ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ 098 ᠳ᠋ᠤᠭᠠᠷ ᠲᠣᠭᠠᠲᠤ ᠰᠠᠨᠠᠭᠤᠯᠭ᠎ᠠ ᠶᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄
2020/11/20
ᠲᠥᠯᠥᠭᠡᠯᠡᠭᠴᠢ ᠵᠠᠩ ᠲᠢᠩ ᠲᠠᠨ᠎ᠠ᠄      ᠲᠠᠨ ᠤ ᠳᠤᠷᠠᠳᠤᠭᠰᠠᠨ ︽ᠤᠯᠠᠭᠠᠨᠮᠥ᠋ᠴᠢᠷ ᠲᠤ ᠲᠦᠰᠢᠭᠯᠡᠨ ᠰᠤᠳᠤᠯᠤᠨ ᠰᠤᠷᠤᠯᠴᠠᠬᠤ ᠵᠢᠭᠤᠯᠴᠢᠯᠠᠯ ᠢ ᠠᠬᠢᠭᠤᠯᠵᠤ᠂ ᠪᠦᠬᠦ ᠣᠷᠣᠨ ᠪᠦᠰᠡ ᠶᠢᠨ ᠵᠢᠭᠤᠯᠴᠢᠯᠠᠯ᠂ ᠳᠦᠷᠪᠡᠨ ᠤᠯᠠᠷᠢᠯ ᠤᠨ ᠵᠢᠭᠤᠯᠴᠢᠯᠠᠯ ᠳᠤ ᠬᠦᠴᠦ ᠨᠡᠮᠡᠷᠢᠯᠡᠬᠦ ᠲᠤᠬᠠᠢ ᠰᠠᠨᠠᠭᠤᠯᠭ᠎ᠠ︾ ᠶᠢ ᠣᠯᠵᠤ ᠣᠶᠢᠯᠠᠭᠠᠪᠠ᠂ ᠤᠳᠤ ᠳᠣᠤᠷᠠᠬᠢ ᠮᠡᠲᠦ ᠬᠠᠷᠢᠭᠤᠯᠲᠠ ᠥᠭᠭᠦᠶ᠎ᠡ᠄      ᠤᠯᠠᠭᠠᠨᠮᠥ᠋ᠴᠢᠷ ᠤᠨ ᠬᠥᠭᠵᠢᠯᠲᠡ ᠨᠠᠮ ᠪᠠ ᠲᠦᠷᠦ ᠶᠢᠨ ᠬᠡᠳᠦᠨ ᠦᠶ᠎ᠡ ᠶᠢᠨ ᠤᠳᠤᠷᠢᠳᠬᠤ ᠬᠥᠮᠦᠰ ᠤᠨ ᠬᠠᠯᠠᠮᠵᠢᠯᠠᠯ ᠢ ᠬᠦᠷᠲᠡᠭᠰᠡᠭᠡᠷ ᠢᠷᠡᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠠᠭᠠᠨᠮᠥ᠋ᠴᠢᠷ ᠤᠨ ᠦᠢᠯᠡᠰ ᠤᠨ ᠬᠦᠭᠵᠢᠯᠲᠡ ᠶᠢ ᠢᠮᠠᠭᠲᠠ ᠲᠦᠢᠯ ᠢᠶᠠᠷ ᠴᠢᠬᠤᠯᠠᠴᠢᠯᠠᠭᠰᠠᠭᠠᠷ ᠢᠷᠡᠭᠰᠡᠨ ᠶᠤᠮ᠂ ᠮᠠᠨ ᠤ ᠲᠢᠩᠬᠢᠮ ᠴᠦ ᠤᠯᠠᠭᠠᠨᠮᠥ᠋ᠴᠢᠷ ᠤᠨ ᠠᠵᠢᠯ ᠢ ᠢᠮᠠᠭᠲᠠ ᠭᠤᠤᠯᠳᠠᠯᠭ᠎ᠠ ᠲᠠᠢ ᠠᠵᠢᠯ ᠪᠣᠯᠭᠠᠨ ᠠᠳᠬᠤᠭᠰᠠᠭᠠᠷ ᠢᠷᠡᠵᠡᠶ᠃ ᠢᠯᠠᠩᠭᠤᠶ᠎ᠠ 2017 ᠣᠨ ᠤ 11 ᠳ᠋ᠦ᠋ᠭᠡᠷ ᠰᠠᠷ᠎ᠠ ᠶᠢᠨ 21 ᠤ ᠡᠳᠦᠷ ᠶᠡᠷᠦᠩᠬᠡᠶ ᠱᠦᠵᠢ ᠬᠠᠷᠢᠭᠤ ᠵᠠᠬᠢᠳᠠᠯ ᠢᠷᠡᠭᠦᠯᠦᠭᠰᠡᠨ ᠤ ᠳᠠᠷᠠᠭ᠎ᠠ᠂ 2018 ᠣᠨ ᠤ ᠡᠬᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠦᠢᠯᠡᠰ ᠢ ᠤᠯᠠᠮ ᠨᠢᠭᠡ ᠠᠯᠬᠤᠮ ᠴᠡᠴᠡᠭᠯᠡᠭᠦᠯᠦᠨ ᠬᠦᠭᠵᠢᠭᠦᠯᠬᠦ ᠲᠤᠬᠠᠶ ᠰᠠᠨᠠᠯ︾ ᠢ ᠨᠡᠶᠢᠲᠡᠯᠡᠪᠡ᠃ 2019 ᠣᠨ ᠳᠤ᠂ ᠪᠥᠬᠦ ᠤᠯᠤᠰ ᠤᠨ ᠠᠩᠬᠠᠳᠠᠭᠴᠢ ᠲᠤᠰᠬᠠᠶ ᠰᠣᠶᠤᠯ ᠤᠷᠠᠯᠢᠭ ᠤᠨ ᠬᠦᠷᠢᠶᠡᠯᠡᠩ ᠪᠦᠯᠬᠦᠮ ᠪᠠ ᠤᠯᠠᠭᠠᠨᠮᠥ᠋ᠴᠢᠷ ᠤᠨ ᠦᠢᠯᠡᠰ ᠤᠨ ᠲᠤᠬᠠᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ — ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠲᠦᠷᠢᠮ︾ ᠢ ᠵᠢᠩᠬᠢᠨᠢ ᠪᠠᠷ ᠬᠡᠷᠡᠭᠵᠢᠭᠦᠯᠪᠡ᠃      ᠲᠠᠨ ᠤ ᠳᠤᠷᠠᠳᠤᠭᠰᠠᠨ ᠤᠯᠠᠭᠠᠨᠮᠥ᠋ᠴᠢᠷ ᠲᠤ ᠲᠦᠰᠢᠭᠯᠡᠨ ᠰᠤᠳᠤᠯᠤᠨ ᠰᠤᠷᠤᠯᠴᠠᠬᠤ ᠵᠢᠭᠤᠯᠴᠢᠯᠠᠯ ᠢ ᠲᠦᠯᠬᠢᠨ ᠠᠬᠢᠭᠤᠯᠵᠤ᠂ ᠣᠷᠤᠨ  ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠳᠤ ᠬᠦᠴᠦᠨ ᠨᠡᠮᠡᠷᠢᠯᠡᠬᠦ ᠠᠰᠠᠭᠤᠳᠠᠯ ᠤᠨ ᠲᠤᠬᠠᠶ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠲᠦᠷᠢᠮ︾ ᠳᠤ ᠨᠢᠭᠡᠨᠲᠡ ᠲᠣᠳᠣᠷᠬᠠᠶ ᠲᠣᠭᠲᠠᠭᠠᠭᠰᠠᠨ ᠶᠤᠮ᠃ ᠲᠦᠷᠢᠮ ᠳᠤ ᠬᠡᠯᠡᠵᠦ ᠪᠠᠶᠢᠭ᠎ᠠ ᠤᠯᠠᠭᠠᠨᠮᠥ᠋ᠴᠢᠷ ᠪᠣᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠪᠠᠶᠢᠭᠤᠯᠤᠭᠰᠠᠨ᠂ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠳᠤ ᠬᠠᠷᠢᠶᠠᠯᠠᠭᠳᠠᠨ᠎ᠠ᠃ ᠠᠷᠪᠠᠨ ᠨᠠᠢᠮᠠᠳᠤᠭᠠᠷ ᠵᠦᠢᠯ ᠳᠤ ᠨᠥᠬᠦᠴᠡᠯ ᠪᠦᠷᠢᠳᠦᠭᠰᠡᠨ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠤᠯᠠᠭᠠᠨᠮᠥ᠋ᠴᠢᠷ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠤᠯᠠᠭᠠᠨᠮᠥ᠋ᠴᠢᠷ ᠤᠨ ᠴᠢᠳᠠᠪᠤᠷᠢᠲᠠᠨ ᠢ ᠬᠥᠮᠦᠵᠢᠭᠦᠯᠬᠦ᠂  ᠰᠤᠳᠤᠯᠬᠤ ᠪᠠ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠶᠢ ᠥᠷᠨᠢᠭᠦᠯᠦᠨ᠎ᠡ ᠭᠡᠵᠦ ᠳᠤᠷᠠᠳᠪᠠ᠃ ᠬᠤᠷᠢᠨ ᠳᠥᠷᠪᠡᠳᠦᠭᠡᠷ ᠵᠦᠢᠯ ᠳᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠠ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠭᠰᠠᠨ ᠠᠵᠢᠯ ᠤᠨ ᠴᠢᠯᠥᠭᠡᠨ ᠤ ᠤᠯᠠᠭᠠᠨᠮᠥ᠋ᠴᠢᠷ ᠨᠢ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠭᠠᠨᠮᠥ᠋ᠴᠢᠷ ᠤᠨ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ ᠪᠠᠨ ᠭᠦᠢᠴᠡᠳᠭᠡᠨ᠂ ᠪᠣᠳᠠᠲᠠᠶ ᠬᠠᠮᠢᠶᠠᠷᠤᠯᠲᠠ ᠶᠢᠨ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠣᠭᠲᠠᠭᠠᠨ᠎ᠠ ᠭᠡᠵᠦ ᠳᠤᠷᠠᠳᠪᠠ᠃ ᠡᠶᠢᠮᠦ ᠠᠴᠠ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠭᠠᠵᠠᠷ ᠣᠷᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠵᠤ᠂ ᠡᠶᠢᠮᠦᠷᠬᠦᠦ ᠶᠡᠭᠡ ᠳᠡᠭᠡᠳᠦ ᠰᠤᠷᠭᠠᠭᠤᠯᠢ ᠵᠡᠷᠭᠡ ᠠᠵᠢᠯ ᠤᠨ ᠴᠢᠯᠥᠭᠡᠨ ᠤ ᠤᠯᠠᠭᠠᠨᠮᠥ᠋ᠴᠢᠷ ᠢ ᠪᠠᠶᠢᠭᠤᠯᠤᠭᠰᠠᠳ ᠬᠠᠮᠢᠶ᠎ᠠ  ᠪᠦᠬᠦᠢ ᠠᠵᠢᠯᠯᠠᠭ᠎ᠠ ᠳᠤ ᠲᠤᠯᠭᠠᠷᠠᠭᠰᠠᠨ ᠪᠣᠳᠠᠲᠠᠶ ᠠᠰᠠᠭᠤᠳᠠᠯ ᠢ ᠰᠢᠢᠳᠪᠦᠷᠢᠯᠡᠨ᠎ᠡ᠃ ᠲᠡᠳᠡᠨ ᠤ ᠦᠪᠡᠷ ᠤᠨ ᠬᠢ ᠨᠢ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠳᠤ ᠦᠢᠯᠡᠴᠢᠯᠡᠭᠦᠯᠦᠨ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠮᠠᠨᠳᠤᠭᠤᠯᠤᠨ᠎ᠠ᠃                             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                             ᠰᠣᠶᠣᠯ ᠪᠠ ᠵᠢᠭᠤᠯᠴᠢᠯᠠᠯ ᠤᠨ ᠲᠢᠩᠬᠢᠮ                                         2020 ᠣᠨ ᠤ 5 ᠳ᠋ᠤᠭᠠᠷ ᠰᠠᠷ᠎ᠠ ᠶᠢᠨ 19 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map