ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2019 ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2020/4/2
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠄      2019 ᠤᠨ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠦᠨᠳᠦᠰᠦᠨ ᠬᠠᠤᠯᠢ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠤᠨ ᠱᠠᠭᠠᠷᠳᠠᠯᠭ᠎ᠠ ᠶᠢ ᠵᠢᠷᠦᠮᠯᠡᠨ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠴᠢᠬᠤᠯᠠ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠡᠷᠭᠡ ᠳᠡᠭᠡᠳᠦ ᠱᠠᠲᠤᠨ ᠤ ᠰᠠᠯᠠᠭ᠎ᠠ ᠮᠦᠴᠢᠷ ᠤᠨ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠤᠳᠤᠷᠢᠳᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ︽ᠨᠡᠭᠡᠭᠡᠬᠦ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠠᠬᠢᠭᠤᠯᠬᠤ᠂ ᠰᠣᠶᠣᠯ ᠪᠠ ᠵᠢᠭᠤᠯᠴᠢᠯᠠᠯ ᠤᠨ ᠬᠠᠤᠯᠢ ᠲᠣᠭᠲᠠᠭᠠᠬᠤ ᠠᠵᠢᠯ ᠢ ᠠᠬᠢᠭᠤᠯᠬᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠬᠤ᠂ ᠬᠠᠮᠢᠶ᠎ᠠ ᠪᠥᠬᠦᠶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠦᠨᠡᠨ ᠬᠦ ᠪᠠᠲᠤᠯᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ᠂ ᠬᠠᠤᠯᠢ ᠪᠠᠷ ᠵᠠᠰᠠᠬᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠬᠤ ᠵᠡᠷᠭᠡ ᠡᠯ᠎ᠡ ᠵᠦᠢᠯ ᠤᠨ ᠬᠠᠤᠯᠢ ᠪᠠᠷ ᠵᠠᠰᠠᠬᠤ ᠠᠵᠢᠯ ᠳᠤ ᠢᠯᠡᠳᠲᠡ ᠦᠷ᠎ᠡ ᠪᠦᠲᠦᠮᠵᠢ ᠤᠯᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠬᠢᠷᠢ ᠬᠡᠮᠵᠢᠶ᠎ᠡ ᠤᠯᠠᠮ ᠨᠢᠭᠡ ᠠᠯᠬᠤᠮ ᠳᠡᠭᠡᠭᠰᠢᠯᠡᠵᠦ᠂ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠥᠭᠡᠷᠡᠴᠢᠯᠡᠯᠲᠡ ᠬᠥᠭᠵᠢᠯᠲᠡ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃      ᠨᠢᠭᠡ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠨᠢᠭᠡᠳᠦᠭᠡᠷ ᠬᠠᠷᠢᠭᠤᠴᠠᠯᠭᠠᠲᠠᠨ ᠤ ᠲᠦᠷᠢᠮ ᠢ ᠪᠠᠶᠢᠭᠤᠯᠬᠤ ᠶᠢ ᠦᠨᠡᠨ ᠬᠦ ᠠᠬᠢᠭᠤᠯᠪᠠ      ᠮᠠᠨ ᠤ ᠲᠢᠩᠬᠢᠮ ᠤᠨ ᠭᠤᠤᠯ ᠤᠳᠤᠷᠢᠳᠤᠯᠭ᠎ᠠ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠠᠤᠯᠢ ᠪᠠᠷ ᠣᠷᠣᠨ ᠢᠶᠠᠨ ᠵᠠᠰᠠᠬᠤ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠳᠤᠷᠢᠳᠬᠤ ᠳᠤᠭᠤᠶᠢᠯᠠᠩ ᠤᠨ 2019 ᠣᠨ ᠤ 1 ᠳ᠋ᠤᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠤᠨ  ᠨᠢᠭᠡᠳᠦᠭᠡᠷ ᠤᠳᠠᠭ᠎ᠠ᠂ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠬᠦ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2019 ᠣᠨ ᠤ ᠬᠠᠤᠯᠢ ᠪᠠᠷ ᠵᠠᠰᠠᠬᠤ ᠠᠵᠢᠯ ᠤᠨ ᠭᠤᠤᠯᠳᠠᠯᠭ᠎ᠠ ᠶᠢ ᠬᠢᠨᠠᠨ ᠵᠦᠪᠯᠡᠪᠡ᠃ ᠡᠯ᠎ᠡ ᠭᠠᠵᠠᠷ ᠬᠡᠷ᠂ ᠰᠢᠭᠤᠳ ᠬᠠᠷᠢᠶ᠎ᠠ  ᠨᠢᠭᠡᠴᠢ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠤᠨ 2019 ᠣᠨ ᠤ ᠬᠠᠤᠯᠢ ᠪᠠᠷ ᠵᠠᠰᠠᠬᠤ ᠠᠵᠢᠯ ᠤᠨ ᠭᠤᠤᠯᠳᠠᠯᠭ᠎ᠠ︾ ᠶᠢ ᠳᠠᠷᠤᠮᠠᠯᠯᠠᠨ ᠲᠠᠷᠬᠠᠭᠠᠪᠠ᠃ ᠲᠢᠩᠬᠢᠮ ᠤᠨ ᠤᠳᠤᠷᠢᠳᠤᠯᠭ᠎ᠠ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠲᠦᠷᠦᠭᠦᠯᠡᠨ ᠰᠤᠷᠤᠯᠴᠠᠵᠤ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠠᠤᠯᠢ ᠲᠤᠭᠲᠠᠭᠠᠬᠤ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠬᠠᠭᠤᠯᠭ᠎ᠠ ᠶᠢᠨ ᠠᠵᠢᠯ ᠤᠨ ᠲᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠳᠤ ᠣᠷᠣᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠭᠡᠷ᠎ᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠬᠡᠳᠦᠨ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠪᠠ᠃      ᠬᠤᠶᠠᠷ᠂ ︽ᠨᠡᠭᠡᠭᠡᠬᠦ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠪᠠ      2019 ᠣᠨ ᠳᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ︽ᠨᠡᠭᠡᠭᠡᠬᠦ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠤᠨ ᠲᠠᠯ᠎ᠠ ᠪᠠᠷ ᠠᠵᠢᠯ ᠤᠨ ᠡᠷᠴᠢᠮ ᠢᠶᠠᠨ ᠴᠢᠩᠭᠠᠷᠠᠭᠤᠯᠬᠤ ᠶᠢ ᠭᠦᠨᠵᠡᠭᠡᠶ ᠲᠦᠯᠬᠢᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠤᠯᠪᠠ᠃ ᠪᠣᠳᠠᠲᠠᠶ ᠢᠯᠡᠷᠡᠯ ᠨᠢ᠄      ︵ᠨᠢᠭᠡ︶ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠨᠡᠭᠡᠭᠡᠬᠦ ᠬᠠᠮᠢᠶᠠᠷᠬᠤ ᠦᠢᠯᠡᠴᠢᠯᠡᠬᠦ ︾ ᠥᠭᠡᠷᠡᠴᠢᠯᠡᠯᠲᠡ ᠶᠢᠨ ᠠᠵᠢᠯ ᠤᠨ ᠡᠯ᠎ᠡ ᠵᠦᠢᠯ ᠤᠨ ᠠᠵᠢᠯ ᠢ ᠨᠢᠭᠡᠲᠦᠯᠲᠡᠢ ᠲᠥᠯᠥᠪᠯᠡᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠪᠡ᠃    ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠲᠢᠩᠬᠢᠮ ᠤᠨ ᠨᠢᠭᠡᠳᠦᠭᠡᠷ ᠭᠠᠷ ᠢᠶᠠᠷ ᠭᠤᠤᠯ ᠤᠳᠤᠷᠢᠳᠤᠯᠭ᠎ᠠ ᠪᠣᠯᠭᠠᠨ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠢᠩᠬᠢᠮ ᠤᠨ ᠳᠠᠷᠤᠭ᠎ᠠ ᠠᠵᠢᠯ ᠤᠨ ᠬᠤᠪᠢᠶᠠᠷᠢᠯᠠᠯ ᠢ ᠠᠳᠬᠤᠵᠤ᠂ ᠬᠠᠮᠢᠶ᠎ᠠ  ᠪᠦᠬᠦᠢ ᠭᠠᠵᠠᠷ ᠲᠠᠰᠤᠭ ᠤᠨ ᠪᠣᠳᠠᠲᠠᠶ ᠨᠠᠶᠢᠳᠠᠪᠤᠷᠢᠵᠢᠭᠤᠯᠤᠭᠰᠠᠨ ︽ᠨᠡᠭᠡᠭᠡᠬᠦ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢᠨ ᠲᠤᠰᠬᠠᠶ ᠠᠵᠢᠯ ᠤᠨ ᠳᠤᠭᠤᠶᠢᠯᠠᠩ ᠢ ᠴᠠᠭ ᠲᠤᠬᠠᠶ ᠳᠤ ᠨᠢ ᠪᠠᠶᠢᠭᠤᠯᠵᠤ᠂ ᠮᠠᠨ ᠤ ᠲᠢᠩᠬᠢᠮ ᠤᠨ ︽ᠨᠡᠭᠡᠭᠡᠬᠦ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠲᠤᠰᠬᠠᠶ ᠠᠵᠢᠯ ᠤᠨ ᠬᠤᠪᠢᠶᠠᠷᠢᠯᠠᠯ ᠢ ᠬᠢᠪᠠ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ︽ᠨᠡᠭᠡᠭᠡᠬᠦ ᠬᠠᠮᠢᠶᠠᠷᠬᠤ ᠦᠢᠯᠡᠴᠢᠯᠡᠬᠦ︾ ᠠᠵᠢᠯ ᠤᠨ ᠪᠠᠶᠢᠳᠠᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠪᠡ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ︽ᠰᠣᠶᠣᠯ ᠪᠠ ᠵᠢᠭᠤᠯᠴᠢᠯᠠᠯ ᠤᠨ ᠲᠢᠩᠬᠢᠮ ᠤᠨ ︿ᠨᠡᠭᠡᠭᠡᠬᠦ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢᠨ ᠪᠣᠳᠠᠲᠠᠶ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ︽ ᠨᠡᠭᠡᠭᠡᠬᠦ ᠬᠠᠮᠢᠶᠠᠷᠬᠤ ᠦᠢᠯᠡᠴᠢᠯᠡᠬᠦ︾  ᠦᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠢ ᠲᠠᠰᠤᠷᠠᠯᠲᠠ ᠥᠬᠡᠶ ᠭᠦᠨᠵᠡᠭᠡᠶ ᠠᠬᠢᠭᠤᠯᠪᠠ᠃      ︵ᠬᠤᠶᠠᠷ︶ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠯᠠᠪᠳᠠᠭᠤᠨ ᠪᠠᠲᠤᠲᠠᠶ ᠠᠬᠢᠭᠤᠯᠪᠠ      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠵᠤᠯᠭᠠᠭᠤᠯᠵᠤ᠂ ᠣᠳᠣᠬᠠᠨ ᠳᠤ ᠮᠠᠨ ᠤ ᠲᠢᠩᠬᠢᠮ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠨᠡᠶᠢᠲᠡ 33 ᠵᠦᠢᠯ ︵᠄ ᠵᠠᠰᠠᠭ ᠵᠠᠬᠢᠷᠭᠠᠨ ᠤ ᠵᠥᠪᠰᠢᠶᠡᠷᠡᠯ ᠪᠦᠬᠦᠢ 19 ᠵᠦᠢᠯ᠂ ᠵᠠᠰᠠᠭ ᠵᠠᠬᠢᠷᠭᠠᠨ ᠤ ᠨᠤᠲᠠᠯᠠᠨ ᠵᠦᠪᠰᠢᠶᠡᠷᠡᠭᠰᠡᠨ 9 ᠵᠦᠢᠯ᠂ ᠵᠠᠰᠠᠭ ᠵᠠᠬᠢᠷᠭᠠᠨ ᠤ ᠱᠠᠩᠨᠠᠯᠲᠤ 5 ᠵᠦᠢᠯ ᠪᠠᠭᠲᠠᠨ᠎ᠠ︶ ᠢ ᠬᠦᠯᠢᠶᠡᠨ ᠠᠪᠴᠠᠶ᠂ ᠡᠭᠦᠨ ᠳᠤ ᠵᠣᠩᠬᠢᠯᠠᠬᠤ ᠣᠯᠠᠨ ᠵᠦᠢᠯ ᠨᠢ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠪᠥᠲᠥᠭᠡᠨ ᠪᠠᠶᠢᠭᠤᠯᠤᠭᠰᠠᠨ ᠪᠥᠬᠦ ᠤᠯᠤᠰ ᠤᠨ ᠰᠣᠶᠣᠯ ᠤᠨ ᠵᠠᠬ᠎ᠠ ᠳᠡᠯᠭᠡᠭᠦᠷ ᠤᠨ ᠮᠡᠷᠭᠡᠵᠢᠯ ᠤᠨ ᠬᠢᠨᠠᠯᠲᠠ ᠲᠠᠯᠪᠢᠬᠤ ᠬᠢᠭᠡᠳ ᠦᠢᠯᠡᠴᠢᠯᠡᠬᠦ ᠲᠠᠪᠴᠠᠩ ᠪᠠ ᠪᠥᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠡᠭᠡᠷ᠎ᠡ ᠰᠦᠯᠵᠢᠶᠡᠨ ᠳᠡᠭᠡᠷ᠎ᠡ ᠭᠦᠢᠴᠡᠳᠭᠡᠬᠦ ᠶᠢ ᠪᠡᠶᠡᠯᠡᠭᠦᠯᠪᠡ᠃ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠲᠠᠢ ᠨᠡᠪᠲᠡᠷᠡᠯᠴᠡᠵᠦ᠂ ᠳᠡᠭᠡᠷ᠎ᠡ ᠳᠤᠷᠠᠳᠤᠭᠰᠠᠨ ᠬᠤᠶᠠᠷ ᠰᠣᠶᠣᠯ ᠪᠠ ᠵᠢᠭᠤᠯᠴᠢᠯᠠᠯ ᠤᠨ ᠲᠠᠪᠴᠠᠩ ᠢ ᠣᠲᠣ ᠶᠠᠭ ᠡᠮᠬᠢᠯᠡᠨ ᠨᠡᠶᠢᠯᠡᠭᠦᠯᠵᠦ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠠᠪᠴᠠᠩ ᠲᠠᠢ ᠵᠣᠯᠭᠠᠭᠤᠯᠬᠤ ᠶᠢᠨ ᠠᠷᠭ᠎ᠠ ᠥᠬᠡᠶ ᠪᠠᠶᠢᠨ᠎ᠠ᠃ ᠲᠠᠪᠴᠠᠩ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠳᠤ ᠨᠢᠭᠡᠳᠦᠯᠲᠡᠶ ᠬᠦᠷᠭᠡᠵᠦ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ ᠬᠡᠷᠪᠡ ᠬᠡᠷᠡᠭᠴᠡᠭᠡ ᠲᠠᠢ ᠪᠣᠯ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ  ᠳᠤ ᠨᠢᠭᠡᠳᠦᠯᠲᠡᠶ ᠭᠤᠶᠤᠴᠢᠯᠠᠯ ᠭᠠᠷᠭᠠᠬᠤ ᠬᠡᠷᠡᠭᠲᠡᠶ᠃ ᠪᠤᠰᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠵᠣᠯᠭᠠᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠠᠪᠴᠠᠩ ᠳᠡᠭᠡᠷ᠎ᠡ ᠭᠦᠢᠴᠡᠳᠭᠡᠬᠦ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠱᠠᠭᠠᠷᠳᠠᠯᠭ᠎ᠠ ᠶᠤᠰᠤᠭᠠᠷ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ ᠶᠢᠨ ᠵᠦᠢᠯᠡᠰ︾ ᠤᠨ ᠲᠠᠪᠴᠠᠩ ᠳᠡᠭᠡᠷ᠎ᠡ ᠨᠡᠶᠢᠲᠡ 40 ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠬᠤᠪᠢᠶᠠᠷᠢ ᠵᠦᠢᠯᠡᠰ ᠢ ᠮᠡᠳᠡᠷᠡᠭᠰᠡᠨ ᠪᠦᠭᠡᠳ ᠬᠡᠷᠡᠭᠵᠢᠭᠦᠯᠬᠦ ᠨᠠᠷᠢᠨ ᠬᠠᠭᠤᠳᠠᠰᠤ ᠶᠢ ᠲᠠᠭᠯᠠᠪᠠ᠃      ︵ᠭᠤᠷᠪᠠ︶ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠪᠠᠭᠠᠰᠬᠠᠨ᠂ ᠬᠢᠨᠠᠨ ᠵᠥᠪᠰᠢᠶᠡᠷᠡᠬᠦ ᠶᠠᠪᠤᠴᠠ  ᠶᠢ ᠰᠢᠯᠢᠳᠡᠭᠵᠢᠭᠦᠯᠦᠨ ᠴᠤᠮᠬᠤᠳᠬᠠᠪᠠ      ᠨᠢᠭᠡ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠰᠢᠨᠡᠳᠬᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ︽ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠪᠠᠭᠠᠰᠬᠠᠬᠤ ᠰᠠᠨᠠᠯ ᠢ ᠬᠢᠨᠠᠨ ᠬᠠᠷᠭᠤᠭᠤᠯᠵᠤ ᠨᠤᠲᠠᠯᠠᠭᠰᠠᠨ ᠪᠦᠷᠢᠳᠬᠡᠯ ᠤᠨ ᠬᠦᠰᠦᠨᠦᠭᠲᠦ︾᠂ ︽ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠪᠠᠭᠠᠰᠬᠠᠬᠤ ᠰᠠᠨᠠᠯ ᠢ ᠬᠢᠨᠠᠨ ᠬᠠᠷᠭᠤᠭᠤᠯᠵᠤ ᠨᠤᠲᠠᠯᠠᠭᠰᠠᠨ ᠭᠠᠷᠴᠠᠭ︾ ᠢ ᠮᠡᠳᠡᠭᠦᠯᠦᠨ ᠬᠦᠷᠭᠡᠵᠦ᠂ ᠡᠴᠦᠰ  ᠲᠤ  ᠪᠠᠨ ᠮᠠᠨ ᠤ ᠲᠢᠩᠬᠢᠮ ᠤᠨ ᠤᠤᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ 76 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ 28 ᠵᠦᠢᠯ ᠪᠣᠯᠭᠠᠨ ᠪᠠᠭᠠᠰᠬᠠᠪᠠ᠃ ᠡᠳᠦᠭᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠨᠢᠭᠡᠨᠲᠡ ᠪᠠᠲᠤᠯᠠᠭᠰᠠᠨ ᠪᠥᠭᠡᠳ ᠨᠡᠶᠢᠲᠡᠯᠡᠪᠡ᠃ ᠬᠤᠶᠠᠷ ᠲᠤ᠂ ᠬᠢᠨᠠᠨ ᠵᠥᠪᠰᠢᠶᠡᠷᠡᠬᠦ ᠵᠦᠢᠯᠡᠰ ᠢ ᠵᠢᠷᠤᠮᠵᠢᠭᠤᠯᠬᠤ ᠪᠠ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠪᠡ᠃ ᠣᠳᠣᠬᠠᠨ ᠳᠤ᠂ ᠪᠣᠶ ᠪᠥᠬᠦᠶ ᠬᠢᠨᠠᠨ ᠵᠥᠪᠰᠢᠶᠡᠷᠡᠬᠦ ᠵᠦᠢᠯᠡᠰ ᠢ ᠴᠥᠮ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠱᠠᠭᠠᠷᠳᠠᠯᠭ᠎ᠠ ᠶᠣᠰᠣᠭᠠᠷ ᠡᠮᠬᠢᠯᠡᠨ ᠵᠢᠷᠤᠮᠵᠢᠭᠤᠯᠵᠤ᠂ ᠲᠠᠪᠴᠠᠩ ᠪᠠ ᠨᠠᠷᠢᠨ ᠬᠠᠭᠤᠳᠠᠰᠤ ᠠᠴᠠ ᠭᠠᠳᠠᠨᠠᠬᠢ ᠬᠢᠨᠠᠨ ᠵᠥᠪᠰᠢᠶᠡᠷᠡᠬᠦ ᠵᠦᠢᠯᠡᠰ ᠢᠯᠡᠷᠡᠬᠦ ᠠᠴᠠ ᠡᠷᠡᠰ ᠵᠠᠶᠢᠯᠠᠰᠬᠢᠪᠠ᠃ ᠪᠥᠬᠦ ᠣᠷᠣᠨ ᠤ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠳᠣᠲᠣᠷ᠎ᠠ᠂ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠪᠥᠲᠥᠭᠡᠨ ᠪᠠᠶᠢᠭᠤᠯᠤᠯᠲᠠ ᠶᠢᠨ ︽ᠪᠥᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ︾ ᠪᠠ ︽ᠪᠥᠬᠦ ᠤᠯᠤᠰ ᠤᠨ ᠰᠣᠶᠣᠯ ᠤᠨ ᠵᠠᠬ᠎ᠠ ᠳᠡᠯᠭᠡᠭᠦᠷ ᠤᠨ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ︾ ᠢ ᠵᠢᠷᠤᠮᠵᠢᠭᠤᠯᠤᠨ ᠬᠡᠷᠡᠭᠯᠡᠵᠦ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠦᠷᠨᠢᠭᠦᠯᠪᠡ᠃ ᠡᠭᠦᠨ ᠤ ᠬᠠᠮᠲᠤ᠂ ᠨᠢᠭᠡ ᠴᠣᠩᠬᠤᠪᠴᠢ ᠪᠠᠷ ᠭᠦᠢᠴᠡᠳᠭᠡᠬᠦ᠂ ᠨᠢᠭᠡ ᠰᠦᠯᠵᠢᠶ᠎ᠡ ᠪᠠᠷ ᠭᠦᠢᠴᠡᠳᠭᠡᠬᠦ᠂ ᠳᠥᠭᠦᠮᠴᠢᠯᠡᠨ ᠭᠦᠢᠴᠡᠳᠭᠡᠬᠦ᠂ ᠳᠠᠷᠤᠶᠢᠬᠠᠨ ᠭᠦᠢᠴᠡᠳᠭᠡᠬᠦ《 ᠳᠥᠷᠪᠡᠨ ᠭᠦᠢᠴᠡᠳᠭᠡᠬᠦ》 ᠶᠢᠨ ᠱᠠᠭᠠᠷᠳᠠᠯᠭ᠎ᠠ ᠶᠣᠰᠣᠭᠠᠷ᠂ ᠵᠢᠭᠤᠯᠴᠢᠯᠠᠯ ᠤᠨ ᠬᠤᠷᠢᠶ᠎ᠠ ᠪᠠᠶᠢᠭᠤᠯᠬᠤ ᠵᠥᠪᠰᠢᠶᠡᠷᠡᠯ ᠵᠡᠷᠭᠡ 6 ᠵᠦᠢᠯ ᠤᠨ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠡᠮᠬᠢᠯᠡᠵᠦ᠂ ᠳᠡᠭᠡᠷᠡᠬᠢ ᠵᠦᠢᠯᠡᠰ ᠢ ᠴᠣᠮᠬᠠᠳᠬᠠᠵᠤ᠂ ︽ᠨᠢᠭᠡ ᠯᠡ ᠤᠳᠠᠭ᠎ᠠ ᠶᠠᠪᠤᠬᠤ︾᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠭᠡᠬᠦ︾ ᠶᠢ ᠪᠡᠶᠡᠯᠡᠭᠦᠯᠪᠡ᠃      ︵ᠳᠥᠷᠪᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠶᠢᠨ ᠠᠵᠢᠯᠲᠠᠨ ᠢ ᠲᠣᠮᠢᠯᠠᠨ ᠰᠠᠭᠤᠯᠭᠠᠬᠤ ᠠᠵᠢᠯ ᠢ ᠪᠡᠶᠡᠯᠡᠭᠦᠯᠪᠡ      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠱᠠᠭᠠᠷᠳᠠᠯᠭ᠎ᠠ ᠶᠤᠰᠤᠭᠠᠷ᠂ ᠨᠠᠷᠢᠨ ᠬᠢᠨᠠᠮᠠᠭᠠᠶ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠣᠷᠣᠵᠤ ᠰᠠᠭᠤᠬᠤ ᠬᠥᠮᠦᠰ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠵᠤ᠂ ᠲᠤᠬᠠᠶᠢᠯᠠᠭᠰᠠᠨ ᠠᠵᠢᠯ  ᠳᠤ  ᠪᠠᠨ ᠴᠠᠭᠠᠷᠠᠭᠰᠠᠨ ᠭᠤᠤᠯᠯᠠᠭᠴᠢ ᠬᠥᠮᠦᠰ ᠢ ᠶᠡᠭᠡ ᠲᠢᠩᠬᠢᠮ ᠳᠤ ᠤᠷᠤᠭᠤᠯᠵᠤ ᠰᠠᠭᠤᠯᠭᠠᠬᠤ ᠪᠤᠯᠭᠠᠵᠤ᠂ ᠡᠭᠦᠨ ᠤ ᠬᠠᠮᠲᠤ ᠬᠡᠪ ᠵᠠᠭᠪᠤᠷ ᠤᠨ ᠱᠠᠭᠠᠷᠳᠠᠯᠭ᠎ᠠ ᠶᠣᠰᠣᠭᠠᠷ ︽ᠢᠨᠲ᠋ᠧᠷ ᠰᠦᠯᠵᠢᠶ᠎ᠡ  + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠤᠨ ᠲᠦᠷᠦᠭᠦᠤ ᠲᠥᠯᠥᠭᠡᠯᠡᠭᠴᠢ ᠪᠠ ᠶᠡᠷᠦᠩᠬᠡᠶᠢᠯᠡᠭᠰᠡᠨ ᠴᠤᠩᠬᠤᠪᠴᠢ ᠶᠢᠨ ᠠᠵᠢᠯᠲᠠᠨ ᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠢᠭᠡᠲᠦᠯᠲᠡᠢ ᠪᠠᠶᠢᠷᠢᠯᠠᠭᠤᠯᠤᠯᠲᠠ ᠶᠣᠰᠣᠭᠠᠷ᠂ ᠲᠣᠮᠢᠯᠠᠨ ᠰᠠᠭᠤᠯᠭᠠᠭᠰᠠᠨ ᠬᠥᠮᠦᠰ ᠵᠠᠰᠠᠭ ᠤᠨ ᠶᠠᠪᠤᠳᠠᠯ ᠤᠨ ᠲᠢᠩᠬᠢᠮ ᠳᠤ ᠣᠷᠣᠵᠤ ᠠᠵᠢᠯ ᠢᠶᠠᠨ ᠵᠢᠩᠬᠢᠨᠢ ᠪᠠᠷ ᠦᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠠᠵᠢᠯᠯᠠᠬᠤ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠲᠦᠬᠦᠮ ᠦᠵᠡᠭᠦᠯᠪᠡ᠃      ᠭᠤᠷᠪᠠ᠂ ᠰᠣᠶᠣᠯ ᠪᠠ ᠵᠢᠭᠤᠯᠴᠢᠯᠠᠯ ᠤᠨ ᠬᠠᠤᠯᠢ ᠲᠣᠭᠲᠠᠭᠠᠬᠤ ᠠᠵᠢᠯ ᠢ ᠤᠯᠠᠮ ᠨᠢᠭᠡ ᠠᠯᠬᠤᠮ ᠠᠬᠢᠭᠤᠯᠪᠠ      ᠨᠢᠭᠡ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠲᠦᠷᠢᠮ︾ ᠢ ᠨᠡᠶᠢᠲᠡᠯᠡᠬᠦ ᠶᠢ ᠢᠳᠡᠪᠬᠢᠲᠡᠶ ᠠᠬᠢᠭᠤᠯᠪᠠ᠃ ︽ᠳᠦᠷᠢᠮ︾ ᠪᠣᠯ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠶᠠᠪᠤᠴᠠ ᠳᠤ ᠬᠢ ᠤᠳᠬ᠎ᠠ ᠤᠷᠠᠯᠢᠭ ᠤᠨ ᠪᠦᠯᠬᠦᠮ ᠤᠨ ᠪᠠᠶᠢᠭᠤᠯᠤᠯᠲᠠ᠂ ᠬᠠᠮᠠᠭᠠᠯᠠᠯᠲᠠ᠂ ᠬᠥᠭᠵᠢᠯᠲᠡ ᠶᠢᠨ ᠠᠰᠠᠭᠤᠳᠠᠯ ᠢ ᠰᠢᠢᠳᠪᠦᠷᠢᠯᠡᠬᠦ ᠠᠩᠬᠠᠳᠠᠭᠴᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ᠎ᠠ᠃ ᠳᠦᠷᠢᠮ ᠢ ᠨᠡᠶᠢᠲᠡᠯᠡᠨ ᠬᠡᠷᠡᠭᠵᠢᠭᠦᠯᠦᠭᠰᠡᠨ ᠨᠢ᠂ ᠤᠯᠠᠭᠠᠨᠮᠥ᠋ᠴᠢᠷ ᠬᠠᠤᠯᠢ ᠪᠠᠷ ᠵᠠᠰᠠᠬᠤ ᠪᠠᠶᠢᠭᠤᠯᠣᠯᠲᠠ ᠬᠥᠭᠵᠢᠭᠰᠡᠨ ᠰᠢᠨ᠎ᠡ ᠴᠠᠭ ᠦᠶ᠎ᠡ ᠳᠤ ᠠᠯᠬᠤᠨ ᠣᠷᠣᠭᠰᠠᠨ ᠢ ᠬᠠᠷᠠᠭᠤᠯᠵᠤ ᠪᠠᠶᠢᠨ᠎ᠠ᠂ ᠡᠨᠡ  ᠨᠢ ᠳᠠᠷᠣᠢ  ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠦᠷᠢᠵᠢᠭᠤᠯᠵᠤ ᠪᠠᠶᠢᠭ᠎ᠠ ᠦᠪᠦᠷ ᠮᠣᠩᠭᠤᠯ ᠤᠨ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ᠂ ᠰᠣᠶᠣᠯ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠰᠠᠯᠠᠭ᠎ᠠ ᠮᠥᠴᠢᠷ ᠤᠨ  ᠬᠢᠨ ᠤ ᠠᠵᠢᠯ ᠤᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠢ ᠦᠨᠳᠦᠰᠦᠯᠡᠨ᠂ 2019 ᠣᠨ ᠤ ᠳᠥᠷᠪᠡᠨ ᠵᠦᠢᠯ ᠤᠨ ᠴᠢᠬᠤᠯᠠ ᠬᠠᠤᠯᠢ ᠲᠣᠭᠲᠠᠭᠠᠯᠲᠠ ᠵᠢᠴᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠤᠨ ᠡᠭᠦᠷᠭᠡ ᠶᠢ ᠡᠯ᠎ᠡ ᠬᠤᠯᠪᠣᠭᠳᠠᠯ ᠪᠥᠬᠦᠶ ᠭᠠᠵᠠᠷ ᠲᠠᠰᠤᠭ ᠲᠤ ᠰᠠᠯᠭᠠᠨ ᠳᠣᠭᠢᠷᠠᠭᠤᠯᠵᠤ᠂ ᠬᠠᠮᠢᠶ᠎ᠠ ᠪᠥᠬᠦᠶ ᠬᠠᠤᠯᠢ ᠲᠣᠭᠲᠠᠭᠠᠬᠤ ᠵᠦᠢᠯᠡᠰ ᠤᠨ ᠠᠬᠢᠴᠠ ᠶᠢ ᠢᠳᠡᠪᠬᠢᠲᠡᠶ ᠳᠥᠯᠭᠢᠨ ᠠᠬᠢᠭᠤᠯᠪᠠ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠳᠤ ᠬᠤᠯᠪᠣᠭᠳᠠᠭᠰᠠᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯᠲᠠ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠡᠮᠬᠢᠯᠡᠨ ᠴᠡᠪᠡᠷᠯᠡᠪᠡ᠃          ᠲᠦᠷᠪᠡ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ   ᠢ ᠬᠢᠨᠠᠨ ᠪᠠᠶᠢᠴᠠᠭᠠᠬᠤ ᠪᠠ ᠢᠯᠭᠠᠷᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ        ᠨᠢᠭᠡ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠠᠷᠭ᠎ᠠ︾ ᠵᠡᠷᠭᠡ ᠵᠠᠰᠠᠭ ᠤᠨ ᠣᠷᠳᠣᠨ ᠤ ᠳᠦᠷᠢᠮ  ᠳᠣᠭᠲᠠᠭᠠᠯ ᠪᠠ ᠪᠢᠴᠢᠭ ᠮᠠᠲ᠋ᠧᠷᠢᠶᠠᠯ ᠤᠨ ᠲᠣᠭᠲᠠᠭᠠᠯ   ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ  ᠳᠣᠭᠲᠠᠭᠠᠨ ᠨᠡᠶᠢᠲᠡᠯᠡᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠪᠣᠯᠤᠨ ᠬᠢᠨᠠᠯᠲᠠ ᠲᠠᠯᠪᠢᠯᠲᠠ ᠪᠠᠨ ᠴᠢᠩᠭᠠᠳᠬᠠᠪᠠ ᠃ ᠬᠤᠶᠠᠷ ᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠲᠠᠢ ᠬᠠᠮᠵᠢᠯᠴᠠᠭᠰᠠᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠡᠤᠬᠡ ᠶᠢᠨ ᠳᠤᠷᠠᠰᠬᠠᠯᠲᠤ  ᠵᠦᠢᠯᠡᠰ ᠤᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠭᠰᠠᠨ ᠣᠷᠣᠯᠭ᠎ᠠ ᠶᠢᠨ ᠲᠤᠰᠬᠠᠶ ᠲᠦᠷᠦᠯ ᠤᠨ ᠪᠠᠯᠠ ᠮᠥᠩᠭᠦ ᠶᠢᠨ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠡᠳᠦᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠭᠠᠷᠭᠠᠪᠠ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠱᠠᠭᠠᠷᠳᠠᠯᠭ᠎ᠠ ᠶᠢ ᠦᠨᠳᠦᠰᠦᠯᠡᠨ᠂ 2019 ᠣᠨ ᠤ 8 ᠳ᠋ᠣᠭᠠᠷ ᠰᠠᠷ᠎ᠠ ᠪᠣᠯᠲᠠᠯᠠᠬᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠢᠯᠭᠠᠷᠠᠭᠤᠯᠪᠠ᠃ ᠲᠢᠩᠬᠢᠮ ᠤᠨ ᠲᠠᠷᠬᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠦᠷᠭᠦᠯᠵᠢᠯᠡᠨ ᠬᠦᠴᠦᠨ ᠲᠠᠢ ᠪᠠᠶᠢᠬᠤ 5 ᠬᠤᠪᠢ᠂ ᠬᠦᠴᠦᠨ ᠥᠬᠡᠶ ᠪᠣᠯᠭᠠᠬᠤ 3 ᠬᠤᠪᠢ︔ ᠮᠠᠨ ᠤ ᠲᠢᠩᠬᠢᠮ ᠤᠨ ᠲᠤᠭᠤᠷᠪᠢᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠲᠠᠷᠬᠠᠭᠠᠭᠰᠠᠨ ᠣᠳᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠨᠡᠶᠢᠲᠡ 22 ᠬᠤᠪᠢ ᠪᠠᠶᠢᠵᠤ᠂ ᠡᠭᠦᠨ ᠳᠤ ᠦᠷᠭᠦᠯᠵᠢᠯᠡᠨ ᠬᠦᠴᠦᠨ ᠲᠠᠢ ᠪᠠᠶᠢᠯᠭᠠᠬᠤ ᠶᠢ ᠰᠠᠨᠠᠭᠤᠯᠤᠭᠰᠠᠨ ᠨᠢ 21 ᠵᠦᠢᠯ ︵ᠡᠭᠦᠨ ᠳᠤ ᠨᠡᠭᠡᠭᠡᠬᠦ ᠬᠠᠮᠢᠶᠠᠷᠬᠤ ᠦᠢᠯᠡᠴᠢᠯᠡᠬᠦ ᠳᠤ ᠬᠤᠯᠪᠣᠭᠳᠠᠭᠰᠠᠨ ᠨᠢ 1 ᠵᠦᠢᠯ︶᠂ ᠬᠦᠴᠤᠨ ᠦᠭᠡᠢ ᠪᠣᠯᠭᠠᠬᠤ ᠶᠢ ᠰᠠᠨᠠᠭᠤᠯᠣᠭᠰᠠᠨ ᠨᠢ 1ᠵᠦᠢᠯ ᠪᠣᠢ᠃          ᠲᠠᠪᠤ᠂ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ  ᠶᠠᠪᠣᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠪᠡ        ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠦᠨᠳᠦᠰᠦᠯᠡᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠡᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ︿ᠭᠤᠷᠪᠠᠨ ᠴᠢᠬᠤᠯᠠ ᠨᠢᠭᠡ ᠶᠡᠭᠡ﹀ ᠬᠡᠷᠡᠭ  ᠶᠠᠪᠣᠳᠠᠯ   ᠳᠤ ᠬᠠᠮᠲᠤ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢ ᠲᠣᠭᠲᠠᠭᠠᠬᠤ ᠠᠵᠢᠯ ᠤᠨ ᠵᠢᠷᠤᠮ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠴᠢᠬᠤᠯᠠ ᠶᠡᠭᠡ  ᠰᠢᠢᠳᠪᠦᠷᠢᠳᠦ ᠪᠣᠳᠣᠯᠭ᠎ᠠ ᠲᠣᠭᠲᠠᠭᠠᠬᠤ ᠭᠤᠤᠯ ᠴᠣᠭᠴᠠ᠂  ᠬᠡᠷᠡᠭ  ᠶᠠᠪᠣᠳᠠᠯ ᠤᠨ ᠬᠦᠷᠢᠶ᠎ᠡ ᠬᠡᠪᠴᠢᠶ᠎ᠡ᠂ ᠬᠠᠤᠯᠢ ᠪᠠᠷ ᠲᠣᠭᠲᠠᠭᠠᠭᠰᠠᠨ ᠡᠮᠬᠢ ᠵᠢᠷᠤᠮ᠂ ᠬᠠᠮᠢᠶ᠎ᠠ ᠪᠥᠬᠦᠶ ᠬᠠᠷᠢᠭᠤᠴᠠᠯᠭ᠎ᠠ ᠵᠡᠷᠭᠡ ᠶᠢ ᠲᠣᠳᠣᠷᠬᠠᠶᠢᠯᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠳᠦ ᠪᠣᠳᠣᠯᠭ᠎ᠠ ᠲᠣᠭᠲᠠᠭᠠᠬᠤ ᠠᠵᠢᠯ ᠤᠨ ᠳᠡᠰ ᠳᠠᠷᠠᠭᠠᠯᠠᠯ ︵ᠲᠤᠷᠰᠢᠨ ᠬᠡᠷᠡᠭᠵᠢᠭᠦᠯᠬᠦ︶︾ ᠬᠢᠭᠡᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ︿ᠭᠤᠷᠪᠠᠨ ᠴᠢᠬᠤᠯᠠ ᠨᠢᠭᠡ ᠶᠡᠭᠡ﹀ ᠬᠡᠷᠡᠭ ᠶᠠᠪᠣᠳᠠᠯ ᠤᠨ ᠬᠠᠮᠲᠤ ᠶᠢᠨ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠦᠷᠢᠮ︾ ᠯᠦᠭᠡ ᠪᠦᠲᠦᠮᠵᠢᠲᠡᠶ ᠵᠣᠯᠭᠠᠭᠤᠯᠬᠤ ᠠᠵᠢᠯ ᠢ ᠬᠦᠴᠦᠯᠡᠨ ᠰᠠᠶᠢᠲᠤᠷ ᠬᠢᠪᠡ᠃ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢ ᠳᠠᠭᠠᠭᠠᠨ ᠭᠦᠢᠴᠡᠳᠭᠡᠬᠦ ᠰᠠᠯᠠᠭ᠎ᠠ ᠮᠥᠴᠢᠷ᠂ ᠭᠠᠵᠠᠷ ᠲᠠᠰᠤᠭ ᠬᠠᠮᠢᠶ᠎ᠠ ᠪᠦᠬᠦᠢ ᠠᠵᠢᠯ ᠤᠨ ᠶᠠᠪᠣᠴᠠ ᠶᠢ ᠴᠢᠩᠭ᠎ᠠ ᠵᠢᠷᠤᠮᠯᠠᠨ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠡᠯ᠎ᠡ ᠳᠡᠰ ᠳᠠᠷᠠᠭᠠᠯᠠᠯ ᠢ ᠰᠠᠶᠢᠳᠣᠷ ᠪᠡᠶᠡᠯᠡᠭᠦᠯᠬᠦ ᠶᠢ ᠱᠠᠭᠠᠷᠳᠠᠪᠠ  ᠃        ᠵᠢᠷᠭᠤᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠪᠠ          ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠲᠦᠷᠢᠮ ᠢ ᠢᠳᠡᠪᠬᠢᠲᠡᠶ ᠨᠠᠶᠢᠳᠠᠪᠦᠷᠢᠵᠢᠭᠦᠯᠪᠡ      ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ ᠤᠨ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ ᠢ ᠬᠡᠷᠡᠭᠵᠢᠭᠦᠯᠬᠦ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠳᠠᠭᠠᠯ ᠤᠨ ᠬᠠᠤᠯᠢ ᠲᠦᠷᠢᠮ ᠢ ᠬᠢᠨᠠᠨ ᠬᠠᠷᠭᠤᠭᠤᠯᠬᠤ ᠲᠦᠷᠢᠮ ᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2019 ︺ 13 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ ᠤᠨ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ ᠤᠨ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠤᠨ ᠠᠵᠢᠯ ᠤᠨ ᠲᠥᠰᠦᠯ︾ ᠢ ᠲᠣᠭᠲᠠᠭᠠᠵᠤ᠂ ᠡᠭᠦᠨ ᠤ ᠬᠠᠮᠲᠤ ᠠᠵᠢᠯ ᠤᠨ ᠡᠭᠦᠷᠭᠡ ᠪᠠᠨ ᠬᠠᠮᠢᠶ᠎ᠠ ᠪᠦᠬᠦᠢ ᠡᠯ᠎ᠡ ᠭᠠᠵᠠᠷ ᠲᠠᠰᠤᠭ ᠲᠤ ᠬᠦᠷᠲᠡᠯ᠎ᠡ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠦᠨᠳᠦᠰᠦᠯᠡᠨ᠂ ᠠᠯᠪᠠᠨ ᠰᠦᠯᠵᠢᠶᠡᠨ ᠳᠡᠭᠡᠷ᠎ᠡ ᠪᠠᠨ ᠮᠠᠨ ᠤ ᠲᠢᠩᠬᠢᠮ ᠤᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠵᠦᠢᠯᠡᠰ ᠢ ᠨᠡᠶᠢᠲᠡᠯᠡᠭᠰᠡᠨ ᠤ ᠬᠠᠮᠲᠤ ᠰᠣᠶᠣᠯ ᠤᠨ ᠵᠠᠬ᠎ᠠ ᠳᠡᠯᠭᠡᠭᠦᠷ ᠤᠨ ᠳᠠᠭᠠᠤ ᠳᠤ ᠬᠢ ᠰᠤᠭᠤᠴᠢᠨ ᠪᠠᠶᠢᠴᠠᠭᠠᠬᠤ ᠨᠠᠷᠢᠨ ᠳᠠᠩᠰᠠ ᠳᠤ ᠵᠠᠰᠠᠪᠤᠷᠢ ᠣᠷᠣᠭᠤᠯᠪᠠ᠃ ᠵᠠᠰᠠᠭ ᠵᠠᠬᠢᠷᠭᠠᠨ ᠤ ᠰᠢᠢᠳᠭᠡᠯ ᠪᠠ ᠵᠠᠰᠠᠭ ᠵᠠᠬᠢᠷᠭᠠᠨ ᠤ ᠵᠥᠪᠰᠢᠶᠡᠷᠡᠯ ᠤᠨ ᠶᠠᠪᠣᠴᠠ ᠶᠢᠨ ᠵᠢᠷᠤᠭ ᠵᠢᠴᠢ ᠶᠡᠷᠣᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠪᠦᠷᠢᠳᠬᠡᠯ ᠤᠨ ᠪᠠᠶᠢᠳᠠᠯ ᠢ ᠨᠡᠶᠢᠲᠡᠯᠡᠪᠡ᠃      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠭᠤᠤᠯ ᠴᠣᠭᠴᠠ ᠪᠠ ᠬᠠᠤᠯᠢ ᠬᠡᠷᠡᠭᠵᠢᠭᠦᠯᠬᠦ ᠠᠵᠢᠯᠲᠠᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ      ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠱᠠᠭᠠᠷᠳᠠᠯᠭ᠎ᠠ ᠶᠣᠰᠣᠭᠠᠷ᠂ ᠨᠢᠭᠡ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠬᠢᠨᠠᠮᠠᠭᠠᠶ ᠡᠮᠬᠢᠯᠡᠵᠦ᠂  ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠢ ᠬᠢᠨᠠᠨ ᠬᠠᠷᠭᠤᠭᠤᠯᠵᠤ ᠳᠠᠩᠰᠠᠯᠠᠬᠤ ᠬᠦᠰᠦᠨᠦᠭᠲᠦ︾᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠢᠯᠭᠠᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ︾ ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦ ᠪᠠᠷᠢᠮᠲᠠ ᠶᠢ ᠡᠮᠬᠢᠯᠡᠨ ᠳᠢᠭᠯᠡᠭᠰᠡᠨ ᠬᠦᠰᠦᠨᠦᠭᠲᠦ︾ ᠶᠢ ᠲᠡᠳᠡᠨ ᠳᠤ ᠮᠡᠳᠡᠭᠦᠯᠦᠨ ᠬᠦᠷᠭᠡᠵᠡᠶ᠃ ᠬᠤᠶᠠᠷ ᠲᠤ᠂ ᠪᠠᠶᠢᠭᠤᠯᠤᠮᠵᠢ ᠶᠢᠨ ᠥᠭᠡᠷᠡᠴᠢᠯᠡᠯᠲᠡ᠂ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠠᠨ ᠤ ᠲᠢᠩᠬᠢᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠠᠶᠢᠳᠠᠯ ᠢ ᠬᠢᠨᠠᠮᠠᠭᠠᠶ ᠡᠮᠬᠢᠯᠡᠵᠦ᠂ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠬᠤᠪᠢᠷᠠᠭᠤᠯᠣᠭᠰᠠᠨ ᠪᠠᠶᠢᠳᠠᠯ ᠤᠨ ᠬᠦᠰᠦᠨᠦᠭᠲᠦ︾᠂ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠭᠢᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠢᠯᠭᠠᠷᠠᠭᠤᠯᠤᠨ ᠳᠠᠩᠰᠠᠯᠠᠬᠤ ᠬᠦᠰᠦᠨᠦᠭᠳᠦ︾᠂ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠨ ᠠᠪᠬᠤ ᠴᠢᠬᠤᠯᠠᠲᠠᠶ ᠬᠥᠮᠦᠰ ᠤᠨ ᠳᠠᠩᠰᠠᠯᠠᠯ ᠤᠨ ᠬᠦᠰᠦᠨᠦᠭᠲᠦ︾ ᠶᠢ ᠮᠡᠳᠡᠭᠦᠯᠦᠨ  ᠬᠦᠷᠭᠡᠵᠣ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠦᠵᠢᠭᠤᠯᠪᠠ᠃          ᠳᠣᠯᠤᠭ᠎ᠠ᠂ ᠬᠠᠤᠯᠢ ᠪᠠᠷ ᠵᠠᠰᠠᠬᠤ ᠪᠣᠯᠪᠠᠰᠤᠷᠠᠭᠤᠯᠤᠯ ᠪᠠ ᠤᠬᠠᠭᠤᠯᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠶ ᠪᠠᠨ ᠳᠡᠭᠡᠭᠰᠢᠯᠡᠭᠦᠯᠪᠡ        ᠨᠢᠭᠡ ᠳᠤ᠂ ᠳᠡᠭᠡᠷ᠎ᠡ ᠬᠠᠭᠠᠰ ᠵᠢᠯ ᠪᠠ ᠳᠣᠣᠷ᠎ᠠ ᠬᠠᠭᠠᠰ ᠵᠢᠯ ᠳᠤ ᠲᠤᠰ ᠲᠤᠰ ᠨᠢᠭᠡ ᠤᠳᠠᠭ᠎ᠠ ᠬᠠᠤᠯᠢ ᠪᠠᠷ ᠵᠠᠰᠠᠬᠤ  ᠪᠣᠯᠪᠠᠰᠣᠷᠠᠭᠤᠯᠣᠯ ᠤᠨ ᠠᠩᠭᠢ ᠡᠷᠬᠢᠯᠡᠵᠦ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠢ ᠤᠷᠢᠵᠤ᠂ ᠭᠡᠷ᠎ᠡ ᠶᠢᠨ ᠣᠨᠣᠯ ᠪᠣᠯᠤᠨ ᠪᠣᠳᠠᠲᠤ ᠶᠠᠪᠤᠳᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠣᠨᠣᠯ ᠪᠣᠯᠤᠨ ᠪᠣᠳᠠᠲᠤ ᠶᠠᠪᠤᠳᠠᠯ ᠵᠢᠴᠢ ᠤᠯᠠᠭᠠᠨᠮᠦ᠋ᠴᠢᠷ ᠤᠨ ᠲᠦᠷᠢᠮ ᠤᠨ ᠲᠣᠬᠠᠢ ᠲᠤᠰᠬᠠᠶ ᠲᠦᠷᠦᠯ ᠤᠨ ᠬᠢᠴᠢᠶᠡᠯ ᠪᠠ ᠲᠠᠶᠢᠯᠤᠮᠵᠢ ᠬᠢᠪᠠ᠃ 2019 ᠣᠨ ᠤ ︽12.4︾ ᠤᠯᠤᠰ ᠤᠨ ᠦᠨᠳᠦᠰᠦᠨ ᠬᠠᠤᠯᠢ ᠶᠢᠨ ᠡᠳᠦᠷ ︵ᠪᠥᠬᠦ ᠤᠯᠤᠰ ᠤᠨ ᠬᠠᠤᠯᠢ ᠲᠦᠷᠢᠮ ᠤᠨ ᠣᠬᠠᠭᠤᠯᠭ᠎ᠠ ᠶᠢᠨ ᠡᠳᠦᠷ︶ ᠤᠨ ᠰᠣᠶᠣᠯ ᠪᠠ ᠵᠢᠭᠤᠯᠴᠢᠯᠠᠯ ᠤᠨ ᠬᠠᠤᠯᠢ ᠲᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠵᠤ᠂ ᠠᠵᠢᠯᠯᠠᠭ᠎ᠠ ᠶᠢᠨ ᠠᠭᠤᠯᠭ᠎ᠠ ᠳᠤ ᠬᠠᠤᠯᠢ ᠪᠠᠷ ᠵᠠᠰᠠᠬᠤ ᠲᠠᠶᠢᠯᠤᠮᠵᠢ᠂ ᠠᠯᠪᠠᠨ ᠵᠢᠷᠤᠮ ᠤᠨ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠨᠠᠮ ᠪᠣᠯᠤᠨ ᠤᠯᠤᠰ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠦᠷᠨᠢᠭᠦᠯᠬᠦ ᠵᠡᠷᠭᠡ ᠠᠭᠤᠯᠭ᠎ᠠ ᠶᠢ ᠪᠠᠭᠲᠠᠭᠠᠪᠠ᠃ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ᠂ ᠦᠨᠳᠦᠰᠦᠨ ᠬᠠᠤᠯᠢ᠂ ᠰᠣᠶᠣᠯ ᠵᠢᠭᠤᠯᠴᠢᠯᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ  ᠤᠨ ᠳᠡᠯᠭᠡᠨ ᠦᠵᠡᠭᠦᠯᠬᠦ ᠰᠠᠮᠪᠠᠷ᠎ᠠ᠂ ᠤᠬᠠᠭᠤᠯᠭ᠎ᠠ ᠶᠢᠨ ᠵᠠᠷᠯᠠᠯ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠭᠠᠷ ᠳᠡᠪᠲᠡᠷ᠂ ᠤᠬᠠᠭᠤᠯᠭ᠎ᠠ ᠶᠢᠨ ᠵᠠᠳᠠᠭᠠᠶ ᠨᠢᠭᠤᠷ᠂ ᠡᠯᠧᠺᠲᠷᠣᠨ ᠳᠡᠯᠭᠡᠴᠡ ᠵᠡᠷᠭᠡ ᠬᠡᠯᠪᠡᠷᠢ ᠪᠠᠷ ᠤᠬᠠᠭᠤᠯᠭ᠎ᠠ ᠬᠢᠪᠡ᠃ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠳᠤ ᠨᠡᠶᠢᠲᠡ 300 ᠭᠠᠷᠤᠶ ᠬᠥᠮᠦᠨ ᠤᠳᠠᠭ᠎ᠠ  ᠪᠣᠯᠪᠠᠰᠣᠷᠠᠭᠤᠯᠣᠯ ᠳᠤ ᠣᠷᠣᠯᠴᠠᠪᠠ᠃      ᠬᠤᠶᠠᠷ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠲᠤᠰᠬᠠᠶ ᠳᠤᠭᠤᠶᠢᠯᠠᠩ ᠤᠨ ᠠᠯᠪᠠᠨ ᠬᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ︽2019 ᠣᠨ ᠤ ᠪᠥᠬᠦ ᠣᠷᠣᠨ ᠤ ᠰᠦᠯᠵᠢᠶ᠎ᠡ ᠪᠠᠷ ᠬᠠᠤᠯᠢ ᠰᠤᠷᠬᠤ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠢᠯᠭᠠᠯᠲᠠ ᠶᠢᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠬᠡᠷ᠂ ᠲᠡᠤᠬᠡ ᠶᠢᠨ ᠳᠤᠷᠠᠰᠬᠠᠯᠲᠤ  ᠵᠦᠢᠯᠡᠰ ᠤᠨ ᠲᠣᠪᠴᠢᠶ᠎ᠠ᠂ ᠡᠯ᠎ᠡ ᠰᠢᠭᠤᠳ ᠬᠠᠷᠢᠶ᠎ᠠ ᠨᠢᠭᠡᠴᠢ ᠳᠤ ᠮᠡᠳᠡᠭᠳᠡᠯ ᠪᠠᠭᠤᠯᠭᠠᠵᠤ᠂ ᠪᠥᠬᠦ ᠺᠠᠳ᠋ᠷᠴᠤᠳ ᠡᠷᠬᠡᠪᠰᠢ ᠬᠠᠤᠯᠢ ᠲᠦᠭᠡᠮᠡᠯᠵᠢᠭᠦᠯᠬᠦ ᠠᠭᠤᠯᠭ᠎ᠠ ᠶᠢ ᠰᠤᠷᠤᠯᠴᠠᠵᠤ᠂ ᠬᠠᠤᠯᠢ ᠲᠦᠭᠡᠮᠡᠯᠵᠢᠭᠦᠯᠬᠦ ᠰᠢᠯᠭᠠᠯᠲᠠ ᠳᠤ ᠣᠷᠣᠯᠴᠠᠬᠤ ᠶᠢ ᠱᠠᠭᠠᠷᠳᠠᠪᠠ᠃      ᠭᠤᠷᠪᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠲᠦᠭᠡᠮᠡᠯᠵᠢᠭᠦᠯᠬᠦ ᠠᠵᠢᠯ ᠤᠨ ᠲᠤᠰᠬᠠᠶ ᠳᠤᠭᠤᠶᠢᠯᠠᠩ ᠤᠨ ᠠᠯᠪᠠᠨ ᠬᠡᠷ ᠤᠨ ︽ᠦᠨᠳᠦᠰᠦᠨ ᠬᠠᠤᠯᠢ ᠶᠢᠨ ᠤᠬᠠᠭᠤᠯᠭ᠎ᠠ ᠵᠢᠴᠢ ᠪᠥᠬᠦ ᠠᠷᠠᠳ ᠤᠨ ᠬᠠᠤᠯᠢ  ᠲᠦᠭᠡᠮᠡᠯᠵᠢᠭᠦᠯᠬᠦ ᠰᠦᠯᠵᠢᠶᠡᠨ ᠳᠡᠭᠡᠷ᠎ᠡ ᠱᠠᠩᠨᠠᠯ ᠲᠠᠢ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠭᠡᠷ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ ᠮᠡᠳᠡᠭᠳᠡᠯ ᠥᠭᠴᠦ᠂ ᠡᠯ᠎ᠡ ᠺᠠᠳ᠋ᠷ ᠦᠨᠳᠦᠰᠦᠨ ᠬᠠᠤᠯᠢ ᠶᠢᠨ ᠤᠬᠠᠭᠤᠯᠭ᠎ᠠ ᠵᠢᠴᠢ ᠪᠥᠬᠦ ᠠᠷᠠᠳ ᠤᠨ ᠬᠠᠤᠯᠢ ᠲᠦᠭᠡᠮᠡᠯᠵᠢᠭᠦᠯᠬᠦ ᠰᠦᠯᠵᠢᠶᠡᠨ ᠳᠡᠭᠡᠷ᠎ᠡ ᠱᠠᠩᠨᠠᠯ ᠲᠠᠢ ᠰᠡᠳᠦᠪ ᠬᠠᠷᠢᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠱᠠᠭᠠᠷᠳᠠᠪᠠ᠃      ᠳᠥᠷᠪᠡ ᠳᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠨ᠂ ︽ᠤᠯᠤᠰ ᠤᠨ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠠᠤᠯᠢ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ   ᠢ ᠤᠬᠠᠭᠤᠯᠤᠨ ᠰᠣᠷᠣᠯᠴᠠᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ᠂ ᠶᠡᠷᠦᠩᠬᠡᠶ ᠱᠦᠵᠢ ᠰᠢ ᠶᠢᠨ ᠫᠢᠩ ᠤᠨ ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠵᠦ᠂ ᠪᠦᠬᠦ ᠨᠠᠮ ᠤᠨ ᠭᠡᠰᠢᠭᠦᠨ ᠺᠠᠳ᠋ᠷᠴᠤᠳ ᠰᠤᠷᠤᠯᠴᠠᠯᠭ᠎ᠠ ᠪᠠᠨ ᠴᠢᠩᠭᠠᠳᠬᠠᠵᠤ᠂ ᠡᠯ᠎ᠡ ᠬᠦᠷᠢᠶ᠎ᠡ ᠬᠡᠪᠴᠢᠶᠡᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠱᠠᠭᠠᠷᠳᠠᠪᠠ᠃ ᠡᠯ᠎ᠡ ᠨᠢᠭᠡᠴᠢ ᠤᠯᠤᠰ ᠤᠨ ᠠᠮᠤᠷ ᠲᠦᠪᠰᠢᠨ ᠤ ᠠᠵᠢᠯ ᠪᠣᠯᠤᠨ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠶᠢ ᠭᠦᠨᠵᠡᠭᠡᠶ ᠰᠤᠷᠤᠯᠴᠠᠬᠤ ᠶᠢ ᠮᠡᠳᠡᠭᠳᠡᠯ ᠪᠠᠭᠤᠯᠭᠠᠵᠤ ᠱᠠᠭᠠᠷᠳᠠᠪᠠ᠃ ᠲᠢᠩᠬᠢᠮ ᠤᠨ  ᠪᠠᠶᠢᠭᠤᠯᠭ᠎ᠠ ᠶᠢᠨ LED ᠲᠣᠮᠣ ᠳᠡᠯᠭᠡᠴᠡ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠂ ︽ᠤᠯᠤᠰ ᠤᠨ ᠠᠮᠤᠷ ᠲᠦᠪᠰᠢᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠠᠴᠠ ︿ᠤᠯᠤᠰ  ᠤᠨ ᠠᠮᠤᠷ ᠲᠦᠪᠰᠢᠨ ᠤ ᠬᠠᠤᠯᠢ ﹀︾ ᠬᠦᠷᠲᠡᠯᠡᠬᠢ ᠤᠬᠠᠭᠤᠯᠭ᠎ᠠ ᠶᠢᠨ ᠸᠢᠳᠢᠣ᠋ ᠶᠢ ᠦᠷᠭᠦᠯᠵᠢᠯᠡᠨ  ᠰᠣᠯᠢᠪᠴᠢᠭᠤᠯᠣᠨ ᠨᠡᠪᠲᠡᠷᠡᠭᠦᠯᠪᠡ᠃ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠸᠢᠴᠠᠲ ᠤᠨ ᠨᠡᠶᠢᠲᠡ ᠶᠢᠨ ᠳ᠋ᠤᠭᠠᠷ ᠲᠤ ᠤᠯᠤᠰ ᠤᠨ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠬᠦᠷᠭᠡᠨ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠦᠷᠭᠡᠳᠭᠡᠪᠡ  ᠃    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map