ᠠᠷᠪᠠᠨ ᠲᠠᠪᠤᠳᠤᠭᠠᠷ ᠬᠤᠭᠤᠴᠠᠭᠠᠨ ᠤ ᠬᠤᠩ ᠱᠠᠨ ᠰᠣᠶᠣᠯ ᠵᠢᠭᠤᠯᠴᠢᠯᠠᠯ ᠤᠨ ᠨᠠᠶᠢᠷ ᠡᠷᠬᠢᠯᠡᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2020/8/7
 
                             ᠠᠷᠪᠠᠨ ᠲᠠᠪᠤᠳᠤᠭᠠᠷ ᠬᠤᠭᠤᠴᠠᠭᠠᠨ ᠤ ᠬᠤᠩ ᠱᠠᠨ ᠰᠣᠶᠣᠯ ᠵᠢᠭᠤᠯᠴᠢᠯᠠᠯ ᠤᠨ ᠨᠠᠶᠢᠷ ᠡᠷᠬᠢᠯᠡᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ     ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶᠠᠨ ᠳᠤ᠄          ︽ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠩ ᠱᠠᠨ ᠰᠣᠶᠣᠯ ᠵᠢᠭᠤᠯᠴᠢᠯᠠᠯ ᠤᠨ ᠨᠠᠶᠢᠷ ᠡᠷᠭᠢᠯᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠤᠯᠠᠭᠠᠨᠬᠠᠳᠠ ᠬᠤᠲᠠ  ᠶᠢᠨ ᠨᠠᠮ  ᠤᠨ ᠬᠤᠷᠢᠶᠠᠨ ᠤ ᠮᠡᠳᠡᠭᠦᠯᠦᠭᠰᠡᠨ︹ 2020 ︺ 14 ᠳ᠋ᠤᠭᠡᠷ ᠲᠣᠭᠠᠲᠤ︶ ᠶᠢ ᠣᠯᠵᠤ ᠣᠶᠢᠯᠠᠭᠠᠪᠠ᠃ ︽ᠪᠠᠶᠠᠷ ᠳᠤᠷᠠᠰᠬᠠᠯ ᠤᠨ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵  ᠲᠥᠪ  ᠤᠨ ᠠᠯᠪᠠᠨ ᠲᠢᠩᠬᠢᠮ ᠤᠨ ᠲᠠᠷᠬᠠᠭᠠᠭᠰᠠᠨ ︹ 2012 ︺18 ᠳ᠋ᠤᠭᠠᠷ ᠲᠣᠭᠠᠲᠤ ︶᠂ ︽ᠪᠠᠶᠠᠷ ᠳᠤᠷᠠᠰᠬᠠᠯ ᠤᠨ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ︾ ︵ ᠪᠦᠬᠦ ᠤᠯᠤᠰ  ᠤᠨ  ᠪᠠᠶᠠᠷ  ᠤᠨ ᠶᠤᠰᠤᠯᠠᠯ᠂ ᠰᠤᠳᠤᠯᠤᠨ ᠶᠠᠷᠢᠯᠴᠠᠬᠤ ᠬᠤᠷᠠᠯ᠂  ᠲᠠᠪᠴᠠᠩ ᠤᠨ ᠠᠵᠢᠯᠯᠠᠭ᠎ᠠ ᠶᠢ ᠴᠡᠭᠴᠡᠯᠡᠬᠦ ᠪᠠ ᠳᠦᠷᠢᠮᠵᠢᠬᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠬᠠᠭᠠᠭᠰᠠᠨ︹ 2019 ︺ 1 ᠳ᠋ᠤᠭᠡᠷ ᠲᠣᠭᠠᠲᠤ︶ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠪᠠᠶᠠᠷ ᠳᠤᠷᠠᠰᠬᠠᠯ ᠤᠨ ᠡᠳᠦᠷ᠂ ᠶᠠᠷᠢᠶᠠᠨ ᠤ ᠲᠠᠪᠴᠠᠩ᠂ ᠦᠵᠡᠰᠬᠦᠯᠡᠩ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠦᠨᠡᠨ ᠬᠦ ᠴᠢᠩᠭᠠᠳᠬᠠᠬᠤ ᠲᠤᠬᠠᠶ ᠮᠡᠳᠡᠭᠳᠡᠯ︾᠂ ︽ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠤᠨ  ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ︵ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ  ᠤᠨ ᠶᠣᠰᠣᠯᠠᠯ ᠤᠨ ᠠᠵᠢᠯ  ᠢ ᠳᠦᠷᠢᠮᠵᠢᠬᠦᠯᠬᠦ ᠠᠵᠢᠯ  ᠤᠨ  ᠲᠤᠰᠬᠠᠶ ᠳᠤᠭᠤᠶᠢᠯᠠᠩ  ︹ 2020 ︺ 2 ᠳ᠋ᠤᠭᠠᠷ ᠲᠣᠭᠠᠲᠤ︶ ᠵᠡᠷᠭᠡ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠠᠵᠢᠯᠯᠠᠭᠠᠨ ᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠠᠶᠠᠷ ᠤᠨ ᠡᠳᠦᠷ ᠤᠨ ᠶᠠᠷᠢᠶᠠᠨ ᠤ ᠲᠠᠪᠴᠠᠩ  ᠢ ᠵᠢᠷᠤᠮᠵᠢᠭᠤᠯᠬᠤ ᠠᠵᠢᠯ ᠤᠨ ᠲᠤᠰᠬᠠᠢ ᠳᠤᠭᠤᠶᠢᠯᠠᠩ ᠤᠨ ᠠᠩᠬ᠎ᠠ ᠬᠢᠨᠠᠯᠲᠠ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ ᠬᠦᠷᠬᠦ ᠶᠢ ᠠᠳᠠᠯᠢᠳᠬᠠᠨ ᠰᠢᠯᠭᠠᠷᠠᠭᠤᠯᠵᠤ ᠰᠠᠶᠢᠰᠢᠶᠠᠨ ᠬᠥᠬᠢᠭᠦᠯᠬᠦ ᠵᠢᠴᠢ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠤᠨ ᠦᠵᠡᠭᠦᠯᠦᠯᠭᠡ ᠶᠢᠨ ᠠᠵᠢᠯᠯᠠᠭ᠎ᠠ  ᠶᠢ ᠳᠦᠷᠢᠮᠵᠢᠬᠦᠯᠬᠦ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠢᠨᠠᠨ ᠰᠢᠯᠭᠠᠭᠤᠯᠬᠤ ᠶᠢᠨ ᠬᠠᠮᠲᠤ ᠤᠳᠤᠷᠢᠳᠬᠤ ᠳᠤᠭᠤᠶᠢᠯᠠᠩ ᠤᠨ 2020  ᠤᠨ  ᠤ 1 ᠳ᠋ᠤᠭᠡᠷ  ᠤᠳᠠᠭᠠᠨ  ᠤ ᠬᠤᠷᠠᠯ ᠢᠶᠠᠷ  ᠰᠤᠳᠤᠯᠤᠭᠤᠯᠬᠤ ᠪᠠᠷ ᠳᠠᠮᠵᠢᠨ᠂ ᠡᠳᠦᠭᠡ ᠠᠷᠪᠠᠨ ᠲᠠᠪᠤᠳᠤᠭᠠᠷ ᠬᠤᠭᠤᠴᠠᠭᠠᠨ ᠤ ᠬᠤᠩ ᠱᠠᠨ ᠰᠣᠶᠣᠯ ᠵᠢᠭᠤᠯᠴᠢᠯᠠᠯ ᠤᠨ ᠨᠠᠶᠢᠷ ᠡᠷᠬᠢᠯᠡᠬᠦ ᠶᠢ ᠵᠥᠪᠰᠢᠶᠡᠷᠡᠪᠡ᠃        ᠡᠭᠦᠨ ᠤ ᠬᠠᠮᠲᠤ᠂ ᠳᠣᠤᠷᠠᠬᠢ ᠮᠡᠲᠦ ᠱᠠᠭᠠᠷᠳᠠᠯᠭ᠎ᠠ ᠳᠤᠷᠠᠳᠪᠠ᠄ ᠨᠢᠭᠡ ᠳᠤ᠂ ᠣᠳᠣᠬᠠᠨ ᠤ ᠬᠢᠯᠢ ᠶᠢᠨ ᠭᠠᠳᠠᠨ᠎ᠠ ᠠᠴᠠ ᠬᠠᠯᠳᠠᠪᠤᠷᠢᠯᠠᠵᠤ ᠤᠷᠤᠵᠤ ᠢᠷᠡᠬᠦ ᠬᠢᠵᠢᠭ ᠤᠨ  ᠪᠠᠶᠢᠳᠠᠯ᠂ ᠬᠢᠯᠢ ᠶᠢᠨ ᠳᠣᠲᠣᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠵᠤ ᠲᠣᠭᠲᠠᠭᠰᠠᠨ ᠬᠤᠭᠤᠴᠠᠭᠠᠨ ᠳᠤ ᠪᠠᠨ ᠡᠷᠬᠢᠯᠡᠬᠦ ᠡᠰᠡᠬᠦ  ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠣᠯᠤᠨ ᠤᠯᠤᠰ ᠤᠨ ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠵᠥᠪᠰᠢᠶᠡᠷᠡᠯ ᠳᠣᠤᠷ᠎ᠠ ᠲᠣᠭᠲᠠᠭᠠᠬᠤ ᠬᠡᠷᠡᠭᠲᠡᠶ᠃ ᠬᠤᠶᠠᠷ ᠲᠤ᠂ ︽ᠬᠡᠨ ᠳᠡᠪᠰᠢᠭᠦᠯᠦᠭᠰᠡᠨ ᠪᠣᠯ ᠬᠡᠨ ᠬᠠᠷᠢᠭᠤᠴᠠᠬᠤ︾᠂ ︽ᠬᠡᠨ ᠭᠤᠤᠯᠯᠠᠨ ᠡᠷᠭᠢᠯᠡᠭᠰᠡᠨ ᠪᠣᠯ ᠬᠡᠨ ᠬᠠᠷᠢᠭᠤᠴᠠᠬᠤ︾ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠠᠷᠢᠭᠤᠴᠠᠯᠭ᠎ᠠ ᠶᠢ ᠪᠤᠳᠠᠲᠠᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠂ ᠠᠵᠢᠯᠯᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠳᠥᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠬᠦᠯᠵᠦ᠂ ᠠᠷᠪᠢᠴᠢ ᠪᠠᠷ ᠨᠠᠶᠢᠷ ᠡᠷᠬᠢᠯᠡᠨ᠎ᠡ᠃ ᠲᠦᠷᠪᠡ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠥᠪ ᠤᠳᠤᠷᠢᠳᠤᠮᠵᠢ ᠶᠢ ᠴᠢᠩᠭ᠎ᠠ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠲᠠᠪᠤ ᠳᠤ᠂ ᠭᠠᠳᠠᠭᠠᠳᠤ ᠤᠯᠤᠰ ᠵᠢᠴᠢ ᠰᠢᠶᠠᠩᠭᠠᠩ ᠣᠣᠮᠧᠨ ᠲᠠᠶᠢᠸᠠᠨ ᠣᠷᠣᠨ ᠤ ᠬᠥᠮᠦᠰ ᠢ ᠤᠷᠢᠵᠤ ᠳᠤᠮᠳᠠᠳᠤ ᠤᠯᠤᠰ ᠲᠤ ᠢᠷᠡᠭᠦᠯᠬᠦ ᠶᠠᠪᠤᠳᠠᠯ ᠳᠤ ᠬᠤᠯᠪᠤᠭᠳᠠᠪᠠᠯ ᠭᠠᠳᠠᠭᠠᠳᠤ ᠶᠠᠪᠤᠳᠠᠯ ᠤᠨ ᠬᠠᠮᠢᠶᠠᠷᠤᠯᠲᠠ ᠶᠢᠨ ᠲᠤᠭᠲᠠᠭᠠᠯ ᠶᠣᠰᠣᠭᠠᠷ ᠭᠠᠳᠠᠭᠠᠳᠤ ᠶᠠᠪᠤᠳᠠᠯ ᠤᠨ ᠰᠠᠯᠠᠭ᠎ᠠ ᠮᠥᠴᠢᠷ ᠲᠤ ᠠᠰ ᠲᠤ ᠨᠢ ᠮᠡᠳᠡᠭᠦᠯᠵᠦ ᠵᠥᠪᠰᠢᠶᠡᠷᠡᠬᠦᠯᠦᠭᠡᠷᠡᠢ  ᠃ ᠵᠢᠷᠭᠤᠭ᠎ᠠ ᠳᠤ ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ︵ᠠᠵᠢᠯ ᠠᠴᠠ ᠰᠠᠯᠵᠤ᠂ ᠠᠮᠠᠷᠠᠭᠰᠠᠨ ᠤᠳᠤᠷᠢᠳᠤᠯᠭ᠎ᠠ ᠪᠠᠭᠲᠠᠨ᠎ᠠ︶  ᠶᠢ ᠦᠨᠡᠨ ᠬᠦ ᠤᠷᠢᠨ ᠣᠷᠣᠯᠴᠠᠭᠤᠯᠬᠤ ᠴᠢᠬᠤᠯᠠᠲᠠᠶ  ᠪᠤᠯ ᠮᠡᠳᠡᠭᠦᠯᠦᠨ  ᠵᠥᠪᠰᠢᠶᠡᠷᠡᠬᠦᠯᠬᠦ ᠭᠠᠷ ᠭᠦᠢᠴᠡᠳᠬᠡᠯ ᠢ ᠴᠢᠩᠭ᠎ᠠ ᠭᠦᠢᠴᠡᠳᠬᠡᠬᠦ ᠬᠡᠷᠡᠭᠲᠡᠢ᠃ ᠳᠣᠯᠤᠭ᠎ᠠ ᠳᠤ᠂ ᠱᠠᠩᠨᠠᠯ ᠰᠢᠯᠭᠠᠷᠠᠭᠤᠯᠤᠯᠲᠠ ᠳᠤ ᠬᠤᠯᠪᠣᠭᠳᠠᠪᠠᠯ  ᠪᠠᠷᠢᠮᠵᠢᠶ᠎ᠠ ᠳᠤ ᠬᠦᠷᠬᠦ  ᠶᠢ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠮᠡᠳᠡᠭᠦᠯᠦᠨ ᠵᠥᠪᠰᠢᠶᠡᠷᠡᠬᠦᠯᠬᠦ ᠠᠯᠬᠤᠮ ᠳᠠᠷᠠᠭ᠎ᠠ ᠶᠢ ᠭᠦᠢᠴᠡᠳᠬᠡᠬᠦ ᠬᠡᠷᠡᠭᠲᠡᠶ᠃  ᠨᠠᠢᠮᠠ ᠳᠤ᠂ ᠭᠠᠯ ᠢ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠭᠢᠰᠬᠢᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠴᠢᠩᠭ᠎ᠠ ᠰᠠᠶᠢᠲᠤᠷ ᠬᠢᠵᠦ᠂ ᠠᠵᠢᠯᠯᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠪᠤᠰᠤᠳ ᠳᠠᠭᠤᠰᠤᠭᠠᠳᠤᠢ ᠵᠦᠢᠯᠡᠰ ᠢ ᠴᠠᠭ ᠲᠤᠬᠠᠶ  ᠳᠤ ᠨᠢ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠢᠯ ᠤᠨ ᠳᠤᠭᠤᠶᠢᠯᠠᠩ ᠲᠠᠢ ᠨᠡᠪᠲᠡᠷᠡᠯᠴᠡᠨ ᠵᠣᠬᠢᠴᠠᠭᠤᠯᠤᠭᠠᠷᠠᠶ᠃          ᠲᠠᠨ ᠤ ᠬᠤᠲᠠ ᠴᠣᠬᠤᠯᠠᠪᠤᠷᠢᠯᠠᠭᠰᠠᠨ ᠵᠦᠢᠯᠡᠰ ᠢ ᠴᠢᠩᠭ᠎ᠠ ᠵᠢᠷᠤᠮᠯᠠᠵᠤ ᠬᠠᠮᠢᠶ᠎ᠠ ᠪᠥᠬᠦᠶ ᠠᠵᠢᠯᠯᠠᠭ᠎ᠠ ᠪᠠᠨ ᠡᠷᠬᠢᠯᠡᠭᠡᠷᠡᠢ᠃ ᠠᠵᠢᠯᠯᠠᠭᠠᠨ ᠤ ᠭᠤᠤᠯ ᠴᠣᠭᠴᠠ᠂ ᠠᠭᠤᠯᠭ᠎ᠠ᠂ ᠲᠥᠷᠥᠯ ᠵᠦᠢᠯ ᠵᠡᠷᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠶᠢ ᠴᠢᠩᠭ᠎ᠠ ᠴᠠᠭᠠᠵᠠᠯᠠᠨ᠎ᠠ᠃ ᠡᠭᠦᠨ ᠤ ᠬᠠᠮᠲᠤ᠂ ᠲᠣᠰ ᠴᠣᠬᠤᠯᠠᠪᠤᠷᠢ ᠶᠢ ᠣᠯᠤᠭᠰᠠᠨ 1 ᠰᠠᠷ᠎ᠠ ᠶᠢᠨ ᠳᠣᠲᠣᠷ᠎ᠠ ᠰᠠᠯᠠᠭ᠎ᠠ ᠮᠥᠴᠢᠷ ᠤᠨ ᠰᠦᠯᠵᠢᠶ᠎ᠡ ᠪᠠᠷ ᠳᠠᠮᠵᠢᠭᠤᠯᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠭᠡᠮ ᠳᠤ  ᠨᠡᠶᠢᠳᠡᠯᠡᠵᠦ᠂ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 1 ᠰᠠᠷ᠎ᠠ ᠶᠢᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠢ ᠳᠦᠷᠢᠮᠵᠢᠬᠦᠯᠬᠦ ᠠᠵᠢᠯ ᠤᠨ ᠲᠤᠰᠬᠠᠶ ᠳᠤᠭᠤᠶᠢᠯᠠᠩ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠳᠤᠬᠢᠷᠠᠭᠤᠯᠪᠠ︶ ᠳᠤ  ᠠᠵᠢᠯᠯᠠᠭᠠᠨ  ᠤ ᠳ᠋ᠦᠩᠨᠡᠯᠲᠡ ᠪᠠᠨ  ᠮᠡᠳᠡᠬᠦᠯᠦᠭᠡᠷᠡᠢ᠃     ᠲᠤᠰᠬᠠᠶᠢᠯᠠᠨ ᠴᠤᠬᠤᠯᠠᠪᠤᠷᠢᠯᠠᠪᠠ᠃                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ                    ᠶᠣᠰᠣᠯᠠᠯ ᠤᠨ ᠠᠵᠢᠯ  ᠢ ᠳᠦᠷᠢᠮᠵᠢᠬᠦᠯᠬᠦ ᠠᠵᠢᠯ  ᠤᠨ ᠲᠤᠰᠬᠠᠶ ᠳᠤᠭᠤᠶᠢᠯᠠᠩ                                          2020 ᠣᠨ ᠤ 7  ᠳ᠋ᠤᠭᠠᠷ ᠰᠠᠷ᠎ᠠ ᠶᠢᠨ 22 ᠤᠨ ᠡᠳᠦᠷ
 
ᠢᠷᠡᠯᠲᠡ᠄ ᠦᠪᠦᠷ ᠮᠤᠩᠭᠤᠯ  ᠤᠨ ᠥᠪᠡᠷᠲᠡᠭᠡᠨ ᠵᠠᠰᠠᠬᠤ ᠤᠷᠤᠨ  ᠤ ᠰᠤᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map