ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠲᠤᠰᠬᠠᠶ ᠲᠥᠯᠥᠪᠵᠢᠭᠦᠯᠭᠡ 》 ᠶᠢ ᠠᠩᠬ᠎ᠠ ᠤᠳᠠᠭ᠎ᠠ ᠬᠢᠨᠠᠨ ᠲᠣᠭᠲᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/7
     12 ᠳ᠋ᠤᠭᠠᠷ ᠰᠠᠷ᠎ᠠ ᠶᠢᠨ 30   ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠲᠤᠰᠬᠠᠶ ᠲᠥᠯᠥᠪᠵᠢᠭᠦᠯᠭᠡ 》 (  ᠠᠩᠬᠠᠨ  ᠤ ᠨᠣᠤᠷᠠᠭ )   ᠶᠢᠨ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠸᠢᠳᠢᠣ᠋ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠡᠯ᠎ᠡ ᠭᠠᠵᠠᠷ ᠬᠡᠷ ᠵᠢᠴᠢ ᠬᠤᠯᠪᠣᠭᠳᠠᠯ ᠪᠥᠬᠦᠶ ᠣᠷᠣᠨ ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ ᠤᠨ ᠰᠢᠰᠲ᠋ᠧᠮ ᠤᠨ ᠨᠢᠭᠡᠴᠢ᠂ ᠳᠤᠮᠳᠠᠳᠤ ᠤᠯᠤᠰ ᠤᠨ ᠰᠣᠶᠣᠯ ᠤᠨ ᠥᠪ ᠤᠨ ᠰᠤᠳᠤᠯᠭᠠᠨ ᠤ ᠬᠦᠷᠢᠶᠡᠯᠡᠩ᠂ ᠪᠡᠭᠡᠵᠢᠩ ᠶᠡᠭᠡ ᠰᠤᠷᠭᠠᠭᠤᠯᠢ ᠶᠢᠨ ᠬᠤᠲᠠ ᠬᠢᠭᠡᠳ ᠣᠷᠴᠢᠨ ᠲᠣᠭᠤᠷᠢᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠰᠤᠳᠤᠯᠭᠠᠨ ᠤ ᠨᠡᠶᠢᠭᠡᠮᠯᠢᠭ ᠵᠢᠴᠢ ᠪᠡᠭᠡᠵᠢᠩ ᠤᠨ ᠴᠢᠩ ᠬᠤᠸᠠ ᠲᠤᠩ ᠾᠧᠩ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠠᠷᠢᠭᠤᠴᠠᠯᠭᠠᠲᠠᠨ ᠪᠣᠯᠤᠨ ᠲᠤᠰᠬᠠᠶ ᠮᠡᠷᠭᠡᠵᠢᠯᠲᠡᠨ ᠰᠢᠯᠭᠠᠷᠠᠭᠤᠯᠬᠤ ᠬᠤᠷᠠᠯ ᠳᠤ ᠣᠷᠣᠯᠴᠠᠵᠠᠶ᠃
     ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠪᠠ ᠬᠠᠷᠢᠭᠤᠴᠠᠯᠭᠠᠲᠠᠨ ᠭᠦᠨᠵᠡᠭᠡᠢ ᠶᠠᠷᠢᠯᠴᠠᠬᠤ ᠪᠠ ᠨᠠᠷᠢᠨ ᠬᠢᠨᠠᠮᠠᠭᠠᠢ ᠬᠢᠨᠠᠨ ᠲᠣᠭᠲᠠᠭᠠᠬᠤ ᠪᠠᠷ ᠳᠠᠮᠵᠢᠨ᠂ ᠪᠡᠭᠡᠵᠢᠩ ᠤᠨ ᠴᠢᠩ ᠬᠤᠸᠠ ᠲᠤᠩ ᠾᠧᠩ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠨᠠᠶᠢᠷᠠᠭᠤᠯᠤᠨ ᠵᠣᠬᠢᠶᠠᠭᠰᠠᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠰᠬᠠᠢ ᠲᠥᠯᠥᠪᠵᠢᠭᠦᠯᠭᠡ 》 ( ᠠᠩᠬᠠᠨ ᠤ ᠨᠤᠤᠷᠠᠭ ) ᠶᠢᠨ ᠰᠡᠳᠬᠢᠴᠡ ᠲᠣᠳᠣᠷᠬᠠᠢ᠂ ᠪᠣᠷᠣ ᠲᠥᠯᠥᠪ ᠦᠨᠳᠦᠰᠦᠨ ᠳᠤ ᠪᠠᠨ ᠵᠣᠬᠢᠰᠲᠠᠢ᠂ ᠠᠭᠤᠯᠭ᠎ᠠ ᠨᠡᠯᠢᠶᠡᠳ ᠪᠠᠶᠠᠯᠢᠭ᠂ ᠭᠤᠣᠯ ᠰᠡᠳᠦᠪ ᠨᠡᠯᠢᠶᠡᠳ ᠲᠣᠳᠣᠷᠬᠠᠢ᠂ ᠨᠤᠲᠠᠯᠠᠯᠲᠠ ᠨᠡᠯᠢᠶᠡᠳ ᠭᠦᠢᠴᠡᠳ ᠪᠠᠶᠢᠵᠤ᠂ ᠠᠩᠬ᠎ᠠ ᠤᠳᠠᠭᠠᠨ ᠤ ᠬᠢᠨᠠᠨ ᠲᠣᠭᠲᠠᠭᠠᠯᠲᠠ ᠶᠢ ᠪᠠᠲᠤᠯᠠᠬᠤ ᠶᠢ ᠰᠠᠨᠠᠯ ᠨᠢᠭᠡᠲᠡᠢ ᠵᠥᠪᠰᠢᠶᠡᠷᠡᠪᠡ᠃  
     ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠲᠤᠬᠠᠶ᠂ ᠲᠥᠪ ᠤᠨ ᠤᠯᠤᠰ ᠲᠥᠷᠥ ᠶᠢᠨ ᠲᠣᠪᠴᠢᠶᠠᠨ ᠤ 23 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠲᠤᠰᠬᠠᠶ ᠲᠥᠯᠥᠪᠵᠢᠭᠦᠯᠭᠡ 》 ᠶᠢ ᠨᠠᠶᠢᠷᠠᠭᠤᠯᠤᠨ ᠵᠣᠬᠢᠶᠠᠬᠤ ᠠᠵᠢᠯ  ᠢ ᠰᠠᠶᠢᠲᠤᠷ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠪᠣᠯ ᠡᠷᠲᠡᠨ ᠠᠴᠠ ᠪᠠᠨ ᠠᠪᠤᠭᠠᠳ ᠳᠤᠮᠳᠠᠳᠤ ᠶᠢᠨ ᠨᠢᠭᠡᠳᠦᠭᠰᠡᠨ ᠣᠯᠠᠨ ᠦᠨᠳᠦᠰᠦᠲᠡᠨ ᠲᠠᠢ ᠤᠯᠤᠰ ᠤᠨ ᠴᠢᠬᠤᠯᠠ ᠪᠦᠷᠢᠯᠳᠦᠬᠦᠨ ᠬᠡᠰᠡᠭ ᠮᠥᠨ ᠭᠡᠳᠡᠭ ᠲᠤ ᠦᠨᠳᠦᠰᠦᠲᠡᠨ ᠨᠦᠭᠦᠳ ᠤᠨ ᠲᠠᠰᠤᠷᠠᠯᠲᠠ ᠥᠬᠡᠶ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢᠶᠠᠷ ᠪᠣᠳᠠᠲᠤ ᠭᠡᠷᠡᠴᠢ ᠬᠠᠩᠭᠠᠨ᠎ᠠ᠃ ᠤᠯᠠᠨ ᠵᠦᠢᠯ ᠤᠨ ᠬᠡᠯᠪᠡᠷᠢ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂《 ᠬᠠᠭᠤᠴᠢ ᠰᠤᠳᠤᠯᠤᠯ ᠤᠨ ᠰᠤᠳᠤᠯᠭᠠᠨ 》   ᠤ ᠬᠡᠰᠡᠭ ᠴᠢᠬᠤᠯᠠᠴᠠ ᠶᠢᠨ ᠬᠡᠮᠵᠢᠶ᠎ᠡ ᠶᠢ ᠨᠡᠮᠡᠭᠳᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠠᠰᠢᠭᠯᠠᠬᠤ ᠵᠡᠷᠭᠡ ᠲᠠᠯ᠎ᠠ ᠪᠠᠷ ᠰᠢᠨᠵᠢᠯᠡᠬᠦ ᠤᠬᠠᠭᠠᠨᠴᠢ ᠵᠠᠳᠠᠯᠤᠯᠲᠠ ᠬᠢᠵᠦ᠂ ᠲᠦᠷᠦ ᠶᠢᠨ ᠪᠤᠳᠤᠯᠭ᠎ᠠ ᠶᠢ ᠣᠨᠣᠪᠴᠢᠲᠠᠢ ᠬᠡᠷᠡᠭᠵᠢᠭᠦᠯᠬᠦ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠳᠡᠭᠡᠳᠦ ᠪᠠᠶᠢᠷᠢ ᠶᠢᠨ ᠲᠥᠯᠥᠪᠵᠢᠭᠦᠯᠭᠡ ᠯᠦᠭᠡ ᠵᠣᠯᠭᠠᠭᠤᠯᠬᠤ ᠶᠢ ᠴᠢᠩᠭᠠᠳᠬᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map