ᠥᠪᠥᠷ ᠮᠣᠩᠭᠤᠯ ᠴᠢᠯᠠᠭᠤᠨ ᠠᠭᠤᠶ ᠶᠢᠨ ᠰᠦᠮ᠎ᠡ ᠬᠡᠶᠢᠳ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/1/7
     ᠶᠡᠷᠦᠩᠬᠡᠶ ᠱᠦᠵᠢ ᠰᠢ ᠶᠢᠨ ᠫᠢᠩ ᠤᠨ ᠴᠢᠯᠠᠭᠤᠨ ᠠᠭᠤᠶ ᠶᠢᠨ ᠰᠦᠮ᠎ᠡ ᠬᠡᠶᠢᠳ ᠢ ᠬᠠᠮᠠᠭᠠᠯᠠᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠤᠯᠤᠰ ᠤᠨ ᠲᠡᠦᠬᠡ ᠶᠢᠨ ᠳᠤᠷᠠᠰᠬᠠᠯᠲᠤ ᠵᠦᠶᠯᠡᠰ  ᠤᠨ ᠲᠣᠪᠴᠢᠶᠠᠨ ᠤ《 ᠪᠥᠬᠦ ᠤᠯᠤᠰ ᠤᠨ ᠴᠢᠯᠠᠭᠤᠨ ᠠᠭᠤᠶ ᠶᠢᠨ ᠰᠦᠮ᠎ᠡ ᠬᠡᠶᠢᠳ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ》 ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠴᠢᠯᠠᠭᠤᠨ ᠠᠭᠤᠶ ᠶᠢᠨ ᠰᠦᠮ᠎ᠡ ᠬᠡᠶᠢᠳ ᠤᠨ ᠣᠳᠣᠬᠢ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠂ ᠴᠢᠯᠠᠭᠤᠨ ᠠᠭᠤᠶ ᠶᠢᠨ ᠰᠦᠮ᠎ᠡ ᠬᠡᠶᠢᠳ ᠢ ᠬᠠᠮᠠᠭᠠᠯᠠᠵᠤ ᠠᠰᠢᠭᠯᠠᠬᠤ ᠶᠢ ᠪᠦᠬᠦᠯᠢ ᠴᠣᠭᠴᠠ ᠪᠠᠷ ᠨᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ  ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ 11 ᠳ᠋ᠦ᠋ᠭᠡᠷ ᠰᠠᠷ᠎ᠠ ᠶᠢᠨ ᠰᠡᠭᠦᠯᠴᠢ ᠪᠠᠷ《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠠᠭᠤᠶ ᠶᠢᠨ ᠰᠦᠮ᠎ᠡ ᠬᠡᠶᠢᠳ ᠤᠨ ᠲᠤᠰᠬᠠᠶ ᠪᠠᠶᠢᠴᠠᠭᠠᠯᠲᠠ ᠶᠢᠨ ᠠᠵᠢᠯ  ᠤᠨ ᠲᠥᠰᠦᠯ》 ᠢ ᠲᠣᠭᠲᠠᠭᠠᠵᠤ᠂ ᠠᠵᠢᠯ ᠤᠨ ᠠᠭᠤᠯᠭ᠎ᠠ ᠪᠣᠯᠤᠨ ᠴᠠᠭ ᠬᠤᠭᠤᠴᠠᠭ᠎ᠠ ᠶᠢ ᠲᠣᠳᠣᠷᠬᠠᠶᠢᠯᠠᠪᠠ᠃ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠶᠣᠰᠣᠭᠠᠷ᠂ 8 ᠴᠢᠯᠠᠭᠤᠨ ᠠᠭᠤᠶ ᠶᠢᠨ ᠰᠦᠮ᠎ᠡ ᠶᠢᠨ ᠲᠤᠰᠬᠠᠶ ᠪᠠᠶᠢᠴᠠᠭᠠᠯᠲᠠ ᠶᠢᠨ ᠳᠤᠭᠤᠶᠢᠯᠠᠩ ᠢ ᠵᠣᠬᠢᠶᠠᠨ ᠪᠠᠶᠢᠭᠤᠯᠤᠭᠠᠳ ᠪᠥᠬᠦ ᠬᠦᠴᠦᠨ ᠢᠶᠠᠷ ᠢᠶᠠᠨ ᠪᠠᠶᠢᠴᠠᠭᠠᠯᠲᠠ ᠬᠢᠪᠠ᠃      12 ᠳ᠋ᠤᠭᠠᠷ ᠰᠠᠷ᠎ᠠ ᠠᠴᠠ ᠨᠠᠭᠠᠰᠢ᠂ ᠥᠪᠥᠷ ᠮᠣᠩᠭᠤᠯ ᠤᠨ ᠠᠭᠠᠷ ᠤᠨ ᠳᠤᠯᠠᠭᠠᠨ ᠭᠡᠨᠡᠳᠲᠡ ᠪᠠᠭᠤᠷᠠᠵᠠᠢ᠃ ᠡᠯ᠎ᠡ ᠭᠠᠵᠠᠷ ᠤᠨ ᠬᠢᠨ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠲᠤᠬᠠᠶᠢᠯᠠᠭᠰᠠᠨ ᠠᠵᠢᠯ ᠤᠨ ᠭᠤᠤᠯᠯᠠᠬᠤ ᠬᠦᠴᠦᠨ ᠢᠶᠠᠨ ᠵᠣᠬᠢᠶᠠᠨ ᠪᠠᠶᠢᠭᠤᠯᠤᠨ᠂ ᠬᠤᠣᠰ ᠡᠳᠦᠷ ᠤᠨ ᠠᠮᠠᠷᠠᠯᠲᠠ ᠪᠠᠨ ᠪᠤᠯᠢᠵᠤ᠂ ᠡᠭᠡᠯᠵᠢ ᠴᠠᠭ ᠢᠶᠠᠨ ᠤᠷᠲᠤᠳᠬᠠᠨ ᠨᠡᠮᠡᠵᠦ ᠠᠵᠢᠯᠯᠠᠨ᠂ ᠠᠵᠢᠯ ᠤᠨ ᠪᠦᠲᠦᠭᠡᠮᠵᠢ ᠶᠢ ᠠᠩᠬᠠᠷᠤᠨ ᠴᠢᠬᠤᠯᠠᠴᠢᠯᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠴᠡᠭ ᠢ ᠴᠢᠩᠭ᠎ᠠ ᠱᠠᠭᠠᠷᠳᠠᠨ᠂ ᠡᠯ᠎ᠡ ᠵᠦᠶᠯ ᠤᠨ ᠬᠦᠴᠢᠷ ᠪᠡᠷᠬᠡᠰᠢᠶᠡᠯ ᠢ ᠢᠯᠡᠨ ᠳᠠᠪᠠᠵᠤ᠂ RTK᠂ ᠵᠢᠯᠣᠭᠤᠴᠢ ᠥᠬᠡᠶ ᠨᠢᠰᠬᠡᠯ ᠵᠡᠷᠭᠡ ᠲᠥᠬᠦᠭᠡᠷᠦᠮᠵᠢ ᠶᠢ ᠠᠰᠢᠭᠯᠠᠭᠠᠳ ᠭᠠᠵᠠᠷ ᠳᠠᠷᠠᠭᠠᠯᠠᠵᠤ ᠬᠡᠭᠡᠷ᠎ᠡ ᠶᠢᠨ ᠪᠠᠶᠢᠴᠠᠭᠠᠯᠲᠠ ᠬᠢᠭᠰᠡᠨ ᠢᠶᠠᠷ ᠡᠯ᠎ᠡ ᠳᠤᠭᠤᠶᠢᠯᠠᠩ ᠤᠨ ᠬᠡᠭᠡᠷ᠎ᠡ ᠶᠢᠨ ᠪᠠᠶᠢᠴᠠᠭᠠᠯᠲᠠ ᠳᠤ ᠬᠡᠷᠡᠭᠵᠢᠭᠦᠯᠭᠰᠡᠨ ᠨᠣᠷᠮ᠎ᠠ ᠨᠢ 90 % ᠳᠤ ᠬᠦᠷᠪᠡ᠃ ᠪᠠᠶᠢᠴᠠᠭᠠᠯᠲᠠ ᠶᠢᠨ ᠠᠵᠢᠯ ᠨᠢ ᠵᠢᠱᠢᠯᠲᠡ ᠪᠠᠷ 1 ᠳ᠋ᠦ᠋ᠭᠡᠷ ᠰᠠᠷ᠎ᠠ ᠶᠢᠨ ᠳᠤᠮᠳᠠᠴᠢ ᠪᠠᠷ ᠪᠦᠬᠦᠨ ᠢ ᠪᠡᠶᠡᠯᠡᠭᠦᠯᠬᠦ ᠪᠣᠯᠤᠨ᠎ᠠ᠃
     ᠬᠥᠬᠡᠬᠤᠲᠠ ᠶᠢᠨ ᠪᠠᠶᠢᠴᠠᠭᠠᠬᠤ ᠳᠤᠭᠤᠶᠢᠯᠠᠩ᠄ ᠠᠵᠢᠯᠲᠠᠳ ᠪᠦᠭᠦᠨ ᠢ ᠨᠣᠮᠤᠳᠬᠠᠬᠤ ᠰᠦᠮ᠎ᠡ ᠶᠢᠨ ᠬᠠᠲᠠᠨ ᠬᠥᠷᠥᠭ ᠢ ᠨᠢᠭᠡᠳ ᠨᠢᠭᠡ ᠪᠠᠷ ᠰᠡᠭᠦᠳᠡᠷᠯᠡᠵᠦ ᠪᠠᠶᠢᠭ᠎ᠠ ᠨᠢ
     ᠪᠤᠭᠤᠲᠤ ᠶᠢᠨ ᠪᠠᠶᠢᠴᠠᠭᠠᠬᠤ ᠳᠤᠭᠤᠶᠢᠯᠠᠩ᠄ ᠠᠵᠢᠯᠲᠠᠳ ᠪᠤᠭᠤᠲᠤ ᠶᠢᠨ ᠵᠢᠢ ᠮᠤᠤ ᠶᠣᠣ ᠽᠢ ᠴᠢᠯᠠᠭᠤᠨ ᠠᠭᠤᠢ ᠳᠤ ᠪᠠᠶᠢᠴᠠᠭᠠᠯᠲᠠ ᠬᠢᠬᠦ ᠶᠢᠨ ᠬᠠᠮᠲᠤ ᠰᠡᠷᠡᠮᠵᠢ ᠶᠢᠨ ᠫᠠᠶᠢᠰᠠ ᠲᠠᠯᠪᠢᠵᠤ ᠪᠠᠶᠢᠭ᠎ᠠ ᠨᠢ
     ᠣᠷᠳᠣᠰ ᠤᠨ ᠪᠠᠶᠢᠴᠠᠭᠠᠬᠤ ᠳᠤᠭᠤᠶᠢᠯᠠᠩ᠄ ᠠᠵᠢᠯᠲᠠᠳ ᠪᠠᠭᠠᠨᠠᠭᠤᠷ ᠴᠢᠯᠠᠭᠤᠨ ᠠᠭᠤᠶ ᠶᠢᠨ ᠰᠦᠮ᠎ᠡ ᠳᠤ ᠬᠡᠮᠵᠢᠯᠲᠡ ᠵᠢᠷᠤᠭᠯᠠᠯᠲᠠ ᠬᠢᠵᠦ ᠪᠠᠶᠢᠭ᠎ᠠ ᠨᠢ
     ᠤᠯᠠᠭᠠᠨᠬᠠᠳᠠ ᠶᠢᠨ ᠪᠠᠶᠢᠴᠠᠭᠠᠬᠤ ᠳᠤᠭᠤᠶᠢᠯᠠᠩ᠄ ᠤᠯᠠᠭᠠᠨᠬᠠᠳᠠ ᠣᠷᠣᠨ ᠳᠤ ᠶᠡᠭᠡ ᠴᠠᠰᠤ ᠲᠠᠢ᠂ ᠮᠠᠰᠢᠨ ᠶᠠᠪᠤᠭᠤᠷᠢ ᠥᠬᠡᠶ ᠪᠣᠯᠬᠤᠷ ᠠᠵᠢᠯᠲᠠᠳ ᠶᠠᠪᠠᠭᠠᠨ ᠶᠠᠪᠤᠵᠤ ᠴᠢᠯᠠᠭᠤᠨ ᠠᠭᠤᠶ ᠶᠢᠨ ᠰᠦᠮ᠎ᠡ ᠳᠤ ᠬᠦᠷᠦᠭᠡᠳ ᠪᠠᠶᠢᠴᠠᠭᠠᠯᠲᠠ ᠬᠢᠵᠦ ᠪᠠᠶᠢᠭ᠎ᠠ ᠨᠢ
     ᠲᠦᠩᠯᠢᠶᠣᠤ ᠬᠤᠲᠠ ᠶᠢᠨ ᠪᠠᠶᠢᠴᠠᠭᠠᠬᠤ ᠳᠤᠭᠤᠶᠢᠯᠠᠩ᠄ ᠠᠵᠢᠯᠲᠠᠳ ᠲᠦᠩᠯᠢᠶᠣᠤ ᠬᠤᠲᠠ ᠶᠢᠨ ᠠᠭᠤᠢ ᠠᠭᠤᠯᠠ ᠶᠢᠨ ᠴᠢᠯᠠᠭᠤᠨ ᠠᠭᠤᠶ ᠶᠢᠨ ᠰᠦᠮ᠎ᠡ ᠳᠤ ᠪᠠᠶᠢᠴᠠᠭᠠᠯᠲᠠ ᠬᠢᠬᠦ ᠶᠢᠨ ᠬᠠᠮᠲᠤ ᠰᠡᠷᠡᠮᠵᠢ ᠶᠢᠨ ᠫᠠᠶᠢᠰᠠ ᠲᠠᠯᠪᠢᠵᠤ ᠪᠠᠶᠢᠭ᠎ᠠ ᠨᠢ
     ᠰᠢᠯᠢ ᠶᠢᠨ ᠭᠤᠤᠯ ᠤᠨ ᠪᠠᠶᠢᠴᠠᠭᠠᠯᠲᠠ ᠶᠢᠨ ᠳᠤᠭᠤᠶᠢᠯᠠᠩ᠄ ᠠᠭᠤᠯᠠᠨ ᠳᠤ ᠴᠠᠰᠤ ᠶᠡᠭᠡ᠂ ᠲᠡᠷᠭᠡ ᠤᠨᠤᠭ᠎ᠠ ᠣᠷᠣᠵᠤ ᠳᠡᠶᠢᠯᠬᠦ ᠥᠬᠡᠶ ᠪᠠᠶᠢᠳᠠᠯ ᠳᠣᠣᠷ᠎ᠠ ᠠᠵᠢᠯᠲᠠᠳ ᠲᠡᠦᠬᠡ ᠶᠢᠨ ᠳᠤᠷᠠᠰᠬᠠᠯᠲᠤ ᠵᠦᠶᠯᠡᠰ ᠪᠠᠶᠢᠭ᠎ᠠ ᠭᠠᠵᠠᠷ ᠲᠤ 2 ᠴᠠᠭ ᠶᠠᠪᠠᠭᠠᠨ ᠶᠠᠪᠤᠵᠤ ᠬᠦᠷᠦᠭᠰᠡᠨ ᠨᠢ  
     ᠠᠯᠠᠱᠠ ᠶᠢᠨ ᠪᠠᠶᠢᠴᠠᠭᠠᠬᠤ ᠳᠤᠭᠤᠶᠢᠯᠠᠩ᠄ ᠠᠵᠢᠯᠲᠠᠳ ᠰᠦᠮᠡᠳᠤ ᠶᠢᠨ ᠴᠢᠯᠠᠭᠤᠨ ᠠᠭᠤᠶ ᠶᠢᠨ ᠰᠦᠮ᠎ᠡ ᠶᠢ ᠵᠢᠯᠣᠭᠤᠴᠢ ᠥᠬᠡᠶ ᠨᠢᠰᠬᠡᠯ ᠢᠶᠠᠷ ᠰᠡᠭᠦᠳᠡᠷᠯᠡᠬᠦ ᠪᠠᠷ ᠨᠢᠰᠦᠯᠲᠡ ᠶᠢᠨ ᠲᠣᠬᠢᠷᠠᠭᠤᠯᠤᠯᠲᠠ ᠬᠢᠵᠦ ᠪᠠᠶᠢᠭ᠎ᠠ ᠨᠢ
     ᠪᠠᠶᠠᠨᠨᠠᠭᠤᠷ ᠤᠨ ᠪᠠᠶᠢᠴᠠᠭᠠᠬᠤ ᠳᠤᠭᠤᠶᠢᠯᠠᠩ᠄ ᠠᠵᠢᠯᠲᠠᠳ ᠬᠤᠩ ᠶᠠᠩ ᠳ᠋ᠦᠩ ᠴᠢᠯᠠᠭᠤᠨ ᠠᠭᠤᠢ ᠶᠢᠨ ᠰᠦᠮ᠎ᠡ ᠶᠢ ᠪᠠᠶᠢᠴᠠᠭᠠᠵᠤ ᠪᠠᠶᠢᠭ᠎ᠠ ᠨᠢ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map