ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ 363 ᠳ᠋ᠤᠭᠠᠷ ᠲᠣᠭᠠᠲᠤ ᠰᠠᠨᠠᠭᠤᠯᠭ᠎ᠠ ᠳᠤ ᠥᠭᠭᠦᠭᠰᠡᠨ ᠬᠠᠷᠢᠭᠤᠯᠲᠠ
ᠨᠡᠶᠢᠲᠡᠯᠡᠭᠰᠡᠨ ᠴᠠᠭ᠄
2020/12/4
ᠲᠥᠯᠥᠭᠡᠯᠡᠭᠴᠢ ᠸᠠᠩ ᠳ᠋ᠠᠨ ᠲᠠᠨ᠎ᠠ  ᠄      ᠲᠠᠨ ᠤ ᠳᠤᠷᠠᠳᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠤᠤ ᠬᠥᠭᠵᠢᠮ ᠤᠨ ᠲᠢᠩᠬᠢᠮ ᠪᠠᠶᠢᠭᠤᠯᠬᠤ ᠲᠤᠬᠠᠢ ᠰᠠᠨᠠᠭᠤᠯᠭ᠎ᠠ︾ ᠶᠢ ᠬᠤᠷᠢᠶᠠᠨ ᠤᠯᠪᠠ᠂ ᠡᠳᠦᠭᠡ ᠳᠣᠤᠷᠠᠬᠢ ᠮᠡᠲᠦ ᠬᠠᠷᠢᠭᠤᠯᠲᠠ ᠥᠭᠭᠦᠶ᠎ᠡ᠄      ᠨᠢᠭᠡ᠂ ᠹᠧᠩ ᠲᠢᠶᠠᠨ ᠲᠠᠢ ᠵᠢᠤ ᠠᠪᠤᠭᠠᠶ ᠶᠢ ᠤᠷᠢᠵᠤ ᠥᠪᠥᠷ ᠮᠣᠩᠭᠤᠯ ᠤᠨ ᠳᠠᠭᠤᠤ ᠬᠥᠭᠵᠢᠮ ᠤᠨ ᠲᠢᠩᠬᠢᠮ ᠳᠤ ᠲᠠᠭᠤᠤ ᠶᠢᠨ ᠤᠬᠠᠭᠠᠨ ᠤ ᠵᠢᠷᠤᠭ ᠲᠥᠯᠥᠪᠯᠡᠭᠡ ᠬᠢᠯᠭᠡᠬᠦ ᠠᠰᠠᠭᠤᠳᠠᠯ ᠤᠨ ᠲᠤᠬᠠᠢ      ᠮᠠᠨ ᠤ ᠲᠢᠩᠬᠢᠮ ᠥᠪᠥᠷ ᠮᠣᠩᠭᠤᠯ ᠤᠨ ᠳᠠᠭᠤᠤ ᠬᠥᠭᠵᠢᠮ ᠤᠨ ᠲᠢᠩᠬᠢᠮ ᠤᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠢ ᠨᠠᠶᠢᠷᠠᠭᠤᠯᠤᠨ ᠵᠣᠬᠢᠶᠠᠬᠤ ᠳᠤ ᠪᠠᠨ ᠹᠧᠩ ᠲᠢᠶᠠᠨ ᠲᠠᠢ ᠵᠢᠤ ᠠᠪᠤᠭᠠᠢ ᠶᠢᠨ ᠲᠤᠰᠠᠯᠠᠭᠴᠢ   ᠸᠧᠩ ᠺᠠᠩ ᠨᠢᠶᠠᠨ ᠳ᠋ᠤᠺᠲ᠋ᠤᠷ ᠲᠠᠢ ᠲᠠᠭᠤᠤ ᠶᠢᠨ ᠤᠬᠠᠭᠠᠨ ᠤ ᠵᠢᠷᠤᠭ ᠲᠥᠯᠥᠪᠯᠡᠭᠡ ᠶᠢᠨ ᠬᠠᠮᠢᠶ᠎ᠠ ᠪᠥᠬᠦᠶ ᠯᠠᠪᠯᠠᠯᠭ᠎ᠠ ᠬᠢᠵᠦ ᠦᠩᠭᠡᠷᠡᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ  ᠬᠠᠮᠢᠶ᠎ᠠ ᠪᠦᠬᠦᠢ ᠱᠠᠭᠠᠷᠳᠠᠯᠭ᠎ᠠ ᠶᠤᠰᠤ ᠪᠠᠷ᠂ ᠹᠧᠩ ᠲᠢᠶᠠᠨ ᠲᠠᠢ ᠵᠢᠦ ᠠᠪᠤᠭᠠᠶ ᠠᠴᠠ ᠪᠤᠰᠤᠳ᠂ ᠤᠯᠤᠰ ᠤᠨ ᠲᠤᠲᠤᠭᠠᠲᠤ ᠭᠠᠳᠠᠭᠠᠳᠤ ᠶᠢᠨ ᠠᠳᠠᠯᠢᠬᠠᠨ ᠬᠢᠷᠢ ᠬᠡᠮᠵᠢᠶ᠎ᠡ ᠲᠠᠢ ᠵᠢᠷᠤᠭ ᠲᠥᠯᠥᠪᠯᠡᠭᠴᠢ ᠶᠢ ᠰᠤᠩᠭᠤᠨ ᠤᠳᠤᠷᠢᠳᠤᠯᠭ᠎ᠠ ᠶᠢᠨ ᠰᠢᠢᠳᠪᠦᠷᠢᠲᠦ  ᠪᠣᠳᠣᠯᠭ᠎ᠠ ᠲᠣᠭᠲᠠᠭᠠᠬᠤ ᠳᠤ ᠪᠡᠯᠡᠳᠬᠡᠯ ᠬᠠᠩᠭᠠᠪᠠ  ᠃      ᠬᠤᠶᠠᠷ᠂ ᠲᠢᠩᠬᠢᠮ ᠪᠦᠯᠬᠦᠮ ᠢ ᠨᠢᠭᠡᠳᠬᠡᠬᠦ ᠠᠰᠠᠭᠤᠳᠠᠯ ᠤᠨ ᠲᠤᠬᠠᠶ      ᠮᠠᠨ ᠤ ᠲᠢᠩᠬᠢᠮ ᠥᠪᠥᠷ ᠮᠣᠩᠭᠤᠯ ᠤᠨ ᠳᠠᠭᠤᠤ ᠬᠥᠭᠵᠢᠮ ᠤᠨ ᠲᠢᠩᠬᠢᠮ ᠤᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠨᠠᠶᠢᠷᠠᠭᠤᠯᠤᠨ ᠵᠣᠬᠢᠶᠠᠬᠤ ᠶᠠᠪᠤᠴᠠ ᠳᠤ᠂ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ   ᠤᠨ ᠵᠦᠴᠦᠭᠡ ᠶᠢᠨ ᠬᠦᠷᠢᠶᠡᠯᠡᠩ ᠠᠴᠠ ᠲᠢᠩᠬᠢᠮ ᠪᠦᠯᠬᠦᠮ ᠢ ᠨᠢᠭᠡᠳᠬᠡᠬᠦ ᠰᠠᠨᠠᠭᠤᠯᠭ᠎ᠠ ᠲᠤᠷᠠᠳᠴᠤ ᠦᠩᠭᠡᠷᠡᠪᠡ᠃ ᠳᠠᠭᠤᠤ ᠬᠥᠭᠵᠢᠮ ᠤᠨ ᠲᠢᠩᠬᠢᠮ ᠤᠨ ᠬᠡᠷᠡᠭᠯᠡᠯᠲᠡ ᠶᠢᠨ ᠴᠢᠳᠠᠮᠵᠢ ᠶᠢᠨ ᠤᠯᠠᠮ ᠠᠴᠠ ᠲᠡᠭᠦᠯᠳᠡᠷᠵᠢᠬᠦ ᠪᠣᠯᠤᠨ ᠪᠤᠯᠤᠯᠴᠠᠭᠠᠲᠤ ᠰᠤᠳᠤᠯᠭᠠᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠪᠠᠷ ᠲᠠᠮᠵᠢᠭᠤᠯᠤᠨ ᠳᠠᠭᠤᠤ ᠬᠥᠭᠵᠢᠮ ᠤᠨ ᠲᠢᠩᠬᠢᠮ ᠤᠨ ᠡᠵᠡᠩᠨᠡᠯᠲᠡ ᠪᠠ ᠬᠠᠮᠢᠶᠠᠷᠤᠯᠲᠠ ᠶᠢᠨ ᠠᠰᠠᠭᠤᠳᠠᠯ ᠢ  ᠰᠠᠶ᠋ᠢ ᠠᠯᠬᠤᠮ ᠠᠯᠬᠤᠮ ᠢᠶᠠᠷ ᠲᠣᠳᠣᠷᠬᠠᠶᠢᠯᠠᠵᠤ ᠴᠢᠳᠠᠨ᠎ᠠ᠃ ᠪᠠᠶᠢᠭᠤᠯᠤᠭᠳᠠᠭᠰᠠᠨ ᠤ ᠳᠠᠷᠠᠭᠠᠬᠢ ᠥᠪᠥᠷ ᠮᠣᠩᠭᠤᠯ ᠤᠨ ᠳᠠᠭᠤᠤ ᠬᠥᠭᠵᠢᠮ ᠤᠨ ᠲᠢᠩᠬᠢᠮ ᠳᠤ ᠲᠢᠩᠬᠢᠮ ᠪᠦᠯᠬᠦᠮ ᠢ ᠨᠢᠭᠡᠳᠬᠡᠵᠦ ᠳᠡᠶᠢᠯᠬᠦ ᠡᠰᠡᠬᠦ ᠶᠢ ᠳᠠᠬᠢᠨ ᠨᠤᠲᠠᠯᠠᠵᠤ᠂ ᠳᠠᠬᠢᠨ ᠲᠣᠭᠲᠠᠭᠠᠬᠤ ᠴᠢᠬᠤᠯᠠᠲᠠᠶ ᠪᠠᠶᠢᠨ᠎ᠠ᠃      ᠭᠤᠷᠪᠠ᠂ ᠫᠠᠶᠢᠫ ᠤᠷᠭᠠᠨ ᠬᠦᠭᠵᠢᠮ ᠢ ᠲᠣᠬᠢᠷᠠᠭᠤᠯᠬᠤ ᠠᠰᠠᠭᠤᠳᠠᠯ ᠤᠨ ᠲᠤᠬᠠᠶ      ᠮᠠᠨ ᠤ ᠲᠢᠩᠬᠢᠮ ᠥᠪᠥᠷ ᠮᠣᠩᠭᠤᠯ ᠤᠨ ᠳᠠᠭᠤᠤ ᠬᠥᠭᠵᠢᠮ ᠤᠨ ᠲᠢᠩᠬᠢᠮ ᠤᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠨᠠᠶᠢᠷᠠᠭᠤᠯᠤᠨ ᠵᠤᠬᠢᠶᠠᠬᠤ ᠳᠤ ᠪᠠᠨ‌‍ᠫᠠᠶᠢᠫ ᠤᠷᠭᠠᠨ ᠬᠦᠭᠵᠢᠮ ᠢ ᠳᠠᠭᠤᠤ ᠬᠥᠭᠵᠢᠮ ᠤᠨ ᠲᠢᠩᠬᠢᠮ ᠤᠨ ᠲᠤᠰᠬᠠᠢ ᠬᠡᠷᠡᠭᠯᠡᠭᠡᠨ ᠤ ᠲᠦᠭᠦᠭᠡᠷᠦᠮᠵᠢ ᠳᠤ ᠵᠢᠭᠰᠠᠭᠠᠵᠤ᠂  ᠫᠠᠶᠢᠫ ᠤᠷᠭᠠᠨ ᠬᠦᠭᠵᠢᠮ ᠤᠨ ᠵᠠᠷᠤᠳᠠᠯ ᠳᠤ ᠲᠥᠷᠥᠯ ᠵᠦᠢᠯ ᠤᠨ ᠵᠢᠱᠢᠯᠲᠡ ᠬᠢᠪᠡ᠃      ᠳᠦᠷᠪᠡ᠂ ᠳᠠᠭᠤᠤ ᠬᠥᠭᠵᠢᠮ ᠤᠨ ᠲᠢᠩᠬᠢᠮ ᠤᠨ ᠦᠵᠡᠭᠴᠢᠳ ᠤᠨ ᠰᠠᠭᠤᠳᠠᠯ ᠤᠨ ᠪᠠᠶᠢᠷᠢᠰᠢᠭᠤᠯᠤᠯᠲᠠ ᠶᠢᠨ ᠠᠰᠠᠭᠤᠳᠠᠯ      ᠳᠠᠭᠤᠤ ᠬᠥᠭᠵᠢᠮ ᠤᠨ ᠲᠢᠩᠬᠢᠮ ᠤᠨ ᠦᠵᠡᠭᠴᠢᠳ ᠤᠨ ᠰᠠᠭᠤᠳᠠᠯ ᠤᠨ ᠪᠠᠶᠢᠷᠢᠰᠢᠭᠤᠯᠤᠯᠲᠠ ᠨᠢ ᠲᠠᠭᠤᠨ ᠤ ᠤᠬᠠᠭᠠᠨ ᠤ ᠵᠢᠷᠤᠭ ᠲᠥᠯᠥᠪᠯᠡᠭᠡ ᠶᠢᠨ ᠪᠦᠯᠬᠦᠮ ᠢ ᠲᠣᠭᠲᠠᠭᠠᠭᠰᠠᠨ ᠤ ᠳᠠᠷᠠᠭ᠎ᠠ᠂ ᠳᠠᠭᠤᠨ ᠤ ᠤᠬᠠᠭᠠᠨ ᠤ ᠵᠢᠷᠤᠭ ᠲᠥᠯᠥᠪᠯᠡᠭᠡ ᠶᠢᠨ ᠪᠦᠯᠬᠦᠮ ᠠᠴᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠨ᠎ᠠ᠃                     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ                                                      2020 ᠣᠨ4 ᠰᠠᠷ᠎ᠠ ᠶᠢᠨ 29 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map