︽ᠲᠦᠮᠡᠨ ᠭᠠᠵᠠᠷ ᠤᠨ ᠴᠠᠢ ᠶᠢᠨ ᠵᠠᠮ︾ ᠰᠣᠶᠣᠯ ᠵᠢᠭᠤᠯᠴᠢᠯᠠᠯ ᠤᠨ ᠦᠵᠡᠰᠬᠦᠯᠡᠩ ᠤᠨ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2019/6/4
                                ᠨᠡᠶᠢᠲᠡᠯᠡᠬᠦ ᠬᠤᠷᠠᠯ ᠤᠨ ᠲᠠᠯᠠᠪᠠᠢ        6 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠡᠯ ᠤᠨ ᠲᠢᠩᠬᠢᠮ ᠤᠨ ᠳᠠᠷᠤᠭ᠎ᠠ ᠾᠧ ᡁᠢ ᠯᠢᠶᠠᠩ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ  ᠤᠨ ᠵᠢᠭᠤᠯᠴᠢᠯᠡᠯ ᠬᠤᠯᠪᠣᠭ᠎ᠠ ᠶᠢᠨ ᠪᠦᠲᠦᠭᠡᠨ ᠪᠠᠶᠢᠭᠤᠯᠤᠯᠲᠠ ᠶᠢᠨ  ᠪᠠᠶᠢᠳᠠᠯ ᠪᠣᠯᠤᠨ ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠤ ᠶᠡᠷᠦᠩᠬᠡᠶ ᠪᠠᠶᠢᠳᠠᠯ ᠢ ᠲᠠᠨᠢᠯᠴᠠᠭᠤᠯᠵᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠳ᠋ᠧᠩ ᠬᠤᠸᠠ ᠰᠣᠶᠣᠯ  ᠵᠢᠭᠤᠯᠴᠢᠯᠡᠯ ᠤᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠤ ᠪᠣᠳᠠᠲᠠᠶ ᠪᠠᠶᠢᠳᠠᠯ ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠡᠯ ᠤᠨ ᠲᠢᠩᠬᠢᠮ ᠤᠨ ᠳᠡᠳ᠋ ᠳᠠᠷᠤᠭ᠎ᠠ ᠢᠤᠢ ᡁᠢ ᠭᠦᠸᠧ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ︽ᠲᠦᠮᠡᠨ ᠭᠠᠵᠠᠷ ᠤᠨ ᠴᠠᠢ ᠶᠢᠨ ᠵᠠᠮ︾  ᠰᠣᠶᠣᠯ ᠵᠢᠭᠤᠯᠴᠢᠯᠠᠯ ᠤᠨ ᠦᠵᠡᠰᠬᠦᠯᠡᠩ ᠤᠨ ᠴᠣᠭᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ  ᠳᠡᠭᠡᠷᠡᠬᠢ ᠶᠠᠷᠢᠶ᠎ᠠ                                      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠾᠧ ᡁᠢ ᠯᠢᠶᠠᠩ                                                                                                              ︵2019 ᠤᠨ 6 ᠰᠠᠷ᠎ᠠ ᠶᠢᠨ 3 ᠤ ᠡᠳᠦᠷ︶      ᠡᠯ᠎ᠡ ᠵᠠᠭᠤᠴᠢᠯᠠᠭᠤᠷ ᠤᠨ ᠨᠠᠶᠢᠵᠠ ᠨᠠᠷ  ᠡ᠂ ᠣᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ  ︖      ᠳᠣᠮᠳᠠᠳᠦ ᠤᠷᠤᠰ ᠮᠣᠩᠭᠤᠯ  ᠭᠤᠷᠪᠠᠨ ᠣᠯᠣᠰ ᠤᠨ ᠲᠡᠷᠢᠭᠦᠨ ᠨᠡᠷ ᠤᠨ  ᠳᠦᠷᠪᠡᠳᠡᠬᠢ  ᠣᠳᠠᠭᠠᠨ ᠤ ᠠᠭᠤᠯᠵᠠᠯᠲᠠ ᠶᠢᠨ ᠦᠷ᠎ᠡ ᠪᠦᠲᠦᠭᠡᠯ ᠢ ᠢᠳᠡᠪᠬᠢᠲᠡᠢ  ᠨᠠᠶᠢᠳᠠᠪᠦᠷᠢᠵᠢᠭᠤᠯᠬᠤ᠂ ᠣᠷᠣᠰ ᠮᠣᠩᠭᠤᠯ ᠬᠤᠶᠠᠷ ᠤᠯᠤᠰ ᠯᠤᠭ᠎ᠠ ᠶᠢᠨ ᠵᠢᠭᠤᠯᠴᠢᠯᠡᠯ ᠤᠨ ᠪᠣᠳᠠᠲᠠᠶ   ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ 2019 ᠣᠨ ᠤ 6 ᠰᠠᠷ᠎ᠠ ᠶᠢᠨ 23 ᠤ ᠡᠳᠦᠷ ᠠᠴᠠ 6 ᠰᠠᠷ᠎ᠠ ᠶᠢᠨ 27 ᠤ ᠡᠳᠦᠷ ᠪᠣᠯᠲᠠᠯ᠎ᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ  ᠵᠢᠭᠤᠯᠴᠢᠯᠡᠯ ᠤᠨ ᠲᠢᠩᠬᠢᠮ ᠠᠴᠠ ᠭᠤᠤᠯᠯᠠᠨ ᠡᠷᠬᠢᠯᠡᠭᠰᠡᠨ ︽ᠲᠦᠮᠡᠨ ᠭᠠᠵᠠᠷ ᠤᠨ ᠴᠠᠢ ᠶᠢᠨ ᠵᠠᠮ︾  ᠰᠣᠶᠣᠯ  ᠵᠢᠭᠤᠯᠴᠢᠯᠡᠯ ᠤᠨ ᠦᠵᠡᠰᠬᠦᠯᠡᠩ ᠤᠨ ᠴᠤᠭᠯᠠᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠳᠤ ᠡᠷᠬᠢᠯᠡᠬᠦ ᠪᠣᠯᠤᠨ᠎ᠠ᠃      ᠲᠣᠰ ᠤᠳᠠᠭᠠᠨ ᠤ ᠦᠵᠡᠰᠬᠦᠯᠡᠩ ᠤᠨ ᠴᠤᠭᠯᠠᠭᠠᠨ ᠤ ᠭᠤᠤᠯ ᠰᠡᠳᠦᠪ ᠪᠣᠯ ︽ᠲᠦᠮᠡᠨ ᠭᠠᠵᠠᠷ ᠤᠨ ᠴᠠᠢ ᠶᠢᠨ ᠵᠠᠮ︾ ᠪᠣᠯᠤᠨ᠎ᠠ᠂ ᠡᠨᠡ ᠪᠣᠯ ᠨᠢᠭᠡ ᠵᠤᠷᠪᠤᠰ ᠳᠣᠮᠳᠠᠳᠦ ᠣᠷᠣᠰ ᠮᠣᠩᠭᠤᠯ ᠢ  ᠲᠣᠭᠤᠯᠣᠨ 1.3 ᠲᠦᠮᠡᠨ ᠺᠢᠯᠣᠮᠧᠲᠷ ᠦᠷᠭᠦᠯᠵᠢᠯᠡᠵᠦ᠂  ᠠᠩᠭᠢᠯᠣᠮ᠎ᠠ ᠰᠠᠶᠢᠬᠠᠨ ᠦᠨᠦᠷ ᠠᠮᠳᠠ ᠪᠠᠷ ᠢᠶᠠᠨ  ᠬᠥᠮᠦᠨ ᠢ ᠰᠣᠭᠲᠣᠷᠠᠭᠤᠯᠤᠮ᠎ᠠ ᠴᠠᠢ ᠪᠠ ᠭᠦᠨ ᠵᠤᠵᠠᠭᠠᠨ ᠴᠠᠢ ᠶᠢᠨ ᠰᠣᠶᠣᠯ ᠠᠭᠤᠯᠣᠭᠳᠠᠬᠤᠨ ᠢᠶᠠᠷ ᠠᠴᠢᠶᠠᠯᠠᠪᠤᠷᠢ ᠪᠣᠯᠭᠠᠵᠤ᠂ ᠳᠤᠮᠳᠠᠳᠤ ᠶᠢᠨ ᠪᠣᠯᠪᠠᠰᠤᠨ᠂ ᠮᠣᠩᠭᠤᠯ ᠰᠣᠶᠣᠯ ᠪᠣᠯᠤᠨ ᠣᠷᠣᠰ ᠤᠨ ᠵᠠᠩ ᠠᠭᠠᠯᠢ ᠶᠢ ᠲᠥᠪᠯᠡᠷᠡᠭᠦᠯᠦᠭᠰᠡᠨ ᠣᠯᠠᠨ ᠤᠯᠤᠰ  ᠤᠨ ᠠᠷᠠᠯᠵᠢᠶ᠎ᠠ ᠬᠤᠳᠠᠯᠳᠤᠭᠠᠨ ᠤ ᠴᠢᠬᠤᠯᠠ ᠵᠠᠮ ᠪᠣᠯᠤᠨ᠎ᠠ᠂ ᠮᠦᠨ ᠴᠤ ᠳᠤᠮᠳᠠᠳᠤ ᠣᠷᠣᠰ ᠮᠣᠩᠭᠤᠯ ᠭᠤᠷᠪᠠᠨ ᠤᠯᠤᠰ ᠭᠠᠷ ᠬᠤᠯᠪᠣᠨ ᠡᠬᠢᠯᠡᠭᠦᠯᠦᠭᠰᠡᠨ  ᠣᠯᠠᠨ ᠣᠯᠣᠰ ᠤᠨ ᠵᠢᠭᠤᠯᠴᠢᠯᠡᠯ ᠤᠨ ᠨᠡᠷᠡᠳᠦ ᠲᠡᠮᠳᠡᠭ ᠶᠣᠮ᠂ ᠲᠡᠭᠡᠭᠡᠳ ᠭᠤᠷᠪᠠᠨ ᠵᠢᠯ ᠤᠨ ᠬᠦᠭᠵᠢᠯᠳᠡ   ᠶᠢᠨ ᠶᠠᠪᠣᠴᠠ ᠶᠢ ᠦᠩᠭᠡᠷᠡᠭᠦᠯᠦᠭᠡᠳ ᠢᠯᠡᠳᠲᠡ ᠲᠣᠳᠣᠷᠬᠠᠢ ᠠᠮᠵᠢᠯᠲᠠ ᠳᠤ  ᠬᠦᠷᠦᠯ᠎ᠡ ᠭᠡᠵᠣ ᠬᠡᠯᠡᠵᠣ ᠪᠣᠯᠬᠤ ᠶᠣᠮ᠃      ᠪᠢᠳᠠ ︽ᠲᠦᠮᠡᠨ ᠭᠠᠵᠠᠷ ᠤᠨ ᠴᠠᠢ ᠶᠢᠨ ᠵᠠᠮ︾ ᠣᠯᠠᠨ ᠣᠯᠣᠰ ᠤᠨ ᠵᠢᠭᠤᠯᠴᠢᠯᠡᠯ ᠤᠨ ᠨᠡᠷᠡᠳᠦ ᠲᠡᠮᠳᠡᠭ ᠢ ᠨᠢᠭᠡᠨᠳᠡ ᠲᠣᠭᠳᠠᠭᠠᠪᠠ᠃  ︽ᠲᠦᠮᠡᠨ ᠭᠠᠵᠠᠷ ᠤᠨ ᠴᠠᠢ ᠶᠢᠨ ᠵᠠᠮ︾ ᠤᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠣᠯᠲᠠ  ᠬᠢᠭᠡᠳ ︽ᠨᠢᠭᠡ ᠪᠦᠰᠡ ᠨᠢᠭᠡ ᠵᠠᠮ︾᠂ ᠧᠦ᠋ᠷᠣᠫᠠ ᠠᠽᠢᠶ᠎ᠠ ᠶᠢᠨ ᠳᠠᠷᠳᠠᠩ ᠵᠠᠮ ᠪᠣᠯᠤᠨ ︽ᠲᠠᠯ᠎ᠠ ᠨᠤᠲᠤᠭ ᠤᠨ ᠵᠠᠮ︾ ᠤᠨ ᠪᠠᠶᠢᠯᠳᠤᠬᠤ ᠪᠣᠳᠣᠯᠭ᠎ᠠ ᠲᠠᠢ ᠳᠡᠭᠡᠳᠦ ᠬᠡᠮᠵᠢᠶ᠎ᠡ ᠪᠠᠷ  ᠨᠡᠶᠢᠴᠡᠭᠦᠯᠵᠦ᠂ ᠭᠤᠷᠪᠠᠨ ᠤᠯᠤᠰ ᠤᠨ ᠵᠢᠭᠤᠯᠴᠢᠯᠡᠯ ᠢ ᠬᠠᠮᠲᠤᠪᠠᠷ ᠠᠬᠢᠭᠤᠯᠤᠭᠰᠠᠨ ᠤ ᠭᠤᠤᠯᠳᠠᠯᠭ᠎ᠠ᠂ ᠰᠣᠶᠣᠯ  ᠵᠢᠭᠤᠯᠴᠢᠯᠡᠯ ᠤᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠦᠯᠢᠭᠡᠷ ᠵᠢᠱᠢᠶ᠎ᠡ ᠪᠣᠯᠪᠠ᠃      ᠪᠢᠳᠡ ᠪᠦᠷᠢᠨ ᠲᠡᠭᠦᠯᠳᠡᠷ ᠰᠢᠰᠲ᠋ᠧᠮ ᠲᠠᠢ ︽ᠲᠦᠮᠡᠨ ᠭᠠᠵᠠᠷ ᠤᠨ ᠴᠠᠢ ᠶᠢᠨ ᠵᠠᠮ︾ ᠤᠨ ᠨᠠᠷᠠᠲᠤ ᠲᠡᠮᠳᠡᠭ ᠵᠢᠴᠢ ᠪᠦᠲᠦᠭᠡᠭᠳᠡᠬᠦᠨ ᠤ ᠰᠢᠰᠲ᠋ᠧᠮ ᠢ ᠪᠠᠶᠢᠭᠤᠯᠪᠠ᠃ ︽ᠲᠦᠮᠡᠨ ᠭᠠᠵᠠᠷ ᠤᠨ ᠴᠠᠢ ᠶᠢᠨ ᠵᠠᠮ︾ ᠤᠨ  ᠬᠤᠯᠪᠣᠭ᠎ᠠ ᠪᠠ ᠨᠡᠷᠡᠲᠦ ᠲᠡᠮᠳᠡᠭ ᠤᠨ ᠢᠯᠡᠷᠬᠡᠶᠢᠯᠡᠯ  ᠱᠣᠰᠢᠭ᠎ᠠ ᠶᠢ ᠲᠦᠯᠦᠪᠯᠡᠪᠡ  ᠂ ᠬᠢᠲᠠᠳ᠂ ᠠᠩᠭ᠍ᠯᠢ᠂ ᠣᠷᠣᠰ᠂ ᠮᠣᠩᠭᠤᠯ ᠳᠥᠷᠪᠡᠨ ᠵᠦᠢᠯ ᠤᠨ ᠦᠰᠦᠭ ᠤᠨ ᠤᠬᠠᠭᠤᠯᠭ᠎ᠠ ᠶᠢᠨ ᠹᠢᠯᠢᠮ  ᠵᠤᠬᠢᠶᠡᠪᠡ  ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠵᠢᠭᠤᠯᠴᠢᠯᠠᠯ ᠤᠨ ᠱᠤᠭᠤᠮ ᠤᠨ  ᠡᠪᠬᠡᠮᠡᠯ ᠬᠠᠭᠤᠳᠠᠰᠤ ᠪᠠ ᠵᠢᠭᠤᠯᠴᠢᠯᠠᠯ ᠤᠨ ᠵᠢᠷᠤᠭᠲᠤ ᠳᠡᠪᠲᠡᠷ ᠢ ᠬᠡᠪᠯᠡᠨ ᠭᠠᠷᠭᠠᠪᠠ  ᠂ 7 ᠵᠤᠷᠪᠤᠰ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠪᠠ  ᠃  ᠬᠥᠬᠡᠬᠤᠲᠠ᠂ ᠤᠯᠠᠭᠠᠨᠪᠠᠭᠠᠲᠤᠷ ᠲᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠲᠡᠤᠬᠡ ᠶᠢᠨ  ᠨᠡᠷᠡᠳᠦ ᠲᠡᠮᠳᠡᠭ ᠤᠨ ᠦᠯᠡᠳᠡᠭᠳᠡᠯ ᠤᠨ ᠬᠥᠰᠢᠶ᠎ᠡ ᠶᠢ ᠪᠠᠶᠢᠭᠤᠯᠵᠤ᠂  ᠬᠤᠶᠢᠳᠦ ᠪᠠᠶᠢᠭᠠᠯ  ᠤᠨ ᠬᠢᠯᠢ ᠬᠢᠵᠠᠭᠠᠷ ᠣᠷᠣᠨ ᠳᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠲᠡᠤᠬᠡ ᠶᠢᠨ ᠨᠡᠷᠡᠳᠦ ᠲᠡᠮᠳᠡᠭ ᠤᠨ ᠦᠯᠡᠳᠡᠭᠳᠡᠯ ᠤᠨ ᠬᠥᠰᠢᠶ᠎ᠡ ᠶᠢ ᠪᠠᠶᠢᠭᠤᠯᠬᠤ ᠶᠢ ᠠᠬᠢᠭᠤᠯᠤᠨ᠎ᠠ᠃      ᠪᠢᠳᠡ ᠪᠦᠲᠦᠭᠡᠯᠴᠢ ᠰᠡᠳᠬᠢᠮᠵᠢ ᠲᠠᠢ᠂ ᠰᠢᠨ᠎ᠡ ᠡᠭᠦᠳᠡᠯᠲᠡ ᠲᠠᠢ᠂ ᠪᠠᠶᠠᠯᠢᠭ ᠰᠠᠶᠢᠬᠠᠨ ᠢᠵᠢ ᠪᠦᠷᠢᠳᠦᠭᠦᠯᠦᠭᠰᠡᠨ ᠰᠢᠷᠢᠰ ᠠᠵᠢᠯᠯᠠᠭ᠎ᠠ ᠶᠢ  ᠡᠭᠦᠰᠭᠡᠨ ᠶᠠᠪᠣᠭᠳᠠᠭᠤᠯᠪᠠ᠃ ᠳᠤᠮᠳᠠᠳᠤ ᠣᠷᠣᠰ ᠮᠣᠩᠭᠤᠯ ᠤᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ  ᠤᠨ ᠦᠪᠡᠷ ᠢᠶᠠᠨ ᠲᠡᠷᠭᠡ  ᠵᠢᠯᠣᠭᠤᠳᠣᠨ ᠠᠶᠠᠯᠠᠬᠤ ᠪᠠ ︽ᠲᠦᠮᠡᠨ ᠭᠠᠵᠠᠷ ᠤᠨ ᠴᠠᠢ ᠶᠢᠨ ᠵᠠᠮ︾ ᠲᠠᠢ ᠲᠠᠨᠢᠯᠴᠠᠬᠤ ᠠᠶᠠᠯᠠᠯ ᠢ ᠰᠡᠳᠦᠨ ᠡᠬᠢᠯᠡᠭᠦᠯᠵᠤ᠂  ᠲᠠᠯ᠎ᠠ ᠨᠣᠳᠤᠭ  ᠤᠨ ᠠᠶᠠᠯᠠᠯ᠂  ᠬᠤᠪᠢᠰᠬᠠᠯᠳᠦ ᠳᠣᠷᠠᠳᠬᠠᠯ ᠤᠨ ᠠᠶᠠᠯᠠᠯ᠂ ᠬᠠᠶᠢᠨ ᠰᠦᠪᠡᠭᠴᠢᠯᠡᠬᠦ ᠠᠶᠠᠯᠠᠯ ᠵᠡᠷᠭᠡ ᠵᠢᠭᠤᠯᠴᠢᠯᠠᠯ ᠤᠨ ᠰᠢᠷᠢᠰ ᠪᠦᠲᠦᠭᠡᠭᠳᠡᠬᠦᠨ ᠪᠠ ᠤᠬᠠᠭᠤᠯᠤᠨ ᠳᠡᠯᠭᠡᠷᠡᠭᠦᠯᠬᠦ  ᠠᠵᠢᠯᠯᠠᠭ᠎ᠠ ᠶᠢ ᠨᠡᠭᠡᠭᠡᠨ  ᠬᠦᠭᠵᠢᠭᠦᠯᠪᠡ ᠃  ᠡᠭᠦᠨ ᠢᠶᠠᠷ ᠲᠠᠪᠴᠠᠩ ᠪᠣᠯᠭᠠᠵᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ  ᠦᠪᠡᠷ  ᠢᠶᠠᠨ ᠲᠡᠷᠭᠡ  ᠵᠢᠯᠣᠭᠤᠳᠣᠨ ᠠᠶᠠᠯᠠᠬᠤ ᠨᠦᠬᠦᠷᠰᠡᠭ  ᠵᠢᠭᠤᠯᠴᠢᠯᠠᠯ᠂ ︽ᠬᠥᠯᠥᠨ ᠪᠤᠶᠢᠷ — ᠤᠯᠠᠭᠠᠨ ᠡᠭᠦᠳᠡ︾ ᠶᠢᠨ ᠠᠮᠲᠠᠲᠤ ᠢᠳᠡᠭᠡᠨ ᠤ  ᠠᠮᠲᠠᠷᠬᠠᠯᠳᠦ ᠠᠶᠠᠯᠠᠯ᠂ ︽ᠬᠥᠬᠡᠬᠤᠲᠠ — ᠢᠷᠺᠦ᠋ᠼᠺ︾ ᠤᠨ ᠵᠢᠭᠤᠯᠴᠢᠯᠠᠯ ᠤᠨ ᠨᠢᠰᠬᠡᠯ ᠳᠠᠭᠠᠭᠠᠴᠢᠯᠠᠭᠤᠯᠬᠤ᠂ ︽ᠮᠠᠨᠵᠤᠤᠷ —  ᠰᠢᠪᠧᠷᠢᠶ᠎ᠠ  ᠨᠡᠷᠡᠮᠵᠢᠳᠦ︾ ᠪᠣᠯᠤᠨ ︽ᠡᠷᠢᠶᠡᠨ ᠬᠤᠲᠠ ᠨᠡᠷᠡᠮᠵᠢᠲᠦ︾ ᠵᠡᠷᠭᠡ ᠵᠢᠭᠤᠯᠴᠢᠯᠠᠯ ᠤᠨ ᠲᠤᠰᠬᠠᠶ ᠴᠤᠪᠤᠭ᠎ᠠ  ᠭᠠᠯᠲᠦ ᠲᠡᠷᠭᠡ᠂ ︽ᠡᠩᠬᠡ ᠲᠠᠶᠢᠪᠤᠩ · ᠨᠥᠬᠦᠷᠯᠡᠯ ·  ᠵᠠᠯᠠᠭᠤᠴᠤᠳ ᠪᠠᠭᠠᠴᠤᠳ ᠤᠨ ᠵᠢᠭᠤᠯᠴᠢᠯᠠᠯ ᠤᠨ ᠵᠤᠰᠠᠯᠠᠩ︾ ᠵᠡᠷᠭᠡ ᠠᠵᠢᠯᠯᠠᠭ᠎ᠠ ᠪᠠᠷ ᠬᠠᠪᠰᠤᠷᠤᠮᠵᠢ ᠪᠣᠯᠭᠠᠵᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠵᠢᠭᠤᠯᠴᠢᠯᠠᠯ ᠤᠨ ᠥᠷᠨᠢᠯᠲᠡ ᠶᠢ ᠪᠣᠶ ᠪᠣᠯᠭᠠᠪᠠ᠃      ᠮᠠᠨ ᠤ ᠡᠩᠨᠡᠭᠡ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠪᠠ᠃ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ  ᠤᠨ ᠵᠢᠭᠤᠯᠴᠢᠯᠡᠯ ᠤᠨ ᠬᠤᠯᠪᠣᠭ᠎ᠠ ᠶᠢᠨ ᠪᠦᠷᠢᠯᠳᠦᠬᠦᠨ ᠬᠠᠮᠤᠭ ᠤᠨ ᠠᠩᠬᠠᠨ ᠤ 12 ᠪᠠᠶᠢᠭᠰᠠᠨ ᠠᠴᠠ ᠪᠠᠨ ᠣᠳᠣ ᠶᠢᠨ 16 ᠪᠣᠯᠵᠤ᠂ ᠡᠨᠡ ᠵᠢᠯ ᠪᠠᠰᠠ ᠣᠷᠣᠰ ᠤᠨ ᠰᠢᠨ᠎ᠡ ᠰᠢᠪᠧᠷᠢᠶ᠎ᠠ ᠵᠧᠤ᠂ ᠰᠤᠸ᠋ᠯᠳ᠋ᠷᠣᠹᠰᠺ ᠵᠧᠤ᠂ ᠮᠣᠩᠭᠤᠯ ᠤᠯᠤᠰ  ᠤᠨ ᠡᠮᠦᠨᠡᠲᠦ ᠭᠤᠪᠢ  ᠠᠶᠢᠮᠠᠭ᠂ ᠰᠦᠬᠡᠪᠠᠭᠠᠲᠤᠷ  ᠠᠶᠢᠮᠠᠭ ᠬᠤᠯᠪᠣᠭ᠎ᠠ ᠳᠤ ᠣᠷᠣᠯᠴᠠᠬᠤ ᠪᠣᠯᠤᠨ᠎ᠠ᠃  ᠴᠠᠭᠠᠨ ᠣᠷᠣᠰ ᠤᠨ ᠭᠤᠮᠤᠷᠢ ᠵᠧᠤ ᠨᠢ ᠬᠤᠯᠪᠣᠭᠠᠨ ᠤ ᠠᠵᠢᠭᠯᠠᠭᠴᠢ ᠭᠠᠵᠠᠷ ᠣᠷᠣᠨ ᠪᠣᠯᠬᠤ ᠪᠠᠷ ᠲᠥᠯᠥᠪᠯᠡᠵᠦ  ᠪᠠᠶᠢᠨ᠎ᠠ᠃ ᠡᠨᠡ ᠨᠢ ︽ᠲᠦᠮᠡᠨ ᠭᠠᠵᠠᠷ ᠤᠨ ᠴᠠᠢ ᠶᠢᠨ ᠵᠠᠮ︾ ᠤᠨ  ᠵᠢᠭᠤᠯᠴᠢᠯᠡᠯ ᠳᠤ ᠡᠯᠪᠡᠭ  ᠪᠠᠶᠠᠨ ᠡᠬᠢ ᠪᠠᠶᠠᠯᠢᠭ ᠪᠣᠯᠤᠨ ᠪᠦᠲᠦᠭᠡᠭᠳᠡᠬᠦᠨ ᠢ ᠠᠪᠴᠢᠷᠠᠬᠤ ᠪᠣᠯᠤᠨ᠎ᠠ᠃      ᠮᠠᠨ ᠤ ᠤᠬᠠᠭᠤᠯᠭ᠎ᠠ ᠪᠣᠷᠣᠯᠠᠭᠤᠯᠭ᠎ᠠ ᠶᠢᠨ ᠡᠷᠴᠢᠮ ᠲᠠᠰᠤᠷᠠᠯᠲᠠ ᠦᠭᠡᠢ ᠴᠢᠩᠭᠠᠷᠠᠵᠤ᠂ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠠᠯᠬᠤᠮ ᠠᠯᠬᠤᠮ ᠢᠶᠠᠷ ᠳᠡᠭᠡᠭᠰᠢᠯᠡᠪᠡ᠃ 2017 ᠣᠨ ᠳᠤ᠂  ᠬᠤᠯᠪᠣᠭᠠᠨ ᠠᠴᠠ ᠳ᠋ᠧᠨ᠋ᠮᠡᠷᠺᠠ ᠂ ᠰᠸᠧᠳ᠋ᠸᠧᠨ ᠬᠤᠶᠠᠷ ᠣᠯᠣᠰ   ᠲᠤ ᠲᠣᠰ ᠲᠣᠰ  ᠬᠤᠶᠠᠷ ᠲᠠᠯᠠᠪᠤᠷ ᠲᠤᠰᠬᠠᠶ ᠰᠡᠳᠦᠪᠲᠦ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ︔ 2018 ᠣᠨ ᠳᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠢᠶᠠᠷ ᠭᠤᠤᠯ ᠰᠡᠳᠦᠪ ᠪᠣᠯᠭᠠᠵᠤ᠂ ᠺᠠᠨᠠᠳᠠ ᠶᠢᠨ ᠮᠤᠨᠳ᠋ᠷᠧᠯ  ᠤᠨ ᠣᠯᠠᠨ ᠤᠯᠤᠰ  ᠤᠨ ᠵᠢᠭᠤᠯᠴᠢᠯᠠᠯ ᠤᠨ ᠦᠵᠡᠰᠬᠦᠯᠡᠩ ᠳᠤ ᠣᠷᠣᠯᠴᠠᠪᠠ᠃      ᠳᠡᠭᠡᠷᠡᠬᠢ ᠦᠷ᠎ᠡ ᠪᠦᠲᠦᠭᠡᠯ ᠨᠢ ᠭᠤᠷᠪᠠᠨ ᠤᠯᠤᠰ ᠤᠨ ᠵᠢᠭᠤᠯᠴᠢᠯᠡᠯ ᠤᠨ ᠰᠠᠯᠠᠭ᠎ᠠ ᠮᠥᠴᠢᠷ ᠤᠨ  ᠬᠠᠮᠳᠣᠷᠠᠯ  ᠤᠨ ᠬᠦᠴᠤᠨ ᠠᠴᠠ ᠰᠠᠯᠵᠤ ᠴᠢᠳᠠᠬᠤ ᠦᠭᠡᠢ ᠪᠥᠭᠡᠳ ᠠᠳᠡ ᠰᠠᠭᠤᠭ᠎ᠠ ᠡᠯ᠎ᠡ ᠵᠠᠭᠤᠴᠢᠯᠠᠭᠤᠷ ᠤᠨ ᠨᠠᠶᠢᠵᠠ ᠨᠠᠷ ᠤᠨ ᠤᠬᠠᠭᠤᠯᠭ᠎ᠠ ᠮᠡᠳᠡᠭᠡᠯᠡᠯ ᠠᠴᠠ ᠴᠤ ᠰᠠᠯᠵᠤ ᠴᠢᠳᠠᠬᠤ ᠦᠭᠡᠢ ᠶᠤᠮ᠂  ᠰᠣᠨᠢᠨ ᠮᠡᠳᠡᠭᠡᠨ ᠤ ᠵᠠᠭᠤᠴᠢᠯᠠᠭᠤᠷ ᠤᠨ ᠨᠠᠶᠢᠵᠠ ᠨᠠᠷ ᠤᠨ ᠮᠠᠨ ᠤ ᠣᠷᠣᠨ ᠤ ᠰᠣᠶᠣᠯ  ᠵᠢᠭᠤᠯᠴᠢᠯᠡᠯ ᠤᠨ ᠦᠢᠯᠡᠰ ᠲᠤ ᠠᠩᠬᠠᠷᠤᠯ ᠲᠠᠯᠪᠢᠵᠤ ᠪᠠᠶᠢᠭ᠎ᠠ ᠳᠤ  ᠠᠳᠡ ᠪᠢ  ᠣᠨᠴᠠᠭᠠᠶᠢᠯᠠᠨ ᠲᠠᠯᠠᠷᠬᠠᠵᠤ ᠪᠠᠶᠢᠨ᠎ᠠ᠃      ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ  ᠵᠢᠭᠤᠯᠴᠢᠯᠡᠯ ᠤᠨ ᠦᠵᠡᠰᠬᠦᠯᠡᠩ ᠪᠣᠯ ᠪᠢᠳᠡᠨ ᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠵᠢᠭᠤᠯᠴᠢᠯᠡᠯ ᠤᠨ ᠲᠥᠷᠥᠯ ᠲᠡᠮᠳᠡᠭᠴᠢᠯᠡᠭᠰᠡᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠦᠵᠡᠰᠬᠦᠯᠡᠩ ᠢᠶᠠᠷ ᠳᠠᠮᠵᠢᠨ ᠳᠡᠯᠭᠡᠨ ᠦᠵᠡᠭᠦᠯᠵᠦ᠂ ᠣᠯᠠᠨ ᠨᠡᠶᠢᠲᠡ ᠳᠤ ᠥᠪᠥᠷ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠡᠯ ᠤᠨ ᠬᠡᠪ ᠨᠠᠮᠪᠠ ᠶᠢ ᠢᠯᠡᠷᠡᠭᠦᠯᠬᠦ ᠶᠢᠨ ᠲᠥᠯᠥᠭᠡ ᠶᠤᠮ᠃ ᠲᠣᠰ  ᠣᠳᠠᠭᠠᠨ ᠤ ᠦᠵᠡᠰᠬᠦᠯᠡᠩ ᠳᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠳᠦᠷᠢ ᠲᠥᠷᠬᠦ ᠶᠢᠨ  ᠦᠵᠡᠭᠦᠯᠦᠯᠭᠡ ᠶᠢᠨ ᠲᠢᠩᠬᠢᠮ᠂ ᠵᠢᠭᠤᠯᠴᠢᠯᠡᠯ ᠤᠨ ᠰᠣᠶᠣᠯ ᠤᠨ ᠡᠭᠦᠳᠦᠨ ᠪᠦᠲᠦᠭᠡᠯᠲᠡ ᠵᠢᠴᠢ ᠪᠦᠲᠦᠭᠡᠭᠳᠡᠬᠦᠨ ᠤ  ᠦᠵᠡᠭᠦᠯᠦᠯᠭᠡ ᠶᠢᠨ ᠲᠢᠩᠬᠢᠮ᠂ ᠬᠡᠤᠬᠡᠳ ᠤᠨ ᠴᠡᠴᠡᠷᠯᠢᠭ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ  ᠦᠵᠡᠭᠦᠯᠦᠯᠭᠡ ᠶᠢᠨ ᠲᠢᠩᠬᠢᠮ ᠵᠡᠷᠭᠡ ᠳᠥᠷᠪᠡᠨ ᠶᠡᠭᠡ ᠶᠡᠷᠦᠩᠬᠡᠶᠢᠯᠡᠭᠰᠡᠨ ᠦᠵᠡᠭᠦᠯᠦᠯᠭᠡ ᠶᠢᠨ ᠲᠢᠩᠬᠢᠮ ᠪᠠᠭᠲᠠᠨ᠎ᠠ᠃ ᠡᠭᠦᠨ ᠳᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠳᠦᠷᠢ ᠲᠥᠷᠬᠦ ᠶᠢᠨ ᠦᠵᠡᠭᠦᠯᠦᠯᠭᠡ ᠶᠢᠨ ᠲᠢᠩᠬᠢᠮ ᠨᠢ ᠲᠢᠶᠠᠨ ᠲᠠᠨ᠂ ᠺᠧᠷᠮᠡᠯᠢ ᠣᠷᠳᠣᠨ᠂ ᠮᠣᠩᠭᠤᠯ ᠭᠡᠷ ᠵᠡᠷᠭᠡ ᠳᠤᠮᠳᠠᠳᠤ ᠣᠷᠣᠰ ᠮᠣᠩᠭᠤᠯ ᠭᠤᠷᠪᠠᠨ ᠤᠯᠤᠰ  ᠤᠨ  ᠣᠨᠴᠠᠯᠢᠭᠳᠤ ᠰᠣᠳᠣᠨ ᠪᠠᠷᠢᠯᠭ᠎ᠠ ᠪᠠᠷ ᠵᠢᠷᠤᠭ ᠲᠥᠯᠥᠪᠯᠡᠭᠡ ᠶᠢᠨ ᠢᠶᠠᠨ ᠰᠠᠭᠤᠷᠢ ᠪᠣᠯᠭᠠᠵᠤ᠂ ᠭᠤᠤᠯ  ᠦᠵᠡᠭᠦᠯᠦᠯᠭᠡ ᠶᠢᠨ ᠲᠣᠭᠤᠷᠢᠭ ᠢ ᠵᠢᠷᠤᠵᠤ ᠲᠥᠯᠥᠪᠯᠡᠨ  ᠪᠠᠶᠢᠭᠤᠯᠵᠣ᠂ ᠲᠤᠬᠠᠶ ᠶᠢᠨ ᠲᠠᠯᠠᠪᠠᠢ ᠳᠤ ᠡᠯ᠎ᠡ ᠤᠯᠤᠰ  ᠤᠨ ᠪᠠᠷᠢᠯᠭ᠎ᠠ ᠶᠢᠨ ᠬᠠᠶᠢᠴᠢᠯᠠᠮᠠᠯ ᠵᠢᠷᠤᠭ᠂ ᠸᠢᠳᠢᠣ᠋ ᠵᠢᠷᠤᠭ᠂  ᠬᠠᠷᠢᠯᠴᠠᠨ ᠦᠢᠯᠡᠳᠦᠯᠴᠡᠬᠦ ᠲᠥᠬᠦᠭᠡᠷᠦᠮᠵᠢ ᠪᠠᠷ ᠦᠨᠳᠦᠰᠦᠲᠡᠨ ᠤ ᠡᠯᠧᠮᠧᠨ᠋ᠲ ᠪᠣᠯᠤᠨ ᠰᠢᠨᠵᠢᠯᠡᠬᠦ ᠤᠬᠠᠭᠠᠨ ᠤ ᠮᠡᠷᠭᠡᠵᠢᠯ ᠤᠨ ᠡᠯᠧᠮᠧᠨ᠋ᠲ ᠢ ᠣᠷᠭᠠᠨᠢᠭ ᠢᠶᠠᠷ ᠠᠭᠤᠰᠤᠯᠴᠠᠭᠤᠯᠵᠤ᠂  ᠳᠣᠮᠳᠠᠳᠣ ᠣᠷᠣᠰ ᠮᠣᠩᠭᠤᠯ ᠭᠤᠷᠪᠠᠨ ᠤᠯᠤᠰ ᠪᠣᠯᠤᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠳᠠᠭᠠᠣ ᠳᠤ ᠬᠢ ᠭᠤᠸ᠎ᠠ ᠰᠠᠶᠢᠬᠠᠨ ᠦᠵᠡᠮᠵᠢ ᠶᠢ ᠪᠦᠬᠦ ᠲᠠᠯ᠎ᠠ ᠪᠠᠷ ᠳᠡᠯᠭᠡᠨ ᠦᠵᠡᠭᠦᠯᠦᠨ᠎ᠡ︔ ᠵᠢᠭᠤᠯᠴᠢᠯᠠᠯ ᠤᠨ ᠰᠣᠶᠣᠯ ᠤᠨ ᠡᠭᠦᠳᠦᠨ ᠪᠦᠲᠦᠭᠡᠯᠲᠡ ᠵᠢᠴᠢ ᠦᠢᠯᠡᠳᠭᠦᠨ ᠤ ᠦᠵᠡᠭᠦᠯᠦᠯᠭᠡ ᠶᠢᠨ ᠲᠢᠩᠬᠢᠮ ᠨᠢ ᠥᠪᠥᠷ ᠮᠣᠩᠭᠤᠯ ᠤᠨ ᠤᠯᠠᠮᠵᠢᠯᠠᠯᠲᠤ ᠡᠯᠧᠮᠧᠨ᠋ᠲ᠂ ᠤᠯᠠᠮᠵᠢᠯᠠᠯᠲᠤ ᠡᠳ᠋ ᠪᠣᠳᠠᠰ ᠢᠶᠠᠷ ᠵᠢᠷᠤᠭ ᠲᠥᠯᠥᠪᠯᠡᠭᠡ ᠶᠢᠨ ᠢᠶᠠᠨ ᠲᠦᠰᠢᠭ ᠪᠣᠯᠭᠠᠵᠤ᠂ ᠵᠠᠰᠠᠭ ᠪᠠ ᠠᠵᠤ ᠠᠬᠤᠶᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠢ ᠪᠣᠢ ᠪᠣᠯᠭᠠᠵᠤ᠂ ᠦᠵᠡᠭᠦᠯᠦᠯᠭᠡ ᠶᠢᠨ ᠲᠢᠩᠬᠢᠮ ᠳᠤ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ ᠶᠢᠨ ᠥᠩᠭᠡ ᠦᠵᠡᠮᠵᠢ ᠶᠢ ᠲᠥᠪᠯᠡᠷᠡᠭᠦᠯᠦᠨ ᠳᠡᠯᠭᠡᠨ ᠦᠵᠡᠭᠦᠯᠵᠦ ᠂ ᠬᠤᠲᠠ ᠶᠢᠨ ᠥᠩᠭᠡ ᠦᠵᠡᠮᠵᠢ᠂ ᠰᠣᠶᠣᠯ ᠢᠷᠭᠡᠨᠰᠢᠯ ᠤᠨ ᠲᠡᠤᠬᠡ᠂ ᠵᠢᠭᠤᠯᠴᠢᠯᠠᠯ ᠤᠨ ᠦᠢᠯᠡᠳᠭᠦᠨ᠂ ᠰᠣᠶᠣᠯ ᠤᠨ ᠡᠭᠦᠳᠦᠨ ᠪᠦᠲᠦᠭᠡᠯᠲᠡ ᠶᠢᠨ  ᠦᠢᠯᠡᠳᠭᠦᠨ᠂ ᠵᠣᠴᠢᠳ ᠤᠨ ᠪᠠᠭᠤᠳᠠᠯ ᠂ ᠠᠷᠠᠳ ᠤᠨ ᠡᠷᠬᠢᠯᠡᠭᠰᠡᠨ ᠪᠠᠭᠤᠳᠠᠯ ᠵᠢᠴᠢ ᠰᠣᠶᠣᠯ ᠤᠨ ᠡᠭᠦᠳᠦᠨ ᠪᠦᠲᠦᠭᠡᠯᠲᠡ ᠶᠢᠨ ᠵᠢᠭᠤᠯᠴᠢᠯᠠᠯ ᠤᠨ ᠲᠠᠸᠠᠷ ᠢ ᠭᠤᠤᠯᠳᠠᠯᠭ᠎ᠠ ᠲᠠᠢ ᠳᠡᠯᠭᠡᠨ ᠦᠵᠡᠭᠦᠯᠦᠨ᠎ᠡ᠃ ᠬᠡᠤᠬᠡᠳ ᠤᠨ ᠴᠡᠩᠭᠡᠯᠳᠤ ᠲᠢᠩᠬᠢᠮ ᠨᠢ᠂  ᠳᠣᠮᠳᠠᠳᠤ ᠣᠷᠣᠰ ᠮᠣᠩᠭᠤᠯ ᠭᠤᠷᠪᠠᠨ ᠤᠯᠤᠰ  ᠤᠨ ᠰᠣᠶᠣᠯ ᠤᠨ ᠡᠯᠧᠮᠧᠨ᠋ᠲ ᠢ ᠶᠡᠷᠦᠩᠬᠡᠶᠢᠯᠡᠨ ᠠᠭᠤᠰᠬᠠᠵᠣ  ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠬᠢᠨ᠎ᠡ᠂ ᠭᠤᠤᠯᠳᠠᠭᠤ ᠰᠤᠷᠤᠯᠴᠠᠯᠭ᠎ᠠ ᠶᠢᠨ ᠬᠠᠷᠢᠯᠴᠠᠨ ᠬᠥᠳᠡᠯᠦᠯᠴᠡᠬᠦ  ᠲᠣᠭᠤᠷᠢᠭ᠂ ᠬᠡᠤᠬᠡᠳ ᠤᠨ ᠵᠤᠭ᠎ᠠ ᠴᠡᠩᠭᠡᠯ ᠤᠨ  ᠲᠣᠭᠤᠷᠢᠭ᠂ ᠠᠮᠠᠷᠠᠯᠲᠠ ᠶᠢᠨ  ᠲᠣᠭᠤᠷᠢᠭ ᠪᠠ ᠬᠠᠮᠲᠤ ᠶᠢᠨ ᠰᠡᠭᠦᠳᠡᠷ ᠲᠠᠲᠠᠵᠤ ᠳᠤᠷᠠᠰᠬᠠᠯ ᠦᠯᠡᠳᠡᠭᠡᠬᠦ ᠲᠣᠭᠤᠷᠢᠭ ᠵᠡᠷᠭᠡ ᠳᠥᠷᠪᠡᠨ ᠶᠡᠭᠡ  ᠲᠣᠭᠤᠷᠢᠭ ᠢ ᠪᠠᠭᠲᠠᠭᠠᠵᠤ᠂ ᠰᠣᠨᠢᠷᠬᠠᠯᠲᠤ ᠴᠢᠨᠠᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠨᠠᠷ ᠬᠠᠷᠢᠯᠴᠠᠨ ᠠᠭᠤᠰᠤᠯᠴᠠᠬᠤ ᠶᠢ ᠨᠢᠭᠡ ᠴᠣᠭᠴᠠ ᠪᠣᠯᠭᠠᠨ᠎ᠠ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠦᠵᠡᠭᠦᠯᠦᠯᠭᠡ ᠶᠢᠨ ᠲᠢᠩᠬᠢᠮ ᠨᠢ  ᠪᠡᠭᠡᠵᠢᠩ ᠪᠣᠯᠤᠨ ᠤᠯᠠᠭᠠᠨᠴᠠᠪ ᠭᠡᠬᠦ ᠲᠣᠰ ᠲᠣᠰ ᠬᠤᠶᠠᠷ  ᠣᠨᠴᠠᠯᠢᠭᠲᠣ ᠵᠢᠷᠣᠭᠯᠠᠯ ᠲᠠᠢ ᠦᠵᠡᠭᠦᠯᠦᠯᠭᠡ ᠶᠢᠨ ᠪᠠᠶᠢᠷᠢ ᠶᠢ ᠵᠢᠷᠤᠵᠤ ᠲᠥᠯᠥᠪᠯᠡᠨ᠂ ᠪᠡᠭᠡᠵᠢᠩ ᠨᠢ ᠤᠯᠠᠭᠠᠨ ᠲᠣᠭᠤᠰᠬ᠎ᠠ ᠨᠣᠭᠤᠭᠠᠨ ᠸᠠᠭᠠᠷ᠂  ᠰᠠᠷᠠᠪᠴᠢᠳᠦ ᠠᠰᠠᠷ ᠲᠠᠭᠲᠤ  ᠲᠠᠢ᠂ ᠣᠷᠳᠣᠨ ᠤ ᠬᠡᠷᠡᠮ ᠤᠨ ᠭᠦᠨ ᠬᠦᠷᠢᠶ᠎ᠡ ᠵᠡᠷᠭᠡ ᠶᠢ ᠳᠣᠪᠤᠶᠢᠯᠭᠠᠵᠤ᠂ ᠤᠯᠠᠭᠠᠨᠴᠠᠪ ᠬᠤᠲᠠ ᠨᠢ ᠪᠣᠯ ᠬᠤᠪᠴᠠᠰᠤ ᠵᠠᠰᠠᠯ ᠤᠨ ᠰᠣᠶᠣᠯ᠂ ᠪᠣᠳᠠᠰ ᠤᠨ ᠪᠤᠰᠤ ᠰᠣᠶᠣᠯ ᠤᠨ ᠣᠨᠴᠠᠯᠢᠭ ᠢ ᠳᠣᠪᠤᠶᠢᠯᠭᠠᠵᠤ᠂ ᠲᠣᠰ ᠲᠣᠰ ᠤᠨ ᠭᠦᠨ  ᠳᠠᠯᠳᠠᠷᠬᠠᠭ ᠰᠣᠨᠢᠷᠬᠠᠯᠲᠠᠢ ᠦᠵᠡᠭᠦᠯᠦᠯᠭᠡ ᠶᠢᠨ  ᠤᠶᠢᠯᠠᠭᠠᠭᠳᠠᠬᠤᠨ ᠢ ᠳᠣᠪᠤᠶᠢᠯᠭᠠᠪᠠ᠃ ᠦᠵᠡᠭᠦᠯᠦᠯᠭᠡ ᠶᠢᠨ ᠲᠢᠩᠬᠢᠮ ᠳᠤ ᠪᠠᠨ ᠭᠤᠤᠯᠳᠠᠭᠤ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠭᠰᠡᠨ ᠴᠢᠬᠤᠯᠠ ᠶᠡᠭᠡ ᠲᠥᠷᠥᠯ ᠵᠦᠢᠯ ᠤᠨ ᠦᠷ᠎ᠡ ᠪᠦᠲᠦᠭᠡᠯ᠂ ᠪᠡᠭᠡᠵᠢᠩ ᠬᠢᠭᠡᠳ ᠤᠯᠠᠭᠠᠨᠴᠠᠪ ᠤᠨ ᠵᠢᠭᠤᠯᠴᠢᠯᠠᠯ ᠤᠨ ᠡᠬᠢ ᠪᠠᠶᠠᠯᠢᠭ᠂ ᠵᠢᠭᠤᠯᠴᠢᠯᠠᠯ ᠤᠨ ᠪᠦᠲᠦᠭᠡᠭᠳᠡᠬᠦᠨ ᠬᠢᠭᠡᠳ ᠪᠣᠳᠠᠰ ᠤᠨ ᠪᠤᠰᠤ ᠰᠣᠶᠣᠯ ᠤᠨ ᠥᠪ ᠵᠡᠷᠭᠡ ᠶᠢ ᠳᠡᠯᠭᠡᠨ ᠦᠵᠡᠭᠦᠯᠦᠨ᠎ᠡ᠃      ᠲᠣᠰ ᠬᠤᠭᠤᠴᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ  ᠵᠢᠭᠤᠯᠴᠢᠯᠡᠯ ᠤᠨ ᠦᠵᠡᠰᠬᠦᠯᠡᠩ ᠤᠨ ᠴᠤᠭᠯᠠᠭᠠᠨ ᠨᠢ ᠭᠤᠷᠪᠠᠨ ᠶᠡᠭᠡ ᠭᠢᠯᠠᠰ ᠴᠡᠭ ᠲᠠᠢ ᠪᠠᠶᠢᠵᠤ᠂ ᠬᠦᠨᠳᠦ ᠪᠠᠶᠢᠷᠢ ᠰᠠᠭᠤᠷᠢ ᠲᠠᠢ — ︽ᠲᠦᠮᠡᠨ ᠭᠠᠵᠠᠷ ᠤᠨ ᠴᠠᠢ ᠶᠢᠨ ᠵᠠᠮ︾ ᠢᠶᠠᠷ ᠭᠤᠤᠯ ᠰᠡᠳᠦᠪ ᠪᠣᠯᠭᠠᠭᠰᠠᠨ  ᠵᠢᠭᠤᠯᠴᠢᠯᠡᠯ ᠤᠨ ᠦᠵᠡᠰᠬᠦᠯᠡᠩ ᠤᠨ ᠴᠤᠭᠯᠠᠭᠠᠨ ᠪᠣᠯᠤᠨ᠎ᠠ᠃ ᠦᠵᠡᠰᠬᠦᠯᠡᠩ   ᠳᠤ ᠣᠷᠣᠯᠴᠠᠭᠰᠠᠨ ᠦᠶ ᠣᠯᠠᠨ ᠬᠤᠳᠠᠯᠳᠤᠭᠠᠴᠢᠨ᠂ ᠬᠤᠳᠠᠯᠳᠤᠨ  ᠠᠪᠣᠭᠴᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠤᠨ ᠮᠦᠽᠧᠶ ᠳᠤ ᠴᠤᠭᠯᠠᠷᠠᠵᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠤ ᠭᠤᠶᠢᠳᠠ ᠰᠠᠶᠢᠬᠠᠨ ᠦᠪᠡᠳᠡᠭᠰᠢ ᠪᠠᠶᠢᠳᠠᠯ ᠢ ᠬᠠᠮᠲᠤ ᠪᠠᠷ ᠳᠡᠯᠭᠡᠨ ᠦᠵᠡᠭᠦᠯᠵᠦ᠂  ᠰᠣᠨᠢᠷᠬᠠᠭᠤᠯᠵᠣ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠤᠨ ᠴᠠᠭ ᠦᠶ᠎ᠡ ᠶᠢᠨ ᠪᠦᠲᠦᠭᠡᠯ ᠢ ᠡᠭᠦᠳᠦᠨ ᠪᠦᠲᠦᠭᠡᠬᠦ ᠪᠣᠯᠤᠨ᠎ᠠ᠃ ᠰᠢᠨ᠎ᠡ ᠲᠥᠷᠥᠭᠳᠡᠯ ᠲᠠᠢ — ︽ ᠪᠣᠳᠠᠳᠦ ᠬᠥᠮᠦᠨ ᠪᠣᠯᠣᠨ ᠴᠡᠭᠡᠨ ᠳᠡᠯᠭᠡᠴᠡ ᠶᠢᠨ ᠬᠠᠷᠢᠯᠴᠠᠨ ᠦᠢᠯᠡᠳᠦᠯᠴᠡᠬᠦ︾ ᠨᠢ ᠦᠵᠡᠰᠬᠦᠯᠡᠩ ᠳᠤ  ᠣᠷᠣᠯᠴᠠᠭᠰᠠᠳ ᠲᠤ ᠰᠢᠨ᠎ᠡ ᠨᠢᠭᠡᠨ ᠤᠶᠢᠯᠠᠭᠠᠯᠲᠠ ᠶᠢ ᠲᠦᠷᠦᠭᠳᠡᠭᠦᠯᠦᠨ᠎ᠡ  ᠃ ︽ᠬᠦᠮᠣᠨ ᠪᠡ ᠳᠡᠯᠭᠡᠴᠡ ᠶᠢᠨ ᠬᠠᠷᠢᠯᠴᠠᠨ ᠦᠢᠯᠡᠳᠦᠯᠴᠡᠬᠦ︾  ᠬᠢᠭᠡᠳ ︽ᠪᠡᠶᠡᠴᠢ ᠮᠡᠳᠡᠷᠡᠮᠵᠢ ᠶᠢᠨ ᠮᠡᠷᠭᠡᠵᠢᠯ︾ ᠳᠤ ᠲᠦᠰᠢᠭᠯᠡᠵᠣ ᠪᠠᠶᠢᠭᠠᠳ ᠬᠠᠷᠢᠯᠴᠠᠨ ᠮᠡᠳᠡᠷᠯᠴᠡᠬᠦ ᠲᠣᠭᠤᠷᠢᠭ ᠢ ᠪᠠᠶᠢᠷᠢᠰᠢᠭᠤᠯᠵᠤ᠂ ᠵᠢᠭᠤᠯᠴᠢᠯᠠᠭᠴᠢᠳ ᠲᠣᠭᠯᠠᠭᠠᠮ ᠳᠤ ᠣᠷᠣᠯᠴᠠᠬᠤ ᠪᠠᠷ ᠳᠠᠮᠵᠢᠭᠤᠯᠣᠨ ᠳᠣᠮᠳᠠᠳᠣ ᠣᠷᠣᠰ ᠮᠣᠩᠭᠤᠯ ᠭᠤᠷᠪᠠᠨ ᠣᠯᠣᠰ ᠤᠨ ᠣᠳᠣᠮᠰᠢᠯᠳᠦ ᠬᠤᠪᠴᠠᠰᠣ ᠵᠠᠰᠠᠯ ᠢ ᠡᠮᠣᠰᠴᠤ ᠰᠣᠨᠢᠷᠬᠠᠨ᠂ ᠳᠡᠭᠦᠨᠴᠢᠯᠡᠨ ᠭᠠᠵᠠᠷ ᠭᠠᠵᠠᠷ ᠤᠨ ᠬᠡᠯᠡ ᠶᠠᠷᠢᠶ᠎ᠠ ᠪᠠᠷ ᠬᠠᠷᠢᠯᠴᠠᠨ ᠶᠠᠷᠢᠯᠴᠠᠵᠣ᠂ ᠡᠯ᠎ᠡ ᠣᠯᠣᠰ ᠤᠨ ᠰᠣᠶᠣᠯ ᠲᠠᠢ ᠪᠡᠶᠡᠴᠢᠯᠡᠨ ᠤᠶᠢᠯᠠᠭᠠᠯᠴᠠᠵᠣ ᠪᠣᠯᠣᠨ᠎ᠠ᠃ ᠬᠦᠨᠳᠦ ᠴᠢᠬᠤᠯᠠ ᠤᠳᠬ᠎ᠠ  ᠠᠭᠤᠯᠭ᠎ᠠ ᠲᠠᠢ — ᠣᠷᠣᠰ ᠮᠣᠩᠭᠤᠯ ᠢ ᠬᠤᠯᠪᠣᠵᠤ᠂  ᠳᠣᠮᠳᠠᠳᠣ ᠣᠷᠣᠰ ᠮᠣᠩᠭᠤᠯ ᠤᠨ ᠰᠣᠶᠣᠯ  ᠵᠢᠭᠤᠯᠴᠢᠯᠡᠯ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ  ᠬᠠᠮᠳᠦ ᠪᠠᠷ ᠵᠥᠪᠳᠡᠨ᠎ᠡ᠃ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠯᠢᠯᠴᠠᠭᠠᠨ ᠤ ᠲᠣᠭᠲᠠᠴᠠ ᠪᠠ ᠵᠢᠭᠤᠯᠴᠢᠯᠠᠯ ᠤᠨ ᠬᠠᠮᠲᠤᠷᠠᠯᠴᠠᠭ᠎ᠠ ᠪᠠᠷ ᠴᠢᠬᠤᠯᠠ ᠠᠴᠢᠶᠠᠯᠠᠪᠤᠷᠢ ᠪᠣᠯᠭᠠᠵᠤ᠂ ᠨᠠᠩ ᠥᠨᠳᠥᠷ ᠨᠠᠩ ᠥᠷᠭᠡᠨ ᠠᠭᠤᠳᠠᠮ ᠵᠢᠭᠤᠯᠴᠢᠯᠠᠯ ᠤᠨ ᠬᠠᠮᠲᠤᠷᠠᠯᠴᠠᠭᠠᠨ ᠤ ᠲᠠᠪᠴᠠᠩ   ᠢ ᠪᠠᠶᠢᠭᠤᠯᠵᠤ᠂ ᠥᠪᠥᠷ ᠮᠣᠩᠭᠤᠯ ᠤᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠤᠨ  ᠦᠢᠯᠡᠳᠭᠦᠨ ᠢ ᠬᠠᠮᠲᠤ ᠪᠠᠷ ᠳᠡᠯᠭᠡᠷᠡᠭᠦᠯᠵᠦ᠂ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠪᠣᠭᠤᠳᠠᠯᠯᠠᠬᠤ᠂ ᠳᠦᠷᠢ ᠲᠥᠷᠬᠦ ᠶᠢᠨ ᠤᠬᠠᠭᠤᠯᠭ᠎ᠠ ᠪᠠ ᠬᠠᠮᠲᠤᠷᠠᠨ ᠡᠵᠡᠩᠨᠡᠨ ᠪᠣᠷᠣᠯᠠᠭᠤᠯᠬᠤ  ᠬᠤᠯᠪᠣᠭᠠᠨ ᠤ ᠪᠦᠷᠢᠯᠳᠦᠬᠦᠨ ᠤ ᠬᠤᠭᠤᠷᠣᠨᠳᠣᠬᠢ ᠣᠷᠣᠨ ᠪᠦᠰᠡ ᠶᠢᠨ ᠬᠠᠮᠲᠤᠷᠠᠯᠴᠠᠭ᠎ᠠ ᠶᠢ ᠲᠦᠯᠬᠢᠨ ᠠᠬᠢᠭᠤᠯᠤᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠮᠠᠨ ᠤ ᠤᠯᠤᠰ  ᠤᠨ  ᠣᠮᠠᠷᠠᠰᠢ  ᠨᠡᠭᠡᠭᠡᠯᠲᠡ ᠬᠢᠬᠦ  ᠪᠣᠭᠤᠮᠲᠠ ᠪᠣᠯᠤᠭᠰᠠᠨ ᠤ ᠬᠤᠪᠢ ᠳᠤ᠂ ᠣᠷᠣᠰ ᠮᠣᠩᠭᠤᠯ ᠰᠠᠭᠠᠬᠠᠯᠳᠠ ᠶᠢᠨ ᠳᠠᠪᠠᠭᠤᠯᠢᠭ  ᠲᠠᠯ᠎ᠠ  ᠢᠯᠡᠷᠬᠡᠢ᠂ ᠦᠨᠳᠦᠰᠦᠲᠡᠨ ᠤ ᠰᠣᠶᠣᠯ ᠨᠢ ᠴᠦ ᠥᠪᠡᠷᠮᠢᠴᠡ  ᠢᠯᠡ ᠳᠣᠳᠣ ᠣᠨᠴᠠᠯᠢᠭ ᠲᠠᠢ  ᠪᠠᠶᠢᠨ᠎ᠠ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠦᠵᠡᠰᠬᠦᠯᠡᠩ ᠤᠨ ᠬᠠᠮᠢᠶ᠎ᠠ ᠪᠦᠬᠦᠢ ᠠᠵᠢᠯ ᠨᠢᠭᠡᠨᠲᠡ ᠡᠬᠢᠯᠡᠪᠡ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠠ  ᠦᠨᠳᠦᠰᠦᠲᠡᠨ ᠤ ᠦᠪᠡᠷᠮᠢᠴᠡ ᠰᠣᠶᠣᠯ ᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠪᠥᠬᠦ ᠤᠯᠤᠰ ᠴᠢᠨᠠᠭᠰᠢᠯᠠᠪᠠᠯ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠢ  ᠳᠡᠭᠡᠭᠰᠢᠯᠡᠭᠦᠯᠬᠦ ᠳᠤ  ᠮᠠᠨ ᠤ ᠥᠨᠥᠳᠥᠷ ᠤᠨ ᠠᠳᠡ ᠰᠠᠭᠤᠵᠤ  ᠪᠠᠶᠢᠭ᠎ᠠ ᠡᠯ᠎ᠡ ᠵᠠᠭᠤᠴᠢᠯᠠᠭᠤᠷ ᠤᠨ ᠨᠠᠶᠢᠵᠠ ᠨᠠᠷ ᠲᠤ ᠲᠦᠰᠢᠭᠯᠡᠬᠦ ᠨᠢ ᠮᠠᠰᠢ ᠬᠡᠷᠡᠭᠲᠡᠶ ᠪᠠᠶᠢᠨ᠎ᠠ᠃ ᠵᠠᠭᠤᠴᠢᠯᠠᠭᠤᠷ ᠤᠨ ᠨᠠᠶᠢᠵᠠ ᠨᠠᠷ ︽ᠲᠦᠮᠡᠨ ᠭᠠᠵᠠᠷ ᠤᠨ ᠴᠠᠢ ᠶᠢᠨ ᠵᠠᠮ︾ ᠤᠨ  ᠵᠢᠭᠤᠯᠴᠢᠯᠡᠯ ᠢ ᠬᠠᠯᠠᠭᠤᠨ ᠢᠶᠠᠷ ᠠᠩᠬᠠᠷᠴᠤ᠂ ᠢᠳᠡᠪᠬᠢᠲᠡᠢ ᠳᠠᠮᠵᠢᠵᠤ᠂ ᠥᠷᠭᠡᠨ ᠢᠶᠠᠷ ᠤᠬᠠᠭᠤᠯᠬᠤ ᠶᠢ ᠪᠢᠳᠡ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠡᠯ᠎ᠡ ᠵᠠᠭᠤᠴᠢᠯᠠᠭᠤᠷ ᠤᠨ ᠨᠠᠶᠢᠵᠠ ᠨᠠᠷ   ᠤᠨ ᠣᠷᠣᠯᠴᠠᠭᠰᠠᠨ ᠪᠠ ᠴᠢᠷᠮᠠᠶᠢᠭᠰᠠᠨ ᠢᠶᠠᠷ ᠪᠢᠳᠡ ᠯᠠᠪᠲᠠᠶ ᠨᠢᠭᠡᠨ ᠳᠣᠮᠳᠠᠳᠣ ᠣᠷᠣᠰ ᠮᠣᠩᠭᠤᠯ ᠤᠯᠤᠰ ᠢ ᠠᠯᠤᠰᠯᠠᠭᠰᠠᠨ ᠭᠤᠷᠪᠠᠨ ᠤᠯᠤᠰ  ᠤᠨ ᠬᠥᠭᠵᠢᠯᠲᠡ ᠶᠢᠨ ᠵᠠᠮ ᠢ ᠨᠡᠭᠡᠭᠡᠵᠣ  ᠴᠢᠳᠠᠨ᠎ᠠ ᠭᠡᠳᠡᠭ  ᠲᠤ ᠢᠲᠡᠭᠡᠵᠦ ᠪᠠᠶᠢᠨ᠎ᠠ  ᠃      ᠲᠠ ᠣᠯᠠᠨ ᠳᠤ ᠲᠠᠯᠠᠷᠬᠠᠯ᠎ᠠ︕      ︽ᠲᠦᠮᠡᠨ ᠭᠠᠵᠠᠷ ᠤᠨ ᠴᠠᠢ ᠶᠢᠨ ᠵᠠᠮ︾ ᠰᠣᠶᠣᠯ ᠵᠢᠭᠤᠯᠴᠢᠯᠡᠯ ᠤᠨ ᠦᠵᠡᠰᠭᠦᠯᠡᠩ ᠤᠨ ᠴᠣᠭᠯᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ  ᠳᠡᠭᠡᠷᠡᠬᠢ ᠶᠠᠷᠢᠶ᠎ᠠ      ᠤᠯᠠᠭᠠᠨᠴᠠᠪ ᠬᠤᠲᠠ ᠶᠢᠨ ᠨᠠᠮ   ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠳ᠋ᠧᠩ ᠬᠤᠸᠠ                                                                                                        ︵2019 ᠣᠨ ᠤ 6 ᠰᠠᠷ᠎ᠠ ᠶᠢᠨ 3 ᠤ ᠡᠳᠦᠷ︶      ᠬᠦᠨᠳᠦᠲᠦ ᠾᠧ ᡁᠢ ᠯᠢᠶᠠᠩ ᠲᠢᠩᠬᠢᠮ ᠤᠨ ᠳᠠᠷᠤᠭ᠎ᠠ᠂  ᠢᠤᠢ ᡁᠢ ᠭᠦᠸᠧ ᠲᠢᠩᠭᠢᠮ ᠤᠨ ᠳᠡᠳ᠋ ᠳᠠᠷᠤᠭ᠎ᠠ᠂ ᠰᠣᠨᠢᠨ ᠮᠡᠳᠡᠭᠡᠨ ᠤ ᠡᠲᠡᠭᠡᠳ ᠤᠨ ᠨᠥᠬᠦᠳ᠂ ᠣᠯᠠᠨ ᠢᠶᠠᠷ ᠢᠶᠠᠨ  ᠰᠠᠶᠢᠨ ᠪᠠᠶᠢᠵᠠᠭᠠᠨ᠎ᠠ ᠤᠤ  ︖      ᠲᠢᠩᠬᠢᠮ ᠤᠨ ᠳᠠᠷᠤᠭ᠎ᠠ ᠾᠧ ᡁᠢ ᠯᠢᠶᠠᠩ 2019 ᠤᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠦᠵᠡᠰᠬᠦᠯᠡᠩ ᠤᠨ ᠴᠤᠭᠯᠠᠭᠠᠨ ᠤ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠠᠶ᠃ ᠳᠣᠤᠷ᠎ᠠ  ᠪᠢ  ᠤᠯᠠᠭᠠᠨᠴᠠᠪ ᠬᠤᠲᠠ ᠶᠢᠨ ᠬᠠᠮᠢᠶ᠎ᠠ ᠪᠦᠬᠦᠢ ᠪᠠᠶᠢᠳᠠᠯ ᠢ ᠳᠥᠭᠦᠮ ᠲᠠᠨᠢᠯᠴᠠᠭᠤᠯᠤᠶ᠎ᠠ᠃      ᠤᠯᠠᠭᠠᠨᠴᠠᠪ ᠬᠤᠲᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠰᠯᠡᠯ ᠪᠡᠭᠡᠵᠢᠩ ᠠᠴᠠ ᠬᠠᠮᠤᠭ ᠤᠨ ᠤᠶᠢᠷ᠎ᠠ  ᠲᠠᠯ᠎ᠠ ᠨᠤᠲᠤᠭ ᠤᠨ ᠬᠤᠲᠠ ᠪᠣᠯᠤᠨ᠎ᠠ᠂ ᠪᠠᠰᠠ ᠴᠤ ᠳᠤᠮᠳᠠᠳᠤ ᠧᠦ᠋ᠷᠣᠫᠠ  ᠵᠢᠱᠢᠶᠡᠨ ᠤ ᠭᠠᠯᠲᠤ ᠲᠡᠷᠭᠡ ᠶᠢᠨ ᠤᠯᠤᠰ  ᠤᠨ ᠳᠣᠲᠣᠭᠠᠳᠤ ᠶᠢᠨ ᠴᠣᠷ ᠤᠨ ᠭᠠᠭᠴᠠ ᠮᠤᠵᠢ ᠶᠢᠨ ᠲᠥᠪ ᠪᠤᠰᠤ ᠵᠠᠩᠭᠢᠯᠠᠭ᠎ᠠ ᠶᠢᠨ ᠬᠤᠲᠠ ᠪᠣᠯᠤᠨ᠎ᠠ᠂ ᠤᠯᠤᠰ ᠤᠨ ᠴᠡᠴᠡᠷᠯᠢᠭᠵᠢᠭᠦᠯᠦᠭᠰᠡᠨ ᠬᠤᠲᠠ᠂ ᠤᠯᠤᠰ  ᠤᠨ ᠡᠷᠡᠭᠦᠯ ᠬᠠᠮᠠᠭᠠᠯᠠᠯ ᠤᠨ ᠬᠤᠲᠠ᠂ ᠪᠦᠬᠦ ᠤᠯᠤᠰ  ᠤᠨ ᠢᠳᠡᠭᠡᠨ ᠤ ᠠᠮᠤᠷ ᠲᠦᠪᠰᠢᠨ ᠤ ᠠᠷᠪᠠᠨ ᠰᠢᠯᠢᠳᠡᠭ ᠬᠤᠲᠠ᠂ ᠳᠤᠮᠳᠠᠳᠤ ᠤᠯᠤᠰ  ᠤᠨ ᠵᠣᠯ ᠵᠢᠷᠭᠠᠯᠲᠤ ᠲᠥᠷᠥᠭᠳᠡᠯ ᠲᠠᠢ ᠬᠤᠲᠠ ᠪᠣᠯᠤᠨ᠎ᠠ᠃ ᠳᠤᠮᠳᠠᠳᠤ ᠤᠯᠤᠰ  ᠤᠨ ᠲᠥᠮᠥᠰᠥ ᠶᠢᠨ ᠬᠤᠲᠠ᠂ ᠳᠤᠮᠳᠠᠳᠤ ᠤᠯᠤᠰ ᠤᠨ  ︽ᠨᠣᠬᠠᠶ ᠶᠢᠨ ᠬᠤᠰᠢᠭᠤ︾ ᠶᠢᠨ ᠬᠤᠲᠠ᠂ ᠲᠠᠯ᠎ᠠ ᠨᠤᠲᠤᠭ ᠤᠨ ᠡᠭᠦᠯᠡᠨ ᠬᠥᠨᠳᠡᠶ᠂ ᠰᠠᠯᠬᠢᠨ ᠴᠠᠬᠢᠯᠭᠠᠨ ᠤ ᠬᠤᠲᠠ᠂ ᠳᠤᠮᠳᠠᠳᠤ ᠤᠯᠤᠰ  ᠤᠨ ᠲᠠᠯ᠎ᠠ ᠨᠤᠲᠤᠭ ᠤᠨ ᠵᠤᠰᠠᠯᠠᠩ ᠤᠨ ᠬᠤᠲᠠ᠂ ᠳᠤᠮᠳᠠᠳᠤ ᠤᠯᠤᠰ   ᠤᠨ ᠬᠠᠮᠤᠭ ᠤᠨ ᠭᠤᠶᠤ ᠪᠡᠶ᠎ᠡ ᠰᠤᠪᠢᠯᠠᠯᠲᠠ ᠰᠡᠯᠡᠭᠦᠴᠡᠯ ᠵᠤᠭᠠᠴᠠᠯ ᠤᠨ ᠬᠤᠲᠠ᠂ ︽ᠲᠠᠯ᠎ᠠ ᠨᠤᠲᠤᠭ ᠤᠨ ᠠᠷᠠᠰᠣ ᠰᠢᠷᠢ ᠶᠢᠨ ᠬᠤᠲᠠ︾᠂ ︽ᠬᠤᠪᠢᠯᠭᠠᠨ ᠣᠷᠣᠨ ᠤ ᠭᠡᠷ ᠣᠷᠣᠨ︾ ᠵᠡᠷᠭᠡ ᠣᠯᠠᠨ ᠠᠷᠪᠢᠨ ᠨᠡᠷ᠎ᠡ ᠶᠢᠨ ᠬᠠᠭᠤᠳᠠᠰᠤ ᠲᠠᠢ᠂ ᠡᠭᠦᠨ ᠳᠤ ᠨᠣᠭᠤᠭᠠᠨ ᠥᠩᠭᠡ ᠪᠣᠯ ᠤᠯᠠᠭᠠᠨᠴᠠᠪ ᠤᠨ ᠦᠵᠡᠰᠬᠦᠯᠡᠩᠲᠦ ᠰᠠᠢᠬᠠᠨ ᠨᠡᠷ᠎ᠡ ᠶᠢᠨ ᠬᠠᠭᠤᠳᠠᠰᠤ ᠪᠠᠶᠢᠵᠤ᠂ ᠠᠮᠢ ᠠᠬᠤᠢ ᠶᠢᠨ  ᠵᠢᠭᠤᠯᠴᠢᠯᠡᠯ ᠤᠨ  ᠦᠢᠯᠡᠰ᠂  ᠲᠠᠷᠢᠶᠠᠯᠠᠩ ᠮᠠᠯ ᠠᠵᠤ ᠠᠬᠤᠢ ᠶᠢᠨ ᠴᠡᠪᠡᠷ ᠡᠨᠧᠷᠭᠢ ᠶᠢᠨ ᠠᠵᠤ  ᠦᠢᠯᠡᠰ ᠦᠷᠭᠦᠯᠵᠢᠯᠡᠨ ᠬᠥᠭᠵᠢᠪᠡ  ᠃ ᠨᠡᠭᠡᠭᠡᠯᠲᠡ ᠬᠢᠬᠦ ᠪᠣᠯ ᠤᠯᠠᠭᠠᠨᠴᠠᠪ ᠤᠨ ᠬᠥᠭᠵᠢᠯᠲᠡ ᠶᠢᠨ ᠬᠥᠳᠡᠯᠭᠡᠬᠦ ᠬᠦᠴᠦᠨ ᠮᠥᠨ᠂ ︽ᠪᠡᠭᠡᠵᠢᠩ ᠠᠴᠠ ᠪᠠᠷᠠᠭᠤᠨᠰᠢ ᠨᠢᠭᠡ  ᠠᠯᠬᠤᠪᠠᠯ ᠳᠠᠷᠤᠶ ᠤᠯᠠᠭᠠᠨᠴᠠᠪ ᠲᠤ ᠣᠷᠣᠴᠢᠬᠠᠨ᠎ᠠ ᠭᠡᠵᠣ ᠬᠡᠯᠡᠵᠣ ᠪᠣᠯᠤᠨ᠎ᠠ︾᠂ ᠣᠷᠣᠨ ᠪᠦᠰᠡ ᠶᠢᠨ ᠳᠠᠪᠠᠭᠤᠯᠢᠭ᠂ ᠳᠦᠭᠦᠮ ᠳᠦᠳᠡ ᠵᠠᠮ ᠬᠠᠷᠢᠯᠴᠠᠭ᠎ᠠ ᠨᠢ ᠨᠡᠭᠡᠭᠡᠯᠲᠡ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠬᠢᠯᠢ ᠶᠢᠨ ᠳᠣᠲᠣᠷᠠᠬᠢ 6 ᠵᠤᠷᠪᠤᠰ ᠲᠡᠮᠦᠷ ᠵᠠᠮ᠂ 3 ᠵᠤᠷᠪᠤᠰ  ᠬᠤᠷᠳᠣᠨ ᠤ  ᠵᠠᠮ ᠵᠢᠴᠢ ᠤᠯᠤᠰ ᠪᠠ ᠮᠤᠵᠢ ᠶᠢᠨ ᠭᠤᠤᠯ ᠵᠠᠮ  ᠣᠯᠠᠨ ᠴᠢᠭᠯᠡᠯ ᠢᠶᠠᠷ ᠰᠦᠯᠵᠢᠯᠳᠦᠵᠦ᠂ ᠬᠢᠯᠢ ᠪᠠᠷ ᠥᠩᠭᠡᠷᠡᠵᠦ ᠭᠠᠷᠤᠭᠰᠠᠨ ᠪᠡᠭᠡᠵᠢᠩ — ᠬᠥᠯᠥᠨ ᠪᠤᠶᠢᠷ ᠬᠤᠲᠠ ᠶᠢᠨ  ᠳᠡᠭᠡᠳᠦ ᠬᠤᠷᠳᠤᠴᠠᠲᠤ ᠲᠡᠮᠦᠷ ᠵᠠᠮ ᠵᠢᠯ ᠤᠨ ᠡᠴᠦᠰ ᠲᠤ ᠪᠥᠬᠦ ᠱᠤᠭᠤᠮ ᠢᠶᠠᠷ ᠨᠡᠪᠲᠡᠷᠡᠵᠦ᠂ ᠤᠯᠠᠭᠠᠨᠴᠠᠪ ᠠᠴᠠ  ᠮᠣᠷᠳᠠᠭᠠᠳ 70 ᠮᠢᠨᠦ᠋ᠲ  ᠳᠠᠪᠬᠢᠪᠡᠯ ᠰᠢ ᡁᠢ ᠮᠧᠨ ᠦᠷᠲᠡᠭᠡᠨ ᠳᠤ ᠬᠦᠷᠴᠦ᠂ ᠨᠡᠶᠢᠰᠯᠡᠯ ᠤᠨ 1 ᠴᠠᠭ ᠤᠨ ᠠᠵᠤ ᠠᠬᠤᠢ ᠶᠢᠨ ᠲᠣᠭᠤᠷᠢᠭ ᠲᠤ ᠠᠭᠤᠰᠤᠯᠴᠠᠨ᠎ᠠ᠃ ᠵᠢᠨᠢᠩ ᠠᠴᠠ ᠴᠢᠪᠠᠭ᠎ᠠ  ᠬᠦᠷᠬᠦ ᠳᠡᠭᠡᠳᠦ ᠬᠤᠷᠳᠤᠴᠠᠲᠤ ᠲᠡᠮᠦᠷ ᠵᠠᠮ   ᠢ ᠡᠨᠡ ᠵᠢᠯ ᠡᠬᠢᠯᠡᠨ ᠪᠦᠲᠦᠭᠡᠨ ᠪᠠᠶᠢᠭᠤᠯᠵᠤ᠂ ᠤᠳᠠᠯ ᠦᠭᠡᠢ ᠥᠪᠥᠷ ᠮᠣᠩᠭᠤᠯ ᠤᠨ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ  ᠳᠡᠭᠡᠳᠦ ᠬᠤᠷᠳᠤᠴᠠᠲᠤ ᠲᠡᠮᠦᠷ ᠵᠠᠮ ᠢ ᠬᠤᠯᠪᠣᠬᠤ ᠴᠢᠬᠤᠯᠠ ᠵᠠᠩᠭᠢᠯᠠᠭ᠎ᠠ ᠪᠣᠯᠬᠤ ᠪᠣᠯᠤᠨ᠎ᠠ᠃ ᠤᠯᠠᠭᠠᠨᠴᠠᠪ ᠤᠨ ᠨᠢᠰᠬᠡᠯ ᠤᠨ ᠪᠠᠭᠤᠳᠠᠯ ᠣᠳᠣᠬᠠᠨ ᠳᠤ ᠶᠠᠭ ᠠᠭᠠᠷ ᠤᠨ ᠠᠶᠠᠯᠠᠯ ᠤᠨ ᠪᠣᠭᠤᠮᠲᠠ ᠪᠣᠯᠬᠤ ᠪᠠᠷ ᠭᠤᠶᠤᠴᠢᠯᠠᠨ ᠮᠡᠳᠡᠭᠦᠯᠦᠭᠡᠳ᠂ ᠣᠯᠠᠨ ᠤᠯᠤᠰ  ᠤᠨ ᠪᠠᠷᠠᠭ᠎ᠠ ᠲᠡᠭᠡᠭᠡᠪᠦᠷᠢᠯᠡᠬᠦ ᠨᠢᠰᠬᠡᠯ ᠤᠨ ᠪᠠᠭᠤᠳᠠᠯ ᠢ ᠪᠠᠶᠢᠭᠤᠯᠵᠤ  ᠪᠠᠶᠢᠨ᠎ᠠ᠃ ᠵᠡᠭᠦᠨᠰᠢ᠂ ᠪᠠᠷᠠᠭᠤᠨᠰᠢ᠂ ᠡᠮᠦᠨᠡᠰᠢ᠂ ᠤᠮᠠᠷᠠᠰᠢ ᠲᠦᠷᠪᠡᠨ ᠵᠦᠭ  ᠲᠤ ᠰᠠᠭᠠᠳ ᠦᠭᠡᠢ ᠨᠡᠪᠲᠡᠷᠡᠬᠦ᠂ ᠪᠡᠭᠡᠵᠢᠩ ᠠᠴᠠ  ᠣᠶᠢᠷᠠᠬᠠᠨ ᠪᠠᠶᠢᠳᠠᠭ ᠭᠠᠵᠠᠷ ᠣᠷᠣᠨ ᠤ  ᠳᠠᠪᠠᠭᠤᠯᠢᠭ ᠨᠦᠬᠦᠴᠡᠯ ᠨᠢ ᠣᠳᠣ ᠶᠠᠭ ᠠᠯᠬᠤᠮ ᠠᠯᠬᠤᠮ ᠢᠶᠠᠷ ᠪᠣᠳᠠᠲᠠᠶ ᠬᠥᠭᠵᠢᠯᠲᠡ ᠶᠢᠨ ᠳᠠᠪᠠᠭᠤᠯᠢᠭ ᠪᠣᠯᠵᠤ  ᠬᠤᠪᠢᠷᠠᠵᠣ ᠪᠠᠶᠢᠨ᠎ᠠ᠃ ᠥᠨᠥᠳᠥᠷ ᠤᠨ ᠤᠯᠠᠭᠠᠨᠴᠠᠪ ᠬᠤᠲᠠ ᠳᠤ᠂ ᠲᠣᠮᠣ ᠡᠳ᠋ ᠪᠠᠷᠠᠭ᠎ᠠ ᠶᠢᠨ  ᠭᠦᠢᠯᠭᠡᠭᠡᠨ ᠤ ᠠᠵᠤ ᠦᠢᠯᠡᠰ ᠡᠷᠴᠢᠮᠲᠡᠶ ᠶᠠᠪᠤᠭᠳᠠᠵᠤ᠂ ᠲᠣᠮᠣ ᠳ᠋ᠠᠶᠢᠲ᠋ᠠ ᠶᠢᠨ ᠠᠵᠤ  ᠦᠢᠯᠡᠰ ᠴᠡᠴᠡᠭᠯᠡᠨ ᠬᠥᠭᠵᠢᠵᠦ᠂ ᠲᠣᠮᠣ  ᠵᠢᠭᠤᠯᠴᠢᠯᠡᠯ ᠤᠨ ᠠᠵᠤ  ᠦᠢᠯᠡᠰ ᠥᠷᠨᠢᠨ ᠬᠥᠭᠵᠢᠵᠦ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠨ ᠵᠢᠯᠣᠭᠤᠳᠤᠭᠰᠠᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠵᠤ ᠪᠠᠶᠢᠨ᠎ᠠ᠃       ᠲᠡᠤᠬᠡᠨ ᠠᠴᠠ ᠠᠪᠴᠤ ᠬᠡᠯᠡᠪᠡᠯ᠂ ᠴᠠᠢ ᠶᠢᠨ ᠠᠷᠠᠯᠵᠢᠶᠠᠨ ᠤ ᠭᠤᠷᠪᠠᠨ ᠴᠢᠬᠤᠯᠠ ᠵᠠᠮ ᠪᠣᠯᠬᠤ  ᠵᠠᠩᠴᠢᠭᠦᠤ — ᠬᠦᠷᠢᠶ᠎ᠡ ᠶᠡᠭᠡ ᠵᠠᠮ᠂ ᠮᠣᠩᠭᠤᠯ ᠳᠤ ᠵᠢᠭᠤᠯᠴᠢᠯᠠᠬᠤ ᠠᠷᠢᠯᠵᠢᠶ᠎ᠠ ᠬᠤᠳᠠᠯᠳᠤᠭᠠᠨ ᠤ ᠵᠠᠮ ᠪᠠ ᠳ᠋ᠠ ᠱᠧᠩ ᠺᠦᠶ ᠬᠤᠳᠠᠯᠳᠤᠭᠠᠨ ᠤ ᠵᠠᠮ ᠨᠢ ᠴᠥᠮ ᠤᠯᠠᠭᠠᠨᠴᠠᠪ ᠤᠨ ᠬᠢᠯᠢ ᠪᠠᠷ ᠥᠩᠭᠡᠷᠡᠳᠡᠭ᠃ ᠵᠢᠱᠢᠶᠡᠯᠡᠪᠡᠯ ᠠᠯᠳᠠᠷᠲᠤ ᠵᠠᠩᠴᠢᠭᠦᠤ — ᠬᠦᠷᠢᠶ᠎ᠡ ᠶᠡᠭᠡ ᠵᠠᠮ ᠤᠨ ᠴᠢᠬᠤᠯᠠ ᠤᠯᠠᠭ᠎ᠠ ᠥᠷᠲᠡᠭᠡ ᠶᠢᠨ ᠵᠠᠮᠪᠤ ᠰᠦᠮ᠎ᠡ ᠨᠢ ᠤᠯᠠᠭᠠᠨᠴᠠᠪ ᠤᠨ  ᠬᠤᠸᠠ ᠳ᠋ᠧ ᠰᠢᠶᠠᠨ ᠳᠤ  ᠪᠠᠶᠢᠳᠠᠭ᠃ ᠮᠣᠩᠭᠤᠯ ᠳᠤ  ᠵᠢᠭᠤᠯᠴᠢᠯᠠᠬᠤ ᠠᠷᠢᠯᠵᠢᠶ᠎ᠠ ᠬᠤᠳᠠᠯᠳᠤᠭᠠᠨ ᠤ ᠵᠠᠮ ᠳᠤ ᠤᠯᠠᠭᠠᠨᠴᠠᠪ ᠤᠨ ᠴᠢᠬᠤᠯᠠ ᠥᠷᠲᠡᠭᠡ ᠳᠤ ᠹᠧᠩᠵᠧᠨ ᠬᠤᠲᠠ ᠶᠢᠨ ᠯᠦᠩ ᠱᠧᠩ ᠵᠤᠸᠠᠩ ᠪᠣᠯᠤᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠡᠮᠦᠷᠲᠡᠶ ᠳᠤ  ᠪᠠᠶᠢᠳᠠᠭ᠃ ᠯᠢᠶᠠᠩᠴᠧᠩ ᠰᠢᠶᠠᠨ ᠤ  ᠱᠠ ᠬᠡᠤ ᠺᠸᠤ ᠪᠣᠯ ᠳ᠋ᠠ ᠱᠧᠩ ᠺᠦᠶ ᠬᠤᠳᠠᠯᠳᠤᠭᠠᠨ ᠤ ᠵᠠᠮ ᠤᠨ ᠴᠢᠬᠤᠯᠠ ᠥᠷᠲᠡᠭᠡ ᠪᠣᠯᠤᠨ᠎ᠠ᠃ ᠳᠠᠷᠠᠭᠠᠯᠠᠪᠠᠯ᠂ ᠤᠯᠠᠭᠠᠨᠴᠠᠪ ᠬᠤᠲᠠ ᠶᠢᠨ ᠬᠢᠯᠢ ᠳᠣᠲᠣᠷ᠎ᠠ ᠶᠤᠸᠠᠨ ᠤᠯᠤᠰ ᠤᠨ ᠦᠶ᠎ᠡ ᠠᠴᠠ ᠴᠢᠩ ᠤᠯᠤᠰ  ᠤᠨ ᠦᠶ᠎ᠡ ᠬᠦᠷᠲᠡᠯᠡᠬᠢ ᠮᠠᠰᠢ ᠪᠠᠶᠠᠯᠢᠭ ᠡᠷᠲᠡᠨ ᠤ ᠵᠠᠮ᠂ ᠤᠯᠠᠭ᠎ᠠ ᠥᠷᠲᠡᠭᠡᠨ ᠤ ᠪᠠᠭᠤᠷᠢ  ᠨᠤᠭᠤᠳ ᠪᠣᠶ᠂ ᠡᠳᠡᠭᠡᠷ ᠪᠠᠭᠤᠷᠢ ᠨᠢ ᠭᠤᠤᠯᠳᠠᠭᠤ  ᠹᠧᠩᠵᠧᠨ᠂ ᠯᠢᠶᠠᠩᠴᠧᠩ᠂  ᠬᠤᠸᠠ ᠳ᠋ᠧ  ᠂ ᠱᠠᠩᠳᠤ᠂ ᠬᠤᠶᠢᠲᠤ ᠬᠤᠰᠢᠭᠤ᠂ ᠳᠣᠮᠳᠠᠳᠦ ᠬᠤᠰᠢᠭᠤ᠂ ᠳᠥᠷᠪᠡᠳ ᠬᠤᠰᠢᠭᠤ ᠵᠡᠷᠭᠡ ᠭᠠᠵᠠᠷ ᠤᠳ ᠢᠶᠠᠷ ᠲᠠᠷᠬᠠᠵᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠪᠣᠳᠠᠰ ᠤᠨ ᠪᠣᠰᠣ ᠰᠣᠶᠣᠯ ᠤᠨ ᠥᠪ ᠢᠶᠠᠷ ᠭᠤᠶᠤᠴᠢᠯᠠᠬᠤ ᠶᠢᠨ ᠴᠢᠬᠤᠯᠠ ᠲᠤᠯᠭᠠᠭᠤᠷᠢ ᠪᠣᠯᠤᠨ᠎ᠠ᠃ ᠡᠭᠦᠨ ᠤ  ᠬᠠᠮᠲᠤ᠂ ᠴᠠᠬᠠᠷ ᠤᠨ ᠬᠤᠷᠢᠮ ᠤᠨ ᠶᠣᠰᠣᠯᠠᠯ᠂ ᠵᠡᠭᠦᠨ ᠵᠠᠮ ᠤᠨ ᠡᠯ ᠷᠧᠨ ᠲᠠᠢ᠂ ᠬᠤᠸᠠ ᠳ᠋ᠧ ᠶᠢᠨ ᠴᠠᠭᠠᠰᠤᠨ ᠬᠠᠶᠢᠴᠢᠯᠠᠮᠠᠯ᠂ ᠹᠧᠩᠵᠧᠨ ᠤ ᠯᠦᠩ ᠵᠤᠸᠠᠩ ᠤᠨ ᠶᠧᠪᠡᠩ᠂ ᠵᠦᠸᠧᠽᠢ ᠱᠠᠨ ᠤ ᠤᠲᠤᠮᠠᠯ ᠳᠠᠬᠢᠶ᠎ᠠ ᠵᠡᠷᠭᠡ ︽ᠲᠦᠮᠡᠨ ᠭᠠᠵᠠᠷ ᠤᠨ ᠴᠠᠢ ᠶᠢᠨ ᠵᠠᠮ︾ ᠤᠨ ᠠᠷᠠᠯᠵᠢᠶ᠎ᠠ ᠲᠠᠢ ᠨᠢᠭᠲᠠ ᠬᠤᠯᠪᠣᠭ᠎ᠠ ᠲᠠᠢ ᠠᠷᠠᠳ ᠤᠨ ᠵᠠᠩ ᠵᠠᠩᠰᠢᠯ ᠪᠣᠯᠤᠨ ᠠᠷᠠᠳ ᠤᠨ ᠭᠠᠷ ᠤᠷᠠᠯᠠᠯ ᠤᠨ ᠰᠣᠶᠣᠯ ᠮᠠᠨ ᠤ ᠬᠤᠲᠠ ᠳᠤ ᠮᠠᠰᠢ ᠰᠠᠶᠢᠨ ᠤᠯᠠᠮᠵᠢᠯᠠᠭᠳᠠᠨ ᠪᠠᠳᠠᠷᠠᠭᠤᠯᠤᠭᠳᠠᠭᠰᠠᠨ ᠶᠣᠮ᠂  ᠮᠦᠨ ᠴᠤ ᠮᠠᠨ ᠤ ᠬᠤᠲᠠ ᠶᠢᠨ ᠢᠷᠡᠭᠡᠳᠦᠢ ᠳᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ  ᠤᠨ ᠨᠠᠷᠠᠲᠤ ᠲᠥᠷᠥᠯ ᠲᠡᠮᠳᠡᠭᠲᠦ  ᠵᠢᠭᠤᠯᠴᠢᠯᠡᠯ ᠢ ᠪᠠᠶᠢᠭᠤᠯᠬᠤ ᠶᠢᠨ ᠭᠦᠨ ᠵᠣᠵᠠᠭᠠᠨ ᠡᠬᠢ ᠪᠠᠶᠠᠯᠢᠭ ᠪᠣᠯᠤᠨ᠎ᠠ᠃  ᠡᠷᠬᠢᠯᠡᠭᠰᠡᠨ ᠭᠠᠵᠠᠷ ᠤᠨ ᠢᠶᠠᠨ ᠣᠨᠴᠠᠯᠢᠭ ᠢ  ᠲᠣᠪᠣᠶᠢᠯᠭᠠᠬᠤ ᠶᠢᠨ ᠲᠥᠯᠥᠭᠡ  ᠲᠣᠰ ᠤᠳᠠᠭᠠᠨ ᠤ ᠦᠵᠡᠰᠬᠦᠯᠡᠩ ᠤᠨ ᠴᠤᠭᠯᠠᠭᠠᠨ ᠳᠡᠭᠡᠷ᠎ᠡ ᠮᠠᠨ ᠤ ᠬᠤᠲᠠ ᠶᠢᠨ ᠲᠥᠯᠥᠭᠡᠯᠡᠬᠦ ᠴᠢᠨᠠᠷᠲᠠᠶ ᠰᠣᠶᠣᠯ ᠵᠢᠭᠤᠯᠴᠢᠯᠡᠯ ᠤᠨ ᠡᠬᠢ ᠪᠠᠶᠠᠯᠢᠭ ᠪᠣᠯᠤᠨ ᠪᠦᠲᠦᠭᠡᠭᠳᠡᠬᠦᠨ ᠢᠶᠠᠨ ᠳᠡᠯᠭᠡᠨ ᠦᠵᠡᠭᠦᠯᠬᠦ ᠪᠣᠯᠤᠨ᠎ᠠ᠃      ᠣᠳᠣᠬᠠᠨ ᠳᠤ᠂ ᠮᠠᠨ ᠤ ᠬᠤᠲᠠ ︽ᠲᠦᠮᠡᠨ ᠭᠠᠵᠠᠷ ᠤᠨ ᠴᠠᠢ ᠶᠢᠨ ᠵᠠᠮ︾  ᠳᠠᠭᠠᠤ ᠶᠢᠨ ᠤᠯᠤᠰ᠂ ᠭᠠᠵᠠᠷ ᠣᠷᠣᠨ ᠤ ᠠᠵᠤ ᠠᠬᠤᠶ ᠠᠷᠠᠯᠵᠢᠶ᠎ᠠ ᠪᠣᠯᠤᠨ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠭᠰᠠᠨ ᠰᠠᠭᠤᠷᠢᠨ ᠳᠡᠭᠡᠷ᠎ᠡ᠂ ︽ᠲᠦᠮᠡᠨ ᠭᠠᠵᠠᠷ ᠤᠨ ᠴᠠᠢ ᠶᠢᠨ ᠵᠠᠮ︾ ᠳᠠᠭᠠᠤ ᠶᠢᠨ ᠦᠵᠡᠮᠵᠢ ᠶᠢᠨ ᠣᠷᠣᠨ ᠲᠠᠢ ᠬᠠᠷᠢᠯᠴᠠᠭ᠎ᠠ ᠬᠤᠯᠪᠣᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠢᠶᠠᠷ ᠢᠶᠠᠨ ᠭᠠᠷ ᠬᠤᠯᠪᠣᠯᠴᠠᠨ ᠴᠠᠢ ᠶᠢᠨ ᠵᠢᠭᠤᠯᠴᠢᠯᠡᠯ ᠤᠨ ᠠᠭᠤᠰᠤᠯᠴᠠᠭᠰᠠᠨ ᠤᠨᠴᠠᠯᠢᠬᠳᠤ  ᠵᠢᠭᠤᠯᠴᠢᠯᠡᠯ ᠤᠨ ᠰᠣᠶᠣᠯ ᠢ ᠬᠥᠭᠵᠢᠭᠦᠯᠵᠦ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠡᠯ ᠤᠨ ᠨᠠᠷᠠᠲᠤ ᠲᠡᠮᠳᠡᠭ ᠢ ᠬᠠᠮᠲᠤᠪᠠᠷ ᠴᠣᠭᠴᠠᠯᠠᠪᠠ᠃ ᠡᠯ᠎ᠡ ᠲᠥᠷᠥᠯ ᠤᠨ ᠦᠵᠡᠰᠬᠦᠯᠡᠩ ᠤᠨ ᠴᠤᠭᠯᠠᠭᠠᠨ᠂ ᠲᠠᠨᠢᠯᠴᠠᠭᠤᠯᠭ᠎ᠠ ᠶᠢᠨ ᠬᠤᠷᠠᠯ ᠵᠡᠷᠭᠡ ᠶᠢ ᠡᠷᠬᠢᠯᠡᠬᠦ ᠪᠠ ᠣᠷᠣᠯᠴᠠᠬᠤ ᠪᠠᠷ ᠳᠠᠮᠵᠢᠨ᠂ ᠮᠠᠨ ᠤ ᠬᠤᠲᠠ ᠪᠣᠯᠤᠨ ︽ᠲᠦᠮᠡᠨ ᠭᠠᠵᠠᠷ ᠤᠨ ᠴᠠᠢ ᠶᠢᠨ ᠵᠠᠮ ︾ ᠳᠠᠭᠠᠤ ᠶᠢᠨ ᠤᠯᠤᠰ ᠪᠣᠯᠤᠨ ᠭᠠᠵᠠᠷ ᠣᠷᠣᠨ ᠤ ᠬᠠᠷᠢᠯᠴᠠᠭ᠎ᠠ ᠤᠯᠠᠮ ᠠᠴᠠ ᠤᠯᠠᠮ ᠨᠢᠭᠲᠠ ᠪᠣᠯᠪᠠ︔ ᠡᠭᠦᠨ ᠤ  ᠬᠠᠮᠲᠤ  ᠤᠶᠢᠷ᠎ᠡ ᠶᠢᠨ ᠵᠢᠯ ᠤᠳ ᠲᠤ ᠮᠠᠨ ᠤ ᠬᠤᠲᠠ ᠪᠠᠰᠠ ᠳᠤᠮᠳᠠᠳᠤ ᠤᠯᠤᠰ ᠤᠨ ᠰᠢᠨ᠎ᠡ ᠶᠠ ᠪᠦᠦ ᠯᠦ ᠬᠤᠳᠠᠯᠳᠤᠭᠠᠨ ᠤ ᠬᠤᠲᠠ ᠶᠢ ᠪᠠᠶᠢᠭᠤᠯᠵᠤ᠂ ᠡᠨᠡ ᠵᠢᠯ ᠢ  ᠪᠠᠭᠲᠠᠭᠠᠨ ᠦᠷᠭᠦᠵᠢᠯᠡᠭᠰᠡᠨ ᠭᠤᠷᠪᠠᠨ ᠬᠤᠭᠤᠴᠠᠭᠠᠨ ᠤ ᠳᠣᠮᠳᠠᠳᠦ ᠣᠷᠣᠰ ᠮᠣᠩᠭᠤᠯ ᠤᠨ ᠠᠮᠲᠠᠲᠤ ᠢᠳᠡᠭᠡᠨ ᠤ ᠰᠣᠶᠣᠯ ᠤᠨ ᠨᠠᠶᠢᠷ ᠢ ᠡᠷᠬᠢᠯᠡᠬᠦ ᠪᠣᠯᠤᠨ᠎ᠠ︔ ᠮᠠᠨ ᠤ ᠬᠤᠲᠠ ᠶᠠᠭ ︽ᠲᠦᠮᠡᠨ ᠭᠠᠵᠠᠷ ᠤᠨ ᠴᠠᠢ ᠶᠢᠨ ᠵᠠᠮ︾ ᠤᠨ ᠦᠵᠡᠰᠬᠦᠯᠡᠩ ᠤᠨ ᠴᠤᠭᠯᠠᠭᠠᠨ ᠵᠡᠷᠭᠡ ᠡᠯ᠎ᠡ  ᠵᠦᠢᠯ ᠤᠨ ᠭᠠᠳᠠᠭᠠᠳᠤ ᠰᠣᠯᠢᠯᠴᠠᠭᠠᠨ ᠤ ᠴᠢᠬᠤᠯᠠ ᠲᠠᠪᠴᠠᠩ   ᠢ  ᠠᠰᠢᠭᠯᠠᠨ᠂ ᠥᠪᠥᠷ ᠮᠣᠩᠭᠤᠯ ᠤᠨ ᠣᠯᠠᠨ ᠤᠯᠤᠰ  ᠤᠨ ᠵᠢᠭᠤᠯᠴᠢᠯᠡᠯ ᠤᠨ  ᠦᠢᠯᠡᠴᠢᠯᠡᠭᠡᠨ ᠤ ᠲᠥᠪ ᠪᠠ ᠣᠯᠠᠨ ᠤᠯᠤᠰ  ᠤᠨ ᠵᠢᠭᠤᠯᠴᠢᠯᠡᠯ ᠤᠨ ᠡᠷᠭᠢᠯᠲᠡ ᠶᠢᠨ ᠥᠷᠲᠡᠭᠡ  ᠶᠢ  ᠪᠠᠶᠢᠭᠤᠯᠵᠣ᠂ ᠤᠯᠠᠭᠠᠨᠴᠠᠪ ᠤᠨ ᠰᠣᠶᠣᠯ ᠵᠢᠭᠤᠯᠴᠢᠯᠡᠯ ᠤᠨ ᠦᠢᠯᠡᠰ ᠤᠨ ᠭᠠᠳᠠᠭᠠᠳᠤ ᠨᠡᠭᠡᠭᠡᠯᠲᠡ ᠶᠢᠨ ᠬᠥᠭᠵᠢᠯᠲᠡ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠴᠢᠷᠮᠠᠶᠢᠵᠤ ᠪᠠᠶᠢᠨ᠎ᠠ᠃      ᠶᠡᠷᠦᠩᠬᠡᠶᠢᠯᠡᠪᠡᠯ᠂ ᠲᠡᠤᠬᠡ ᠶᠢᠨ ᠠᠴᠢ ᠬᠤᠯᠪᠣᠭᠳᠠᠯ ᠪᠠ ᠶᠡᠭᠡ ᠲᠠᠯ᠎ᠠ ᠠᠴᠠ ᠠᠪᠴᠤ ᠬᠡᠯᠡᠪᠡᠯ᠂ ᠤᠯᠠᠭᠠᠨᠴᠠᠪ ᠪᠣᠯ  ᠡᠶᠢᠮᠣᠷᠬᠦᠤ ᠴᠢᠬᠤᠯᠠ ᠠᠵᠢᠯᠯᠠᠭ᠎ᠠ ᠶᠢ ᠳᠠᠭᠠᠭᠠᠨ ᠡᠷᠬᠢᠯᠡᠬᠦ ᠳᠤ ᠨᠡᠯᠢᠶᠡᠳ  ᠲᠣᠬᠢᠷᠡᠮᠵᠢᠲᠡᠢ ᠭᠠᠵᠠᠷ ᠣᠷᠣᠨ ᠮᠥᠨ᠂ ᠬᠠᠷᠢᠨ ᠶᠠᠭ ᠰᠠᠶᠢᠬᠠᠨ ᠴᠡᠴᠡᠭᠯᠡᠨ  ᠬᠦᠭᠵᠢᠭᠦᠢ ᠤᠯᠠᠭᠠᠨᠴᠠᠪ ᠬᠤᠲᠠ ᠳᠤ  ᠡᠶᠢᠮᠣᠷᠬᠦᠤ ᠣᠯᠠᠨ ᠤᠯᠤᠰᠴᠢᠯᠠᠭᠰᠠᠨ ᠲᠠᠪᠴᠠᠩ ᠤᠨ ᠳᠡᠮᠵᠢᠯᠭᠡ ᠲᠤᠯᠭᠠᠮ ᠱᠠᠭᠠᠷᠳᠠᠭᠳᠠᠵᠣ ᠪᠠᠶᠢᠬᠤ ᠪᠥᠭᠡᠳ ᠪᠠᠰᠠ ᠡᠨᠡ ᠬᠦ ᠲᠠᠪᠴᠠᠩ   ᠢ ᠬᠤᠪᠢ ᠳᠠᠬᠢᠨ ᠨᠠᠨᠳᠢᠩᠨᠠᠬᠤ ᠴᠢᠬᠤᠯᠠᠲᠠᠶ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠶᠢ ᠳᠠᠭᠠᠭᠠᠨ ᠡᠷᠬᠢᠯᠡᠬᠦ ᠪᠠᠷ ᠳᠠᠮᠵᠢᠨ᠂ ᠤᠯᠠᠭᠠᠨᠴᠠᠪ ᠬᠤᠲᠠ ᠶᠢᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠥᠷᠭᠡᠳᠬᠡᠪᠡ︔ ᠡᠭᠦᠨ ᠤ  ᠬᠠᠮᠲᠤ᠂  ᠮᠠᠨ ᠤ ᠬᠤᠲᠠ ᠶᠢᠨ ᠰᠣᠶᠣᠯ  ᠵᠢᠭᠤᠯᠴᠢᠯᠡᠯ ᠤᠨ ᠠᠵᠤ  ᠦᠢᠯᠡᠰ ᠢ  ᠳᠠᠶᠢᠴᠢᠯᠠᠨ ᠨᠠᠪᠴᠢᠭᠦᠯᠬᠦ ᠪᠣᠯᠤᠨ᠎ᠠ ᠃ ᠤᠯᠤᠰ  ᠤᠨ ᠰᠣᠶᠣᠯ  ᠵᠢᠭᠤᠯᠴᠢᠯᠡᠯ ᠤᠨ ᠭᠦᠨᠵᠡᠭᠡᠶ ᠠᠭᠤᠰᠤᠯᠴᠠᠬᠤ ᠶᠡᠭᠡ ᠬᠠᠨᠳᠤᠰᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠡ  ᠵᠢᠭᠤᠯᠴᠢᠯᠡᠯ ᠤᠨ ᠲᠢᠩᠬᠢᠮ ᠤᠨ ᠬᠦᠴᠤᠲᠡᠢ  ᠳᠡᠮᠵᠢᠯᠭᠡ᠂ ᠤᠯᠠᠭᠠᠨᠴᠠᠪ ᠬᠤᠲᠠ ᠶᠢᠨ ᠦᠨᠢᠷ ᠵᠣᠵᠠᠭᠠᠨ ᠡᠬᠢ ᠪᠠᠶᠠᠯᠢᠭ ᠪᠠ ᠥᠷᠭᠡᠨ ᠠᠭᠤᠳᠠᠮ ᠨᠤᠲᠤᠭ ᠳᠡᠪᠢᠰᠬᠡᠷ  ᠪᠠᠶᠢᠭ᠎ᠠ ᠪᠣᠯᠬᠤᠷ  ᠂ ᠤᠯᠠᠭᠠᠨᠴᠠᠪ ᠬᠤᠲᠠ ᠪᠠᠷ ᠲᠥᠯᠥᠭᠡᠯᠡᠭᠦᠯᠦᠭᠰᠡᠨ ᠪᠦᠬᠦ ᠣᠷᠣᠨ ᠤ ᠰᠣᠶᠣᠯ  ᠵᠢᠭᠤᠯᠴᠢᠯᠡᠯ ᠤᠨ ᠠᠵᠤ ᠦᠢᠯᠡᠰ ᠯᠠᠪᠲᠠᠶ ᠭᠤᠶᠢᠳᠠ  ᠰᠠᠶᠢᠬᠠᠨ ᠴᠡᠴᠡᠭ ᠳᠡᠯᠭᠡᠷᠡᠵᠦ᠂ ︽ᠲᠦᠮᠡᠨ ᠭᠠᠵᠠᠷ ᠤᠨ ᠴᠠᠢ ᠶᠢᠨ ᠵᠠᠮ︾ ᠳᠠᠭᠠᠤ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠣᠯᠬᠤ  ᠳᠤ ᠪᠢᠳᠡ ᠢᠲᠡᠭᠡᠵᠦ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠳᠤ᠂ ᠤᠯᠠᠭᠠᠨᠴᠠᠪ ᠬᠤᠲᠠ ᠭᠤᠤᠯᠳᠠᠭᠤ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠮᠠᠰᠢᠨ ᠲᠡᠷᠭᠡᠨ ᠤ ᠪᠣᠣᠭᠢᠶ᠎ᠠ ᠤᠷᠤᠯᠳᠤᠭᠠᠨ ᠤ ᠠᠮᠣᠷ ᠲᠦᠪᠰᠢᠨ ᠤ ᠬᠠᠮᠠᠭᠠᠯᠠᠯᠲᠠ ᠶᠢᠨ ᠢᠵᠢ ᠪᠦᠷᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠠᠵᠢᠯ ᠵᠢᠴᠢ ᠬᠤᠷᠠᠯ ᠤᠨ ᠶᠠᠪᠤᠳᠠᠯ᠂ ᠬᠦᠯᠢᠶᠡᠨ ᠠᠪᠬᠤ᠂ ᠰᠢᠨᠵᠢᠯᠡᠨ ᠪᠠᠶᠢᠴᠠᠭᠠᠬᠤ᠂ ᠤᠬᠠᠭᠤᠯᠬᠤ ᠵᠡᠷᠭᠡ ᠶᠢ ᠵᠣᠯᠭᠠᠯᠳᠤᠭᠤᠯᠤᠨ ᠬᠠᠮᠵᠢᠯᠴᠠᠬᠤ ᠡᠭᠦᠷᠭᠡ ᠶᠢ ᠡᠭᠦᠷᠭᠡᠯᠡᠨ᠎ᠡ᠃ ᠮᠠᠨ ᠤ ᠬᠤᠲᠠ ᠲᠣᠰ ᠤᠳᠠᠭᠠᠨ ᠤ ᠠᠵᠢᠯᠯᠠᠭ᠎ᠠ ᠶᠢ  ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠮᠠᠩᠯᠠᠶᠢᠯᠠᠵᠤ᠂ ᠣᠯᠠᠨ ᠤᠳᠠᠭ᠎ᠠ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠥᠭᠡᠳ ᠡᠯ᠎ᠡ ᠬᠠᠮᠢᠶ᠎ᠠ ᠪᠦᠬᠦᠢ ᠬᠤᠲᠠ ᠶᠢᠨ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠨ ᠢᠶᠠᠷ ᠪᠦᠷᠢᠯᠳᠦᠭᠰᠡᠨ ᠶᠡᠷᠦᠩᠬᠡᠶᠢᠯᠡᠨ ᠨᠢᠭᠡᠳᠦᠯᠲᠡᠶ ᠲᠥᠯᠥᠪᠯᠡᠬᠦ ᠳᠤᠭᠤᠶᠢᠯᠠᠩ᠂ ᠬᠤᠷᠠᠯ ᠤᠨ ᠶᠠᠪᠤᠳᠠᠯ ᠤᠨ ᠶᠠᠷᠢᠶᠠᠨ ᠤ ᠲᠠᠪᠴᠠᠩ ᠤᠨ ᠳᠤᠭᠤᠶᠢᠯᠠᠩ᠂ ︽ᠥᠪᠥᠷ ᠮᠣᠩᠭᠤᠯ ᠤᠨ ᠦᠨᠦᠷ  ᠠᠮᠲᠠᠳᠦ︾  ᠪᠦᠳᠦᠭᠡᠭᠳᠡᠭᠦᠨ ᠤ ᠶᠠᠰᠤ ᠴᠢᠨᠠᠷ ᠤᠨ   ᠬᠢᠨᠠᠨ ᠰᠢᠯᠭᠠᠬᠤ ᠳᠤᠭᠤᠶᠢᠯᠠᠩ᠂ ᠦᠵᠡᠰᠬᠦᠯᠡᠩ ᠤᠨ ᠳᠤᠭᠤᠶᠢᠯᠠᠩ᠂ ᠳᠤᠮᠳᠠᠳᠤ ᠮᠣᠩᠭᠤᠯ ᠣᠷᠣᠰ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢᠨ ᠳᠤᠭᠤᠶᠢᠯᠠᠩ ᠵᠡᠷᠭᠡ 11 ᠲᠤᠰᠬᠠᠶ ᠠᠵᠢᠯ ᠤᠨ  ᠳᠣᠭᠤᠶᠢᠯᠠᠩ ᠢ ᠪᠠᠶᠢᠭᠤᠯᠵᠤ᠂  ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠪᠡ︔ ᠲᠡᠷᠡᠴᠢᠯᠡᠨ ᠠᠵᠢᠯᠯᠠᠭ᠎ᠠ ᠶᠢ ᠳᠠᠭᠠᠭᠠᠨ ᠭᠦᠢᠴᠡᠳᠭᠡᠬᠦ ᠲᠠᠯ᠎ᠠ ᠶᠢᠨ ᠳᠤᠮᠳᠠᠳᠤ ᠤᠯᠤᠰ  ᠤᠨ ᠵᠠᠯᠠᠭᠤᠴᠤᠳ ᠤᠨ ᠠᠶᠠᠯᠠᠯ ᠵᠢᠭᠤᠯᠴᠢᠯᠡᠯ ᠤᠨ ᠬᠤᠯᠪᠣᠭᠠᠲᠤ ᠰᠠᠯᠠᠭᠠᠨ ᠤ ᠺᠣᠮᠫᠠᠨᠢ ᠲᠠᠢ ᠥᠨᠳᠥᠷ ᠦᠷ᠎ᠡ ᠪᠦᠲᠦᠮᠵᠢᠲᠡᠶ ᠵᠣᠬᠢᠴᠠᠭᠤᠯᠬᠤ ᠲᠣᠭᠲᠠᠴᠠ ᠶᠢ ᠪᠠᠶᠢᠭᠤᠯᠪᠠ᠃ ᠣᠳᠣᠬᠠᠨ ᠳᠤ ᠡᠯ᠎ᠡ ᠬᠤᠯᠪᠣᠭᠳᠠᠯ ᠪᠦᠬᠦᠢ ᠠᠵᠢᠯᠯᠠᠬᠤ ᠳᠤᠭᠤᠶᠢᠯᠠᠩ ᠶᠠᠭ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠡᠯ᠎ᠡ  ᠵᠦᠢᠯ ᠤᠨ ᠪᠡᠯᠡᠳᠬᠡᠯ ᠠᠵᠢᠯ ᠢ ᠪᠠᠴᠢᠮ ᠶᠠᠭᠠᠷᠠᠯᠲᠠᠶ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ  ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠰᠢᠭᠤᠳ ᠵᠢᠯᠣᠭᠤᠳᠣᠯᠭ᠎ᠠ ᠳᠣᠤᠷ᠎ᠠ᠂ ᠤᠯᠠᠭᠠᠨᠴᠠᠪ ᠬᠤᠲᠠ ᠲᠣᠰ ᠤᠳᠠᠭᠠᠨ ᠤ ᠠᠵᠢᠯᠯᠠᠭ᠎ᠠ ᠶᠢ ᠳᠠᠭᠠᠭᠠᠨ  ᠭᠦᠢᠴᠡᠳᠭᠡᠵᠣ ᠬᠠᠮᠵᠢᠯᠴᠠᠨ ᠬᠢᠬᠦ ᠡᠷᠡᠰ ᠵᠣᠷᠢᠭ ᠲᠠᠢ᠂ ᠨᠥᠬᠦᠴᠡᠯ ᠲᠠᠢ᠂ ᠴᠢᠳᠠᠪᠤᠷᠢ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠠᠵᠤ  ᠦᠢᠯᠡᠰ ᠢ ᠬᠥᠭᠵᠢᠭᠦᠯᠬᠦ   ᠳᠤ ᠬᠦᠴᠤᠨ ᠴᠢᠳᠠᠯ ᠢᠶᠠᠨ ᠡᠷᠭᠦᠨ᠎ᠡ᠃      ᠤᠷᠤᠨ ᠪᠦᠰᠡ ᠶᠢᠨ ᠳᠠᠪᠠᠭᠤᠯᠢᠭ  ᠂ ᠳᠥᠭᠦᠮ ᠳᠥᠲᠡ ᠵᠠᠮ ᠬᠠᠷᠢᠯᠴᠠᠭ᠎ᠠ᠂ ᠰᠡᠷᠢᠭᠦᠨ  ᠲᠠᠭᠠᠯᠠᠮᠵᠢᠳᠡᠢ ᠴᠠᠭ ᠣᠯᠠᠷᠢᠯ᠂ ᠰᠢᠨ᠎ᠡ ᠰᠣᠷᠭᠤᠭ  ᠠᠭᠠᠷ ᠠᠮᠢᠰᠬᠤᠯ᠂ ᠦᠵᠡᠰᠬᠦᠯᠡᠩᠲᠦ ᠰᠠᠶᠢᠬᠠᠨ ᠲᠠᠯ᠎ᠠ ᠨᠤᠲᠤᠭ᠂ ᠥᠨᠢᠷ ᠥᠳᠬᠡᠨ ᠠᠷᠠᠳ ᠤᠨ ᠵᠠᠩ ᠵᠠᠩᠰᠢᠯ᠂ ᠣᠷᠭᠠᠨᠢᠭ ᠲᠡᠵᠢᠭᠡᠯᠲᠦ ᠣᠷᠣᠨ ᠨᠤᠲᠤᠭ ᠤᠨ ᠠᠮᠲᠠᠲᠤ ᠢᠳᠡᠭᠡᠨ᠂ ᠴᠠᠭ ᠤᠨ ᠥᠩᠭᠡ ᠶᠢ  ᠳᠠᠭᠠᠵᠣ ᠴᠢᠳᠠᠬᠤᠶᠢᠴᠠ ᠠᠰᠢᠭ ᠣᠯᠵᠠᠪᠣᠷᠢ ᠲᠠᠢ ᠣᠨᠴᠠᠯᠢᠭᠲᠤ ᠠᠷᠠᠰᠤ ᠰᠢᠷᠢ ᠶᠢᠨ ᠪᠦᠳᠦᠭᠡᠭᠳᠡᠭᠦᠨ ᠵᠡᠷᠭᠡ ᠨᠢ ᠴᠥᠮ ᠡᠯ᠎ᠡ ᠭᠠᠵᠠᠷ ᠤᠨ ᠨᠠᠶᠢᠵᠠ ᠨᠠᠷ ᠢ ᠤᠯᠠᠭᠠᠨᠴᠠᠪ ᠲᠤ ᠤᠷᠢᠵᠤ ᠠᠪᠴᠢᠷᠠᠬᠤ ᠶᠢᠨ ᠰᠢᠯᠲᠠᠭᠠᠨ ᠪᠣᠯᠤᠨ᠎ᠠ︔ ᠪᠡᠭᠡᠵᠢᠩ ᠬᠤᠲᠠ ᠠᠴᠠ ᠪᠠᠷᠠᠭᠤᠨᠰᠢ ᠨᠢᠭᠡ ᠯᠡ ᠠᠯᠬᠤᠪᠠᠯ ᠳᠠᠷᠤᠶ ᠠᠮᠢ ᠠᠬᠤᠢ ᠶᠢᠨ ᠲᠠᠯ᠎ᠠ ᠨᠤᠲᠤᠭ᠂ ᠵᠤᠰᠠᠯᠠᠩ ᠤᠨ ᠬᠤᠲᠠ ᠤᠯᠠᠭᠠᠨᠴᠠᠪ ᠪᠣᠯᠤᠨ᠎ᠠ︕ ᠬᠤᠷᠠᠯ ᠤᠨ ᠡᠮᠦᠨ᠎ᠡ ᠴᠣ᠋ ᠪᠠᠶᠢᠭ᠂ ᠬᠤᠷᠠᠯ ᠤᠨ ᠳᠤᠮᠳᠠ  ᠴᠤ ᠪᠠᠶᠢᠭ᠂  ᠬᠤᠷᠠᠯ ᠤᠨ ᠳᠠᠷᠠᠭ᠎ᠠ ᠴᠤ ᠭᠡᠰᠡᠨ ᠥᠬᠡᠶ᠂  ᠵᠠᠭᠤᠴᠢᠯᠠᠭᠤᠷ ᠤᠨ ᠨᠠᠶᠢᠵᠠ ᠨᠠᠷ ᠮᠠᠨᠢ ᠬᠦᠷᠦᠯᠴᠡᠨ ᠢᠷᠡᠵᠦ ᠮᠡᠳᠡᠭᠡᠯᠡᠨ ᠤᠬᠠᠭᠤᠯᠵᠤ᠂ ᠵᠢᠭᠤᠯᠴᠢᠯᠡᠨ ᠰᠠᠭᠠᠲᠠᠬᠤ ᠶᠢ ᠮᠠᠨ ᠤ ᠤᠯᠠᠭᠠᠨᠴᠠᠪ  ᠬᠤᠲᠠ ᠶᠢᠨ ᠬᠢᠨ ᠪᠠᠶᠠᠷᠯᠠᠨ ᠤᠭᠲᠤᠨ᠎ᠠ︕      ᠲᠣᠰ ᠤᠳᠠᠭᠠᠨ ᠤ ᠠᠵᠢᠯᠯᠠᠭ᠎ᠠ ᠶᠢᠨ ᠲᠡᠭᠦᠰ ᠠᠮᠵᠢᠯᠲᠠ ᠣᠯᠬᠤ ᠶᠢ ᠵᠥᠩᠨᠡᠶ᠎ᠡ︕ ᠣᠯᠠᠨ ᠳᠤ ᠲᠠᠯᠠᠷᠬᠠᠯ᠎ᠠ᠃          ︽ᠲᠦᠮᠡᠨ ᠭᠠᠵᠠᠷ ᠤᠨ ᠴᠠᠢ ᠶᠢᠨ ᠵᠠᠮ︾ ᠰᠣᠶᠣᠯ ᠵᠢᠭᠤᠯᠴᠢᠯᠠᠯ ᠤᠨ ᠦᠵᠡᠰᠬᠦᠯᠡᠩ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ        ᠹᠧᠩ ᠬᠤᠸᠠᠩ ᠰᠦᠯᠵᠢᠶᠡᠨ ᠤ ᠰᠤᠷᠪᠤᠯᠵᠢᠯᠠᠭᠴᠢ᠄ ᠤᠳᠤᠷᠢᠳᠤᠯᠭ᠎ᠠ ᠨᠠᠷ ᠰᠠᠶᠢᠨ ᠪᠠᠶᠢᠵᠠᠭᠠᠨ᠎ᠠ ᠤᠤ  ︖ ᠲᠣᠰ ᠤᠳᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ︾ ᠵᠢᠭᠤᠯᠴᠢᠯᠠᠯ ᠤᠨ ᠦᠵᠡᠰᠬᠦᠯᠡᠩ   ᠤᠨ  ᠴᠣᠭᠯᠠᠭᠠᠨ  ᠳᠤ ᠬᠤᠲᠠ ᠶᠢᠨ ᠠᠷᠠᠳ  ᠬᠡᠷᠬᠢᠨ ᠣᠷᠣᠯᠴᠠᠬᠤ ᠪᠣᠢ︖        ᠸᠧᠶ  ᡁᠢ ᠭᠦᠸᠧ᠄ ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ 5 ᠡᠳᠦᠷ ᠶᠠᠪᠤᠭᠳᠠᠨ᠎ᠠ᠂ ᠪᠦᠭᠦᠳᠡ ᠰᠦᠢᠳᠭᠡᠯ ᠬᠤᠷᠢᠶᠠᠬᠤ ᠦᠭᠡᠢ ᠪᠠᠷ ᠣᠯᠠᠨ ᠨᠡᠶᠢᠲᠡ ᠳᠤ ᠨᠡᠭᠡᠭᠡᠵᠦ᠂ ᠬᠤᠲᠠ ᠶᠢᠨ ᠠᠷᠠᠳ ᠮᠠᠨ ᠤ ᠠᠯᠪᠠᠨ ᠰᠦᠯᠵᠢᠶ᠎ᠡ — ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠠᠯᠪᠠᠨ ᠸᠢᠴᠠᠲ — ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠮᠡᠳᠡᠭᠡ ᠵᠠᠩᠭᠢ ᠳᠡᠭᠡᠷ᠎ᠡ ᠨᠡᠶᠢᠲᠡᠯᠡᠭᠰᠡᠨ ᠮᠡᠳᠡᠭᠡ ᠶᠢ ᠦᠨᠳᠦᠰᠦᠯᠡᠨ ᠂ ᠦᠵᠡᠰᠬᠦᠯᠡᠩ ᠤᠨ ᠴᠤᠭᠯᠠᠭᠠᠨ ᠳᠤ ᠲᠥᠯᠥᠪᠯᠡᠭᠡ ᠲᠠᠢ ᠪᠠᠷ ᠣᠷᠣᠯᠴᠠᠵᠤ ᠪᠣᠯᠤᠨ᠎ᠠ᠃        ᠤᠯᠠᠭᠠᠨᠴᠠᠪ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠤᠳᠤᠷᠢᠳᠤᠯᠭ᠎ᠠ ᠨᠠᠷ ᠰᠠᠶᠢᠨ ᠪᠠᠶᠢᠵᠠᠭᠠᠨ᠎ᠠ ᠤᠤ  ︖  ︽ᠲᠦᠮᠡᠨ ᠭᠠᠵᠠᠷ ᠤᠨ ᠴᠠᠢ ᠶᠢᠨ ᠵᠠᠮ︾ ᠤᠨ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠤ ᠬᠡᠪᠴᠢᠶ᠎ᠡ ᠪᠣᠯᠤᠨ ᠪᠡᠯᠡᠳᠬᠡᠯ ᠤᠨ ᠪᠠᠶᠢᠳᠠᠯ ᠶᠠᠮᠠᠷ ᠵᠡᠷᠭᠡ ᠪᠠᠶᠢᠨ᠎ᠠ  ᠪᠣᠶ︖      ᠢᠤᠢ ᡁᠢ ᠭᠦᠸᠧ᠄ ᠲᠣᠰ ᠬᠤᠭᠤᠴᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠦᠵᠡᠰᠬᠦᠯᠡᠩ  ᠤᠨ ᠴᠤᠭᠯᠠᠭᠠᠨ ᠢ ᠲᠦᠷᠪᠡᠳᠦᠭᠡᠷ ᠣᠳᠠᠭᠠᠨ ᠤ ᠳᠣᠮᠳᠠᠳᠦ ᠣᠷᠣᠰ ᠮᠤᠩᠭᠤᠯ ᠭᠤᠷᠪᠠᠨ ᠣᠯᠣᠰ ᠤᠨ  ᠵᠢᠭᠤᠯᠴᠢᠯᠠᠯ ᠤᠨ ᠶᠠᠮᠤᠨ ᠤ ᠰᠠᠶᠢᠳ  ᠨᠠᠷ ᠤᠨ ᠬᠤᠷᠠᠯ ᠲᠠᠢ ᠵᠡᠷᠭᠡ ᠪᠠᠷ ᠡᠷᠬᠢᠯᠡᠵᠦ᠂  ᠰᠠᠶᠢᠳ ᠨᠠᠷ ᠤᠨ ᠬᠤᠷᠠᠯ ᠤᠨ ᠬᠤᠭᠤᠴᠠᠭᠠᠨ ᠳᠤ ᠢᠵᠢ ᠪᠦᠷᠢᠳᠦᠭᠦᠯᠦᠨ ᠡᠷᠬᠢᠯᠡᠭᠰᠡᠨ ᠨᠢᠭᠡ ᠵᠦᠢᠯ ᠤᠨ ᠠᠵᠢᠯᠯᠠᠭ᠎ᠠ ᠪᠣᠯᠤᠨ᠎ᠠ᠃ ᠲᠣᠰ ᠤᠳᠠᠭᠠᠨ ᠤ ᠦᠵᠡᠰᠬᠦᠯᠡᠩ  ᠤᠨ ᠴᠤᠭᠯᠠᠭᠠᠨ ᠢ ᠡᠷᠬᠢᠯᠡᠭᠰᠡᠨ ᠨᠢ  ᠮᠦᠨ ᠴᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠡᠯ ᠤᠨ ᠠᠭᠤᠰᠤᠯᠴᠠᠯ᠂ ᠰᠢᠨ᠎ᠡ ᠶᠢ ᠡᠭᠦᠳᠦᠨ ᠬᠦᠭᠵᠢᠭᠦᠯᠬᠦ ᠶᠢ ᠠᠬᠢᠭᠤᠯᠬᠤ ᠴᠢᠬᠤᠯᠠ ᠲᠠᠪᠴᠠᠩ ᠪᠣᠯᠤᠨ᠎ᠠ᠃  ᠠᠬᠤᠢ ᠳᠠᠯᠠᠪᠠᠢ ᠨᠢ  ᠤᠯᠠᠭᠠᠨᠴᠠᠪ ᠬᠤᠲᠠ ᠶᠢᠨ ᠮᠦᠽᠧᠶ ᠶᠢᠨ ᠬᠤᠶᠠᠳᠤᠭᠠᠷ ᠳᠠᠪᠬᠤᠷᠯᠢᠭ ᠲᠤ ᠪᠠᠶᠢᠵᠤ᠂ 3000 ᠭᠠᠷᠤᠶ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠦᠵᠡᠭᠦᠯᠦᠯᠭᠡ ᠶᠢᠨ ᠲᠠᠯᠠᠪᠠᠢ ᠶᠢ ᠲᠥᠯᠥᠪᠵᠢᠭᠦᠯᠦᠨ᠂ 30 ᠭᠠᠷᠤᠶ ᠣᠨᠴᠠᠭᠠᠢ ᠤᠭᠰᠠᠷᠠᠭᠰᠠᠨ  ᠦᠵᠡᠭᠦᠯᠦᠯᠭᠡ ᠶᠢᠨ ᠪᠠᠶᠢᠷᠢ᠂ ᠪᠠᠷᠢᠮᠵᠢᠶᠠᠲᠤ ᠦᠵᠡᠭᠦᠯᠦᠯᠭᠡ ᠶᠢᠨ ᠪᠠᠶᠢᠷᠢ ᠡᠳᠦᠶ ᠲᠡᠳᠦᠶ ᠲᠣᠬᠢᠷᠠᠭᠤᠯᠵᠤ᠂ ᠬᠠᠮᠲᠤ ᠳᠤᠨᠢ 5000 ᠬᠥᠮᠦᠨ‌ᠦᠵᠡᠰᠬᠦᠯᠡᠩ ᠤᠨ ᠴᠤᠭᠯᠠᠭᠠᠨ ᠤ ᠠᠬᠤᠶ ᠲᠠᠯᠠᠪᠠᠢ ᠳᠤ ᠲᠣᠭᠤᠷᠢᠨ  ᠦᠵᠡᠵᠣ᠂ ᠰᠢᠨᠵᠢᠯᠡᠨ ᠪᠠᠶᠢᠴᠠᠭᠠᠵᠤ ᠪᠣᠯᠤᠨ᠎ᠠ᠃ ᠣᠳᠣᠬᠠᠨ ᠳᠤ᠂ ᠦᠵᠡᠰᠬᠦᠯᠡᠩ ᠤᠨ ᠴᠤᠭᠯᠠᠭᠠᠨ ᠤ ᠡᠯ᠎ᠡ  ᠵᠦᠢᠯ ᠤᠨ ᠪᠡᠯᠡᠳᠬᠡᠯ ᠠᠵᠢᠯ ᠤᠷᠤᠭᠰᠢᠲᠠᠶ ᠶᠠᠪᠤᠭᠳᠠᠵᠤ᠂ ᠦᠵᠡᠰᠬᠦᠯᠡᠩ ᠤᠨ ᠲᠢᠩᠬᠢᠮ ᠤᠨ ᠳᠣᠲᠣᠭᠠᠳᠤ ᠶᠢᠨ ᠴᠢᠮᠡᠭᠯᠡᠯ ᠦᠨᠳᠦᠰᠦᠨ ᠳᠤ ᠪᠠᠨ ᠳᠠᠭᠤᠰᠴᠤ᠂  ᠣᠳᠣ ᠶᠠᠭ  ᠦᠵᠡᠭᠦᠯᠦᠯᠭᠡ ᠪᠠᠨ ᠳᠡᠯᠭᠡᠨ ᠪᠠᠶᠢᠷᠢᠰᠢᠭᠤᠯᠬᠤ ᠠᠵᠢᠯ ᠢ ᠬᠢᠵᠦ ᠪᠣᠶ︔ ᠳᠡᠯᠭᠡᠨ  ᠦᠵᠡᠭᠦᠯᠦᠯᠭᠡ ᠶᠢᠨ ᠡᠯᠰᠡᠯᠲᠡ ᠶᠢᠨ ᠠᠵᠢᠯ ᠨᠢᠭᠡᠨᠲᠡ ᠬᠠᠮᠤᠭ ᠡᠴᠦᠰ ᠤᠨ ᠨᠤᠲᠠᠯᠠᠯᠲᠠ ᠶᠢᠨ ᠱᠠᠲᠤᠨ ᠳᠤ   ᠣᠷᠣᠪᠠ᠂ 5 ᠰᠠᠷ᠎ᠠ ᠶᠢᠨ 30 ᠤ ᠡᠳᠦᠷ  ᠬᠦᠷᠲᠡᠯ᠎ᠡ᠂ ᠣᠷᠣᠰ᠂ ᠮᠣᠩᠭᠤᠯ ᠵᠡᠷᠭᠡ ᠠᠷᠪᠠ ᠭᠠᠷᠤᠶ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠦᠵᠡᠭᠦᠯᠦᠯᠭᠡ ᠶᠢᠨ  ᠬᠤᠳᠠᠯᠳᠣᠭᠠᠴᠢᠳ ᠬᠤᠷᠠᠯ ᠳᠤ ᠣᠷᠣᠯᠴᠠᠬᠤ ᠪᠠᠷ ᠲᠣᠭᠲᠠᠵᠠᠶ᠃ ᠤᠯᠤᠰ  ᠤᠨ ᠳᠣᠲᠣᠭᠠᠳᠤ ᠶᠢᠨ ︽ᠲᠦᠮᠡᠨ ᠭᠠᠵᠠᠷ ᠤᠨ ᠴᠠᠢ ᠶᠢᠨ ᠵᠠᠮ︾ ᠳᠠᠭᠠᠤ ᠶᠢᠨ ᠮᠣᠵᠢ ᠣᠷᠣᠨ ᠪᠣᠯᠤᠨ ᠥᠪᠡᠷᠲᠡᠭᠡᠨ ᠵᠠᠰᠠᠬᠤ ᠣᠷᠣᠨ ᠤ ᠡᠯ᠎ᠡ  ᠠᠶᠢᠮᠠᠭ ᠬᠤᠲᠠ ᠶᠢᠨ ᠦᠵᠡᠰᠬᠦᠯᠡᠩ ᠳᠤ ᠣᠷᠣᠯᠴᠠᠬᠤ ᠠᠵᠤ  ᠠᠬᠤᠶᠢᠯᠠᠯ᠂ ᠪᠡᠭᠡᠵᠢᠩ ᠬᠤᠲᠠ ᠶᠢᠨ ᠭᠤᠤᠯᠳᠠᠯᠭ᠎ᠠ ᠲᠠᠢ ᠵᠢᠭᠤᠯᠴᠢᠯᠠᠯ ᠤᠨ ᠠᠵᠤ  ᠠᠬᠤᠶᠢᠯᠠᠯ ᠤᠨ ᠲᠥᠯᠥᠭᠡᠯᠡᠭᠴᠢᠳ ᠴᠦ ᠶᠠᠭ  ᠬᠠᠷᠢᠯᠴᠠᠵᠣ ᠪᠠᠶᠢᠭ᠎ᠠ᠂ ᠵᠢᠱᠢᠯᠲᠡ ᠪᠠᠷ 6 ᠰᠠᠷ᠎ᠠ ᠶᠢᠨ ᠡᠬᠢ ᠪᠠᠷ ᠦᠵᠡᠰᠬᠦᠯᠡᠩ ᠳᠤ ᠣᠷᠣᠯᠴᠠᠬᠤ ᠠᠵᠤ  ᠠᠬᠤᠶᠢᠯᠠᠯ ᠤᠨ ᠨᠡᠷᠡᠰ ᠢ ᠲᠣᠭᠲᠠᠭᠠᠬᠤ ᠪᠣᠯᠤᠨ᠎ᠠ᠃ ᠠᠬᠤᠢ ᠲᠠᠯᠠᠪᠠᠢ ᠶᠢᠨ ᠨᠡᠶᠢᠲᠡ ᠳᠥᠷᠪᠡᠨ ᠦᠵᠡᠭᠦᠯᠦᠯᠭᠡ ᠶᠢᠨ ᠲᠢᠩᠬᠢᠮ ᠳᠤ ᠪᠢᠳᠠ  ︽ᠲᠦᠮᠡᠨ ᠭᠠᠵᠠᠷ ᠤᠨ ᠴᠠᠢ ᠶᠢᠨ ᠵᠠᠮ ︾ ᠳᠠᠭᠠᠤ ᠶᠢᠨ ᠤᠯᠤᠰ ᠣᠷᠣᠨ ᠤ ᠡᠯᠪᠡᠭ ᠪᠠᠶᠠᠯᠢᠭ ᠵᠢᠭᠤᠯᠴᠢᠯᠠᠯ ᠤᠨ ᠵᠠᠮ ᠱᠤᠭᠤᠮ᠂ ᠵᠢᠭᠤᠯᠴᠢᠯᠠᠯ ᠤᠨ ᠪᠦᠳᠦᠭᠡᠭᠳᠡᠭᠦᠨ ᠵᠢᠴᠢ ᠰᠣᠶᠣᠯ ᠤᠨ ᠡᠭᠦᠳᠦᠯᠲᠡ ᠶᠢᠨ  ᠪᠦᠳᠦᠭᠡᠭᠳᠡᠭᠦᠨ᠂ ᠪᠣᠳᠠᠰ ᠤᠨ ᠪᠤᠰᠤ ᠰᠣᠶᠣᠯ ᠤᠨ ᠥᠪ ᠤᠨ  ᠪᠦᠳᠦᠭᠡᠭᠳᠡᠭᠦᠨ ᠵᠡᠷᠭᠡ  ᠭᠢᠭᠡᠳ ︽ᠲᠦᠮᠡᠨ ᠭᠠᠵᠠᠷ ᠤᠨ ᠴᠠᠢ ᠶᠢᠨ ᠵᠠᠮ︾ ᠤᠨ ᠬᠠᠮᠲᠤᠷᠠᠯᠴᠠᠭ᠎ᠠ ᠬᠥᠭᠵᠢᠯᠲᠡ ᠶᠢᠨ ᠵᠠᠷᠢᠮ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠳᠡᠯᠭᠡᠨ ᠦᠵᠡᠭᠦᠯᠬᠦ ᠪᠣᠯᠤᠨ᠎ᠠ᠂  ᠠᠭᠤᠯᠭ᠎ᠠ  ᠶᠢᠨ ᠳᠠᠯ᠎ᠠ ᠪᠠᠷ ᠮᠠᠰᠢ  ᠭᠤᠶᠣ  ᠮᠠᠰᠢ ᠪᠠᠶᠠᠯᠢᠭ ᠪᠣᠯᠬᠤ ᠨᠢ ᠶᠠᠷᠢᠶᠠᠨ ᠦᠭᠡᠢ ᠶᠤᠮ᠃ ᠬᠠᠷᠢᠭᠤᠯᠵᠤ  ᠳᠠᠭᠤᠰᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map