2019 ᠣᠨ ᠤ ᠪᠦᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠤᠬᠠᠶ ᠰᠣᠶᠣᠯ ᠪᠠ ᠵᠢᠭᠤᠯᠴᠢᠯᠠᠯ ᠤᠨ ᠬᠡᠯᠲᠡᠰ ᠤᠨ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2019/8/23
ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠣᠶᠣᠯ ᠪᠠ ᠵᠢᠭᠤᠯᠴᠢᠯᠠᠯ‌‍ᠤᠨ ᠲᠢᠩᠬᠢᠮ ︵ᠲᠣᠪᠴᠢᠶ᠎ᠠ︶᠂ ᠥᠪᠥᠷ ᠮᠣᠩᠭᠤᠯ ᠤᠨ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ ᠳᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠬᠠᠤᠯᠢ︾᠂ ︽ᠵᠢᠭᠤᠯᠴᠢᠯᠠᠯ ᠤᠨ ᠬᠥᠲᠥᠴᠢ ᠶᠢᠨ ᠬᠠᠮᠢᠶᠠᠷᠤᠯᠲᠠ ᠶᠢᠨ ᠳᠦᠷᠢᠮ︾ ᠪᠣᠯᠤᠨ ︽︿ᠵᠢᠭᠤᠯᠴᠢᠯᠠᠯ ᠤᠨ ᠬᠥᠲᠥᠴᠢ ᠶᠢᠨ ᠠᠵᠢᠯ ᠡᠷᠬᠢᠯᠡᠬᠦ ᠬᠢᠷᠢ ᠭᠡᠮ ᠤᠨ ᠦᠨᠡᠮᠯᠡᠯ ᠢ ᠬᠠᠷᠭᠤᠭᠤᠯᠤᠨ ᠣᠯᠭᠤᠬᠤ﹀ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠬᠤᠯᠪᠣᠭᠳᠠᠯ ᠪᠦᠬᠦᠢ ᠠᠵᠢᠯ ᠢ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ ᠵᠢᠭᠤᠯᠴᠢᠯᠠᠯ ᠤᠨ ᠠᠯᠪᠠᠨ ᠭᠠᠵᠠᠷ ᠲᠠᠷᠬᠠᠭᠠᠭᠰᠠᠨ ︹ 2015 ︺ 202 ᠳ᠋ᠤᠭᠠᠷ ᠲᠣᠭᠠᠲᠤ︶ ᠮᠠᠲ᠋ᠧᠷᠢᠶᠠᠯ ᠢ ᠦᠨᠳᠦᠰᠦᠯᠡᠵᠦ᠂ 2019 ᠣᠨ ᠤ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠶᠢ 2019 ᠣᠨ ᠤ 11  ᠳ᠋ᠣᠭᠡᠷ ᠰᠠᠷ᠎ᠠ ᠠᠴᠠ 12 ᠳ᠋ᠤᠭᠠᠷ ᠰᠠᠷ᠎ᠠ ᠶᠢᠨ ᠬᠤᠭᠤᠷᠤᠨᠳᠤ ᠬᠢᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ ᠨᠢᠭᠡ᠂ ᠨᠡᠷ᠎ᠡ ᠮᠡᠳᠡᠭᠦᠯᠬᠦ ᠨᠥᠬᠦᠴᠡᠯ      ︵ᠨᠢᠭᠡ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠬᠡᠲᠦ ᠠᠷᠠᠳ᠃      ︵ᠬᠤᠶᠠᠷ︶ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠤᠶᠤ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠬᠤ᠃      ︵ᠭᠤᠷᠪᠠ︶ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ᠃      ︵ᠳᠦᠷᠪᠡ︶ ᠵᠢᠭᠤᠯᠴᠢᠯᠠᠯ ᠤᠨ ᠬᠥᠲᠥᠴᠢ ᠶᠢᠨ ᠬᠡᠷᠡᠭᠴᠡᠭᠡ ᠳᠤ ᠲᠣᠬᠢᠷᠠᠭᠰᠠᠨ ᠦᠨᠳᠦᠰᠦᠨ ᠮᠡᠳᠡᠯᠭᠡ ᠪᠠ ᠦᠭᠡ ᠬᠡᠯᠡᠨ ᠤ ᠢᠯᠡᠳᠬᠡᠬᠦ ᠴᠢᠳᠠᠪᠤᠷᠢ ᠲᠠᠢ ᠪᠠᠶᠢᠬᠤ᠃ ᠬᠤᠶᠠᠷ᠂ ᠨᠡᠷ᠎ᠡ ᠮᠡᠳᠡᠭᠦᠯᠬᠦ ᠳᠡᠰ ᠳᠠᠷᠠᠭᠠᠯᠠᠯ        ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠳᠤ ᠨᠡᠷ᠎ᠡ ᠮᠡᠳᠡᠭᠦᠯᠬᠦ ᠶᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠡᠯᠪᠡᠷᠢ ᠪᠠᠷ ᠶᠠᠪᠤᠭᠳᠠᠭᠤᠯᠤᠨ᠎ᠠ᠂ ᠨᠡᠷ᠎ᠡ ᠮᠡᠳᠡᠭᠦᠯᠬᠦ ᠳᠡᠰ ᠳᠠᠷᠠᠭᠠᠯᠠᠯ ᠳᠤ ᠨᠡᠷ᠎ᠡ ᠮᠡᠳᠡᠭᠦᠯᠬᠦ ᠮᠡᠳᠡᠭᠡ ᠵᠠᠩᠭᠢ᠂ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠬᠢᠨᠠᠨ ᠬᠠᠷᠭᠤᠭᠤᠯᠬᠤ᠂ ᠰᠦᠢᠳᠬᠡᠯ ᠲᠤᠰᠢᠶᠠᠬᠤ ᠪᠠ ᠰᠢᠯᠭᠠᠬᠤ ᠶᠢ ᠵᠥᠪᠰᠢᠶᠡᠷᠡᠬᠦ ᠦᠨᠡᠮᠯᠡᠯ ᠢ ᠳᠠᠷᠤᠮᠠᠯᠯᠠᠬᠤ ᠵᠡᠷᠭᠡ 4 ᠳᠡᠰ ᠳᠠᠷᠠᠭ᠎ᠠ ᠪᠠᠭᠲᠠᠨ᠎ᠠ᠃        ︵ᠨᠢᠭᠡ︶ ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠲᠤᠰᠢᠶᠠᠬᠤ        2019 ᠣᠨ ᠤ 8 ᠰᠠᠷ᠎ᠠ ᠶᠢᠨ 20 ᠤ ᠡᠳᠦᠷ ᠤᠨ 9 : 00 ᠠᠴᠠ 9 ᠰᠠᠷ᠎ᠠ ᠶᠢᠨ 20 ᠤ ᠡᠳᠦᠷ ᠤᠨ 17 : 00 ᠪᠣᠯᠲᠠᠯ᠎ᠠ᠂ ᠰᠢᠯᠭᠠᠭᠤᠯᠤᠭᠴᠢ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠢᠶᠠᠷ ᠳᠠᠮᠵᠢᠭᠤᠯᠤᠨ ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠲᠤᠰᠢᠶᠠᠵᠤ ᠪᠣᠯᠤᠨ᠎ᠠ᠂ ᠰᠦᠯᠵᠢᠶᠡᠨ ᠤ ᠬᠠᠶ᠋ᠢᠭ᠄ http://jianguan.12301.cn/ ︵ᠪᠥᠬᠦ ᠤᠯᠤᠰ ᠤᠨ ᠵᠢᠭᠤᠯᠴᠢᠯᠠᠯ ᠤᠨ ᠬᠢᠨᠠᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ — ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠶᠢᠨ ᠨᠡᠷ᠎ᠡ ᠮᠡᠳᠡᠭᠦᠯᠬᠦ ᠴᠤᠩᠬᠤ︶᠃ ᠰᠢᠯᠭᠠᠭᠤᠯᠤᠭᠴᠢ ᠡᠷᠬᠡᠪᠰᠢ ᠱᠠᠭᠠᠷᠳᠠᠯᠭ᠎ᠠ ᠳᠤ ᠨᠡᠶᠢᠴᠡᠬᠦ ᠬᠤᠪᠢ ᠬᠥᠮᠦᠨ ᠤ ᠣᠶᠢᠷ᠎ᠠ ᠶᠢᠨ ᠬᠤᠭᠤᠴᠠᠭᠠᠨ ᠤ 1 ᠢᠮᠠᠬᠤ ᠶᠢᠨ ᠴᠠᠭᠠᠨ ᠳᠡᠪᠢᠰᠭᠡᠷ ᠲᠠᠢ ᠮᠠᠯᠠᠭᠠᠶ ᠥᠬᠡᠶ ᠲᠦᠪ ᠭᠡᠷᠡᠯ ᠵᠢᠷᠤᠭ᠂ ᠪᠡᠶ᠎ᠡ ᠶᠢᠨ ᠦᠨᠡᠮᠯᠡᠯ ᠤᠨ ᠰᠢᠷᠪᠢᠯᠲᠡ ︵ᠨᠢᠭᠤᠷ᠂ ᠡᠰᠡᠷᠭᠦ ᠲᠠᠯ᠎ᠠ᠂ ᠪᠡᠶ᠎ᠡ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠰᠢᠯᠭᠠᠯᠲᠠ ᠶᠢᠨ ᠡᠳᠦᠷ ᠬᠤᠭᠤᠴᠠᠭ᠎ᠠ ᠶᠢ ᠬᠠᠮᠤᠷᠤᠭᠰᠠᠨ ᠪᠠᠶᠢᠬᠤ ᠬᠡᠷᠡᠭᠲᠡᠶ︶᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠰᠢᠷᠪᠢᠯᠲᠡ ᠶᠢ ᠳᠡᠭᠡᠭᠰᠢ ᠳᠠᠮᠵᠢᠭᠤᠯᠬᠤ ᠮᠦᠷᠲᠡᠭᠡᠨ ᠮᠡᠳᠡᠭᠡ ᠵᠠᠩᠭᠢ ᠶᠢ ᠲᠠᠭᠯᠠᠬᠤ ᠬᠡᠷᠡᠭᠲᠡᠢ᠂ ᠳᠡᠭᠡᠭᠰᠢ ᠳᠠᠮᠵᠢᠭᠤᠯᠬᠤ ᠮᠠᠲ᠋ᠧᠷᠢᠶᠠᠯ ᠤᠨ ᠪᠣᠳᠠᠲᠠᠶ ᠱᠠᠭᠠᠷᠳᠠᠯᠭ᠎ᠠ ᠶᠢ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠲᠤ ᠯᠠᠪᠯᠠᠨ ᠦᠵᠡ᠃ ᠰᠢᠯᠭᠠᠭᠤᠯᠤᠭᠴᠢ ᠣᠯᠠᠨ ᠭᠠᠵᠠᠷ ᠲᠤ ᠳᠠᠬᠢᠨ ᠳᠠᠪᠲᠠᠨ ᠨᠡᠷ᠎ᠡ ᠮᠡᠳᠡᠭᠦᠯᠪᠡᠯ ᠨᠡᠷ᠎ᠡ ᠮᠡᠳᠡᠭᠦᠯᠦᠭᠰᠡᠨ ᠨᠢ ᠬᠦᠴᠦᠨ ᠥᠬᠡᠶ ᠪᠤᠯᠤᠨ᠎ᠠ᠃      ︵ᠬᠤᠶᠠᠷ︶ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠬᠢᠨᠠᠨ ᠬᠠᠷᠭᠤᠭᠤᠯᠬᠤ      2019 ᠣᠨ ᠤ 8 ᠰᠠᠷ᠎ᠠ ᠶᠢᠨ 20 ᠤ ᠡᠳᠦᠷ ᠤᠨ 9 : 00 ᠠᠴᠠ 9 ᠰᠠᠷ᠎ᠠ ᠶᠢᠨ 30 ᠤ ᠡᠳᠦᠷ ᠤᠨ 17 : 00 ᠪᠣᠯᠲᠠᠯ᠎ᠠ᠂ ᠡᠯ᠎ᠡ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠢᠯᠭᠠᠭᠤᠯᠤᠭᠴᠢ ᠶᠢᠨ ᠲᠤᠰᠢᠶᠠᠭᠰᠠᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠨ᠎ᠠ᠃ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠳᠠᠬᠢᠵᠤ ᠬᠤᠪᠢᠷᠠᠭᠤᠯᠬᠤ ᠥᠬᠡᠶ᠃      ︵ᠭᠤᠷᠪᠠ︶ ᠰᠦᠢᠳᠭᠡᠯ ᠲᠤᠰᠢᠶᠠᠬᠤ      ᠰᠢᠯᠭᠠᠭᠤᠯᠤᠭᠴᠢ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ 2019 ᠣᠨ  ᠤ 10 ᠰᠠᠷ᠎ᠠ ᠶᠢᠨ 8 ᠤ ᠡᠳᠦᠷ ᠤᠨ 17᠄ 00 ᠴᠠᠭ ᠬᠦᠷᠲᠡᠯ᠎ᠡ ᠰᠦᠢᠳᠬᠡᠯ ᠲᠤᠰᠢᠶᠠᠵᠤ ᠪᠣᠯᠤᠨ᠎ᠠ᠃  ᠰᠦᠢᠳᠭᠡᠯ ᠲᠤᠰᠢᠶᠠᠭᠰᠠᠨ ᠤ ᠳᠠᠷᠠᠭ᠎ᠠ᠂ ᠰᠦᠢᠳᠭᠡᠯ ᠢ ᠪᠤᠴᠠᠭᠠᠬᠤ ᠦᠭᠡᠢ᠃      ︵ᠲᠦᠷᠪᠡ︶ ᠰᠢᠯᠭᠠᠬᠤ ᠶᠢ ᠵᠥᠪᠰᠢᠶᠡᠷᠡᠬᠦ ᠦᠨᠡᠮᠯᠡᠯ ᠢ ᠳᠠᠷᠤᠮᠠᠯᠯᠠᠬᠤ      2019 ᠣᠨ ᠤ 11 ᠰᠠᠷ᠎ᠠ ᠶᠢᠨ 22 ᠤᠨ ᠡᠳᠦᠷ ᠤᠨ 9 : 00 ᠳᠤ ᠠᠴᠠ ᠰᠢᠯᠭᠠᠭᠤᠯᠤᠭᠴᠢ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠢᠶᠠᠷ ᠰᠢᠯᠭᠠᠬᠤ ᠶᠢ ᠵᠦᠪᠰᠢᠶᠡᠷᠡᠬᠦ ᠦᠨᠡᠮᠯᠡᠯ ᠢ ᠪᠠᠭᠤᠯᠭᠠᠵᠤ᠂ ᠦᠪᠡᠰᠦᠪᠡᠨ ᠳᠠᠷᠤᠮᠠᠯᠯᠠᠵᠤ ᠪᠣᠯᠤᠨ᠎ᠠ᠃ ᠭᠤᠷᠪᠠ᠂ ᠰᠢᠯᠭᠠᠯᠲᠠ ᠶᠢᠨ ᠬᠢᠴᠢᠶᠡᠯ ᠲᠥᠷᠥᠯ ᠪᠠ ᠰᠢᠯᠭᠠᠯᠲᠠ ᠶᠢᠨ ᠬᠥᠲᠥᠯᠪᠦᠷᠢ      ᠰᠢᠯᠭᠠᠭᠤᠯᠤᠭᠴᠢ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠳᠤ ᠣᠷᠣᠯᠴᠠᠬᠤ ᠳᠤ ᠡᠷᠬᠡᠪᠰᠢ ᠪᠢᠷ ᠤᠨ ᠰᠢᠯᠭᠠᠯᠲᠠ ᠪᠠ ᠲᠤᠬᠠᠶ ᠶᠢᠨ ᠲᠠᠯᠠᠪᠠᠢ ᠶᠢᠨ ᠰᠢᠯᠭᠠᠯᠲᠠ ︵ᠨᠢᠭᠤᠷᠳᠠᠨ ᠰᠢᠯᠭᠠᠯᠲᠠ︶ ᠳᠤ ᠬᠠᠮᠲᠤ ᠳᠤ ᠨᠢ ᠣᠷᠣᠯᠴᠠᠬᠤ ᠬᠡᠷᠡᠭᠲᠡᠶ᠃ ᠬᠢᠲᠠᠳ ᠬᠡᠯᠡᠨ ᠤ ︽ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠦᠨᠡᠮᠯᠡᠯ︾ ᠢ ᠨᠢᠭᠡᠨᠲᠡ ᠣᠯᠵᠤ᠂ ᠭᠠᠳᠠᠭᠠᠳᠤ ᠬᠡᠯᠡᠨ ᠤ ᠬᠢ ᠪᠠᠷ ᠰᠣᠯᠢᠬᠤ ᠴᠢᠬᠤᠯᠠᠲᠠᠶ ᠰᠢᠯᠭᠠᠭᠤᠯᠤᠭᠴᠢ ︵ᠳᠣᠷᠣᠭᠰᠢ ︽ᠨᠡᠮᠡᠵᠦ ᠰᠢᠯᠭᠠᠬᠤ ᠰᠢᠯᠭᠠᠭᠤᠯᠤᠭᠴᠢ︾ ᠭᠡᠵᠦ ᠲᠣᠪᠴᠢᠯᠠᠨ᠎ᠠ︶ ᠨᠢ ᠵᠥᠪᠬᠡᠨ ᠲᠤᠬᠠᠶ ᠶᠢᠨ ᠲᠠᠯᠠᠪᠤᠷ ᠤᠨ ᠰᠢᠯᠭᠠᠯᠲᠠ ︵ᠨᠢᠭᠤᠷᠳᠠᠨ ᠰᠢᠯᠭᠠᠯᠲᠠ︶ ᠳᠤ ᠣᠷᠤᠯᠴᠠᠨ᠎ᠠ᠃ ᠪᠢᠷ ᠤᠨ ᠰᠢᠯᠭᠠᠯᠲᠠ ᠶᠢ ᠮᠠᠰᠢᠨ ᠳᠡᠭᠡᠷ᠎ᠡ ᠰᠢᠯᠭᠠᠬᠤ ᠬᠡᠯᠪᠡᠷᠢ ᠪᠠᠷ ᠶᠠᠪᠤᠭᠳᠠᠭᠤᠯᠤᠨ᠎ᠠ᠂ ᠰᠢᠯᠭᠠᠯᠲᠠ ᠶᠢᠨ ᠲᠥᠷᠥᠯ ᠵᠦᠢᠯ ᠨᠢ ᠲᠥᠷᠥ ᠶᠢᠨ ᠪᠣᠳᠣᠯᠭ᠎ᠠ ᠬᠢᠭᠡᠳ ᠬᠠᠤᠯᠢ ᠴᠠᠭᠠᠵᠠ ᠬᠠᠤᠯᠢ ᠲᠣᠭᠲᠠᠭᠠᠯ ︵ᠬᠢᠴᠢᠶᠡᠯ ᠲᠥᠷᠥᠯ ᠨᠢᠭᠡ︶᠂ ᠵᠢᠭᠤᠯᠴᠢᠯᠠᠯ ᠤᠨ ᠬᠥᠲᠥᠴᠢ ᠶᠢᠨ ᠲᠤᠬᠠᠶᠢᠯᠠᠭᠰᠠᠨ ᠠᠵᠢᠯ ︵ᠬᠢᠴᠢᠶᠡᠯ ᠲᠥᠷᠥᠯ ᠬᠤᠶᠠᠷ︶᠂ ᠪᠦᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠰᠠᠭᠤᠷᠢ ᠮᠡᠳᠡᠯᠭᠡ ︵ᠬᠢᠴᠢᠶᠡᠯ ᠲᠥᠷᠥᠯ ᠭᠤᠷᠪᠠ︶᠂ ᠣᠷᠣᠨ ᠨᠤᠲᠤᠭ ᠤᠨ ᠵᠢᠭᠤᠯᠴᠢᠯᠠᠯ ᠤᠨ ᠬᠥᠲᠥᠴᠢ ᠶᠢᠨ ᠰᠠᠭᠤᠷᠢ ᠮᠡᠳᠡᠯᠭᠡ ︵ᠬᠢᠴᠢᠶᠡᠯ ᠲᠥᠷᠥᠯ ᠲᠦᠷᠪᠡ︶᠂ ᠲᠤᠬᠠᠶ ᠶᠢᠨ ᠲᠠᠯᠠᠪᠠᠢ ᠶᠢᠨ ᠰᠢᠯᠭᠠᠯᠲᠠ ︵ᠨᠢᠭᠤᠷᠳᠠᠨ ᠰᠢᠯᠭᠠᠯᠲᠠ︶ ᠶᠢᠨ ᠲᠥᠷᠥᠯ ᠵᠦᠢᠯ ᠨᠢ ᠵᠢᠭᠤᠯᠴᠢᠯᠠᠯ ᠤᠨ ᠬᠥᠲᠥᠴᠢ ᠶᠢᠨ ᠦᠢᠯᠡᠴᠢᠯᠡᠭᠡᠨ ᠤ ᠴᠢᠳᠠᠪᠤᠷᠢ ︵ᠰᠢᠯᠭᠠᠯᠲᠠ ᠶᠢᠨ ᠲᠥᠷᠥᠯ ᠵᠦᠢᠯ ᠲᠠᠪᠤ︶ ᠪᠣᠯᠤᠨ᠎ᠠ᠃ ᠡᠭᠦᠨ ᠳᠤ᠂ ᠨᠢᠭᠡᠳᠦᠭᠡᠷ᠂ ᠬᠤᠶᠠᠳᠤᠭᠠᠷ ᠬᠢᠴᠢᠶᠡᠯ ᠲᠥᠷᠥᠯ ᠢ ᠨᠡᠶᠢᠯᠡᠭᠦᠯᠦᠭᠡᠳ 1 ᠰᠢᠯᠭᠠᠯᠲᠠ ᠶᠢᠨ ᠬᠠᠭᠤᠳᠠᠰᠤᠨ ᠳᠤ ᠲᠤᠷᠰᠢᠨ ᠰᠢᠯᠭᠠᠯᠲᠠ ᠬᠢᠵᠦ᠂ ᠭᠤᠷᠪᠠᠳᠤᠭᠠᠷ᠂ ᠳᠥᠷᠪᠡᠳᠦᠭᠡᠷ ᠬᠢᠴᠢᠶᠡᠯ ᠲᠥᠷᠥᠯ ᠢ ᠨᠡᠶᠢᠯᠡᠭᠦᠯᠦᠭᠡᠳ 1 ᠰᠢᠯᠭᠠᠯᠲᠠ ᠶᠢᠨ ᠬᠠᠭᠤᠳᠠᠰᠤᠨ ᠳᠤ ᠲᠤᠷᠰᠢᠨ ᠰᠢᠯᠭᠠᠯᠲᠠ ᠬᠢᠵᠦ᠂ ᠰᠢᠯᠭᠠᠯᠲᠠ ᠶᠢᠨ ᠬᠠᠭᠤᠳᠠᠰᠤ ᠪᠦᠷᠢ ᠶᠢᠨ ᠪᠦᠷᠢᠨ ᠬᠤᠪᠢ ᠨᠢ 100 ᠬᠤᠪᠢ᠂ ᠰᠢᠯᠭᠠᠬᠤ ᠴᠠᠭ ᠨᠢ ᠴᠥᠮ 90 ᠮᠢᠨᠦ᠋ᠲ ᠪᠣᠯᠤᠨ᠎ᠠ᠃ ᠲᠤᠬᠠᠶ ᠶᠢᠨ ᠲᠠᠯᠠᠪᠠᠢ ᠶᠢᠨ ᠰᠢᠯᠭᠠᠯᠲᠠ ︵ᠨᠢᠭᠤᠷᠳᠠᠨ ᠰᠢᠯᠭᠠᠯᠲᠠ︶ ᠶᠢ ︽ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠶᠢᠨ ᠲᠤᠬᠠᠶ ᠶᠢᠨ ᠲᠠᠯᠠᠪᠠᠢ ᠶᠢᠨ ᠰᠢᠯᠭᠠᠯᠲᠠ ᠶᠢᠨ ᠠᠵᠢᠯ ᠤᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ 2019 ᠣᠨ ᠤ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠶᠢᠨ ᠬᠥᠲᠥᠯᠪᠦᠷᠢ ᠶᠢ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠣᠷᠲ᠋ᠠᠯ ᠰᠦᠯᠵᠢᠶ᠎ᠡ ︵http://www.mct.gov.cn︶ ᠠᠴᠠ ᠪᠠᠶᠢᠴᠠᠭᠠᠨ ᠦᠵᠡᠵᠦ ᠪᠠᠭᠤᠯᠭᠠᠵᠤ ᠪᠤᠯᠤᠨ᠎ᠠ ᠲᠦᠷᠪᠡ᠂ ᠰᠢᠯᠭᠠᠬᠤ ᠴᠠᠭ      ᠬᠢᠴᠢᠶᠡᠯ ᠲᠥᠷᠥᠯ ᠤᠨ ᠨᠢᠭᠡ᠂ ᠬᠤᠶᠠᠷ ᠤᠨ ᠰᠢᠯᠭᠠᠬᠤ ᠴᠠᠭ᠄ 2019 ᠣᠨ ᠤ 11 ᠳ᠋ᠣᠭᠡᠷ ᠰᠠᠷ᠎ᠠ ᠶᠢᠨ 30 ᠤ ᠡᠳᠦᠷ ᠤᠨ 9᠄ 00 — 10᠄ 30 ᠴᠠᠭ      ᠬᠢᠴᠢᠶᠡᠯ ᠲᠥᠷᠥᠯ ᠤᠨ ᠭᠤᠷᠪᠠ᠂ ᠳᠦᠷᠪᠡ ᠶᠢᠨ ᠰᠢᠯᠭᠠᠬᠤ ᠴᠠᠭ᠄ 2019 ᠣᠨ ᠤ 11 ᠳ᠋ᠣᠭᠡᠷ ᠰᠠᠷ᠎ᠠ ᠶᠢᠨ 30 ᠤ ᠡᠳᠦᠷ ᠤᠨ 10᠄ 30 — 12᠄ 00 ᠴᠠᠭ      ᠬᠢᠴᠢᠶᠡᠯ ᠲᠦᠷᠦᠯ ᠲᠠᠪᠤ ᠶᠢᠨ ᠰᠢᠯᠭᠠᠬᠤ ᠴᠠᠭ᠄ ᠡᠯ᠎ᠡ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ 2019 ᠣᠨ ᠤ 12 ᠰᠠᠷ᠎ᠠ ᠶᠢᠨ 30 ᠤ ᠡᠳᠦᠷ ᠠᠴᠠ ᠡᠮᠦᠨ᠎ᠡ ᠵᠣᠬᠢᠶᠠᠨ ᠪᠠᠶᠢᠭᠤᠯᠵᠤ ᠪᠡᠶᠡᠯᠡᠭᠦᠯᠦᠨ᠎ᠡ᠃ ᠲᠠᠪᠤ᠂ ᠰᠦᠢᠳᠭᠡᠯ ᠬᠤᠷᠢᠶᠠᠬᠤ      ᠰᠢᠯᠭᠠᠯᠲᠠ ᠶᠢᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠡᠯ᠎ᠡ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠳ᠋ ᠤᠨ ᠵᠠᠰᠠᠭ ᠪᠠ ᠦᠨ᠎ᠡ ᠬᠠᠩᠰᠢ ᠶᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠵᠢᠷᠭᠤᠭ᠎ᠠ᠂ ᠰᠢᠯᠭᠠᠯᠲᠠ ᠶᠢᠨ ᠦᠷ᠎ᠡ ᠳ᠋ᠦᠩ ᠢ ᠨᠡᠶᠢᠲᠡᠯᠡᠬᠦ      ᠰᠢᠯᠭᠠᠭᠤᠯᠤᠭᠴᠢ ᠶᠢᠨ ᠰᠢᠯᠭᠠᠯᠲᠠ ᠶᠢᠨ ᠦᠷ᠎ᠡ ᠳ᠋ᠦᠩ ᠨᠢ ᠪᠢᠷ ᠤᠨ ᠰᠢᠯᠭᠠᠯᠲᠠ ᠶᠢᠨ ᠬᠢᠷᠢ ᠪᠦᠲᠦᠮᠵᠢ᠂ ᠲᠤᠬᠠᠶ ᠶᠢᠨ ᠲᠠᠯᠠᠪᠠᠢ ᠶᠢᠨ ᠰᠢᠯᠭᠠᠯᠲᠠ ︵ᠨᠢᠭᠤᠷᠳᠠᠨ ᠰᠢᠯᠭᠠᠯᠲᠠ︶ ᠶᠢᠨ ᠬᠢᠷᠢ ᠪᠦᠲᠦᠮᠵᠢ ᠪᠠ ᠶᠡᠷᠦᠩᠬᠡᠶ ᠬᠢᠷᠢ ᠪᠦᠲᠦᠮᠵᠢ ᠨᠢ ᠴᠥᠮ ᠬᠢᠷᠢ ᠲᠡᠩᠴᠡᠬᠦ ᠱᠤᠭᠤᠮ ᠳᠤ ᠬᠦᠷᠪᠡᠯ ᠬᠢᠷᠢ ᠲᠡᠩᠴᠡᠭᠰᠡᠨ ᠢᠶᠠᠷ ᠪᠤᠳᠤᠨ᠎ᠠ᠃ ᠨᠡᠮᠡᠵᠦ ᠰᠢᠯᠭᠠᠬᠤ ᠰᠢᠯᠭᠠᠭᠤᠯᠤᠭᠴᠢ ᠶᠢᠨ ᠰᠢᠯᠭᠠᠯᠲᠠ ᠶᠢᠨ ᠳ᠋ᠦᠩ ᠨᠢ ᠲᠤᠬᠠᠶ ᠶᠢᠨ ᠲᠠᠯᠠᠪᠠᠢ ᠶᠢᠨ ᠰᠢᠯᠭᠠᠯᠲᠠ ︵ᠨᠢᠭᠤᠷᠳᠠᠨ ᠰᠢᠯᠭᠠᠯᠲᠠ︶ ᠶᠢᠨ ᠬᠢᠷᠢ ᠲᠡᠩᠴᠡᠬᠦ ᠱᠤᠭᠤᠮ ᠳᠤ ᠬᠦᠷᠦᠭᠰᠡᠨ ᠪᠤᠯ ᠬᠢᠷᠢ ᠲᠡᠩᠴᠡᠭᠰᠡᠨ ᠢᠶᠠᠷ ᠪᠤᠳᠤᠨ᠎ᠠ᠃ ᠰᠢᠯᠭᠠᠭᠤᠯᠤᠭᠴᠢ ᠶᠢᠨ ᠬᠢᠷᠢ ᠪᠦᠲᠦᠮᠵᠢ ᠨᠢ ᠲᠤᠬᠠᠶ ᠶᠢᠨ ᠵᠢᠯ ᠳᠤ ᠪᠠᠨ ᠬᠦᠴᠦᠨ ᠲᠠᠢ᠃      2020 ᠣᠨ ᠤ 2 ᠰᠠᠷ᠎ᠠ ᠶᠢᠨ 21 ᠤ ᠡᠳᠦᠷ ᠤᠨ 9᠄ 00 ᠴᠠᠭ ᠠᠴᠠ ᠰᠢᠯᠭᠠᠭᠤᠯᠤᠭᠴᠢ ᠪᠥᠬᠦ ᠤᠯᠤᠰ  ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠢᠶᠠᠷ ᠰᠢᠯᠭᠠᠯᠲᠠ ᠶᠢᠨ ᠳ᠋ᠦᠩ ᠢ ᠪᠠᠶᠢᠴᠠᠭᠠᠨ ᠯᠠᠪᠯᠠᠵᠤ ᠪᠣᠯᠤᠨ᠎ᠠ᠃ ᠳᠣᠯᠤᠭ᠎ᠠ᠂ ᠰᠢᠯᠭᠠᠯᠲᠠ ᠶᠢᠨ ᠦᠷ᠎ᠡ ᠳ᠋ᠦᠩ ᠢ ᠳᠠᠬᠢᠨ ᠬᠢᠨᠠᠬᠤ      ᠰᠢᠯᠭᠠᠭᠤᠯᠤᠭᠴᠢ ᠬᠤᠪᠢ ᠬᠥᠮᠦᠨ ᠤ ᠰᠢᠯᠭᠠᠯᠲᠠ ᠶᠢᠨ ᠦᠷ᠎ᠡ ᠳ᠋ᠦᠩ ᠳᠤ ᠳᠠᠬᠢᠨ ᠬᠢᠨᠠᠯᠲᠠ ᠬᠢᠬᠦ ᠴᠢᠬᠤᠯᠠᠲᠠᠶ ᠪᠠᠶᠢᠪᠠᠯ᠂ ᠰᠢᠯᠭᠠᠯᠲᠠ ᠶᠢᠨ ᠦᠷ᠎ᠡ ᠳ᠋ᠦᠩ ᠢ ᠨᠡᠶᠢᠲᠡᠯᠡᠭᠰᠡᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠬᠢᠨ ᠬᠢᠨᠠᠭᠤᠯᠬᠤ ᠭᠤᠶᠤᠴᠢᠯᠠᠯ ᠭᠠᠷᠭᠠᠵᠤ ᠪᠣᠯᠤᠨ᠎ᠠ᠂ ᠳᠠᠬᠢᠨ ᠬᠢᠨᠠᠭᠰᠠᠨ ᠦᠷ᠎ᠡ ᠳ᠋ᠦᠩ ᠨᠢ ᠡᠴᠦᠰ ᠤᠨ ᠦᠷ᠎ᠡ ᠳ᠋ᠦᠩ ᠪᠣᠯᠬᠤ ᠲᠤᠯᠠ ᠳᠠᠬᠢᠵᠤ ᠳᠠᠬᠢᠨ ᠬᠢᠨᠠᠭᠤᠯᠬᠤ ᠦᠭᠡᠢ᠃ ᠰᠢᠯᠭᠠᠯᠲᠠ ᠶᠢᠨ ᠦᠷ᠎ᠡ ᠳ᠋ᠦᠩ ᠢ ᠳᠠᠬᠢᠨ ᠬᠢᠨᠠᠬᠤ ᠠᠵᠢᠯ ᠢ ︽ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠭᠡᠨ᠎ᠡ᠃ ᠨᠠᠢᠮᠠ᠂ ᠦᠨᠡᠮᠯᠡᠯ ᠣᠯᠭᠤᠬᠤ      ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠨᠠᠶᠢᠳᠠᠵᠤ᠂ ᠰᠢᠯᠭᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢ ᠳᠤ ︽ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠦᠨᠡᠮᠯᠡᠯ︾ ᠣᠯᠭᠤᠨ᠎ᠠ᠃ ᠶᠢᠰᠦ᠂ ᠪᠤᠰᠤᠳ ᠵᠦᠢᠯ      ︵ᠨᠢᠭᠡ︶ ᠰᠢᠶᠠᠩᠭᠠᠩ᠂ ᠣᠣᠮᠧᠨ ᠤ ᠡᠭᠦᠷᠢᠳᠡ ᠶᠢᠨ ᠰᠠᠭᠤᠭᠠᠯᠢ ᠠᠷᠠᠳ ᠤᠨ ᠳᠣᠲᠣᠷᠠᠬᠢ ᠳᠤᠮᠳᠠᠳᠤ ᠤᠯᠤᠰ ᠤᠨ ᠠᠷᠠᠳ ᠢᠷᠭᠡᠨ ᠪᠦᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠳᠤ ᠨᠡᠷ᠎ᠡ ᠮᠡᠳᠡᠭᠦᠯᠬᠦ ᠳᠤ ︽ᠰᠢᠶᠠᠩᠭᠠᠩ᠂ ᠣᠣᠮᠧᠨ ᠤ ᠡᠭᠦᠷᠢᠳᠡ ᠶᠢᠨ ᠰᠠᠭᠤᠭᠠᠯᠢ ᠠᠷᠠᠳ ᠤᠨ ᠳᠣᠲᠣᠷᠠᠬᠢ ᠳᠤᠮᠳᠠᠳᠤ ᠤᠯᠤᠰ ᠤᠨ ᠠᠷᠠᠳ ᠢᠷᠭᠡᠨ ᠪᠦᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠳᠤ ᠨᠡᠷ᠎ᠡ ᠮᠡᠳᠡᠭᠦᠯᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠶ ᠮᠡᠳᠡᠭᠳᠡᠯ︾ ︵ᠵᠢᠭᠤᠯᠴᠢᠯᠠᠯ ᠤᠨ ᠠᠯᠪᠠᠨ ᠭᠠᠵᠠᠷ  ᠠᠴᠠ ᠲᠠᠷᠬᠠᠭᠠᠭᠰᠠᠨ ﹇2008﹈ 174 ᠳ᠋ᠣᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠂ ᠨᠡᠷ᠎ᠡ ᠮᠡᠳᠡᠭᠦᠯᠬᠦ ᠶᠠᠪᠤᠴᠠ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠢᠶᠠᠨ ᠬᠢᠷᠢ ᠬᠡᠮ ᠢ ᠬᠢᠨᠠᠨ ᠬᠠᠷᠭᠤᠭᠤᠯᠬᠤ ᠳᠤ ᠬᠠᠩᠭᠠᠵᠤ ᠪᠣᠯᠤᠨ᠎ᠠ᠃      ︵ᠬᠤᠶᠠᠷ︶ ᠲᠠᠶᠢᠸᠠᠨ ᠤ ᠰᠠᠭᠤᠭᠠᠯᠢ ᠠᠷᠠᠳ ᠪᠦᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠬᠤ ᠳᠤ ᠡᠷᠬᠡᠪᠰᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠪᠤᠶᠤ ᠲᠠᠶᠢᠸᠠᠨ ᠤ ᠰᠠᠭᠤᠭᠠᠯᠢ ᠠᠷᠠᠳ ᠤᠨ ᠡᠬᠡ ᠬᠠᠭᠤᠷᠠᠶ ᠳᠤ ᠢᠷᠡᠵᠦ ᠶᠠᠪᠤᠬᠤ ᠨᠡᠪᠲᠡᠷᠡᠬᠦ ᠦᠨᠡᠮᠯᠡᠯ ᠢ ᠲᠤᠰᠢᠶᠠᠵᠤ ᠬᠢᠷᠢ ᠭᠡᠮ ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃ ᠲᠠᠶᠢᠸᠠᠨ ᠤ ᠰᠠᠭᠤᠭᠠᠯᠢ ᠠᠷᠠᠳ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠳᠤ ᠣᠷᠣᠯᠴᠠᠬᠤ ᠪᠤᠰᠤᠳ ᠱᠠᠭᠠᠷᠳᠠᠯᠭ᠎ᠠ ᠨᠢ ᠡᠬᠡ ᠬᠠᠭᠤᠷᠠᠶ ᠶᠢᠨ ᠭᠠᠵᠠᠷ ᠣᠷᠣᠨ ᠤ ᠰᠢᠯᠭᠠᠭᠤᠯᠤᠭᠴᠢ ᠲᠠᠢ ᠠᠳᠠᠯᠢ᠃      ︵ᠭᠤᠷᠪᠠ︶ ᠳᠤᠮᠳᠠᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠤᠯᠴᠢᠯᠠᠯ ᠤᠨ ᠲᠥᠷᠥᠯ ᠤᠨ ᠲᠤᠰᠬᠠᠶ ᠮᠡᠷᠭᠡᠵᠢᠯ ᠤᠨ 2020 ᠣᠨ ᠳᠤ ᠲᠡᠭᠦᠰᠬᠦ ᠰᠤᠷᠤᠭᠴᠢ ᠨᠡᠷ᠎ᠡ ᠮᠡᠳᠡᠭᠦᠯᠦᠨ ᠰᠢᠯᠭᠠᠭᠤᠯᠵᠤ ᠪᠣᠯᠤᠨ᠎ᠠ᠂ ᠰᠢᠯᠭᠠᠯᠲᠠ ᠳᠤ ᠬᠢᠷᠢ ᠲᠡᠩᠴᠡᠭᠰᠡᠨ ᠪᠥᠭᠡᠳ ᠲᠡᠭᠦᠰᠬᠦ ᠦᠨᠡᠮᠯᠡᠯ ᠣᠯᠪᠠᠯ ︽ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠦᠨᠡᠮᠯᠡᠯ︾ ᠠᠪᠴᠤ ᠪᠣᠯᠤᠨ᠎ᠠ᠃ ᠠᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ      ᠡᠯ᠎ᠡ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠰᠢᠯᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶᠠᠷᠤᠯᠲᠠ ᠪᠠᠨ ᠴᠢᠩᠭᠠᠳᠬᠠᠨ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠵᠤ᠂ ᠰᠠᠬᠢᠯᠭ᠎ᠠ ᠪᠠᠲᠤ ᠶᠢ ᠴᠢᠩᠳᠠᠯᠠᠨ 2019 ᠣᠨ ᠤ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠬᠢᠷᠢ ᠭᠡᠮ ᠤᠨ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃      ︵ᠨᠢᠭᠡ︶ ᠰᠢᠯᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠢᠯᠭᠠᠯᠲᠠ ᠶᠢᠨ ᠠᠵᠢᠯ ᠤᠨ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠯᠲᠠ ᠶᠢᠨ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠢᠷᠤᠮ ᠢ ᠵᠢᠷᠤᠮᠵᠢᠭᠤᠯᠵᠤ᠂ ᠰᠢᠯᠭᠠᠯᠲᠠ ᠶᠢᠨ ᠡᠷᠬᠡ ᠲᠡᠭᠰᠢ ᠴᠢᠨᠠᠷ᠂ ᠲᠥᠪ ᠭᠤᠤᠯᠴᠢ ᠴᠢᠨᠠᠷ ᠪᠠ ᠡᠷᠬᠡ ᠬᠦᠨᠳᠦᠲᠦ ᠴᠢᠨᠠᠷ ᠢ ᠰᠠᠶᠢᠲᠤᠷ ᠬᠠᠮᠠᠭᠠᠯᠠᠬᠤ ᠬᠡᠷᠡᠭᠲᠡᠶ᠃      ︵ᠬᠤᠶᠠᠷ︶ ᠰᠢᠯᠭᠠᠯᠲᠠ ᠶᠢᠨ ᠶᠠᠪᠤᠳᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠢᠯᠭᠠᠯᠲᠠ ᠶᠢᠨ ᠶᠠᠪᠤᠳᠠᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠨᠠᠶᠢᠳᠠᠪᠦᠷᠢᠵᠢᠭᠤᠯᠵᠤ᠂ ᠰᠢᠯᠭᠠᠯᠲᠠ ᠶᠢᠨ ᠶᠠᠪᠤᠳᠠᠯ ᠤᠨ ᠠᠵᠢᠯᠲᠠᠨ ᠢ ᠵᠣᠬᠢᠶᠠᠨ ᠪᠠᠶᠢᠭᠤᠯᠤᠨ ᠰᠢᠯᠭᠠᠯᠲᠠ ᠶᠢᠨ ᠠᠵᠢᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠲᠣᠭᠲᠠᠭᠠᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠭᠦᠢᠴᠡᠳᠭᠡᠬᠦ ᠤᠬᠠᠮᠰᠠᠷ ᠢᠶᠠᠨ ᠴᠢᠩᠭᠠᠳᠬᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃      ︵ᠭᠤᠷᠪᠠ︶ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠶᠢ ᠴᠢᠩᠳᠠᠯᠠᠨ᠎ᠠ᠃ ᠡᠯ᠎ᠡ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠯᠭᠠᠯᠲᠠ ᠶᠢᠨ ᠳᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠵᠦ᠂ ᠰᠢᠯᠭᠠᠯᠲᠠ ᠶᠢᠨ ᠠᠵᠢᠯ ᠤᠨ ᠳᠤᠮᠳᠠ ᠭᠠᠷᠤᠭᠰᠠᠨ ᠳᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠲᠣᠳᠣᠯᠠᠮᠠᠭᠴᠠ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃      ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ᠃                                            ᠰᠣᠶᠣᠯ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ                                          2019 ᠤᠨ 8 ᠰᠠᠷ᠎ᠠ ᠶᠢᠨ 13 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map