︽ᠶᠡᠭᠡ ᠯᠢᠶᠣᠤ ᠤᠯᠤᠰ ᠤᠨ ᠬᠢᠳᠠᠨ — ᠳᠤᠮᠳᠠᠳᠤ ᠤᠯᠤᠰ  ᠤᠨ ᠥᠪᠥᠷ ᠮᠣᠩᠭᠤᠯ ᠤᠨ ᠯᠢᠶᠣᠤ ᠤᠯᠤᠰ  ᠤᠨ ᠦᠶ᠎ᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ︾ ᠵᠢᠴᠢ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠭᠰᠠᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2019/7/29
                           
                                       ᠬᠤᠷᠠᠯ ᠤᠨ ᠲᠠᠯᠠᠪᠠᠢ      7 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠮᠣᠩᠭᠤᠯ ᠤᠯᠤᠰ ᠲᠤ ︽ᠶᠡᠭᠡ ᠯᠢᠶᠣᠤ ᠤᠯᠤᠰ ᠤᠨ ᠬᠢᠳᠠᠨ — ᠳᠤᠮᠳᠠᠳᠤ ᠤᠯᠤᠰ ᠤᠨ ᠥᠪᠥᠷ ᠮᠣᠩᠭᠤᠯ ᠤᠨ ᠯᠢᠶᠣᠤ ᠤᠯᠤᠰ ᠤᠨ ᠦᠶ᠎ᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠭᠦᠯᠡᠩ︾ ᠵᠢᠴᠢ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠭᠰᠠᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠴᠧᠨ ᠶᠦᠩ ᡁᠢ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠬᠠᠭᠤᠴᠢ ᠰᠤᠳᠤᠯᠬᠤ ᠭᠠᠵᠠᠷ ᠤᠨ ᠳᠠᠷᠤᠭ᠎ᠠ ᠴᠧᠨ ᠶᠠ ᠭᠤᠸᠠᠩ᠂ ᠮᠦᠽᠧᠶ ᠶᠢᠨ ᠭᠠᠵᠠᠷ ᠤᠨ ᠳᠠᠷᠤᠭ᠎ᠠ ᠾᠧᠦ ᠵᠢᠶᠦ᠋ᠨ ᠬᠤᠷᠠᠯ ᠳᠤ ᠣᠷᠤᠯᠴᠠᠭᠠᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠮᠣᠩᠭᠤᠯ ᠤᠯᠤᠰ ᠲᠤ ᠡᠷᠬᠢᠯᠡᠭᠰᠡᠨ ︽ᠶᠡᠭᠡ ᠯᠢᠶᠣᠤ ᠤᠯᠤᠰ ᠤᠨ ᠬᠢᠳᠠᠨ — ᠳᠤᠮᠳᠠᠳᠤ ᠤᠯᠤᠰ ᠤᠨ ᠥᠪᠥᠷ ᠮᠣᠩᠭᠤᠯ ᠤᠨ ᠯᠢᠶᠣᠤ ᠤᠯᠤᠰ ᠤᠨ ᠦᠶ᠎ᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ︾ ᠵᠢᠴᠢ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠭᠰᠠᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠲᠡᠭᠡᠷ᠎ᠡ ᠲᠠᠯᠪᠢᠭᠰᠠᠨ ᠶᠠᠷᠢᠶ᠎ᠠ      ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠠᠷᠤᠭ᠎ᠠ   ᠴᠧᠨ ᠶᠦᠩ ᡁᠢ                           ︵2019  ᠣᠨ ᠤ 7 ᠳ᠋ᠤᠭᠠᠷ ᠰᠠᠷ᠎ᠠ ᠶᠢᠨ 29 ᠤ ᠡᠳᠦᠷ︶ᠰᠣᠨᠢᠨ ᠮᠡᠳᠡᠭᠡᠯᠡᠯ ᠤᠨ ᠬᠢᠨ ᠤ ᠨᠠᠶᠢᠵᠠ ᠨᠠᠷ ᠡ᠄      ᠣᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ︖      ᠡᠩ ᠲᠡᠷᠢᠭᠦᠨ ᠳᠤ᠂ ᠪᠢ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠡᠮᠦᠨ᠎ᠡ ᠠᠴᠠ᠂ ᠲᠠ ᠪᠦᠬᠦᠨ ᠤ ᠲᠣᠰ ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ᠂ ᠲᠠ ᠪᠦᠬᠦᠨ ᠤ ᠣᠯᠠᠨ ᠵᠢᠯ ᠤᠨ ᠲᠤᠷᠰᠢᠳᠠ ᠥᠪᠥᠷ ᠮᠣᠩᠭᠤᠯ ᠤᠨ ᠰᠣᠶᠣᠯ ᠦᠵᠡᠰᠬᠦᠯᠡᠩ ᠤᠨ ᠦᠢᠯᠡᠰ ᠲᠤ ᠠᠩᠬᠠᠷᠤᠯ ᠲᠠᠯᠪᠢᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃      ᠳᠣᠤᠷ᠎ᠠ᠂ ᠪᠢ ᠲᠠ ᠨᠠᠷ ᠲᠤ ᠶᠡᠭᠡ ᠯᠢᠶᠣᠤ ᠤᠯᠤᠰ ᠤᠨ ᠬᠢᠳᠠᠨ — ᠳᠤᠮᠳᠠᠳᠤ ᠤᠯᠤᠰ ᠤᠨ ᠥᠪᠥᠷ ᠮᠣᠩᠭᠤᠯ ᠤᠨ ᠯᠢᠶᠣᠤ ᠤᠯᠤᠰ ᠤᠨ ᠦᠶ᠎ᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ ᠢ ᠮᠣᠩᠭᠤᠯ ᠤᠯᠤᠰ ᠲᠤ ᠡᠷᠬᠢᠯᠡᠭᠰᠡᠨ ᠪᠠᠶᠢᠳᠠᠯ ᠪᠣᠯᠤᠨ ᠡᠨᠡ ᠵᠢᠯ ᠤᠨ ᠮᠠᠨ ᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠠᠨᠢᠯᠴᠠᠭᠤᠯᠤᠶ᠎ᠠ᠃      ᠨᠢᠭᠡ᠂ ᠯᠢᠶᠣᠤ ᠤᠯᠤᠰ ᠤᠨ ᠦᠶ᠎ᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ ᠢ ᠮᠣᠩᠭᠤᠯ ᠤᠯᠤᠰ ᠲᠤ ᠡᠷᠬᠢᠯᠡᠭᠰᠡᠨ ᠪᠠᠶᠢᠳᠠᠯ      ᠰᠣᠶᠣᠯ ᠨᠢ ᠰᠣᠯᠢᠯᠴᠠᠬᠤ ᠪᠠᠷ ᠳᠠᠮᠵᠢᠨ ᠲᠠᠩᠰᠤᠭ ᠪᠣᠯᠵᠤ᠂ ᠪᠣᠯᠪᠠᠰᠤᠨ ᠨᠢ ᠬᠠᠷᠢᠯᠴᠠᠨ ᠰᠢᠨᠵᠢᠯᠡᠬᠦ ᠪᠠᠷ ᠳᠠᠮᠵᠢᠨ ᠪᠠᠶᠠᠯᠢᠭᠵᠢᠳᠠᠭ᠃ ᠳᠤᠮᠳᠠᠳᠤ ᠤᠯᠤᠰ ᠪᠣᠯᠤᠨ ᠮᠣᠩᠭᠤᠯ ᠤᠯᠤᠰ ᠪᠣᠯ ᠨᠦᠬᠦᠷᠰᠡᠭ ᠨᠠᠶᠢᠷᠠᠮᠳᠠᠭᠤ ᠬᠥᠷᠰᠢ ᠤᠯᠤᠰ ᠮᠥᠨ᠂ ᠬᠤᠶᠠᠷ ᠤᠯᠤᠰ ᠬᠤᠭᠤᠷᠣᠨᠳᠣ ᠪᠠᠨ ᠲᠡᠤᠬᠡ ᠰᠣᠶᠣᠯ ᠤᠨ ᠤᠭ ᠰᠤᠷᠪᠤᠯᠵᠢ ᠶᠢᠨ ᠨᠢᠭᠲᠠ ᠬᠠᠷᠢᠴᠠᠭ᠎ᠠ ᠲᠠᠢ ᠪᠠᠶᠢᠳᠠᠭ᠂ ᠡᠨᠡ ᠨᠢ ᠳᠤᠮᠳᠠᠳᠤ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠦᠷᠢᠶᠡᠨ  ᠳᠤ ᠬᠢ ᠬᠠᠮᠲᠤᠷᠠᠯᠴᠠᠭ᠎ᠠ ᠶᠢᠨ ᠴᠢᠬᠤᠯᠠ ᠴᠢᠨᠠᠷ ᠪᠣᠯᠤᠨ ᠪᠣᠯᠤᠮᠵᠢ ᠶᠢ ᠲᠣᠭᠲᠠᠭᠠᠵᠠᠶ᠃ ᠳᠤᠮᠳᠠᠳᠤ ᠮᠣᠩᠭᠤᠯ ᠬᠤᠶᠠᠷ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢᠨ ᠲᠥᠯᠥᠭᠡ ᠠᠯᠢ ᠡᠷᠲᠡ 2005 ᠣᠨ ᠳᠤ᠂ ᠪᠢᠳᠡ ᠮᠣᠩᠭᠤᠯ ᠤᠯᠤᠰ ᠤᠨ ᠨᠡᠭᠦᠳᠡᠯ ᠰᠣᠶᠣᠯ ᠤᠨ ᠰᠤᠳᠤᠯᠭᠠᠨ ᠤ ᠣᠯᠠᠨ ᠤᠯᠤᠰ ᠤᠨ ᠲᠡᠭᠡᠳᠦ ᠰᠤᠷᠭᠠᠭᠤᠯᠢ᠂ ᠮᠣᠩᠭᠤᠯ ᠤᠯᠤᠰ ᠤᠨ ᠤᠯᠤᠰ ᠤᠨ ᠮᠦᠽᠧᠶ ᠲᠠᠢ ︽ᠮᠣᠩᠭᠤᠯ ᠤᠯᠤᠰ ᠤᠨ ᠬᠢᠯᠢ ᠳᠣᠲᠣᠷᠠᠬᠢ ᠡᠷᠲᠡᠨ ᠤ ᠨᠡᠭᠦᠳᠡᠯᠴᠢᠨ ᠦᠨᠳᠦᠰᠦᠲᠡᠨ ᠤ ᠰᠣᠶᠣᠯ ᠤᠨ ᠦᠯᠡᠳᠡᠭᠳᠡᠯ ᠬᠠᠭᠤᠴᠢ ᠰᠤᠳᠤᠯᠤᠯ ᠢ ᠪᠠᠶᠢᠴᠠᠭᠠᠬᠤ᠂ ᠬᠠᠶᠢᠨ ᠰᠢᠨᠵᠢᠯᠡᠬᠦ᠂ ᠠᠭᠤᠳᠠᠯᠤᠨ ᠨᠢᠭᠲᠠᠯᠠᠬᠤ ᠪᠠᠷ ᠬᠠᠮᠲᠤᠷᠠᠬᠤ ᠠᠵᠢᠯ ᠤᠨ ᠰᠠᠨᠠᠮᠵᠢ ᠪᠢᠴᠢᠭ︾ ᠢ ᠲᠣᠭᠲᠠᠭᠠᠵᠤ᠂ ᠬᠠᠮᠲᠤᠷᠠᠯᠴᠠᠭᠠᠨ ᠤ ᠰᠤᠳᠤᠯᠭᠠᠨ ᠤ ᠠᠵᠢᠯ  ᠢ ᠵᠢᠩᠬᠢᠨᠢ ᠪᠠᠷ ᠡᠬᠢᠯᠡᠭᠦᠯᠪᠡ᠃ 13 ᠵᠢᠯ ᠤᠨ ᠲᠤᠷᠰᠢ᠂ ᠳᠤᠮᠳᠠᠳᠤ ᠮᠣᠩᠭᠤᠯ ᠬᠤᠶᠠᠷ ᠤᠯᠤᠰ ᠤᠨ ᠬᠠᠮᠲᠤᠷᠠᠭᠰᠠᠨ ᠬᠠᠭᠤᠴᠢ ᠰᠤᠳᠤᠯᠤᠯ ᠤᠨ ᠠᠩᠭᠢ ᠶᠡᠭᠡ ᠬᠡᠮᠵᠢᠶᠡᠨ ᠤ ᠠᠵᠢᠯ ᠬᠢᠵᠠᠢ᠂ ᠬᠡᠷᠡᠮ ᠤᠨ ᠲᠠᠯ᠎ᠠ ᠶᠢᠨ ᠬᠤᠲᠠ ᠶᠢᠨ ᠪᠠᠭᠤᠷᠢ ᠵᠡᠷᠭᠡ ᠣᠯᠠᠨ ᠵᠦᠢᠯ ᠤᠨ ᠨᠡᠭᠡᠭᠡᠨ ᠮᠠᠯᠲᠠᠬᠤ ᠠᠵᠢᠯ ᠢ ᠪᠡᠶᠡᠯᠡᠭᠦᠯᠵᠦ᠂ ︽ᠲᠠᠯ᠎ᠠ ᠨᠤᠲᠤᠭ ᠤᠨ ᠨᠡᠭᠦᠳᠡᠯᠴᠢᠨ ᠦᠨᠳᠦᠰᠦᠲᠡᠨ ᠬᠢᠭᠡᠳ ᠲᠣᠷᠭᠠᠨ ᠤ ᠵᠠᠮ︾ ᠵᠡᠷᠭᠡ ᠰᠢᠷᠢᠰ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠪᠡ᠂ 2015 ᠣᠨ ᠤ 8 ᠳ᠋ᠤᠭᠠᠷ ᠰᠠᠷ᠎ᠠ ᠳᠤ᠂ ᠮᠣᠩᠭᠤᠯ ᠤᠯᠤᠰ ᠤᠨ ᠤᠯᠤᠰ ᠤᠨ ᠮᠦᠽᠧᠶ ᠳᠤ ︽ᠲᠠᠯ᠎ᠠ ᠨᠤᠲᠤᠭ ᠤᠨ ᠨᠡᠭᠦᠳᠡᠯᠴᠢᠨ ᠦᠨᠳᠦᠰᠦᠲᠡᠨ ᠬᠢᠭᠡᠳ ᠲᠣᠷᠭᠠᠨ ᠤ ᠵᠠᠮ ᠵᠢᠴᠢ ᠳᠤᠮᠳᠠᠳᠤ ᠮᠣᠩᠭᠤᠯ ᠤᠨ ᠬᠠᠮᠲᠤᠷᠠᠭᠰᠠᠨ ᠬᠠᠭᠤᠴᠢ ᠰᠤᠳᠤᠯᠭᠠᠨ ᠤ ᠠᠷᠪᠠᠨ ᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ︾ ᠶᠢ ᠡᠷᠬᠢᠯᠡᠨ᠂ 150 ᠭᠠᠷᠤᠶ ᠲᠡᠤᠬᠡ ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠵᠡᠶ᠃ 2019 ᠣᠨ ᠤ 6 ᠳ᠋ᠤᠭᠠᠷ ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠮᠣᠩᠭᠤᠯ ᠤᠯᠤᠰ ᠤᠨ ᠰᠤᠷᠭᠠᠨ ᠬᠥᠮᠦᠵᠢᠯ ᠰᠣᠶᠣᠯ ᠰᠢᠨᠵᠢᠯᠡᠬᠦ ᠤᠬᠠᠭᠠᠨ ᠪᠡᠶ᠎ᠡ ᠶᠢᠨ ᠲᠠᠮᠢᠷ ᠤᠨ ᠶᠠᠮᠤᠨ᠂ ᠤᠯᠠᠭᠠᠨᠪᠠᠭᠠᠲᠤᠷ ᠤᠨ ᠳᠤᠮᠳᠠᠳᠤ ᠤᠯᠤᠰ ᠤᠨ ᠰᠣᠶᠣᠯ ᠤᠨ ᠲᠥᠪ᠂ ᠮᠣᠩᠭᠤᠯ ᠤᠯᠤᠰ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠰᠣᠶᠣᠯ ᠪᠠ ᠤᠷᠠᠯᠢᠭ ᠤᠨ ᠲᠣᠪᠴᠢᠶ᠎ᠠ ᠭᠤᠤᠯᠯᠠᠨ ᠡᠷᠬᠢᠯᠡᠵᠦ᠂ ᠳᠤᠮᠳᠠᠳᠤ ᠤᠯᠤᠰ ᠤᠨ ᠥᠪᠥᠷ ᠮᠣᠩᠭᠤᠯ ᠤᠨ ᠮᠦᠽᠧᠶ ᠬᠢᠭᠡᠳ ᠮᠣᠩᠭᠤᠯ ᠤᠯᠤᠰ ᠤᠨ ᠤᠯᠤᠰ ᠤᠨ ᠮᠦᠽᠧᠶ ᠲᠠᠭᠠᠭᠠᠵᠤ ᠬᠢᠭᠰᠡᠨ ︽ᠶᠡᠭᠡ ᠯᠢᠶᠣᠤ ᠤᠯᠤᠰ ᠤᠨ ᠬᠢᠳᠠᠨ — ᠳᠤᠮᠳᠠᠳᠤ ᠤᠯᠤᠰ ᠤᠨ ᠥᠪᠥᠷ ᠮᠣᠩᠭᠤᠯ ᠤᠨ ᠯᠢᠶᠣᠤ ᠤᠯᠤᠰ ᠤᠨ ᠦᠶ᠎ᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ︾ ᠮᠣᠩᠭᠤᠯ ᠤᠯᠤᠰ ᠤᠨ ᠮᠦᠽᠧᠶ ᠳᠤ ᠦᠪᠡᠳᠡᠭᠰᠢ ᠶᠡᠭᠡ ᠪᠠᠷ ᠶᠠᠪᠤᠭᠳᠠᠪᠠ᠃      ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠪᠦ᠋ ᠰᠢᠶᠣᠤ ᠯᠢᠨ᠂ ᠮᠣᠩᠭᠤᠯ ᠤᠯᠤᠰ ᠤᠨ ᠰᠤᠷᠭᠠᠨ ᠬᠥᠮᠦᠵᠢᠯ ᠰᠣᠶᠣᠯ ᠰᠢᠨᠵᠢᠯᠡᠬᠦ ᠤᠬᠠᠭᠠᠨ ᠪᠡᠶ᠎ᠡ ᠶᠢᠨ ᠲᠠᠮᠢᠷ ᠤᠨ ᠶᠠᠮᠤᠨ ᠤ ᠳᠡᠳ᠋ ᠲᠠᠷᠤᠭ᠎ᠠ  ᠭ᠊ · ᠭᠠᠨᠭ᠍ᠪᠠᠶᠠᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠣᠩᠭᠤᠯ ᠤᠯᠤᠰ ᠲᠤ ᠰᠠᠭᠤᠭ᠎ᠠ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠰᠢᠩ ᠬᠠᠢ ᠮᠢᠩ᠂ ᠮᠣᠩᠭᠤᠯ ᠤᠯᠤᠰ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠰᠣᠶᠣᠯ ᠪᠠ ᠤᠷᠠᠯᠢᠭ ᠤᠨ ᠲᠣᠪᠴᠢᠶᠠᠨ ᠤ ᠳᠠᠷᠤᠭ᠎ᠠ ᠭ᠊ · ᠡᠩᠬᠡᠪᠠᠲᠤ᠂ ᠳᠤᠮᠳᠠᠳᠤ ᠤᠯᠤᠰ ᠤᠨ ᠮᠣᠩᠭᠤᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠰᠣᠶᠣᠯ ᠤᠨ ᠵᠦᠪᠯᠡᠭᠴᠢ ᠯᠢ ᠸᠧᠶ᠂ ᠮᠣᠩᠭᠤᠯ ᠤᠯᠤᠰ ᠤᠨ ᠰᠤᠷᠭᠠᠨ ᠬᠥᠮᠦᠵᠢᠯ ᠰᠣᠶᠣᠯ ᠰᠢᠨᠵᠢᠯᠡᠬᠦ ᠤᠬᠠᠭᠠᠨ ᠪᠡᠶ᠎ᠡ ᠶᠢᠨ ᠲᠠᠮᠢᠷ ᠤᠨ ᠶᠠᠮᠤᠨ ᠤ ᠲᠥᠷᠦ ᠶᠢᠨ ᠪᠣᠳᠣᠯᠭ᠎ᠠ  ᠶᠢ ᠵᠣᠬᠢᠴᠠᠭᠤᠯᠬᠤ ᠲᠣᠪᠴᠢᠶᠠᠨ ᠤ ᠳᠠᠷᠤᠭ᠎ᠠ ᠰᠡᠷᠭᠦᠯᠡᠩ ᠵᠡᠷᠭᠡ ᠤᠳᠤᠷᠢᠳᠤᠯᠭ᠎ᠠ ᠨᠠᠷ ᠦᠵᠡᠰᠬᠦᠯᠡᠩ ᠤᠨ ᠡᠬᠢᠯᠡᠯᠲᠡ ᠶᠢᠨ ᠶᠣᠰᠣᠯᠠᠯ ᠳᠤ ᠰᠠᠭᠤᠯᠴᠠᠭᠰᠠᠨ ᠤ ᠬᠠᠮᠲᠤ ᠳᠣᠤᠵᠠ ᠬᠠᠶᠢᠴᠢᠯᠠᠬᠤ ᠶᠣᠰᠣᠯᠠᠯ ᠳᠤ ᠣᠷᠤᠯᠴᠠᠪᠠ᠂ ᠳᠤᠮᠳᠠᠳᠤ ᠮᠣᠩᠭᠤᠯ ᠬᠤᠶᠠᠷ ᠲᠠᠯ᠎ᠠ ᠶᠢᠨ ᠮᠦᠽᠧᠶ ᠶᠢᠨ ᠳᠠᠷᠤᠭ᠎ᠠ ᠲᠣᠰ ᠲᠣᠰ ᠪᠠᠶᠠᠷ ᠤᠨ ᠦᠭᠡ ᠬᠡᠯᠡᠵᠡᠶ᠃ ᠬᠤᠶᠠᠷ ᠲᠠᠯ᠎ᠠ ᠶᠢᠨ ᠦᠵᠡᠰᠬᠦᠯᠡᠩ ᠳᠤ ᠣᠷᠣᠯᠴᠠᠭᠰᠠᠨ ᠨᠢᠭᠡᠴᠢ ᠶᠢᠨ ᠲᠥᠯᠥᠭᠡᠯᠡᠭᠴᠢ᠂ ᠤᠯᠠᠭᠠᠨᠪᠠᠭᠠᠲᠤᠷ ᠤᠨ ᠳᠤᠮᠳᠠᠳᠤ ᠤᠯᠤᠰ ᠤᠨ ᠰᠣᠶᠣᠯ ᠤᠨ ᠲᠥᠪ ᠤᠨ ᠬᠠᠷᠢᠭᠤᠴᠠᠯᠭᠠᠲᠠᠨ᠂ ᠮᠣᠩᠭᠤᠯ ᠤᠯᠤᠰ ᠤᠨ ᠰᠣᠶᠣᠯ ᠤᠨ ᠨᠠᠶᠢᠷ ᠤᠨ ᠲᠥᠯᠥᠭᠡᠯᠡᠭᠴᠢ ᠨᠡᠶᠢᠲᠡ 100 ᠭᠠᠷᠤᠶ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠦᠵᠡᠰᠬᠦᠯᠡᠩ 2019 ᠣᠨ ᠤ 9 ᠳ᠋ᠦ᠋ᠭᠡᠷ ᠰᠠᠷ᠎ᠠ ᠶᠢᠨ 6 ᠤ ᠡᠳᠦᠷ ᠪᠣᠯᠲᠠᠯ᠎ᠠ ᠦᠷᠭᠦᠯᠵᠢᠯᠡᠨ᠎ᠡ᠃      ᠲᠣᠰ ᠤᠳᠠᠭᠠᠨ ᠤ ᠦᠵᠡᠰᠬᠦᠯᠡᠩ ᠪᠣᠯ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠳᠤᠮᠳᠠᠳᠤ ᠮᠣᠩᠭᠤᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢᠨ ᠴᠢᠬᠤᠯᠠ ᠠᠭᠤᠯᠭ᠎ᠠ ᠶᠢᠨ ᠨᠢᠭᠡ ᠪᠣᠯᠵᠤ ᠶᠠᠪᠤᠭᠳᠠᠭᠰᠠᠨ ᠶᠤᠮ᠂ ᠡᠨᠡ ᠨᠢ ᠮᠥᠨ ᠴᠦ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠮᠣᠩᠭᠤᠯ ᠤᠯᠤᠰ ᠤᠨ ᠠᠩᠬ᠎ᠠ ᠤᠳᠠᠭ᠎ᠠ ᠬᠠᠮᠲᠤᠷᠠᠨ ᠡᠷᠬᠢᠯᠡᠭᠰᠡᠨ ᠲᠣᠮᠣ ᠬᠡᠯᠪᠡᠷᠢ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠦᠵᠡᠰᠬᠦᠯᠡᠩ ᠪᠣᠯᠤᠨ᠎ᠠ᠃ ᠲᠣᠰ ᠦᠵᠡᠰᠬᠦᠯᠡᠩ ᠳᠤᠮᠳᠠᠳᠤ ᠤᠯᠤᠰ ᠤᠨ ᠥᠪᠥᠷ ᠮᠣᠩᠭᠤᠯ ᠣᠷᠣᠨ ᠤ  ᠯᠢᠶᠣᠤ ᠤᠯᠤᠰ ᠤᠨ ᠦᠶ᠎ᠡ ᠶᠢᠨ ᠬᠠᠭᠤᠴᠢ ᠰᠤᠳᠤᠯᠤᠯ ᠤᠨ ᠰᠤᠳᠤᠯᠭᠠᠨ ᠤ ᠡᠯᠪᠡᠭ ᠪᠠᠶᠠᠯᠢᠭ ᠦᠷ᠎ᠡ ᠪᠦᠲᠦᠭᠡᠯ ᠤᠨ ᠰᠠᠭᠤᠷᠢᠨ ᠲᠡᠭᠡᠷ᠎ᠡ 70 ᠭᠠᠷᠤᠶ ᠢᠵᠢ ︵450 ᠭᠠᠷᠤᠶ ᠵᠦᠢᠯ︶ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠢ ᠰᠣᠩᠭᠤᠨ ᠭᠠᠷᠭᠠᠵᠠᠶ᠂ ᠡᠭᠦᠨ ᠳᠤ ᠬᠢᠳᠠᠨ ᠦᠨᠳᠦᠰᠦᠲᠡᠨ ᠤ ᠦᠨᠳᠦᠰᠦᠲᠡᠨ ᠤ ᠡᠭᠦᠰᠦᠯ᠂ ᠦᠢᠯᠡᠳᠪᠦᠷᠢᠯᠡᠯ ᠠᠮᠢᠳᠤᠷᠠᠯ᠂ ᠱᠠᠰᠢᠨ ᠰᠢᠲᠦᠯᠭᠡ᠂ ᠰᠣᠶᠣᠯ ᠵᠠᠩ ᠳᠠᠳᠬᠠᠯ ᠵᠡᠷᠭᠡ ᠲᠠᠯ᠎ᠠ ᠶᠢ ᠲᠤᠰᠬᠠᠭᠰᠠᠨ ᠬᠤᠪᠤᠷ ᠦᠨᠡᠲᠦ ᠲᠡᠤᠬᠡ ᠶᠢᠨ ᠳᠤᠷᠠᠰᠬᠠᠯᠲᠤ ᠵᠦᠢᠯᠡᠰ ᠢ ᠪᠠᠭᠲᠠᠭᠠᠵᠠᠢ᠂ ᠦᠵᠡᠰᠭᠦᠯᠡᠩ ᠢ ︽ᠮᠣᠷᠢᠨ ᠨᠢᠷᠤᠭᠤᠨ ᠳᠡᠭᠡᠷᠡᠬᠢ ᠦᠨᠳᠦᠰᠦᠲᠡᠨ︾᠂ ︽ᠲᠠᠯ᠎ᠠ ᠨᠤᠲᠤᠭ ᠤᠨ ᠦᠨᠳᠦᠰᠦᠲᠡᠨ ᠤ ᠠᠮᠢᠳᠤᠷᠠᠯ ᠤᠨ ᠠᠷᠭ᠎ᠠ ᠬᠡᠯᠪᠡᠷᠢ︾᠂ ︽ᠬᠢᠳᠠᠨ ᠬᠥᠮᠦᠨ ᠤ ᠱᠠᠰᠢᠨ ᠰᠤᠷᠲᠠᠬᠤᠨ ᠪᠠ  ᠠᠮᠢᠳᠤᠷᠠᠬᠤ ᠦᠬᠦᠬᠦ ᠲᠤᠬᠠᠢ ᠦᠵᠡᠯᠲᠡ︾ ᠭᠡᠬᠦ ᠭᠤᠷᠪᠠᠨ ᠶᠡᠭᠡ ᠬᠡᠰᠡᠭ ᠲᠤ ᠬᠤᠪᠢᠶᠠᠨ᠂ ᠡᠷᠲᠡᠨ ᠡᠳᠦᠭᠡ ᠶᠢᠨ ᠴᠠᠭ ᠵᠠᠢ ᠶᠢᠨ ᠨᠦᠬᠡᠨ ᠵᠠᠮ ᠢ ᠵᠠᠰᠠᠵᠤ ᠭᠠᠷᠭᠠᠭᠠᠳ᠂ ᠬᠢᠳᠠᠨ ᠬᠥᠮᠦᠨ ᠤ ᠠᠮᠢᠳᠤᠷᠠᠯ ᠤᠨ ᠳᠦᠷᠢ ᠲᠥᠷᠬᠦ ᠶᠢ ᠦᠨᠡᠨ ᠪᠣᠳᠠᠲᠠᠶ ᠲᠠᠬᠢᠨ ᠢᠯᠡᠷᠡᠭᠦᠯᠵᠡᠢ᠃ ᠭᠤᠷᠪᠠᠨ ᠬᠡᠰᠡᠭ ᠤᠨ ᠪᠦᠲᠦᠴᠡ ᠨᠢ ᠪᠦᠬᠦᠯᠢ ᠴᠣᠭᠴᠠ ᠠᠴᠠ ᠬᠡᠰᠡᠭ ᠲᠠᠯ᠎ᠠ ᠬᠦᠷᠲᠡᠯ᠎ᠡ᠂ ᠪᠣᠳᠠᠰ ᠠᠴᠠ ᠣᠶᠤᠨ ᠰᠠᠨᠠᠭ᠎ᠠ ᠬᠦᠷᠲᠡᠯ᠎ᠡ᠂ ᠱᠠᠲᠤ ᠱᠠᠲᠤ ᠪᠠᠷ ᠭᠦᠨᠵᠡᠭᠡᠶᠢᠷᠡᠵᠦ᠂ ᠥᠷᠭᠡᠨ ᠣᠯᠠᠨ ᠦᠵᠡᠭᠴᠢᠳ ᠲᠤ ᠬᠢᠳᠠᠨ ᠦᠨᠳᠦᠰᠦᠲᠡᠨ ᠤ ᠪᠠᠶᠠᠯᠢᠭ ᠰᠠᠶᠢᠬᠠᠨ ᠲᠡᠤᠬᠡ ᠰᠣᠶᠣᠯ ᠢ ᠰᠣᠨᠢᠷᠬᠠᠭᠤᠯᠵᠤ ᠣᠶᠢᠯᠠᠭᠠᠭᠤᠯᠪᠠ᠃      ᠲᠣᠰ ᠤᠳᠠᠭ᠎ᠠ ᠶᠢᠨ ᠦᠵᠡᠰᠬᠦᠯᠡᠩ ᠢᠶᠠᠷ ᠳᠠᠮᠵᠢᠨ ᠮᠣᠩᠭᠤᠯ ᠤᠯᠤᠰ ᠤᠨ ᠥᠷᠭᠡᠨ ᠣᠯᠠᠨ ᠦᠵᠡᠭᠴᠢᠳ ᠲᠤ ᠬᠢᠳᠠᠨ ᠤ ᠰᠣᠶᠣᠯ ᠤᠨ ᠪᠠᠶᠠᠯᠢᠭ  ᠰᠠᠶᠢᠬᠠᠨ ᠢ ᠦᠨᠡᠨ ᠪᠣᠳᠠᠲᠠᠶ ᠪᠠᠷ ᠰᠣᠨᠢᠷᠬᠠᠭᠤᠯᠬᠤ ᠶᠢᠨ ᠬᠠᠮᠲᠤ ᠳᠤᠮᠳᠠᠳᠤ ᠮᠣᠩᠭᠤᠯ ᠬᠤᠶᠠᠷ ᠤᠯᠤᠰ ᠤᠨ ᠪᠣᠯᠪᠠᠰᠤᠨ ᠤ ᠬᠠᠷᠢᠯᠴᠠᠨ ᠰᠢᠨᠵᠢᠯᠡᠬᠦ ᠶᠢ ᠠᠬᠢᠭᠤᠯᠵᠤ᠂ ᠬᠤᠶᠠᠷ ᠤᠯᠤᠰ ᠤᠨ ᠨᠥᠬᠦᠷᠰᠡᠭ ᠡᠶᠡᠯᠳᠡᠭ ᠬᠥᠷᠰᠢ ᠶᠢᠨ ᠬᠠᠷᠢᠴᠠᠭ᠎ᠠ ᠶᠢ ᠪᠠᠬᠢᠵᠢᠭᠦᠯᠦᠨ᠂ ᠰᠣᠶᠣᠯ ᠤᠨ ᠰᠣᠯᠢᠯᠴᠠᠭ᠎ᠠ ᠶᠢ ᠲᠦᠯᠬᠢᠨ ᠤᠷᠤᠭᠰᠢᠯᠠᠭᠤᠯᠵᠤ᠂ ᠲᠠᠯ᠎ᠠ ᠨᠤᠲᠤᠭ ᠤᠨ ᠲᠣᠷᠭᠠᠨ ᠤ ᠵᠠᠮ ᠤᠨ ᠦᠯᠢᠭᠡᠷ ᠢ ᠰᠠᠶᠢᠬᠠᠨ ᠶᠠᠷᠢᠬᠤ ᠶᠢ ᠬᠦᠰᠡᠵᠦ ᠪᠠᠶᠢᠨ᠎ᠠ᠃ ᠲᠣᠰ ᠤᠳᠠᠭᠠᠨ ᠤ ᠦᠵᠡᠰᠬᠦᠯᠡᠩ ᠪᠣᠯ ᠳᠤᠮᠳᠠᠳᠤ ᠤᠯᠤᠰ ᠤᠨ ᠥᠪᠥᠷ ᠮᠣᠩᠭᠤᠯ ᠤᠨ ᠲᠣᠮᠣ ᠬᠡᠯᠪᠡᠷᠢ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠦᠯᠭᠡ ᠶᠢᠨ ᠮᠣᠩᠭᠤᠯ ᠤᠯᠤᠰ ᠲᠤ ᠬᠢ ᠠᠩᠬᠠᠳᠠᠬᠢ ᠦᠵᠡᠰᠬᠦᠯᠡᠩ ᠮᠦᠨ᠃ ᠡᠨᠡ ᠨᠢ ᠬᠤᠶᠠᠷ ᠤᠯᠤᠰ ᠤᠨ ᠰᠣᠶᠣᠯ ᠤᠨ ᠰᠣᠯᠢᠯᠴᠠᠭ᠎ᠠ ᠶᠢ ᠠᠬᠢᠭᠤᠯᠬᠤ᠂ ᠲᠠᠯ᠎ᠠ ᠨᠤᠲᠤᠭ ᠤᠨ ᠲᠣᠷᠭᠠᠨ ᠤ ᠵᠠᠮ ᠤᠨ ᠰᠣᠶᠣᠯ ᠤᠨ ᠠᠭᠤᠯᠤᠭᠳᠠᠬᠤᠨ ᠢ ᠥᠷᠭᠡᠳᠬᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠦᠵᠡᠰᠬᠦᠯᠡᠩ ᠡᠬᠢᠯᠡᠬᠦ ᠶᠣᠰᠣᠯᠠᠯ ᠳᠡᠭᠡᠷ᠎ᠡ᠂ ᠰᠢᠨᠬᠤᠸᠠ ᠬᠤᠷᠢᠶ᠎ᠠ᠂ ᠮᠣᠩᠭᠤᠯ ᠤᠯᠤᠰ ᠤᠨ ᠤᠯᠤᠰ ᠤᠨ ᠲᠧᠯᠸᠢᠰ ᠬᠤᠷᠢᠶ᠎ᠠ᠂ ᠮᠣᠩᠭᠤᠯ ᠤᠯᠤᠰ ᠤᠨ ᠣᠭᠲᠠᠷᠭᠤᠶ ᠶᠢᠨ ᠣᠳᠣᠨ ᠲᠧᠯᠸᠢᠰ ᠬᠤᠷᠢᠶ᠎ᠠ᠂ ᠮᠣᠩᠭᠤᠯ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ᠂ ᠤᠯᠠᠭᠠᠨᠪᠠᠭᠠᠲᠤᠷ ᠤᠨ ᠣᠯᠠᠨ ᠤᠯᠤᠰ ᠤᠨ ᠷᠠᠳᠢᠣ᠋ ᠬᠤᠷᠢᠶ᠎ᠠ ᠵᠡᠷᠭᠡ 20 ᠭᠠᠷᠤᠶ ᠵᠠᠭᠤᠴᠢᠯᠠᠭᠤᠷ ᠤᠨ ᠬᠢᠨ ᠦᠵᠡᠰᠬᠦᠯᠡᠩ ᠤᠨ ᠡᠬᠢᠯᠡᠯᠲᠡ ᠶᠢᠨ ᠶᠣᠰᠣᠯᠠᠯ ᠪᠣᠯᠤᠨ ᠦᠵᠡᠰᠬᠦᠯᠡᠩ ᠤᠨ ᠠᠭᠤᠯᠭ᠎ᠠ ᠶᠢ ᠬᠤᠶᠢᠨ᠎ᠠ ᠬᠤᠶᠢᠨ᠎ᠠ ᠠᠴᠠ ᠪᠠᠨ ᠮᠡᠳᠡᠭᠡᠯᠡᠭᠰᠡᠨ ᠪᠠ ᠰᠢᠯᠵᠢᠭᠦᠯᠦᠨ   ᠨᠡᠶᠢᠲᠡᠯᠡᠭᠡᠳ ᠮᠣᠩᠭᠤᠯ ᠤᠯᠤᠰ ᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠰᠠᠶᠢᠨ ᠢᠶᠠᠷ ᠦᠨᠡᠯᠡᠭᠳᠡᠵᠦ᠂ ᠲᠡᠯᠡᠬᠡᠢ ᠨᠡᠶᠢᠲᠡ ᠶᠢᠨ ᠰᠠᠶᠢᠨ ᠦᠷ᠎ᠡ ᠠᠰᠢᠭ ᠢ ᠣᠯᠵᠠᠶ᠃      ᠲᠣᠰ ᠤᠳᠠᠭᠠᠨ ᠤ ᠦᠵᠡᠰᠬᠦᠯᠡᠩ ᠨᠢ ᠮᠣᠩᠭᠤᠯ ᠤᠯᠤᠰ ᠤᠨ ᠦᠶ ᠣᠯᠠᠨ ᠦᠵᠡᠭᠴᠢᠳ ᠪᠠ ᠪᠤᠰᠤᠳ ᠤᠯᠤᠰ ᠤᠨ ᠵᠢᠭᠤᠯᠴᠢᠯᠠᠭᠴᠢᠳ ᠤᠨ ᠪᠠᠭ᠋ᠠᠷᠬᠠᠯ ᠢ ᠲᠠᠲᠠᠵᠠᠢ᠂ ᠤᠳᠤ ᠪᠣᠯᠲᠠᠯ᠎ᠠ 10 ᠲᠦᠮᠡ ᠰᠢᠬᠠᠮ ᠬᠥᠮᠥᠨ ᠤᠳᠠᠭ᠎ᠠ ᠦᠵᠡᠰᠬᠦᠯᠡᠩ ᠢ ᠰᠣᠨᠢᠷᠬᠠᠯ᠎ᠠ᠂ ᠡᠭᠦᠨ ᠳᠤ ᠣᠷᠣᠰ᠂ ᠠᠮᠧᠷᠢᠺᠠ᠂ ᠠᠩᠭ᠍ᠯᠢ᠂ ᠺᠣᠷᠢᠶᠠ᠂ ᠶᠠᠫᠣᠨ᠂ ᠹᠷᠠᠨᠼᠢ ᠂ ᠭᠧᠷᠮᠠᠨ ᠵᠡᠷᠭᠡ 20 ᠭᠠᠷᠤᠶ ᠤᠯᠤᠰ ᠪᠠ ᠭᠠᠵᠠᠷ ᠣᠷᠣᠨ ᠤ ᠦᠵᠡᠭᠴᠢᠳ ᠪᠠᠶᠢᠨ᠎ᠠ᠃ ᠡᠯ᠎ᠡ ᠭᠠᠵᠠᠷ ᠤᠨ ᠦᠵᠡᠭᠴᠢᠳ ᠡᠨᠡ ᠤᠳᠠᠭᠠᠨ ᠤ ᠦᠵᠡᠰᠬᠦᠯᠡᠩ ᠤᠨ ᠠᠭᠤᠯᠭ᠎ᠠ᠂ ᠳᠡᠯᠭᠡᠨ ᠦᠵᠡᠭᠦᠯᠬᠦ ᠠᠷᠭ᠎ᠠ ᠪᠠᠷᠢᠯ ᠳᠤ ᠲᠡᠭᠡᠳᠦ ᠬᠡᠮᠵᠢᠶᠡᠨ ᠤ ᠦᠨᠡᠯᠡᠯᠲᠡ ᠥᠭᠴᠡᠶ᠃      ᠮᠣᠩᠭᠤᠯ ᠤᠯᠤᠰ ᠤᠨ ᠤᠯᠤᠰ ᠤᠨ ᠮᠦᠽᠧᠶ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠲᠣᠰ ᠤᠳᠠᠭᠠᠨ ᠤ ᠦᠵᠡᠰᠬᠦᠯᠡᠩ ᠨᠢ ᠮᠣᠩᠭᠤᠯ ᠤᠯᠤᠰ ᠤᠨ ᠠᠷᠠᠳ ᠢᠷᠭᠡᠳ ᠡᠷᠲᠡᠨ ᠤ ᠬᠢᠳᠠᠨ ᠤ ᠰᠣᠶᠣᠯ ᠪᠠ ᠳᠤᠮᠳᠠᠳᠤ ᠤᠯᠤᠰ ᠤᠨ ᠡᠷᠲᠡᠨ ᠤ ᠪᠣᠯᠪᠠᠰᠤᠨ ᠢ ᠣᠶᠢᠯᠠᠭᠠᠵᠤ ᠮᠡᠳᠡᠷᠡᠬᠦ ᠳᠤ ᠨᠢ ᠴᠤᠩᠬᠤᠪᠴᠢ ᠬᠠᠩᠭᠠᠭᠰᠠᠨ ᠪᠥᠭᠡᠳ ᠪᠠᠰᠠ ᠳᠤᠮᠳᠠᠳᠤ ᠮᠣᠩᠭᠤᠯ ᠬᠤᠶᠠᠷ ᠤᠯᠤᠰ ᠤᠨ ᠬᠥᠮᠥᠨ ᠰᠣᠶᠣᠯ ᠤᠨ ᠰᠣᠯᠢᠯᠴᠠᠭ᠎ᠠ ᠪᠠ ᠠᠷᠠᠳ ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠶᠢ ᠨᠡᠮᠡᠭᠳᠡᠭᠦᠯᠬᠦ ᠳᠤ ᠨᠢᠭᠡᠨ ᠰᠢᠨ᠎ᠡ ᠬᠥᠭᠦᠷᠭᠡ ᠲᠠᠯᠪᠢᠭᠰᠠᠨ ᠪᠠᠶᠢᠨ᠎ᠠ ᠭᠡᠵᠡᠶ᠃      ᠮᠣᠩᠭᠤᠯ ᠤᠯᠤᠰ ᠤᠨ ᠣᠯᠠᠨ ᠲᠦᠮᠡᠨ ᠳᠤ ᠲᠣᠰ ᠤᠳᠠᠭᠠᠨ ᠤ ᠦᠵᠡᠰᠬᠦᠯᠡᠩ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠣᠯᠳᠠᠭᠰᠠᠨ ᠠᠬᠤᠶ ᠪᠠᠶᠢᠳᠠᠯ ᠪᠣᠯᠤᠨ ᠰᠣᠶᠣᠯ ᠤᠨ ᠠᠭᠤᠯᠤᠭᠳᠠᠬᠤᠨ ᠢ ᠨᠠᠩ ᠭᠦᠨᠵᠡᠭᠡᠶ ᠣᠶᠢᠯᠠᠭᠠᠭᠤᠯᠬᠤ ᠶᠢᠨ ᠲᠥᠯᠥᠭᠡ᠂ ᠦᠵᠡᠰᠬᠦᠯᠡᠩ ᠤᠨ ᠡᠬᠢᠯᠡᠯᠲᠡ ᠶᠢᠨ ᠶᠣᠰᠣᠯᠠᠯ ᠲᠡᠭᠦᠰᠦᠭᠰᠡᠨ ᠤ ᠳᠠᠷᠠᠭ᠎ᠠ᠂ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠰᠬᠠᠶ ᠮᠡᠷᠭᠡᠵᠢᠯᠲᠡᠨ ᠲᠤᠬᠠᠶ ᠶᠢᠨ ᠲᠠᠯᠠᠪᠠᠢ ᠳᠤ ︽ᠥᠪᠥᠷ ᠮᠣᠩᠭᠤᠯ ᠤᠨ ᠯᠢᠶᠣᠤ ᠤᠯᠤᠰ ᠤᠨ ᠦᠶ᠎ᠡ ᠶᠢᠨ ᠬᠠᠭᠤᠴᠢ ᠰᠤᠳᠤᠯᠭᠠᠨ ᠳᠤ ᠬᠢ ᠴᠢᠬᠤᠯᠠ ᠢᠯᠡᠷᠡᠭᠦᠯᠦᠯᠲᠡ︾ ᠪᠣᠯᠤᠨ ︽ᠯᠢᠶᠣᠤ ᠤᠯᠤᠰ ᠤᠨ ᠦᠶ᠎ᠡ ᠶᠢᠨ ᠣᠩᠭᠤᠨ ᠤ ᠬᠠᠨᠠᠨ ᠵᠢᠷᠤᠭ ᠤᠨ ᠰᠤᠳᠤᠯᠤᠯ︾ ᠭᠡᠬᠦ ᠬᠤᠶᠠᠷ ᠲᠠᠯᠠᠪᠠᠢ ᠲᠠᠶᠢᠯᠤᠮᠵᠢ ᠬᠢᠵᠡᠶ᠃ ᠲᠠᠶᠢᠯᠤᠮᠵᠢ ᠨᠢ ᠦᠵᠡᠰᠬᠦᠯᠡᠩ ᠤᠨ ᠠᠬᠤᠶ ᠲᠠᠯᠠᠪᠠᠢ ᠳᠤ ᠶᠠᠪᠤᠭᠳᠠᠵᠤ᠂ ᠶᠠᠷᠢᠶᠠᠨ ᠤ ᠠᠭᠤᠯᠭ᠎ᠠ ᠨᠢ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠶᠢᠨ ᠪᠣᠳᠠᠰ ᠲᠠᠢ ᠪᠦᠷᠢᠮᠦᠰᠦᠨ ᠤᠶᠠᠯᠳᠤᠨ᠂ ᠠᠯᠤᠰ ᠬᠤᠯᠠ ᠶᠢᠨ ᠳᠠᠭᠤ ᠬᠤᠭᠤᠯᠠᠶ ᠠᠪᠤᠯᠴᠠᠵᠠᠢ᠂ ᠲᠤᠬᠠᠶ ᠶᠢᠨ ᠲᠠᠯᠠᠪᠠᠢ ᠶᠢᠨ ᠦᠵᠡᠭᠴᠢᠳ ᠢᠳᠡᠪᠬᠢᠲᠡᠶ ᠪᠠᠷ ᠠᠰᠠᠭᠤᠯᠲᠠ ᠠᠰᠠᠭᠤᠵᠤ᠂ ᠮᠣᠩᠭᠤᠯ ᠤᠯᠤᠰ ᠤᠨ ᠦᠵᠡᠭᠴᠢᠳ ᠤᠨ ᠬᠢᠳᠠᠨ —  ᠯᠢᠶᠣᠤ ᠤᠯᠤᠰ ᠤᠨ ᠰᠣᠶᠣᠯ ᠤᠨ ᠲᠤᠬᠠᠶ ᠲᠠᠨᠢᠯᠲᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠪᠡ᠃      ᠳᠤᠮᠳᠠᠳᠤ ᠮᠣᠩᠭᠤᠯ ᠬᠤᠶᠠᠷ ᠤᠯᠤᠰ ᠠᠭᠤᠯᠠ ᠤᠰᠤ ᠪᠠᠷ ᠢᠶᠠᠨ ᠵᠠᠯᠭᠠᠯᠳᠤᠵᠤ᠂ ᠬᠥᠷᠰᠢ ᠵᠡᠷᠭᠡᠯᠡᠳᠡᠭᠡ ᠪᠠᠰᠠ ᠳᠣᠲᠣᠨᠣ᠂ ᠨᠢᠭᠲᠠ ᠬᠠᠷᠢᠯᠴᠠᠭ᠎ᠠ ᠪᠠ ᠨᠥᠬᠦᠷᠰᠡᠭ ᠶᠠᠪᠤᠯᠴᠠᠭ᠎ᠠ ᠲᠠᠢ ᠪᠠᠶᠢᠳᠠᠭ᠃ ᠣᠶᠢᠷ᠎ᠠ ᠶᠢᠨ ᠵᠢᠯ ᠤᠳ ᠲᠤ᠂ ᠬᠤᠶᠠᠷ ᠤᠯᠤᠰ ᠤᠨ ᠰᠣᠶᠣᠯ ᠤᠨ ᠲᠠᠯ᠎ᠠ ᠪᠠᠷ ᠬᠢ ᠬᠠᠮᠲᠤᠷᠠᠯᠴᠠᠭ᠎ᠠ ᠡᠳᠦᠷ ᠢᠷᠡᠬᠦᠶ᠎ᠡ ᠴᠢᠩᠭᠠᠷᠠᠵᠤ᠂ ᠰᠣᠶᠣᠯ ᠤᠨ ᠥᠪ ᠢ ᠬᠠᠮᠠᠭᠠᠯᠠᠬᠤ᠂ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠪᠠ ᠨᠢᠭᠲᠠᠯᠠᠨ ᠰᠢᠨᠵᠢᠯᠡᠬᠦ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠨᠡᠯᠢᠶᠡᠳ ᠶᠡᠭᠡ ᠠᠮᠵᠢᠯᠲᠠ ᠣᠯᠵᠠᠶ᠃ ᠲᠣᠰ ᠤᠳᠠᠭᠠᠨ ᠤ ᠦᠵᠡᠰᠬᠦᠯᠡᠩ ᠢ ᠡᠷᠬᠢᠯᠡᠭᠰᠡᠨ ᠨᠢ ᠳᠤᠮᠳᠠᠳᠤ ᠮᠣᠩᠭᠤᠯ ᠬᠤᠶᠠᠷ ᠤᠯᠤᠰ ᠤᠨ ᠮᠦᠽᠧᠶ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠦᠵᠡᠰᠬᠦᠯᠡᠩ ᠤᠨ ᠲᠠᠯ᠎ᠠ ᠪᠠᠷ ᠬᠢ ᠠᠩᠬᠠᠨ ᠤ ᠬᠠᠮᠲᠤᠷᠠᠯᠴᠠᠭ᠎ᠠ ᠶᠤᠮ᠂ ᠪᠢᠳᠡᠨ ᠤ ᠠᠳᠠᠯᠢ ᠪᠤᠰᠤ ᠭᠠᠵᠠᠷ ᠣᠷᠣᠨ ᠤ ᠪᠣᠯᠪᠠᠰᠤᠨ ᠤ ᠬᠤᠭᠤᠷᠣᠨᠳᠣᠬᠢ ᠬᠠᠮᠲᠦᠷᠠᠯ ᠤᠨ ᠬᠠᠷᠢᠴᠠᠭ᠎ᠠ ᠶᠢ ᠭᠦᠨᠵᠡᠭᠡᠶ ᠣᠶᠢᠯᠠᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠳᠠᠭᠠᠯᠠᠭᠳᠠᠴᠠ ᠡᠯᠪᠡᠭ ᠪᠠᠶᠠᠯᠢᠭ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠮᠣ ᠮᠣᠵᠢ ᠣᠷᠣᠨ ᠪᠣᠯᠬᠤ ᠶᠤᠮ᠂ ᠲᠡᠭᠡᠬᠦ ᠳᠤ ᠪᠠᠨ ᠬᠢᠳᠠᠨ ᠤ ᠯᠢᠶᠣᠤ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ᠂ ᠮᠣᠩᠭᠤᠯ ᠤᠨ ᠶᠤᠸᠠᠨ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠨᠢ ᠬᠠᠮᠤᠭ ᠤᠨ ᠲᠣᠳᠤᠷᠬᠠᠢ ᠰᠣᠶᠣᠯ ᠤᠨ ᠣᠨᠴᠠᠯᠢᠭ ᠲᠠᠢ ᠪᠠᠶᠢᠳᠠᠭ᠃ ᠣᠳᠣᠬᠠᠨ ᠳᠤ ᠪᠢᠳᠡᠨ ᠳᠤ ᠤᠯᠤᠰ ᠤᠨ ᠲᠡᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 141 ᠪᠠᠶᠢᠵᠤ᠂ 1125464 ᠬᠤᠪᠢ ︵ᠢᠵᠢ︶ ᠮᠦᠽᠸᠢ ᠳᠤ ᠬᠠᠳᠠᠭᠠᠯᠠᠭᠳᠠᠭ᠎ᠠ ᠲᠡᠤᠬᠡ ᠶᠢᠨ ᠳᠤᠷᠠᠰᠬᠠᠯᠲᠤ ᠵᠦᠢᠯ ᠪᠣᠶ᠂ ᠡᠭᠦᠨ ᠳᠤ ᠤᠯᠤᠰ ᠤᠨ ᠨᠢᠭᠡᠳᠦᠭᠡᠷ ᠲᠡᠰ ᠤᠨ ᠲᠡᠤᠬᠡ ᠶᠢᠨ ᠳᠤᠷᠠᠰᠬᠠᠯᠲᠤ ᠵᠦᠢᠯ 2152 ᠬᠤᠪᠢ ︵ᠢᠵᠢ︶ ᠪᠣᠶ᠂ ᠡᠳᠡᠭᠡᠷ ᠨᠢ ᠥᠪᠥᠷ ᠮᠣᠩᠭᠤᠯ ᠤᠨ ᠡᠯ᠎ᠡ ᠲᠡᠤᠬᠡᠨ ᠴᠠᠭ ᠦᠶ᠎ᠡ ᠶᠢᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠲᠥᠯᠥᠭᠡᠯᠡᠵᠦ ᠪᠠᠶᠢᠨ᠎ᠠ᠃ ᠥᠪᠥᠷ ᠮᠣᠩᠭᠤᠯ ᠤᠨ ᠣᠨᠴᠠ ᠳᠠᠪᠠᠭᠤᠯᠢᠭ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠪᠣᠯᠤᠨ ᠣᠷᠤᠨ ᠤ ᠪᠠᠶᠢᠷᠢᠰᠢᠯ ᠤᠨ ᠳᠠᠪᠠᠭᠤᠯᠢᠭ ᠲᠠᠯ᠎ᠠ ᠶᠢ ᠠᠰᠢᠭᠯᠠᠨ᠂ ᠤᠯᠤᠰ ᠬᠢᠭᠡᠳ ᠭᠠᠵᠠᠷ ᠣᠷᠣᠨ ᠤ ᠬᠤᠭᠤᠷᠣᠨᠳᠣᠬᠢ ᠮᠦᠽᠧᠶ ᠶᠢᠨ ᠰᠣᠯᠢᠯᠴᠠᠭ᠎ᠠ ᠶᠢ ᠥᠷᠨᠢᠭᠦᠯᠬᠦ ᠨᠢ ᠨᠢᠭᠡ ᠳᠤ᠂ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠵᠦ᠂ ᠳᠤᠮᠳᠠᠳᠤ ᠶᠢᠨ ᠰᠣᠶᠣᠯ ᠤᠨ ᠭᠠᠳᠠᠭᠰᠢ ᠭᠠᠷᠬᠤ ᠶᠢ ᠠᠬᠢᠭᠤᠯᠤᠨ᠂ ᠥᠪᠥᠷ ᠮᠣᠩᠭᠤᠯ ᠤᠨ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠪᠣᠯᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠨᠠᠩ ᠠᠰᠢᠭᠲᠠᠢ ᠪᠠᠶᠢᠵᠤ᠂ ᠥᠪᠥᠷ ᠮᠣᠩᠭᠤᠯ ᠤᠨ ᠣᠯᠠᠨ ᠤᠯᠤᠰ ᠲᠤ ᠬᠢ ᠨᠥᠯᠥᠭᠡᠯᠡᠬᠦ ᠬᠦᠴᠦᠨ ᠪᠣᠯᠤᠨ ᠠᠯᠳᠠᠷᠰᠢᠯ ᠢ ᠲᠡᠭᠡᠭᠰᠢᠯᠡᠭᠦᠯᠵᠦ ᠲᠡᠶᠢᠯᠦᠨ᠎ᠡ᠃ ᠬᠤᠶᠠᠷ ᠲᠤ᠂ ᠰᠣᠶᠣᠯ ᠤᠨ ᠢᠲᠡᠭᠡᠯ᠂ ᠰᠣᠶᠣᠯ ᠤᠨ ᠤᠬᠠᠮᠰᠠᠷ ᠢ ᠪᠣᠶ ᠪᠣᠯᠭᠠᠵᠤ᠂ ᠥᠪᠥᠷ ᠮᠣᠩᠭᠤᠯ ᠤᠨ ᠰᠣᠶᠣᠯ ᠤᠨ ᠲᠠᠲᠠᠬᠤ ᠬᠦᠴᠦᠨ ᠪᠠ ᠠᠭᠤᠯᠤᠭᠳᠠᠬᠤᠨ ᠢ ᠢᠯᠡᠷᠡᠭᠦᠯᠬᠦ ᠳᠤ ᠠᠰᠢᠭᠲᠠᠢ᠃ ᠭᠤᠷᠪᠠ ᠳᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠠᠰᠢᠭᠯᠠᠬᠤ ᠠᠷᠭ᠎ᠠ ᠵᠠᠮ ᠢ ᠦᠷᠭᠡᠳᠭᠡᠬᠦ ᠳᠤ ᠠᠰᠢᠭᠲᠠᠢ᠂ ᠲᠡᠤᠬᠡ ᠶᠢᠨ ᠳᠤᠷᠠᠰᠬᠠᠯᠲᠤ ᠵᠦᠢᠯᠡᠰ ᠢ ᠭᠦᠢᠴᠡᠳ ︽ᠠᠮᠢᠯᠠᠭᠤᠯᠵᠤ︾᠂ ᠰᠣᠶᠣᠯ ᠤᠨ ᠤᠬᠠᠭᠤᠯᠭ᠎ᠠ ᠬᠥᠮᠦᠵᠢᠯ ᠢ ᠳᠡᠯᠭᠡᠷᠡᠭᠦᠯᠬᠦ ᠲᠠᠯ᠎ᠠ ᠪᠠᠷ ᠨᠠᠩ ᠠᠮᠢᠳᠤᠯᠢᠭ᠂ ᠨᠠᠩ ᠴᠢᠬᠤᠯᠠ ᠦᠢᠯᠡᠳᠦᠯ ᠢ ᠪᠠᠳᠠᠷᠠᠭᠤᠯᠤᠨ᠎ᠠ᠃      ᠣᠳᠣᠬᠠᠨ ᠳᠤ᠂ ᠲᠤᠮᠳᠠᠳᠤ ᠮᠤᠩᠭᠤᠯ ᠣᠷᠣᠰ ᠭᠠᠷ ᠬᠦᠲᠦᠯᠦᠯᠴᠡᠨ ᠠᠵᠤ ᠠᠬᠤᠢ ᠶᠢᠨ ᠪᠠᠶᠢᠯᠳᠤᠬᠤ ᠪᠣᠳᠣᠯᠭ᠎ᠠ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠣᠷᠣᠨ ᠵᠠᠶ ᠶᠢ ᠪᠦᠬᠦ ᠲᠠᠯ᠎ᠠ ᠪᠠᠷ ᠥᠷᠭᠡᠳᠬᠡᠵᠦ᠂ ᠬᠠᠮᠲᠤ ᠪᠠᠷ ᠬᠥᠭᠵᠢᠬᠦ ᠰᠢᠨ᠎ᠡ ᠲᠠᠪᠴᠠᠩ ᠢ ᠪᠠᠶᠢᠭᠤᠯᠵᠤ ᠪᠠᠶᠢᠨ᠎ᠠ᠂ ᠣᠨᠴᠠᠭᠠᠶᠢᠯᠠᠨ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ ᠨᠢ ᠲᠠᠯ᠎ᠠ ᠨᠤᠲᠤᠭ ᠤᠨ ᠲᠣᠷᠭᠠᠨ ᠤ ᠵᠠᠮ ᠤᠨ ᠰᠣᠶᠣᠯ ᠤᠨ ᠠᠭᠤᠯᠤᠭᠳᠠᠬᠤᠨ ᠢ ᠠᠭᠤᠳᠠᠯᠤᠨ ᠢᠯᠡᠷᠡᠭᠦᠯᠬᠦ ᠪᠠ ᠳᠡᠭᠡᠭᠰᠢᠯᠡᠭᠦᠯᠬᠦ ᠶᠢ ᠨᠠᠩ ᠴᠢᠬᠤᠯᠠ ᠪᠣᠯᠭᠠᠵᠠᠶ᠃ ᠲᠠᠷᠠᠭᠠᠴᠢ ᠶᠢᠨ ᠠᠯᠬᠤᠮ ᠳᠤ᠂ ᠪᠢᠳᠡ ᠣᠷᠣᠰ ᠲᠤ ᠥᠪᠥᠷ ᠮᠣᠩᠭᠤᠯ ᠤᠨ ᠲᠣᠮᠣ ᠬᠡᠯᠪᠡᠷᠢ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠦᠵᠡᠰᠬᠦᠯᠡᠩ ᠢ ᠡᠷᠬᠢᠯᠡᠵᠦ᠂ ᠥᠪᠥᠷ ᠮᠣᠩᠭᠤᠯ ᠬᠢᠭᠡᠳ ᠬᠦᠷᠰᠢ ᠲᠤᠭᠤᠷᠢᠨ ᠤᠯᠤᠰ ᠣᠷᠣᠨ ᠤ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠡᠷᠴᠢᠮ ᠢᠶᠠᠨ ᠴᠢᠩᠭᠠᠷᠠᠭᠤᠯᠬᠤ ᠶᠤᠮ᠂ ᠬᠠᠭᠤᠴᠢ ᠰᠤᠳᠤᠯᠤᠯ᠂ ᠮᠦᠽᠧᠶ ᠶᠢᠨ ᠰᠣᠯᠢᠯᠴᠠᠭ᠎ᠠ᠂ ᠰᠣᠶᠣᠯ ᠤᠨ ᠠᠵᠢᠯᠯᠠᠭ᠎ᠠ ᠶᠢ ᠡᠷᠬᠢᠯᠡᠬᠦ ᠵᠡᠷᠭᠡ ᠲᠠᠯ᠎ᠠ ᠪᠠᠷ ᠰᠢᠨ᠎ᠡ ᠬᠠᠮᠲᠤᠷᠠᠯᠴᠠᠭ᠎ᠠ ᠪᠠ ᠬᠥᠭᠵᠢᠯᠲᠡ ᠶᠢ ᠡᠷᠢᠯᠬᠢᠯᠡᠨ᠎ᠡ᠃      ᠬᠤᠶᠠᠷ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠠᠵᠢᠯ ᠢ ᠥᠷᠨᠢᠭᠦᠯᠦᠭᠰᠡᠨ  ᠪᠠᠶᠢᠳᠠᠯ      ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠥᠭᠡᠷᠡᠴᠢᠯᠡᠯᠲᠡ ᠶᠢ ᠴᠢᠩᠭᠠᠳᠬᠠᠬᠤ ᠲᠤᠬᠠᠶ ᠰᠠᠨᠠᠯ ᠤᠳ︾ ᠂ ︽ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠶᠢᠨ ᠠᠵᠢᠯ ︵2018 — 2022︶ ᠢ ᠬᠢᠬᠦ ᠲᠤᠬᠠᠶ ᠰᠠᠨᠠᠯ︾ ᠤᠨ ᠲᠥᠬᠦᠷ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠠᠢ᠃ ᠬᠤᠶᠠᠷ ︽ᠰᠠᠨᠠᠯ︾ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠢᠳᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠥᠭᠡᠷᠡᠴᠢᠯᠡᠯᠲᠡ  ᠶᠢ ᠬᠡᠷᠡᠭᠵᠢᠭᠦᠯᠬᠦ ᠰᠠᠨᠠᠯ︾ ᠢ ᠲᠤᠭᠤᠷᠪᠢᠵᠤ ᠲᠠᠭᠤᠰᠬᠠᠯ᠎ᠠ᠂ ᠰᠠᠨᠠᠯ ᠬᠤᠷᠢᠶᠠᠵᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ 8 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠬᠦ ᠪᠠᠷ ᠪᠠᠶᠢᠨ᠎ᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯᠯᠠᠭ᠎ᠠ ᠶᠢᠨ ᠲᠥᠰᠦᠯ ︵2018 — 2022︶ ︵ᠡᠬᠡ ᠨᠣᠣᠷᠠᠭ︶︾ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠨᠢᠭᠡᠨᠲᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠤ  ᠳᠡᠪᠰᠢᠭᠦᠯᠦᠭᠰᠡᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠦᠷᠦᠭᠦᠯᠡᠨ ᠨᠡᠶᠢᠲᠡᠯᠡᠵᠦ ᠨᠠᠶᠢᠳᠠᠪᠤᠷᠢᠵᠢᠭᠤᠯᠤᠨ᠎ᠠ᠃      ︵ᠬᠤᠶᠠᠷ︶ ᠲᠡᠤᠬᠡ ᠶᠢᠨ ᠳᠤᠷᠠᠰᠬᠠᠯᠲᠤ ᠵᠦᠢᠯᠡᠰ ᠤᠨ ᠦᠨ᠎ᠡ ᠥᠷᠲᠡᠭ ᠢ ᠤᠯᠠᠮᠵᠢᠯᠠᠨ ᠳᠡᠯᠭᠡᠷᠡᠭᠦᠯᠬᠦ ᠠᠵᠢᠯ ᠢ ᠴᠢᠩᠭᠠᠳᠬᠠᠵᠠᠢ᠃ ᠥᠪᠥᠷ ᠮᠣᠩᠭᠤᠯ ᠤᠨ ᠮᠦᠽᠧᠶ ᠪᠠᠷ ᠲᠦᠷᠦᠭᠦᠯᠡᠭᠦᠯᠦᠨ᠂ ᠪᠦᠬᠦ ᠣᠷᠣᠨ ᠤ ᠦᠨᠳᠦᠰᠦᠨ ᠱᠠᠲᠤᠨ ᠤ ᠮᠦᠽᠧᠶ ᠶᠢ ᠳᠠᠶᠢᠴᠢᠯᠠᠵᠤ᠂ ︽ᠦᠨᠳᠦᠰᠦᠲᠡᠨ ᠤ ᠰᠣᠶᠣᠯ ᠢ ᠤᠯᠠᠮᠵᠢᠯᠠᠨ ᠳᠡᠯᠭᠡᠷᠡᠭᠦᠯᠬᠦ᠂ ᠡᠬᠡ ᠣᠷᠣᠨᠴᠢ ᠦᠵᠡᠯ ᠤᠨ ᠬᠥᠮᠦᠵᠢᠯ ᠪᠣᠯᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ︾ ᠭᠡᠬᠦ ᠭᠤᠷᠪᠠᠨ ᠶᠡᠭᠡ ᠡᠭᠦᠷᠭᠡ ᠶᠢᠨ ᠲᠣᠭᠤᠷᠢᠨ ᠳᠤ ᠠᠵᠢᠯ ᠢᠶᠠᠨ ᠥᠷᠨᠢᠭᠦᠯᠦᠨ᠎ᠡ᠃ ᠣᠳᠣᠬᠠᠨ ᠳᠤ᠂ ᠥᠪᠥᠷ ᠮᠣᠩᠭᠤᠯ ᠤᠨ ᠮᠦᠽᠧᠶ ᠨᠢ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ 7 ᠳ᠋ᠤᠭᠠᠷ ᠰᠠᠷ᠎ᠠ ᠶᠢᠨ 28 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠮᠦᠽᠧᠶ 2019 ᠣᠨ  ᠳᠤ 7 ᠰᠠᠷ᠎ᠠ ᠶᠢᠨ ᠬᠤᠭᠤᠴᠠᠭᠠᠨ ᠤ ᠬᠤᠭᠤᠷᠣᠨᠳᠣ᠂ ᠨᠢᠭᠡᠨᠲᠡ 127.77 ᠲᠦᠮᠡᠨ ᠬᠥᠮᠦᠨ ᠤᠳᠠᠭ᠎ᠠ ᠦᠵᠡᠭᠴᠢᠳ ᠢ ᠬᠦᠯᠢᠶᠡᠨ ᠠᠪᠴᠤ᠂ ᠡᠯ᠎ᠡ ᠲᠥᠷᠥᠯ ᠤᠨ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠲᠠᠯᠠᠪᠤᠷ 272 ᠤᠳᠠᠭ᠎ᠠ ᠡᠷᠬᠢᠯᠡᠵᠡᠢ᠃ ᠡᠭᠦᠨ ᠤ ᠬᠠᠮᠲᠤ᠂ ᠥᠪᠥᠷ ᠮᠣᠩᠭᠤᠯ ᠤᠨ ᠮᠦᠽᠧᠶ ᠪᠠᠰᠠ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠨᠢᠭᠲᠠ ᠬᠠᠮᠲᠤᠷᠠᠯᠴᠠᠵᠤ᠂ ᠮᠦᠽᠧᠶ ᠶᠢᠨ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠤᠨ ᠠᠵᠢᠯ ᠢ ᠢᠳᠡᠪᠬᠢᠲᠡᠢ ᠰᠦᠪᠡᠭᠴᠢᠯᠡᠨ ᠥᠷᠨᠢᠭᠦᠯᠵᠦ᠂ ᠮᠠᠰᠢ ᠰᠠᠶᠢᠨ ᠦᠷ᠎ᠡ ᠪᠦᠲᠦᠮᠵᠢ ᠣᠯᠵᠠᠶ᠃ ︽ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠤᠨ ᠲᠥᠷᠥᠯ ᠵᠦᠢᠯ ᠤᠨ ᠬᠥᠮᠥᠷᠭᠡ︾ ᠶᠢ ᠨᠠᠶᠢᠷᠠᠭᠤᠯᠤᠨ᠂ ᠶᠢᠰᠦᠨ ᠶᠡᠭᠡ ᠲᠥᠷᠥᠯ 123 ᠵᠦᠢᠯ ᠢ ᠬᠡᠪᠯᠡᠭᠦᠯᠵᠡᠢ᠃ ᠥᠪᠥᠷ ᠮᠣᠩᠭᠤᠯ ᠤᠨ ᠮᠦᠽᠧᠶ ᠶᠢᠨ ︽ᠪᠠᠶᠠᠷ ᠪᠠᠶᠠᠰᠬᠤᠯᠠᠩᠲᠤ ᠬᠢᠴᠢᠶᠡᠯ ᠤᠨ ᠲᠠᠩᠬᠢᠮ︾ ᠮᠡᠳᠡᠯᠭᠡ ᠶᠢᠨ ᠤᠷᠤᠯᠳᠤᠭᠠᠨ ᠪᠠ ᠰᠤᠷᠤᠭᠴᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠬᠢᠴᠢᠶᠡᠯ ︽ᠠᠩᠬᠠᠳᠤᠭᠠᠷ ᠬᠤᠭᠤᠴᠠᠭᠠᠨ ᠤ ︿ᠳᠤᠮᠳᠠᠳᠤ ᠤᠯᠤᠰ ᠤᠨ ᠮᠦᠽᠧᠶ ᠶᠢᠨ ᠰᠤᠷᠭᠠᠨ ᠬᠥᠮᠦᠵᠢᠯ ᠤᠨ ᠲᠥᠷᠥᠯ ᠵᠦᠢᠯ ᠤᠨ ᠵᠢᠱᠢᠶ᠎ᠡ ᠦᠵᠡᠭᠦᠯᠬᠦ ᠬᠡᠷᠡᠭ ᠤᠨ ᠵᠢᠱᠢᠶ᠎ᠡ﹀ ᠠᠴᠠ ᠰᠢᠯᠭᠠᠷᠠᠭᠤᠯᠤᠭᠰᠠᠨ ᠰᠢᠯᠢᠳᠡᠭ ᠵᠢᠱᠢᠶ᠎ᠡ︾  ᠳᠤ ᠰᠤᠩᠭᠤᠭᠳᠠᠨ ᠣᠷᠤᠵᠤ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠪᠥᠬᠦ ᠤᠯᠤᠰ ᠤᠨ ᠮᠦᠽᠧᠶ ᠶᠢᠨ ᠰᠦᠢᠳᠭᠡᠯ ᠬᠤᠷᠢᠶᠠᠬᠤ ᠦᠭᠡᠢ  ︽ᠨᠠᠰᠤᠨ ᠳᠤ ᠥᠯᠥ ᠬᠦᠷᠦᠭᠰᠡᠳ ᠤᠨ ᠬᠠᠮᠤᠭ ᠤᠨ ᠰᠠᠶᠢᠨ ᠰᠤᠷᠭᠠᠨ ᠬᠥᠮᠦᠵᠢᠯ︾ ᠤᠨ ᠲᠥᠷᠥᠯ ᠵᠦᠢᠯ ᠢᠶᠠᠷ ᠦᠨᠡᠯᠡᠭᠳᠡᠪᠡ᠃ ᠥᠪᠥᠷ ᠮᠣᠩᠭᠤᠯ ᠤᠨ ᠮᠦᠽᠧᠶ ᠶᠢᠨ ᠲᠣᠭᠠᠴᠢᠯᠠᠭᠰᠠᠨ ᠨᠡᠭᠦᠳᠡᠯ ᠮᠦᠽᠧᠶ ᠶᠢᠨ ᠦᠵᠡᠭᠦᠯᠦᠯᠭᠡ ᠶᠢᠨ ᠲᠡᠷᠭᠡ ᠨᠢ ᠪᠦᠬᠦ ᠣᠷᠣᠨ ᠳᠤ 400 ᠭᠠᠷᠤᠶ ᠲᠠᠯᠠᠪᠠᠢ ᠲᠣᠭᠤᠷᠢᠨ ᠦᠵᠡᠭᠦᠯᠵᠦ᠂ ᠨᠡᠶᠢᠲᠡ 3 ᠺᠢᠯᠣᠮᠧᠲᠷ ᠠᠶᠠᠯᠠᠵᠤ᠂ 20 ᠲᠦᠮᠡ ᠢᠯᠡᠭᠦᠦ ᠦᠵᠡᠭᠴᠢᠳ ᠲᠤ ᠠᠰᠢᠭ ᠬᠦᠷᠲᠡᠭᠡᠪᠡ᠃      ︵ᠭᠤᠷᠪᠠ︶ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠴᠢᠩᠭᠠᠳᠬᠠᠵᠠᠢ᠃ ᠤᠯᠠᠭᠠᠨᠬᠦᠤ ᠶᠢᠨ ᠳᠤᠷᠠᠰᠬᠠᠯ ᠤᠨ ᠣᠷᠳᠣᠨ᠂ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠤᠨ ᠳᠤᠷᠠᠰᠬᠠᠯ ᠤᠨ ᠣᠷᠳᠣᠨ᠂ ᠬᠢᠩᠭᠠᠨ ᠠᠶᠢᠮᠠᠭ ᠤᠨ ︽ᠨᠢᠭᠡ ᠣᠷᠳᠣᠨ ᠭᠤᠷᠪᠠᠨ ᠪᠠᠭᠤᠷᠢ︾᠂  ᠣᠲᠤᠭ ᠤᠨ ᠡᠮᠦᠨᠡᠲᠦ ᠬᠤᠰᠢᠭᠤ ᠶᠢᠨ ᠶᠠᠨ ᠠᠨ ᠤ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠴᠧᠩᠴᠤᠸᠠᠨ ᠳᠤᠷᠠᠰᠬᠠᠯ ᠤᠨ ᠣᠷᠳᠣᠨ ᠵᠡᠷᠭᠡ ᠴᠢᠬᠤᠯᠠ ᠳᠤᠷᠠᠰᠬᠠᠯ ᠤᠨ ᠣᠷᠳᠣᠨ ᠢᠶᠠᠷ ᠭᠤᠤᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠳᠤᠮᠳᠠ᠂ ᠵᠡᠭᠦᠨ᠂ ᠪᠠᠷᠠᠭᠤᠨ ᠣᠷᠣᠨ ᠤ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠭᠰᠠᠨ ᠨᠢ ᠪᠦᠬᠦ ᠣᠷᠣᠨ ᠤ ᠬᠤᠪᠢᠰᠬᠠᠯ ᠤᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠠᠵᠢᠯ ᠢ ᠲᠠᠶᠢᠴᠢᠯᠠᠵᠠᠢ᠃ ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠶ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠦᠨᠳᠦᠰᠦᠨ ᠳᠤ ᠪᠠᠨ ᠠᠵᠢᠯ ᠳᠠᠭᠤᠰᠴᠠᠶ᠃ ᠪᠦᠷᠢᠳᠬᠡᠯ ᠳᠤ ᠦᠨᠳᠦᠰᠦᠯᠡᠪᠡᠯ᠂ ᠪᠦᠬᠦ ᠣᠷᠣᠨ ᠤ ᠤᠯᠤᠰ ᠤᠨ ᠥᠮᠴᠢᠯᠡᠯ ᠤᠨ ᠰᠢᠯᠵᠢᠭᠦᠯᠵᠦ ᠪᠣᠯᠬᠤ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠬᠤ ᠨᠢᠭᠡᠴᠢ 52 ᠪᠠᠶᠢᠭᠤᠯᠭ᠎ᠠ᠂ ᠰᠢᠯᠵᠢᠭᠦᠯᠵᠦ ᠪᠣᠯᠬᠤ ᠬᠤᠪᠢᠰᠬᠠᠯ ᠤᠨ ᠳᠤᠷᠠᠰᠬᠠᠯᠲᠤ ᠵᠦᠢᠯᠡᠰ 12403 ᠵᠦᠢᠯ ︵ᠢᠵᠢ︶ ᠪᠠᠶᠢᠨ᠎ᠠ᠃      ︵ᠲᠦᠷᠪᠡ︶ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠡᠢ᠃ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠪᠠᠶᠢᠷᠢᠯᠠᠭᠤᠯᠤᠯᠲᠠ ᠪᠣᠯᠤᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠬᠤᠷᠠᠯᠳᠤᠭᠤᠯᠵᠤ᠂ ᠪᠦᠬᠦ ᠣᠷᠣᠨ ᠤ ᠮᠦᠽᠧᠶ ᠪᠣᠯᠤᠨ ᠴᠢᠯᠦᠭᠡᠲᠡᠢ ᠨᠡᠭᠡᠭᠡᠬᠦ  ᠲᠡᠤᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠪᠠᠶᠢᠷᠢᠯᠠᠭᠤᠯᠪᠠ᠃ ᠪᠦᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠶ ᠵᠦᠢᠯ ᠢᠶᠠᠷ ᠰᠢᠮᠳᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠨᠲᠡ ᠪᠦᠬᠦ ᠣᠷᠣᠨ ᠤ 11 ᠠᠶᠢᠮᠠᠭ ᠬᠤᠲᠠ ᠶᠢᠨ 26 ᠬᠤᠰᠢᠭᠤ ᠰᠢᠶᠠᠨ ᠲᠣᠭᠤᠷᠢᠭ ᠤᠨ 63 ᠤᠯᠤᠰ ᠤᠨ ᠠᠮᠤᠷ ᠢ ᠬᠠᠮᠠᠭᠠᠯᠠᠬᠤ ᠨᠢᠭᠡᠴᠢ᠂ ᠲᠣᠭᠤᠷᠢᠭ ᠤᠨ ᠠᠮᠤᠷ ᠢ ᠬᠠᠮᠠᠭᠠᠯᠠᠬᠤ 40 ᠨᠢᠭᠡᠴᠢ᠂ 59 ᠮᠦᠽᠧᠶ ᠶᠢ ᠰᠢᠮᠳᠠᠭᠤᠯᠤᠨ ᠪᠠᠶᠢᠴᠠᠭᠠᠬᠤ ᠶᠢ ᠪᠡᠶᠡᠯᠡᠭᠦᠯᠪᠡ᠃ ᠡᠯ᠎ᠡ ᠱᠠᠲᠤᠨ ᠤ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠢ ᠶᠢᠨ ᠬᠠᠮᠠᠭᠠᠯᠠᠯᠲᠠ ᠶᠢᠨ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢ ᠬᠢᠵᠠᠭᠠᠷᠯᠠᠬᠤ ᠣᠷᠣᠨ ᠪᠦᠰᠡ ᠶᠢᠨ ᠳᠣᠲᠣᠷᠠᠬᠢ ᠲᠣᠭᠲᠠᠭᠠᠯ ᠠᠴᠠ ᠵᠥᠷᠢᠴᠡᠨ ᠣᠩᠭᠤᠨ ᠪᠠᠶᠢᠭᠤᠯᠤᠭᠰᠠᠨ ᠪᠠᠶᠢᠳᠠᠯ ᠢ ᠲᠤᠰᠬᠠᠶ ᠵᠦᠢᠯ ᠢᠶᠠᠷ ᠣᠶᠢᠯᠠᠭᠠᠨ ᠵᠢᠭᠰᠠᠭᠠᠬᠤ ᠠᠵᠢᠯᠯᠠᠭ᠎ᠠ ᠶᠢ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠳᠤᠷ᠎ᠠ ᠪᠠᠷ ᠢᠶᠠᠨ ︽ᠣᠷᠣᠨ ᠰᠠᠭᠤᠴᠠ ᠶᠢᠨ ᠮᠠᠶ᠋ᠢᠭ︾ ᠤᠨ ᠴᠢᠨᠳᠠᠷ ᠲᠠᠯᠪᠢᠬᠤ ᠪᠠᠷᠢᠯᠭ᠎ᠠ ᠶᠢ ᠨᠡᠶᠢᠲᠡ 75 ᠭᠠᠵᠠᠷ᠂ ᠬᠠᠤᠯᠢ ᠲᠣᠭᠲᠠᠭᠠᠯ ᠠᠴᠠ ᠵᠥᠷᠢᠴᠡᠨ ᠬᠤᠪᠢ ᠪᠠᠷ ᠢᠶᠠᠨ ᠪᠠᠶᠢᠭᠤᠯᠤᠭᠰᠠᠨ ᠠᠮᠢᠳᠤ ᠬᠥᠮᠦᠨ ᠤ ᠣᠩᠭᠤᠨ ᠢ 50 ᠰᠠᠭᠤᠷᠢ᠂ ᠬᠠᠤᠯᠢ ᠳᠦᠷᠢᠮ ᠲᠣᠭᠲᠠᠭᠠᠯ ᠠᠴᠠ ᠵᠥᠷᠢᠴᠡᠨ ᠬᠤᠪᠢ ᠪᠠᠷ ᠢᠶᠠᠨ ᠪᠠᠶᠢᠭᠤᠯᠤᠭᠰᠠᠨ ᠬᠠᠲᠠᠭᠤᠷᠠᠭᠤᠯᠤᠭᠰᠠᠨ ᠶᠡᠭᠡ ᠣᠩᠭᠤᠨ ᠢ ᠨᠡᠶᠢᠲᠡ 128 ᠰᠠᠭᠤᠷᠢ ᠶᠢ ᠪᠠᠶᠢᠴᠠᠭᠠᠨ ᠵᠢᠭᠰᠠᠭᠠᠪᠠ᠃ ᠠᠮᠤᠷ ᠢ ᠬᠠᠮᠠᠭᠠᠯᠠᠬᠤ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠬᠡᠷᠡᠭ ᠲᠤ ᠬᠤᠯᠪᠣᠭᠳᠠᠭᠰᠠᠨ ᠲᠡᠤᠬᠡ ᠶᠢᠨ ᠳᠤᠷᠠᠰᠬᠠᠯᠲᠤ ᠵᠦᠢᠯ ᠢ 8 ᠤᠳᠠᠭ᠎ᠠ ᠰᠢᠯᠭᠠᠨ ᠲᠣᠭᠲᠠᠭᠠᠵᠤ᠂ ᠬᠡᠷᠡᠭ ᠲᠤ ᠬᠤᠯᠪᠣᠭᠳᠠᠭᠰᠠᠨ 5160 ᠭᠠᠷᠤᠶ ᠲᠡᠤᠬᠡ ᠶᠢᠨ ᠳᠤᠷᠠᠰᠬᠠᠯᠲᠤ ᠵᠦᠢᠯ ︵ᠢᠵᠢ︶ ᠢ ᠰᠢᠯᠭᠠᠨ ᠲᠣᠭᠲᠠᠭᠠᠵᠠᠶ᠃      ︵ᠲᠠᠪᠤ︶ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠰᠢᠭᠯᠠᠬᠤ ᠠᠵᠢᠯ ᠢ  ᠴᠢᠩᠭᠠᠳᠬᠠᠪᠠ᠃ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ ᠤᠨ ᠬᠠᠭᠤᠴᠢᠨ ᠪᠠᠭᠤᠷᠢ ᠵᠡᠷᠭᠡ 36 ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢ ᠨᠠᠢᠮᠠᠳᠤᠭᠠᠷ ᠪᠦᠯᠦᠭ ᠤᠨ ᠪᠦᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠮᠡᠳᠡᠭᠦᠯᠬᠦ ᠠᠵᠢᠯ ᠢ ᠪᠡᠶᠡᠯᠡᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠤᠨ ᠪᠦᠲᠦᠭᠡᠨ ᠪᠠᠶᠢᠭᠤᠯᠤᠯᠲᠠ ᠶᠢᠨ ᠡᠵᠡᠮᠳᠡᠬᠦ ᠣᠷᠣᠨ ᠪᠦᠰᠡ ᠪᠠᠨ ᠨᠡᠶᠢᠲᠡᠯᠡᠬᠦ ᠶᠢ ᠠᠬᠢᠭᠤᠯᠪᠠ᠃ ᠲᠡᠤᠬᠡ ᠶᠢᠨ ᠳᠤᠷᠠᠰᠬᠠᠯᠲᠤ ᠵᠦᠢᠯᠡᠰ ᠤᠨ ᠲᠦᠷᠦᠯ ᠵᠦᠢᠯ ᠤᠨ ᠵᠠᠷᠤᠳᠠᠯ ᠢ ᠮᠡᠳᠡᠭᠦᠯᠬᠦ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠭᠤᠣᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠲᠦᠷᠦᠯ ᠵᠦᠢᠯ ᠤᠨ ᠵᠠᠷᠤᠳᠠᠯ 17448 ᠲᠦᠮᠡᠨ ᠲᠥᠭᠦᠷᠢᠭ ᠢ ᠨᠠᠶᠢᠳᠠᠪᠤᠷᠢᠵᠢᠭᠤᠯᠬᠤ  ᠪᠠᠷ ᠭᠤᠶᠤᠴᠢᠯᠠᠪᠠ᠃ ᠲᠦᠮᠡᠨ ᠭᠠᠵᠠᠷ ᠤᠨ ᠴᠠᠢ ᠶᠢᠨ ᠵᠠᠮ ᠢ ᠰᠣᠶᠣᠯ ᠤᠨ ᠥᠪ ᠢᠶᠠᠷ ᠮᠡᠳᠡᠭᠦᠯᠬᠦ ᠠᠵᠢᠯ ᠢ ᠶᠡᠬᠡᠪᠡᠷ ᠲᠦᠯᠬᠢᠨ  ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠠᠭᠤᠴᠢ ᠰᠤᠳᠤᠯᠭᠠᠨ ᠤ ᠠᠵᠢᠯ ᠳᠤ ᠢᠳᠡᠪᠬᠢᠲᠡᠢ ᠬᠠᠮᠵᠢᠯᠴᠠᠵᠤ᠂ ᠵᠢᠨᠢᠩ ᠳ᠋ᠠᠲ᠋ᠦ᠋ᠡᠭ ᠤᠨ ᠶᠡᠭᠡ ᠲᠡᠭᠡᠳᠦ ᠬᠤᠷᠳᠤ ᠶᠢᠨ ᠲᠡᠮᠦᠷ ᠵᠠᠮ᠂ ᠰᠢᠯᠢ ᠶᠢᠨ ᠭᠤᠤᠯ ᠠᠶᠢᠮᠠᠭ ᠤᠨ ᠰᠠᠯᠬᠢᠨ ᠬᠦᠴᠦᠨ ᠤ ᠴᠠᠬᠢᠯᠭᠠᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢᠨ ᠠᠵᠢᠯ ᠤᠨ 33 ᠲᠥᠷᠥᠯ ᠢ ᠨᠢᠭᠡᠨᠲᠡ ᠪᠡᠶᠡᠯᠡᠭᠦᠯᠪᠡ᠃      ᠪᠦᠬᠦ ᠣᠷᠣᠨ ᠤ ᠣᠨᠴᠠᠯᠢᠭ ᠲᠠᠢ ᠮᠦᠽᠧᠶ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠥᠪᠥᠷ ᠮᠣᠩᠭᠤᠯ ᠤᠨ ᠮᠦᠽᠧᠶ ᠶᠢᠨ ᠬᠤᠭᠤᠷᠣᠨᠳᠣᠬᠢ ᠬᠤᠯᠪᠣᠭ᠎ᠠ ᠶᠢ ᠪᠠᠶᠢᠭᠤᠯᠤᠨ᠂ ᠮᠦᠽᠧᠶ ᠶᠢᠨ ᠬᠠᠳᠠᠭᠠᠯᠠᠭᠳᠠᠴᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠦᠬᠦ ᠣᠷᠣᠨ ᠳᠤ ᠮᠦᠽᠧᠶ ᠶᠢᠨ ᠲᠣᠭᠤᠷᠢᠨ ᠦᠵᠡᠭᠦᠯᠬᠦ ᠠᠵᠢᠯᠯᠠᠭ᠎ᠠ ᠶᠢ ᠥᠷᠨᠢᠭᠦᠯᠪᠡ᠃ ᠪᠦᠬᠦ ᠣᠷᠣᠨ ᠤ ᠡᠯ᠎ᠡ ᠱᠠᠲᠤᠨ ᠤ ᠮᠦᠽᠧᠶ ᠤᠯᠤᠰ  ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠬᠤ ᠶᠢᠨ ᠲᠥᠯᠥᠭᠡ᠂ ᠦᠵᠡᠰᠬᠦᠯᠡᠩ ᠵᠢᠴᠢ ᠰᠤᠷᠭᠠᠨ ᠬᠥᠮᠦᠵᠢᠯ ᠤᠨ ᠠᠵᠢᠯᠯᠠᠭ᠎ᠠ ᠶᠢᠨ 170 ᠭᠠᠷᠤᠶ ᠵᠦᠢᠯ ᠢ ᠤᠬᠠᠭᠠᠯᠠᠨ ᠭᠠᠷᠭᠠᠵᠠᠢ᠂ ᠥᠪᠥᠷ ᠮᠣᠩᠭᠤᠯ ᠤᠨ ᠮᠦᠽᠧᠶ ︽ᠣᠨ ᠰᠠᠷ᠎ᠠ ᠤᠶᠠᠩᠭ᠎ᠠ ᠳᠠᠭᠤᠤ ᠮᠡᠲᠦ  ᠬᠤᠷᠢᠨ ᠵᠢᠯ ᠤᠨ ᠤᠯᠠ ᠮᠦᠷ — ᠥᠪᠥᠷ ᠮᠣᠩᠭᠤᠯ ᠤᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠬᠤᠷᠢᠨ ᠵᠢᠯ ᠤᠨ ᠣᠨᠴᠠᠭᠠᠢ ᠦᠵᠡᠰᠬᠦᠯᠡᠩ︾ ᠢ ᠭᠠᠷᠭᠠᠪᠠ᠃ ᠮᠦᠽᠧᠶ ᠶᠢᠨ ᠳᠡᠯᠭᠡᠨ ᠦᠵᠡᠭᠦᠯᠬᠦ ᠠᠵᠢᠯ ᠤᠯᠠᠮ ᠨᠢᠭᠡ ᠠᠯᠬᠤᠮ ᠳᠡᠭᠡᠭᠰᠢᠯᠡᠵᠦ᠂ ᠥᠪᠥᠷ ᠮᠣᠩᠭᠤᠯ ᠤᠨ ᠮᠦᠽᠧᠶ ᠶᠢᠨ ︽ᠶᠡᠭᠡ ᠯᠢᠶᠣᠤ ᠤᠯᠤᠰ ᠤᠨ ᠬᠢᠳᠠᠨ︾᠂ ︽ᠲᠡᠭᠷᠢᠯᠢᠭ ᠮᠣᠩᠭᠤᠯ︾ ᠦᠵᠡᠰᠬᠦᠯᠡᠩ ᠨᠢ ᠲᠤᠰ ᠲᠤᠰ ᠠᠷᠪᠠᠨ ᠲᠠᠪᠤᠳᠤᠭᠠᠷ ᠬᠤᠭᠤᠴᠠᠭ᠎ᠠ ︵2017 ᠣᠨ︶ ᠪᠣᠯᠤᠨ ᠠᠷᠪᠠᠨ ᠵᠢᠷᠭᠤᠳᠤᠭᠠᠷ ᠬᠤᠭᠤᠴᠠᠭ᠎ᠠ ︵2018 ᠣᠨ︶ ᠶᠢᠨ ᠪᠥᠬᠦ ᠤᠯᠤᠰ ᠤᠨ ᠮᠦᠽᠧᠶ ᠶᠢᠨ ᠠᠷᠪᠠᠨ ᠶᠡᠭᠡ ᠦᠵᠡᠭᠦᠯᠦᠯᠭᠡ ᠶᠢᠨ ᠰᠣᠳᠣᠨ ᠪᠦᠲᠦᠭᠡᠯ ᠤᠨ ᠱᠠᠩᠨᠠᠯ ᠢ ᠬᠦᠷᠲᠡᠪᠡ᠃      ︵ᠵᠢᠷᠭᠤᠭ᠎ᠠ︶ ᠮᠦᠽᠧᠶ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 4500 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠥᠪᠥᠷ ᠮᠣᠩᠭᠤᠯ ᠤᠨ ᠮᠦᠽᠧᠶ᠂ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠤ ᠲᠣᠭᠠᠴᠢᠯᠠᠭᠰᠠᠨ ᠦᠵᠡᠭᠦᠯᠦᠯᠭᠡ ᠶᠢᠨ ᠲᠢᠩᠬᠢᠮ ᠪᠣᠯᠤᠨ ᠰᠦᠯᠵᠢᠶᠡᠨ ᠳᠡᠭᠡᠷᠡᠬᠢ ᠲᠣᠭᠠᠴᠢᠯᠠᠭᠰᠠᠨ ᠮᠦᠽᠧᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠠᠭᠤᠰᠬᠠᠪᠠ᠃ ᠪᠦᠬᠦ ᠣᠷᠣᠨ ᠤ ᠡᠯ᠎ᠡ ᠱᠠᠲᠤᠨ ᠤ ᠮᠦᠽᠧᠶ ᠨᠢ ᠮᠦᠽᠸᠢ ᠶᠢᠨ ᠬᠠᠳᠠᠭᠠᠯᠠᠭᠳᠠᠴᠠ ᠶᠢᠨ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠰᠣᠶᠣᠯ ᠤᠨ ᠪᠦᠲᠦᠭᠡᠯᠴᠢ ᠲᠥᠰᠦᠪᠯᠡᠯ ᠤᠨ ᠦᠢᠯᠡᠳᠭᠦᠨ ᠤ ᠨᠡᠭᠡᠭᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠠᠢ᠃ ᠥᠪᠥᠷ ᠮᠣᠩᠭᠤᠯ ᠤᠨ ᠮᠦᠽᠧᠶ ᠶᠢᠨ ᠨᠡᠭᠡᠭᠡᠨ ᠬᠥᠭᠵᠢᠭᠦᠯᠦᠭᠰᠡᠨ ︽ᠲᠠᠯ᠎ᠠ ᠨᠤᠲᠤᠭ ᠤᠨ ᠴᠠᠢ ᠶᠢᠨ ᠵᠠᠮ ᠤᠨ ᠰᠢᠷᠢᠰ ᠪᠦᠲᠦᠭᠡᠭᠳᠡᠬᠦᠨ︾ ᠨᠢ ︽2019 ᠣᠨ ᠤ ᠳᠤᠮᠳᠠᠳᠤ ᠤᠯᠤᠰ ᠤᠨ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠠᠯᠲᠠᠨ ᠱᠠᠩᠨᠠᠯ︾ ᠢ ᠢᠷᠠᠭᠤ ᠠᠯᠳᠠᠷ ᠲᠠᠢ ᠪᠠᠷ ᠬᠦᠷᠲᠡᠪᠡ᠃      ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠪᠤᠳᠤᠯᠬᠢᠯᠠᠯ      ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠨ ᠦᠭᠡᠷᠡᠴᠢᠯᠡᠬᠦ ᠶᠢ ᠴᠢᠩᠭᠠᠳᠬᠠᠬᠤ ᠲᠤᠬᠠᠶ ᠰᠠᠨᠠᠯ ᠤᠳ︾᠂ ︽ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠢᠨᠵᠧᠨᠧᠷᠢᠩ ︵2018 — 2022︶ ᠢ ᠬᠡᠷᠡᠭᠵᠢᠭᠦᠯᠬᠦ ᠲᠤᠬᠠᠶ ᠰᠠᠨᠠᠯ︾ ᠤᠨ ᠲᠥᠬᠦᠷ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠢᠳᠡᠪᠬᠢᠯᠡᠨ ᠵᠣᠬᠢᠴᠠᠭᠤᠯᠵᠤ᠂ ᠳᠣᠤᠷ᠎ᠠ ᠬᠠᠭᠠᠰ ᠵᠢᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠨ ᠦᠭᠡᠷᠡᠴᠢᠯᠡᠬᠦ ᠶᠢ ᠬᠡᠷᠡᠭᠵᠢᠭᠦᠯᠬᠦ ᠰᠠᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯᠯᠠᠭ᠎ᠠ ᠶᠢᠨ ᠲᠥᠰᠦᠯ ︵2018 — 2022︶︾ ᠢ ᠨᠡᠶᠢᠲᠡᠯᠡᠬᠦ ᠪᠠᠷ ᠴᠢᠷᠮᠠᠶᠢᠨ᠎ᠠ᠃      ︵ᠬᠤᠶᠠᠷ︶ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠢᠨᠠᠨ ᠪᠠᠶᠢᠴᠠᠭᠠᠯᠳᠠ ᠪᠠ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠵᠣᠬᠢᠴᠠᠭᠤᠯᠬᠤ ᠲᠣᠭᠲᠠᠴᠠ ᠪᠠᠶᠢᠭᠤᠯᠬᠤ ᠶᠢ ᠠᠬᠢᠭᠤᠯᠵᠤ᠂ ᠪᠥᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠭᠤᠤᠯᠳᠠᠯᠭ᠎ᠠ ᠲᠠᠢ ᠠᠰᠠᠭᠤᠳᠠᠯ ᠢ ᠨᠡᠷᠡᠯᠡᠨ ᠵᠢᠭᠠᠵᠤ ᠰᠢᠮᠳᠠᠭᠤᠯᠤᠨ ᠰᠢᠢᠳᠪᠦᠷᠢᠯᠡᠬᠦ ᠬᠡᠷᠡᠭᠲᠡᠶ᠃ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃      ︵ᠭᠤᠷᠪᠠ︶ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠠᠵᠢᠯ ᠢ ᠠᠬᠢᠭᠤᠯᠤᠨ᠎ᠠ᠃ ᠲᠦᠮᠡᠨ ᠭᠠᠵᠠᠷ ᠤᠨ ᠴᠠᠢ ᠶᠢᠨ ᠵᠠᠮ᠂ ᠯᠢᠶᠣᠤ ᠤᠯᠤᠰ ᠤᠨ ᠲᠡᠭᠡᠲᠦ ᠨᠡᠶᠢᠰᠯᠡᠯ ᠪᠣᠯᠤᠨ ᠳᠡᠭᠡᠳᠦᠰ ᠤᠨ ᠣᠩᠭᠤᠨ ᠤ ᠪᠠᠭᠤᠷᠢ᠂ ᠤᠯᠠᠭᠠᠨᠬᠠᠳᠠ ᠶᠢᠨ ᠬᠠᠭᠤᠴᠢᠳ᠂ ᠮᠤᠨᠢ ᠠᠭᠤᠯᠠ ᠶᠢᠨ ᠬᠠᠳᠠᠨ ᠰᠡᠶᠢᠯᠦᠮᠡᠯ ᠢ ᠰᠣᠶᠣᠯ ᠤᠨ ᠥᠪ ᠢᠶᠠᠷ ᠮᠡᠳᠡᠭᠦᠯᠬᠦ ᠰᠠᠭᠤᠷᠢ ᠴᠢᠨᠠᠷᠲᠠᠶ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠡᠷᠲᠡᠨ ᠤ ᠪᠠᠷᠢᠯᠭ᠎ᠠ ᠂ ᠡᠷᠲᠡᠨ ᠤ ᠪᠠᠭᠤᠷᠢ᠂ ᠡᠷᠲᠡᠨ ᠤ ᠪᠤᠯᠠᠰᠢ᠂ ᠣᠷᠴᠢᠨ ᠤᠳᠤ ᠦᠶ᠎ᠡ ᠶᠢᠨ ᠪᠠᠷᠢᠯᠭ᠎ᠠ ᠵᠡᠷᠭᠡ ᠶᠢ ᠠᠪᠤᠷᠠᠬᠤ ᠪᠠ ᠬᠠᠮᠠᠭᠠᠯᠠᠵᠤ ᠰᠡᠯᠪᠢᠨ ᠵᠠᠰᠠᠬᠤ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠪᠦᠬᠦ ᠣᠷᠣᠨ ᠤ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠳᠠᠬᠢᠨ ᠪᠠᠶᠢᠴᠠᠭᠠᠵᠤ᠂ ᠪᠦᠬᠦ ᠣᠷᠣᠨ ᠤ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠷᠡᠰ ᠤᠨ ᠵᠢᠭᠰᠠᠭᠠᠯᠲᠠ ᠶᠢ ᠨᠥᠬᠦᠪᠥᠷᠢᠯᠡᠨ ᠲᠡᠭᠦᠯᠳᠡᠷᠵᠢᠭᠦᠯᠵᠦ᠂ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠪᠡᠶᠡᠯᠡᠭᠦᠯᠦᠨ᠎ᠡ᠃      ︵ᠲᠦᠷᠪᠡ︶ ᠮᠦᠽᠧᠶ ᠶᠢᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ᠂ ᠮᠦᠽᠧᠶ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠠᠵᠢᠯ ᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠪᠦᠬᠦ ᠣᠷᠣᠨ ᠤ ᠣᠨᠴᠠᠯᠢᠭᠲᠤ ᠮᠦᠽᠧᠶ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠶᠢᠭᠤᠯᠵᠤ ᠪᠠᠶᠢᠭ᠎ᠠ‌ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠶ᠂ ᠥᠪᠥᠷ ᠮᠣᠩᠭᠤᠯ ᠤᠨ ᠠᠵᠤ ᠦᠢᠯᠡᠳᠪᠦᠷᠢ  ᠶᠢᠨ ᠮᠦᠽᠧᠶ᠂ ᠬᠢᠳᠠᠨ ᠯᠢᠶᠣᠤ ᠶᠢᠨ ᠮᠦᠽᠧᠶ᠂ ᠬᠥᠯᠥᠨ ᠪᠤᠶᠢᠷ ᠤᠨ ᠲᠡᠤᠬᠡ ᠶᠢᠨ ᠮᠦᠽᠧᠶ ᠶᠢᠨ ᠪᠦᠲᠦᠭᠡᠨ ᠪᠠᠶᠢᠭᠤᠯᠤᠯᠲᠠ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃      ︵ᠲᠠᠪᠤ︶ ᠭᠠᠳᠠᠭᠠᠳᠤ ᠳᠤ ᠬᠠᠨᠳᠤᠭᠤᠯᠤᠭᠰᠠᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃ ᠲᠠᠯ᠎ᠠ ᠨᠤᠲᠤᠭ ᠤᠨ ᠲᠣᠷᠭᠠᠨ ᠵᠠᠮ ᠳᠠᠭᠠᠤ ᠶᠢᠨ ᠤᠯᠤᠰ ᠣᠷᠣᠨ ᠤ ᠥᠪᠥᠷ ᠮᠣᠩᠭᠤᠯ ᠤᠨ ᠲᠡᠤᠬᠡ ᠵᠢᠨ‌‍ᠲ᠋ᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠢ ᠳᠡᠯᠭᠡᠨ ᠦᠵᠡᠭᠦᠯᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠮᠣᠩᠭᠤᠯ ᠬᠤᠶᠠᠷ ᠤᠯᠤᠰ ‍ᠤᠨ‌ᠬᠠᠮᠲᠤᠷᠠᠯᠴᠠᠭᠰᠠᠨ ︽ᠲᠠᠯ᠎ᠠ ᠨᠤᠲᠤᠭ ‍ᠤᠨ‌‍ᠲ᠋ᠣᠷᠭᠠᠨ ᠵᠠᠮ ᠤᠨ ᠰᠣᠶᠣᠯ ᠤᠨ ᠥᠪ ᠤᠨ ᠲᠣᠭᠠᠴᠢᠯᠠᠭᠰᠠᠨ ᠢᠨᠵᠧᠨᠧᠷᠢᠩ ‍ᠤᠨ‌‍ᠲ᠋ᠥ᠋ᠷᠥᠯ  ᠵᠦᠢᠯ︾ ᠢ ᠦᠷᠭᠦᠯᠵᠢᠯᠡᠨ ᠠᠬᠢᠭᠤᠯᠤᠨ᠎ᠠ︔ ᠳᠤᠮᠳᠠᠳᠤ ᠮᠣᠩᠭᠤᠯ ᠬᠤᠶᠠᠷ ᠤᠯᠤᠰ ᠤᠨ ᠬᠠᠮᠲᠤᠷᠠᠭᠰᠠᠨ ᠪᠠᠶᠢᠴᠠᠭᠠᠨ ᠰᠤᠳᠤᠯᠤᠯᠲᠠ ᠬᠢᠬᠦ ᠪᠠ ᠨᠡᠭᠡᠭᠡᠨ ᠮᠠᠯᠲᠠᠬᠤ ᠲᠥᠷᠥᠯ ᠵᠦᠢᠯ ᠢ ᠦᠷᠭᠦᠯᠵᠢᠯᠡᠨ ᠥᠷᠨᠢᠭᠦᠯᠦᠨ᠎ᠡ︔ ᠮᠣᠩᠭᠤᠯ ᠤᠯᠤᠰ  ᠤᠨ ᠬᠢᠯᠢ ᠳᠣᠲᠣᠷᠠᠬᠢ ︽ᠲᠦᠮᠡᠨ ᠭᠠᠵᠠᠷ ᠤᠨ ᠴᠠᠢ ᠶᠢᠨ ᠵᠠᠮ︾  ᠱᠤᠭᠤᠮ ᠤᠨ ᠪᠠᠶᠢᠴᠠᠭᠠᠯᠲᠠ ᠶᠢᠨ ᠲᠥᠷᠥᠯ ᠵᠦᠢᠯ ᠢ ᠥᠷᠨᠢᠭᠦᠯᠦᠨ᠎ᠡ᠃      ᠮᠢᠨᠦ ᠲᠠᠨᠢᠯᠴᠠᠭᠤᠯᠭ᠎ᠠ ᠠᠳᠡ ᠬᠥᠷᠥᠶ᠎ᠡ᠂ ᠲᠠ ᠪᠦᠬᠦᠨ ᠳᠤ ᠪᠠᠶᠠᠷᠯᠠᠯ᠎ᠠ︕      ᠮᠣᠩᠭᠤᠯ ᠤᠯᠤᠰ ᠲᠤ ︽ᠶᠡᠭᠡ ᠯᠢᠶᠣᠤ ᠤᠯᠤᠰ ᠤᠨ ᠬᠢᠳᠠᠨ — ᠳᠤᠮᠳᠠᠳᠤ ᠤᠯᠤᠰ ᠤᠨ ᠥᠪᠥᠷ ᠮᠣᠩᠭᠤᠯ ᠤᠨ ᠯᠢᠶᠣᠤ ᠤᠯᠤᠰ ‍ᠤᠨ‌ᠦᠶ᠎ᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ︾ ᠢ ᠡᠷᠬᠢᠯᠡᠭᠰᠡᠨ ᠪᠠ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠭᠰᠠᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ      ᠳᠤᠮᠳᠠᠳᠤ ᠤᠯᠤᠰ ᠤᠨ ᠠᠵᠤ ᠠᠬᠤᠢ ᠶᠢᠨ ᠰᠣᠨᠢᠨ ᠤ ᠰᠤᠷᠪᠤᠯᠵᠢᠯᠠᠭᠴᠢ᠄ ᠮᠣᠩᠭᠤᠯ ᠤᠯᠤᠰ ᠲᠤ ᠡᠷᠬᠢᠯᠡᠭᠰᠡᠨ ︽ᠳᠤᠮᠳᠠᠳᠤ ᠤᠯᠤᠰ · ᠥᠪᠥᠷ ᠮᠣᠩᠭᠤᠯ ᠤᠨ ᠯᠢᠶᠣᠤ ᠤᠯᠤᠰ ᠤᠨ ᠦᠶ᠎ᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ︾ ᠤᠨ ᠭᠤᠤᠯ ᠳᠡᠯᠭᠡᠨ ᠦᠵᠡᠭᠦᠯᠬᠦ ᠲᠡᠤᠬᠡ ᠶᠢᠨ ᠳᠤᠷᠠᠰᠬᠠᠯᠲᠤ ᠵᠦᠢᠯ‌ᠨᠢ ᠶᠠᠭᠤ ᠪᠣᠶ︖      ᠾᠧᠦ ᠵᠢᠶᠦ᠋ᠨ᠄ ᠮᠣᠩᠭᠤᠯ ᠤᠯᠤᠰ ‍ᠤᠨ‌ᠤᠯᠤᠰ ᠤᠨ ᠮᠦᠽᠧᠶ ᠳᠤ ᠡᠷᠬᠢᠯᠡᠭᠰᠡᠨ ︽ᠳᠤᠮᠳᠠᠳᠤ ᠤᠯᠤᠰ · ᠥᠪᠥᠷ ᠮᠣᠩᠭᠤᠯ ᠤᠨ ᠯᠢᠶᠣᠤ ᠤᠯᠤᠰ ‍ᠤᠨ‌ᠦᠶ᠎ᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ︾ ᠨᠢ ᠥᠪᠥᠷ ᠮᠣᠩᠭᠤᠯ ᠤᠨ ᠭᠠᠵᠠᠷ ᠣᠷᠣᠨ ᠤ ᠡᠯᠪᠡᠭ ᠪᠠᠶᠠᠯᠢᠭ ᠯᠢᠶᠣᠤ ᠤᠯᠤᠰ ‍ᠤᠨ‌ᠦᠶ᠎ᠡ ᠶᠢᠨ ᠬᠠᠭᠤᠴᠢ ᠰᠤᠳᠤᠯᠤᠯ ᠤᠨ ᠦᠷ᠎ᠡ ᠪᠦᠲᠦᠭᠡᠯ ᠪᠠ ᠵᠠᠷᠢᠮ ᠴᠢᠬᠤᠯᠠ ᠶᠡᠭᠡ ᠬᠠᠭᠤᠴᠢ ᠶᠢᠨ ᠢᠯᠡᠷᠡᠭᠦᠯᠦᠯᠲᠡ ᠳᠤ ᠰᠠᠭᠤᠷᠢᠯᠠᠨ ᠬᠢᠭᠰᠡᠨ ᠶᠤᠮ᠃ ᠪᠢᠲᠡᠨ‌‍ᠰᠤᠩᠭᠤᠭᠰᠠᠨ 70 ᠭᠠᠷᠤᠶ ᠢᠵᠢ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠳᠣᠲᠣᠷ᠎ᠠ ᠤᠯᠤᠰ ᠤᠨ ᠨᠢᠭᠡᠳᠦᠭᠡᠷ ᠲᠡᠰ ᠤᠨ ᠲᠡᠤᠬᠡ ᠶᠢᠨ ᠳᠤᠷᠠᠰᠬᠠᠯᠲᠤ ᠵᠦᠢᠯᠡᠰ 11 ᠢᠵᠢ ᠪᠤᠢ᠃  ︽ᠬᠠᠰ ᠴᠠᠷᠪᠠᠭᠤ︾᠂ ︽ᠬᠠᠰ ᠪᠠᠷᠢᠭᠤᠯ ᠲᠠᠢ ᠮᠦᠩᠭᠦᠨ ᠰᠢᠪᠦᠭᠡ ᠵᠢᠴᠢ ᠰᠢᠪᠦᠭᠡᠨ ᠬᠤᠢ︾᠂ ︽ᠠᠯᠳᠠᠨ ᠭᠤᠷᠬᠢ ᠮᠦᠩᠭᠦᠨ ᠰᠠᠭᠠᠯᠲᠤᠷᠭ᠎ᠠ ᠲᠠᠢ ᠬᠤᠳᠠᠷᠭ᠎ᠠ︾᠂ ︽ᠯᠤᠤ ᠲᠤᠭᠯᠠᠭᠤᠯᠤᠭᠰᠠᠨ ᠰᠤᠪᠤᠳ ᠤᠨ ᠬᠡ ᠲᠠᠢ ᠠᠯᠳᠠᠳᠠᠮᠠᠯ ᠮᠤᠷᠢᠨ ᠤ ᠬᠡᠷᠡᠭᠰᠡᠯ︾᠂ ︽ᠴᠠᠭᠠᠨ ᠱᠠᠭᠠᠵᠠᠩ ᠢᠷᠮᠡᠭᠲᠦ ᠪᠣᠷᠲᠣᠭᠤ︾᠂ ︽ᠯᠤᠤ ᠲᠤᠭᠯᠠᠭᠤᠯᠤᠭᠰᠠᠨ‌ᠠᠯᠲᠠᠨ ᠬᠤᠸᠠᠷ ᠲᠠᠢ ᠮᠥᠩᠭᠦᠨ ᠬᠠᠶᠢᠷᠴᠠᠭ︾᠂ ︽ᠠᠯᠲᠠ ᠪᠠᠷ ᠬᠡᠬᠡᠯᠡᠭᠰᠡᠨ ᠴᠡᠴᠡᠭᠲᠦ ᠮᠥᠩᠭᠦᠨ ᠰᠢᠯᠤᠰᠤᠨ ᠰᠠᠪᠠ︾᠂ ︽ᠠᠯᠲᠠᠨ ᠮᠠᠨᠳᠠᠷᠠᠸ᠎ᠠ ᠴᠡᠴᠡᠭ ᠤᠨ ᠬᠡ ᠤᠭᠠᠯᠵᠠ ᠲᠠᠢ ᠮᠥᠩᠭᠦᠨ ᠫᠠᠶᠢᠰᠠ ᠶᠢᠨ ᠵᠠᠰᠠᠯ︾᠂ ︽ᠭᠦᠩᠵᠤ ᠵᠢᠨ‌ᠠᠯᠲᠠᠨ ᠪᠠᠭ︾᠂ ︽ᠭᠥᠩᠵᠤ ᠶᠢᠨ ᠠᠯᠲᠠᠨ ᠬᠤᠸᠠᠷᠲᠤ ᠮᠥᠩᠭᠦᠨ ᠭᠤᠲᠤᠯ  ︾᠂ ︽ᠭᠦᠩᠵᠤ ᠵᠢᠨ‌ᠠᠯᠲᠠᠨ ᠬᠤᠸᠠᠷᠲᠤ ᠮᠥᠩᠭᠦᠨ ᠳᠡᠷ᠎ᠡ︾ ᠵᠡᠷᠭᠡ ᠪᠦᠲᠦᠭᠡᠯ ᠪᠠᠭᠳᠠᠨ᠎ᠠ᠃ ᠡᠳᠡᠭᠡᠷ ᠲᠡᠤᠬᠡ ᠶᠢᠨ ᠳᠤᠷᠠᠰᠬᠠᠯᠲᠤ ᠵᠦᠢᠯᠡᠰ ᠤᠨ ᠣᠯᠠᠩᠬᠢ ᠨᠢ ᠥᠪᠥᠷ ᠮᠣᠩᠭᠤᠯ ᠤᠨ ᠭᠠᠵᠠᠷ ᠤᠷᠤᠨ ᠤ ᠯᠢᠶᠣᠤ ᠤᠯᠤᠰ ᠤᠨ ᠦᠶ᠎ᠡ ᠶᠢᠨ ᠴᠢᠬᠤᠯᠠ ᠪᠠᠭᠤᠷᠢ ᠵᠢᠴᠢ ᠤᠩᠭᠤᠨ ᠠᠴᠠ ᠤᠯᠳᠠᠭᠰᠠᠨ ᠶᠤᠮ᠂ ᠡᠭᠦᠨ ᠳᠤ  ︽ᠯᠢᠶᠣᠤ ᠤᠯᠤᠰ ᠤᠨ ᠲᠡᠭᠡᠲᠦ ᠨᠡᠶᠢᠰᠯᠡᠯ ᠤᠨ ᠪᠠᠭᠤᠷᠢ︾᠂ ︽ᠴᠧᠨ ᠤᠯᠤᠰ ᠤᠨ ᠭᠥᠩᠵᠦ ᠶᠢᠨ ᠣᠩᠭᠤᠨ︾᠂ ︽ᠪᠣᠣᠱᠠᠨ ᠤ ᠯᠢᠶᠣᠤ ᠤᠯᠤᠰ ‍ᠤᠨ‌ᠣᠩᠭᠤᠨ︾᠂ ︽ᠶᠧᠯᠸᠢ ᠢᠦᠢ ᠶᠢᠨ ᠣᠩᠭᠤᠨ︾᠂ ︽ᠲᠤᠭᠤᠯᠵᠢ ᠶᠢᠨ ᠠᠭᠤᠯᠠ ᠶᠢᠨ ᠣᠩᠭᠤᠨ︾ ᠵᠡᠷᠭᠡ ᠲᠡᠯᠡᠬᠡᠢ ᠶᠢ ᠲᠤᠩᠰᠤᠯᠭᠠᠭᠰᠠᠨ ᠴᠢᠬᠤᠯᠠ ᠢᠯᠡᠷᠡᠭᠦᠯᠦᠯᠲᠡ ᠴᠦ ᠪᠠᠭᠳᠠᠵᠤ ᠪᠠᠶᠢᠨ᠎ᠠ ᠃ ᠮᠠᠯᠲᠠᠵᠤ ᠭᠠᠷᠭᠠᠭᠰᠠᠨ ᠲᠡᠤᠬᠡ ᠶᠢᠨ ᠳᠤᠷᠠᠰᠬᠠᠯᠲᠤ ᠵᠦᠢᠯᠡᠰ ᠨᠢ ᠴᠥᠮ ᠣᠬᠢ ᠰᠢᠯᠢᠳᠡᠭ ᠡᠳ᠋᠂ ᠳᠦᠷᠰᠦ ᠪᠦᠲᠦᠭᠡᠯᠲᠡ ᠨᠢ ᠨᠠᠷᠢᠯᠢᠭ᠂ ᠴᠢᠨᠠᠷ ᠰᠠᠶᠢᠲᠠᠶ᠂ ᠲᠥᠷᠥᠯ ᠵᠦᠢᠯ ᠨᠢ ᠪᠠᠶᠠᠯᠢᠭ᠂ ᠰᠣᠶᠣᠯ ᠤᠨ ᠮᠡᠳᠡᠭᠡ ᠵᠠᠩᠭᠢ ᠶᠢᠨ ᠬᠡᠮᠵᠢᠶ᠎ᠡ ᠨᠢ ᠴᠦ ᠪᠠᠶᠠᠯᠢᠭ᠂ ᠲᠥᠯᠥᠭᠡᠯᠡᠬᠦ ᠴᠢᠨᠠᠷᠲᠠᠶ᠂ ᠤᠯᠤᠰ ᠤᠨ ᠳᠣᠲᠣᠭᠠᠳᠤ ᠭᠠᠳᠠᠭᠠᠳᠤ ᠳᠤ ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ᠂ ᠯᠢᠶᠣᠤ ᠤᠯᠤᠰ ᠤᠨ ᠦᠶ᠎ᠡ ᠶᠢᠨ ᠭᠠᠷ ᠦᠢᠯᠡᠳᠪᠦᠷᠢ ᠶᠢᠨ ᠦᠢᠯᠡᠳᠪᠦᠷᠢᠯᠡᠯ ᠤᠨ ᠮᠡᠷᠭᠡᠵᠢᠯ ᠤᠨ ᠬᠡᠳᠦᠶᠢᠳᠦᠭᠰᠡᠨ ᠬᠢᠷᠢ ᠬᠡᠮᠵᠢᠶ᠎ᠡ ᠶᠢ ᠦᠨᠡᠨ ᠪᠣᠳᠠᠲᠠᠶ ᠪᠠᠷ ᠢᠯᠡᠷᠡᠭᠦᠯᠵᠦ ᠴᠢᠳᠠᠳᠠᠭ᠃ ᠯᠢᠶᠣᠤ ᠤᠯᠤᠰ  ᠤᠨ ᠬᠢᠳᠠᠨ ᠦᠨᠳᠦᠰᠦᠲᠡᠨ ᠤ ᠣᠯᠠᠨ ᠡᠰᠢᠲᠦ ᠰᠣᠶᠣᠯ ᠤᠨ ᠳᠦᠷᠰᠦ ᠪᠠᠶᠢᠳᠠᠯ ᠢ ᠲᠥᠯᠥᠭᠡᠯᠡᠵᠦ ᠴᠢᠳᠠᠬᠤ ᠨᠢ ᠪᠠᠰᠠ ᠴᠤ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ ᠪᠦᠷᠢᠯᠳᠦᠨ ᠬᠦᠭᠵᠢᠭᠰᠡᠨ ᠲᠡᠤᠬᠡᠨ ᠭᠡᠷᠡᠴᠢ ᠮᠥᠨ᠃ ᠡᠨᠡ ᠪᠣᠯ ᠳᠤᠮᠳᠠᠳᠤ ᠤᠯᠤᠰ ‍ᠤᠨ‌ᠥᠪᠥᠷ ᠮᠣᠩᠭᠤᠯ ᠤᠨ ᠯᠢᠶᠣᠤ ᠤᠯᠤᠰ ᠤᠨ ᠦᠶ᠎ᠡ ᠶᠢᠨ ᠰᠣᠳᠣᠨ ᠲᠡᠤᠬᠡ ᠶᠢᠨ ᠳᠤᠷᠠᠰᠬᠠᠯᠲᠤ ᠵᠦᠢᠯᠡᠰ ᠠᠩᠬ᠎ᠠ ᠤᠳᠠᠭ᠎ᠠ ᠮᠣᠩᠭᠤᠯ ᠤᠯᠤᠰ ᠲᠤ ᠲᠡᠯᠭᠡᠭᠳᠡᠵᠦ ᠪᠠᠶᠢᠭ᠎ᠠ ᠶᠠᠪᠤᠳᠠᠯ  ᠪᠠᠶᠢᠵᠤ᠂ ᠮᠣᠩᠭᠤᠯ ᠤᠯᠤᠰ ‍ᠤᠨ‌ᠦᠵᠡᠭᠴᠢᠳ ᠤᠨ ᠰᠣᠨᠢᠷᠬᠠᠯ ᠢ ᠶᠡᠬᠡᠳᠡ ᠲᠠᠲᠠᠵᠠᠶ᠃      ᠥᠪᠥᠷ ᠮᠣᠩᠭᠤᠯ ᠤᠨ ᠬᠤᠳᠠᠯᠳᠤᠭᠠᠨ ᠤ ᠰᠣᠨᠢᠨ ᠤ ᠰᠤᠷᠪᠤᠯᠵᠢᠯᠠᠭᠴᠢ᠄ ᠥᠪᠥᠷ ᠮᠣᠩᠭᠤᠯ ᠳᠤ ᠶᠠᠮᠠᠷ ᠶᠠᠮᠠᠷ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠪᠠᠶᠢᠬᠤ ᠪᠣᠶ︖ ᠬᠠᠮᠠᠭᠠᠯᠠᠵᠤ ᠠᠰᠢᠭᠯᠠᠬᠤ ᠠᠵᠢᠯ ᠳᠤ ᠶᠠᠮᠠᠷ ᠠᠷᠭ᠎ᠠ ᠬᠡᠮᠵᠢᠶ᠎ᠡ ᠠᠪᠴᠤ ᠪᠠᠶᠢᠬᠤ ᠪᠣᠶ︖      ᠴᠧᠨ ᠶᠠ ᠭᠤᠸᠠᠩ᠄ ᠨᠢᠭᠡ᠂ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢᠨ ᠴᠢᠬᠤᠯᠠ ᠠᠴᠢ ᠬᠤᠯᠪᠣᠭᠳᠠᠯ      ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠭᠡᠳᠡᠭ ᠨᠢ ᠭᠤᠤᠯᠳᠠᠭᠤ 1921 ᠣᠨ ᠳᠤ ᠳᠤᠮᠳᠠᠳᠤ ᠤᠯᠤᠰ  ‍ᠤᠨ‌ᠡᠪ ᠬᠠᠮᠲᠤ ᠨᠠᠮ ᠪᠠᠶᠢᠭᠤᠯᠤᠭᠳᠠᠬᠤ ᠶᠢᠨ ᠤᠷᠢᠳ ᠬᠤᠵᠢᠳ 1949 ᠤᠨ ᠳᠤ ᠰᠢᠨ᠎ᠡ ᠳᠤᠮᠳᠠᠳᠤ ᠤᠯᠤᠰ ᠮᠡᠨᠳᠦᠯᠡᠭᠰᠡᠨ ᠡᠨᠡ ᠬᠦ ᠲᠡᠤᠬᠡᠨ ᠠᠬᠢᠴᠠ ᠳᠤ ᠪᠦᠷᠢᠯᠳᠦᠵᠦ ᠬᠠᠳᠠᠭᠠᠯᠠᠭᠳᠠᠭᠰᠠᠨ ᠡᠯ᠎ᠡ ᠲᠥᠷᠥᠯ ᠤᠨ ᠬᠤᠪᠢᠰᠬᠠᠯ ᠤᠨ ᠬᠥᠳᠡᠯᠭᠡᠭᠡᠨ᠂ ᠴᠢᠬᠤᠯᠠ ᠶᠡᠭᠡ ᠬᠤᠪᠢᠰᠬᠠᠯ ᠤᠨ ᠲᠡᠤᠬᠡ ᠶᠢᠨ ᠬᠡᠷᠡᠭ ᠶᠠᠪᠤᠳᠠᠯ ᠪᠤᠶᠤ ᠦᠷᠡᠭᠳᠡᠭᠰᠡᠨ ᠪᠠᠭᠠᠲᠤᠷᠴᠤᠳ ᠲᠠᠢ ᠬᠤᠯᠪᠣᠭᠳᠠᠬᠤ ᠴᠢᠬᠤᠯᠠ ᠲᠡᠤᠬᠡ ᠶᠢᠨ ᠳᠤᠷᠠᠰᠬᠠᠯ᠂ ᠪᠣᠳᠠᠲᠤ ᠪᠣᠳᠠᠰ᠂ ᠲᠥᠯᠥᠭᠡᠯᠡᠬᠦ ᠴᠢᠨᠠᠷᠲᠠᠶ ᠪᠠᠷᠢᠯᠭ᠎ᠠ ᠵᠡᠷᠭᠡ ᠶᠢ ᠪᠠᠭᠲᠠᠭᠠᠭᠰᠠᠨ ᠴᠢᠬᠤᠯᠠ ᠪᠣᠳᠠᠲᠤ ᠪᠣᠳᠠᠰ ᠤᠨ ᠭᠡᠷᠡᠴᠢᠯᠡᠯ ᠢ ᠵᠢᠭᠠᠵᠤ ᠪᠠᠶᠢᠨ᠎ᠠ᠃ ᠲᠡᠷᠡ ᠪᠣᠯ ᠬᠤᠪᠢᠰᠬᠠᠯᠲᠤ ᠰᠣᠶᠣᠯ ᠤᠨ ᠪᠣᠳᠠᠰ ᠤᠨ ᠠᠴᠢᠶᠠᠯᠠᠪᠤᠷᠢ ᠮᠥᠨ᠂ ᠲᠡᠭᠦᠨ ᠳᠤ ᠳᠤᠮᠳᠠᠳᠤ ᠶᠢᠨ ᠦᠨᠳᠦᠰᠦᠲᠡᠨ ᠪᠠ ᠳᠤᠮᠳᠠᠳᠤ ᠤᠯᠤᠰ ‍ᠤᠨ‌ᠡᠪ ᠬᠠᠮᠲᠤ ᠨᠠᠮ ᠤᠨ ᠭᠡᠰᠢᠭᠦᠳ ‍ᠤᠨ‌ᠣᠶᠤᠨ ᠰᠠᠨᠠᠭᠠᠨ ᠤ ᠦᠨ᠎ᠡ ᠥᠷᠲᠡᠭ ᠪᠠ ᠬᠤᠪᠢᠰᠬᠠᠯ ᠤᠨ ᠰᠢᠯᠢᠳᠡᠭ ᠤᠯᠠᠮᠵᠢᠯᠠᠯ ᠠᠭᠤᠯᠤᠭᠳᠠᠵᠤ  ᠪᠠᠶᠢᠳᠠᠭ ᠪᠣᠯᠬᠤᠷ ᠴᠢᠬᠤᠯᠠ ᠳᠤᠷᠠᠰᠬᠠᠬᠤ ᠠᠴᠢ ᠬᠤᠯᠪᠣᠭᠳᠠᠯ᠂ ᠰᠤᠷᠭᠠᠨ ᠬᠥᠮᠦᠵᠢᠭᠦᠯᠬᠦ ᠠᠴᠢ ᠬᠤᠯᠪᠣᠭᠳᠠᠯ ᠵᠢᠴᠢ ᠲᠡᠦᠬᠡ ᠶᠢᠨ ᠦᠨ᠎ᠡ ᠥᠷᠲᠡᠭ ᠲᠠᠢ ᠶᠤᠮ᠃      ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠪᠣᠯ ᠬᠤᠪᠢᠰᠬᠠᠯᠲᠤ ᠰᠣᠶᠣᠯ ᠤᠨ ᠴᠢᠬᠤᠯᠠ ᠪᠣᠳᠠᠰ ᠤᠨ ᠠᠴᠢᠶᠠᠯᠠᠪᠤᠷᠢ ᠮᠥᠨ᠂ ᠳᠤᠮᠳᠠᠳᠤ ᠤᠯᠤᠰ ‍ᠤᠨ‌ᠡᠪ ᠬᠠᠮᠲᠤ ᠨᠠᠮ ᠤᠨ ᠢᠷᠠᠭᠤ ᠠᠯᠳᠠᠷᠲᠤ ᠲᠡᠤᠬᠡ ᠶᠢ ᠪᠠᠭᠲᠠᠭᠠᠵᠤ᠂ ᠣᠷᠴᠢᠨ ᠦᠶ᠎ᠡ ᠠᠴᠠ ᠨᠠᠭᠠᠰᠢᠬᠢ ᠳᠤᠮᠳᠠᠳᠤ ᠤᠯᠤᠰ ‍ᠤᠨ‌ᠠᠷᠠᠳ ᠲᠦᠮᠡᠨ ᠤ ᠡᠷᠡᠯᠬᠡᠭᠯᠡᠨ ᠲᠡᠮᠡᠴᠡᠭᠰᠡᠨ ᠬᠠᠭᠤᠳᠠᠰᠤ ᠶᠢ ᠢᠯᠡᠷᠡᠭᠦᠯᠵᠦ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ᠂ ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠬᠦ ᠭᠦᠨ ᠵᠤᠵᠠᠭᠠᠨ ᠰᠢᠮ᠎ᠡ ᠲᠡᠵᠢᠭᠡᠯ ᠪᠣᠯᠤᠨ᠎ᠠ᠂ ᠳᠤᠮᠳᠠᠳᠤ ᠤᠯᠤᠰ  ᠤᠨ ᠡᠪ ᠬᠠᠮᠲᠤ ᠨᠠᠮ ᠳᠤᠮᠳᠠᠳᠤ ᠤᠯᠤᠰ ‍ᠤᠨ‌ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾  ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠬᠦᠴᠦᠨ ᠴᠢᠳᠠᠯ ᠤᠨ ᠡᠬᠢ ᠪᠤᠯᠠᠭ ᠮᠦᠨ  ᠃ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ  ᠶᠢ ᠪᠤᠶᠢᠵᠢᠭᠤᠯᠬᠤ ᠳᠤᠮᠳᠠ᠂ ᠢᠯᠠᠩᠭᠤᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ‍ᠤᠨ‌ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠠᠭᠤᠤ ᠶᠡᠭᠡ ᠠᠶᠠᠨ ᠵᠠᠮ ᠳᠤ ᠣᠷᠣᠯᠠᠭᠤᠯᠵᠤ ᠪᠣᠯᠤᠰᠢ ᠦᠭᠡᠢ ᠣᠨᠴᠠᠭᠠᠢ ᠪᠠᠶᠢᠷᠢ ᠰᠠᠭᠤᠷᠢ ᠪᠠ ᠥᠪᠡᠷᠮᠢᠴᠡ ᠦᠢᠯᠡᠳᠦᠯ ᠲᠠᠢ ᠶᠤᠮ᠃      ᠥᠪᠥᠷ ᠮᠣᠩᠭᠤᠯ ᠪᠣᠯ ᠢᠷᠠᠭᠤ ᠠᠯᠳᠠᠷᠲᠤ ᠬᠤᠪᠢᠰᠬᠠᠯ ᠤᠨ ᠲᠡᠤᠬᠡ ᠪᠠ ᠤᠯᠠᠵᠢᠯᠠᠯ ᠲᠠᠢ ᠶᠤᠮ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠦᠶ᠎ᠡ ᠶᠢᠨ ᠠᠩᠬᠠᠳᠠᠭᠴᠢ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠮᠥᠨ᠂ ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠠᠵᠢᠯ ᠢ ᠴᠢᠩᠭᠠᠳᠬᠠᠵᠤ᠂ ᠬᠤᠪᠢᠰᠬᠠᠯ ᠤᠨ ᠰᠣᠶᠣᠯ ᠢ ᠤᠯᠠᠮᠵᠢᠯᠠᠬᠤ᠂ ︽ᠳᠥᠷᠪᠡᠨ ᠤᠬᠠᠮᠰᠠᠷ︾ ᠢ ᠴᠢᠩᠭᠠᠳᠬᠠᠬᠤ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠬᠦ᠂ ᠬᠥᠭᠵᠢᠯᠲᠡ ᠶᠢᠨ ᠬᠦᠴᠦᠨ ᠢ ᠨᠢᠭᠲᠠᠷᠠᠭᠤᠯᠬᠤ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠶᠠᠷ᠂ ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠦᠢᠮᠣ ᠪᠠᠢᠳᠠᠯ      ᠭᠤᠷᠪᠠᠳᠤᠭᠠᠷ ᠤᠳᠠᠭᠠᠨ ᠤ ᠪᠦᠬᠦ ᠤᠯᠤᠰ ‍ᠤᠨ‌‍ᠲ᠋ᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠠ ᠠᠩᠬᠠᠳᠤᠭᠠᠷ ᠤᠳᠠᠭᠠᠨ ᠤ ᠪᠦᠬᠦ ᠤᠯᠤᠰ ‍ᠤᠨ‌‍ᠰᠢᠯᠵᠢᠭᠦᠯᠵᠦ ᠪᠣᠯᠬᠤ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠠᠷ ᠳᠠᠮᠵᠢᠭᠠᠳ᠂ ᠣᠳᠣᠬᠠᠨ  ᠳᠤ ᠪᠦᠬᠦ ᠣᠷᠣᠨ ᠤ ᠬᠡᠪᠴᠢᠶᠡᠨ ᠳᠤ 1000 ᠭᠠᠷᠤᠶ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠬᠠᠳᠠᠭᠠᠯᠠᠭᠳᠠᠵᠤ ᠪᠠᠶᠢᠨ᠎ᠠ᠃ ᠡᠭᠦᠨ ᠳᠤ᠂ ᠪᠥᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 8᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ100᠂ ᠠᠶᠢᠮᠠᠭ ᠬᠤᠲᠠ᠂ ᠬᠤᠰᠢᠭᠤ ᠰᠢᠶᠠᠨ ᠤ  ᠳᠡᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 200 ᠭᠠᠷᠤᠶ ᠪᠣᠶ︔ ᠪᠦᠬᠦ ᠣᠷᠣᠨ ᠤ ᠡᠯ᠎ᠡ ᠱᠠᠲᠤᠨ ᠤ ᠤᠯᠤᠰ ᠤᠨ ᠦᠮᠴᠢᠯᠡᠯᠲᠦ ᠮᠦᠽᠧᠶ᠂ ᠳᠤᠷᠠᠰᠬᠠᠯ ᠤᠨ ᠣᠷᠳᠣᠨ᠂ ᠦᠵᠡᠰᠬᠦᠯᠡᠩ ᠤᠨ ᠣᠷᠳᠣᠨ ᠵᠡᠷᠭᠡ ᠳᠤ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ 12403 ᠵᠦᠢᠯ ︵ᠢᠵᠢ︶  ᠬᠠᠳᠠᠭᠠᠯᠠᠭᠳᠠᠵᠤ  ᠂ ᠡᠨᠡ ᠨᠢ ᠮᠠᠨ ᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃      ᠰᠢᠯᠵᠢᠭᠦᠯᠵᠦ ᠪᠣᠯᠤᠰᠢ ᠦᠭᠡᠢ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠲᠤ ᠳᠤᠷᠠᠰᠬᠠᠯ ᠤᠨ ᠪᠠᠷᠢᠯᠭ᠎ᠠ᠂ ᠬᠠᠭᠤᠴᠢᠨ ᠰᠠᠭᠤᠴᠠ᠂ ᠬᠠᠭᠤᠴᠢᠨ ᠪᠠᠭᠤᠷᠢ᠂ ᠬᠠᠭᠤᠴᠢᠳ ᠦᠯᠡᠳᠡᠭᠳᠡᠯ᠂  ᠲᠤᠷᠠᠰᠬᠠᠯ  ᠤᠨ ᠬᠦᠰᠢᠶ᠎ᠡ ᠂᠂ ᠣᠩᠭᠤᠨ ᠵᠡᠷᠭᠡ ᠪᠠᠭᠲᠠᠨ᠎ᠠ᠂ ᠰᠢᠯᠵᠢᠭᠦᠯᠵᠦ ᠪᠣᠯᠬᠤ ᠲᠡᠤᠬᠡ ᠶᠢᠨ ᠳᠤᠷᠠᠰᠬᠠᠯᠲᠤ ᠵᠦᠢᠯᠡᠰ ᠲᠤ ᠰᠤᠷᠪᠤᠯᠵᠢ ᠪᠢᠴᠢᠭ᠂ ᠭᠠᠷ ᠪᠢᠴᠢᠮᠡᠯ᠂  ᠨᠤᠮ ᠰᠡᠳᠭᠦᠯ᠂ ᠵᠢᠷᠤᠬᠠᠶ᠂ ᠰᠦᠯᠳᠡ ᠲᠡᠮᠳᠡᠭ᠂ ᠭᠡᠷᠡᠴᠢ ᠲᠡᠮᠳᠡᠭ᠂ ᠲᠤᠭ ᠲᠡᠮᠳᠡᠭ᠂ ᠲᠠᠮᠠᠭ᠎ᠠ ᠲᠡᠮᠳᠡᠭ᠂ ᠵᠡᠪᠰᠡᠭ ᠲᠣᠨᠣᠭᠯᠠᠯ ᠵᠡᠷᠭᠡ 16 ᠲᠥᠷᠥᠯ ᠪᠠᠭᠲᠠᠨ᠎ᠠ᠃      ᠭᠤᠷᠪᠠ᠂ ᠬᠤᠯᠪᠣᠭᠳᠠᠯ ᠪᠦᠬᠦᠢ ᠠᠷᠭ᠎ᠠ ᠬᠡᠮᠵᠢᠶ᠎ᠡ      ︵ᠨᠢᠭᠡ︶ ᠬᠠᠮᠠᠭᠠᠯᠠᠵᠤ ᠠᠰᠢᠭᠯᠠᠬᠤ ᠢᠨᠵᠧᠨᠧᠷᠢᠩ ᠢ ᠬᠡᠷᠡᠭᠵᠢᠭᠦᠯᠦᠨ᠎ᠡ ᠨᠢᠭᠡ ᠪᠦᠯᠦᠭ ᠬᠤᠪᠢᠰᠬᠠᠯ ‍ᠤᠨ‌‍ᠴᠢᠬᠤᠯᠠ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ ᠵᠠᠰᠠᠪᠠ᠃ ᠵᠢᠱᠢᠶᠡᠯᠡᠪᠡᠯ ︽ ᠲᠠᠪᠤᠨ ᠰᠠᠷ᠎ᠠ ᠶᠢᠨ ᠨᠢᠭᠡᠨ ᠤ  ᠬᠤᠷᠠᠯ ᠤᠨ ᠭᠠᠵᠠᠷ︾᠂ ᠤᠯᠠᠭᠠᠨᠬᠦᠤ ᠶᠢᠨ ᠬᠠᠭᠤᠴᠢᠨ ᠰᠠᠭᠤᠴᠠ᠂ ᠴᠧᠩᠴᠤᠸᠠᠨ ᠤ ᠦᠨᠳᠦᠰᠦᠲᠡᠨ ᠤ ᠲᠡᠭᠡᠲᠦ ᠰᠤᠷᠭᠠᠭᠤᠯᠢ᠂ ᠸᠠᠩ  ᠷᠦᠸᠧ ᠹᠸᠢ ᠶᠢᠨ ᠬᠤᠪᠢᠰᠬᠠᠯᠲᠤ ᠠᠵᠢᠯᠯᠠᠭ᠎ᠠ ᠶᠢᠨ ᠬᠠᠭᠤᠴᠢᠨ ᠪᠠᠭᠤᠷᠢ ᠵᠡᠷᠭᠡ  ᠨᠢᠭᠡ ᠪᠦᠯᠦᠭ ᠬᠤᠪᠢᠰᠬᠠᠯ ᠤᠨ ᠳᠤᠷᠠᠰᠬᠠᠯᠲᠤ ᠵᠦᠢᠯᠡᠰ ᠤᠨ ᠬᠠᠭᠤᠴᠢᠨ ᠪᠠᠭᠤᠷᠢ  ᠶᠢ ᠮᠠᠰᠢ ᠰᠠᠶᠢᠨ ᠬᠠᠮᠠᠭᠠᠯᠠᠨ ᠠᠰᠢᠭᠯᠠᠵᠤ᠂ ᠬᠤᠪᠢᠰᠬᠠᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠬᠤᠪᠢᠰᠬᠠᠯ ᠤᠨ ᠤᠳᠤᠮᠰᠢᠯ ᠤᠨ ᠬᠥᠮᠦᠵᠢᠯ ᠪᠠ ᠡᠬᠡ ᠣᠷᠣᠨᠴᠢ ᠦᠵᠡᠯ ᠤᠨ ᠬᠥᠮᠦᠵᠢᠯ ᠬᠢᠬᠦ ᠵᠡᠷᠭᠡ ᠲᠠᠯ᠎ᠠ ᠪᠠᠷ ᠴᠢᠬᠤᠯᠠ ᠦᠢᠯᠡᠲᠦᠯ ᠦᠵᠡᠭᠦᠯᠵᠡᠶ᠃      ᠣᠳᠣᠬᠠᠨ ᠳᠤ᠂ ᠲᠣᠭᠤᠷᠢᠮ ᠤᠷᠤᠨ ᠤ ᠬᠤᠪᠢᠰᠬᠠᠯᠲᠤ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠵᠢᠯᠣᠭᠤᠳᠤᠨ ᠵᠣᠬᠢᠴᠠᠭᠤᠯᠵᠤ ᠪᠠᠶᠢᠨ᠎ᠠ᠃ ᠲᠣᠭᠤᠷᠢᠮ ᠪᠣᠯ ᠣᠷᠳᠣᠰ ᠬᠤᠲᠠ ᠶᠢᠨ ᠤᠲᠤᠭ ᠬᠤᠰᠢᠭᠤᠨ ᠳᠤ ᠪᠠᠶᠢᠷᠢᠯᠠᠵᠤ᠂ ᠳᠤᠮᠳᠠᠳᠤ ᠤᠯᠤᠰ ‍ᠤᠨ‌ᠡᠪ ᠬᠠᠮᠲᠤ ᠨᠠᠮ ᠤᠨ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠬᠤᠪᠢᠰᠬᠠᠯ ᠤᠨ ᠬᠦᠴᠦᠨ ᠢ ᠤᠳᠤᠷᠢᠳᠤᠨ ᠶᠠᠫᠣᠨ ᠢ ᠡᠰᠡᠷᠭᠦᠴᠡᠬᠦ ᠲᠠᠶᠢᠨ᠂ ᠴᠢᠯᠥᠭᠡᠯᠡᠬᠦ ᠲᠠᠶᠢᠨ ᠦᠷᠨᠢᠭᠦᠯᠦᠭᠰᠡᠨ ᠴᠢᠬᠤᠯᠠ ᠰᠠᠭᠤᠷᠢᠨ ᠭᠠᠵᠠᠷ᠂ ᠮᠦᠨ ᠴᠦ ᠱᠠᠨᠰᠢ ᠭᠠᠨᠰᠦ ᠨᠢᠩᠰᠢᠶᠠ ᠭᠠᠵᠠᠷ ᠣᠷᠣᠨ  ᠤ ᠤᠮᠠᠷᠠᠲᠤ ᠡᠭᠦᠲᠡ᠂ ᠨᠠᠮ ᠪᠣᠯᠤᠨ ᠣᠯᠠᠨ ᠤᠯᠤᠰ ᠤᠨ ᠬᠠᠷᠢᠯᠴᠠᠭᠠᠨ ᠤ ᠴᠢᠬᠤᠯᠠ ᠵᠠᠮ᠂ ᠮᠠᠰᠢ ᠴᠢᠬᠤᠯᠠ ᠲᠡᠤᠬᠡ ᠶᠢᠨ ᠰᠤᠳᠤᠯᠭᠠᠨ ᠤ ᠦᠨ᠎ᠡ ᠥᠷᠲᠡᠭ᠂ ᠬᠤᠪᠢᠰᠬᠠᠯ ᠤᠨ ᠰᠣᠶᠣᠯ ᠤᠨ ᠦᠨ᠎ᠡ ᠥᠷᠲᠡᠭ ᠲᠠᠢ ᠶᠤᠮ᠃ ᠤᠯᠠᠭᠠᠨᠬᠦᠤ ᠨᠥᠬᠦᠷ ᠠᠳᠡ ᠠᠵᠢᠯᠯᠠᠵᠤ ᠥᠩᠭᠡᠷᠡᠭᠰᠡᠨ ᠨᠢ ᠶᠠᠫᠣᠨ ᠳᠡᠭᠡᠷᠡᠮᠴᠢᠳ ᠤᠨ ᠲᠦᠷᠢᠮᠡᠬᠡᠶᠢᠯᠡᠯ ᠢ ᠡᠰᠡᠷᠭᠦᠴᠡᠬᠦ ᠪᠠ ᠬᠠᠳᠤᠨ ᠭᠤᠤᠯ ᠢ ᠬᠠᠮᠠᠭᠠᠯᠠᠬᠤ ᠵᠢᠴᠢ ᠲᠣᠭᠤᠷᠢᠮ‌ᠣᠷᠣᠨ ᠤ ᠶᠠᠫᠣᠨ ᠢ ᠡᠰᠡᠷᠭᠦᠴᠡᠬᠦ ᠬᠤᠪᠢᠰᠬᠠᠯ ᠤᠨ ᠰᠠᠭᠤᠷᠢᠨ ᠭᠠᠵᠠᠷ ᠢ ᠪᠠᠶᠢᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠵᠡᠶ᠃ ᠤᠯᠠᠭᠠᠨᠬᠤᠲᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠭᠠᠵᠠᠷ᠂ ᠥᠪᠥᠷ ᠮᠣᠩᠭᠤᠯ ᠴᠢᠨᠠᠭᠰᠢᠯᠠᠪᠠᠯ ᠳᠤᠮᠳᠠᠳᠤ ᠤᠯᠤᠰ ᠤᠨ ᠬᠤᠪᠢᠰᠬᠠᠯ ᠳᠤ ᠴᠢᠬᠤᠯᠠ ᠪᠠᠶᠢᠷᠢ ᠰᠠᠭᠤᠷᠢ ᠲᠠᠢ ᠶᠤᠮ᠃ ᠣᠳᠣ ᠬᠤᠪᠢᠰᠬᠠᠯ ᠤᠨ ᠬᠠᠭᠤᠴᠢᠨ ᠪᠠᠭᠤᠷᠢ ᠠᠷᠪᠠ ᠪᠣᠶ᠂  ᠶᠠᠭ ᠲᠥᠪᠯᠡᠷᠡᠨ ᠵᠠᠯᠭᠠᠯᠳᠤᠭᠰᠠᠨ ᠬᠤᠪᠢᠰᠬᠠᠯ ᠤᠨ ᠰᠠᠭᠤᠷᠢᠨ ᠭᠠᠵᠠᠷ ᠢ ᠪᠠᠶᠢᠭᠤᠯᠵᠤ  ᠂ ᠶᠡᠷᠦᠩᠬᠡᠶᠢᠯᠡᠨ‌ᠬᠠᠮᠠᠭᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠪᠣᠶ᠃      ︵ᠬᠤᠶᠠᠷ︶ ᠬᠡᠷᠡᠭᠵᠢᠭᠦᠯᠬᠦ ᠲᠥᠰᠦᠯ  ᠲᠤᠭᠳᠠᠭᠠᠨ᠎ᠠ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠢᠨᠵᠧᠨᠧᠷᠢᠩ ︵2019 — 2022 ᠤᠨ︶ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠨᠢᠭᠡᠨᠲᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠤ ᠮᠡᠳᠡᠭᠦᠯᠵᠦ᠂ ᠵᠢᠯ ᠤᠨ ᠳᠣᠲᠣᠷ᠎ᠠ ᠨᠡᠶᠢᠲᠡᠯᠡᠨ  ᠬᠡᠷᠡᠭᠵᠢᠭᠦᠯᠦᠨ᠎ᠡ᠃      ︵ᠭᠤᠷᠪᠠ︶ ᠬᠠᠤᠯᠢ ᠲᠣᠭᠲᠠᠭᠠᠬᠤ ᠪᠠᠶᠢᠴᠠᠭᠠᠨ ᠰᠤᠳᠤᠯᠬᠤ ᠠᠵᠢᠯ ᠢ  ᠦᠷᠨᠢᠭᠦᠯᠦᠨ᠎ᠡ      ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠠᠵᠢᠯ ᠢ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠢᠭᠡᠨᠲᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠪᠠᠭᠤᠷᠢ ᠶᠢ ᠬᠠᠮᠠᠭᠠᠯᠠᠬᠤ ᠳᠦᠷᠢᠮ︾ ᠢ 2019 ᠤᠨ ᠤ ᠬᠠᠤᠯᠢ ᠲᠣᠭᠲᠠᠭᠠᠬᠤ ᠲᠥᠯᠥᠪᠯᠡᠭᠡ ᠳᠤ ᠣᠷᠣᠭᠤᠯᠪᠠ᠃ ᠣᠳᠣᠬᠠᠨ ᠳᠤ ᠶᠠᠭ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠲᠠᠢ ᠬᠠᠮᠲᠤᠷᠠᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂  ᠪᠠᠶᠢᠴᠠᠭᠠᠨ ᠰᠤᠳᠤᠯᠬᠤ ᠲᠥᠰᠦᠯ ᠪᠣᠯᠤᠨ ᠡᠬᠡ ᠨᠣᠣᠷᠠᠭ ᠢ ᠲᠤᠭᠤᠷᠪᠢᠨ ᠲᠣᠭᠲᠠᠭᠠᠬᠤ ᠠᠵᠢᠯ ᠢ ᠬᠢᠵᠦ ᠪᠠᠶᠢᠨ᠎ᠠ᠃      ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2017 ᠤᠨ᠂ 2019  ᠤᠨ ᠤ ᠠᠵᠢᠯ ᠤᠨ ᠮᠡᠳᠡᠭᠦᠯᠦᠯᠲᠡ ᠳᠤ ᠪᠠᠨ ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠶ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠮᠦᠽᠧᠶ᠂ ᠬᠥᠯᠥᠨ ᠪᠤᠶᠢᠷ ᠤᠨ ᠲᠡᠤᠬᠡ ᠶᠢᠨ ᠮᠦᠽᠧᠶ ᠪᠠᠶᠢᠭᠤᠯᠤᠨ᠎ᠠ  ᠭᠡᠵᠦ ᠲᠣᠰ ᠲᠣᠰ ᠳᠤᠷᠠᠳᠴᠠᠶ᠂ ᠣᠳᠣ ᠠᠵᠢᠯ ᠤᠨ ᠠᠬᠢᠴᠠ ᠶᠢᠨ  ᠪᠠᠶᠢᠳᠠᠯ ᠶᠠᠮᠠᠷ ᠵᠡᠷᠭᠡ  ᠪᠣᠶ︖      ᠾᠧᠦ ᠵᠢᠶᠦ᠋ᠨ᠄ ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠶ ᠶᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠪᠠᠶᠢᠭᠤᠯᠵᠤ᠂ 2017 ᠤᠨ ᠤ 9 ᠰᠠᠷ᠎ᠠ ᠳᠤ ᠠᠵᠢᠯ ᠡᠬᠢᠯᠡᠭᠦᠯᠵᠦ᠂ ᠵᠢᠱᠢᠯᠲᠡ ᠪᠠᠷ 2020 ᠤᠨ ᠤ 6 ᠰᠠᠷ᠎ᠠ ᠳᠤ ᠠᠵᠢᠯ ᠳᠠᠭᠤᠰᠤᠨ᠎ᠠ᠃ ᠲᠣᠰ ᠲᠥᠷᠥᠯ ᠵᠦᠢᠯ  ᠨᠢ ᠨᠢᠰᠬᠡᠯ ᠤᠨ ᠲᠠᠯᠠᠪᠠᠢ ᠶᠢᠨ ᠵᠠᠮ ᠤᠨ ᠡᠮᠦᠨᠡᠬᠢ᠂ ᠸᠠᠨ ᠲᠦᠩ ᠵᠠᠮ ᠤᠨ ᠵᠡᠭᠦᠨᠰᠢᠬᠢ᠂ ᠮᠠᠨᠵᠤᠤᠷ ᠵᠠᠮ ‍ᠤᠨ‌ᠵᠡᠭᠦᠨᠰᠢᠬᠢ᠂  ᠯᠢᠨ ᠶᠢᠨ ᠵᠠᠮ ᠤᠨ ᠬᠤᠶᠢᠲᠤ ᠬᠡᠰᠡᠭ ᠲᠤ ᠪᠠᠶᠢᠷᠢᠯᠠᠨ᠂ 298 ᠮᠤ᠋  ᠭᠠᠵᠠᠷ ᠡᠵᠡᠯᠡᠨ᠂ ᠶᠡᠷᠦᠩᠬᠡᠶ ᠪᠠᠷᠢᠯᠭ᠎ᠠ ᠶᠢᠨ ᠲᠠᠯᠠᠪᠠᠢ ᠨᠢ 13.7 ᠲᠦᠮᠡᠨ ᠲᠡᠭᠰᠢ ᠳᠥᠷᠪᠡᠯᠵᠢᠨ ᠮᠧᠲᠷ᠂ ᠪᠠᠯᠠ ᠣᠷᠣᠭᠤᠯᠤᠯᠲᠠ ᠨᠢ 18.7 ᠳ᠋ᠦᠩᠰᠢᠭᠤᠷ ᠲᠥᠭᠦᠷᠢᠭ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠤᠷᠪᠠᠨ ᠣᠷᠣᠨ ᠪᠦᠰᠡ ᠬᠤᠪᠢᠶᠠᠨ ᠶᠠᠪᠤᠭᠳᠠᠭᠤᠯᠤᠨ᠎ᠠ᠃ ᠣᠳᠣᠬᠠᠨ ᠳᠤ᠂ ᠨᠢᠭᠡ ᠲᠣᠭᠤᠷᠢᠭ ᠤᠨ ᠭᠤᠤᠯ ᠴᠣᠭᠴᠠ ᠶᠢᠨ ᠪᠦᠲᠦᠴᠡ ᠶᠢᠨ ᠣᠷᠣᠢ ᠨᠢ ᠨᠢᠭᠡᠨᠲᠡ ᠪᠢᠲᠡᠭᠦᠮᠵᠢᠯᠡᠭᠳᠡᠵᠦ᠂ ᠰᠥᠭᠡᠷᠭᠦ‍ ᠨᠢᠭᠡ ᠳᠠᠪᠬᠤᠷᠭ᠎ᠠ ᠬᠤᠶᠠᠳᠤᠭᠠᠷ ᠤᠳᠠᠭ᠎ᠠ ᠶᠢᠨ ᠪᠦᠲᠦᠴᠡ ᠶᠢᠨ ᠴᠣᠭᠴᠠᠯᠠᠯᠲᠠ   ᠶᠢᠨ 80 % ᠶᠢ ᠪᠡᠶᠡᠯᠡᠭᠦᠯᠵᠡᠶ᠃ ᠬᠤᠶᠠᠳᠤᠭᠠᠷ ᠲᠣᠭᠤᠷᠢᠭ ᠨᠢᠭᠡᠨᠲᠡ ᠰᠥᠭᠡᠷᠭᠦ‍ ᠨᠢᠭᠡ ᠳᠠᠪᠬᠤᠷᠭ᠎ᠠ ᠠᠴᠠ ᠳᠥᠷᠪᠡᠳᠦᠭᠡᠷ ᠳᠠᠪᠬᠤᠷᠯᠢᠭ ᠲᠤ ᠬᠦᠷᠬᠦ ᠪᠣᠯᠣᠳ ᠪᠦᠲᠦᠴᠡ ᠶᠢ ᠳᠡᠭᠦᠵᠢᠯᠡᠨ ᠤᠭᠰᠠᠷᠠᠬᠤ᠂ ᠭᠠᠩᠨᠠᠨ ᠵᠠᠯᠭᠠᠬᠤ ᠠᠵᠢᠯ ᠢ ᠪᠡᠶᠡᠯᠡᠭᠦᠯᠵᠡᠶ᠃  ᠭᠤᠷᠪᠠᠳᠤᠭᠠᠷ ᠲᠤᠭᠤᠷᠢᠭ ‍ᠤᠨ‌ᠨᠢᠭᠡᠨᠲᠡ‌ᠭᠤᠤᠯ ᠴᠣᠭᠴᠠ ᠶᠢᠨ ᠪᠦᠲᠦᠴᠡ ᠶᠢᠨ ᠣᠷᠣᠢ  ᠶᠢ ᠨᠢ ᠪᠢᠲᠡᠭᠦᠮᠵᠢᠯᠡᠵᠤ᠂ ᠰᠥᠭᠡᠷᠭᠦ‍ ᠨᠢᠭᠡ ᠳᠠᠪᠬᠤᠷᠭ᠎ᠠ ᠶᠢᠨ  ᠬᠤᠶᠠᠳᠤᠭᠠᠷ ᠤᠳᠠᠭ᠎ᠠ ᠶᠢᠨ ᠪᠦᠲᠦᠴᠡ ᠶᠢᠨ ᠴᠣᠭᠴᠠᠯᠠᠯ ᠤᠨ 90 % ᠶᠢ ᠨᠢ ᠪᠡᠶᠡᠯᠡᠭᠦᠯᠪᠡ᠃ 11 ᠳ᠋ᠦᠭᠡᠷ ᠰᠠᠷ᠎ᠠ ᠳᠤ ᠭᠡᠷ ᠳᠣᠲᠣᠷᠠᠬᠢ ᠶᠢ ᠵᠠᠰᠠᠵᠤ ᠴᠢᠮᠡᠭᠯᠡᠬᠦ᠂ ᠳᠡᠯᠭᠡᠨ ᠦᠵᠡᠭᠦᠯᠬᠦ ᠨᠥᠬᠦᠴᠡᠯ ᠢ ᠪᠦᠷᠢᠳᠦᠭᠦᠯᠵᠦ᠂ ᠡᠪᠦᠯ ᠪᠤᠯᠬᠤ ᠳᠤ ᠳᠣᠲᠣᠭᠠᠳᠤ ᠶᠢᠨ ᠪᠠᠷᠢᠯᠭ᠎ᠠ ᠶᠢᠨ ᠠᠵᠢᠯ ᠬᠢᠬᠦ ᠪᠠᠷ ᠲᠥᠯᠥᠪᠯᠡᠵᠦ ᠪᠣᠶ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠮᠦᠽᠧᠶ ᠪᠣᠯᠤᠨ ᠬᠥᠯᠥᠨ ᠪᠤᠶᠢᠷ ᠤᠨ ᠲᠡᠤᠬᠡ ᠶᠢᠨ ᠮᠦᠽᠧᠶ ᠶᠢ 2019 ᠤᠨ ᠤ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠵᠢᠭᠰᠠᠭᠠᠨ ᠣᠷᠣᠭᠤᠯᠵᠤ᠂ ᠣᠳᠣᠬᠠᠨ ᠳᠤ ᠡᠯ᠎ᠡ  ᠲᠠᠯ᠎ᠠ ᠤᠨ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ᠃      ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠮᠦᠽᠧᠶ ᠶᠢ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠪᠠᠶᠢᠭᠤᠯᠤᠨ᠎ᠠ᠃ ᠪᠤᠭᠤᠲᠤ ᠬᠤᠲᠠ ᠨᠢ ᠤᠯᠤᠰ ᠤᠨ ᠴᠢᠬᠤᠯᠠ ᠠᠵᠤ ᠦᠢᠯᠡᠳᠪᠦᠷᠢ ᠶᠢᠨ ᠬᠤᠲᠠ ᠪᠣᠯᠤᠭᠰᠠᠨ ᠤ ᠬᠤᠪᠢ ᠳᠤ᠂  ᠪᠤᠭᠤᠲᠤ  ᠶᠢᠨ ᠪᠤᠯᠤᠳ  ᠤᠨ ᠦᠢᠯᠡᠳᠪᠦᠷᠢ᠂  ᠪᠤᠭᠤᠲᠤ  ᠶᠢᠨ ᠨᠡᠬᠡᠮᠡᠯ  ᠤᠨ ᠦᠢᠯᠡᠳᠪᠦᠷᠢ᠂ ᠬᠤᠶᠠᠳᠤᠭᠠᠷ ᠮᠠᠰᠢᠨ ᠮᠧᠬᠠᠨᠢᠭ ᠤᠨ ᠪᠦᠯᠦᠭᠯᠡᠯ᠂ ᠨᠢᠭᠡᠲᠦᠭᠡᠷ ᠮᠠᠰᠢᠨ ᠮᠧᠬᠠᠨᠢᠭ  ᠤᠨ ᠪᠦᠯᠦᠭᠯᠡᠯ ᠬᠥᠩᠭᠡᠨ ᠴᠠᠭᠠᠨ ᠤ ᠦᠢᠯᠡᠳᠪᠦᠷᠢ᠂ ᠰᠢᠬᠢᠷ ᠤᠨ  ᠦᠢᠯᠡᠳᠪᠦᠷᠢ ᠵᠡᠷᠭᠡ ᠨᠢᠭᠡ ᠪᠦᠯᠦᠭ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠢ ᠲᠥᠪᠯᠡᠷᠡᠭᠦᠯᠵᠦ᠂ ᠠᠵᠤ  ᠦᠢᠯᠡᠳᠪᠦᠷᠢ ᠶᠢᠨ ᠰᠣᠶᠣᠯ ᠲᠡᠤᠬᠡ ᠤᠷᠲᠤ ᠤᠳᠠᠭᠠᠨ᠂  ᠦᠯᠡᠳᠡᠭᠳᠡᠯ ᠡᠯᠪᠡᠭ ᠪᠠᠶᠠᠯᠢᠭ᠂ ᠰᠠᠭᠤᠷᠢ ᠵᠤᠵᠠᠭᠠᠨ ᠪᠠᠶᠢᠵᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠮᠦᠽᠧᠶ ᠪᠠᠶᠢᠭᠤᠯᠬᠤ ᠰᠠᠭᠤᠷᠢ ᠴᠢᠨᠠᠷᠲᠠᠶ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃      ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠮᠦᠽᠧᠢ ᠶᠢ ᠪᠤᠭᠤᠲᠤ ᠬᠤᠲᠠ ᠶᠢᠨ ᠰᠢᠨ᠎ᠡ ᠬᠤᠲᠠ ᠶᠢᠨ ᠲᠣᠭᠤᠷᠢᠭ ᠤᠨ ᠦᠵᠡᠮᠵᠢ ᠶᠢᠨ ᠭᠤᠣᠯ ᠱᠤᠭᠤᠮ ᠤᠨ ᠡᠮᠦᠨ᠎ᠡ ᠬᠡᠰᠡᠭ ᠲᠤ ᠪᠠᠶᠢᠭᠤᠯᠬᠤ ᠪᠠᠷ ᠲᠦᠯᠦᠪᠯᠡᠵᠦ᠂ 112  ᠮᠦ ᠲᠠᠯᠠᠪᠠᠢ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 7 ᠲᠦᠮᠡᠨ ᠲᠡᠭᠰᠢ ᠳᠥᠷᠪᠡᠯᠵᠢᠨ ᠮᠧᠲᠷ  ᠪᠣᠯᠤᠨ᠎ᠠ᠃ ᠣᠳᠣᠬᠠᠨ ᠳᠤ᠂ ᠪᠤᠭᠤᠲᠤ ᠬᠤᠲᠠ ᠨᠢᠭᠡᠨᠲᠡ ᠵᠢᠷᠤᠭ ᠲᠥᠯᠥᠪᠯᠡᠭᠡ ᠶᠢᠨ ᠪᠡᠯᠡᠳᠬᠡᠯ ᠲᠥᠰᠦᠯ᠂ ᠭᠠᠵᠠᠷ ᠰᠢᠷᠣᠶ ᠶᠢ ᠤᠷᠢᠳᠴᠢᠯᠠᠨ ᠬᠢᠨᠠᠬᠤ᠂ ᠭᠠᠵᠠᠷ ᠰᠣᠩᠭᠤᠬᠤ ᠪᠡᠯᠡᠳᠬᠡᠯ ᠲᠥᠰᠦᠯ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠳᠠᠩᠰᠠᠯᠠᠬᠤ ᠪᠠ ᠭᠠᠵᠠᠷ ᠳᠡᠭᠡᠷᠡᠬᠢ ᠪᠣᠳᠠᠰ ᠤᠨ ᠲᠠᠲᠠᠪᠤᠷᠢᠯᠠᠬᠤ ᠠᠵᠢᠯ ᠢ ᠪᠡᠶᠡᠯᠡᠭᠦᠯᠵᠦ᠂ ︽ᠭᠤᠷᠪᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠪᠠᠷᠢᠯᠭ᠎ᠠ ᠶᠢᠨ ᠱᠠᠭᠠᠷᠳᠠᠯᠭ᠎ᠠ ᠳᠤ ᠬᠦᠷᠴᠦ᠂ ᠣᠳᠣ ᠶᠠᠭ ᠨᠡᠶᠢᠭᠡᠮ ᠳᠡᠭᠡᠷ᠎ᠡ ᠠᠴᠠ ᠮᠦᠽᠧᠶ ᠶᠢᠨ ᠵᠢᠷᠤᠭ ᠲᠥᠯᠥᠪᠯᠡᠭᠡ ᠶᠢᠨ ᠲᠥᠰᠦᠯ ᠢ ᠡᠯᠰᠡᠬᠦ ᠠᠵᠢᠯ ᠢ ᠥᠷᠨᠢᠭᠦᠯᠵᠦ ᠪᠠᠶᠢᠨ᠎ᠠ᠃      ᠬᠥᠯᠥᠨ ᠪᠤᠶᠢᠷ ᠪᠣᠯ ᠳᠤᠮᠳᠠᠳᠤ ᠤᠯᠤᠰ  ᠤᠨ ᠤᠮᠠᠷᠠᠲᠤ ᠶᠢᠨ ᠣᠢ ᠰᠢᠭᠤᠶ ᠶᠢᠨ ᠠᠩᠨᠠᠯ ᠤᠨ ᠦᠨᠳᠦᠰᠦᠲᠡᠨ ᠪᠠ ᠲᠠᠯ᠎ᠠ ᠨᠤᠲᠤᠭ ᠤᠨ ᠨᠡᠭᠦᠳᠡᠯᠯᠡᠨ ᠮᠠᠯᠵᠢᠬᠤ ᠦᠨᠳᠦᠰᠦᠲᠡᠨ ᠤ ᠡᠭᠦᠰᠦᠯ ᠤᠨ ᠭᠠᠵᠠᠷ ᠮᠥᠨ᠂ ᠲᠣᠰ ᠭᠠᠵᠠᠷ ᠣᠷᠣᠨ ᠤ ᠪᠠᠶᠢᠭᠠᠯᠢ ᠶᠢᠨ ᠣᠨᠴᠠᠯᠢᠭ ᠢᠯᠡ ᠲᠣᠳᠣ᠂ ᠠᠮᠢ ᠠᠬᠤᠢ ᠶᠢᠨ ᠪᠠᠶᠢᠷᠢ ᠰᠠᠭᠤᠷᠢ ᠥᠪᠡᠷᠮᠢᠴᠡ᠂ ᠰᠣᠶᠣᠯ ᠤᠨ ᠰᠠᠭᠤᠷᠢ ᠭᠦᠨ ᠵᠤᠵᠠᠭᠠᠨ᠂ ᠦᠨᠳᠦᠰᠦᠲᠡᠨ  ᠤ ᠤᠨᠴᠠᠯᠢᠭ᠂ ᠥᠨᠢᠷ ᠥᠳᠬᠡᠨ᠂ ᠲᠡᠤᠬᠡ ᠶᠢᠨ ᠮᠦᠽᠧᠶ ᠪᠠᠶᠢᠭᠤᠯᠬᠤ ᠡᠯᠪᠡᠭ ᠪᠠᠶᠠᠯᠢᠭ ᠡᠬᠢ ᠪᠠᠶᠠᠯᠢᠭ ᠲᠠᠢ ᠶᠤᠮ᠃      ᠬᠥᠯᠥᠨ ᠪᠤᠶᠢᠷ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢᠭᠡᠨᠲᠡ ᠲᠡᠤᠬᠡ ᠶᠢᠨ ᠮᠦᠽᠧᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠲᠤ ᠴᠣᠬᠤᠯᠠᠪᠤᠷᠢ ᠬᠢᠵᠡᠶ᠃ ᠮᠦᠽᠧᠶ ᠶᠢ ᠬᠠᠶᠢᠯᠠᠷ ᠲᠣᠭᠤᠷᠢᠭ ᠤᠨ ᠭᠤᠷᠪᠠᠨ ᠣᠷᠳᠣᠨ ᠨᠢᠭᠡ ᠨᠠᠭᠤᠷ ᠤᠨ ᠲᠤᠭᠤᠷᠢᠭ ᠲᠤ  ᠪᠠᠶᠢᠭᠤᠯᠵᠤ᠂ ᠬᠤᠲᠠ ᠶᠢᠨ ᠲᠥᠯᠥᠪᠵᠢᠭᠦᠯᠭᠡ ᠶᠢᠨ ᠣᠷᠳᠣᠨ ᠤ ᠵᠡᠭᠦᠨ ᠲᠠᠯ᠎ᠠ ᠳᠤ 70 ᠮᠦ ᠲᠠᠯᠠᠪᠠᠢ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠡᠯᠡ ᠣᠷᠣᠭᠤᠯᠤᠯᠲᠠ ᠶᠢ 5.7 ᠳ᠋ᠦᠩᠰᠢᠭᠤᠷ ᠲᠥᠭᠦᠷᠢᠭ  ᠢᠶᠠᠷ ᠵᠢᠱᠢᠵᠦ᠂ ᠪᠦᠲᠦᠭᠡᠨ ᠪᠠᠶᠢᠭᠤᠯᠬᠤ ᠠᠵᠢᠯ ᠤᠨ ᠬᠤᠭᠤᠴᠠᠭ᠎ᠠ ᠶᠢ 2019 — 2021 ᠤᠨ ᠪᠣᠯᠲᠠᠯ᠎ᠠ ᠵᠢᠱᠢᠨ ᠲᠥᠯᠥᠪᠯᠡᠵᠦ ᠪᠣᠶ᠃ ᠣᠳᠣᠬᠠᠨ ᠳᠤ᠂ ᠮᠦᠽᠧᠶ ᠶᠢᠨ ᠵᠢᠷᠤᠭ ᠲᠥᠯᠥᠪᠯᠡᠭᠡ ᠪᠠ ᠳᠣᠲᠣᠭᠠᠳᠤ ᠴᠢᠳᠠᠮᠵᠢ ᠶᠢᠨ ᠵᠢᠷᠤᠭ ᠲᠥᠯᠥᠪᠯᠡᠭᠡ ᠶᠢᠨ ᠲᠥᠰᠦᠯ ᠤᠨ ᠠᠵᠢᠯ ᠢ ᠨᠢᠭᠡᠨᠲᠡ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map