᠰ ᠦᠭᠡᠶ ᠬᠢᠮᠳᠠ ᠦᠨ᠎ᠡ ᠶᠢᠨ ᠵᠢᠭᠤᠯᠴᠢᠯᠠᠯ ᠵᠡᠷᠭᠡ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠭᠦᠯᠦᠨ ᠡᠬᠢ ᠡᠭᠦᠰᠦᠯ ᠠᠴᠠ ᠨᠢ ᠵᠠᠰᠠᠬᠤ ᠶᠢ ᠬᠡᠷᠡᠭᠵᠢᠭᠦᠯᠦᠨ᠎ᠡ᠃      5. ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠰᠦᠯᠵᠢᠶᠡᠨ ᠤ ᠰᠣᠶᠣᠯ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠬᠥᠳᠡᠯᠦᠩᠭᠦᠶ ᠬᠢᠨᠠᠨ ᠬᠡᠮᠵᠢᠯᠲᠡ ᠶᠢ ᠴᠢᠩᠭᠠᠳᠬᠠᠵᠤ᠂ ᠬᠠᠯᠠᠭᠤᠨ ᠴᠡᠭ ᠤᠨ ᠰᠡᠷᠭᠡᠭ ᠠᠰᠠᠭᠤᠳᠠᠯ ᠳᠤ ᠴᠠᠭ ᠲᠤᠬᠠᠶ ᠳᠤᠨᠢ ᠬᠢᠨᠠᠯᠲᠠ ᠲᠠᠯᠪᠢᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ︽ᠬᠤᠶᠠᠷ ᠢ ᠲᠤᠬᠢᠶᠠᠯᠳᠤᠭᠤᠯᠵᠤ︾ ᠰᠤᠭᠤᠴᠢᠨ ᠪᠠᠶᠢᠴᠠᠭᠠᠬᠤ ᠶᠢ ᠴᠢᠩᠭᠠᠳᠬᠠᠨ᠎ᠠ᠃      6. ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠣᠶᠣᠯ᠂ ᠲᠡᠤᠬᠡ ᠶᠢᠨ ᠳᠤᠷᠠᠰᠬᠠᠯᠲᠤ ᠵᠦᠢᠯ ᠪᠣᠯᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃      7. ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠴᠡᠭᠴᠡᠯᠡᠨ ᠵᠠᠰᠠᠬᠤ ᠪᠠ ᠠᠶᠤᠯᠭᠦᠢ ᠶᠢᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠭᠦᠨᠵᠡᠭᠡᠶ ᠥᠷᠨᠢᠭᠦᠯᠵᠦ᠂ ᠣᠨᠴᠠ ᠬᠦᠨᠳᠦ ᠶᠡᠭᠡ ᠠᠮᠤᠷ ᠲᠦᠪᠰᠢᠨ ᠤ ᠡ᠊ᠨᠳᠡᠯ ᠭᠠᠷᠬᠤ ᠶᠢ ᠬᠤᠷᠢᠭᠯᠠᠨ᠎ᠠ᠃      8. ᠪᠣᠯᠪᠠᠰᠤᠨ ᠵᠢᠭᠤᠯᠴᠢᠯᠠᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠣᠯᠪᠠᠰᠤᠨ ᠵᠢᠭᠤᠯᠴᠢᠯᠠᠯ ᠢ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠲᠠᠰᠤᠷᠠᠯᠲᠠ ᠤᠢᠭᠡᠢ ᠰᠢᠯᠢᠳᠡᠭᠵᠢᠭᠦᠯᠵᠦ᠂ ᠥᠪᠥᠷ ᠮᠣᠩᠭᠤᠯ ᠤᠨ ᠪᠣᠯᠪᠠᠰᠤᠨ᠂ ᠡᠶ᠎ᠡ ᠵᠣᠬᠢᠴᠠᠯ ᠲᠠᠢ᠂ ᠨᠥᠬᠦᠷᠰᠡᠭ ᠵᠢᠭᠤᠯᠴᠢᠯᠠᠯ ᠤᠨ ᠵᠤᠷᠢᠯᠭᠠᠲᠤ ᠭᠠᠵᠠᠷ ᠤᠨ ᠳᠦᠷᠢ ᠲᠥᠷᠬᠦ ᠶᠢ ᠪᠣᠰᠬᠠᠨ᠎ᠠ᠃      ︵ ᠨᠠᠢᠮᠠ︶ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠤᠨ᠎ᠠ        1. ᠪᠦᠯᠬᠦᠮ ᠳᠤᠭᠤᠶᠢᠯᠠᠩ ᠰᠣᠩᠭᠤᠨ ᠲᠣᠮᠢᠯᠠᠵᠤ 2019 ᠣᠨ ᠤ ︽ᠪᠠᠶᠠᠷᠲᠤ ᠴᠠᠭᠠᠨ ᠰᠠᠷ᠎ᠠ︾ ᠨᠡᠷᠡᠲᠦ ᠲᠥᠷᠥᠯ ᠲᠡᠮᠳᠡᠭᠲᠦ ᠶᠢᠨ ᠠᠵᠢᠯᠯᠠᠭ᠎ᠠ ᠳᠤ ᠣᠷᠣᠯᠴᠠᠭᠤᠯᠵᠤ᠂ ᠠᠵᠢᠯᠯᠠᠭ᠎ᠠ ᠶᠢᠨ ᠶᠠᠰᠤ ᠴᠢᠨᠠᠷ ᠪᠠ ᠨᠥᠯᠥᠭᠡᠯᠡᠬᠦ ᠬᠦᠴᠦᠨ ᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃      2. ︽ᠨᠢᠭᠡ ᠪᠦᠰᠡ ᠨᠢᠭᠡ ᠵᠠᠮ︾ ᠪᠠ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠡᠵᠡᠮᠳᠡᠵᠦ᠂ ︽ᠲᠦᠮᠡᠨ ᠭᠠᠵᠠᠷ ᠤᠨ ᠴᠠᠶ ᠶᠢᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭᠠᠨ ᠤ ᠲᠠᠪᠴᠠᠩ ᠳᠤ ᠲᠦᠰᠢᠭᠯᠡᠨ᠂ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠵᠤᠰᠠᠯᠠᠩ ᠪᠠ ᠬᠢᠯᠢ ᠠᠯᠤᠰᠯᠠᠭᠰᠠᠨ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠰᠣᠯᠢᠯᠴᠠᠭᠠᠨ ᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠲᠤᠮᠲᠠᠳᠤ ᠣᠷᠤᠰ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠪᠣᠲᠠᠲᠠᠶᠢᠴᠢᠯᠠᠭᠰᠠᠨ ᠬᠠᠮᠲᠤᠷᠠᠯᠴᠠᠭ᠎ᠠ ᠶᠢ ᠠᠬᠢᠭᠤᠯᠤᠨ᠎ᠠ᠃      3. ᠵᠢᠷᠭᠤᠳᠤᠭᠠᠷ ᠤᠳᠠᠭᠠᠨ ᠤ ᠳᠤᠮᠳᠠᠳᠤ ᠣᠷᠣᠰ ᠮᠣᠩᠭᠤᠯ ᠭᠤᠷᠪᠠᠨ ᠤᠯᠤᠰ ᠲᠠᠪᠤᠨ ᠭᠠᠵᠠᠷ ᠤᠨ ᠬᠤᠯᠪᠤᠭᠠᠲᠤ ᠬᠤᠷᠠᠯᠳᠣᠭᠠᠨ ᠢ ᠰᠠᠶᠢᠲᠤᠷ ᠡᠷᠬᠢᠯᠡᠵᠦ᠂ ᠳᠥᠷᠪᠡᠳᠦᠭᠡᠷ ᠤᠳᠠᠭᠠᠨ ᠤ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠵᠢᠭᠤᠯᠴᠢᠯᠠᠯ ᠤᠨ ᠶᠠᠮᠤᠨ ᠤ ᠰᠠᠶᠢᠳ ᠨᠠᠷ ᠤᠨ ᠬᠤᠷᠠᠯ ᠢ ᠬᠠᠮᠵᠢᠯᠴᠠᠨ ᠡᠷᠬᠢᠯᠡᠨ᠎ᠡ᠃      4. ᠳᠤᠮᠳᠠᠳᠤ ᠣᠷᠣᠰ ᠮᠣᠩᠭᠤᠯ ᠤᠨ ︽ᠰᠣᠶᠣᠯ ᠤᠨ ᠨᠠᠭᠠᠳᠤᠮ︾ ᠤᠨ ᠰᠢᠷᠢᠰ ᠠᠵᠢᠯᠯᠠᠭ᠎ᠠ ᠶᠢ ᠬᠠᠮᠲᠤᠷᠠᠨ ᠥᠷᠨᠢᠭᠦᠯᠦᠨ᠎ᠡ᠃      5. ᠤᠬᠠᠭᠤᠯᠬᠤ ᠬᠡᠯᠲᠡᠰ ᠤᠨ ᠵᠣᠬᠢᠶᠠᠨ ᠪᠠᠶᠢᠭᠤᠯᠤᠭᠰᠠᠨ ᠳᠤᠮᠳᠠᠳᠤ ᠮᠣᠩᠭᠤᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠣᠶ ᠶᠢ ᠳᠤᠷᠠᠰᠬᠠᠬᠤ ︽ᠳᠤᠮᠳᠠᠳᠤ ᠤᠯᠤᠰ · ᠥᠪᠥᠷ ᠮᠣᠩᠭᠤᠯ ᠤᠨ ᠰᠣᠶᠣᠯ  ᠵᠢᠭᠤᠯᠴᠢᠯᠠᠯ ᠢ ᠣᠶᠢᠯᠠᠭᠠᠵᠤ ᠮᠡᠳᠡᠬᠦ ᠭᠠᠷᠠᠭ︾ ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠳᠤ ᠢᠳᠡᠪᠬᠢᠲᠡᠶ ᠤᠷᠤᠯᠴᠠᠨ᠎ᠠ᠃      6.ᠲᠠᠨᠽᠠᠨᠢᠶ᠎ᠠ ᠶᠢᠨ ᠳᠤᠮᠳᠠᠳᠤ ᠤᠯᠤᠰ ᠤᠨ ᠰᠣᠶᠣᠯ ᠤᠨ ᠲᠥᠪ ᠲᠠᠢ ᠬᠠᠮᠲᠤᠷᠠᠯᠴᠠᠵᠤ᠂ ︽ᠦᠵᠡᠰᠬᠦᠯᠡᠩᠲᠦ ᠰᠠᠶᠢᠬᠠᠨ ᠮᠢᠨᠦ ᠨᠤᠲᠤᠭ︾ ᠭᠡᠬᠦ ᠳᠤᠮᠳᠠᠳᠤ ᠤᠯᠤᠰ ᠤᠨ ᠥᠪᠥᠷ ᠮᠣᠩᠭᠤᠯ ᠤᠨ ᠰᠣᠶᠣᠯ ᠤᠨ  ᠵᠢᠯ ‍ᠤᠨ‌ᠠᠵᠢᠯᠯᠠᠭ᠎ᠠ ᠶᠢ ᠥᠷᠨᠢᠭᠦᠯᠦᠨ᠎ᠡ᠃      7. ᠰᠢᠶᠠᠩᠭᠠᠩ ᠣᠣᠮᠧᠨ ᠲᠠᠶᠢᠸᠠᠨ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶ ᠥᠷᠨᠢᠭᠦᠯᠵᠦ᠂ ᠰᠢᠶᠠᠩᠭᠠᠩ ᠳᠤ ᠬᠦᠷᠴᠦ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠲᠣᠭᠯᠠᠯᠲᠠ ᠭᠠᠷᠭᠠᠬᠤ ᠠᠵᠢᠯᠯᠠᠭ᠎ᠠ ᠶᠢ ᠡᠷᠬᠢᠯᠡᠨ᠎ᠡ᠃      8. ᠭᠠᠳᠠᠭᠠᠳᠤ ᠳᠤ ᠵᠣᠷᠢᠭᠤᠯᠤᠭᠰᠠᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ ᠴᠢᠷᠮᠠᠶᠢᠨ ᠥᠷᠭᠡᠳᠬᠡᠵᠦ᠂ ᠭᠠᠳᠠᠭᠠᠳᠤ ᠳᠤ ᠵᠣᠷᠢᠭᠤᠯᠤᠭᠰᠠᠨ ᠰᠣᠶᠣᠯ ᠤᠨ ᠠᠷᠠᠯᠵᠢᠶ᠎ᠠ ᠶᠢ ᠢᠳᠡᠪᠬᠢᠲᠡᠶ ᠬᠥᠭᠵᠢᠭᠦᠯᠦᠨ᠎ᠡ᠃      9.ᠮᠠᠨᠵᠤᠤᠷ ᠤᠨ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠪᠤᠲᠠᠲᠠᠶᠢᠴᠢᠯᠠᠨ ᠠᠬᠢᠭᠤᠯᠵᠤ᠂ ᠬᠢᠯᠢ ᠶᠢᠨ ᠵᠢᠭᠤᠯᠴᠢᠯᠠᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠢᠯᠢ ᠶᠢᠨ ᠪᠣᠭᠤᠮᠲᠠ ᠬᠤᠲᠠ ᠶᠢᠨ ᠵᠢᠭᠤᠯᠴᠢᠯᠠᠯ ᠤᠨ ᠴᠢᠳᠠᠮᠵᠢ ᠶᠢ ᠰᠢᠯᠢᠳᠡᠭᠵᠢᠭᠦᠯᠵᠦ᠂ ᠤᠯᠤᠰ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠢ ᠡᠭᠦᠳᠦᠨ ᠪᠠᠶᠢᠭᠤᠯᠬᠤ ᠪᠠᠷ ᠢᠳᠡᠪᠬᠢᠲᠡᠶ ᠴᠢᠷᠮᠠᠶᠢᠨ᠎ᠠ᠃      10. ᠬᠢᠯᠢ ᠳᠤ ᠣᠷᠣᠬᠤ ᠵᠢᠭᠤᠯᠴᠢᠯᠠᠯ ᠢ ᠲᠦᠷᠭᠡᠳᠬᠡᠨ ᠬᠥᠭᠵᠢᠭᠦᠯᠬᠦ ᠶᠢ ᠠᠬᠢᠭᠤᠯᠬᠤ ᠵᠢᠯᠣᠭᠤᠳᠬᠤ ᠰᠠᠨᠠᠯ ᠢ ᠰᠤᠳᠤᠯᠤᠨ ᠲᠣᠭᠲᠠᠭᠠᠵᠤ᠂ ᠠᠵᠢᠯ ᠤᠨ ᠰᠡᠳᠬᠢᠴᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠬᠢᠯᠢ ᠳᠤ ᠣᠷᠣᠬᠤ ᠵᠢᠭᠤᠯᠴᠢᠯᠠᠯ ᠢ ᠶᠡᠭᠡ ᠪᠠᠷ ᠬᠥᠭᠵᠢᠭᠦᠯᠦᠨ᠎ᠡ᠃      ᠲᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ      ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠵᠠ ᠲᠣᠬᠢᠶᠠᠯ ᠢᠶᠠᠨ ᠪᠣᠯᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠶᠡᠷᠦᠩᠬᠡᠢ ᠵᠢᠯᠤᠭᠤᠳᠤᠯᠭ᠎ᠠ ᠪᠠᠨ ᠪᠤᠯᠭᠠᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠪᠠᠷ ᠤᠳᠤᠷᠢᠳᠤᠮᠵᠢ ᠪᠠᠨ ᠪᠣᠯᠭᠠᠵᠤ᠂ ᠲᠢᠩᠬᠢᠮ ᠤᠨ ᠪᠠᠶᠢᠭᠤᠯᠭ᠎ᠠ ᠶᠢᠨ ᠳᠣᠲᠣᠭᠠᠳᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢ ᠲᠤᠬᠢᠷᠠᠭᠤᠯᠤᠨ ᠰᠢᠯᠢᠳᠡᠭᠵᠢᠭᠦᠯᠵᠦ᠂ ᠰᠢᠭᠤᠳ ᠬᠠᠷᠢᠶ᠎ᠠ ᠨᠢᠭᠡᠴᠢ ᠶᠢᠨ ᠥᠭᠡᠷᠡᠴᠢᠯᠡᠯᠲᠡ ᠬᠥᠭᠵᠢᠯᠲᠡ ᠶᠢ ᠨᠢᠭᠡᠳᠦᠯᠲᠡᠶ ᠲᠥᠯᠥᠪᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠪᠠ ᠠᠶᠢᠮᠠᠭ ᠬᠤᠲᠠ᠂ ᠬᠤᠰᠢᠭᠤ ᠰᠢᠶᠠᠨ ᠤ ᠠᠵᠢᠯ ᠶᠠᠪᠤᠳᠠᠯ ᠤᠨ ᠡᠷᠬᠡ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ᠪᠦᠬᠦ ᠣᠷᠣᠨ ᠤ ᠰᠣᠶᠣᠯ ᠤᠨ ᠪᠠᠶᠢᠭᠤᠯᠤᠯᠲᠠ ᠪᠠ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠤᠨ᠎ᠠ᠃ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠭᠡᠳ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠢᠯᠣᠭᠤᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠪᠠᠶᠢᠴᠠᠭᠠᠨ ᠰᠤᠳᠤᠯᠵᠤ ᠰᠢᠮᠳᠠᠭᠤᠯᠤᠨ ᠪᠠᠶᠢᠴᠠᠭᠠᠬᠤ ᠠᠵᠢᠯ ᠢ ᠳᠦᠷᠢᠮᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠴᠢᠬᠤᠯᠠ ᠶᠡᠭᠡ ᠲᠥᠷᠥᠯ ᠵᠦᠢᠯ ᠢ ᠮᠥᠷᠳᠡᠨ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠨ᠂ ᠲᠥᠪ ᠴᠢᠬᠡᠴᠢ ᠰᠠᠶᠢᠨ ᠰᠠᠶᠢᠬᠠᠨ ᠤᠯᠤᠰ ᠲᠥᠷᠦ ᠶᠢᠨ ᠠᠮᠢ ᠠᠬᠤᠢ ᠶᠢᠨ ᠪᠦᠷᠢᠯᠳᠦᠬᠦ ᠶᠢ ᠠᠬᠢᠭᠤᠯᠤᠨ᠎ᠠ᠃      ︵ᠬᠤᠶᠠᠷ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ      ᠰᠣᠶᠣᠯ ᠪᠠ ᠵᠢᠭᠤᠯᠴᠢᠯᠠᠯ ᠤᠨ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠣᠷᠢᠵᠢᠭᠤᠯᠵᠣ ᠪᠠᠶᠢᠭ᠎ᠠ ᠪᠠᠶᠢᠳᠠᠯ ᠢ ᠬᠠᠮᠲᠤᠷᠠᠨ ᠪᠠᠶᠢᠴᠠᠭᠠᠬᠤ᠂ ᠱᠠᠯᠠᠪᠳᠠᠨ ᠪᠠᠶᠢᠴᠠᠭᠠᠬᠤ ᠪᠠ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠲᠥᠷᠦ ᠶᠢᠨ ᠪᠣᠳᠣᠯᠭ᠎ᠠ ᠬᠠᠤᠯᠢ ᠲᠣᠭᠲᠠᠭᠠᠯ ᠪᠠ ᠴᠢᠭᠯᠡᠯᠲᠡ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠡᠮᠬᠢᠯᠡᠬᠦ ᠪᠠ ᠲᠤᠬᠢᠷᠠᠭᠤᠯᠤᠨ ᠰᠢᠯᠢᠳᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠥᠷᠦ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠨ᠎ᠠ᠃ ᠬᠥᠭᠵᠢᠯᠲᠡ ᠶᠢᠨ ᠲᠦᠯᠦᠪᠵᠢᠭᠦᠯᠭᠡ ᠪᠠ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠣᠶᠣᠯ ᠤᠨ ᠪᠠᠶᠢᠭᠤᠯᠤᠯᠲᠠ ᠪᠠ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ ᠲᠦᠯᠦᠪᠵᠢᠭᠦᠯᠭᠡ ᠵᠢᠴᠢ ᠡᠯ᠎ᠡ ᠵᠦᠢᠯ ᠤᠨ ᠲᠤᠰᠬᠠᠶ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠪᠠ ᠰᠣᠶᠣᠯ ᠵᠢᠭᠤᠯᠴᠢᠯᠠᠯ ᠤᠨ ᠨᠡᠶᠢᠯᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠡᠯ᠎ᠡ ᠵᠦᠢᠯ  ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ᠎ᠠ᠃      ︵ᠭᠤᠷᠪᠠ︶ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ      ᠰᠣᠶᠣᠯ ᠪᠠ ᠵᠢᠭᠤᠯᠴᠢᠯᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠪᠠ ᠵᠢᠱᠢᠶ᠎ᠡ ᠦᠵᠡᠭᠦᠯᠬᠦ ᠴᠢᠨᠠᠷᠲᠠᠶ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠺᠠᠳ᠋ᠷ ᠠᠵᠢᠯᠲᠠᠨ ᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠰᠣᠶᠣᠯ ᠪᠠ ᠵᠢᠭᠤᠯᠴᠢᠯᠠᠯ ᠤᠨ ᠦᠢᠯᠡᠴᠢᠯᠡᠭᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠣᠭᠲᠠᠴᠠ ᠶᠢ ᠭᠦᠢᠴᠡᠳ ᠠᠰᠢᠭᠯᠠᠨ᠂ ᠲᠡᠭᠡᠳᠦ ᠳᠡᠰ ᠤᠨ ᠪᠠ ᠪᠠᠴᠢᠮ ᠬᠡᠷᠡᠭᠰᠡᠬᠦ ᠬᠤᠪᠤᠷ ᠬᠤᠮᠰᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠴᠢᠩᠭᠠᠳᠬᠠᠨ᠎ᠠ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠣᠶᠤᠨᠲᠤ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠳᠤ ᠶᠠᠰᠤ ᠴᠢᠨᠠᠷ ᠲᠠᠢ ᠣᠶᠤᠨ ᠤ ᠳᠡᠮᠵᠢᠯᠭᠡ ᠬᠠᠩᠭᠠᠨ᠎ᠠ᠃ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠷᠮᠠᠰᠢᠭᠤᠯᠬᠤ ᠲᠣᠭᠲᠠᠴᠠ ᠪᠠ ᠬᠢᠵᠠᠭᠠᠷᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃      ︵ᠲᠦᠷᠪᠡ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ      ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠢᠳᠡᠪᠬᠢᠲᠡᠶ ᠪᠠᠷ ᠴᠢᠷᠮᠠᠶᠢᠨ ᠤᠯᠤᠭᠠᠳ ᠰᠣᠶᠣᠯ ᠤᠨ ᠪᠠᠶᠢᠭᠤᠯᠤᠯᠲᠠ ᠪᠣᠯᠤᠨ ᠵᠢᠭᠤᠯᠴᠢᠯᠠᠯ ᠤᠨ ᠬᠥᠭᠵᠢᠯᠲᠡ ᠶᠢ ᠲᠡᠮᠵᠢᠨ᠎ᠡ᠃ ᠲᠥᠰᠦᠪ ᠤᠨ ᠪᠡᠯᠡ ᠮᠥᠩᠭᠦ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠠᠰᠢᠭᠯᠠᠮᠵᠢ ᠪᠣᠯᠤᠨ ᠦᠢᠯᠡᠳᠦᠯ ᠢ ᠳᠡᠭᠡᠭᠰᠢᠯᠡᠭᠦᠯᠬᠦ ᠬᠡᠷᠡᠭᠲᠡᠶ᠃ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠨᠡᠶᠢᠭᠡᠮ ᠤᠨ ᠬᠥᠷᠥᠩᠭᠡ ᠰᠣᠶᠣᠯ ᠤᠨ ᠬᠦᠷᠢᠶᠡᠨ ᠳᠤ ᠣᠷᠣᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ᠂ ᠰᠣᠶᠣᠯ ᠤᠨ ᠬᠠᠩᠭᠠᠯᠭ᠎ᠠ ᠶᠢᠨ ᠲᠣᠭᠲᠠᠴᠠ ᠳᠤ ᠰᠢᠨ᠎ᠡ ᠶᠢ ᠡᠭᠦᠳᠴᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠦᠨ᠎ᠡ᠃ ᠭᠤᠤᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠲᠠᠪᠤ︶ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠎ᠠ        ᠲᠦᠷᠦᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠶᠡᠷᠦᠩᠬᠡᠶ ᠲᠦᠯᠦᠪᠵᠢᠭᠦᠯᠭᠡ ᠪᠠ ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠷᠢᠯᠢᠭᠵᠢᠭᠤᠯᠤᠨ ᠬᠡᠮᠵᠢᠶᠡᠯᠡᠵᠦ᠂ ᠲᠥᠯᠥᠪᠵᠢᠭᠦᠯᠭᠡ ᠶᠢ ᠠᠵᠢᠯ ᠳᠤ ᠨᠠᠶᠢᠳᠠᠪᠤᠷᠢᠵᠢᠭᠤᠯᠤᠨ᠂ ᠠᠵᠢᠯ ᠢ ᠪᠣᠳᠠᠲᠠᠶ ᠲᠦᠷᠦᠯ ᠵᠦᠢᠯ ᠪᠣᠯᠭᠠᠨ ᠨᠠᠷᠢᠯᠢᠬᠵᠢᠭᠤᠯᠵᠤ᠂ ᠨᠢᠭᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ ᠨᠥᠭᠡᠴᠡᠯᠡᠨ᠎ᠡ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠲᠦᠷᠦᠯ ᠵᠦᠢᠯ ᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦᠯᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠦᠯᠦᠪᠵᠢᠭᠦᠯᠭᠡ᠂ ᠭᠠᠵᠠᠷ ᠰᠢᠷᠣᠶ ᠠᠰᠢᠭᠯᠠᠬᠤ ᠶᠡᠷᠦᠩᠬᠡᠶ ᠲᠦᠯᠦᠪᠵᠢᠭᠦᠯᠭᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ᠂ ᠭᠤᠤᠯ ᠴᠣᠭᠴᠠ ᠶᠢᠨ ᠴᠢᠳᠠᠮᠵᠢᠲᠤ ᠣᠷᠣᠨ ᠤ ᠲᠦᠯᠦᠪᠵᠢᠭᠦᠯᠭᠡ ᠵᠡᠷᠭᠡ ᠯᠦᠭᠡ ᠪᠦᠲᠦᠮᠵᠢᠲᠡᠶ ᠵᠣᠯᠭᠠᠭᠤᠯᠬᠤ ᠶᠢ ᠦᠨᠡᠨ ᠬᠦ ᠪᠠᠲᠤᠯᠠᠨ᠎ᠠ᠃ ᠴᠢᠬᠤᠯᠠ ᠶᠡᠭᠡ ᠲᠦᠷᠦᠯ ᠵᠦᠢᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠲᠦᠷᠦᠯ ᠵᠦᠢᠯ ᠤᠨ ᠬᠠᠮᠢᠶᠠᠷᠤᠯᠲᠠ ᠶᠢᠨ ᠴᠤᠪᠤᠷᠠᠯ ᠢ ᠲᠡᠭᠦᠯᠳᠡᠷᠵᠢᠭᠦᠯᠵᠦ᠂ ᠲᠦᠷᠦᠯ ᠵᠦᠢᠯ ᠤᠨ ᠲᠥᠯᠥᠪᠯᠡᠭᠡ᠂ ᠵᠣᠬᠢᠶᠠᠨ ᠪᠠᠶᠢᠭᠤᠯᠣᠯᠲᠠ᠂ ᠵᠢᠯᠣᠭᠤᠳᠣᠯᠭ᠎ᠠ᠂ ᠵᠤᠬᠢᠴᠠᠭᠤᠯᠤᠯ᠂ ᠡᠵᠡᠮᠳᠡᠯ ᠪᠠ ᠦᠨᠡᠯᠡᠯᠲᠡ ᠵᠡᠷᠭᠡ ᠳᠤ ᠪᠦᠬᠦ ᠶᠠᠪᠤᠴᠠ ᠶᠢᠨ ᠬᠠᠮᠢᠶᠠᠷᠤᠯᠲᠠ ᠬᠢᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map