ᠡᠯ᠎ᠡ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ | ᠰᠣᠶᠣᠯ ᠵᠢᠭᠤᠯᠴᠢᠯᠠᠯ ᠤᠨ ᠲᠣᠪᠴᠢᠶ᠎ᠠ᠄ | A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠤᠯᠠᠮ ᠨᠢᠭᠡ ᠠᠯᠬᠤᠮ | ᠠᠬᠢᠭᠤᠯᠵᠤ᠂ ᠪᠦᠬᠦ ᠣᠷᠣᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ | ᠳᠡᠭᠡᠭᠰᠢᠯᠡᠬᠦᠯᠬᠦ ᠶᠢᠨ ᠲᠥᠯᠦᠭᠡ᠂ ᠮᠠᠨ ᠤ ᠲᠢᠩᠬᠢᠮ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ | ᠦᠨᠡᠯᠡᠨ ᠲᠣᠭᠲᠠᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ 3A᠂ 4A ᠲᠠᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠢ ᠰᠢᠨ᠎ᠡ ᠪᠠᠷ ᠦᠨᠡᠯᠡᠬᠦ ᠶᠢ ᠵᠣᠬᠢᠶᠠᠨ ᠪᠠᠶᠢᠭᠤᠯᠤᠨ᠎ᠠ᠃ ᠤᠳᠤ A ᠲᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠮᠡᠳᠡᠬᠦᠯᠬᠦ ᠬᠠᠮᠢᠶ᠎ᠠ ᠪᠦᠬᠦᠢ ᠠᠵᠢᠯ ᠢ ᠳᠤᠤᠷᠠᠬᠢ ᠮᠡᠲᠦ ᠮᠡᠳᠡᠭᠳᠡᠶ᠎ᠡ᠄ | ᠨᠢᠭᠡ᠂ ᠮᠡᠳᠡᠭᠦᠯᠬᠦ ᠮᠠᠲ᠋ᠧᠷᠢᠶᠠᠯ | ᠡᠯ᠎ᠡ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠨᠢ ᠠᠶᠢᠮᠠᠭ ᠬᠤᠲᠠ ᠶᠢᠨ | ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ ᠦᠨᠡᠯᠡᠨ ᠲᠣᠭᠲᠠᠭᠠᠬᠤ | ᠪᠠᠶᠢᠭᠤᠯᠤᠮᠵᠢ ᠶᠢᠨ ᠮᠡᠳᠡᠭᠦᠯᠬᠦ ᠪᠢᠴᠢᠭ ᠮᠠᠲ᠋ᠧᠷᠢᠶᠠᠯ ᠪᠠ ︽ᠦᠨᠡᠯᠡᠨ ᠲᠣᠭᠲᠠᠭᠠᠬᠤ ᠮᠡᠳᠡᠭᠦᠯᠦᠯᠲᠡ ᠶᠢᠨ ᠪᠢᠴᠢᠭ︾ ᠢ | ᠲᠤᠰ ᠪᠦᠷᠢ ᠨᠢᠭᠡ ᠬᠤᠪᠢ ︵ᠴᠠᠭᠠᠰᠤᠨ ᠮᠠᠲ᠋ᠧᠷᠢᠶᠠᠯ︶ ᠲᠤᠰᠢᠶᠠᠵᠤ᠂ ᠪᠤᠰᠤᠳ ᠮᠠᠲ᠋ᠧᠷᠢᠶᠠᠯ ᠢ ︽ᠪᠦᠬᠦ | ᠤᠯᠤᠰ ᠤᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠰᠢᠰᠲ᠋ᠧᠮ︾ ᠢᠶᠠᠷ | ᠲᠤᠰᠢᠶᠠᠨ᠎ᠠ ᠃ ᠨᠠᠷᠢᠨ ᠪᠠᠶᠢᠳᠠᠯ ᠨᠢ ᠳᠣᠣᠷᠠᠬᠢ ᠮᠡᠲᠦ᠄ ᠡᠭᠦᠳᠦᠨ ᠪᠠᠶᠢᠭᠤᠯᠬᠤ ᠭᠤᠶᠤᠴᠢᠯᠠᠯ ᠤᠨ ᠪᠢᠴᠢᠭ︔ | ᠪᠠᠶᠢᠭᠤᠯᠬᠤ ᠬᠦᠷᠢᠶ᠎ᠡ ᠬᠡᠪᠴᠢᠶᠡᠨ ᠤ ᠵᠢᠷᠤᠭ ︔ ᠦᠵᠡᠮᠵᠢ ᠶᠢᠨ ᠣᠷᠣᠨ ᠤ ᠪᠥᠬᠦ ᠦᠵᠡᠮᠵᠢ ᠶᠢᠨ ᠵᠢᠯᠤᠭᠤᠳᠤᠮᠵᠢ | ᠵᠢᠷᠤᠭ︔ ᠬᠠᠤᠯᠢ ᠶᠣᠰᠣᠴᠢ ᠴᠢᠨᠠᠷ ᠤᠨ ᠭᠡᠷᠡᠴᠢᠯᠡᠬᠦ ᠮᠠᠲ᠋ᠧᠷᠢᠶᠠᠯ ︵ ᠲᠥᠰᠦᠯ ᠲᠣᠭᠲᠠᠭᠠᠭᠰᠠᠨ ᠪᠢᠴᠢᠭ ᠮᠠᠲ᠋ᠧᠷᠢᠶᠠᠯ | ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ᠂ ᠡᠷᠡᠭᠦᠯ ᠬᠠᠮᠠᠭᠠᠯᠠᠯ ᠤᠨ | ᠵᠥᠪᠰᠢᠶᠡᠷᠡᠯ ᠤᠨ ᠪᠢᠴᠢᠭ ᠮᠠᠲ᠋ᠧᠷᠢᠶᠠᠯ᠂ ᠤᠨᠴᠠᠭᠠᠢ ᠲᠥᠷᠥᠯ ᠤᠨ ᠪᠡᠯᠡᠳᠬᠡᠮᠵᠢ ᠲᠥᠬᠦᠭᠡᠷᠦᠮᠵᠢ ᠶᠢᠨ ᠪᠢᠴᠢᠭ | ᠮᠠᠲ᠋ᠧᠷᠢᠶᠠᠯ ᠪᠤᠶᠤ ᠤᠨᠴᠠᠭᠠᠢ ᠲᠥᠷᠥᠯ ᠤᠨ ᠪᠡᠯᠡᠳᠬᠡᠮᠵᠢ ᠲᠥᠬᠦᠭᠡᠷᠦᠮᠵᠢ ᠪᠠᠶᠢᠬᠤ ᠦᠭᠡᠢ ᠲᠣᠳᠣᠷᠬᠠᠶᠢᠯᠠᠯᠲᠠ᠂ | ᠦᠵᠡᠮᠵᠢ ᠶᠢᠨ ᠣᠷᠣᠨ ᠤ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠵᠢᠭᠤᠷᠠᠯᠳᠤᠭᠠᠨ ᠳᠤ | ᠬᠤᠯᠪᠤᠭᠳᠠᠬᠤ ᠦᠭᠡᠢ ᠶᠢ ᠭᠡᠷᠡᠴᠢᠯᠡᠬᠦ ᠪᠢᠴᠢᠭ ᠮᠠᠲ᠋ᠧᠷᠢᠶᠠᠯ ᠂ ᠠᠮᠠᠯᠠᠯᠲᠠ ᠶᠢᠨ ᠵᠠᠬᠢᠳᠠᠯ︶︔ ︽ | ᠦᠢᠯᠡᠴᠢᠯᠡᠭᠡᠨ ᠤ ᠶᠠᠰᠤ ᠴᠢᠨᠠᠷ ᠬᠢᠭᠡᠳ ᠣᠷᠴᠢᠨ ᠲᠣᠭᠤᠷᠢᠨ ᠤ ᠶᠠᠰᠤ ᠴᠢᠨᠠᠷ︾ ︵ᠵᠢᠷᠤᠭ ᠦᠰᠦᠭ | ᠬᠤᠤᠰᠯᠠᠭᠰᠠᠨ ᠪᠠᠶᠢᠬᠤ ᠬᠡᠷᠡᠭᠲᠡᠢ︶᠂ ︽ᠦᠵᠡᠮᠵᠢ ᠶᠢᠨ ᠶᠠᠰᠤ ᠴᠢᠨᠠᠷ︾ ᠪᠠ ︽ᠦᠢᠯᠡᠴᠢᠯᠡᠭᠡᠨ ᠤ ᠶᠠᠰᠤ ᠴᠢᠨᠠᠷ | ᠬᠢᠭᠡᠳ ᠣᠷᠴᠢᠨ ᠲᠣᠭᠤᠷᠢᠨ ᠤ ᠶᠠᠰᠤ ᠴᠢᠨᠠᠷ︾ ᠢ ᠲᠣᠳᠣᠷᠬᠠᠶᠢᠯᠠᠭᠰᠠᠨ ᠸᠢᠳᠢᠤ᠋᠂ ᠡᠭᠦᠳᠦᠨ ᠪᠠᠶᠢᠭᠤᠯᠬᠤ | ᠪᠠᠶᠢᠳᠠᠯ ᠤᠨ ᠬᠠᠷᠢᠭᠤ ᠮᠡᠳᠡᠭᠦᠯᠦᠯᠲᠡ︔ ᠠᠷᠢᠭᠤᠨ ᠴᠢᠬᠡᠴᠢ ᠪᠠᠷ ᠮᠡᠳᠡᠬᠦᠯᠦᠨ ᠪᠠᠶᠢᠭᠤᠯᠬᠤ ᠠᠮᠠᠯᠠᠯᠲᠠ ᠶᠢᠨ ᠪᠢᠴᠢᠭ︔ | ᠬᠡᠷᠪᠡ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠨᠤᠲᠤᠭ ᠪᠡᠯᠴᠢᠭᠡᠷ ᠢ ᠲᠠᠲᠠᠪᠤᠷᠢᠯᠠᠬᠤ ᠂ ᠡᠵᠡᠯᠡᠬᠦ ᠳᠤ | ᠬᠤᠯᠪᠣᠭᠳᠠᠪᠠᠯ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠭᠠᠷᠳᠠᠮ ᠢ ᠬᠠᠩᠭᠠᠬᠤ ᠬᠡᠷᠡᠭᠲᠡᠶ᠃ | ᠬᠤᠶᠠᠷ᠂ ᠮᠠᠲ᠋ᠧᠷᠢᠶᠠᠯ ᠤᠨ ᠠᠩᠬᠠᠨ ᠤ ᠦᠨᠡᠯᠡᠯᠲᠡ | ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠵᠡᠷᠭᠡ ᠳᠡᠰ ᠢ | ᠬᠢᠨᠠᠨ ᠲᠣᠭᠲᠠᠭᠠᠬᠤ ᠪᠠᠶᠢᠭᠤᠯᠤᠮᠵᠢ ᠮᠠᠲ᠋ᠧᠷᠢᠶᠠᠯ ᠢ ᠣᠯᠤᠭᠰᠠᠨ ᠤ ᠳᠠᠷᠠᠭ᠎ᠠ ᠲᠤᠰᠬᠠᠶ ᠮᠡᠷᠭᠡᠵᠢᠯᠲᠡᠨ ᠤᠷᠢᠵᠤ | ᠮᠠᠲ᠋ᠧᠷᠢᠶᠠᠯ ᠳᠤ ᠠᠩᠬᠠᠨ ᠤ ᠦᠨᠡᠯᠡᠯᠲᠡ ᠬᠢᠯᠭᠡᠵᠦ᠂ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ | ᠴᠢᠨᠠᠷ ᠤᠨ ᠵᠡᠷᠭᠡ ᠳᠡᠰ ᠢ ᠬᠤᠪᠢᠶᠠᠷᠢᠯᠠᠬᠤ ᠪᠠ ᠦᠨᠡᠯᠡᠨ ᠲᠣᠭᠲᠠᠭᠠᠬᠤ︾ ᠪᠠᠷᠢᠮᠵᠢᠶ ᠠ ᠱᠠᠭᠠᠷᠳᠠᠯᠭ᠎ᠠ ᠶᠢ | ᠦᠨᠳᠦᠰᠦᠯᠡᠨ᠂ ᠮᠠᠲ᠋ᠧᠷᠢᠶᠠᠯ ᠤᠨ ᠪᠦᠷᠢᠨ ᠪᠦᠲᠦᠨ ᠴᠢᠨᠠᠷ ᠪᠠ ᠬᠢᠭᠰᠡᠨ ᠶᠠᠰᠤ ᠴᠢᠨᠠᠷ ᠤᠨ ᠲᠠᠯ᠎ᠠ ᠪᠠᠷ ᠰᠢᠯᠭᠠᠨ | ᠦᠨᠡᠯᠡᠵᠦ᠂ ᠠᠩᠬ᠎ᠠ ᠬᠢᠨᠠᠯᠲᠠ ᠳᠤ ᠬᠢᠷᠢ ᠲᠡᠩᠴᠡᠭᠰᠡᠨ ᠦᠵᠡᠮᠵᠢ ᠶᠢᠨ ᠣᠷᠣᠨ ᠲᠤᠰᠬᠠᠶ ᠮᠡᠷᠭᠡᠵᠢᠯᠲᠡᠨ ᠤ | ᠳᠤᠬᠠᠢ ᠶᠢᠨ ᠭᠠᠵᠠᠷ ᠲᠤ ᠨᠢ ᠬᠦᠷᠴᠦ ᠪᠠᠶᠢᠴᠠᠭᠠᠬᠤ ᠭᠤᠭᠴᠤᠭᠠᠨ ᠳᠤ ᠤᠷᠤᠨ᠎ᠠ᠃ | ᠭᠤᠷᠪᠠ᠂ ᠲᠤᠬᠠᠶ ᠶᠢᠨ ᠲᠠᠯᠠᠪᠠᠶ ᠶᠢᠨ ᠰᠢᠯᠭᠠᠨ ᠲᠣᠭᠲᠠᠭᠠᠯᠲᠠ | ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ | ᠢ ᠦᠨᠡᠯᠡᠨ ᠲᠣᠭᠲᠠᠭᠠᠬᠤ ᠪᠠᠶᠢᠭᠤᠯᠤᠮᠵᠢ ᠠᠴᠠ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠦᠵᠡᠮᠵᠢ ᠶᠢᠨ ᠣᠷᠣᠨ | ᠳᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤ ᠨᠢ ᠦᠨᠡᠯᠡᠨ ᠲᠤᠭᠲᠠᠭᠠᠯᠲᠠ | ᠬᠢᠯᠭᠡᠨ᠎ᠡ᠃ | ᠳᠥᠷᠪᠡ᠂ ᠮᠠᠲ᠋ᠧᠷᠢᠶᠠᠯ ᠮᠡᠳᠡᠭᠦᠯᠦᠨ ᠬᠦᠷᠭᠡᠬᠦ ᠴᠠᠭ | ᠡᠯ᠎ᠡ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ 2020 ᠤᠨ 6 ᠳ᠋ᠤᠭᠠᠷ ᠰᠠᠷ᠎ᠠ ᠶᠢᠨ | 30 ᠤ ᠡᠳᠦᠷ ᠠᠴᠠ ᠡᠮᠦᠨ᠎ᠡ ᠮᠠᠲ᠋ᠧᠷᠢᠶᠠᠯ ᠢᠶᠠᠨ ᠳᠡᠭᠡᠭᠰᠢ ᠮᠡᠳᠡᠬᠦᠯᠬᠦ ᠬᠡᠷᠡᠭᠳᠡᠢ ᠃ ᠬᠤᠭᠤᠴᠠᠭ᠎ᠠ ᠥᠩᠭᠡᠷᠡᠪᠡᠯ | ᠬᠠᠮᠢᠶ᠎ᠠ ᠪᠦᠬᠦᠢ ᠮᠠᠲ᠋ᠧᠷᠢᠶᠠᠯ ᠢ ᠬᠦᠯᠢᠶᠡᠨ ᠠᠪᠬᠤ ᠦᠭᠡᠢ᠃ | | ᠬᠠᠷᠢᠯᠴᠠᠬᠤ ᠬᠥᠮᠦᠨ᠄ ᠡᠬᠢ ᠪᠠᠶᠠᠯᠢᠭ ᠢ ᠨᠡᠭᠡᠭᠡᠨ ᠠᠰᠢᠭᠯᠠᠬᠤ ᠭᠠᠵᠠᠷ ᠶᠠᠩ ᠲᠢᠩ | ᠬᠠᠷᠢᠯᠴᠠᠬᠤ ᠤᠲᠠᠰᠤ᠄ 0471 — 6945826 | | ᠣᠨᠴᠠᠭᠠᠶᠢᠯᠠᠨ ᠮᠡᠳᠡᠭᠳᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠲᠢᠩᠬᠢᠮ | | 2020 ᠣᠨ ᠤ 6 ᠳ᠋ᠤᠭᠠᠷ ᠰᠠᠷ᠎ᠠ ᠶᠢᠨ 15 ᠤ ᠡᠳᠦᠷ | |