ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ2019 ᠣᠨ ᠤ ᠠᠵᠢᠯ ᠤᠨ ᠳ᠋ᠦᠩᠨᠡᠯᠲᠡ
ᠨᠡᠶᠢᠲᠡᠯᠡᠭᠰᠡᠨ ᠴᠠᠭ᠄
2020/4/1
ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠡᠯ᠎ᠡ ᠠᠶᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ᠂᠂ ᠠᠯᠪᠠᠨ ᠭᠡᠷ ᠂ ᠡᠯ᠎ᠡ ᠰᠢᠭᠤᠳ ᠬᠠᠷᠢᠶ᠎ᠠ ᠨᠢᠭᠡᠴᠢ ᠳᠤ᠄      ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2019 ᠣᠨ ᠤ ᠠᠵᠢᠯ ᠤᠨ ᠳ᠋ᠦᠩᠨᠡᠯᠲᠡ︾ ᠶᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠨᠢᠭᠡᠨᠲᠡ ᠰᠤᠳᠤᠯᠤᠨ ᠪᠠᠲᠤᠯᠠᠭᠠᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ  ᠰᠤᠷᠤᠯᠴᠠᠭᠤᠯᠤᠭᠠᠷᠠᠢ᠃                               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ                                ᠤ ᠰᠣᠶᠣᠯ ᠪᠠ ᠵᠢᠭᠤᠯᠴᠢᠯᠠᠯ ᠤᠨ ᠲᠢᠩᠬᠢᠮ                                                                      2019 ᠣᠨ ᠤ 12 ᠳ᠋ᠤᠭᠠᠷ ᠰᠠᠷ᠎ᠠ ᠶᠢᠨ 31 ᠤ ᠡᠳᠦᠷ          ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2019 ᠣᠨ ᠤ ᠠᠵᠢᠯ ᠤᠨ ᠳ᠋ᠦᠩᠨᠡᠯᠲᠡ      2019 ᠣᠨ ᠡᠴᠠ‌ᠨᠠᠭᠠᠰᠢ᠂ ᠰᠣᠶᠣᠯ ᠪᠠ ᠵᠢᠭᠤᠯᠴᠢᠯᠠᠯ ᠤᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂  ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ᠂ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠡᠯ᠎ᠡ ᠲᠦᠷᠦᠯ ᠤᠨ ᠠᠵᠢᠯ ᠢᠯᠡᠳᠲᠡ ᠦᠷ᠎ᠡ ᠪᠦᠲᠦᠮᠵᠢ ᠤᠯᠪᠠ᠃      ᠨᠢᠭᠡ᠂ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠲᠠᠪᠦᠷᠢᠵᠢᠭᠤᠯᠪᠠ      ᠨᠢᠭᠡ ᠳᠤ᠂ ᠪᠠᠶᠢᠭᠤᠯᠤᠮᠵᠢ ᠶᠢ ᠥᠭᠡᠷᠡᠴᠢᠯᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ︽ᠭᠤᠷᠪᠠ ᠶᠢ ᠲᠣᠭᠲᠠᠭᠠᠬᠤ︾ ᠣᠷᠣᠨ ᠲᠤᠭ᠎ᠠ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠠᠵᠢᠯᠲᠠᠨ ᠢ ᠰᠢᠯᠵᠢᠭᠦᠯᠦᠨ ᠬᠠᠷᠢᠶᠠᠯᠠᠭᠤᠯᠬᠤ ᠪᠠ ᠺᠠᠳ᠋ᠷ ᠢ ᠳᠣᠭᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ  ᠴᠠᠭ ᠲᠤᠬᠠᠢ ᠳᠤ ᠨᠢ ᠪᠡᠶᠡᠯᠡᠭᠦᠯᠵᠦ᠂ ᠰᠢᠯᠢᠳᠡᠭᠵᠢᠭᠦᠯᠦᠨ ᠬᠠᠮᠵᠢᠯᠴᠠᠭᠤᠯᠬᠤ ᠥᠨᠳᠥᠷ ᠪᠦᠲᠦᠮᠵᠢᠲᠡᠶ ᠡᠭᠦᠷᠭᠡ ᠴᠢᠳᠠᠪᠤᠷᠢ ᠶᠢᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠪᠠ᠃ ᠬᠤᠶᠠᠷ ᠲᠤ ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠪᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠶ  ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ  ᠢ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠰᠣᠶᠣᠯ ᠪᠠ ᠵᠢᠭᠤᠯᠴᠢᠯᠠᠯ ᠤᠨ ᠬᠡᠪᠴᠢᠶᠡᠨ ᠳᠤ ᠬᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠠᠰᠠᠨ ᠨᠠᠶᠢᠷᠠᠭᠤᠯᠵᠤ᠂ ︽ᠦᠪᠡᠳᠡᠭᠰᠢ ᠶᠡᠭᠡ ᠪᠠᠶᠠᠷ ᠢ ᠤᠭᠲᠤᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ︾ ᠠᠶᠤᠯᠭᠦᠶ ᠶᠢᠨ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠭᠤᠷᠪᠠ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠦᠬᠦ ᠬᠦᠴᠦᠨ ᠢᠶᠠᠷ ᠠᠬᠢᠭᠤᠯᠪᠠ᠃ ᠰᠣᠶᠣᠯ ᠪᠠ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠠᠶᠢᠮᠠᠭ ᠬᠤᠲᠠ ᠶᠢ ᠵᠢᠯᠣᠭᠤᠳᠴᠤ ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠢ ᠬᠦᠭᠵᠢᠭᠦᠯᠦᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠶᠢ ᠲᠡᠮᠵᠢᠪᠡ᠃ ᠪᠡᠭᠡᠵᠢᠩ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠲᠠᠢ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠪᠦᠳᠦᠭᠦᠪᠴᠢ ᠵᠥᠪᠯᠡᠯᠴᠡᠭᠡᠷ ᠲᠣᠭᠲᠠᠵᠤ᠂ ᠤᠯᠠᠭᠠᠨᠬᠤᠲᠠ ᠳᠤ ᠪᠥᠬᠦ ᠣᠷᠣᠨ ᠤ ᠵᠢᠭᠤᠯᠴᠢᠯᠠᠯ ᠢᠶᠠᠷ ᠶᠠᠳᠠᠭᠤ ᠶᠢ  ᠲᠡᠳᠬᠦᠬᠦ ᠠᠬᠤᠶ ᠲᠠᠯᠠᠪᠠᠶ ᠶᠢᠨ ᠬᠤᠷᠠᠯ ᠪᠠ ᠪᠡᠭᠡᠵᠢᠩ ᠤᠨ ᠰᠣᠶᠣᠯ ᠵᠢᠭᠤᠯᠴᠢᠯᠠᠯ ᠤᠨ ᠬᠠᠮᠲᠤᠷᠠᠯᠴᠠᠭ᠎ᠠ ᠶᠢ ᠠᠬᠢᠭᠤᠯᠬᠤ ᠲᠠᠪᠴᠠᠩ ᠤᠨ ᠶᠡᠭᠡ ᠬᠤᠷᠠᠯ ᠢ ᠡᠷᠭᠢᠯᠡᠪᠡ ᠃ ᠲᠦᠷᠪᠡ ᠳᠤ᠂ ᠠᠮᠢ ᠠᠬᠤᠶ ᠶᠢᠨ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠪᠡ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠪᠥᠬᠦ ᠣᠷᠣᠨ ᠤ ᠨᠤᠲᠤᠭ ᠪᠡᠯᠴᠢᠭᠡᠷ ᠤᠨ ᠲᠥᠷᠥᠯ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠣᠭᠲᠠᠭᠠᠯ ᠢ ᠵᠥᠷᠢᠴᠡᠨ ᠨᠤᠲᠤᠭ ᠪᠡᠯᠴᠢᠭᠡᠷ ᠢ ᠡᠵᠡᠯᠡᠭᠰᠡᠨ ᠠᠰᠠᠭᠤᠳᠠᠯ ᠢ ᠵᠢᠭᠰᠠᠭᠠᠨ ᠪᠠᠶᠢᠴᠠᠭᠠᠵᠤ᠂  ᠨᠢᠭᠡᠨᠲᠡ 32 ᠦᠵᠡᠮᠵᠢ ᠶᠢᠨ ᠣᠷᠣᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠠᠶᠢᠮᠠᠭ ᠬᠤᠲᠠ ᠶᠢ ᠵᠢᠯᠣᠭᠤᠳᠤᠨ ᠲᠠᠯ᠎ᠠ ᠨᠤᠲᠤᠭ ᠤᠨ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ  ᠨᠠᠶᠢᠷᠠᠭᠤᠯᠤᠨ‌ᠵᠣᠬᠢᠶᠠᠪᠠ᠃ ︽ᠭᠤᠷᠪᠠᠨ ᠨᠠᠭᠤᠷ︾ ᠤᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠬᠠᠮᠵᠢᠯᠴᠠᠨ‌ᠥᠷᠨᠢᠭᠦᠯᠪᠡ᠃ ᠲᠠᠪᠤ ᠳᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠦᠷᠭᠦᠯᠵᠢᠯᠡᠨ ᠭᠦᠨᠵᠡᠭᠡᠶᠢᠷᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠪᠠ ᠰᠣᠶᠣᠯ ᠪᠠ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠡᠮᠬᠢ ᠳᠢᠭᠯᠢᠮ ᠢ ᠵᠠᠰᠠᠬᠤ ᠶᠢ ᠬᠠᠮᠲᠤᠪᠠᠷ ᠪᠠᠶᠢᠷᠢᠯᠠᠭᠤᠯᠵᠤ᠂ ᠬᠠᠮᠲᠤᠪᠠᠷ ᠠᠬᠢᠭᠤᠯᠬᠤ ᠶᠢ ᠪᠠᠷᠢᠮᠲᠠᠯᠠᠵᠤ᠂ ᠪᠥᠬᠦ ᠣᠷᠣᠨ ᠳᠤ ︽ᠬᠠᠷ᠎ᠠ ᠵᠢᠭᠤᠯᠴᠢᠯᠠᠯ︾᠂ ᠭᠠᠲᠠᠭᠠᠲᠤ ᠤᠯᠤᠰ ᠤᠨ ᠲᠤᠭ᠂ ᠤᠯᠤᠰ ᠤᠨ ᠰᠦᠯᠳᠡ  ᠶᠢ ᠡᠯᠭᠦᠭᠦ᠂ ᠬᠠᠤᠯᠢ ᠪᠤᠰᠤ ᠱᠠᠰᠢᠨ ᠰᠤᠷᠲᠠᠬᠤᠨ ᠤ ᠬᠡᠪᠯᠡᠭᠳᠡᠬᠦᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠤᠭᠤᠷᠢᠨ ᠤ ᠰᠣᠶᠣᠯ ᠤᠨ ᠵᠠᠬ᠎ᠠ ᠳᠡᠯᠭᠡᠭᠦᠷ ᠵᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ  ᠪᠠᠶᠢᠷᠢᠯᠠᠭᠤᠯᠤᠨ ᠥᠷᠨᠢᠭᠦᠯᠪᠡ᠃ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠬᠠᠤᠯᠢ ᠶᠢᠨ ᠬᠡᠷᠡᠭ ᠢ ᠬᠢᠨᠠᠮᠠᠭᠠᠶ ᠡᠮᠬᠢᠯᠡᠵᠦ᠂ ᠬᠡᠷᠡᠭ ᠤᠨ ᠰᠦᠪᠡᠭᠴᠢ ᠶᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠵᠤ  ᠰᠢᠢᠳᠪᠦᠷᠢᠯᠡᠭᠦᠯᠪᠡ᠃      ᠬᠤᠶᠠᠷ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠪᠠ      ︵ᠨᠢᠭᠡ︶ ᠤᠷᠠᠯᠢᠭ ᠤᠨ ᠵᠤᠬᠢᠶᠠᠨ ᠪᠦᠲᠦᠭᠡᠯᠭᠡ ᠵᠢᠴᠢ ᠲᠤᠭᠯᠠᠯᠲᠠ᠃ ᠨᠢᠭᠡ ᠳᠤ ᠤᠯᠠᠭᠠᠨᠮᠥ᠋ᠴᠢᠷ ᠤᠨ ᠠᠵᠢᠯ ᠦᠢᠯᠡᠰ ᠡᠷᠡᠭᠦᠯ ᠢᠶᠠᠷ ᠬᠥᠭᠵᠢᠪᠡ᠃ ︽ᠤᠯᠠᠭᠠᠨᠮᠥ᠋ᠴᠢᠷ ᠤᠨ ᠲᠦᠷᠢᠮ︾ ᠢ ᠨᠡᠶᠢᠲᠡᠯᠡᠵᠦ᠂ 2019 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃ ︽ᠤᠯᠠᠭᠠᠨᠮᠥ᠋ᠴᠢᠷ ᠤᠨ  ᠦᠢᠯᠡᠰ ᠤᠨ ᠬᠥᠭᠵᠢᠯᠲᠡ ᠶᠢᠨ ᠤᠷᠲᠤᠪᠲᠤᠷ ᠪᠠ ᠣᠷᠳᠣ ᠬᠤᠭᠤᠴᠠᠭᠠᠨ ᠤ ᠬᠥᠭᠵᠢᠯᠲᠡ ᠶᠢᠨ ᠲᠦᠯᠦᠪᠵᠢᠭᠦᠯᠭᠡ︾᠂ ︽ᠤᠯᠠᠭᠠᠨᠮᠥ᠋ᠴᠢᠷ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠨᠠᠶᠢᠷᠠᠭᠤᠯᠤᠨ ᠵᠣᠬᠢᠶᠠᠵᠤ᠂ ᠬᠤᠰᠢᠭᠤ ᠰᠢᠶᠠᠨ ᠤ ᠤᠯᠠᠭᠠᠨᠮᠥ᠋ᠴᠢᠷ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶᠠᠵᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠬᠡᠰᠡᠭ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠤᠯᠠᠭᠠᠨᠮᠥ᠋ᠴᠢᠷ ᠲᠤ ᠨᠡᠶᠢᠲᠡ ᠶᠢᠨ ᠪᠡᠰᠡᠷᠡᠭ ᠮᠠᠰᠢᠨ ᠲᠡᠷᠭᠡ ᠲᠣᠬᠢᠷᠠᠭᠤᠯᠵᠤ ᠥᠭᠴᠡᠶ᠃ ᠡᠯ᠎ᠡ ᠭᠠᠵᠠᠷ ᠤᠨ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠢᠳᠡᠪᠬᠢᠲᠡᠶ ᠪᠠᠳᠠᠷᠠᠭᠤᠯᠵᠤ᠂ ᠵᠣᠬᠢᠶᠠᠨ ᠪᠦᠲᠦᠭᠡᠬᠦ᠂ ᠲᠣᠭᠯᠠᠬᠤ᠂ ᠤᠬᠠᠭᠤᠯᠬᠤ᠂ ᠤᠯᠠᠮᠵᠢᠯᠠᠬᠤ᠂ ᠰᠢᠨ᠎ᠡ ᠶᠢ ᠡᠭᠦᠳᠬᠦ᠂ ᠬᠠᠪᠰᠤᠷᠤᠨ ᠵᠢᠯᠤᠭᠤᠳᠬᠤ᠂ ᠦᠢᠯᠡᠴᠢᠯᠡᠬᠦ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠪᠥᠬᠦ ᠵᠢᠯ ᠳᠤ ᠦᠨᠳᠦᠰᠦᠨ ᠱᠠᠲᠤᠨ ᠳᠤ ᠭᠦᠨᠵᠡᠭᠡᠶᠢᠷᠡᠨ 8756 ᠲᠠᠯᠠᠪᠤᠷ ᠲᠣᠭᠯᠠᠯᠲᠠ ᠭᠠᠷᠭᠠᠪᠠ᠃ 2019 ᠣᠨ ᠤ 6 ᠰᠠᠷ᠎ᠠ ᠳᠤ᠂ ᠤᠯᠠᠭᠠᠨᠮᠥ᠋ᠴᠢᠷ ᠤᠨ ᠰᠣᠯᠢᠯᠴᠠᠭ᠎ᠠ ᠲᠣᠭᠯᠠᠯᠲᠠ ᠶᠢᠨ ᠰᠠᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ 8 ᠰᠠᠷ᠎ᠠ ᠳᠤ᠂ ᠠᠯᠠᠱᠠ ᠵᠡᠭᠦᠨ ᠬᠤᠰᠢᠭᠤᠨ ᠳᠤ ᠨᠠᠢᠮᠠᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠪᠠᠶᠠᠷ ᠢ ᠡᠷᠭᠢᠯᠡᠪᠡ᠃ 11 ᠳ᠋ᠦ᠋ᠭᠡᠷ ᠰᠠᠷ᠎ᠠ ᠳᠤ᠂ ᠪᠥᠬᠦ ᠣᠷᠣᠨ ᠤ ᠰᠢᠯᠢᠳᠡᠭ ᠤᠯᠠᠭᠠᠨᠮᠥ᠋ᠴᠢᠷ ᠢ ᠴᠤᠭᠯᠠᠭᠤᠯᠵᠤ ᠬᠥᠬᠡᠬᠤᠲᠠ ᠳᠤ ᠲᠤᠭᠤᠷᠢᠵᠤ ᠳᠡᠯᠭᠡᠨ ᠦᠵᠡᠭᠦᠯᠬᠦ ᠪᠠ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠥᠷᠨᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠬᠤᠶᠠᠷ ᠲᠤ ᠤᠷᠠᠯᠢᠭ ᠤᠨ ᠵᠣᠬᠢᠶᠠᠨ ᠪᠦᠲᠦᠭᠡᠬᠦ ᠲᠣᠭᠯᠠᠯᠲᠠ ᠡᠳᠦᠷ ᠢᠷᠡᠬᠦᠶ᠎ᠡ ᠴᠡᠴᠡᠭᠯᠡᠨ ᠬᠥᠭᠵᠢᠪᠡ᠃ ᠥᠪᠥᠷ ᠮᠣᠩᠭᠤᠯ ᠤᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ᠂ ᠥᠪᠥᠷ ᠮᠣᠩᠭᠤᠯ ᠤᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠥᠵᠢᠭᠲᠦ ᠵᠦᠴᠦᠭᠡ ︽ᠲᠡᠮᠡᠭᠡᠨ  ᠵᠢᠩ  ᠤᠨ ᠵᠠᠮ︾᠂ ᠶᠠᠷᠢᠶᠠᠲᠤ ᠵᠦᠴᠦᠭᠡ ︽ᠬᠤᠷᠤᠭᠤᠨ ᠲᠠᠮᠠᠭ᠎ᠠ︾᠂ ᠮᠣᠩᠭᠤᠯ ᠵᠦᠴᠦᠭᠡ ︽ᠤᠯᠠᠭᠠᠨᠮᠥ᠋ᠴᠢᠷ ᠤᠨ ᠷᠠᠰᠢ︾᠂ ᠪᠡᠭᠡᠵᠢᠩ  ᠰᠢ ︽ᠳ᠋ᠠ ᠱᠧᠩ ᠺᠦᠶ︾ ᠵᠡᠷᠭᠡ ᠨᠢᠭᠡ ᠪᠦᠯᠦᠭ ᠰᠣᠳᠣᠨ ᠵᠦᠴᠦᠭᠡ ᠶᠢ ᠵᠣᠬᠢᠶᠠᠨ ᠪᠦᠲᠦᠭᠡᠵᠡᠢ᠃ ᠰᠢᠨ᠎ᠡ ᠪᠠᠷ ᠵᠤᠬᠢᠶᠠᠨ ᠪᠠᠶᠢᠭᠤᠯᠤᠭᠰᠠᠨ ᠦᠨᠳᠦᠰᠦᠲᠡᠨ ᠤ ᠪᠥᠵᠢᠭᠲᠦ ᠵᠦᠴᠦᠭᠡ ︽ᠲᠠᠯ᠎ᠠ ᠨᠤᠲᠤᠭ ᠤᠨ   ᠪᠢᠴᠢᠬᠠᠨ ᠪᠠᠭᠠᠲᠤᠷ ᠡᠭᠡᠴᠢ ᠥᠬᠢᠨ ᠳᠡᠭᠦᠤ︾ ᠨᠢ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠷᠠᠯᠢᠭ ᠤᠨ ᠨᠠᠶᠢᠷ ᠲᠤ ᠣᠷᠣᠯᠴᠠᠭᠰᠠᠨ ᠪᠥᠭᠡᠳ    ︽ᠸᠧᠨ ᠬᠤᠸᠠ︾ ᠲᠣᠮᠣ ᠱᠠᠩᠨᠠᠯ ᠢ ᠬᠦᠷᠲᠡᠭᠰᠡᠨ ᠨᠢ ᠥᠪᠥᠷ ᠮᠣᠩᠭᠤᠯ ᠤᠨ ᠲᠣᠰ ᠬᠦᠷᠢᠶ᠎ᠡ ᠬᠡᠪᠴᠢᠶᠡᠨ ᠳᠤ ᠠᠩᠬ᠎ᠠ ᠤᠲᠠᠭ᠎ᠠ ᠬᠦᠷᠲᠡᠵᠦ ᠪᠠᠶᠢᠭ᠎ᠠ ᠱᠠᠩᠨᠠᠯ ᠶᠤᠮ᠃ ᠪᠥᠵᠢᠭ ︽ᠬᠠᠷ᠎ᠠ ᠲᠣᠷᠭᠠᠨ ᠬᠠᠨᠵᠢᠶᠠᠷ︾ ᠨᠢ ᠳᠤᠮᠳᠠᠳᠤ ᠤᠯᠤᠰ ᠤᠨ ᠪᠦᠵᠢᠭ ᠤᠨ ︽ᠪᠠᠳᠮ᠎ᠠ ᠱᠠᠩᠨᠠᠯ︾ ᠤᠨ ᠦᠨᠳᠦᠰᠦᠲᠡᠨ ᠤ ᠠᠷᠠᠳ ᠤᠨ ᠪᠥᠵᠢᠭ ᠤᠨ ᠠᠯᠲᠠᠨ ᠱᠠᠩᠨᠠᠯ ᠢ ᠭᠥᠷᠳᠡᠪᠡ ᠃ ᠪᠥᠵᠢᠭᠲᠦ ᠵᠦᠴᠦᠭᠡ ︽ᠮᠣᠷᠢᠲᠤ ᠴᠡᠷᠢᠭ︾ ᠢ ︽ᠪᠠᠷᠠᠭᠤᠨ ᠣᠷᠣᠨ ᠵᠢᠴᠢ ᠴᠥᠭᠡᠨ ᠲᠣᠭᠠᠲᠤ ᠦᠨᠳᠦᠰᠦᠲᠡᠨ ᠤ ᠣᠷᠣᠨ ᠤ ᠤᠷᠠᠯᠢᠭ ᠤᠨ ᠵᠣᠬᠢᠶᠠᠨ ᠪᠦᠲᠦᠭᠡᠯᠭᠡ ᠶᠢ ᠳᠡᠭᠡᠭᠰᠢᠯᠡᠭᠦᠯᠬᠦ ᠲᠥᠯᠥᠪᠯᠡᠭᠡ︾ ᠳᠤ ᠣᠷᠣᠭᠤᠯᠪᠠ᠃ ︽ᠲᠠᠯ᠎ᠠ ᠨᠤᠲᠤᠭ ᠤᠨ ᠤᠳᠬ᠎ᠠ ᠤᠷᠠᠯᠢᠭ ᠤᠨ ᠡᠳᠦᠷ ᠪᠦᠷᠢ ᠲᠣᠭᠯᠠᠯᠲᠠ ᠭᠠᠷᠭᠠᠬᠤ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠡᠯ᠎ᠡ ᠱᠠᠲᠤᠨ ᠤ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠲᠦᠮᠡ ᠭᠠᠷᠤᠶ ᠲᠠᠯᠠᠪᠤᠷ ᠲᠣᠭᠯᠠᠯᠲᠠ ᠭᠠᠷᠭᠠᠵᠤ᠂ ᠬᠥᠬᠡᠬᠤᠲᠠ ᠳᠤ ︽ᠲᠠᠯ᠎ᠠ ᠨᠤᠲᠤᠭ ᠤᠨ ᠳᠠᠭᠤᠤ ᠬᠥᠭᠵᠢᠮ ᠤᠨ ᠭᠠᠷᠠᠭ ᠤᠨ ᠰᠡᠭᠦᠯᠴᠢ︾ ᠶᠢᠨ  ᠲᠤᠭᠯᠠᠯᠲᠠ  ᠶᠢ 30 ᠲᠠᠯᠠᠪᠤᠷ ᠤᠳᠠᠭ᠎ᠠ ᠡᠷᠬᠢᠯᠡᠪᠡ᠃ ᠭᠤᠷᠪᠠ ᠳᠤ᠂ ︽ᠥᠪᠥᠷ ᠮᠣᠩᠭᠤᠯ ᠤᠨ ᠳᠠᠭᠤᠤ ᠬᠥᠭᠵᠢᠮ︾ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠠᠬᠢᠭᠤᠯᠪᠠ᠃ ᠥᠪᠥᠷ ᠮᠣᠩᠭᠤᠯ ᠤᠨ ᠲᠠᠯ᠎ᠠ ᠨᠤᠲᠤᠭ ᠤᠨ ᠳᠠᠭᠤᠤ ᠬᠥᠭᠵᠢᠮ ᠢ ᠤᠯᠠᠮᠵᠢᠯᠠᠨ ᠬᠥᠭᠵᠢᠭᠦᠯᠬᠦ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠩᠬᠠᠳᠤᠭᠠᠷ ᠬᠤᠭᠤᠴᠠᠭᠠᠨ ᠤ ︽ᠦᠪᠦᠷ ᠮᠣᠩᠭᠤᠯ ᠤᠨ ᠳᠠᠭᠤᠤ ᠬᠥᠭᠵᠢᠮ ᠤᠨ ᠨᠠᠶᠢᠷ︾᠂ ᠭᠤᠷᠪᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠯᠲᠠᠨ ᠨᠠᠮᠤᠷ︾  ᠲᠠᠭᠤᠤ ᠵᠢᠨ‌ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠮᠣᠷᠢᠨ ᠬᠤᠭᠤᠷ ᠤᠨ ᠤᠷᠠᠯᠢᠭ ᠤᠨ ᠨᠠᠶᠢᠷ ᠵᠡᠷᠭᠡ ᠠᠯᠢ ᠣᠯᠠᠨ ᠳᠠᠭᠤᠤ ᠬᠥᠭᠵᠢᠮ ᠤᠨ ᠠᠵᠢᠯᠯᠠᠭ᠎ᠠ ᠶᠢ ᠵᠠᠯᠭᠠᠭ᠎ᠠ ᠪᠠᠷ ᠡᠷᠭᠢᠯᠡᠵᠦ᠂ ︽ᠥᠪᠥᠷ ᠮᠣᠩᠭᠤᠯ ᠤᠨ ᠳᠠᠭᠤᠤ ᠬᠥᠭᠵᠢᠮ︾ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠡᠳᠦᠷ ᠢᠷᠡᠬᠦᠶ᠎ᠡ ᠲᠣᠪᠤᠶᠢᠮ᠎ᠠ ᠪᠣᠯᠪᠠ᠃ ᠥᠪᠥᠷ ᠮᠣᠩᠭᠤᠯ ᠤᠨ ᠳᠠᠭᠤᠤ ᠬᠥᠭᠵᠢᠮ ᠤᠨ ᠲᠢᠩᠬᠢᠮ ‍ᠤᠨ‌‍ᠲ᠋ᠥ᠋ᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠲᠥᠯᠥᠪᠯᠡᠭᠡ ᠶᠢ ᠢᠳᠡᠪᠬᠢᠲᠡᠶ ᠪᠠᠷ  ᠦᠷᠨᠢᠭᠦᠯᠪᠡ᠃ ︽ᠥᠪᠥᠷ ᠮᠣᠩᠭᠤᠯ ᠤᠨ ᠠᠷᠠᠳ ᠤᠨ ᠳᠠᠭᠤᠤ ᠶᠢᠨ ᠶᠡᠭᠡ ᠲᠣᠯᠢ︾ ᠨᠠᠶᠢᠷᠠᠭᠤᠯᠬᠤ ᠠᠵᠢᠯ ᠵᠢᠩᠬᠢᠨᠢ ᠪᠠᠷ ᠡᠬᠢᠯᠡᠪᠡ᠃ ᠲᠦᠷᠪᠡ ᠳᠤ᠂ ᠴᠢᠬᠤᠯᠠ ᠶᠡᠭᠡ ᠤᠷᠠᠯᠢᠭ ᠤᠨ ᠠᠵᠢᠯᠯᠠᠭ᠎ᠠ ᠳᠤ ᠢᠳᠡᠪᠬᠢᠲᠡᠶ ᠤᠷᠤᠯᠴᠠᠪᠠ᠃ ᠳᠤᠮᠳᠠᠳᠤ ᠤᠯᠤᠰ ᠤᠨ ᠣᠯᠠᠨ ᠤᠯᠤᠰ ᠤᠨ ᠮᠣᠩᠭᠤᠯ ᠪᠥᠵᠢᠭ ᠤᠨ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ  ᠂ ᠣᠯᠠᠨ ᠤᠯᠤᠰ ᠤᠨ ᠨᠠᠶᠢᠷᠠᠯ ᠳᠠᠭᠤᠤ ᠶᠢᠨ ᠭᠠᠷᠠᠭ ᠤᠨ ᠠᠵᠢᠯᠯᠠᠭ᠎ᠠ ᠶᠢ ᠡᠷᠭᠢᠯᠡᠵᠦ᠂ ᠪᠥᠬᠦ ᠤᠯᠤᠰ ᠤᠨ ᠪᠣᠳᠠᠲᠤ ᠰᠡᠳᠦᠪᠲᠦ ᠲᠠᠶᠢᠰᠠᠨ ᠤ ᠤᠷᠠᠯᠢᠭ ᠤᠨ ᠪᠦᠲᠦᠭᠡᠯ ᠵᠢᠴᠢ ᠪᠥᠬᠦ ᠣᠷᠣᠨ ᠤ ᠰᠣᠳᠣᠨ ᠵᠦᠴᠦᠭᠡ ᠶᠢᠨ ᠦᠵᠡᠭᠦᠯᠦᠯᠭᠡ ᠶᠢᠨ ᠲᠣᠭᠯᠠᠯᠲᠠ᠂ ᠬᠤᠶᠠᠳᠤᠭᠠᠷ ᠬᠤᠭᠤᠴᠠᠭᠠᠨ ᠤ ᠪᠥᠬᠦ ᠣᠷᠣᠨ ᠤ ᠮᠣᠩᠭᠤᠯ ᠬᠡᠯᠡᠨ ᠤ ᠰᠢ ᠵᠦᠴᠦᠭᠡ ᠵᠢᠨ‌ᠦᠵᠡᠭᠦᠯᠦᠯᠭᠡ ᠶᠢᠨ ᠲᠣᠭᠯᠠᠯᠲᠠ ᠶᠢ ᠡᠷᠭᠢᠯᠡᠪᠡ᠃ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠮᠡᠷᠭᠡᠵᠢᠯ ᠤᠨ ᠦᠵᠡᠰᠬᠦᠯᠡᠩ ᠤᠨ ᠴᠤᠭᠯᠠᠭᠠᠨ ᠤ ᠲᠡᠯᠭᠡᠨ ᠦᠵᠡᠭᠦᠯᠦᠯᠭᠡ ᠶᠢᠨ ᠲᠣᠭᠯᠠᠯᠲᠠ᠂ ᠪᠥᠬᠦ ᠤᠯᠤᠰ ᠤᠨ ᠲᠠᠶᠢᠰᠠᠨ ᠤ ᠤᠷᠠᠯᠢᠭ ᠤᠨ ᠰᠢᠯᠢᠳᠡᠭ ᠵᠦᠴᠦᠭᠡ ᠵᠢᠴᠢ ᠦᠨᠳᠦᠰᠦᠲᠡᠨ ᠤ  ᠲᠠᠭᠤᠯᠯᠠᠲᠤ ᠵᠦᠴᠦᠭᠡ ᠶᠢᠨ ᠦᠵᠡᠭᠦᠯᠦᠯᠭᠡ ᠶᠢᠨ ᠲᠣᠭᠯᠠᠯᠲᠠ᠂ ᠪᠥᠬᠦ ᠤᠯᠤᠰ ᠤᠨ ᠦᠨᠳᠦᠰᠦᠨ ᠱᠠᠲᠤᠨ ᠤ ᠬᠦᠷᠢᠶᠡᠯᠡᠩ ᠪᠦᠯᠬᠦᠮ ᠤᠨ ᠰᠢ ᠲᠠᠭᠤᠤᠷᠢᠯᠢᠬ ᠤᠨ ᠬᠠᠮᠲᠤᠷᠠᠭᠰᠠᠨ ᠲᠣᠭᠯᠠᠯᠲᠠ᠂ 2019 ᠣᠨ ᠤ ᠰᠢ ᠲᠠᠭᠤᠤᠷᠢᠯᠢᠬ ᠤᠨ ᠵᠠᠭᠤᠨ ᠰᠢ ︵ᠺᠦᠨᠱᠠᠨ︶ ᠶᠢᠨ ᠦᠪᠡᠳᠡᠭᠰᠢ ᠶᠣᠰᠣᠯᠠᠯ᠂ ᠲᠠᠪᠤᠳᠤᠭᠠᠷ ᠬᠤᠭᠤᠴᠠᠭᠠᠨ ᠤ ᠪᠠᠷᠠᠭᠤᠨ ᠣᠷᠣᠨ ᠤ ᠨᠠᠶᠢᠷᠠᠯ ᠬᠥᠭᠵᠢᠮ ᠤᠨ ᠭᠠᠷᠠᠭ᠂ ᠬᠤᠷᠢᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠱᠠᠩᠬᠠᠶ ᠶᠢᠨ ᠣᠯᠠᠨ ᠤᠯᠤᠰ ᠤᠨ ᠤᠷᠠᠯᠢᠭ ᠤᠨ ᠨᠠᠶᠢᠷ ᠵᠡᠷᠭᠡ ᠤᠯᠤᠰ ᠤᠨ ᠳᠣᠲᠣᠭᠠᠳᠤ ᠶᠢᠨ ᠴᠢᠬᠤᠯᠠ ᠶᠡᠭᠡ ᠤᠷᠠᠯᠢᠭ ᠤᠨ ᠠᠵᠢᠯᠯᠠᠭ᠎ᠠ ᠳᠤ ᠵᠣᠬᠢᠶᠠᠨ ᠪᠠᠶᠢᠭᠤᠯᠤᠨ ᠣᠷᠣᠯᠴᠠᠪᠠ᠃      ︵ᠬᠤᠶᠠᠷ︶ ᠣᠯᠠᠨ ᠨᠡᠶᠢᠲᠡ ᠵᠢᠨ‌ᠦᠢᠯᠡᠴᠢᠯᠡᠭᠡᠨ ᠤ ᠰᠢᠰᠲ᠋ᠧᠮᠵᠢ᠃ ᠨᠢᠭᠡ ᠳᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ ︽ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠠᠤᠯᠢ︾ ᠪᠠ ︽ᠣᠯᠠᠨ ᠨᠡᠶᠢᠲᠡ ᠶᠢᠨ ᠨᠣᠮ ᠤᠨ ᠰᠠᠩ ᠤᠨ ᠬᠠᠤᠯᠢ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠣᠯᠠᠨ ᠲᠦᠮᠡᠨ ᠤ ᠤᠷᠠᠯᠢᠭ ᠤᠨ ᠣᠷᠳᠣᠨ ᠤ ᠰᠢᠨ᠎ᠡ ᠣᠷᠳᠣᠨ ᠤ ᠪᠥᠲᠥᠭᠡᠨ ᠪᠠᠶᠢᠭᠤᠯᠤᠯᠲᠠ ᠶᠢ ᠬᠠᠮᠵᠢᠯᠴᠠᠨ ᠰᠠᠶᠢᠲᠤᠷ ᠬᠢᠵᠦ᠂ 2018 ᠣᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠪᠠ᠃ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠭᠤᠷᠪᠠᠳᠠᠬᠢ ᠡᠲᠡᠭᠡᠳ ᠲᠤ ᠨᠠᠶᠢᠳᠠᠨ 2015 — 2017 ᠣᠨ ᠤ ᠪᠥᠲᠥᠭᠡᠨ ᠪᠠᠶᠢᠭᠤᠯᠤᠭᠰᠠᠨ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ 2018 ᠣᠨ ᠳᠤ ᠵᠢᠭᠤᠯᠴᠢᠯᠠᠯ ᠤᠨ ᠭᠠᠵᠠᠷ ᠤᠨ ᠵᠣᠷᠯᠣᠩ ᠪᠠᠶᠢᠭᠤᠯᠬᠤ ᠳᠤ ᠰᠢᠯᠭᠠᠨ ᠠᠪᠬᠤ ᠪᠠ ᠵᠡᠷᠭᠡ ᠳᠡᠰ ᠤᠨ ᠦᠨᠡᠯᠡᠯᠲᠡ ᠲᠤᠭᠲᠠᠭᠠᠯᠲᠠ ᠬᠢᠪᠠ᠃ 2019 ᠣᠨ ᠤ ᠪᠥᠬᠦ ᠣᠷᠣᠨ ᠤ ᠵᠢᠭᠤᠯᠴᠢᠯᠠᠯ ᠤᠨ ᠭᠠᠵᠠᠷ ᠤᠨ ᠵᠣᠷᠯᠣᠩ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠬᠤᠶᠠᠷ ᠲᠤ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠡᠯᠪᠡᠭ ᠪᠠᠶᠠᠯᠢᠭ ᠪᠤᠯᠪᠠ᠃ ᠪᠥᠬᠦ ᠣᠷᠣᠨ ᠤ ᠣᠯᠠᠨ ᠲᠦᠮᠡᠨ ᠤ ᠣᠳᠣᠨ ᠱᠠᠩᠨᠠᠯ ᠤᠨ ᠰᠢᠯᠢᠳᠡᠭ ᠫᠷᠤᠭ᠍ᠷᠠᠮ ᠤᠨ ᠲᠣᠭᠤᠷᠢᠨ ᠲᠣᠭᠯᠠᠬᠤ ᠠᠵᠢᠯᠯᠠᠭ᠎ᠠ᠂ ᠬᠤᠶᠠᠳᠤᠭᠠᠷ ᠬᠤᠭᠤᠴᠠᠭᠠᠨ ᠤ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠲᠠᠪᠤᠲᠤᠭᠠᠷ ᠬᠤᠭᠤᠴᠠᠭᠠᠨ ᠤ ︽ᠪᠠᠭ᠋ᠠᠷᠠᠯᠲᠤ ᠤᠷᠠᠳ︾ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ ᠂ ︽ ᠨᠠᠬᠢᠯᠵᠠᠭᠠᠨ ᠤᠶᠠᠩᠭᠠᠲᠤ ᠤᠮᠠᠷᠠᠲᠤ ᠬᠢᠯᠢ︾ ᠪᠥᠬᠦ ᠣᠷᠣᠨ ᠤ ᠬᠤᠶᠠᠳᠤᠭᠠᠷ ᠬᠤᠭᠤᠴᠠᠭᠠᠨ ᠤ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ᠂ ︽ᠪᠢ ᠡᠬᠡ ᠤᠯᠤᠰ ᠲᠠᠢ ᠪᠠᠨ︾ ᠪᠥᠬᠦ ᠣᠷᠣᠨ ᠤ ᠭᠤᠷᠪᠠᠳᠤᠭᠠᠷ ᠬᠤᠭᠤᠴᠠᠭᠠᠨ ᠤ ᠨᠠᠶᠢᠷᠠᠯ ᠳᠠᠭᠤᠤ ᠶᠢᠨ ᠤᠷᠠᠯᠢᠭ ᠤᠨ ᠨᠠᠶᠢᠷ ᠵᠡᠷᠭᠡ ᠠᠯᠢ ᠣᠯᠠᠨ ᠵᠢᠱᠢᠶᠡᠴᠢ ᠴᠢᠨᠠᠷᠲᠠᠶ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠬᠢᠯᠡᠪᠡ᠃  ᠮᠠᠩᠬᠠᠨ ᠠᠶᠠᠯᠭᠤᠲᠤ ᠡᠯᠭᠦᠭᠡ ᠳᠠᠭᠤᠤ ︽ᠰᠠᠶᠢᠨ ᠰᠠᠶᠢᠬᠠᠨ ᠭᠡᠷ ᠣᠷᠣᠨ ᠤ ᠬᠠᠶᠢᠷ᠎ᠠ ᠰᠡᠳᠬᠢᠯᠭᠡ ᠵᠤᠵᠠᠭᠠᠨ︾᠂  ᠬᠤᠯᠪᠤᠭ᠎ᠠ ︽ᠨᠠᠶᠢᠷ ᠨᠠᠭᠠᠳᠤᠮ ︾ ᠨᠢ ᠠᠷᠪᠠᠨ ᠨᠠᠢᠮᠠᠳᠤᠭᠠᠷ ᠬᠤᠭᠤᠴᠠᠭᠠᠨ ᠤ ᠤᠯᠠᠨ ᠲᠦᠮᠡᠨ ᠤ ᠤᠳᠤᠨ ᠱᠠᠩᠨᠠᠯ ᠤᠨ ᠲᠤᠬᠠᠢ ᠶᠢᠨ ᠲᠠᠯᠠᠪᠠᠢ ᠶᠢᠨ ᠰᠢᠢᠳᠪᠦᠷᠢᠲᠦ ᠤᠷᠤᠯᠳᠤᠭᠠᠨ ᠳᠤ ᠣᠷᠣᠵᠤ᠂ ᠪᠠᠶᠢᠷᠢ ᠡᠵᠡᠯᠡᠭᠰᠡᠨ ᠱᠠᠩᠨᠠᠯ ᠣᠯᠵᠠᠢ᠃ ︽ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ︾ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠵᠡᠰᠬᠦᠯᠡᠩ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠰᠢᠷᠢᠰ ᠦᠵᠡᠰᠬᠦᠯᠡᠩ᠂ ᠥᠪᠥᠷ ᠮᠣᠩᠭᠤᠯ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠨᠣᠯᠵᠢᠬᠤᠨ ᠢ  ᠦᠢᠯᠡᠳᠦᠯᠭᠡᠵᠢᠭᠦᠯᠬᠦ ᠭᠤᠤᠯ ᠰᠡᠳᠦᠪᠲᠦ ᠵᠢᠷᠤᠭ ᠤᠨ ᠦᠵᠡᠰᠬᠦᠯᠡᠩ᠂ ︽ᠰᠤᠭᠲᠤᠭᠤᠷᠠᠮ᠎ᠠ  ᠰᠠᠶᠢᠬᠠᠨ ᠲᠠᠯ᠎ᠠ ᠨᠤᠲᠤᠭ᠂ ᠦᠵᠡᠰᠬᠦᠯᠡᠩᠲᠦ ᠭᠤᠸ᠎ᠠ ᠤᠮᠠᠷᠠᠲᠤ ᠬᠢᠯᠢ︾ ᠪᠥᠬᠦ ᠣᠷᠣᠨ ᠤ ᠤᠷᠠᠨ ᠪᠢᠴᠢᠯᠭᠡ᠂ ᠭᠤᠷ ᠰᠡᠶᠢᠯᠦᠮᠡᠯ ᠤᠨ ᠪᠦᠲᠦᠭᠡᠯ ᠤᠨ ᠦᠵᠡᠰᠬᠦᠯᠡᠩ ᠢ ᠡᠷᠭᠢᠯᠡᠪᠡ᠃ ᠭᠤᠷᠪᠠ ᠳᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠮᠵᠢᠯᠲᠠ ᠪᠦᠲᠦᠮᠵᠢ ᠲᠠᠰᠤᠷᠠᠯᠲᠠ ᠥᠬᠡᠶ ᠳᠡᠭᠡᠭᠰᠢᠯᠡᠪᠡ᠃ ᠤᠯᠠᠨ ᠨᠡᠶᠢᠲᠡ ᠶᠢᠨ ᠰᠣᠶᠣᠯ ᠤᠨ ᠬᠠᠮᠢᠶᠠᠷᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠮᠢᠶᠠᠷᠤᠯᠲᠠ᠂  ᠰᠤᠶᠤᠯ ᠤᠨ ᠦᠷᠳᠡᠭᠡ ᠶᠢᠨ ᠳᠠᠷᠤᠭ᠎ᠠ ᠶᠢᠨ ᠪᠣᠯᠪᠠᠰᠤᠷᠠᠯ ᠵᠡᠷᠭᠡ ᠰᠢᠷᠢᠰ ᠪᠣᠯᠪᠠᠰᠤᠷᠠᠯ ᠤᠨ ᠠᠩᠬᠢ ᠶᠢ ᠵᠣᠬᠢᠶᠠᠨ ᠪᠠᠶᠢᠭᠤᠯᠵᠤ᠂ ᠤᠯᠠᠨ ᠨᠡᠶᠢᠲᠡ ᠶᠢᠨ ᠰᠣᠶᠣᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠶᠢ ᠢᠳᠡᠪᠬᠢᠲᠡᠶ ᠠᠬᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠨᠡᠶᠢᠲᠡ ᠶᠢᠨ ᠠᠰᠠᠷᠠᠮᠵᠢ ᠶᠢᠨ ᠰᠣᠶᠣᠯ ᠤᠨ ᠠᠵᠢᠯ ᠤᠨ  ᠪᠠᠶᠢᠷᠢ ᠬᠤᠳᠠᠯᠳᠤᠨ ᠠᠪᠬᠤ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢ ᠦᠷᠭᠦᠯᠵᠢᠯᠡᠨ ᠦᠷᠨᠢᠭᠦᠯᠪᠡ᠃ ᠤᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠶᠢᠨ ᠬᠠᠤᠯᠢ ᠶᠢᠨ ᠬᠥᠮᠦᠨ ᠤ ᠪᠦᠲᠦᠴᠡ ᠶᠢᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ  ᠂ ᠪᠦᠬᠦ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠳᠤ ᠰᠦᠢᠳᠬᠡᠯ ᠬᠤᠷᠢᠶᠠᠬᠤ ᠦᠭᠡᠶ ᠪᠠᠷ ᠪᠡᠯᠡ‌ᠮᠥ᠋ᠩᠭᠦ ᠶᠢ ᠴᠢᠯᠥᠭᠡᠲᠡᠶ ᠨᠡᠭᠡᠭᠡᠭᠰᠡᠨ᠂ ︽ᠰᠢ ᠵᠦᠴᠦᠭᠡ ᠶᠢ ᠬᠥᠳᠡᠭᠡ ᠲᠣᠰᠬᠤᠨ ᠳᠤ ᠣᠷᠣᠭᠤᠯᠬᠤ︾ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠳᠤ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠪᠡ᠃ ᠲᠦᠷᠪᠡ ᠳᠤ ᠰᠣᠶᠣᠯ ᠤᠨ ᠰᠠᠶᠢᠨ ᠳᠤᠷ᠎ᠠ ᠶᠢᠨ  ᠦᠢᠯᠡᠴᠢᠯᠡᠭᠡ ᠶᠢ ᠶᠡᠭᠡ ᠪᠠᠷ ᠲᠦᠯᠬᠢᠨ ᠠᠬᠢᠭᠤᠯᠪᠠ᠃ ︽ᠨᠡᠷᠡᠨ  ᠬᠡᠷᠡᠯ ᠢᠨᠵᠧᠨᠧᠷᠢᠩ︾᠂ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠢᠨᠵᠧᠨᠧᠷᠢᠩ︾᠂ ︽ᠬᠠᠪᠤᠷ ᠤᠨ ᠬᠤᠷ᠎ᠠ ᠢᠨᠵᠧᠨᠧᠷᠢᠩ︾ ᠤᠨ 2019 ᠣᠨ ᠤ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ  ᠶᠢ ᠪᠠᠶᠢᠷᠢᠯᠠᠭᠤᠯᠤᠨ ᠥᠷᠨᠢᠭᠦᠯᠪᠡ᠃ ᠭᠤᠸᠠᠩᠳᠦ᠋ᠩ ᠮᠤᠵᠢ᠂ ᠵᠧᠵᠢᠶᠠᠩ ᠮᠤᠵᠢ ᠶᠢᠨ ᠰᠣᠶᠣᠯ ᠪᠠ ᠵᠢᠭᠤᠯᠴᠢᠯᠠᠯ ᠤᠨ ᠰᠠᠶᠢᠨ ᠳᠤᠷᠠᠴᠤᠳ ᠤᠷᠢᠳ ᠬᠤᠵᠢᠳ ᠥᠪᠥᠷ ᠮᠣᠩᠭᠤᠯ ᠳᠤ ᠢᠷᠡᠵᠦ᠂ ᠤᠯᠠᠭᠠᠨᠬᠤᠲᠠ᠂ ᠷᠠᠰᠢᠶᠠᠨ ᠬᠤᠲᠠ᠂ ᠬᠠᠶᠢᠯᠠᠷ ᠲᠣᠭᠤᠷᠢᠭ᠂ ᠡᠸᠡᠩᠬᠢ ᠬᠤᠰᠢᠭᠤ᠂ ᠡᠷᠭᠦᠨ᠎ᠡ ᠬᠤᠲᠠ ᠳᠤ ᠲᠣᠬᠤᠨᠢᠭᠤᠯᠬᠤ ᠲᠣᠭᠯᠠᠯᠲᠠ ᠭᠠᠷᠭᠠᠪᠠ᠃ ᠬᠥᠯᠥᠨ ᠪᠤᠶᠢᠷ ᠬᠤᠲᠠ ᠶᠢᠨ ᠰᠣᠶᠣᠯ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠭᠤᠸᠠᠩᠰᠢ  ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠳᠤ ᠤᠴᠢᠵᠤ ᠰᠠᠶᠢᠨ ᠳᠤᠷ᠎ᠠ ᠶᠢᠨ  ᠦᠢᠯᠡᠴᠢᠯᠡᠭᠡ ᠦᠷᠨᠢᠭᠦᠯᠪᠡ  ᠃      ︵ᠭᠤᠷᠪᠠ︶ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠪᠠ᠃ ᠨᠢᠭᠡ ᠳᠤ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠪᠡ᠃ ︽ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠥᠭᠡᠷᠡᠴᠢᠯᠡᠯᠲᠡ ᠶᠢᠨ ᠲᠤᠬᠠᠶ ᠰᠠᠨᠠᠯ ᠤᠳ︾᠂ ︽ᠬᠤᠪᠢᠰᠬᠠᠯ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠢᠨᠵᠧᠨᠧᠷᠢᠩ ︵2018 — 2022 ᠤᠨ︶ ᠢ ᠬᠡᠷᠡᠭᠵᠢᠭᠦᠯᠬᠦ ᠲᠤᠬᠠᠶ ᠰᠠᠨᠠᠯ︾ ᠢ ᠲᠤᠭᠤᠰᠢᠯᠠᠭᠤᠯᠤᠨ  ᠨᠠᠶᠢᠳᠠᠪᠤᠷᠢᠵᠢᠭᠤᠯᠪᠠ  ᠃ ᠬᠠᠮᠪᠤ  ᠶᠢᠨ ᠪᠠᠭᠤᠷᠢ᠂ ᠮᠠ ᠽᠦᠩ ᠱᠠᠨ ᠠᠭᠤᠯᠠ ᠶᠢᠨ ᠣᠩᠭᠤᠨ ᠤ ᠰᠦᠷᠦᠭ᠂ ᠬᠥᠨᠳᠡᠯᠡᠨ ᠵᠣᠤ᠂ ᠴᠠᠭᠠᠨ ᠰᠤᠪᠤᠷᠭ᠎ᠠ ᠶᠢᠨ ᠭᠠᠯᠲᠤ ᠲᠡᠷᠭᠡᠨ ᠥᠷᠲᠡᠭᠡ ᠶᠢᠨ ᠬᠠᠭᠤᠴᠢᠨ ᠪᠠᠭᠤᠷᠢ ᠵᠡᠷᠭᠡ 8 ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ  ᠶᠢ ᠨᠠᠢᠮᠠᠳᠤᠭᠠᠷ ᠪᠦᠯᠦᠭ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠰᠣᠩᠭᠤᠪᠠ᠃ ᠯᠢᠶᠣᠤ ᠤᠯᠤᠰ ᠤᠨ ᠲᠡᠭᠡᠲᠦ ᠨᠡᠶᠢᠰᠯᠡᠯ ᠪᠣᠯᠤᠨ ᠳᠡᠭᠡᠳᠦᠰ ᠤᠨ ᠣᠩᠭᠤᠨ ᠤ ᠪᠠᠭᠤᠷᠢ᠂ ᠬᠤᠩᠱᠠᠨ ᠤ ᠪᠠᠭᠤᠷᠢ ᠶᠢᠨ ᠰᠦᠷᠦᠭ᠂ ᠮᠤᠨᠢ ᠠᠭᠤᠯᠠ ᠶᠢᠨ ᠬᠠᠲᠠᠨ ᠰᠡᠶᠢᠯᠦᠮᠡᠯ ᠤᠨ ᠭᠤᠤᠯᠳᠠᠯᠭ᠎ᠠ ᠲᠠᠢ ᠰᠣᠶᠣᠯ ᠤᠨ ᠪᠠᠭᠤᠷᠢ ᠶᠢ ᠳᠡᠯᠡᠬᠡᠶ ᠶᠢᠨ ᠰᠣᠶᠣᠯ ᠤᠨ ᠥᠪ ᠢᠶᠠᠷ ᠮᠡᠳᠡᠭᠦᠯᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠤᠷᠲᠤ ᠴᠠᠭᠠᠨ ᠬᠡᠷᠡᠮ ᠤᠨ ᠭᠤᠤᠯᠳᠠᠯᠭ᠎ᠠ ᠲᠠᠢ ᠲᠦᠭᠰᠢᠭᠦᠷᠢᠲᠦ ᠪᠠᠶᠢᠳᠠᠯ ᠳᠤ ᠠᠶᠤᠯ ᠠᠴᠠ ᠠᠪᠤᠷᠠᠨ ᠬᠠᠮᠠᠭᠠᠯᠠᠬᠤ ᠠᠵᠢᠯ  ᠢ ᠵᠣᠬᠢᠶᠠᠨ ᠪᠠᠶᠢᠭᠤᠯᠪᠠ᠃ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠤᠷᠢᠵᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠᠷᠢᠯᠭ᠎ᠠ ᠶᠢᠨ  ᠵᠦᠢᠯᠡᠰ ᠤᠨ ᠲᠥᠰᠦᠯ  ᠲᠥᠰᠦᠪ ᠲᠤ ᠬᠢᠨᠠᠨ ᠲᠣᠭᠲᠠᠭᠠᠯᠲᠠ ᠬᠢᠪᠡ᠃ ᠲᠣᠭᠤᠷᠢᠮ ᠤᠨ ᠭᠠᠵᠠᠷ ᠣᠷᠣᠨ ᠤ ᠬᠤᠪᠢᠰᠬᠠᠯ ᠤᠨ ᠰᠣᠶᠣᠯ ᠤᠨ ᠦᠵᠡᠰᠬᠦᠯᠡᠩ  ᠤᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠪᠡ᠃ ᠯᠢᠶᠤᠤ ᠤᠯᠤᠰ ᠤᠨ ᠲᠡᠭᠡᠲᠦ ᠨᠡᠶᠢᠰᠯᠡᠯ ᠤᠨ ᠪᠠᠭᠤᠷᠢ ᠵᠢᠨ‌ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠢ ᠦᠷᠭᠦᠯᠵᠢᠯᠡᠨ‌‍ᠲ᠋ᠦ᠋ᠯᠬᠢᠨ ᠠᠬᠢᠭᠤᠯᠵᠤ᠂ ᠲᠣᠮᠣ ᠬᠡᠯᠪᠡᠷᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠮᠵᠢᠯᠴᠠᠨ ᠬᠠᠭᠤᠴᠢ ᠰᠤᠳᠤᠯᠤᠯ ᠤᠨ 60 ᠭᠠᠷᠤᠢ ᠲᠥᠷᠥᠯ ᠵᠦᠢᠯ ᠢ ᠦᠷᠨᠢᠭᠦᠯᠪᠡ᠃ ᠬᠤᠶᠠᠷ ᠲᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠱᠠᠯᠠᠪᠳᠠᠭᠤᠯᠤᠨ ᠪᠠᠶᠢᠴᠠᠭᠠᠯᠲᠠ ᠶᠢ ᠦᠷᠨᠢᠭᠦᠯᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠢᠭᠡᠳ ᠠᠮᠤᠷ ᠲᠦᠪᠰᠢᠨ ᠤ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ‌ᠢ ᠪᠠᠶᠢᠭᠤᠯᠪᠠ᠃ ᠪᠥᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠤᠷᠠᠯ ᠢ ᠬᠤᠷᠠᠯᠳᠤᠭᠤᠯᠵᠤ᠂ ᠲᠡᠤᠬᠡ ᠶᠢᠨ ᠳᠤᠷᠠᠰᠬᠠᠯᠲᠤ  ᠵᠦᠢᠯᠡᠰ ᠤᠨ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠣᠯᠲᠠ  ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠪᠥᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠳᠠᠩᠰᠠᠯᠠᠭᠤᠯᠤᠭᠰᠠᠨ ᠮᠦᠽᠧᠶ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠰᠢᠮᠳᠠᠭᠤᠯᠤᠨ ᠪᠠᠶᠢᠴᠠᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ 577 ᠢᠯᠡᠷᠡᠭᠦᠯᠵᠦ᠂ 454 ᠭᠠᠵᠠᠷ ᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠪᠠ᠃ ᠲᠡᠤᠬᠡ ᠶᠢᠨ ᠳᠤᠷᠠᠰᠬᠠᠯᠲᠤ ᠵᠦᠢᠯᠡᠰ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ 5 ᠬᠡᠷᠡᠭ ᠢ ᠳᠠᠩᠰᠠᠯᠠᠵᠤ᠂ 5 ᠬᠡᠷᠡᠭ ᠢ ᠢᠯᠡᠷᠡᠭᠦᠯᠦᠨ᠂ 23 ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ 116 ᠲᠡᠤᠬᠡ ᠶᠢᠨ ᠳᠤᠷᠠᠰᠬᠠᠯᠲᠤ ᠵᠦᠢᠯ ᠢ ᠨᠡᠬᠡᠮᠵᠢᠯᠡᠨ ᠬᠤᠷᠢᠶᠠᠪᠠ  ᠃ ᠭᠤᠷᠪᠠ ᠳᠤ᠂ ᠮᠦᠽᠧᠶ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠶ᠂ ᠬᠢᠳᠠᠨ ᠯᠢᠶᠣᠤ ᠤᠯᠤᠰ ᠤᠨ ᠮᠦᠽᠧᠶ᠂ ᠥᠪᠥᠷ ᠮᠣᠩᠭᠤᠯ ‍ᠤᠨ‌ᠠᠵᠤ ᠦᠢᠯᠡᠳᠪᠦᠷᠢ ᠶᠢᠨ ᠮᠦᠽᠧᠶ ᠵᠡᠷᠭᠡ ᠣᠨᠴᠠᠯᠢᠭᠲᠤ ᠮᠦᠽᠧᠶ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠦᠬᠦ ᠣᠷᠣᠨ ᠤ 3D ᠲᠣᠭᠠᠴᠢᠯᠠᠭᠰᠠᠨ ᠲᠡᠤᠬᠡ ᠶᠢᠨ ᠳᠤᠷᠠᠰᠬᠠᠯᠲᠤ ᠵᠦᠢᠯᠡᠰ ᠤᠨ ᠡᠭᠦᠯᠡᠨ ᠲᠠᠪᠴᠠᠩ ᠢ ᠠᠩᠬ᠎ᠠ ᠠᠯᠬᠤᠮ ᠪᠠᠶᠢᠭᠤᠯᠪᠠ᠃  ︽ᠲᠠᠭᠤᠤ ᠤᠶᠠᠩᠭ᠎ᠠ ᠮᠡᠲᠦ ᠤᠨ ᠰᠠᠷ᠎ᠠ  ᠂ ᠲᠤᠷᠠᠳᠬᠠᠯ ᠬᠦᠪᠦᠷᠡᠭᠦᠯᠬᠦ ᠬᠤᠷᠢᠨ ᠵᠢᠯ— ᠥᠪᠥᠷ ᠮᠣᠩᠭᠤᠯ ᠤᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠬᠤᠷᠢᠨ ᠵᠢᠯ ᠤᠨ ᠲᠤᠰᠬᠠᠢ ᠦᠵᠡᠰᠭᠦᠯᠡᠩ︾᠂ ︽ ᠪᠦᠰᠡᠨ ᠲᠤᠲᠤᠷᠠᠬᠢ ᠤᠷᠴᠢᠯᠠᠩ ᠶᠢᠷᠲᠢᠨᠴᠦ —  ᠲᠤᠮᠲᠠᠲᠤ ᠤᠯᠤᠰ  ᠤᠨ ᠡᠷᠲᠡᠨ  ᠤ ᠤᠮᠠᠷᠠᠲᠤ  ᠶᠢᠨ ᠨᠡᠭᠦᠲᠡᠯᠴᠢᠨ ᠦᠨᠲᠦᠰᠦᠲᠡᠨ  ᠤ ᠵᠠᠰᠠᠯ ᠴᠢᠮᠡᠭᠯᠡᠯ  ᠤᠨ ᠦᠵᠡᠰᠭᠦᠯᠡᠩ︾ ︽ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠦᠯᠭᠡ︾ ᠵᠡᠷᠭᠡ ᠠᠯᠢ ᠤᠯᠠᠨ ᠰᠣᠳᠣᠨ ᠦᠵᠡᠰᠬᠦᠯᠡᠩ ᠢ ᠲᠥᠰᠦᠪᠯᠡᠨ ᠭᠠᠷᠭᠠᠵᠠᠢ᠃ ︽ᠨᠠᠢᠮᠠᠨ ᠮᠤᠵᠢ ᠣᠷᠣᠨ ᠤ ︿ᠲᠦᠮᠡᠨ ᠭᠠᠵᠠᠷ ᠤᠨ ᠴᠠᠢ ᠶᠢᠨ ᠵᠠᠮ﹀ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠲᠤᠷᠠᠭᠰᠠᠨ ᠦᠵᠡᠭᠦᠯᠦᠯᠭᠡ︾ ᠶᠢ ᠣᠷᠣᠭᠤᠯᠤᠨ ᠠᠪᠴᠢᠷᠠᠵᠤ᠂ ᠮᠣᠩᠭᠤᠯ ᠤᠯᠤᠰ ᠲᠤ ᠬᠦᠷᠴᠦ ︽ᠶᠡᠭᠡ ᠯᠢᠶᠤᠤ  ᠤᠨ ᠬᠢᠳᠠᠨ — ᠥᠪᠥᠷ ᠮᠣᠩᠭᠤᠯ ᠤᠨ ᠯᠢᠶᠣᠤ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠭᠦᠯᠦᠯᠭᠡ︾ ᠶᠢ ᠡᠷᠬᠢᠯᠡᠪᠡ᠃ ᠥᠪᠥᠷ ᠮᠣᠩᠭᠤᠯ ᠤᠨ ᠮᠦᠽᠧᠶ ᠤᠨ ᠦᠵᠡᠭᠦᠯᠦᠯᠭᠡ   ᠨᠢ ︽ᠲᠡᠭᠷᠢᠯᠢᠭ ᠮᠣᠩᠭᠤᠯ︾ 2018 ᠣᠨ ᠤ ᠪᠥᠬᠦ ᠤᠯᠤᠰ ᠤᠨ ᠮᠦᠽᠧᠶ ᠶᠢᠨ ᠠᠷᠪᠠᠨ ᠶᠡᠭᠡ ᠦᠵᠡᠭᠦᠯᠦᠯᠭᠡ ᠶᠢᠨ ᠰᠣᠳᠣᠨ ᠱᠠᠩᠨᠠᠯ ᠢ ᠭᠥᠷᠳᠡᠪᠡ᠃ ︽ᠠᠶᠠᠯᠠᠨ ᠪᠠᠶᠢᠭ᠎ᠠ  ᠮᠦᠽᠸᠢ︾᠂ ︽ᠪᠠᠶᠠᠷ ᠪᠠᠶᠠᠰᠬᠤᠯᠠᠩᠲᠤ ᠬᠢᠴᠢᠶᠡᠯ ᠤᠨ ᠲᠠᠩᠬᠢᠮ︾ ᠵᠡᠷᠭᠡ ᠠᠭᠤᠯᠭ᠎ᠠ ᠪᠠᠶᠠᠯᠢᠭ᠂ ᠤᠯᠠᠨ ᠶᠠᠩᠵᠤ ᠶᠢᠨ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠬᠢᠯᠡᠪᠡ᠃      ︵ᠳᠥᠷᠪᠡ︶ ᠪᠣᠳᠠᠰ ᠤᠨ ᠪᠤᠰᠤ ᠰᠤᠶᠤᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ  ᠲᠠᠯ᠎ᠠ ᠪᠠᠷ ᠃ ᠨᠢᠭᠡ ᠳᠤ ᠪᠣᠳᠠᠰ ᠤᠨ ᠪᠤᠰᠤ ᠰᠣᠶᠣᠯ ᠤᠨ ᠥᠪ ᠤᠨ  ᠵᠦᠢᠯᠡᠰ ᠤᠨ ᠬᠠᠮᠠᠭᠠᠯᠠᠯᠲᠠ ᠶᠢ ᠦᠷᠭᠦᠯᠵᠢᠯᠡᠨ ᠠᠬᠢᠭᠤᠯᠪᠠ᠃ ︽ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠪᠠᠶᠢᠳᠠᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ᠃ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠪᠣᠳᠠᠰ ᠤᠨ ᠪᠤᠰᠤ ᠥᠪ ᠬᠥᠷᠥᠩᠭᠡ ᠶᠢᠨ ᠡᠬᠢ ᠪᠠᠶᠠᠯᠢᠭ ᠢ ᠨᠦᠬᠦᠪᠦᠷᠢᠯᠡᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂  ᠵᠢᠩᠭᠠᠷ ᠵᠡᠷᠭᠡ ᠲᠥᠷᠥᠯ ᠵᠦᠢᠯ ᠢ ᠤᠯᠤᠰ ᠤᠨ ᠲᠡᠰ ᠤᠨ ᠪᠣᠳᠠᠰ ᠤᠨ ᠪᠤᠰᠤ ᠰᠤᠶᠤᠯ ᠤᠨ ᠦᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢᠶᠠᠷ ᠢᠳᠡᠪᠬᠢᠲᠠᠢ ᠪᠠᠷ ᠮᠡᠳᠡᠭᠦᠯᠪᠡ  ᠃ ᠤᠯᠤᠰ ᠤᠨ ᠲᠠᠰ ᠤᠨ ᠪᠤᠳᠠᠰ ‍ᠤᠨ‌‍ᠪᠤᠰᠤ ᠰᠤᠶᠤᠯ ᠤᠨ ᠦᠪ ᠤᠨ4 ᠵᠠᠯᠭᠠᠮᠵᠢᠯᠠᠭᠴᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ 25 ᠲᠥᠷᠥᠯ ᠵᠦᠢᠯ ᠳᠤ ᠠᠪᠤᠷᠠᠯᠳᠠ ᠶᠢᠨ ᠴᠢᠨᠠᠷᠲᠠᠶ ᠲᠡᠮᠳᠡᠭᠯᠡᠯ ᠬᠢᠪᠠ᠃ ︽ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠲᠤᠭᠤᠷᠪᠢᠵᠤ᠂ ᠣᠷᠳᠣᠰ ᠬᠤᠲᠠ ᠶᠢ ᠤᠯᠤᠰ ᠤᠨ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠢᠶᠠᠷ ᠮᠡᠳᠡᠭᠦᠯᠬᠦ  ᠶᠢ ᠢᠲᠡᠪᠬᠢᠲᠠᠢ ᠪᠠᠷ ᠲᠠᠨᠢᠯᠴᠠᠭᠤᠯᠪᠠ᠃ ᠬᠤᠶᠠᠷ ᠲᠤ ᠤᠯᠠᠮᠵᠢᠯᠠᠨ ᠵᠠᠯᠭᠠᠮᠵᠢᠯᠠᠬᠤ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠭᠰᠡᠨ ᠪᠠᠶᠢᠳᠠᠯ ᠳᠤ ᠲᠤᠰᠬᠠᠶ ᠲᠦᠷᠦᠯ  ᠤᠨ ᠪᠠᠶᠢᠴᠠᠭᠠᠯᠲᠠ ᠬᠢᠪᠠ᠃ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠠᠵᠢᠯᠯᠠᠭᠴᠢ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠤᠬᠠᠶᠢᠯᠠᠭᠰᠠᠨ ᠠᠵᠢᠯ ᠤᠨ ᠠᠵᠢᠯᠳᠠᠨ᠂ ᠦᠨᠳᠦᠰᠦᠨ ᠱᠠᠲᠤᠨ ᠤ ᠪᠣᠳᠠᠰ ᠤᠨ ᠪᠤᠰᠤ  ᠰᠤᠶᠤᠯ ‍ᠤᠨ‌ᠥᠪ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠵᠢᠯᠳᠠᠨ ᠳᠤ ᠲᠤᠰᠬᠠᠶ ᠪᠣᠯᠪᠠᠰᠤᠷᠠᠯ ᠥᠷᠨᠢᠭᠦᠯᠪᠡ᠃ ᠶᠡᠭᠡ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠪᠠ ᠵᠢᠭᠠᠨ ᠰᠤᠷᠭᠠᠯᠲᠠ ᠶᠢᠨ ᠡᠬᠢ ᠪᠠᠶᠠᠯᠢᠭ ᠢ  ᠠᠰᠢᠭᠯᠠᠨ᠂  ᠪᠤᠳᠠᠰ ‍ᠤᠨ‌‍ᠪᠤᠰᠤ ᠰᠤᠶᠤᠯ ᠤᠨ ᠦᠪ ‍ᠤᠨ‌ᠵᠠᠯᠭᠠᠮᠵᠢᠯᠠᠭᠴᠢ ᠶᠢᠨ ᠰᠤᠳᠤᠯᠤᠨ ᠰᠤᠷᠤᠯᠴᠠᠬᠤ ᠪᠠ ᠪᠣᠯᠪᠠᠰᠤᠷᠠᠭᠤᠯᠬᠤ ᠠᠵᠢᠯᠯᠠᠭ᠎ᠠ ᠶᠢ ᠦᠷᠨᠢᠭᠦᠯᠵᠤ᠂ ᠪᠤᠳᠠᠰ ‍ᠤᠨ‌‍ᠪᠤᠰᠤ ᠰᠤᠶᠤᠯ ᠤᠨ ᠦᠪ ‍ᠤᠨ‌ᠵᠠᠯᠭᠠᠮᠵᠢᠯᠠᠭᠴᠢ ᠶᠢᠨ ᠲᠣᠰ ᠭᠠᠵᠠᠷ ᠣᠷᠣᠨ᠂ ᠲᠣᠰ ᠦᠨᠳᠦᠰᠦᠲᠡᠨ ᠤ ᠰᠣᠶᠣᠯ ‍ᠤᠨ‌ᠤᠯᠠᠮᠵᠢᠯᠠᠯ ᠤᠨ ᠲᠠᠨᠢᠨ ᠮᠡᠳᠡᠬᠦᠢ ᠪᠠ ᠤᠯᠠᠮᠵᠢᠯᠠᠯᠲᠤ ᠤᠷ᠎ᠠ ᠮᠡᠷᠭᠡᠵᠢᠯ ᠢ ᠡᠵᠡᠮᠰᠢᠬᠦ ᠬᠡᠮᠵᠢᠶ᠎ᠡ ᠶᠢ ᠳᠡᠭᠡᠭᠰᠢᠯᠡᠭᠦᠯᠪᠡ᠃ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠮᠤᠩᠭᠤᠯ ᠦᠨᠳᠦᠰᠦᠲᠡᠨ ᠤ ᠠᠷᠠᠰᠤᠨ ᠤᠷᠠᠯᠠᠯ ᠵᠡᠷᠭᠡ 12 ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠦᠢᠯ ᠢ ᠭᠤᠤᠯᠳᠠᠯᠭ᠎ᠠ ᠲᠠᠢ ᠲᠡᠳᠬᠦᠵᠦ᠂ ᠮᠣᠩᠭᠤᠯ ᠦᠨᠳᠦᠰᠦᠲᠡᠨ ᠤ ᠬᠠᠳᠬᠤᠮᠠᠯ ᠤᠨ ᠲᠥᠷᠥᠯ ᠵᠦᠢᠯ ᠢ ᠭᠤᠷᠪᠠᠨ ᠵᠢᠯ ᠳᠤ ᠬᠥᠭᠵᠢᠭᠦᠯᠦᠨ ᠮᠠᠨᠳᠤᠭᠤᠯᠬᠤ ᠵᠢᠴᠢ ᠵᠢᠯ ᠲᠤᠷᠰᠢ ᠵᠢᠨ‌ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ᠂ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠯᠠᠯ ᠪᠣᠯᠤᠨ ᠠᠵᠢᠯ ᠡᠷᠬᠢᠯᠡᠭᠰᠡᠳ ᠤᠨ ᠭᠠᠷ ᠤᠷᠠᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ᠃ ᠭᠤᠷᠪᠠ ᠳᠤ᠂ ᠤᠬᠠᠭᠤᠯᠤᠨ ᠳᠡᠯᠭᠡᠨ ᠦᠵᠡᠭᠦᠯᠬᠦ ᠪᠠ ᠰᠣᠯᠢᠯᠴᠠᠬᠤ ᠶᠢ ᠴᠢᠩᠭᠠᠳᠬᠠᠪᠠ᠃ ᠰᠣᠶᠣᠯ ᠪᠠ ᠪᠠᠶᠢᠭᠠᠯᠢ ᠶᠢᠨ ᠥᠪ ᠤᠨ ᠡᠳᠦᠷ᠂ ᠲᠠᠯ᠎ᠠ ᠨᠤᠲᠤᠭ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠡᠳᠦᠷ ᠢ ᠠᠰᠢᠭᠯᠠᠵᠤ᠂ ᠪᠠᠶᠠᠯᠢᠭ ᠰᠠᠶᠢᠬᠠᠨ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠦᠵᠡᠭᠦᠯᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠣᠩᠭᠤᠯ ᠮᠣᠷᠢᠨ ᠤ ᠪᠤᠳᠠᠰ ᠤᠨ ᠪᠤᠰᠤ ᠰᠤᠶᠤᠯ ᠤᠨ ᠦᠪ ‍ᠤᠨ‌ᠦᠵᠡᠰᠬᠦᠯᠡᠩ᠂ ︽ᠡᠵᠢ ᠶᠢᠨ ᠲᠠᠭᠤᠯᠠᠯ︾ ᠥᠪᠥᠷ ᠮᠣᠩᠭᠤᠯ ᠤᠨ ᠪᠤᠳᠠᠰ ‍ᠤᠨ‌‍ᠪᠤᠰᠤ ᠰᠤᠶᠤᠯ ᠤᠨ ᠦᠪ ‍ᠤᠨ‌ᠵᠠᠯᠭᠠᠮᠵᠢᠯᠠᠭᠴᠢᠳ ᠤᠨ ᠦᠷ᠎ᠡ ᠪᠦᠲᠦᠭᠡᠯ ᠢ ᠰᠤᠳᠤᠯᠤᠨ ᠪᠦᠲᠦᠭᠡᠬᠦ ᠦᠵᠡᠭᠦᠯᠦᠯᠭᠡ᠂ ︽ᠦᠵᠡᠰᠭᠦᠯᠡᠩᠲᠦ ᠰᠠᠶᠢᠬᠠᠨ‌‍ᠲ᠋ᠤᠮᠳᠠᠳᠤ · ᠲᠠᠯ᠎ᠠ ᠨᠤᠲᠤᠭ ᠤᠨ  ᠬᠤᠪᠴᠠᠯᠠᠭ᠎ᠠ︾ ᠮᠣᠩᠭᠤᠯ ᠬᠤᠪᠴᠠᠰᠤ ᠵᠠᠰᠠᠯ ᠤᠨ ᠦᠵᠡᠭᠦᠯᠦᠯᠭᠡ ᠶᠢ ᠡᠷᠬᠢᠯᠡᠵᠦ᠂ ᠳᠤᠮᠳᠠᠳᠤ ᠤᠯᠤᠰ ᠤᠨ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠡᠭᠡ ᠬᠤᠷᠠᠯ ᠢ ᠳᠠᠭᠠᠭᠠᠴᠢᠯᠠᠨ ᠡᠷᠬᠢᠯᠡᠪᠡ᠃ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ︽ᠬᠠᠮᠲᠤᠪᠠᠷ ᠤᠯᠠᠮᠵᠢᠯᠠᠨ  ᠂ ᠬᠠᠮᠲᠤᠪᠠᠷ ᠮᠠᠨᠲᠤᠭᠤᠯᠬᠤ  ︾ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠ ᠬᠠᠮᠠᠭᠠᠯᠠᠬᠤ ᠶᠠᠷᠢᠯᠴᠠᠭᠠᠨ ᠤ ᠠᠵᠢᠯᠯᠠᠭ᠎ᠠ᠂ ︽ᠤᠶᠤᠨ ᠰᠠᠨᠠᠭᠠᠨ ᠤ ᠭᠡᠷ ᠣᠷᠣᠨ ᠢᠶᠠᠨ ᠰᠠᠬᠢᠨ ᠪᠠᠷᠠᠯᠠᠬᠤ︾ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠠᠷ᠎ᠠ ᠵᠢᠴᠢ ︽ᠦᠵᠡᠰᠬᠦᠯᠡᠩᠲᠦ ᠰᠠᠶᠢᠬᠠᠨ ᠳᠤᠮᠳᠠᠳᠤ ᠶᠢᠨ ᠠᠶᠠᠯᠠᠯ︾ ᠲᠤᠮᠤ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃      ︵ᠲᠠᠪᠤ︶ ᠰᠣᠶᠣᠯ ᠵᠢᠭᠤᠯᠴᠢᠯᠠᠯ ᠤᠨ ᠠᠵᠤ ᠦᠢᠯᠡᠰ᠃ ᠨᠢᠭᠡ ᠳᠤ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠢᠳᠡᠪᠬᠢᠲᠡᠶ ᠨᠠᠶᠢᠲᠠᠪᠤᠷᠢᠵᠢᠭᠤᠯᠵᠤ  ᠂ ︽ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ ᠲᠣᠭᠲᠠᠭᠠᠵᠤ ᠂ ︽ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠬᠤ ᠪᠠ ᠰᠣᠶᠣᠯ ᠵᠢᠭᠤᠯᠴᠢᠯᠠᠯ ᠤᠨ ᠲᠠᠸᠠᠷ ᠤᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠠᠨᠠᠯ︾᠂ ︽ᠮᠣᠩᠭᠤᠯ ᠦᠨᠲᠦᠰᠦᠲᠡᠨ ᠤ ᠬᠤᠪᠴᠠᠰᠤ ᠵᠠᠰᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠂ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠵᠢᠭᠡᠯᠡᠯᠭᠡ ᠶᠢᠨ ᠲᠥᠷᠥᠯ ᠵᠦᠢᠯ ᠤᠨ ᠳᠠᠮ ᠬᠦᠤ ᠮᠥᠩᠭᠦ ᠥᠭᠬᠦ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠠᠷᠠᠳ ᠠᠴᠠ ᠡᠵᠡᠩᠨᠡᠭᠰᠡᠨ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠬᠤᠶᠠᠷ ᠲᠤ ᠰᠣᠶᠣᠯ ᠵᠢᠭᠤᠯᠴᠢᠯᠠᠯ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ᠳᠤᠮᠳᠠᠳᠤ ᠤᠯᠤᠰ ᠤᠨ ᠪᠠᠩᠬᠢ ᠲᠠᠢ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠶᠢᠯᠲᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠪᠤᠭᠤᠲᠤ ᠶᠢᠨ ᠬᠤᠳᠠᠯᠳᠤᠭᠠᠨ ᠤ ᠪᠠᠩᠬᠢ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠬᠦᠭᠵᠢᠯᠲᠡ ᠶᠢᠨ ᠪᠠᠩᠬᠢ ᠵᠡᠷᠭᠡ ᠣᠯᠠᠨ ᠮᠥᠩᠭᠦᠨ ᠭᠦᠢᠯᠭᠡᠭᠡᠨ‌‍ᠤ ᠪᠠᠶᠢᠭᠤᠯᠤᠮᠵᠢ ᠯᠤᠭ᠎ᠠ ᠬᠠᠮᠲᠤᠷᠠᠯᠴᠠᠵᠤ᠂ ᠣᠯᠠᠨ ᠲᠠᠰ ᠳᠠᠪᠬᠤᠷᠭ᠎ᠠ᠂ ᠣᠯᠠᠨ ᠠᠷᠭ᠎ᠠ ᠵᠠᠮ᠂ ᠣᠯᠠᠨ ᠡᠰᠢᠵᠢᠭᠰᠡᠨ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠠᠷᠭ᠎ᠠ ᠵᠠᠮ ᠢ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠢᠳᠡᠪᠬᠢᠲᠡᠶ ᠰᠢᠢᠳᠪᠦᠷᠢᠯᠡᠪᠡ᠃ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠰᠣᠯᠢᠯᠴᠠᠨ ᠵᠤᠯᠭᠠᠭᠤᠯᠬᠤ ᠬᠤᠷᠠᠯ ᠵᠢᠴᠢ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠪᠠᠯᠠ ᠣᠷᠣᠭᠤᠯᠵᠤ ᠪᠠᠯᠠ ᠳᠣᠭᠢᠷᠠᠭᠤᠯᠬᠤ ᠲᠦᠷᠦᠯ ᠵᠦᠢᠯ ᠤᠨ ᠵᠣᠯᠭᠠᠭᠤᠯᠬᠤ ᠬᠤᠷᠠᠯ ᠢ ᠡᠷᠭᠢᠯᠡᠵᠦ᠂ ᠴᠢᠨᠠᠷ ᠰᠠᠶᠢᠲᠠᠶ ᠰᠣᠶᠣᠯ ᠪᠠ ᠵᠢᠭᠤᠯᠴᠢᠯᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠳᠥᠯᠭᠢᠨ ᠠᠬᠢᠭᠤᠯᠪᠠ᠃ ᠭᠤᠷᠪᠠ ᠳᠤ ᠰᠣᠶᠣᠯ ᠤᠨ ᠪᠦᠲᠦᠭᠡᠯᠴᠢ ᠠᠵᠤ ᠦᠢᠯᠡᠰ ᠢ ᠬᠦᠭᠵᠢᠭᠦᠯᠪᠡ᠃ ᠥᠪᠥᠷ ᠮᠣᠩᠭᠤᠯ ᠤᠨ ᠠᠩᠬᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠲᠠᠸᠠᠷ ᠤᠨ ᠤᠷᠤᠯᠳᠤᠭᠠᠨ᠂ ᠵᠢᠭᠤᠯᠴᠢᠯᠠᠯ ᠤᠨ ᠲᠠᠸᠠᠷ ᠤᠨ ᠳᠡᠯᠭᠡᠨ ᠦᠵᠡᠭᠦᠯᠦᠯᠭᠡ ᠪᠠ ᠤᠯᠠᠮᠵᠢᠯᠠᠯᠲᠤ ᠮᠣᠩᠭᠤᠯ ᠭᠡᠷ ᠤᠨ ᠦᠵᠡᠰᠬᠦᠯᠡᠩ ᠢ ᠵᠣᠬᠢᠶᠠᠨ ᠪᠠᠶᠢᠭᠤᠯᠤᠨ ᠡᠷᠬᠢᠯᠡᠪᠡ᠃ ᠥᠪᠥᠷ ᠮᠣᠩᠭᠤᠯ ᠤᠨ ᠮᠦᠽᠧᠶ ᠶᠢᠨ ︽ᠲᠠᠯ᠎ᠠ ᠨᠤᠲᠤᠭ ᠤᠨ ᠴᠠᠢ ᠶᠢᠨ ᠵᠠᠮ︾ ᠤᠨ ᠰᠢᠷᠢᠰ ᠰᠣᠶᠣᠯ ᠤᠨ ᠡᠭᠦᠳᠦᠯᠲᠡ ᠶᠢᠨ ᠦᠢᠯᠡᠳᠭᠦᠨ‌‍ᠲ᠋ᠤᠮᠳᠠᠳᠤ ᠤᠯᠤᠰ ᠤᠨ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠠᠯᠲᠠᠨ ᠱᠠᠩᠨᠠᠯ ᠢ ᠭᠥᠷᠳᠡᠪᠡ᠃ ᠵᠢᠨᠢᠩ ᠤᠨ ᠳᠠᠶᠢᠯᠠᠯᠳᠤᠭᠠᠨ ᠤ ᠬᠤᠪᠢᠰᠬᠠᠯᠲᠤ ᠳᠤᠷᠠᠰᠬᠠᠯ ᠤᠨ ᠬᠦᠷᠢᠶᠡᠯᠡᠩ ᠤᠨ ᠰᠢᠷᠢᠰ ᠰᠣᠶᠣᠯ ᠤᠨ ᠡᠭᠦᠳᠦᠯᠲᠡ ᠶᠢᠨ ᠦᠢᠯᠡᠳᠭᠦᠨ᠂  ᠭᠡᠷᠡᠯ  ᠤᠨ ᠠᠷᠠᠰᠤᠨ ᠤᠷᠠᠯᠠᠯ — ᠤᠯᠠᠭᠠᠨᠮᠥ᠋ᠴᠢᠷ ᠵᠡᠷᠭᠡ ᠨᠢ ᠪᠥᠬᠦ ᠤᠯᠤᠰ ᠤᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠣᠶᠣᠯ ᠤᠨ ᠡᠭᠦᠳᠦᠯᠲᠡ ᠶᠢᠨ ᠰᠢᠯᠢᠳᠡᠭ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠪᠠ᠃ ︽ᠲᠠᠯ᠎ᠠ ᠨᠤᠲᠤᠭ ᠤᠨ ᠳᠤᠷᠠᠰᠤᠮᠵᠢ︾ ᠰᠢᠷᠢᠰ  ᠠᠵᠢᠯᠯᠠᠭᠠᠨ ᠵᠡᠷᠭᠡ 20 ᠵᠦᠢᠯ ᠤᠨ ᠵᠢᠭᠤᠯᠴᠢᠯᠠᠯ ᠤᠨ ᠲᠠᠸᠠᠷ ᠳᠤᠮᠳᠠᠳᠤ ᠤᠯᠤᠰ ‍ᠤᠨ‌ᠣᠨᠴᠠᠯᠢᠭ ᠲᠠᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠠᠯᠲᠠᠨ᠂ ᠮᠥᠩᠭᠦᠨ᠂ ᠵᠡᠰ ᠱᠠᠩᠨᠠᠯ ᠢ ᠭᠥᠷᠳᠡᠪᠡ᠃ ᠳᠥᠷᠪᠡ ᠳᠤ᠂ ᠡᠯ᠎ᠡ ᠲᠥᠷᠥᠯ ᠤᠨ ᠦᠵᠡᠰᠬᠦᠯᠡᠩ ᠳᠤ ᠢᠳᠡᠪᠬᠢᠲᠡᠢ ᠤᠷᠤᠯᠴᠠᠪᠠ᠃ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠥᠪᠥᠷ ᠮᠣᠩᠭᠤᠯ ᠤᠨ ᠣᠨᠴᠠᠯᠢᠭᠲᠤ ᠵᠢᠭᠤᠯᠴᠢᠯᠠᠯ ᠤᠨ ᠲᠠᠸᠠᠷ ‍ᠤᠨ‌ᠦᠵᠡᠰᠬᠦᠯᠡᠩ᠂ ᠥᠪᠥᠷ ᠮᠣᠩᠭᠤᠯ ᠾᠧᠪᠧᠶ ᠯᠢᠶᠣᠤᠨᠢᠩ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠣᠨᠴᠠᠯᠢᠭᠲᠤ ᠰᠣᠶᠣᠯ ᠤᠨ ᠲᠠᠸᠠᠷ ᠤᠨ ᠦᠵᠡᠰᠬᠦᠯᠡᠩ ᠢ ᠵᠣᠬᠢᠶᠠᠨ ᠪᠠᠶᠢᠭᠤᠯᠤᠨ ᠡᠷᠬᠢᠯᠡᠪᠡ᠃ ᠪᠦᠯᠬᠦᠮ ᠵᠣᠬᠢᠶᠠᠨ ᠪᠠᠶᠢᠭᠤᠯᠵᠤ ᠳᠤᠮᠳᠠᠳᠤ ᠤᠯᠤᠰ ᠤᠨ ᠣᠯᠠᠨ ᠤᠯᠤᠰ ᠤᠨ ᠺᠠᠷᠲ᠋ᠣᠨ ᠲᠣᠭᠯᠠᠭᠠᠮ ᠤᠨ ᠦᠵᠡᠰᠬᠦᠯᠡᠩ᠂ ᠳᠤᠮᠳᠠᠳᠤ ᠤᠯᠤᠰ ᠤᠨ ᠲᠢᠶᠠᠨᠵᠢᠨ ᠤ ᠵᠢᠭᠤᠯᠴᠢᠯᠠᠯ ᠤᠨ ᠠᠵᠤ ᠦᠢᠯᠡᠰ ᠤᠨ ᠦᠵᠡᠰᠬᠦᠯᠡᠩ᠂ ᠱᠠᠨᠳᠦ᠋ᠩ ᠤᠨ ᠣᠯᠠᠨ ᠤᠯᠤᠰ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ᠂ ᠳᠤᠮᠳᠠᠳᠤ ᠤᠯᠤᠰ ︵ᠱᠧᠨᠵᠧᠨ︶ ᠤᠨ ᠣᠯᠠᠨ ᠤᠯᠤᠰ ᠤᠨ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ᠂ ᠳᠤᠮᠳᠠᠳᠤ ᠤᠯᠤᠰ ︵ᠪᠡᠭᠡᠵᠢᠩ︶ ᠤᠨ ᠣᠯᠠᠨ ᠤᠯᠤᠰ ᠤᠨ ᠰᠣᠶᠣᠯ ᠤᠨ ᠪᠦᠲᠦᠭᠡᠯᠴᠢ ᠠᠵᠤ  ᠦᠢᠯᠡᠰ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ᠃      ︵ᠵᠢᠷᠭᠤᠭ᠎ᠠ︶ ᠡᠬᠢ ᠪᠠᠶᠠᠯᠢᠭ ᠤᠨ ᠨᠡᠭᠡᠭᠡᠨ ᠠᠰᠢᠭᠯᠠᠯᠲᠠ᠃ ᠨᠢᠭᠡ ᠳᠤ᠂ ᠪᠦᠬᠦ ᠣᠷᠣᠨ ᠪᠦᠰᠡ ᠶᠢᠨ ᠵᠢᠭᠤᠯᠴᠢᠯᠠᠯ ᠢ ᠢᠳᠡᠪᠬᠢᠲᠡᠢ ᠬᠦᠭᠵᠢᠭᠦᠯᠪᠡ᠃ ᠮᠠᠨᠵᠤᠤᠷ ᠬᠤᠲᠠ ᠤᠯᠤᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠪᠡ᠃ ᠤᠯᠠᠭᠠᠨᠬᠠᠳᠠ ᠬᠤᠲᠠ᠂ ᠣᠷᠳᠣᠰ ᠬᠤᠲᠠ ᠪᠠᠷ ᠲᠤᠷᠰᠢᠬᠤ ᠴᠡᠭ ᠪᠣᠯᠭᠠᠵᠤ᠂ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠦᠷᠨᠢᠭᠦᠯᠵᠡᠢ᠃ ᠤᠯᠠᠭᠠᠨᠬᠤᠲᠠ ᠷᠠᠰᠢᠶᠠᠨ ᠬᠠᠶᠢᠯᠠᠷ ᠮᠠᠨᠵᠤᠤᠷ᠂ ᠬᠠᠳᠤᠨ ᠭᠤᠣᠯ ᠤᠨ ︿︿几﹀﹀ ᠦᠰᠦᠭᠲᠦ ᠪᠤᠯᠤᠩ᠂ ᠪᠡᠭᠡᠵᠢᠩ ᠲᠢᠶᠠᠨᠵᠢᠨ ᠾᠧᠪᠧᠢ ᠶᠢ ᠲᠣᠭᠤᠷᠢᠭᠰᠠᠨ ᠭᠤᠷᠪᠠᠨ ᠬᠡᠰᠡᠭ ᠣᠷᠣᠨ ᠪᠠ G7 ᠤᠯᠤᠰ ᠤᠨ ᠦᠵᠡᠮᠵᠢ ᠶᠢᠨ ᠵᠠᠮ ᠤᠨ ᠵᠢᠭᠤᠯᠴᠢᠯᠠᠯ ᠤᠨ ᠲᠦᠯᠦᠪᠵᠢᠭᠦᠯᠦᠨ ᠨᠠᠶᠢᠷᠠᠭᠤᠯᠬᠤ ᠠᠵᠢᠯ ᠢ ᠡᠬᠢᠯᠡᠭᠦᠯᠪᠡ᠃ ᠬᠤᠶᠠᠷ ᠲᠤ᠂ ᠦᠵᠡᠮᠵᠢ ᠶᠢᠨ ᠣᠷᠣᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠠᠢ᠃ ᠠᠯᠠᠱᠠ ᠠᠶᠢᠮᠠᠭ ᠤᠨ ᠲᠣᠣᠷᠠᠢ ᠶᠢᠨ ᠣᠶ ᠶᠢᠨ ᠵᠢᠭᠤᠯᠴᠢᠯᠠᠯ ᠤᠨ ᠣᠷᠣᠨ ᠢ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠭᠠᠵᠤ ᠲᠡᠪᠰᠢᠭᠦᠯᠪᠡ᠃ ᠬᠥᠯᠥᠨ ᠪᠤᠶᠢᠷ ᠤᠨ ᠲᠠᠯ᠎ᠠ ᠨᠤᠲᠤᠭ — ᠮᠡᠷᠭᠡᠯ ᠭᠤᠤᠯ ᠤᠨ ᠦᠵᠡᠮᠵᠢ ᠶᠢᠨ ᠣᠷᠣᠨ ᠨᠢ ᠦᠵᠡᠮᠵᠢ ᠶᠢᠨ ᠣᠷᠣᠨ ᠤ ᠦᠵᠡᠮᠵᠢ ᠶᠢᠨ ᠶᠠᠰᠤ ᠴᠢᠨᠠᠷ ᠤᠨ ᠬᠢᠨᠠᠨ ᠰᠢᠯᠭᠠᠷᠠᠭᠤᠯᠤᠯᠲᠠ ᠪᠠᠷ ᠲᠠᠮᠵᠢᠭᠠᠳ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠡᠯᠡᠳᠬᠡᠯ ᠨᠡᠷᠡᠰ ᠲᠤ ᠰᠣᠩᠭᠤᠭᠳᠠᠪᠠ᠃ ᠬᠥᠬᠡᠬᠤᠲᠠ ᠶᠢᠨ ᠮᠸᠡᠭ ᠼᠤᠤ · ᠼᠤᠤ ᠪᠥᠸᠧ ᠶᠤᠸᠠᠨ ᠵᠡᠷᠭᠡ 7 ᠦᠵᠡᠮᠵᠢ ᠶᠢᠨ ᠣᠷᠣᠨ ᠢ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠨ ᠲᠣᠭᠲᠠᠭᠠᠪᠠ᠂ ᠵᠢᠶᠠ ᠯᠢ ᠭᠸᠡᠭ ᠦᠷᠡᠭᠳᠡᠭᠰᠡᠨ ᠪᠠᠭᠠᠲᠤᠷ ᠤᠨ ᠳᠤᠷᠠᠰᠬᠠᠯ ᠤᠨ ᠣᠷᠳᠣᠨ ᠵᠡᠷᠭᠡ 5 ᠵᠢᠭᠤᠯᠴᠢᠯᠠᠯ ᠤᠨ ᠦᠵᠡᠮᠵᠢ ᠶᠢᠨ ᠣᠷᠣᠨ ᠢ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠨ ᠲᠣᠭᠲᠠᠭᠠᠪᠠ᠃ A ᠲᠡᠰ ᠤᠨ 93 ᠵᠢᠭᠤᠯᠴᠢᠯᠠᠯ ᠤᠨ ᠦᠵᠡᠮᠵᠢ ᠶᠢᠨ ᠣᠷᠣᠨ ᠢ ᠳᠠᠬᠢᠨ ᠬᠢᠨᠠᠵᠤ᠂ ᠠᠰᠠᠭᠤᠳᠠᠯ ᠲᠠᠢ ᠪᠠᠶᠢᠭ᠎ᠠ ᠵᠢᠭᠤᠯᠴᠢᠯᠠᠯ ᠤᠨ ᠦᠵᠡᠮᠵᠢ ᠶᠢᠨ ᠣᠷᠣᠨ ᠢ ᠲᠣᠰ ᠲᠣᠰ ᠰᠢᠢᠳᠪᠦᠷᠢᠯᠡᠵᠡᠢ᠃ ᠭᠤᠷᠪᠠ ᠳᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠵᠠᠢ᠃ ᠤᠯᠠᠭᠠᠨᠴᠠᠪ ᠬᠤᠲᠠ ᠵᠡᠷᠭᠡ 4 ᠠᠶᠢᠮᠠᠭ ᠬᠤᠲᠠ᠂ 10 ᠬᠤᠰᠢᠭᠤ ᠰᠢᠶᠠᠨ ᠢ ᠵᠢᠯᠣᠭᠤᠳᠤᠨ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠃ 16 ᠰᠣᠶᠣᠯ ᠵᠢᠭᠤᠯᠴᠢᠯᠠᠯ ᠤᠨ ᠣᠨᠴᠠᠯᠢᠭᠲᠤ ᠵᠢᠵᠢᠭ ᠪᠠᠯᠭᠠᠰᠤ᠂ 21 ᠬᠥᠳᠡᠭᠡ ᠲᠣᠰᠬᠤᠨ ᠤ ᠵᠢᠭᠤᠯᠴᠢᠯᠠᠯ ᠤᠨ ᠲᠦᠪᠯᠡᠷᠡᠭᠰᠡᠨ ᠣᠷᠣᠨ ᠪᠠ 96 ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠭᠤᠣᠯᠳᠠᠯᠭ᠎ᠠ ᠲᠠᠢ ᠲᠡᠳᠬᠦᠪᠡ᠃ ᠲᠠᠪᠤᠨ ᠣᠳᠣᠨ ᠲᠠᠰ ᠪᠣᠯᠬᠤ ᠭᠡᠵᠦ ᠭᠤᠶᠤᠴᠢᠯᠠᠨ ᠮᠡᠳᠡᠭᠦᠯᠦᠭᠰᠡᠨ ᠪᠥᠬᠦ ᠣᠷᠣᠨ ᠤ ᠬᠥᠳᠡᠭᠡ ᠲᠣᠰᠬᠤᠨ ︵ᠮᠠᠯᠵᠢᠬᠤ ᠣᠷᠣᠨ︶ ᠤ ᠵᠢᠭᠤᠯᠴᠢᠯᠠᠯ ᠤᠨ ᠦᠢᠯᠡᠴᠢᠯᠡᠭᠴᠢ ᠡᠷᠦᠬᠡ ᠳᠤ ᠠᠩᠬᠠᠨ ᠤ ᠦᠨᠡᠯᠡᠯᠲᠡ ᠪᠠ ᠲᠤᠬᠠᠶ ᠶᠢᠨ ᠭᠠᠵᠠᠷ ᠲᠤ ᠨᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠪᠠ᠃ ᠲᠦᠷᠪᠡ ᠳᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠬᠥᠭᠵᠢᠯᠲᠡ ᠶᠢ  ᠠᠬᠢᠭᠤᠯᠵᠠᠢ᠃ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠨᠠᠶᠢᠷᠠᠭᠤᠯᠤᠨ ᠵᠣᠬᠢᠶᠠᠪᠠ᠃ ᠪᠦᠬᠦ ᠣᠷᠣᠨ ᠤ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠤᠬᠠᠢ ᠶᠢᠨ ᠲᠠᠯᠠᠪᠠᠢ ᠶᠢᠨ ᠬᠤᠷᠠᠯ ᠢ ᠬᠤᠷᠠᠯᠳᠤᠭᠤᠯᠪᠠ᠃ 10 ᠵᠤᠷᠪᠤᠰ ᠬᠤᠪᠢᠰᠬᠠᠯ ᠤᠨ ᠳᠤᠷᠠᠰᠬᠠᠯᠲᠤ ᠰᠣᠳᠣᠨ ᠵᠢᠭᠤᠯᠴᠢᠯᠠᠯ ᠤᠨ ᠱᠤᠭᠤᠮ ᠢ ᠨᠡᠶᠢᠲᠡᠯᠡᠪᠡ᠃ ᠪᠥᠬᠦ ᠣᠷᠣᠨ ᠤ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠠᠶᠢᠯᠪᠤᠷᠢᠯᠠᠭᠴᠢ ᠶᠢ ᠵᠣᠬᠢᠶᠠᠨ ᠪᠠᠶᠢᠭᠤᠯᠤᠨ ᠪᠣᠯᠪᠠᠰᠤᠷᠠᠭᠤᠯᠪᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠳᠤᠷᠠᠰᠬᠠᠯ ᠤᠨ ᠭᠠᠵᠠᠷ ᠤᠨ ᠲᠠᠶᠢᠯᠪᠤᠷᠢᠯᠠᠭᠴᠢ ᠯᠢ ᠰᠧ ᠢᠦᠶ᠂ ᠷᠦᠩ ᠰᠢᠤᠸᠠᠢ ᠯᠢᠶᠠᠨ᠂ ᠤᠯᠠᠭᠠᠨᠬᠦᠤ ᠶᠢᠨ ᠳᠤᠷᠠᠰᠬᠠᠯ ᠤᠨ ᠣᠷᠳᠣᠨ ᠤ ᠲᠠᠶᠢᠯᠪᠤᠷᠢᠯᠠᠭᠴᠢ ᠠᠨ ᠰᠢᠤᠸᠠᠢ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠬᠤᠪᠢᠰᠬᠠᠯ ᠤᠨ ᠥᠯᠢᠭᠡᠷ ᠤᠨ ᠲᠠᠶᠢᠯᠪᠤᠷᠢᠯᠠᠭᠴᠢ ᠶᠢᠨ ᠤᠷᠤᠯᠳᠤᠭᠠᠨ ᠳᠤ ᠲᠣᠰ ᠲᠣᠰ ᠠᠯᠲᠠᠨ ᠮᠧᠲᠠᠯᠲᠤ ᠲᠠᠶᠢᠯᠪᠤᠷᠢᠯᠠᠭᠴᠢ ᠪᠠ ᠰᠢᠯᠢᠳᠡᠭ ᠲᠠᠶᠢᠯᠪᠤᠷᠢᠯᠠᠭᠴᠢ ᠪᠠᠷ ᠴᠤᠯᠠᠯᠠᠭᠳᠠᠪᠠ᠃ ᠲᠠᠪᠤ ᠳᠤ᠂ ᠵᠢᠭᠤᠯᠴᠢᠯᠠᠯ ᠤᠨ ᠳᠦᠷᠢ ᠲᠥᠷᠬᠦ ᠶᠢ ᠤᠬᠠᠭᠤᠯᠤᠨ ᠲᠡᠯᠭᠡᠷᠡᠭᠦᠯᠵᠡᠢ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠲᠠᠢ ᠭᠦᠨᠵᠡᠭᠡᠶ ᠬᠠᠮᠲᠤᠷᠠᠯᠴᠠᠵᠤ᠂ ᠰᠣᠶᠤᠯ ᠪᠠ ᠵᠢᠭᠤᠯᠴᠢᠯᠠᠯ ᠤᠨ ᠭᠤᠤᠯ ᠰᠡᠳᠦᠪᠲᠦ ᠤᠬᠠᠭᠤᠯᠭ᠎ᠠ ᠶᠢ ᠥᠷᠨᠢᠭᠦᠯᠪᠡ᠃ ᠪᠡᠭᠡᠵᠢᠩ᠂ ᠰᠢ ᠠᠨ᠂ ᠭᠤᠸᠠᠩᠳᠦ᠋ᠩ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠳᠤ ᠪᠦᠯᠬᠦᠮ ᠪᠠᠶᠢᠭᠤᠯᠵᠤ ᠣᠷᠣᠯᠴᠠᠪᠠ᠃ ︽72 ᠴᠠᠭ ᠥᠪᠥᠷ ᠮᠣᠩᠭᠤᠯ ᠳᠤ︾᠂ ︽ᠮᠣᠷᠢ ᠤᠨᠤᠵᠤ ᠲᠠᠯ᠎ᠠ ᠨᠤᠲᠤᠭ ᠢᠶᠠᠷ ᠵᠤᠭᠠᠴᠠᠶ᠎ᠠ︾᠂ ︽ᠪᠠᠭᠠᠴᠤᠳ ᠤᠨ ᠨᠠᠭᠠᠳᠤᠮ︾᠂ ︽ᠤᠯᠠᠭᠠᠨᠮᠥ᠋ᠴᠢᠷ  ᠲᠠᠨ ᠢ ᠲᠠᠭᠠᠭᠤᠯᠤᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠷ ᠵᠢᠭᠤᠯᠴᠢᠯᠠᠭᠤᠯᠤᠶ᠎ᠠ︾᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ ᠤ ᠵᠠᠮ ᠱᠤᠭᠤᠮ ᠢ ᠨᠡᠶᠢᠲᠡᠯᠡᠬᠦ ᠬᠤᠷᠠᠯ ᠵᠡᠷᠭᠡ ᠰᠢᠷᠢᠰ ᠭᠤᠤᠯ ᠰᠡᠳᠦᠪᠲᠦ ᠲᠠᠨᠢᠯᠴᠠᠭᠤᠯᠭ᠎ᠠ ᠶᠢᠨ ᠬᠦᠳᠡᠯᠭᠡᠭᠡᠨ ᠢ ᠲᠦᠰᠦᠪᠯᠡᠨ ᠬᠢᠵᠡᠢ᠃ ︽ᠲᠦᠮᠡᠨ ᠭᠠᠵᠠᠷ ᠤᠨ ᠴᠠᠶ ᠶᠢᠨ ᠵᠠᠮ︾ ᠨᠡᠶᠢᠯᠡᠭᠦᠯᠦᠨ ᠡᠵᠡᠩᠨᠡᠵᠦ ᠪᠣᠷᠣᠯᠠᠭᠤᠯᠬᠤ ᠶᠢ ᠳᠡᠯᠭᠡᠷᠡᠭᠦᠯᠬᠦ ᠬᠦᠳᠡᠯᠭᠡᠭᠡᠨ᠂ ︽ᠮᠣᠷᠢᠨ ᠨᠢᠷᠤᠭᠤᠨ ᠳᠡᠭᠡᠷᠡᠬᠢ ᠥᠪᠥᠷ ᠮᠣᠩᠭᠤᠯ︾ ᠥᠪᠥᠷ ᠮᠣᠩᠭᠤᠯ ᠤᠨ ᠠᠳᠤᠭᠤᠨ ᠰᠣᠶᠣᠯ ᠤᠨ ᠵᠢᠭᠤᠯᠴᠢᠯᠠᠯ ᠤᠨ ᠭᠤᠤᠯ ᠰᠡᠳᠦᠪᠲᠦ ᠡᠵᠡᠩᠨᠡᠨ ᠪᠣᠷᠣᠯᠠᠭᠤᠯᠤᠯᠲᠠ ᠵᠡᠷᠭᠡ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠠᠵᠢᠯᠯᠠᠭ᠎ᠠ ᠪᠥᠸᠧ ᠤᠣ ᠣᠯᠠᠨ ᠤᠯᠤᠰ ᠤᠨ ᠵᠢᠭᠤᠯᠴᠢᠯᠠᠯ ᠤᠨ ᠱᠠᠩᠨᠠᠯ ᠢ ᠭᠥᠷᠳᠡᠪᠡ᠃ ᠵᠢᠷᠭᠤᠭ᠎ᠠ ᠳᠤ᠂ ︽ᠥᠪᠥᠷ ᠮᠣᠩᠭᠤᠯ ᠤᠨ ᠦᠨᠦᠷ ᠠᠮᠲᠠ︾ ᠨᠠᠷᠠᠲᠤ ᠲᠥᠷᠥᠯ ᠲᠡᠮᠳᠡᠭᠲᠦ ᠶᠢ ᠵᠣᠬᠢᠶᠠᠵᠠᠢ᠃ ᠣᠷᠣᠨ ᠨᠤᠲᠤᠭ ᠤᠨ ᠣᠨᠴᠠᠯᠢᠭ ᠲᠠᠢ ᠠᠮᠲᠠᠲᠤ ᠢᠳᠡᠭᠡᠨ ᠤ IP ᠢ ᠭᠦᠨᠵᠡᠭᠡᠶᠢᠷᠡᠨ ᠠᠭᠤᠳᠠᠯᠵᠤ᠂ ᠪᠤᠭᠤᠲᠤ ᠶᠢᠨ 9 ᠠᠮᠲᠠ᠂ ᠬᠥᠬᠡᠬᠤᠲᠠ ᠶᠢᠨ ᠤᠯᠠᠮᠵᠢᠯᠠᠯᠲᠤ 10 ᠠᠮᠲᠠ᠂ ᠤᠯᠠᠭᠠᠨᠴᠠᠪ ᠤᠨ ᠰᠣᠩᠭᠤᠳᠠᠭ 10 ᠠᠮᠲᠠ᠂ ᠣᠷᠳᠣᠰ ᠤᠨ ᠳᠤᠯᠠᠭᠠᠴᠠᠭᠤᠯᠬᠤ 10 ᠠᠮᠲᠠ᠂ ᠠᠯᠠᠱᠠ ᠶᠢᠨ ᠦᠡᠭᠭᠡ ᠮᠢᠷᠠᠯᠵᠠᠭᠰᠠᠨ 14 ᠠᠮᠲᠠ ᠵᠡᠷᠭᠡ ᠶᠢ ᠵᠠᠯᠭᠠᠭ᠎ᠠ ᠪᠠᠷ ᠰᠠᠨᠠᠭᠠᠴᠢᠯᠠᠨ ᠭᠠᠷᠭᠠᠪᠠ᠃ ︽ᠥᠪᠥᠷ ᠮᠣᠩᠭᠤᠯ ᠤᠨ ᠦᠨᠦᠷ ᠠᠮᠲᠠ︾ ᠣᠯᠠᠨ ᠤᠯᠤᠰ ᠤᠨ ᠮᠣᠩᠭᠤᠯ ᠬᠤᠭᠤᠯᠠ ᠶᠢᠨ ᠪᠦᠲᠦᠭᠡᠯᠴᠢ ᠤᠷᠤᠯᠳᠤᠭᠠᠨ ᠢ ᠡᠷᠭᠢᠯᠡᠪᠡ᠃ ︽ᠥᠪᠥᠷ ᠮᠣᠩᠭᠤᠯ ᠤᠨ ᠦᠨᠦᠷ ᠠᠮᠲᠠ︾ ᠣᠷᠣᠨ ᠤ ᠳᠣᠲᠣᠷ᠎ᠠ ᠭᠠᠳᠠᠨᠠᠬᠢ ᠴᠢᠬᠤᠯᠠ ᠶᠡᠭᠡ ᠦᠵᠡᠭᠦᠯᠦᠯᠭᠡ ᠦᠵᠡᠰᠭᠦᠯᠡᠩ  ᠤᠨ ᠴᠤᠭᠯᠠᠭᠠᠨ ᠳᠤ ᠣᠯᠠᠨᠲᠠ ᠣᠷᠣᠯᠴᠠᠵᠤ᠂ ᠤᠯᠠᠭᠠᠨᠪᠠᠭᠠᠲᠤᠷ᠂ ᠪᠧᠯᠦᠷᠦ᠋ᠰ᠂ ᠠᠦ᠋ᠰᠲᠷᠢᠶ᠎ᠠ ᠳᠤ ᠬᠦᠷᠴᠦ ᠤᠬᠠᠭᠤᠯᠤᠨ ᠳᠡᠯᠭᠡᠷᠡᠭᠦᠯᠪᠡ᠃ ᠳᠣᠯᠤᠭ᠎ᠠ ᠳᠤ᠂ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠦᠷᠨᠢᠭᠦᠯᠵᠡᠢ ᠃ ᠥᠪᠥᠷ ᠮᠣᠩᠭᠤᠯ ᠤᠨ ᠵᠢᠭᠤᠯᠴᠢᠯᠠᠯ ᠤᠨ ᠨᠠᠶᠢᠷ ᠨᠠᠭᠠᠳᠤᠮ᠂ ᠮᠥᠰᠥ ᠴᠠᠰᠤᠨ ᠤ ᠨᠠᠶᠢᠷ ᠨᠠᠭᠠᠳᠤᠮ᠂ ᠮᠣᠩᠭᠤᠯ ᠬᠤᠪᠴᠠᠰᠤ ᠵᠠᠰᠠᠯ ᠤᠨ ᠤᠷᠠᠯᠢᠭ ᠤᠨ ᠨᠠᠶᠢᠷ᠂ ᠷᠠᠰᠢᠶᠠᠨ ᠤ ᠳ᠋ᠦ᠋ ᠵᠢᠤᠸᠠᠨ ︵ᠬᠤᠷᠴᠠ ᠤᠯᠠᠭᠠᠨ ᠴᠡᠴᠡᠭ︶ ᠨᠠᠶᠢᠷ᠂ ᠲᠠᠯ᠎ᠠ ᠨᠤᠲᠤᠭ ᠤᠨ ᠲᠣᠷᠭᠠᠨ ᠤ ᠵᠠᠮ ᠤᠨ ᠰᠣᠶᠤᠯ ᠵᠢᠭᠤᠯᠴᠢᠯᠠᠯ ᠤᠨ ᠨᠠᠶᠢᠷ᠂ ᠦᠬᠠᠶ ᠶᠢᠨ ᠣᠯᠠᠨ ᠤᠯᠤᠰ ᠤᠨ ᠦᠵᠦᠮ ᠤᠨ ᠠᠷᠢᠬᠢᠨ ᠤ ᠨᠠᠶᠢᠷ᠂ ᠲᠣᠣᠷᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ᠂ ᠴᠡᠴᠡᠭ ᠤᠨ ᠤᠯᠠᠷᠢᠯ ᠤᠨ ᠵᠢᠭᠤᠯᠴᠢᠯᠠᠯ ᠤᠨ ᠡᠬᠢᠯᠡᠯᠲᠡ ᠶᠢᠨ ᠶᠣᠰᠣᠯᠠᠯ ᠵᠡᠷᠭᠡ ᠲᠡᠮᠳᠡᠭᠲᠦ ᠪᠠᠶᠠᠷ ᠳᠤᠷᠠᠰᠬᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠡᠷᠬᠢᠯᠡᠪᠡ᠃ ᠬᠠᠷᠠᠮᠥ᠋ᠷᠡᠨ ᠮᠤᠵᠢ᠂ ᠾᠧᠪᠸᠢ ᠮᠤᠵᠢ ᠶᠢᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ᠂ ︽9+10︾ ᠣᠷᠣᠨ ᠪᠦᠰᠡ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ᠂ 2019 ᠣᠨ ᠤ ᠳᠤᠮᠳᠠᠳᠤ ᠤᠯᠤᠰ ᠤᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢ ᠳᠡᠯᠭᠡᠷᠡᠭᠦᠯᠬᠦ ᠬᠤᠯᠪᠣᠭᠠᠨ ᠤ ᠶᠡᠭᠡ ᠬᠤᠷᠠᠯ ᠢ ᠵᠣᠬᠢᠶᠠᠨ ᠪᠠᠶᠢᠭᠤᠯᠤᠨ ᠣᠷᠣᠯᠴᠠᠪᠠ᠃      ︵ᠳᠣᠯᠤᠭ᠎ᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠃ ᠨᠢᠭᠡ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠢᠳᠡᠪᠬᠢᠲᠡᠶ ᠰᠢᠯᠢᠳᠡᠭᠵᠢᠭᠦᠯᠵᠡᠢ᠃ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠪᠥᠬᠦ ᠲᠠᠯ᠎ᠠ ᠪᠠᠷ ᠲᠠᠷᠤᠨ ᠬᠠᠰᠤᠵᠤ᠂ ᠬᠢᠨᠠᠨ ᠵᠥᠪᠰᠢᠶᠡᠷᠡᠬᠦ ᠵᠦᠢᠯᠡᠰ ᠢ ᠳᠦᠷᠢᠮᠵᠢᠭᠦᠯᠦᠨ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠪᠡ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠠᠨᠢᠵᠤ ᠠᠪᠤᠭᠰᠠᠨ 33 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠦᠬᠦᠨ ᠢᠶᠠᠷ ᠢᠶᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠤᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠭᠡᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠬᠦᠴᠦᠲᠡᠶ ᠳᠡᠭᠡᠭᠰᠢᠯᠡᠭᠦᠯᠪᠡ᠃ ᠬᠤᠶᠠᠷ ᠲᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ  ᠶᠠᠪᠤᠭᠳᠠᠭᠤᠯᠪᠠ᠃ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ᠂ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠠᠵᠢᠯ ᠢ ᠢᠳᠡᠪᠬᠢᠲᠡᠶ ᠠᠬᠢᠭᠤᠯᠵᠠᠢ᠂ ᠥᠪᠥᠷ ᠮᠣᠩᠭᠤᠯ ᠪᠠᠭᠤᠳᠠᠯ ᠵᠡᠷᠭᠡ 4 ᠵᠢᠭᠤᠯᠴᠢᠯᠠᠯ ᠤᠨ ᠠᠵᠤ ᠠᠬᠤᠶᠢᠯᠠᠯ ᠲᠦᠷᠦᠭᠦᠤ ᠪᠦᠯᠦᠭ ᠤᠨ ᠪᠥᠬᠦ ᠤᠯᠤᠰ ᠤᠨ ᠪᠣᠯᠪᠠᠰᠤᠨ ᠵᠢᠱᠢᠶ᠎ᠡ ᠦᠵᠡᠭᠦᠯᠬᠦ ᠨᠢᠭᠡᠴᠢ ᠶᠢ ᠪᠠᠶᠢᠭᠤᠯᠬᠤ ᠴᠤᠪᠤᠷᠠᠯ ᠳᠤ ᠣᠷᠣᠪᠠ᠃ ᠪᠥᠬᠦ ᠤᠯᠤᠰ ᠤᠨ ︽ᠪᠣᠯᠪᠠᠰᠤᠨ ᠵᠢᠭᠤᠯᠴᠢᠯᠠᠯ · ᠳᠤᠮᠳᠠᠳᠤ ᠤᠯᠤᠰ ᠲᠤ ᠬᠤᠪᠢ ᠨᠡᠮᠡᠶ᠎ᠡ — ᠵᠠᠭᠤᠨ ᠬᠤᠲᠠ ᠮᠢᠩᠭᠠᠨ ᠦᠵᠡᠮᠵᠢ ᠬᠦᠳᠡᠯᠦᠯᠴᠡᠯ᠎ᠡ︾ ᠡᠬᠢᠯᠡᠯᠲᠡ ᠶᠢᠨ ᠶᠣᠰᠣᠯᠠᠯ ᠢ ᠡᠷᠬᠢᠯᠡᠪᠡ᠂ ᠮᠠᠨᠵᠤᠤᠷ ᠪᠣᠭᠤᠮᠲᠠ ᠶᠢᠨ ᠤᠯᠤᠰ ᠤᠨ ᠵᠢᠭᠤᠯᠴᠢᠯᠠᠯ ᠵᠡᠷᠭᠡ 4 ᠵᠢᠭᠤᠯᠴᠢᠯᠠᠯ ᠤᠨ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ︽ᠵᠠᠯᠠᠭᠤᠴᠤᠳ ᠤᠨ ᠪᠣᠯᠪᠠᠰᠤᠨ ᠨᠡᠷᠡᠮᠵᠢᠲᠦ︾ ᠪᠠᠷ ᠦᠨᠡᠯᠡᠭᠳᠡᠪᠡ᠃ ᠪᠥᠬᠦ ᠣᠷᠣᠨ ᠤ ᠵᠢᠭᠤᠯᠴᠢᠯᠠᠯ ᠤᠨ ᠬᠥᠲᠥᠴᠢ ᠪᠠ ᠵᠣᠴᠢᠳ ᠤᠨ ᠪᠠᠭᠤᠳᠠᠯ ᠤᠨ ᠦᠢᠯᠡᠴᠢᠯᠡᠭᠡᠨ ᠤ ᠤᠷ᠎ᠠ ᠮᠡᠷᠭᠡᠰᠢᠯ ᠤᠨ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠯᠥᠭᠡᠯᠡᠭᠴᠢ ᠰᠣᠩᠭᠤᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠵᠢᠭᠤᠯᠴᠢᠯᠠᠯ ᠤᠨ ᠬᠥᠲᠥᠴᠢ ᠶᠢᠨ ᠤᠷᠤᠯᠳᠤᠭᠠᠨ ᠳᠤ ᠲᠣᠮᠢᠯᠠᠨ ᠣᠷᠤᠯᠴᠠᠭᠤᠯᠵᠠᠢ᠂ ᠤᠷᠤᠯᠳᠤᠭᠠᠨ ᠳᠤ ᠣᠷᠤᠯᠴᠠᠭᠰᠠᠨ ᠸᠠᠩ ᠽᠢ ᠰᠢᠤᠸᠠᠨ ᠪᠥᠬᠦ ᠤᠯᠤᠰ ᠤᠨ ᠮᠥᠩᠭᠦᠨ ᠲᠡᠮᠳᠡᠭᠲᠦ ᠵᠢᠭᠤᠯᠴᠢᠯᠠᠯ ᠤᠨ ᠬᠥᠲᠥᠴᠢ ᠶᠢᠨ ᠴᠣᠯᠠ ᠣᠯᠪᠠ᠃ ᠣᠳᠣᠨ ᠲᠡᠰ ᠤᠨ ᠵᠣᠴᠢᠳ ᠤᠨ ᠪᠠᠭᠤᠳᠠᠯ ᠢ ᠦᠨᠡᠯᠡᠨ ᠲᠣᠭᠲᠠᠭᠠᠬᠤ ᠠᠵᠢᠯ ᠢ ᠦᠷᠨᠢᠭᠦᠯᠦᠭᠡᠳ ᠳᠥᠷᠪᠡᠨ ᠣᠳᠣᠨ ᠲᠡᠰ ᠤᠨ ᠵᠢᠭᠤᠯᠴᠢᠯᠠᠯ ᠤᠨ ᠪᠠᠭᠤᠳᠠᠯ 1 ᠶᠢ ᠦᠨᠡᠯᠡᠨ ᠲᠣᠭᠲᠠᠭᠠᠵᠤ᠂ ᠣᠳᠣᠨ ᠲᠡᠰ ᠤᠨ ᠵᠢᠭᠤᠯᠴᠢᠯᠠᠯ ᠤᠨ ᠠᠷᠠᠳ ᠤᠨ ᠪᠠᠭᠤᠳᠠᠯ 6 ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠵᠡᠢ᠃ ᠭᠤᠷᠪᠠ ᠳᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠪᠠᠶᠢᠴᠠᠭᠠᠯᠲᠠ ᠶᠢ ᠦᠷᠨᠢᠭᠦᠯᠵᠡᠢ᠃ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯᠯᠠᠭ᠎ᠠ ᠪᠠ ᠠᠮᠤᠷ ᠲᠦᠪᠰᠢᠨ ᠦᠢᠯᠡᠳᠪᠦᠷᠢᠯᠡᠯ ᠤᠨ ᠲᠧᠯᠸᠢᠰ ᠤᠲᠠᠰᠤᠨ ᠤ ᠬᠤᠷᠠᠯ ᠢ ᠬᠤᠷᠠᠯᠳᠤᠭᠤᠯᠵᠤ᠂ ᠪᠥᠬᠦ ᠣᠷᠣᠨ ᠤ A ᠲᠠᠰ ᠤᠨ ᠦᠵᠡᠮᠵᠢ ᠶᠢᠨ ᠣᠷᠣᠨ᠂ ᠣᠳᠣᠨ ᠲᠠᠰ ᠤᠨ ᠵᠣᠴᠢᠳ ᠤᠨ ᠪᠠᠭᠤᠳᠠᠯ᠂ ᠵᠢᠭᠤᠯᠴᠢᠯᠠᠯ ᠤᠨ ᠬᠤᠷᠢᠶ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠᠶᠢᠭᠤᠯᠭ᠎ᠠ᠂ ᠰᠣᠶᠣᠯ ᠴᠡᠩᠭᠡᠯ ᠤᠨ ᠭᠠᠵᠠᠷ ᠲᠠᠯᠠᠪᠤᠷ ᠲᠤ 60 ᠭᠠᠷᠤᠶ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠰᠣᠶᠣᠯ ᠪᠠ ᠵᠢᠭᠤᠯᠴᠢᠯᠠᠯ ᠤᠨ ᠭᠠᠵᠠᠷ ᠲᠠᠯᠠᠪᠤᠷ ᠤᠨ ᠠᠮᠤᠷ ᠲᠦᠪᠰᠢᠨ ᠦᠢᠯᠡᠳᠪᠦᠷᠢᠯᠡᠯ ᠤᠨ ᠪᠠᠶᠢᠴᠠᠭᠠᠯᠲᠠ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠲᠦᠷᠪᠡ ᠳᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠵᠡᠢ᠃ ᠭᠠᠳᠠᠭᠠᠳᠤ ᠤᠯᠤᠰ ᠤᠨ ᠤᠯᠤᠰ ᠤᠨ ᠲᠤᠭ᠂ ᠤᠯᠤᠰ ᠤᠨ ᠰᠦᠯᠳᠡ ᠶᠢ ᠡᠯᠭᠦᠭᠰᠡᠨ᠂ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠢ ᠡᠪᠳᠡᠭᠰᠡᠨ᠂ ᠬᠠᠤᠯᠢ ᠪᠤᠰᠤ ᠱᠠᠰᠢᠨ ᠰᠤᠷᠲᠠᠬᠤᠨ ᠤ ᠬᠡᠪᠯᠡᠭᠳᠡᠬᠦᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠲᠠᠯᠠᠪᠤᠷ ᠭᠠᠵᠠᠷ ᠭᠡᠬᠦ ᠵᠡᠷᠭᠡ ᠶᠢ ᠴᠡᠭᠴᠡᠯᠡᠬᠦ᠂ ︽ᠬᠠᠷ᠎ᠠ ᠵᠢᠭᠤᠯᠴᠢᠯᠠᠯ︾ ᠵᠡᠷᠭᠡ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠠᠮᠠᠭᠤᠨ ᠪᠠᠶᠢᠳᠠᠯ ᠢ ᠵᠠᠰᠠᠬᠤ ᠠᠵᠢᠯᠯᠠᠭ᠎ᠠ ᠶᠢ ᠵᠠᠯᠭᠠᠯᠳᠤᠭ᠎ᠠ ᠪᠠᠷ ᠦᠷᠨᠢᠭᠦᠯᠵᠦ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠠᠷᠭ᠎ᠠ ᠵᠠᠮ ᠢ ᠢᠯᠡ ᠪᠣᠯᠭᠠᠨ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠰᠣᠯᠪᠢᠴᠠᠭ᠎ᠠ ᠪᠠᠷ ᠬᠠᠤᠯᠢ ᠬᠡᠷᠡᠭᠵᠢᠭᠦᠯᠦᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠷᠪᠠᠳᠠᠬᠢ ᠡᠲᠡᠭᠡᠳ ᠲᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠲᠤ ︽ᠨᠢᠭᠤᠴᠠ ᠬᠡᠯᠪᠡᠷᠢ︾ ᠪᠠᠷ ᠳᠠᠯᠳᠠᠭᠤᠷ ᠰᠤᠷᠪᠤᠯᠵᠢᠯᠠᠬᠤ ᠶᠢ ᠨᠠᠶᠢᠳᠠᠵᠤ ᠬᠢᠯᠭᠡᠨ᠂ ᠵᠠᠬ᠎ᠠ ᠳᠡᠯᠭᠡᠭᠦᠷ ᠤᠨ ᠰᠠᠮᠠᠭᠤᠨ ᠦᠵᠡᠭᠳᠡᠯ ᠢ ᠵᠢᠭᠰᠠᠭᠠᠨ ᠪᠠᠶᠢᠴᠠᠭᠠᠵᠤ ᠴᠡᠭᠴᠡᠯᠡᠵᠦ᠂ ᠭᠤᠤᠯᠳᠠᠯᠭ᠎ᠠ ᠲᠠᠢ ᠭᠡᠮᠲᠦ ᠬᠡᠷᠡᠭ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠭᠦᠯᠪᠡ᠃      ︵ᠨᠠᠢᠮᠠ︶ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ᠃ ᠨᠢᠭᠡ ᠳᠤ᠂ ᠲᠤᠮᠤ ᠬᠡᠯᠪᠡᠷᠢ ᠶᠢᠨ ᠤᠯᠠᠨ ᠤᠯᠤᠰ ᠤᠨ ᠬᠦᠳᠡᠯᠭᠡᠭᠡᠨ ᠢ ᠡᠷᠬᠢᠯᠡᠵᠡᠢ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠵᠢᠭᠤᠯᠴᠢᠯᠠᠯ ᠤᠨ ᠶᠠᠮᠤᠨ ᠤ ᠰᠠᠶᠢᠳ ᠤᠨ ᠬᠤᠷᠠᠯ ᠢ ᠳᠠᠭᠠᠭᠠᠨ ᠡᠷᠬᠢᠯᠡᠪᠡ᠃ ︽ᠲᠦᠮᠡᠨ ᠭᠠᠵᠠᠷ ᠤᠨ ᠴᠠᠢ ᠶᠢᠨ ᠵᠠᠮ︾ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭᠠᠨ ᠤ ᠠᠵᠢᠯ ᠤᠨ ᠬᠤᠷᠠᠯ ᠪᠠ ᠵᠢᠷᠭᠤᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠭᠤᠷᠪᠠᠨ ᠤᠯᠤᠰ ᠲᠠᠪᠤᠨ ᠭᠠᠵᠠᠷ ᠤᠨ ᠬᠤᠯᠪᠤᠭᠠᠲᠤ ᠬᠤᠷᠠᠯᠳᠤᠭᠠᠨ ᠢ ᠬᠤᠷᠠᠯᠳᠤᠭᠤᠯᠪᠠ᠃ ᠳᠤᠮᠳᠠᠳᠤ ᠮᠣᠩᠭᠤᠯ ᠤᠨ ᠦᠵᠡᠰᠬᠦᠯᠡᠩ ᠬᠤᠳᠠᠯᠳᠤᠭᠠᠨ ᠤ ᠡᠬᠢᠯᠡᠯᠲᠡ ᠶᠢᠨ ᠶᠣᠰᠣᠯᠠᠯ ᠤᠨ ᠲᠣᠭᠯᠠᠯᠲᠠ ᠶᠢ ᠳᠠᠭᠠᠭᠠᠨ ᠡᠷᠭᠢᠯᠡᠪᠡ᠃ ᠣᠯᠠᠨ ᠤᠯᠤᠰ ᠤᠨ ᠮᠣᠩᠭᠤᠯ ᠪᠥᠵᠢᠭ ᠤᠨ ᠲᠣᠭᠯᠠᠯᠲᠠ ᠶᠢᠨ ᠦᠵᠡᠭᠦᠯᠦᠯᠭᠡ ᠂ ᠥᠪᠥᠷ ᠮᠣᠩᠭᠤᠯ ᠤᠨ ᠣᠯᠠᠨ ᠤᠯᠤᠰ ᠤᠨ ᠨᠠᠶᠢᠷᠠᠯ ᠳᠠᠭᠤᠤ ᠶᠢᠨ ᠭᠠᠷᠠᠭ ᠤᠨ ᠬᠦᠳᠡᠯᠭᠡᠭᠡᠨ᠂ ︽ᠲᠦᠮᠡᠨ ᠭᠠᠵᠠᠷ ᠤᠨ ᠴᠠᠶ ᠶᠢᠨ ᠵᠠᠮ︾ ᠰᠣᠶᠣᠯ ᠵᠢᠭᠤᠯᠴᠢᠯᠠᠯ ᠤᠨ ᠦᠵᠡᠰᠬᠦᠯᠡᠩ ᠭᠡᠬᠦ ᠵᠡᠷᠭᠡ ᠬᠦᠳᠡᠯᠭᠡᠭᠡᠨ ᠢ ᠡᠷᠭᠢᠯᠡᠪᠡ᠃ ᠮᠣᠩᠭᠤᠯ ᠤᠯᠤᠰ ᠲᠤ ᠬᠦᠷᠴᠦ ︽ᠳᠤᠮᠳᠠᠳᠤ ᠤᠯᠤᠰ ᠢ ᠣᠶᠢᠯᠠᠭᠠᠵᠤ ᠮᠡᠳᠡᠶ᠎ᠡ︾ ᠳᠤᠮᠳᠠᠳᠤ ᠮᠣᠩᠭᠤᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠣᠶ ᠶᠢ ᠳᠤᠷᠠᠰᠬᠠᠬᠤ ᠰᠢᠷᠢᠰ ᠰᠣᠶᠣᠯ ᠤᠨ ᠠᠵᠢᠯᠯᠠᠭ᠎ᠠ ᠶᠢ ᠡᠷᠭᠢᠯᠡᠪᠡ᠃ ᠬᠤᠶᠠᠷ ᠲᠤ᠂ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠠᠢ᠃ 6 ᠤᠷᠠᠯᠢᠭ ᠤᠨ ᠪᠦᠯᠬᠦᠮ ᠳᠤᠭᠤᠶᠢᠯᠠᠩ ᠢ ᠡᠨᠡᠳᠬᠡᠭ᠂ ᠪᠦᠲ᠋ᠠᠨ᠂ ᠲᠠᠢ ᠤᠯᠤᠰ᠂ ᠶᠠᠫᠣᠨ᠂ ᠡᠸ᠋ᠽᠢᠤᠫᠢᠶ᠎ᠠ᠂ ᠷᠦᠸᠠᠨᠳᠠ ᠂ ᠰᠸᠢᠢᠱᠧᠯ᠂ ᠮᠠᠦ᠋ᠷᠢᠲ᠋ᠠᠨᠢᠶ᠎ᠠ᠂ ᠲᠦᠨᠢᠰ ᠵᠡᠷᠭᠡ 9 ᠤᠯᠤᠰ ᠲᠤ ᠤᠷᠢᠳ ᠬᠤᠵᠢᠳ ᠲᠣᠮᠢᠯᠠᠨ ᠶᠠᠪᠤᠭᠤᠯᠵᠤ ︽ᠪᠠᠶᠠᠷᠲᠤ ᠴᠠᠭᠠᠨ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠪᠡ᠃ ᠲᠠᠨᠽᠠᠨᠢᠶ᠎ᠠ ᠶᠢᠨ ᠳᠤᠮᠳᠠᠳᠤ ᠤᠯᠤᠰ ᠤᠨ ᠰᠣᠶᠣᠯ ᠤᠨ ᠲᠥᠪ ᠯᠦᠭᠡ ᠬᠠᠮᠲᠤᠷᠠᠯᠴᠠᠭᠠᠳ ︽ᠦᠵᠡᠰᠬᠦᠯᠡᠩᠲᠦ ᠰᠠᠶᠢᠬᠠᠨ ᠮᠢᠨᠦ ᠨᠤᠲᠤᠭ︾ ᠲᠠᠨᠽᠠᠨᠢᠶ᠎ᠠ · ᠳᠤᠮᠳᠠᠳᠤ ᠤᠯᠤᠰ ᠤᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠵᠢᠯ ᠤᠨ ᠠᠵᠢᠯᠯᠠᠭ᠎ᠠ ᠶᠢ ᠥᠷᠨᠢᠭᠦᠯᠪᠡ᠃ 20 ᠭᠠᠷᠤᠶ ᠤᠯᠤᠰ ᠬᠢᠭᠡᠳ ᠭᠠᠵᠠᠷ ᠣᠷᠣᠨ ᠤ ᠤᠷᠠᠯᠢᠭᠴᠢᠳ ᠤᠨ ᠪᠦᠯᠬᠦᠮ ᠳᠤᠭᠤᠶᠢᠯᠠᠩ ᠳᠤᠮᠳᠠᠳᠤ ᠤᠯᠤᠰ ᠲᠤ ᠢᠷᠡᠵᠦ ᠰᠣᠯᠢᠯᠴᠠᠭ᠎ᠠ ᠬᠢᠬᠦ ᠪᠣᠯᠤᠨ ᠲᠣᠭᠯᠠᠯᠲᠠ ᠭᠠᠷᠭᠠᠬᠤ ᠶᠢ ᠨᠢ ᠬᠦᠯᠢᠶᠡᠨ ᠠᠪᠴᠠᠶ᠃ ᠭᠤᠷᠪᠠ ᠳᠤ᠂ ᠬᠢᠯᠢ ᠶᠢᠨ ᠭᠠᠳᠠᠨ᠎ᠠ ᠡᠵᠡᠩᠨᠡᠨ ᠪᠣᠷᠤᠯᠠᠭᠤᠯᠵᠤ ᠲᠡᠯᠭᠡᠷᠡᠭᠦᠯᠬᠦ ᠠᠵᠢᠯ ᠢ ᠭᠦᠨᠵᠡᠶᠢᠭᠡᠶᠢᠷᠡᠭᠦᠯᠵᠡᠢ᠃ ᠰᠣᠶᠣᠯ ᠪᠠ ᠵᠢᠭᠤᠯᠴᠢᠯᠠᠯ ᠤᠨ ᠶᠠᠮᠤᠨ ᠤ ᠪᠦᠯᠬᠦᠮ ᠳᠤᠭᠤᠶᠢᠯᠠᠩ ᠢ ᠳᠠᠭᠠᠵᠤ ᠯᠠᠤᠰ᠂ ᠺᠠᠮᠪᠣᠵᠠ ᠳᠤ ᠬᠦᠷᠴᠦ ᠳᠤᠮᠳᠠᠳᠤ ᠯᠠᠤᠰ᠂ ᠳᠤᠮᠳᠠᠳᠤ ᠺᠠᠮᠪᠣᠵᠠ ᠶᠢᠨ ᠰᠣᠶᠣᠯ ᠵᠢᠭᠤᠯᠴᠢᠯᠠᠯ ᠤᠨ ᠵᠢᠯ ᠤᠨ ᠠᠵᠢᠯᠯᠠᠭ᠎ᠠ ᠳᠤ ᠣᠷᠤᠯᠴᠠᠵᠠᠢ᠂ ᠭᠧᠷᠮᠠᠨ᠂ ᠠᠷᠠᠪ ᠤᠨ ᠬᠤᠯᠪᠣᠭᠠᠲᠤ ᠠᠬᠠᠮᠠᠳᠳᠦ ᠤᠯᠤᠰ᠂ ᠶᠠᠫᠣᠨ᠂ ᠠᠩᠭ᠍ᠯᠢ ᠵᠢᠴᠢ ᠲᠠᠶᠢᠸᠠᠨ᠂ ᠰᠢᠶᠠᠩᠭᠠᠩ ᠳᠤ ᠡᠷᠬᠢᠯᠡᠭᠰᠡᠨ ᠵᠢᠭᠤᠯᠴᠢᠯᠠᠯ ᠤᠨ ᠦᠵᠡᠰᠬᠦᠯᠡᠩ ᠪᠠ ᠠᠷᠠᠯᠵᠢᠶᠠᠨ ᠤ ᠴᠤᠭᠯᠠᠭᠠᠨ ᠳᠤ ᠣᠷᠣᠯᠴᠠᠪᠠ᠃ ᠶᠠᠫᠣᠨ᠂ ᠺᠣᠷᠢᠶᠠ᠂ ᠰᠢᠩᠭᠠᠫᠣᠷ᠂ ᠮᠣᠩᠭᠤᠯ ᠪᠣᠯᠤᠨ ᠰᠢᠶᠠᠩᠭᠠᠩ ᠵᠡᠷᠭᠡ ᠤᠯᠤᠰ ᠪᠣᠯᠤᠨ ᠭᠠᠵᠠᠷ ᠣᠷᠣᠨ ᠳᠤ ᠥᠪᠥᠷ ᠮᠤᠩᠭᠤᠯ ᠤᠨ ᠰᠣᠶᠣᠯ ᠵᠢᠭᠤᠯᠴᠢᠯᠠᠯ ᠤᠨ ᠡᠵᠡᠩᠨᠡᠨ ᠪᠣᠷᠤᠯᠠᠭᠤᠯᠵᠤ ᠳᠡᠯᠭᠡᠷᠡᠭᠦᠯᠬᠦ ᠲᠥᠪ ᠪᠠᠶᠢᠭᠤᠯᠪᠠ᠃ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ᠂ ᠠᠵᠤ ᠠᠬᠤᠶᠢᠯᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠭᠠᠳ ᠶᠠᠫᠣᠨ᠂ ᠺᠣᠷᠢᠶᠠ᠂ ᠰᠢᠩᠭᠠᠫᠣᠷ᠂ ᠮᠣᠩᠭᠤᠯ᠂  ᠪᠧᠯᠤᠷᠦ᠋ᠰ᠂ ᠠᠦ᠋ᠰᠲᠷᠢᠶ᠎ᠠ ᠵᠡᠷᠭᠡ ᠵᠣᠷᠴᠢᠭᠴᠢ ᠶᠢᠨ ᠡᠬᠢ ᠰᠤᠷᠪᠤᠯᠵᠢ ᠪᠠᠷ ᠴᠢᠬᠤᠯᠠ ᠤᠯᠤᠰ ᠣᠷᠣᠨ ᠳᠤ ᠬᠦᠷᠴᠦ ᠵᠢᠭᠤᠯᠴᠢᠯᠠᠯ ᠤᠨ ᠡᠵᠡᠩᠨᠡᠨ ᠪᠣᠷᠣᠯᠠᠭᠤᠯᠤᠯᠲᠠ ᠳᠡᠯᠭᠡᠷᠡᠭᠦᠯᠦᠯᠲᠡ ᠶᠢᠨ ᠠᠵᠢᠯᠯᠠᠭ᠎ᠠ ᠶᠢ ᠥᠷᠨᠢᠭᠦᠯᠪᠡ᠃ ᠳᠥᠷᠪᠡ ᠳᠤ᠂ ᠬᠢᠯᠢ ᠶᠢᠨ ᠵᠢᠭᠤᠯᠴᠢᠯᠠᠯ ᠢ ᠶᠡᠭᠡ ᠪᠠᠷ ᠬᠦᠭᠵᠢᠭᠦᠯᠵᠡᠢ᠃ ᠮᠠᠨᠵᠤᠤᠷ ᠤᠨ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠵᠣᠬᠢᠴᠠᠭᠤᠯᠤᠨ ᠠᠬᠢᠭᠤᠯᠬᠤ ᠤᠳᠤᠷᠢᠳᠬᠤ ᠲᠤᠭᠤᠶᠢᠯᠠᠩ ᠪᠠᠶᠢᠭᠤᠯᠵᠤ᠂ ᠮᠠᠨᠵᠤᠤᠷ ᠤᠨ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠮᠠᠨᠵᠤᠤᠷ ᠤᠨ ᠪᠣᠭᠤᠮᠲᠠ ᠶᠢᠨ ᠪᠦᠯᠬᠦᠮ ᠤᠨ ᠵᠢᠭᠤᠯᠴᠢᠯᠠᠯ ᠤᠨ ᠸᠢᠰᠠ᠂ ᠬᠢᠯᠢ ᠶᠢᠨ ᠵᠢᠭᠤᠯᠴᠢᠯᠠᠯ ᠣᠨᠳᠣᠣ ᠭᠠᠵᠠᠷ ᠲᠤ ᠦᠨᠡᠮᠯᠡᠯ ᠭᠦᠢᠴᠡᠳᠬᠡᠬᠦ᠂ ᠬᠢᠯᠢ ᠪᠠᠷ ᠣᠷᠣᠵᠤ ᠭᠠᠷᠬᠤ ᠦᠨᠡᠮᠯᠡᠯ ᠢ ᠬᠢᠨᠠᠨ ᠵᠦᠪᠰᠢᠶᠡᠷᠡᠬᠦ᠂ ᠭᠠᠳᠠᠭᠠᠳᠤ ᠤᠯᠤᠰ ᠤᠨ ᠬᠥᠮᠦᠨ ᠤ ᠸᠢᠰᠠ ᠪᠠ ᠣᠷᠤᠩᠨᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ᠂ ᠬᠢᠯᠢ ᠶᠢᠨ ᠠᠷᠠᠳ ᠬᠠᠷᠢᠯᠴᠠᠨ ᠮᠠᠶᠢᠮᠠᠶᠢᠯᠠᠵᠤ ᠬᠤᠳᠠᠯᠳᠤᠭᠠᠯᠠᠬᠤ ᠵᠡᠷᠭᠡ ᠠᠯᠢ ᠣᠯᠠᠨ ᠠᠰᠢᠭᠲᠠᠢ ᠰᠠᠶᠢᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠬᠡᠷᠡᠭᠵᠢᠭᠦᠯᠵᠡᠢ᠂ ᠬᠢᠯᠢ ᠶᠢᠨ ᠵᠢᠭᠤᠯᠴᠢᠯᠠᠯ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠥᠭᠡᠷᠡᠴᠢᠯᠡᠯᠲᠡ ᠰᠢᠨ᠎ᠡ ᠡᠭᠦᠳᠦᠯᠲᠡ ᠨᠢ ᠴᠢᠬᠤᠯᠠ ᠶᠡᠭᠡ ᠰᠢᠪᠲᠤᠯᠤᠯᠲᠠ ᠲᠠᠢ ᠪᠣᠯᠪᠠ᠃ ᠪᠦᠬᠦ ᠤᠯᠤᠰ ᠤᠨ ᠬᠢᠯᠢ ᠶᠢᠨ ᠵᠢᠭᠤᠯᠴᠢᠯᠠᠯ ᠤᠨ ᠠᠵᠢᠯ ᠤᠨ ᠬᠤᠷᠠᠯᠳᠤᠭᠠᠨ ᠢ  ᠳᠠᠭᠠᠭᠠᠵᠤ ᠬᠢᠵᠡᠢ᠃      ᠪᠥᠬᠦ ᠪᠥᠮᠪᠥᠷᠴᠡᠭ ᠤᠨ ᠠᠵᠤ ᠠᠬᠤᠶ ᠪᠠᠭᠤᠷᠠᠬᠤ ᠳᠠᠷᠤᠯᠲᠠ ᠲᠠᠰᠤᠷᠠᠯᠲᠠ ᠥᠬᠡᠶ ᠨᠡᠮᠡᠭᠳᠡᠵᠦ ᠪᠠᠶᠢᠭ᠎ᠠ ᠠᠬᠤᠶ ᠪᠠᠶᠢᠳᠠᠯ ᠳᠣᠤᠷ᠎ᠠ᠂ ᠪᠥᠬᠦ ᠣᠷᠣᠨ ᠤ ᠵᠢᠭᠤᠯᠴᠢᠯᠠᠯ ᠳᠤ ᠬᠦᠯᠢᠶᠡᠨ ᠠᠪᠤᠭᠰᠠᠨ ᠬᠥᠮᠦᠨ ᠤ ᠲᠤᠭ᠎ᠠ ᠪᠠ ᠵᠢᠭᠤᠯᠴᠢᠯᠠᠯ ᠤᠨ ᠣᠷᠤᠯᠭ᠎ᠠ ᠬᠤᠤᠰ ᠨᠡᠮᠡᠭᠳᠡᠯ ᠢ ᠪᠡᠶᠡᠯᠡᠭᠦᠯᠪᠡ᠃ 2019 ᠣᠨ ᠳᠤ᠂ ᠪᠥᠬᠦ ᠣᠷᠣᠨ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠢ 19512.48 ᠲᠦᠮᠡᠨ ᠬᠥᠮᠦᠨ ᠤᠳᠠᠭ᠎ᠠ ᠭᠥᠯᠢᠶᠡᠨ ᠠᠪᠴᠤ ᠂ ᠠᠳᠠᠯᠢ ᠬᠤᠭᠤᠴᠠᠭᠠᠨ ᠤ ᠬᠢ ᠠᠴᠠ 10.05% ᠨᠡᠮᠡᠭᠳᠡᠪᠡ︔ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 4651.49 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.01% ᠨᠡᠮᠡᠭᠳᠡᠪᠡ᠃      ᠭᠤᠷᠪᠠ᠂ ᠰᠣᠶᠣᠯ ᠪᠠ ᠵᠢᠭᠤᠯᠴᠢᠯᠠᠯ ᠤᠨ ᠰᠢᠰᠲ᠋ᠧᠮ ᠦᠪᠡᠷ ᠤᠨ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠠᠢ      ︵ᠨᠢᠭᠡ︶ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠃ ᠨᠢᠭᠡ ᠳᠤ᠂ ᠣᠨᠣᠯ ᠢᠶᠠᠷ ᠵᠡᠪᠰᠡᠭᠯᠡᠬᠦ ᠶᠢ ᠲᠠᠰᠤᠷᠠᠯᠲᠠ ᠥᠬᠡᠶ ᠴᠢᠩᠭᠠᠳᠬᠠᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠤᠷᠤᠯᠴᠠᠯᠭ᠎ᠠ ᠶᠢᠨ ᠨᠢᠭᠡᠳᠦᠭᠡᠷ ᠭᠤᠣᠯ ᠰᠡᠳᠦᠪ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ᠂ ᠰᠣᠶᠣᠯ ᠪᠠ ᠵᠢᠭᠤᠯᠴᠢᠯᠠᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠣᠭᠤᠷᠢᠨ ᠳᠤ᠂ ᠲᠤᠰᠬᠠᠢ ᠰᠡᠳᠦᠪ ᠬᠤᠪᠢᠶᠠᠨ ᠬᠠᠮᠲᠤ ᠶᠢᠨ ᠰᠤᠷᠤᠯᠴᠠᠯᠭ᠎ᠠ ᠰᠤᠳᠤᠯᠤᠨ  ᠶᠠᠷᠢᠯᠴᠠᠬᠤ ᠠᠵᠢᠯ ᠢ ᠥᠷᠨᠢᠭᠦᠯᠪᠡ᠃ ︽ᠦᠵᠡᠯ ᠰᠠᠨᠠᠭ᠎ᠠ ᠪᠠᠨ ᠳᠠᠬᠢᠨᠲᠠ ᠴᠢᠯᠥᠭᠡᠯᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤᠲᠠᠶ ᠬᠡᠷᠡᠭᠵᠢᠭᠦᠯᠵᠦ ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠶᠡᠭᠡ ᠰᠤᠷᠤᠯᠴᠠᠯᠭ᠎ᠠ ᠶᠡᠭᠡ ᠶᠠᠷᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠦᠭᠰᠡᠨ ᠪᠦᠭᠡᠳ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠹᠷᠣᠨᠲ ︽ᠬᠥᠯ ᠤᠨ ᠬᠦᠴᠦ᠂ ᠬᠠᠷᠠᠴᠠ᠂ ᠲᠠᠷᠢᠬᠢᠨ ᠤ ᠬᠦᠴᠦ᠂ ᠪᠢᠷ ᠤᠨ ᠬᠦᠴᠦ︾ ᠬᠥᠮᠦᠵᠢᠯ ᠦᠢᠯᠡᠳᠦᠯᠭᠡ ᠶᠢᠨ ᠠᠵᠢᠯ ᠢ ᠴᠢᠩᠭᠠᠷᠠᠭᠤᠯᠵᠠᠢ᠃ ︽ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾᠂ ︽ᠲᠠᠯ᠎ᠠ ᠨᠤᠲᠤᠭ ᠤᠨ ᠶᠠᠷᠢᠶᠠᠨ ᠤ ᠲᠠᠪᠴᠠᠩ︾᠂ ︽ᠦᠵᠡᠰᠬᠦᠯᠡᠩ ᠤᠨ ᠬᠦᠷᠢᠶᠡᠯᠡᠩ ᠤᠨ ᠶᠠᠷᠢᠶᠠᠨ ᠤ ᠲᠠᠪᠴᠠᠩ︾ ᠵᠡᠷᠭᠡ ᠰᠤᠷᠤᠯᠴᠠᠬᠤ ᠠᠴᠢᠶᠠᠯᠠᠪᠤᠷᠢ ᠶᠢ ᠠᠰᠢᠭᠯᠠᠨ᠂ ᠡᠯ᠎ᠡ ᠲᠦᠷᠦᠯ ᠤᠨ ᠲᠤᠰᠬᠠᠶ ᠰᠡᠳᠦᠪᠲᠦ ᠮᠡᠳᠡᠭᠦᠯᠦᠯᠲᠡ ᠶᠢᠨ ᠬᠤᠷᠠᠯ ᠪᠠ ᠲᠠᠶᠢᠯᠤᠮᠵᠢ ᠬᠢᠴᠢᠶᠡᠯ ᠢ 20 ᠭᠠᠷᠤᠶ ᠤᠳᠠᠭ᠎ᠠ ᠡᠷᠭᠢᠯᠡᠪᠡ᠃ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ︽ᠰᠤᠷᠤᠯᠴᠠᠯᠭ᠎ᠠ ᠬᠦᠴᠦᠷᠬᠡᠭ ᠤᠯᠤᠰ︾ APP ᠲᠠᠪᠴᠠᠩ ᠢ ᠬᠡᠷᠡᠭᠯᠡᠵᠦ ᠥᠪᠡᠰᠦᠪᠡᠨ ᠰᠤᠷᠤᠯᠴᠠᠭᠤᠯᠪᠠ᠂ ᠰᠤᠷᠤᠯᠴᠠᠯᠭ᠎ᠠ ᠶᠢᠨ ᠦᠷ᠎ᠡ ᠪᠦᠲᠦᠮᠵᠢ ᠢᠯᠡᠳᠲᠡ ᠲᠡᠭᠡᠭᠰᠢᠯᠡᠵᠡᠢ᠃ ᠬᠤᠶᠠᠷ ᠲᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠵᠠᠢ᠃ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ︽1+7︾ ᠶᠢᠨ ᠲᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠪᠡ ᠃ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠡᠯ᠎ᠡ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠪᠠ ᠦᠵᠡᠯ ᠤᠬᠠᠮᠰᠠᠷ ᠤᠨ ᠬᠡᠯᠪᠡᠷᠢ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠪᠠ᠃ ᠴᠢᠬᠤᠯᠠ ᠶᠡᠭᠡ ᠰᠣᠶᠣᠯ ᠪᠠ ᠵᠢᠭᠤᠯᠴᠢᠯᠠᠯ ᠤᠨ ᠠᠵᠢᠯᠯᠠᠭ᠎ᠠ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠲᠣᠭᠲᠠᠴᠠ ᠶᠢ ᠪᠦᠲᠦᠮᠵᠢᠲᠡᠢ ᠳᠦᠷᠢᠮᠵᠢᠭᠦᠯᠵᠦ᠂ ᠤᠷᠠᠯᠢᠭ ᠤᠨ ᠵᠣᠬᠢᠶᠠᠨ ᠪᠦᠲᠦᠭᠡᠯᠭᠡ᠂ ᠦᠵᠡᠰᠬᠦᠯᠡᠩ ᠦᠵᠡᠭᠦᠯᠦᠯᠭᠡ᠂ ᠲᠠᠶᠢᠯᠤᠮᠵᠢ ᠶᠠᠷᠢᠶᠠᠨ ᠤ ᠲᠠᠪᠴᠠᠩ᠂ ᠰᠣᠶᠣᠯ ᠤᠨ ᠵᠠᠬ᠎ᠠ ᠳᠡᠯᠭᠡᠭᠦᠷ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠭᠠᠳᠠᠭᠠᠳᠤ ᠲᠠᠢ ᠰᠣᠯᠢᠯᠴᠠᠭ᠎ᠠ ᠬᠢᠬᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠦᠵᠡᠯ ᠤᠬᠠᠮᠰᠠᠷ ᠤᠨ ᠬᠡᠯᠪᠡᠷᠢ  ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠢᠨᠲ᠋ᠧᠷ ᠰᠦᠯᠵᠢᠶ᠎ᠡ ᠶᠢᠨ ᠨᠠᠵᠠᠭᠠᠶ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠶᠢ ᠬᠢᠨᠠᠮᠠᠭᠠᠶ ᠰᠠᠶᠢᠲᠤᠷ ᠠᠳᠬᠤᠵᠤ᠂ ᠤᠯᠠᠭᠠᠨᠪᠤᠲᠤᠩ ᠦᠵᠡᠮᠵᠢ ᠶᠢᠨ ᠣᠷᠣᠨ ᠤ ᠲᠣᠰᠬᠤᠨ ᠤ ᠠᠷᠠᠳ ᠪᠠ ᠵᠢᠭᠤᠯᠴᠢᠯᠠᠯ ᠤᠨ ᠺᠣᠮᠫᠠᠨᠢ ᠶᠢᠨ ᠬᠤᠭᠤᠷᠣᠨᠳᠣ ᠮᠥᠷᠭᠦᠯᠳᠦᠭᠡᠨ ᠭᠠᠷᠴᠤ᠂ ᠭᠠᠳᠠᠷ ᠣᠷᠣᠨ ᠤ ᠵᠢᠭᠤᠯᠴᠢᠯᠠᠯ ᠤᠨ ᠲᠡᠷᠭᠡ ᠬᠥᠰᠬᠡ ᠳᠣᠯᠣᠨᠨᠠᠭᠤᠷ ᠰᠢᠶᠠᠨ ᠳᠤ ᠨᠤᠲᠤᠭ ᠪᠡᠯᠴᠢᠭᠡᠷ ᠢ ᠵᠣᠷᠢᠭᠤᠳᠠ ᠲᠠᠷᠤᠭᠰᠠᠨ ᠵᠡᠷᠭᠡ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠶ ᠳᠤ ᠨᠢ ᠥᠨᠳᠥᠷ ᠪᠦᠲᠦᠮᠵᠢᠲᠡᠶ ᠰᠢᠢᠳᠪᠦᠷᠢᠯᠡᠭᠡᠳ ᠶᠠᠷᠢᠶ᠎ᠠ ᠬᠡᠯᠡᠯᠴᠡᠭᠡᠨ ᠤ ᠢᠲᠡᠭᠡᠯ ᠵᠥᠪᠰᠢᠶᠡᠯ ᠢ ᠣᠯᠪᠠ᠃ ᠭᠤᠷᠪᠠ ᠳᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠦᠷᠨᠢᠭᠦᠯᠵᠡᠢ᠃ ᠪᠥᠬᠦ ᠨᠠᠮ ᠳᠤ ︽ᠣᠭ ᠰᠠᠨᠠᠭ᠎ᠠ ᠪᠠᠨ ᠥᠯᠥ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠥᠷᠨᠢᠭᠦᠯᠬᠦ ᠲᠤᠬᠠᠶ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢ ᠭᠤᠤᠯ ᠰᠢᠵᠢᠮ ᠢᠶᠠᠨ ᠪᠣᠯᠭᠠᠨ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢ 7 ᠤᠳᠠᠭ᠎ᠠ᠂ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠮᠦᠨ᠎ᠡ ᠬᠤᠶᠢᠨ᠎ᠠ 4 ᠤᠳᠠᠭ᠎ᠠ ᠬᠤᠷᠠᠯᠳᠤᠭᠤᠯᠵᠤ᠂ 170 ᠭᠠᠷᠤᠶ ᠬᠥᠮᠦᠨ ᠤᠳᠠᠭ᠎ᠠ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠤᠷᠤᠯᠴᠠᠭᠰᠠᠨ ᠣᠯᠤᠯᠲᠠ᠂ ᠰᠤᠳᠤᠯᠤᠨ ᠶᠠᠷᠢᠯᠴᠠᠭᠰᠠᠨ ᠮᠠᠲ᠋ᠧᠷᠢᠶᠠᠯ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ 300 ᠭᠠᠷᠤᠶ ᠪᠢᠴᠢᠪᠡ᠂ ᠡᠯ᠎ᠡ ᠲᠥᠷᠥᠯ ᠤᠨ ᠰᠠᠨᠠᠭᠤᠯᠭ᠎ᠠ ᠰᠠᠨᠠᠯ ᠢ 323 ᠴᠤᠭᠯᠠᠭᠤᠯᠵᠤ᠂ 39 ᠲᠤᠰᠬᠠᠶ ᠴᠡᠭᠴᠡᠯᠡᠨ ᠵᠠᠰᠠᠬᠤ ᠲᠥᠰᠦᠯ ᠢ ᠲᠣᠭᠲᠠᠭᠠᠪᠠ᠃ ᠰᠤᠷᠤᠯᠴᠠᠬᠤ ᠪᠠᠷ ᠰᠤᠳᠤᠯᠤᠯᠲᠠ ᠶᠢ ᠠᠬᠢᠭᠤᠯᠵᠤ᠂ ᠰᠤᠳᠤᠯᠬᠤ ᠪᠠᠷ ᠪᠠᠶᠢᠴᠠᠭᠠᠯᠲᠠ ᠶᠢ ᠠᠬᠢᠭᠤᠯᠵᠤ᠂ ᠪᠠᠶᠢᠴᠠᠭᠠᠬᠤ  ᠪᠠᠷ ᠥᠭᠡᠷᠡᠴᠢᠯᠡᠯᠲᠡ ᠶᠢ ᠠᠬᠢᠭᠤᠯᠵᠤ᠂  ᠰᠤᠷᠤᠯᠴᠠᠬᠤ ᠪᠠ ᠬᠢᠬᠦ ᠶᠢ ᠤᠶᠠᠯᠳᠤᠭᠤᠯᠬᠤ᠂ ᠪᠠᠶᠢᠴᠠᠭᠠᠬᠤ ᠪᠠ ᠵᠠᠰᠠᠬᠤ ᠶᠢ ᠨᠡᠪᠲᠡᠷᠡᠭᠦᠯᠵᠦ᠂ ᠤᠨᠤᠯ ᠤᠨ ᠰᠤᠷᠤᠯᠴᠠᠯᠭ᠎ᠠ ᠳᠤ ᠣᠯᠤᠯᠲᠠ ᠲᠠᠢ᠂ ᠦᠵᠡᠯ ᠰᠠᠨᠠᠭ᠎ᠠ ᠤᠯᠤᠰ ᠲᠦᠷᠦ ᠠᠷᠢᠭᠤᠳᠬᠠᠭᠳᠠᠬᠤ᠂ ᠠᠵᠢᠯ ᠬᠢᠵᠦ ᠦᠢᠯᠡᠰ ᠪᠤᠰᠬᠠᠬᠤ ᠳᠤ ᠵᠣᠷᠢᠭᠲᠠᠢ ᠪᠠᠷ ᠬᠠᠷᠢᠭᠤᠴᠠᠯᠭ᠎ᠠ ᠪᠠᠨ ᠡᠭᠦᠷᠭᠡᠯᠡᠬᠦ᠂ ᠠᠷᠠᠳ ᠲᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ᠂ ᠲᠥᠪ ᠭᠤᠣᠯᠴᠢ ᠠᠷᠢᠭᠤᠨ ᠴᠢᠭᠴᠢ ᠬᠡᠪ ᠳᠠᠭᠤᠷᠢᠶᠠᠯ ᠪᠣᠯᠬᠤ ᠬᠠᠷᠠᠯᠲᠠ ᠳᠤ ᠦᠨᠡᠨ ᠬᠦ ᠬᠦᠷᠴᠡᠢ᠃ ᠲᠦᠷᠪᠡ ᠳᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠠᠢ᠃ ᠨᠠᠮ ᠤᠨ ᠠᠵᠢᠯ ᠤᠨ ᠬᠤᠷᠠᠯᠳᠤᠭᠠᠨ ᠢ ᠬᠤᠷᠠᠯᠳᠤᠭᠤᠯᠵᠤ ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠬᠢᠨᠠᠨ ᠰᠢᠯᠭᠠᠬᠤ ᠭᠦᠢᠴᠡᠳᠭᠡᠯ ᠨᠣᠷᠮ᠎ᠠ ᠵᠢᠴᠢ ᠦᠨᠡᠯᠡᠬᠦ ᠠᠷᠭ᠎ᠠ ᠶᠢ ᠲᠡᠭᠦᠯᠳᠡᠷᠵᠢᠭᠦᠯᠪᠡ᠃ ︽ᠨᠠᠮ ᠤᠨ ᠡᠭᠦᠷ ᠤᠨ ᠠᠵᠢᠯ ᠤᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ ᠡᠭᠦᠷ 15 ᠶᠢ ᠵᠣᠬᠢᠶᠠᠨ ᠪᠠᠶᠢᠭᠤᠯᠵᠤ᠂ ᠨᠠᠮ ᠤᠨ ᠡᠭᠦᠷ ᠤᠨ ᠱᠦᠵᠢ᠂ ᠭᠡᠰᠢᠭᠦᠨ ᠢ ᠪᠦᠷᠢᠨ ᠭᠦᠢᠴᠡᠳ ᠲᠣᠬᠢᠷᠠᠭᠤᠯᠵᠤ᠂ ᠰᠢᠨ᠎ᠡ ᠪᠠᠷ ᠲᠣᠮᠢᠯᠠᠭᠳᠠᠭᠰᠠᠨ ᠨᠠᠮ ᠤᠨ ᠡᠭᠦᠷ ᠤᠨ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ ᠢ ᠵᠣᠬᠢᠶᠠᠨ ᠪᠠᠶᠢᠭᠤᠯᠤᠨ ᠲᠤᠰᠬᠠᠶ ᠰᠡᠳᠦᠪᠲᠦ ᠲᠠᠳᠬᠠᠯᠵᠢᠭᠤᠯᠤᠯ ᠪᠣᠯᠪᠠᠰᠤᠷᠠᠭᠤᠯᠤᠯ ᠬᠢᠪᠡ᠃ ᠨᠠᠮ ᠤᠨ ᠡᠭᠦᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ  ᠪᠡᠶᠡᠯᠡᠭᠦᠯᠵᠦ᠂ ︽ᠭᠤᠷᠪᠠᠨ ᠬᠤᠷᠠᠯ ᠨᠢᠭᠡ ᠬᠢᠴᠢᠶᠡᠯ ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠨᠠᠮ ᠤᠨ ᠲᠤᠭ ᠢ ᠭᠢᠯᠠᠯᠵᠠᠭᠤᠯᠵᠤ · ᠡᠯᠡᠰᠦᠨ ᠴᠥᠯ ᠢ ᠦᠡᠭᠭᠡᠯᠡᠬᠦ︾ ᠠᠯᠪᠠᠨ ᠵᠢᠷᠤᠮ ᠤᠨ ᠮᠣᠳᠣ ᠳᠠᠷᠢᠬᠤ ᠬᠦᠳᠡᠯᠭᠡᠭᠡᠨ ᠵᠡᠷᠭᠡ ᠠᠯᠢ ᠣᠯᠠᠨ ᠠᠭᠤᠯᠭ᠎ᠠ ᠪᠠᠶᠠᠯᠢᠭ᠂ ᠠᠷᠪᠢᠨ ᠬᠡᠯᠪᠡᠷᠢ ᠶᠢᠨ ᠨᠠᠮ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠶᠢ ᠦᠷᠨᠢᠭᠦᠯᠪᠡ᠃ ︽ᠲᠤᠯᠤᠭᠠᠨ ᠰᠠᠷ᠎ᠠ ᠶᠢᠨ ᠨᠢᠭᠡᠨ︾ ᠤ ᠬᠤᠭᠤᠴᠠᠭᠠᠨ ᠳᠤ᠂ 2018 — 2019 ᠣᠨ ᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠ ᠰᠢᠯᠢᠳᠡᠭ ᠠᠮᠵᠢᠯᠲᠠ ᠣᠯᠤᠭᠰᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠡᠪ ᠬᠠᠮᠲᠤ ᠨᠠᠮ ᠤᠨ ᠭᠡᠰᠢᠭᠦᠨ ᠢ ᠶᠡᠭᠡ ᠪᠠᠷ ᠬᠥᠬᠢᠭᠦᠯᠦᠨ ᠰᠠᠶᠢᠰᠢᠶᠠᠪᠠ᠃ ᠥᠪᠥᠷ ᠮᠣᠩᠭᠤᠯ ᠤᠨ ᠮᠦᠽᠧᠢ᠂ ᠥᠪᠥᠷ ᠮᠣᠩᠭᠤᠯ ᠤᠨ ᠨᠣᠮ ᠤᠨ ᠰᠠᠩ ᠵᠡᠷᠭᠡ 2 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ 4 ᠡᠪ ᠬᠠᠮᠲᠤ ᠨᠠᠮ ᠤᠨ ᠭᠡᠰᠢᠭᠦᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠬᠥᠬᠢᠭᠦᠯᠦᠯ ᠢ ᠣᠯᠵᠠᠢ᠃ ᠡᠪ ᠬᠠᠮᠲᠤ ᠵᠠᠯᠠᠭᠤᠴᠤᠳ ᠤᠨ ᠡᠪᠯᠡᠯ᠂ ᠠᠵᠢᠯᠴᠢᠨ ᠤ ᠡᠪᠯᠡᠯ ᠤᠨ ᠠᠵᠢᠯ ᠴᠢᠩᠭᠠᠷᠠᠪᠠ᠃ ᠲᠠᠪᠤ ᠳᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠠᠵᠢᠯ ᠢ ᠭᠦᠨᠵᠡᠭᠡᠶ ᠥᠷᠨᠢᠭᠦᠯᠪᠡ᠃ ᠨᠠᠮ ᠤᠨ ᠰᠤᠷᠲᠠᠯ ᠪᠠ ᠠᠷᠢᠭᠤᠨ ᠴᠢᠭᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠢ ᠬᠤᠷᠠᠯᠳᠤᠭᠤᠯᠪᠠ᠃ ︽ᠲᠦᠷᠪᠡᠨ ᠨᠣᠶᠠᠨ︾ ᠤ ᠠᠰᠠᠭᠤᠳᠠᠯ ᠪᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠵᠤ᠂ ᠪᠠᠶᠢᠭᠤᠯᠭ᠎ᠠ ᠶᠢᠨ ᠤᠯᠤᠰ ᠲᠦᠷᠦ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢ ᠭᠦᠨᠵᠡᠭᠡᠶ ᠦᠷᠨᠢᠭᠦᠯᠦᠭᠡᠳ ᠨᠡᠶᠢᠳᠡ 1000 ᠭᠠᠷᠤᠶ ︽ᠳᠦᠷᠪᠡᠨ ᠨᠣᠶᠠᠨ︾ ᠤ ᠠᠰᠠᠭᠤᠳᠠᠯ ᠢ ᠪᠠᠶᠢᠴᠠᠭᠠᠨ ᠡᠷᠢᠵᠦ᠂ ᠰᠢᠯᠲᠠᠭᠠᠨ ᠢ ᠭᠦᠨᠵᠡᠭᠡᠶ ᠵᠠᠳᠠᠯᠤᠨ ᠰᠢᠨᠵᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠤᠰ ᠲᠤᠰ ᠲᠣᠭᠲᠠᠭᠠᠪᠠ᠃ ᠠᠷᠠᠳ ᠤᠨ ᠠᠮᠢᠳᠤᠷᠠᠯ ᠤᠨ ᠬᠦᠷᠢᠶᠡᠨ ᠳᠤ ᠬᠢ ᠠᠰᠠᠭᠤᠳᠠᠯ᠂ ︽ᠪᠤᠯᠬᠢ ᠭᠦᠨ ᠤᠬᠠᠭᠠᠨ᠂ ᠪᠦᠯᠦᠭᠯᠡᠬᠦ ᠰᠣᠶᠤᠯ︾ ᠤᠨ ᠠᠰᠠᠭᠤᠳᠠᠯ᠂ ᠤᠯᠠᠨ ᠲᠦᠮᠡᠨ ᠤ ᠠᠰᠢᠭ ᠲᠤᠰᠠ ᠶᠢ ᠬᠠᠶᠢᠬᠤᠷᠬᠤ ᠦᠭᠡᠢ ᠬᠤᠬᠢᠷᠠᠭᠤᠯᠤᠭᠰᠠᠨ ᠠᠰᠠᠭᠤᠳᠠᠯ᠂ ᠤᠳᠤᠷᠢᠳᠬᠤ ᠺᠠᠳ᠋ᠷᠴᠤᠳ ᠬᠤᠪᠣᠷ ᠨᠠᠨᠳᠢᠨ ᠣᠨᠴᠠ ᠭᠠᠷᠤᠯᠲᠠ ᠣᠨᠴᠠᠭᠠᠢ ᠡᠬᠢ ᠪᠠᠶᠠᠯᠢᠭ ᠢ ᠠᠰᠢᠭᠯᠠᠨ ᠬᠤᠪᠢ ᠶᠢᠨ ᠠᠰᠢᠭ ᠣᠯᠭᠤᠬᠤ ᠠᠰᠠᠭᠤᠳᠠᠯ ᠵᠡᠷᠭᠡ ᠰᠢᠷᠢᠰ ᠲᠤᠰᠬᠠᠶ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠤᠨ ᠦᠷᠨᠢᠭᠦᠯᠦᠭᠰᠡᠨ ᠪᠥᠭᠡᠳ ᠠᠰᠠᠭᠤᠳᠠᠯ ᠢ ᠢᠯᠡᠷᠡᠭᠦᠯᠬᠦ ᠳᠤ ᠴᠢᠭᠯᠡᠭᠦᠯᠦᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠢᠪᠡ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ᠂ ︽ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠠᠶᠤᠯ ᠲᠦᠭᠰᠢᠭᠦᠷᠢᠲᠦ ᠥᠷᠢᠰᠥᠯᠳᠦᠭᠡᠨ ᠢ ᠰᠡᠷᠭᠡᠶᠢᠯᠡᠬᠦ︾᠂ ︽ᠪᠣᠯᠬᠢ ᠭᠦᠨ ᠤᠬᠠᠭᠠᠨ᠂ ᠪᠦᠯᠦᠭᠯᠡᠬᠦ ᠰᠣᠶᠣᠯ ︾ ᠵᠡᠷᠭᠡ ᠶᠢᠨ ᠲᠣᠭᠤᠷᠢᠨ ᠳᠤ ᠠᠯᠢ ᠣᠯᠠᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠪᠡ᠃      ︵ᠬᠤᠶᠠᠷ︶ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠃ ᠨᠢᠭᠡ ᠳᠤ᠂ ᠺᠠᠳ᠋ᠷ ᠤᠨ ᠠᠵᠢᠯ ᠢ ᠴᠢᠩᠭᠠᠳᠬᠠᠪᠠ᠃ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠲᠢᠩᠬᠢᠮ ᠤᠨ ᠪᠠᠶᠢᠭᠤᠯᠭ᠎ᠠ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠺᠠᠳ᠋ᠷ ᠲᠤ ᠲᠤᠬᠢᠷᠠᠭᠤᠯᠤᠯᠳᠠ ᠬᠢᠵᠦ  ᠪᠠᠶᠢᠷᠢᠯᠠᠭᠤᠯᠪᠠ᠃ ︽ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠳᠡᠰ ᠢ ᠵᠡᠷᠭᠡ ᠪᠠᠷ ᠶᠠᠪᠤᠭᠤᠯᠬᠤ ᠲᠣᠭᠲᠠᠭᠠᠯ︾ ᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠠᠯᠪᠠᠲᠠᠨ ᠤ ᠲᠤᠰᠢᠶᠠᠯ ᠤᠨ ᠳᠡᠰ ᠢ ᠢᠵᠢ ᠪᠦᠷᠢᠳᠦᠭᠦᠯᠦᠨ ᠰᠢᠯᠵᠢᠭᠦᠯᠬᠦ ᠪᠠ ᠳᠡᠰ ᠳᠡᠪᠰᠢᠭᠦᠯᠪᠡ᠃ ᠲᠢᠩᠬᠢᠮ ᠤᠨ ᠪᠠᠶᠢᠭᠤᠯᠭ᠎ᠠ ᠶᠢᠨ ᠭᠠᠵᠠᠷ ᠤᠨ ᠲᠡᠰ ᠤᠨ ᠺᠠᠳ᠋ᠷ ᠤᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠢ ᠳᠠᠬᠢᠨ ᠬᠢᠨᠠᠨ ᠬᠠᠷᠭᠤᠭᠤᠯᠵᠤ᠂ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠰᠠᠯᠠᠭᠠᠨ ᠤ ᠲᠡᠰ ᠤᠨ ᠲᠤᠰᠢᠶᠠᠯ ᠤᠨ ᠲᠤᠭ᠎ᠠ ᠪᠠ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠢ ᠳᠦᠷᠢᠮᠵᠢᠭᠦᠯᠪᠡ᠃ ᠬᠤᠶᠠᠷ ᠲᠤ᠂ ᠴᠢᠳᠠᠪᠤᠷᠢᠲᠠᠨ ᠤ ᠠᠵᠢᠯ ᠢ ᠰᠠᠶᠢᠲᠤᠷ ᠬᠢᠵᠠᠢ᠃ ᠶᠡᠭᠡ ᠳᠡᠭᠡᠳᠦ ᠰᠤᠷᠭᠠᠭᠤᠯᠢ᠂ ᠪᠣᠯᠪᠠᠰᠤᠷᠠᠭᠤᠯᠤᠯ ᠤᠨ ᠪᠠᠶᠢᠭᠤᠯᠤᠮᠵᠢ ᠲᠠᠢ ᠬᠠᠮᠲᠤᠷᠠᠯᠴᠠᠵᠤ᠂ ︽ᠭᠠᠳᠠᠭᠰᠢ ᠬᠦᠷᠭᠡᠬᠦ︾᠂ ︽ᠤᠷᠢᠵᠤ ᠣᠷᠣᠭᠤᠯᠬᠤ ︾ ᠪᠠ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷ᠎ᠠ ᠬᠤᠪᠢᠶᠠᠨ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ  ᠢ ᠪᠣᠯᠪᠠᠰᠤᠷᠠᠭᠤᠯᠵᠠᠢ᠂ ᠨᠡᠶᠢᠲᠡ 51 ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠠᠩᠭᠢ ᠶᠢ 4700 ᠭᠠᠷᠤᠶ ᠬᠥᠮᠦᠨ ᠤᠳᠠᠭ᠎ᠠ ᠡᠷᠭᠢᠯᠡᠵᠦ᠂ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠣᠨᠣᠯ ᠤᠨ ᠬᠢᠷᠢ ᠬᠡᠮᠵᠢᠶ᠎ᠡ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃ 2019 ᠣᠨ ᠤ ᠪᠥᠬᠦ ᠣᠷᠣᠨ ᠤ ᠤᠷᠠᠯᠢᠭ᠂ ᠨᠣᠮ ᠪᠢᠴᠢᠭ᠂ ᠣᠯᠠᠨ ᠲᠦᠮᠡᠨᠴᠢ ᠰᠣᠶᠤᠯ ᠤᠷᠠᠯᠢᠭ᠂ ᠰᠣᠶᠣᠯ ᠦᠵᠡᠰᠬᠦᠯᠡᠩ ᠤᠨ ᠰᠢᠷᠢᠰ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠵᠤ ᠠᠵᠢᠯ ᠤᠨ ᠪᠠᠶᠢᠷᠢᠨ ᠳᠤ ᠡᠯᠰᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠭᠤᠷᠪᠠ ᠳᠤ᠂ ᠺᠠᠳ᠋ᠷ ᠤᠨ ᠬᠠᠮᠢᠶᠠᠷᠤᠯᠲᠠ ᠶᠢ ᠴᠢᠩᠭᠠᠳᠬᠠᠵᠠᠢ᠃ ᠤᠳᠤᠷᠢᠳᠬᠤ ᠺᠠᠳ᠋ᠷ ᠤᠨ ᠬᠤᠪᠢ ᠬᠥᠮᠦᠨ ᠤ ᠤᠴᠢᠷ ᠶᠠᠪᠤᠳᠠᠯ ᠢᠶᠠᠨ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠬᠢᠨ ᠨᠢ ᠤᠳᠤᠷᠢᠳᠬᠤ ᠺᠠᠳ᠋ᠷ ᠤᠨ ᠬᠤᠪᠢ ᠬᠥᠮᠦᠨ ᠤ ᠤᠴᠢᠷ ᠶᠠᠪᠤᠳᠠᠯ ᠢᠶᠠᠨ ᠮᠡᠳᠡᠭᠦᠯᠦᠭᠰᠡᠨ ᠪᠠᠶᠢᠳᠠᠯ ᠢ ᠵᠣᠬᠢᠶᠠᠨ ᠪᠠᠶᠢᠭᠤᠯᠤᠯᠲᠠ ᠲᠠᠢ ᠪᠠᠷ ᠪᠠᠶᠢᠴᠠᠭᠠᠨ ᠬᠠᠷᠭᠤᠭᠤᠯᠵᠤ᠂ ᠱᠠᠭᠠᠷᠳᠠᠯᠭ᠎ᠠ ᠶᠣᠰᠣᠭᠠᠷ ᠬᠤᠪᠢ ᠬᠥᠮᠦᠨ ᠤ ᠤᠴᠢᠷ ᠶᠠᠪᠤᠳᠠᠯ ᠢᠶᠠᠨ ᠡᠰᠡ ᠮᠡᠳᠡᠭᠦᠯᠦᠭᠰᠡᠨ ᠺᠠᠳ᠋ᠷ ᠲᠠᠢ ᠪᠣᠯᠵᠣᠨ ᠶᠠᠷᠢᠯᠴᠠᠬᠤ᠂ ᠰᠡᠷᠡᠮᠵᠢᠯᠡᠭᠦᠯᠦᠨ ᠢᠳᠬᠠᠬᠤ ᠵᠡᠷᠭᠡ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠯᠲᠡ ᠥᠭᠪᠡ᠃ ᠪᠠᠶᠢᠭᠤᠯᠭ᠎ᠠ ᠶᠢᠨ ᠭᠠᠵᠠᠷ ᠬᠡᠯᠳᠡᠰ ᠤᠨ ᠬᠢᠨᠠᠨ ᠰᠢᠯᠭᠠᠬᠤ ᠠᠷᠭ᠎ᠠ ᠶᠢ ᠲᠣᠭᠲᠠᠭᠠᠵᠤ᠂ ᠰᠢᠭᠤᠳ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠬᠢᠨ ᠢ ᠬᠢᠨᠠᠨ ᠰᠢᠯᠭᠠᠬᠤ ᠶᠢ ᠬᠡᠷᠡᠭᠵᠢᠭᠦᠯᠬᠦ ᠲᠥᠰᠦᠯ ᠢ ᠲᠡᠭᠦᠯᠳᠡᠷᠵᠢᠭᠦᠯᠵᠦ᠂ ᠺᠠᠳ᠋ᠷ ᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠳᠥᠷᠪᠡ ᠳᠤ᠂ ᠠᠮᠠᠷᠠᠯᠲᠠ ᠪᠠᠷ ᠳᠠᠷᠬᠠᠯᠠᠭᠳᠠᠭᠰᠠᠳ ᠪᠠ ᠠᠵᠢᠯ ᠠᠴᠠ ᠪᠠᠨ ᠠᠮᠠᠷᠠᠭᠰᠠᠳ ᠤᠨ ᠠᠵᠢᠯ ᠢ ᠰᠠᠶᠢᠲᠤᠷ ᠬᠢᠵᠠᠢ᠃ ᠠᠮᠠᠷᠠᠯᠲᠠ ᠪᠠᠷ  ᠳᠠᠷᠬᠠᠯᠠᠭᠳᠠᠭᠰᠠᠳ ᠪᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠤᠯᠤᠰ ᠲᠦᠷᠦ ᠶᠢᠨ ᠬᠠᠷᠠᠭᠠᠯᠵᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠠᠷᠠᠯᠲᠠ ᠪᠠᠷ ᠳᠠᠷᠬᠠᠯᠠᠭᠳᠠᠭᠰᠠᠳ ᠪᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠨᠠᠮ ᠤᠨ ᠰᠣᠨᠢᠨ ᠰᠡᠳᠬᠦᠯ ᠵᠠᠬᠢᠶᠠᠯᠠᠨ ᠥᠭᠴᠦ᠂ ᠤᠯᠤᠰ ᠲᠦᠷᠦ ᠶᠢᠨ  ᠰᠤᠷᠤᠯᠴᠠᠯᠭ᠎ᠠ ᠶᠢᠨ ᠮᠠᠲ᠋ᠧᠷᠢᠶᠠᠯ  ᠢ ᠲᠠᠷᠬᠠᠭᠠᠵᠤ ᠦᠭᠭᠦᠨ᠂ ᠠᠮᠠᠷᠠᠯᠲᠠ ᠪᠠᠷ ᠳᠠᠷᠬᠠᠯᠠᠭᠳᠠᠭᠰᠠᠳ ᠪᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠰᠤᠪᠢᠯᠠᠯᠲᠠ ᠶᠢᠨ ᠵᠠᠷᠤᠳᠠᠯ ᠤᠨ ᠪᠠᠷᠢᠮᠵᠢᠶ᠎ᠠ ᠬᠢᠭᠡᠳ ᠡᠮ ᠡᠮᠨᠡᠯᠭᠡ ᠶᠢᠨ ᠬᠠᠷᠠᠭᠠᠯᠵᠠᠯ ᠢ ᠳᠡᠭᠡᠭᠰᠢᠯᠡᠭᠦᠯᠪᠡ᠃ ᠠᠭᠤᠯᠭ᠎ᠠ ᠪᠠᠶᠠᠯᠢᠭ᠂ ᠬᠡᠯᠪᠡᠷᠢ ᠠᠷᠪᠢᠨ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠠᠷᠠᠯᠲᠠ ᠪᠠᠷ ᠳᠠᠷᠬᠠᠯᠠᠭᠳᠠᠭᠰᠠᠳ ᠪᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ ᠪᠡᠶ᠎ᠡ ᠶᠢᠨ ᠪᠠᠶᠢᠴᠠᠭᠠᠯᠲᠠ ᠶᠢᠨ ᠺᠠᠷᠲ ᠵᠣᠬᠢᠶᠠᠵᠤ᠂ ᠨᠠᠮ ᠤᠨ ᠬᠠᠶᠢᠷ᠎ᠠ ᠬᠠᠯᠠᠮᠵᠢ ᠶᠢ ᠠᠬᠠᠮᠠᠳ ᠺᠠᠳ᠋ᠷᠴᠤᠳ ᠤᠨ ᠭᠠᠷ ᠲᠤ ᠴᠠᠭ ᠳᠠᠷᠤᠢ ᠳᠤ ᠨᠢ ᠬᠦᠷᠭᠡᠵᠡᠶ᠃      ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ᠃ ᠨᠢᠭᠡ ᠳᠤ᠂ ᠪᠠᠶᠢᠭᠤᠯᠭ᠎ᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠲᠥᠪ ᠤᠨ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠢᠯ ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠶ ᠵᠦᠢᠯ ᠤᠨ ᠲᠣᠭᠲᠠᠴᠠ ᠶᠢ ᠪᠠᠶᠢᠭᠤᠯᠵᠤ᠂ ᠪᠢᠴᠢᠭ ᠮᠠᠲ᠋ᠧᠷᠢᠶᠠᠯ ᠢ ᠶᠡᠭᠡ ᠪᠠᠷ ᠴᠣᠮᠬᠠᠳᠬᠠᠵᠤ᠂ ᠪᠠᠶᠢᠴᠠᠭᠠᠨ ᠰᠤᠳᠤᠯᠤᠯᠲᠠ ᠪᠠᠨ ᠰᠠᠶᠢᠵᠢᠷᠠᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠶᠢ ᠳᠦᠷᠢᠮᠵᠢᠭᠦᠯᠵᠦ᠂ ᠵᠢᠯ ᠤᠨ ᠳᠠᠷᠤᠭᠠᠰᠤ ᠶᠢ ᠬᠥᠩᠭᠡᠷᠡᠭᠦᠯᠬᠦ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ︽ᠦᠨᠡᠨᠴᠢ ᠰᠢᠳᠤᠷᠭᠤ ᠪᠠᠷ ᠰᠤᠷᠤᠯᠴᠠᠵᠤ ᠰᠢᠷᠭᠠᠭᠤ ᠰᠤᠳᠤᠯᠬᠤ᠂ ᠲᠦᠷᠭᠡᠨ ᠣᠨᠣᠪᠴᠢᠲᠠᠶ ᠨᠠᠷᠢᠨ ᠪᠣᠳᠠᠲᠠᠶ ᠪᠠᠶᠢᠬᠤ︾ ᠰᠤᠷᠲᠠᠯ ᠢ ᠶᠡᠭᠡ ᠪᠠᠷ ᠰᠠᠨᠠᠭᠠᠴᠢᠯᠠᠵᠤ᠂ ᠪᠠᠶᠢᠭᠤᠯᠭ᠎ᠠ ᠳᠤ ︽ᠶᠠᠪᠤᠳᠠᠯ ᠪᠦᠬᠦᠨ ᠢ ᠳᠠᠷᠦ᠋ᠢᠬᠠᠨ ᠭᠦᠢᠴᠡᠳᠭᠡᠬᠦ᠂ ᠬᠦᠮᠦᠨ ᠪᠦᠬᠦᠨ ᠬᠠᠳᠠᠭᠠᠰᠤ ᠬᠠᠳᠠᠬᠤ᠂ ᠨᠢᠭᠡ ᠪᠣᠯᠭᠠᠨ ᠵᠣᠷᠢᠭᠲᠠᠶ ᠡᠭᠦᠷᠭᠡᠯᠡᠬᠦ︾ ᠠᠵᠢᠯ ᠤᠨ ᠠᠭᠤᠷ ᠠᠮᠢᠰᠬᠤᠯ ᠢ ᠢᠳᠡᠪᠬᠢᠲᠡᠶ ᠪᠦᠷᠢᠯᠳᠦᠭᠦᠯᠵᠦ᠂ ᠪᠠᠶᠢᠭᠤᠯᠭ᠎ᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠤᠶᠠᠷ ᠲᠤ᠂ ᠳᠦᠷᠢᠮ ᠲᠣᠭᠲᠠᠭᠠᠯ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠡᠢ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠲᠦᠷᠢᠮ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ ᠲᠠᠰ ᠳᠠᠷᠠᠭᠠᠯᠠᠯ︾᠂ ︽ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾᠂ ︽ᠭᠡᠷ᠎ᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ  ᠲᠣᠭᠲᠠᠭᠠᠵᠤ᠂ ︽ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ︾ ᠪᠠ ︽ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ︿ᠭᠤᠷᠪᠠᠨ ᠴᠢᠬᠤᠯᠠ ᠨᠢᠭᠡ ᠶᠡᠭᠡ﹀ ᠬᠡᠷᠡᠭ ᠶᠠᠪᠤᠳᠠᠯ ᠳᠤ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ︾ ᠵᠡᠷᠭᠡ ᠪᠠᠶᠢᠭᠤᠯᠭ᠎ᠠ ᠶᠢᠨ ᠠᠵᠢᠯ ᠤᠨ ᠲᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠭᠤᠷᠪᠠ ᠳᠤ᠂ ᠡᠳ᠋ ᠤᠨ ᠶᠠᠪᠤᠳᠠᠯ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠠᠢ᠃ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠲᠥᠷᠥᠯ ᠵᠦᠢᠯ ᠳᠤ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ᠂ ᠳᠤᠮᠳᠠᠬᠢ ᠬᠤᠭᠤᠴᠠᠭᠠᠨ ᠤ ᠬᠢᠨᠠᠨ ᠡᠵᠡᠮᠳᠡᠬᠦ ᠪᠠ ᠰᠡᠭᠦᠯᠴᠢ ᠶᠢᠨ ᠬᠤᠭᠤᠴᠠᠭᠠᠨ ᠤ ᠥᠪᠡᠰᠦᠪᠡᠨ ᠦᠨᠡᠯᠡᠬᠦ ᠠᠵᠢᠯ ᠢ ᠦᠷᠨᠢᠭᠦᠯᠪᠡ᠃ ᠵᠣᠬᠢᠶᠠᠨ ᠪᠠᠶᠢᠭᠤᠯᠤᠯᠲᠠ ᠰᠢᠭᠤᠳ ᠬᠠᠷᠢᠶ᠎ᠠ ᠨᠢᠭᠡᠴᠢ ᠶᠢᠨ ᠠᠵᠤ ᠠᠬᠤᠢ ᠶᠢᠨ ᠬᠠᠷᠢᠭᠤᠴᠠᠯᠭ᠎ᠠ ᠳᠤ ᠳᠣᠲᠣᠭᠠᠳᠤ ᠶᠢᠨ ᠬᠢᠨᠠᠨ ᠪᠣᠳᠣᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠲᠠᠢ ᠬᠠᠮᠵᠢᠯᠴᠠᠨ 2018 ᠣᠨ ᠤ ᠰᠠᠯᠠᠭ᠎ᠠ ᠮᠥᠴᠢᠷ ᠤᠨ ᠵᠠᠷᠤᠳᠠᠯ ᠤᠨ ᠲᠥᠰᠦᠪ ᠢ ᠭᠦᠢᠴᠡᠳᠭᠡᠭᠰᠡᠨ ᠪᠠᠶᠢᠳᠠᠯ ᠤᠨ ᠬᠢᠨᠠᠨ ᠪᠤᠳᠤᠯᠲᠠ ᠶᠢ ᠪᠡᠶᠡᠯᠡᠭᠦᠯᠵᠦ᠂ ᠲᠢᠩᠬᠢᠮ ᠤᠨ ᠪᠠᠶᠢᠭᠤᠯᠭ᠎ᠠ ᠶᠢᠨ ︽ᠠᠯᠪᠠᠨ ᠤ ᠭᠤᠷᠪᠠᠨ ᠵᠠᠷᠤᠳᠠᠯ︾ ᠪᠠ ᠬᠤᠷᠠᠯ ᠪᠣᠯᠪᠠᠰᠤᠷᠠᠭᠤᠯᠤᠯ ᠤᠨ ᠵᠠᠷᠤᠳᠠᠯ ᠤᠨ ᠲᠤᠰᠬᠠᠶ ᠬᠢᠨᠠᠨ ᠪᠣᠳᠤᠯᠲᠠ ᠶᠢ ᠪᠡᠶᠡᠯᠡᠭᠦᠯᠵᠡᠢ᠃ ᠰᠣᠶᠣᠯ ᠪᠠ ᠵᠢᠭᠤᠯᠴᠢᠯᠠᠯ ᠤᠨ ᠲᠢᠩᠬᠢᠮ ᠢ ᠪᠠᠶᠢᠭᠤᠯᠤᠭᠰᠠᠨ ᠤ ᠳᠠᠷᠠᠭᠠᠬᠢ ᠪᠠᠶᠢᠭᠤᠯᠭ᠎ᠠ ᠶᠢᠨ ᠡᠳ᠋ ᠤᠨ ᠶᠠᠪᠤᠳᠠᠯ᠂  ᠡᠳ᠋ ᠬᠥᠷᠥᠩᠭᠡ ᠶᠢ ᠳᠠᠩᠰᠠ ᠨᠡᠶᠢᠯᠡᠭᠦᠯᠬᠦ ᠠᠵᠢᠯ ᠢ ᠠᠮᠵᠢᠯᠲᠠ ᠲᠠᠢ ᠪᠡᠶᠡᠯᠡᠭᠦᠯᠪᠡ᠃ ᠳᠥᠷᠪᠡ ᠳᠤ᠂ ᠪᠦᠷᠢᠳᠬᠡᠨ ᠵᠠᠳᠠᠯᠬᠤ ᠠᠵᠢᠯ ᠢ ᠰᠠᠶᠢᠲᠤᠷ ᠬᠢᠵᠠᠢ᠃ ᠡᠩ ᠤᠨ ᠵᠢᠭᠤᠯᠴᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠵᠦ᠂ ᠰᠠᠷ᠎ᠠ᠂ ᠤᠯᠠᠷᠢᠯ᠂ ᠵᠢᠯ ᠤᠨ ᠤᠯᠤᠰ ᠤᠨ ᠳᠣᠲᠤᠭᠠᠳᠤ ᠶᠢᠨ ᠵᠢᠭᠤᠯᠴᠢᠯᠠᠯ ᠤᠨ ᠦᠯᠢᠭᠡᠷ ᠠᠪᠴᠤ ᠪᠠᠶᠢᠴᠠᠭᠠᠯᠲᠠ ᠬᠢᠬᠦ᠂ ᠬᠥᠳᠡᠭᠡ ᠲᠣᠰᠬᠤᠨ ᠤ ᠵᠢᠭᠤᠯᠴᠢᠯᠠᠯ᠂ ᠦᠪᠡᠷ ᠢᠶᠠᠨ ᠮᠠᠰᠢᠨ ᠵᠢᠯᠣᠭᠤᠳᠴᠤ ᠵᠢᠭᠤᠯᠴᠢᠯᠠᠬᠤ ᠪᠠ ᠭᠠᠳᠠᠭᠰᠢ ᠭᠠᠷᠴᠤ ᠵᠢᠭᠤᠯᠴᠢᠯᠠᠬᠤ ᠬᠦᠰᠡᠯ ᠤᠨ ᠲᠤᠰᠬᠠᠶ ᠵᠦᠢᠯ ᠤᠨ ᠪᠠᠶᠢᠴᠠᠭᠠᠯᠲᠠ᠂ ᠬᠤᠨᠤᠭ ᠪᠠᠭᠤᠳᠠᠯ ᠤᠨ ᠦᠢᠯᠡᠰ ᠵᠢᠴᠢ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠷᠨᠢᠭᠦᠯᠪᠡ᠃ ᠨᠢᠭᠡ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠠᠶᠢᠴᠠᠭᠠᠯᠲᠠ ᠪᠠ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠪᠡ᠃ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠵᠦ᠂ ᠪᠦᠬᠦ ᠣᠷᠣᠨ ᠤ ︽ᠭᠤᠷᠪᠠᠨ ᠣᠷᠳᠣᠨ︾ ᠤ ᠪᠦᠲᠦᠭᠡᠨ ᠪᠠᠶᠢᠭᠤᠯᠤᠯᠲᠠ ᠶᠢᠨ ᠤᠯᠠᠷᠢᠯ ᠤᠨ ᠮᠡᠳᠡᠭᠦᠯᠦᠯᠲᠡ ᠶᠢᠨ ᠠᠵᠢᠯ ᠢ ᠪᠡᠶᠡᠯᠡᠭᠦᠯᠪᠡ᠃ ᠲᠠᠪᠤ ᠳᠤ᠂ ᠠᠮᠤᠷ ᠲᠦᠪᠰᠢᠨ ᠦᠢᠯᠡᠳᠪᠦᠷᠢᠯᠡᠯ ᠤᠨ ᠪᠠᠶᠢᠴᠠᠭᠠᠯᠲᠠ ᠶᠢ ᠴᠢᠩᠳᠠᠯᠠᠵᠠᠢ᠃ ︽ᠤᠳᠤᠷᠢᠳᠬᠤ ᠺᠠᠳ᠋ᠷᠴᠤᠳ ᠤᠨ ᠠᠮᠤᠷ ᠲᠦᠪᠰᠢᠨ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠵᠤ᠂ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠮᠡᠳᠡᠭᠦᠯᠬᠦ᠂ ᠶᠡᠭᠡ ᠪᠠᠶᠠᠷ ᠢ ᠤᠭᠲᠤᠬᠤ︾ ᠭᠠᠯ ᠰᠡᠷᠭᠡᠶᠢᠯᠡᠬᠦ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠣᠶᠣᠯ ᠤᠨ ᠲᠣᠮᠣ ᠠᠰᠠᠷ᠂ ᠺᠢᠨᠣ᠋ ᠲᠢᠶᠠᠲᠷ᠂ ᠮᠦᠽᠧᠶ᠂ ᠨᠣᠮ ᠤᠨ ᠰᠠᠩ᠂ ᠦᠵᠡᠰᠬᠦᠯᠡᠩ ᠤᠨ ᠣᠷᠳᠣᠨ᠂ ᠰᠣᠶᠣᠯ ᠤᠨ ᠣᠷᠳᠣᠨ ᠵᠡᠷᠭᠡ ᠲᠠᠯᠠᠪᠤᠷ ᠲᠤ ᠠᠮᠤᠷ ᠲᠦᠪᠰᠢᠨ ᠦᠢᠯᠡᠳᠪᠦᠷᠢᠯᠡᠯ᠂ ᠭᠠᠯ ᠰᠡᠷᠭᠡᠶᠢᠯᠡᠬᠦ ᠠᠮᠤᠷ ᠲᠦᠪᠰᠢᠨ᠂ ᠠᠶᠤᠯᠲᠠᠶ ᠬᠢᠮᠢ ᠶᠢᠨ ᠪᠣᠳᠠᠰ ᠤᠨ ᠠᠶᠤᠯ ᠦᠭᠡᠢ ᠶᠡᠭᠡ ᠪᠠᠶᠢᠴᠠᠭᠠᠯᠲᠠ ᠪᠠ ︽ᠡᠷᠭᠢᠵᠦ ᠬᠠᠷᠠᠬᠤ︾ ᠠᠵᠢᠯ ᠢ ᠥᠷᠨᠢᠭᠦᠯᠵᠦ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠪᠠ᠃ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠢ ᠬᠤᠷᠠᠯᠳᠤᠭᠤᠯᠪᠠ᠃      2019 ᠣᠨ ᠠᠴᠠ ᠨᠠᠭᠠᠰᠢᠬᠢ ᠰᠣᠶᠣᠯ ᠪᠠ ᠵᠢᠭᠤᠯᠴᠢᠯᠠᠯ ᠤᠨ ᠠᠵᠢᠯ ᠢ ᠡᠷᠭᠢᠴᠡᠭᠦᠯᠦᠨ ᠳ᠋ᠦᠡᠭᠨᠡᠪᠡᠯ᠂ ᠬᠡᠳᠦ᠋ᠢᠪᠡᠷ ᠡᠯ᠎ᠡ ᠲᠠᠯ᠎ᠠ ᠳᠤ ᠴᠥᠮ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠤᠭᠰᠠᠨ ᠪᠣᠯᠪᠠᠴᠤ ᠬᠥᠭᠵᠢᠯᠲᠡ ᠶᠢᠨ ᠲᠡᠩᠴᠡᠭᠦᠷᠢ ᠦᠭᠡᠢ᠂ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢ ᠪᠠᠰᠠ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ︔ ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠢᠨ᠎ᠡ ᠶᠢ ᠡᠭᠦᠳᠬᠦ ᠡᠷᠴᠢᠮ ᠬᠦᠷᠦᠯᠴᠡᠬᠦ ᠦᠭᠡᠢ᠂ ᠦᠨᠳᠦᠷᠴᠡ ᠲᠠᠢ ᠠᠪᠠᠴᠤ ᠤᠷᠬᠢᠯ ᠳᠤᠲᠠᠵᠤ ᠪᠠᠶᠢᠭ᠎ᠠ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ︔ ᠴᠢᠨᠠᠷ ᠰᠠᠶᠢᠲᠠᠶ ᠵᠢᠭᠤᠯᠴᠢᠯᠠᠯ ᠤᠨ ᠬᠠᠩᠭᠠᠯᠭ᠎ᠠ ᠨᠢ ᠵᠢᠭᠤᠯᠴᠢᠯᠠᠯ ᠤᠨ ᠬᠡᠷᠡᠭᠯᠡᠭᠡ ᠶᠢᠨ ᠲᠠᠰ ᠳᠡᠪᠰᠢᠬᠦ ᠲᠠᠢ ᠬᠠᠷᠠᠬᠠᠨ ᠲᠣᠬᠢᠷᠠᠯᠴᠠᠬᠤ ᠥᠬᠡᠶ︔ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠬᠠᠩᠭᠠᠯᠭ᠎ᠠ ᠪᠠ ᠬᠡᠷᠡᠭᠴᠡᠭᠡ ᠪᠠᠰᠠ ᠪᠦᠷᠢᠮᠦᠰᠦᠨ ᠲᠣᠬᠢᠷᠠᠯᠴᠠᠬᠤ ᠦᠭᠡᠢ ᠪᠠᠶᠢᠨ᠎ᠠ︔ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠢ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠬᠦᠨᠵᠡᠭᠡᠶᠢᠷᠡᠭᠦᠯᠦᠨ ᠠᠬᠢᠭᠤᠯᠬᠤ ᠴᠢᠬᠤᠯᠠᠲᠠᠢ ᠪᠠᠶᠢᠨ᠎ᠠ︔ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠪᠠᠶᠢᠳᠠᠯ ᠲᠡᠶᠢᠮᠦ ᠰᠠᠶᠢᠨ ᠪᠢᠰᠢ︔ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠥᠷᠭᠡᠴᠡ ᠪᠠ ᠭᠦᠨᠴᠡ ᠶᠢ ᠪᠠᠰᠠ ᠲᠡᠯᠡᠷᠡᠭᠦᠯᠬᠦ ᠴᠢᠬᠤᠯᠠᠲᠠᠢ︔ ᠬᠢᠯᠢ ᠳᠤ ᠣᠷᠣᠬᠤ ᠵᠢᠭᠤᠯᠴᠢᠯᠠᠯ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠬᠦᠭᠵᠢᠭᠡᠵᠦ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠳᠡᠭᠡᠷ ᠠᠰᠠᠭᠤᠳᠠᠯ ᠢ 2020 ᠣᠨ ᠤ ᠠᠵᠢᠯ ᠤᠨ ᠳᠤᠮᠳᠠ ᠭᠤᠣᠯᠳᠠᠯᠭ᠎ᠠ ᠲᠠᠢ ᠠᠬᠢᠭᠤᠯᠬᠤ ᠴᠢᠬᠤᠯᠠᠲᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map