ᠦᠬᠠᠶ ᠬᠤᠲᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠠᠲᠤᠨ ᠭᠤᠤᠯ ᠤᠨ ᠭᠡᠷᠡᠯᠲᠦ ᠰᠤᠪᠤᠳ· ᠦᠬᠠᠶ ᠶᠢᠨ ᠤᠷᠠᠨ ᠪᠢᠴᠢᠯᠭᠡ ᠶᠢᠨ ᠤᠷᠠᠯᠢᠭ ᠤᠨ ᠨᠠᠶᠢᠷ ᠡᠷᠭᠢᠯᠡᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2020/12/25
ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠤᠷᠢᠶ᠎ᠠ᠄      《 ᠦᠬᠠᠶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠪᠠᠨ ᠨᠢᠭᠡᠳᠦᠭᠡᠷ ᠬᠤᠭᠤᠴᠠᠭᠠᠨ  ᠤ ᠬᠠᠲᠤᠨ ᠭᠤᠤᠯ ᠤᠨ ᠭᠡᠷᠡᠯᠲᠦ ᠰᠤᠪᠤᠳ· ᠳᠤᠮᠳᠠᠳᠤ ᠤᠯᠤᠰ ᠤᠨ ᠦᠬᠠᠶ ᠶᠢᠨ ᠤᠷᠠᠨ ᠪᠢᠴᠢᠯᠭᠡ ᠶᠢᠨ ᠤᠷᠠᠯᠢᠭ ᠤᠨ ᠨᠠᠶᠢᠷ ᠡᠷᠭᠢᠯᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ 》 ︵ᠦᠬᠠᠶ ᠬᠤᠲᠠ ᠶᠢᠨ ᠨᠠᠮ ᠤᠨ ᠬᠤᠷᠢᠶᠠᠨ ᠤ ᠮᠡᠳᠡᠭᠦᠯᠦᠯᠲᠡ ﹇2020﹈ 14 ᠳ᠋ᠦ᠋ᠭᠡᠷ ᠲᠣᠭᠠᠲᠤ︶   ᠶᠢ ᠬᠤᠷᠢᠶᠠᠵᠤ ᠤᠯᠪᠠ᠃ 《 ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶  》 ︵ᠡᠪ ᠬᠠᠮᠲᠤ ᠨᠠᠮ  ᠤᠨ ᠲᠦᠪ ᠬᠤᠷᠢᠶᠠᠨ ᠤ ᠠᠯᠪᠠᠨ ᠲᠢᠩᠬᠢᠮ ᠲᠠᠷᠬᠠᠭᠠᠭᠰᠠᠨ  ﹇2012﹈ 18 ᠳ᠋ᠤᠭᠠᠷ ᠲᠣᠭᠠᠲᠤ︶  ᠂ 《 ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ 》︵ᠤᠯᠤᠰ ᠤᠨ ᠪᠠᠶᠠᠷ ᠤᠨ ᠶᠣᠰᠣᠯᠠᠯ ᠰᠤᠳᠤᠯᠤᠨ ᠶᠠᠷᠢᠯᠴᠠᠬᠤ ᠬᠤᠷᠠᠯ ᠶᠠᠷᠢᠯᠴᠠᠭᠠᠨ ᠤ ᠲᠠᠪᠴᠠᠩ ᠤᠨ ᠠᠵᠢᠯᠯᠠᠭ᠎ᠠ ᠶᠢ ᠢᠯᠭᠠᠷᠠᠭᠤᠯᠤᠨ ᠵᠢᠷᠤᠮᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠠᠷᠠᠭᠠᠭᠰᠠᠨ﹇2019﹈ 1 ᠳ᠋ᠦ᠋ᠭᠡᠷ ᠲᠤᠭᠠᠲᠤ︶ ᠪᠣᠯᠤᠨ‌ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠪᠠᠶᠠᠷ ᠳᠤᠷᠠᠰᠬᠠᠯ ᠤᠨ ᠡᠳᠦᠷ᠂ ᠶᠠᠷᠢᠶᠠᠨ ᠤ ᠲᠠᠪᠴᠠᠩ᠂ ᠦᠵᠡᠰᠬᠦᠯᠡᠩ ᠴᠤᠭᠯᠠᠭᠠᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠬᠤ ᠲᠤᠬᠠᠶ ᠮᠡᠳᠡᠭᠳᠡᠯ︾᠂ ︽ᠪᠠᠶᠠᠷ ᠳᠤᠷᠠᠰᠬᠠᠯ ᠶᠠᠷᠢᠶᠠᠨ ᠤ ᠲᠠᠪᠴᠠᠩ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ︵ᠥᠪᠥᠷ ᠮᠤᠩᠭᠤᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠵᠢᠷᠤᠮᠵᠢᠭᠤᠯᠬᠤ ᠳᠤᠭᠤᠶᠢᠯᠠᠩ ᠥᠰᠥᠭ ﹇2020﹈ 2 ᠳ᠋ᠤᠭᠠᠷ ᠲᠣᠭᠠᠲᠤ︶ ᠵᠡᠷᠭᠡ ᠲᠥᠪ ᠬᠤᠷᠢᠶ᠎ᠠ  ᠂ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠪᠠᠶᠠᠷ ᠲᠤᠷᠠᠰᠬᠠᠯ ᠤᠨ ᠶᠣᠰᠣᠯᠠᠯ ᠢ ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ ᠤᠨ ᠠᠩᠬᠠᠨ ᠤ ᠬᠢᠨᠠᠯᠲᠠ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠵᠢᠷᠤᠮᠵᠢᠭᠤᠯᠤᠨ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠵᠦ ᠬᠥᠬᠢᠭᠦᠯᠦᠨ ᠰᠠᠶᠢᠰᠢᠶᠠᠬᠤ ᠵᠢᠴᠢ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠦᠵᠡᠰᠬᠦᠯᠡᠩ ᠤᠨ ᠴᠤᠭᠯᠠᠭᠠᠨ ᠤ ᠠᠵᠢᠯᠯᠠᠭ᠎ᠠ  ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠤᠨ ᠤ ᠨᠢᠭᠡᠳᠦᠭᠡᠷ ᠤᠳᠠᠭᠠᠨ ᠤ ᠬᠤᠷᠠᠯ ᠳᠤ ᠮᠡᠳᠡᠭᠦᠯᠦᠨ ᠰᠤᠳᠤᠯᠤᠭᠤᠯᠬᠤ ᠶᠢᠨ ᠬᠠᠮᠲᠤ ᠤᠳᠤᠷᠢᠳᠬᠤ ᠳᠤᠭᠤᠶᠢᠯᠠᠩ ᠢᠶᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠨ᠎ᠡ᠂ ᠣᠲᠣ ᠲᠠᠨ ᠤ ᠬᠤᠲᠠ ᠶᠢᠨ ᠡᠷᠬᠢᠯᠡᠬᠦ ᠪᠠᠷ ᠪᠠᠶᠢᠭ᠎ᠠ ᠠᠷᠪᠠᠨ ᠨᠢᠭᠡᠳᠦᠭᠡᠷ ᠬᠤᠭᠤᠴᠠᠭᠠᠨ ᠤ ᠬᠠᠳᠤᠨ ᠭᠤᠤᠯ ᠤᠨ ᠭᠡᠷᠡᠯᠲᠦ ᠰᠤᠪᠤᠳ· ᠦᠬᠠᠶ ᠶᠢᠨ ᠤᠷᠠᠨ ᠪᠢᠴᠢᠯᠭᠡ ᠶᠢᠨ ᠤᠷᠠᠯᠢᠭ ᠤᠨ ᠨᠠᠶᠢᠷ ᠡᠷᠬᠢᠯᠡᠬᠦ ᠶᠢ ᠵᠦᠪᠰᠢᠶᠡᠷᠡᠪᠡ᠃      ᠡᠭᠦᠨ ᠤ ᠬᠠᠮᠲᠤ᠂ ᠳᠣᠤᠷᠠᠬᠢ ᠱᠠᠭᠠᠷᠳᠠᠯᠭ᠎ᠠ ᠶᠢ ᠳᠤᠷᠠᠳᠪᠠ᠄ ᠨᠢᠭᠡ ᠳᠤ᠂ ᠤᠯᠤᠰ ᠤᠨ 《 ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ 》 ᠤᠨ ᠠᠷᠪᠠ ᠶᠢᠰᠦᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ 《 ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ  ᠤᠨ ᠬᠤᠷᠢᠶ᠎ᠠ ᠠᠴᠠ ᠬᠢᠨᠠᠨ ᠵᠥᠪᠰᠢᠶᠡᠷᠡᠭᠰᠡᠨ ᠪᠠᠶᠠᠷ ᠳᠤᠷᠠᠰᠬᠠᠯ ᠤᠨ ᠠᠵᠢᠯᠯᠠᠭ᠎ᠠ ᠠᠴᠠ ᠪᠤᠰᠤᠳ‌ᠠᠵᠢᠯᠯᠠᠭ᠎ᠠ ᠶᠢᠨ ᠨᠡᠷᠡᠶᠢᠳᠦᠯ ᠳᠤ 〈 ᠳᠤᠮᠳᠠᠳᠤ ᠤᠯᠤᠰ 〉᠂〈 ᠳᠤᠮᠳᠠᠳᠤ  〉᠂〈 ᠪᠥᠬᠦ ᠤᠯᠤᠰ 〉᠂〈 ᠳᠡᠯᠡᠬᠡᠶ 〉᠂ 〈 ᠪᠥᠬᠦ ᠪᠥᠮᠪᠥᠷᠴᠡᠭ 〉 ᠭᠡᠬᠦ ᠮᠡᠲᠦ ᠶᠢᠨ ᠥᠰᠥᠭ ᠬᠠᠳᠠᠵᠤ ᠪᠣᠯᠬᠤ ᠥᠬᠡᠶ᠃ ᠦᠬᠠᠶ ᠬᠤᠲᠠ ᠶᠢᠨ ᠤᠷᠠᠨ ᠪᠢᠴᠢᠯᠭᠡ ᠶᠢᠨ ᠤᠷᠠᠯᠢᠭ ᠤᠨ ᠨᠠᠶᠢᠷ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠢᠨᠠᠨ ᠵᠥᠪᠰᠢᠶᠡᠷᠡᠭᠰᠡᠨ ᠪᠠᠶᠠᠷ ᠳᠤᠷᠠᠰᠬᠠᠯ ᠤᠨ ᠠᠵᠢᠯᠯᠠᠭ᠎ᠠ ᠳᠤ ᠬᠠᠷᠢᠶᠠᠯᠠᠭᠳᠠᠬᠤ ᠥᠬᠡᠶ᠂ 《 ᠳᠤᠮᠳᠠᠳᠤ ᠤᠯᠤᠰ 》 ᠭᠡᠬᠦ ᠥᠰᠥᠭ ᠤᠨ ᠥᠭᠦᠯᠡᠯᠲᠡ ᠶᠢ ᠬᠦᠴᠦᠨ ᠥᠬᠡᠶ ᠪᠣᠯᠭᠠᠭᠠᠷᠠᠶ᠃ ᠬᠤᠶᠠᠷ ᠲᠤ᠂ ᠣᠳᠣᠬᠠᠨ ᠳᠤ ᠬᠢᠯᠢ ᠶᠢᠨ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ᠂ ᠬᠢᠯᠢ ᠶᠢᠨ ᠳᠣᠲᠣᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠬᠤ ᠶᠢ ᠦᠨᠳᠦᠰᠦᠯᠡᠵᠦ᠂ ᠲᠣᠭᠲᠠᠭᠰᠠᠨ ᠬᠤᠭᠤᠴᠠᠭᠠᠨ ᠳᠤ ᠶᠠᠪᠤᠭᠳᠠᠭᠤᠯᠬᠤ ᠡᠰᠡᠬᠦ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠣᠯᠤᠨ ᠤᠯᠤᠰ ᠤᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠵᠦᠪᠰᠢᠶᠡᠷᠡᠯ ᠤᠨ ᠪᠠᠶᠢᠳᠠᠯ ᠳᠣᠤᠷ᠎ᠠ ᠲᠣᠭᠲᠠᠭᠠᠬᠤ ᠬᠡᠷᠡᠭᠲᠡᠶ᠃ ᠭᠤᠷᠪᠠ ᠳᠤ᠂︽ᠬᠡᠨ ᠳᠡᠪᠰᠢᠭᠦᠯᠪᠡᠯ ᠬᠡᠨ ᠬᠠᠷᠢᠭᠤᠴᠠᠬᠤ︾᠂ ︽ᠬᠡᠨ ᠭᠤᠤᠯᠯᠠᠨ ᠡᠷᠬᠢᠯᠡᠪᠡᠯ ᠬᠡᠨ ᠬᠠᠷᠢᠭᠤᠴᠠᠬᠤ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ ᠬᠠᠷᠢᠭᠤᠴᠠᠯᠭ᠎ᠠ ᠶᠢ ᠲᠤᠬᠠᠢ ᠶᠢᠨ ᠬᠥᠮᠦᠨ ᠳᠤ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠢᠯᠯᠠᠭ᠎ᠠ  ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠳᠥᠷᠪᠡ ᠳᠤ᠂ ᠲᠥᠪ ᠤᠨ  ︽ᠨᠠᠶᠮᠠᠨ ᠲᠣᠭᠲᠠᠭᠠᠯ︾ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ  ᠲᠠᠭᠠᠯᠲᠤᠭᠤᠯᠤᠯ ᠲᠣᠭᠲᠠᠭᠠᠯ ᠢ ᠴᠢᠩᠭ᠎ᠠ ᠬᠡᠷᠡᠭᠵᠢᠭᠦᠯᠦᠨ ᠡᠯ᠎ᠡ ᠵᠦᠶᠯ ᠤᠨ ᠠᠵᠢᠯᠯᠠᠭ᠎ᠠ ᠥᠷᠨᠢᠭᠦᠯᠵᠦ᠂  ᠴᠢᠩᠲᠠ ᠭᠡᠮᠨᠡᠨ᠂ ᠠᠷᠪᠢᠯᠠᠨ ᠭᠠᠮᠨᠠᠬᠤ ᠬᠡᠷᠡᠭᠲᠡᠶ᠃ ᠲᠠᠪᠤ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠥᠪ ᠤᠳᠤᠷᠢᠳᠤᠮᠵᠢ ᠶᠢ ᠴᠢᠩᠭ᠎ᠠ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠠᠢ᠃ ᠵᠢᠷᠭᠤᠭ᠎ᠠ ᠳᠤ᠂ ᠭᠠᠳᠠᠭᠠᠳᠤ ᠶᠢᠨ ᠪᠠ ᠰᠢᠶᠠᠩᠭᠠᠩ ᠣᠣᠮᠧᠨ ᠲᠠᠶᠢᠸᠠᠨ ᠣᠷᠣᠨ ᠤ ᠬᠥᠮᠦᠰ  ᠢ ᠤᠷᠢᠵᠤ ᠣᠯᠣᠰ ᠤᠨ ᠲᠤᠲᠤᠭᠠᠲᠤ ᠳᠤ ᠢᠷᠡᠭᠦᠯᠬᠦ ᠶᠠᠪᠤᠳᠠᠯ ᠳᠤ ᠬᠤᠯᠪᠣᠭᠳᠠᠪᠠᠯ᠂ ᠭᠠᠳᠠᠭᠠᠳᠤ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠭᠠᠳᠠᠭᠠᠳᠤ ᠶᠠᠪᠤᠳᠠᠯ ᠤᠨ ᠰᠠᠯᠠᠭ᠎ᠠ ᠮᠥᠴᠢᠷ ᠲᠤ ᠠᠰᠳᠠᠭᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠠᠢ᠃ ᠳᠣᠯᠤᠭ᠎ᠠ ᠳᠤ᠂ ᠥᠪᠡᠷᠲᠡᠭᠡᠨ ᠵᠠᠰᠠᠬᠤ ᠣᠷᠣᠨ ᠤ  ᠤᠲᠤᠷᠢᠲᠤᠯᠭ᠎ᠠ ︵ᠠᠵᠢᠯ ᠠᠴᠠ  ᠪᠠᠨ ᠠᠮᠠᠷᠠᠭᠰᠠᠨ ᠤᠲᠤᠷᠢᠲᠤᠯᠭ᠎ᠠ ᠪᠠᠭᠲᠠᠨ᠎ᠠ︶   ᠢ ᠤᠷᠢᠵᠤ ᠣᠷᠣᠯᠴᠠᠭᠤᠯᠬᠤ ᠴᠢᠬᠤᠯᠠ ᠲᠠᠢ ᠪᠣᠯ ᠮᠡᠳᠡᠭᠦᠯᠦᠨ ᠵᠥᠪᠰᠢᠶᠡᠷᠡᠭᠦᠯᠬᠦ ᠭᠠᠷᠳᠠᠮ ᠢ ᠴᠢᠩᠭ᠎ᠠ ᠭᠦᠶᠴᠡᠳᠬᠡᠬᠦ ᠬᠡᠷᠡᠭᠲᠡᠶ᠃ ᠨᠠᠶᠮᠠ ᠳᠤ᠂ ᠱᠠᠩᠨᠠᠯ ᠰᠢᠯᠭᠠᠷᠠᠭᠤᠯᠬᠤ ᠳᠤ ᠬᠤᠯᠪᠣᠭᠳᠠᠪᠠᠯ᠂ ᠠᠳᠠᠯᠢᠳᠬᠠᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠦᠭᠦᠯᠬᠦ ᠰᠠᠶᠢᠰᠢᠶᠠᠨ ᠬᠥᠬᠢᠭᠦᠯᠬᠦ ᠬᠠᠮᠢᠶᠠᠷᠤᠯᠲᠠ ᠶᠢᠨ ᠲᠣᠭᠲᠠᠭᠠᠯ ᠶᠤᠰᠤ ᠪᠠᠷ ᠮᠡᠳᠡᠭᠦᠯᠦᠨ ᠵᠥᠪᠰᠢᠶᠡᠷᠡᠭᠦᠯᠬᠦ   ᠭᠠᠷᠲᠠᠮ ᠭᠦᠢᠴᠡᠳᠬᠡᠬᠦ ᠬᠡᠷᠡᠭᠲᠡᠶ᠃ ᠶᠢᠰᠦ ᠳᠤ᠂ ᠭᠠᠯ ᠠᠴᠠ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠬᠢᠰᠬᠢᠯᠴᠡᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠴᠢᠩᠭ᠎ᠠ ᠰᠠᠶᠢᠲᠤᠷ ᠬᠢᠵᠦ᠂ ᠠᠵᠢᠯᠯᠠᠭ᠎ᠠ ᠶᠢᠨ ᠠᠮᠤᠷ ᠲᠦᠪᠰᠢᠨ ᠢ  ᠦᠨᠡᠨ ᠬᠦ ᠪᠠᠲᠤᠯᠠᠬᠤ ᠬᠡᠷᠡᠭᠲᠡᠶ᠃      ᠲᠠᠨ ᠤ ᠬᠤᠲᠠ ᠴᠣᠬᠤᠯᠠᠪᠤᠷᠢᠯᠠᠭᠰᠠᠨ ᠵᠦᠶᠯᠡᠰ ᠢ ᠴᠢᠩᠭ᠎ᠠ ᠵᠢᠷᠤᠮᠯᠠᠨ ᠬᠠᠮᠢᠶ᠎ᠠ ᠪᠥᠬᠦᠶ ᠠᠵᠢᠯᠯᠠᠭ᠎ᠠ ᠶᠢ ᠵᠢᠷᠤᠮᠵᠢᠭᠤᠯᠵᠤ᠂ ᠠᠵᠢᠯᠯᠠᠭ᠎ᠠ ᠶᠢᠨ ᠭᠤᠤᠯ ᠴᠣᠭᠴᠠ᠂ ᠠᠭᠤᠯᠭ᠎ᠠ᠂ ᠲᠥᠷᠥᠯ ᠵᠦᠶᠯ ᠵᠡᠷᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠶᠢ ᠡᠷᠡᠰ ᠴᠠᠭᠠᠵᠠᠯᠠᠨ᠎ᠠ᠃ ᠪᠤᠰᠤᠳ ᠳᠠᠭᠤᠰᠤᠭᠠᠳᠤᠶ ᠵᠦᠶᠯᠡᠰ ᠢ ᠴᠠᠭ ᠲᠤᠬᠠᠶ   ᠳᠤ ᠨᠢ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠶᠯ ᠤᠨ ᠳᠤᠭᠤᠶᠢᠯᠠᠩ ᠲᠠᠢ ᠨᠡᠪᠲᠡᠷᠡᠯᠴᠡᠨ ᠵᠣᠬᠢᠴᠠᠭᠤᠯᠤᠭᠠᠷᠠᠶ᠃ ᠡᠭᠦᠨ ᠤ ᠬᠠᠮᠲᠤ᠂ ᠲᠣᠰ ᠴᠣᠬᠤᠯᠠᠪᠤᠷᠢ ᠶᠢ ᠭᠥᠯᠢᠶᠡᠨ ᠠᠪᠤᠭᠰᠠᠨ 1 ᠰᠠᠷ᠎ᠠ ᠶᠢᠨ ᠳᠣᠲᠣᠷ᠎ᠠ᠂ ᠰᠠᠯᠠᠭ᠎ᠠ ᠮᠥᠴᠢᠷ  ᠤᠨ ᠰᠦᠯᠵᠢᠶᠡᠨ ᠥᠷᠲᠡᠭᠡ ᠪᠠᠷ ᠳᠠᠮᠵᠢᠭᠤᠯᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠬᠦ ᠬᠡᠷᠡᠭᠲᠡᠶ  ᠃ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 1 ᠰᠠᠷ᠎ᠠ ᠶᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ  ᠤ ᠪᠠᠶᠠᠷ ᠲᠤᠷᠠᠰᠬᠠᠯ ᠤᠨ  ᠶᠣᠰᠣᠯᠠᠯ ᠢ ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠲᠣᠬᠢᠷᠠᠭᠤᠯᠪᠠ︶   ᠳᠤ ᠠᠵᠢᠯᠯᠠᠭ᠎ᠠ ᠶᠢᠨ ᠳ᠋ᠦᠩᠨᠡᠯᠲᠡ ᠪᠠᠨ ᠮᠡᠳᠡᠭᠦᠯᠬᠦ  ᠬᠡᠷᠡᠭᠲᠠᠢ  ᠃      ᠲᠤᠰᠬᠠᠢ ᠴᠣᠬᠤᠯᠠᠪᠤᠷᠢ                 ᠥᠪᠡᠷᠲᠡᠭᠡᠨ ᠵᠠᠰᠠᠬᠤ ᠣᠷᠣᠨ ᠤ ᠪᠠᠶᠠᠷ ᠲᠤᠷᠠᠰᠬᠠᠯ ᠤᠨ ᠶᠣᠰᠣᠯᠠᠯ ᠢ                 ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ                        2020 ᠣᠨ ᠤ 9 ᠳ᠋ᠦ᠋ᠭᠡᠷ ᠰᠠᠷ᠎ᠠ ᠶᠢᠨ 4 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map