ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ  ᠤ ᠭᠤᠷᠪᠠᠳᠤᠭᠠᠷ ᠬᠤᠷᠠᠯ ᠤᠨ 0640 ᠳ᠋ᠦ᠋ᠭᠡᠷ ᠲᠣᠭᠠᠲᠤ ᠰᠠᠨᠠᠯ ᠳᠤᠷᠠᠳᠤᠯᠭ᠎ᠠ  ᠶᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄
2020/12/25
ᠭᠡᠰᠢᠭᠦᠨ ᠪᠠᠳᠮ᠎ᠠ ᠳᠤ᠄      ᠲᠠᠨ ᠤ ᠳᠤᠷᠠᠳᠤᠭᠰᠠᠨ 《 ᠲᠣᠮᠣ ᠬᠡᠯᠪᠡᠷᠢ ᠶᠢᠨ ᠮᠣᠷᠢᠨ ᠪᠥᠵᠢᠭᠲᠦ ᠵᠦᠴᠦᠭᠡ〈 ᠮᠢᠩᠭᠠᠨ ᠭᠠᠯᠪᠠ ᠶᠢᠨ ᠮᠣᠷᠢᠨ ᠤ ᠮᠠᠭᠲᠠᠭᠠᠯ 〉 ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠣᠭᠯᠠᠯᠲᠠ ᠶᠢᠨ ᠰᠣᠳᠣᠨ ᠪᠦᠲᠦᠭᠡᠯ ᠢ ᠡᠭᠦᠳᠦᠨ ᠪᠦᠲᠦᠭᠡᠬᠦ ᠲᠤᠬᠠᠶ ᠰᠠᠨᠠᠯ ᠳᠤᠷᠠᠳᠤᠯᠭ᠎ᠠ 》 ᠶᠢ ᠣᠯᠵᠤ ᠣᠶᠢᠯᠠᠭᠠᠪᠠ᠂ ᠣᠲᠣ ᠳᠣᠤᠷᠠᠬᠢ ᠮᠡᠲᠦ ᠬᠠᠷᠢᠭᠤᠯᠲᠠ ᠥᠭᠭᠦᠶ᠎ᠡ᠄      《 ᠮᠢᠩᠭᠠᠨ ᠭᠠᠯᠪᠠ ᠶᠢᠨ ᠮᠣᠷᠢᠨ ᠤ ᠮᠠᠭᠲᠠᠭᠠᠯ 》 ᠨᠢ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠭᠤᠣᠯᠳᠠᠯᠭ᠎ᠠ ᠲᠠᠢ ᠲᠥᠷᠥᠯ ᠵᠦᠢᠯ ᠪᠣᠯᠤᠭᠰᠠᠨ ᠤ ᠬᠤᠪᠢ ᠳᠤ᠂ ᠰᠡᠳᠦᠪ ᠲᠣᠭᠲᠠᠭᠠᠭᠰᠠᠨ  ᠠᠴᠠ ᠨᠠᠭᠠᠰᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠵᠤ᠂ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ᠂ ᠤᠯᠤᠰ ᠤᠨ ᠤᠷᠠᠯᠢᠭ ᠤᠨ ᠰᠠᠭᠤᠷᠢ ᠮᠥᠩᠭᠦ ᠵᠡᠷᠭᠡ ᠶᠢᠨ ᠲᠤᠰᠠᠯᠠᠮᠵᠢ ᠶᠢ ᠬᠦᠷᠲᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠠᠩᠬᠢᠮ ᠴᠤ《 ᠮᠢᠩᠭᠠᠨ ᠭᠠᠯᠪᠠ ᠶᠢᠨ ᠮᠣᠷᠢᠨ ᠤ ᠮᠠᠭᠲᠠᠭᠠᠯ 》ᠲᠥᠰᠦᠯ ᠢ ᠮᠠᠰᠢ ᠶᠡᠭᠡ ᠠᠩᠬᠠᠷᠴᠤ᠂ ᠣᠯᠠᠨ ᠲᠠᠯ᠎ᠠ ᠶᠢᠨ ᠶᠡᠬᠡᠬᠡᠨ ᠳᠡᠮᠵᠢᠯᠭᠡ ᠦᠵᠡᠭᠦᠯᠦᠭᠰᠡᠨ ᠪᠠᠶᠢᠨ᠎ᠠ᠃ 2019 ᠣᠨ ᠤ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠭᠢᠯᠡᠭᠰᠡᠨ《 ᠦᠵᠡᠰᠬᠦᠯᠡᠩᠲᠦ ᠰᠠᠶᠢᠬᠠᠨ ᠥᠪᠥᠷ ᠮᠣᠩᠭᠤᠯ 》 ᠠᠵᠢᠯᠯᠠᠭ᠎ᠠ ᠶᠠᠫᠣᠨ ᠤ ᠤᠤᠰᠠᠺᠠ᠂ ᠺᠣᠷᠢᠶᠠ ᠶᠢᠨ ᠰᠸᠦ᠋ᠯ ᠤᠨ ᠰᠣᠶᠣᠯ ᠪᠠ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠴᠥᠮ ᠭᠤᠤᠯᠳᠠᠯᠭ᠎ᠠ ᠲᠠᠢ ᠲᠠᠨᠢᠯᠴᠠᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠡᠶᠢᠲᠡᠯᠡᠭᠰᠡᠨ 2019 ᠣᠨ ᠤ《 ᠮᠣᠷᠢ ᠤᠨᠤᠵᠤ ᠲᠠᠯ᠎ᠠ ᠨᠤᠲᠤᠭ ᠢᠶᠠᠷ ᠵᠤᠭᠠᠴᠠᠬᠤ 》ᠠᠷᠪᠠᠨ ᠶᠡᠭᠡ ᠭᠤᠤᠯ ᠰᠡᠳᠦᠪᠲᠦ ᠪᠦᠲᠦᠭᠡᠭᠳᠡᠬᠦᠨ ᠳᠤ ᠪᠠᠰᠠ《 ᠮᠢᠩᠭᠠᠨ ᠭᠠᠯᠪᠠ  ᠶᠢᠨ ᠮᠣᠷᠢᠨ ᠤ ᠮᠠᠭᠲᠠᠭᠠᠯ 》 ᠢ ᠠᠯᠪᠠᠨ ᠤ ᠲᠠᠯ᠎ᠠ  ᠠᠴᠠ ᠲᠠᠨᠢᠯᠴᠠᠭᠤᠯᠤᠭᠰᠠᠨ ᠴᠣᠷ ᠤᠨ ᠭᠠᠭᠴᠠ ᠤᠷᠠᠯᠢᠭ ᠤᠨ ᠪᠦᠲᠦᠭᠡᠭᠳᠡᠬᠦᠨ ᠪᠤᠯᠭᠠᠭᠰᠠᠨ ᠪᠠᠶᠢᠨ᠎ᠠ᠃ 《 ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2020 ᠣᠨ ᠤ ᠠᠵᠢᠯ ᠤᠨ ᠭᠤᠤᠯᠳᠠᠯᠭ᠎ᠠ 》 ᠳᠤ᠂《 ᠮᠢᠩᠭᠠᠨ ᠭᠠᠯᠪᠠ ᠶᠢᠨ ᠮᠣᠷᠢᠨ ᠤ ᠮᠠᠭᠲᠠᠭᠠᠯ 》ᠵᠡᠷᠭᠡ ᠲᠠᠯᠠᠪᠠᠶ ᠳᠤ ᠰᠠᠭᠤᠭ᠎ᠠ ᠲᠣᠭᠯᠠᠯᠲᠠ ᠶᠢᠨ ᠲᠥᠷᠥᠯ ᠵᠦᠶᠯ ᠢ ᠭᠤᠤᠯᠳᠠᠯᠭ᠎ᠠ ᠲᠠᠢ ᠳᠡᠮᠵᠢᠬᠦ ᠬᠡᠷᠡᠭᠲᠡᠶ ᠭᠡᠵᠦ ᠲᠣᠳᠣᠷᠬᠠᠶ ᠳᠤᠷᠠᠳᠴᠠᠶ᠃      ᠲᠠᠨ ᠤ ᠳᠤᠷᠠᠳᠤᠭᠰᠠᠨ《 ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ〈 ᠮᠢᠩᠭᠠᠨ ᠭᠠᠯᠪᠠ ᠶᠢᠨ ᠮᠣᠷᠢᠨ  ᠤ ᠮᠠᠭᠲᠠᠭᠠᠯ 〉ᠭᠡᠬᠦ ᠵᠦᠴᠦᠭᠡ ᠶᠢᠨ ᠳᠡᠪᠲᠡᠷ ᠢ ᠵᠣᠬᠢᠶᠠᠨ ᠪᠦᠲᠦᠭᠡᠵᠦ ᠳᠡᠭᠡᠭᠰᠢᠯᠡᠭᠦᠯᠬᠦ ᠠᠵᠢᠯ ᠢ ᠬᠠᠷᠢᠭᠤᠴᠠᠬᠤ ᠬᠡᠷᠡᠭᠲᠡᠢ 》ᠭᠡᠬᠦ ᠰᠠᠨᠠᠭᠤᠯᠭ᠎ᠠ ᠶᠢ ᠪᠢᠳᠡ ᠮᠠᠰᠢ ᠵᠥᠪᠰᠢᠶᠡᠷᠡᠵᠦ ᠪᠠᠶᠢᠨ᠎ᠠ᠃《 ᠮᠢᠩᠭᠠᠨ ᠭᠠᠯᠪᠠ ᠶᠢᠨ ᠮᠣᠷᠢᠨ ᠤ ᠮᠠᠭᠲᠠᠭᠠᠯ 》 ᠤᠨ ᠡᠭᠦᠳᠦᠨ ᠪᠦᠲᠦᠭᠡᠬᠦ ᠪᠦᠯᠬᠦᠮ ᠤᠨ ᠡᠩᠨᠡᠭᠡ ᠬᠦᠴᠦᠷᠬᠡᠭ ᠶᠡᠭᠡ᠂ ᠪᠣᠳᠠᠲᠤ ᠬᠦᠴᠦᠨ ᠲᠠᠢ ᠪᠥᠭᠡᠳ 6 ᠵᠢᠯ ᠭᠠᠷᠤᠶ ᠶᠢᠨ ᠲᠣᠭᠯᠠᠯᠲᠠ ᠶᠢᠨ ᠦᠶᠯᠡᠳᠦᠯᠭᠡ ᠳᠤᠮᠳᠠ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠲᠠᠰᠤᠷᠠᠯᠲᠠ ᠥᠬᠡᠶ ᠰᠢᠩᠭᠡᠭᠡᠨ ᠠᠪᠴᠤ᠂ ᠲᠠᠰᠤᠷᠠᠯᠲᠠ ᠥᠬᠡᠶ ᠥᠭᠡᠷᠡᠴᠢᠯᠡᠨ ᠲᠠᠰ ᠳᠡᠪᠰᠢᠭᠦᠯᠵᠦ ᠪᠠᠶᠢᠨ᠎ᠠ᠂ ᠶᠠᠭ ᠲᠠᠨ ᠤ ᠬᠡᠯᠡᠭᠰᠡᠨᠴᠢᠯᠡᠨ᠄《 ᠮᠢᠩᠭᠠᠨ ᠭᠠᠯᠪᠠ ᠶᠢᠨ ᠮᠣᠷᠢᠨ ᠤ ᠮᠠᠭᠲᠠᠭᠠᠯ 》 ᠨᠢ ᠵᠢᠷᠭᠤᠭᠠᠨ ᠵᠢᠯ  ᠤᠨ ᠳᠠᠪᠲᠠᠯᠲᠠ ᠶᠢ ᠥᠩᠭᠡᠷᠡᠭᠡᠭᠡᠳ᠂ ᠤᠯᠤᠰ ᠤᠨ ᠳᠣᠲᠣᠭᠠᠳᠤ ᠭᠠᠳᠠᠭᠠᠳᠤ ᠳᠤ ᠨᠢᠭᠡᠨᠲᠡ ᠰᠠᠶᠢᠨ ᠰᠠᠶᠢᠬᠠᠨ ᠮᠠᠭᠲᠠᠭᠠᠯ ᠰᠠᠶᠢᠰᠢᠶᠠᠯ ᠢ ᠬᠦᠷᠲᠡᠭᠰᠡᠨ ᠪᠦᠭᠡᠳ ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ ᠪᠣᠯᠤᠭᠰᠠᠨ ᠪᠠᠶᠢᠨ᠎ᠠ 》᠃ ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠶᠡᠷᠦᠩᠬᠡᠶ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠪᠢᠳᠡ ᠪᠥᠬᠦ ᠬᠦᠴᠦᠨ ᠢᠶᠠᠷ ᠢᠶᠠᠨ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠲᠠᠢ ᠬᠠᠮᠵᠢᠯᠴᠠᠨ《 ᠮᠢᠩᠭᠠᠨ ᠭᠠᠯᠪᠠ ᠶᠢᠨ ᠮᠣᠷᠢᠨ ᠤ ᠮᠠᠭᠲᠠᠭᠠᠯ 》ᠵᠦᠴᠦᠭᠡ ᠶᠢᠨ ᠳᠡᠪᠲᠡᠷ ᠢ ᠵᠣᠬᠢᠶᠠᠨ ᠪᠦᠲᠦᠭᠡᠵᠦ ᠳᠡᠭᠡᠭᠰᠢᠯᠡᠭᠦᠯᠬᠦ᠂ ᠲᠥᠷᠥᠯ ᠵᠦᠶᠯ ᠤᠨ ᠲᠣᠭᠯᠠᠯᠲᠠ  ᠶᠢ ᠲᠠᠨᠢᠯᠴᠠᠭᠤᠯᠬᠤ ᠵᠡᠷᠭᠡ ᠠᠵᠢᠯ ᠢ ᠰᠠᠶᠢᠲᠤᠷ ᠬᠢᠨ᠎ᠠ᠃  ᠲᠠᠨ ᠤ 《 ᠮᠢᠩᠭᠠᠨ ᠭᠠᠯᠪᠠ ᠶᠢᠨ ᠮᠣᠷᠢᠨ ᠤ ᠮᠠᠭᠲᠠᠭᠠᠯ 》ᠵᠢᠴᠢ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠵᠦᠴᠦᠭᠡ  ᠶᠢᠨ ᠲᠦᠷᠦᠯ ᠤᠨ ᠬᠦᠭᠵᠢᠯᠲᠡ ᠶᠢ ᠠᠩᠬᠠᠷᠤᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠲᠠᠨ ᠤ ᠬᠤᠶᠢᠰᠢᠳᠠ ᠡᠨᠡ ᠲᠠᠯ᠎ᠠ ᠪᠠᠷ ᠦᠷᠭᠦᠯᠵᠢᠯᠡᠨ ᠰᠠᠨᠠᠯ ᠰᠠᠨᠠᠭᠤᠯᠭ᠎ᠠ ᠳᠤᠷᠠᠳᠴᠤ᠂ ᠨᠠᠩ ᠣᠯᠠᠨ᠂ ᠨᠠᠩ ᠰᠠᠶᠢᠨ ᠰᠠᠨᠠᠯ ᠰᠠᠨᠠᠭᠤᠯᠭ᠎ᠠ ᠳᠤᠷᠠᠳᠬᠤ ᠶᠢ ᠬᠦᠰᠡᠵᠦ ᠪᠠᠶᠢᠨ᠎ᠠ᠃                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ                               2020 ᠣᠨ ᠤ 10 ᠳ᠋ᠤᠭᠠᠷ ᠰᠠᠷ᠎ᠠ ᠶᠢᠨ 11   ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map