ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠶᠠᠷᠢᠯᠴᠠᠭᠠᠨ ᠤ ᠬᠤᠷᠠᠯ ᠲᠡᠬᠦᠰᠴᠤ《 ᠠᠽᠢᠶ᠎ᠠ ᠲᠢᠪ ᠤᠨ ᠰᠣᠶᠣᠯ ᠤᠨ ᠥᠪ ᠢ ᠬᠠᠮᠠᠭᠠᠯᠠᠬᠤ ᠠᠵᠢᠯᠯᠠᠭ᠎ᠠ ᠶᠢ ᠬᠠᠮᠲᠤ ᠪᠠᠷ ᠥᠷᠨᠢᠭᠦᠯᠬᠦ ᠲᠤᠬᠠᠶ ᠰᠠᠨᠠᠭᠠᠴᠢᠯᠠᠭ᠎ᠠ 》  ᠶᠢ  ᠨᠡᠶᠢᠲᠡᠯᠡᠪᠡ
ᠨᠡᠶᠢᠲᠡᠯᠡᠭᠰᠡᠨ ᠴᠠᠭ᠄
2021/11/5
     10  ᠳ᠋ᠤᠭᠠᠷ ᠰᠠᠷ᠎ᠠ ᠶᠢᠨ 28 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠤᠯᠤᠰ ᠤᠨ ᠲᠡᠦᠬᠡ  ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠪᠡᠭᠡᠵᠢᠩ ᠬᠤᠲᠠ ᠶᠢᠨ ᠵᠠᠰᠠᠭ ᠤᠨ ᠣᠷᠳᠣᠨ ᠬᠠᠮᠲᠤᠷᠠᠨ ᠡᠷᠭᠢᠯᠡᠭᠰᠡᠨ ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠶᠠᠷᠢᠯᠴᠠᠭᠠᠨ ᠤ ᠬᠤᠷᠠᠯ ᠲᠡᠭᠦᠰᠪᠡ  ᠃ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ  ᠲᠤᠪᠴᠢᠶ᠎ᠠ ᠶᠢᠨ ᠳᠠᠷᠤᠭ᠎ᠠ ᠯᠢ ᠴᠢᠶᠦ᠋ᠨ ᠬᠤᠷᠠᠯ ᠳᠤ ᠤᠷᠤᠯᠴᠠᠭᠰᠠᠨ 27 ᠤᠯᠤᠰ ᠢ ᠲᠥᠯᠥᠭᠡᠯᠡᠨ 《 ᠠᠽᠢᠶ᠎ᠠ ᠲᠢᠪ ᠤᠨ ᠰᠣᠶᠣᠯ ᠤᠨ ᠥᠪ ᠢ ᠬᠠᠮᠠᠭᠠᠯᠠᠬᠤ ᠠᠵᠢᠯᠯᠠᠭ᠎ᠠ ᠶᠢ ᠬᠠᠮᠲᠤ ᠪᠠᠷ ᠥᠷᠨᠢᠭᠦᠯᠬᠦ ᠲᠤᠬᠠᠶ ᠰᠠᠨᠠᠭᠠᠴᠢᠯᠠᠭ᠎ᠠ 》  ᠶᠢ ᠨᠡᠶᠢᠲᠡᠯᠡᠪᠡ  ᠃      ᠰᠠᠨᠠᠭᠠᠴᠢᠯᠭ᠎ᠠ ᠨᠢ ᠣᠳᠣᠬᠠᠨ ᠤ ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠥᠷᠢᠰᠥᠯᠳᠦᠭᠡᠨ ᠢ ᠲᠣᠳᠣᠷᠬᠠᠶᠢᠯᠠᠵᠤ᠂ ᠠᠽᠢᠶ᠎ᠠ ᠲᠢᠪ ᠤᠨ ᠡᠯ᠎ᠡ ᠤᠯᠤᠰ ᠪᠣᠯ 《 ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯᠯᠠᠭ᠎ᠠ 》 ᠶᠢ ᠲᠦᠯᠬᠢᠨ ᠠᠬᠢᠭᠤᠯᠬᠤ ᠵᠠᠩᠭᠢᠯᠠᠭ᠎ᠠ ᠶᠢᠨ ᠬᠦᠴᠦᠨ ᠮᠥᠨ ᠭᠡᠵᠦ ᠳᠤᠷᠠᠳᠤᠨ ᠭᠠᠷᠭᠠᠵᠤ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠡᠮᠵᠢᠯᠭᠡ ᠪᠠ ᠤᠷᠤᠯᠴᠠᠯᠭ᠎ᠠ ᠶᠢ ᠤᠷᠢᠶᠠᠯᠠᠨ  ᠂ 《 ᠠᠽᠢᠶ᠎ᠠ ᠲᠢᠪ ᠤᠨ ᠰᠣᠶᠣᠯ ᠤᠨ ᠥᠪ ᠢ ᠬᠠᠮᠠᠭᠠᠯᠠᠬᠤ ᠠᠵᠢᠯᠯᠠᠭ᠎ᠠ 》 ᠶᠢᠨ ᠪᠣᠷᠣ ᠲᠥᠯᠥᠪ ᠤᠨ ᠳᠣᠣᠷ᠎ᠠ ᠲᠣᠭᠲᠠᠮᠠᠯ ᠬᠤᠭᠤᠴᠠᠭ᠎ᠠ ᠲᠠᠢ ᠪᠠᠷ ᠶᠠᠷᠢᠯᠴᠠᠭᠠᠨ ᠤ ᠲᠠᠪᠴᠠᠩ ᠡᠷᠭᠢᠯᠡᠬᠦ ᠪᠠᠷ ᠲᠣᠭᠲᠠᠪᠠ  ᠃  ᠰᠠᠨᠠᠭᠠᠴᠢᠯᠠᠭ᠎ᠠ ᠳᠤ᠂ ᠠᠽᠢᠶ᠎ᠠ ᠲᠢᠪ ᠤᠨ ᠡᠯ᠎ᠡ ᠤᠯᠤᠰ ᠬᠠᠷᠢᠯᠴᠠᠨ ᠬᠠᠮᠲᠤᠷᠠᠯᠴᠠᠵᠤ ᠠᠽᠢᠶ᠎ᠠ ᠲᠢᠪ ᠤᠨ ᠰᠣᠶᠣᠯ  ᠤᠨ ᠥᠪ ᠢ ᠬᠠᠮᠠᠭᠠᠯᠠᠬᠤ ᠠᠵᠢᠯᠯᠠᠭ᠎ᠠ ᠥᠷᠨᠢᠭᠦᠯᠵᠦ᠂ ᠠᠽᠢᠶ᠎ᠠ ᠲᠢᠪ ᠤᠨ ᠪᠣᠯᠪᠠᠰᠤᠨ ᠤ ᠦᠷ᠎ᠡ ᠪᠦᠲᠦᠭᠡᠯ ᠢ ᠰᠠᠬᠢᠨ ᠬᠠᠮᠠᠭᠠᠯᠠᠵᠤ᠂ ᠠᠽᠢᠶ᠎ᠠ ᠲᠢᠪ ᠤᠨ ᠪᠣᠯᠪᠠᠰᠤᠨ ᠤ ᠰᠣᠯᠢᠯᠴᠠᠭ᠎ᠠ ᠲᠤᠯᠢᠳᠠᠯ ᠢ ᠠᠬᠢᠭᠤᠯᠵᠤ᠂ ᠠᠽᠢᠶ᠎ᠠ ᠲᠢᠪ ᠤᠨ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠠᠽᠢᠶ᠎ᠠ ᠲᠢᠪ ᠤᠨ ᠰᠢᠨ᠎ᠡ ᠶᠢ ᠡᠭᠦᠳᠬᠦ ᠠᠮᠢᠵᠢᠷᠠᠯ  ᠤᠨ ᠬᠦᠴᠦᠨ ᠢ ᠬᠥᠭᠵᠢᠭᠡᠵᠦ᠂ ᠰᠣᠶᠣᠯ ᠤᠨ ᠥᠪ ᠢᠶᠠᠷ ᠠᠽᠢᠶ᠎ᠠ ᠲᠢᠪ ᠤᠨ ᠢᠷᠡᠭᠡᠳᠦᠢ ᠶᠢ ᠬᠠᠮᠲᠤ ᠪᠠᠷ ᠴᠣᠭᠴᠠᠯᠠᠵᠤ᠂ ᠠᠶᠤᠯ ᠲᠦᠭᠰᠢᠭᠦᠷᠢ᠂ ᠥᠷᠢᠰᠥᠯᠳᠦᠭᠡᠨ ᠢ ᠭᠠᠷ ᠬᠤᠯᠪᠣᠨ ᠠᠷᠭᠠᠴᠠᠭᠠᠵᠤ᠂ ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ ᠭᠡᠵᠦ ᠳᠤᠷᠠᠳᠪᠠ  ᠃      ᠲᠡᠭᠦᠰᠬᠦ ᠬᠤᠷᠠᠯ ᠳᠡᠭᠡᠷ᠎ᠡ᠂ 《 ᠠᠽᠢᠶ᠎ᠠ ᠲᠢᠪ ᠤᠨ ᠰᠣᠶᠣᠯ ᠤᠨ ᠥᠪ ᠤᠨ ᠲᠤᠭᠠᠵᠢᠭᠤᠯᠤᠭᠰᠠᠨ ᠦᠵᠡᠭᠦᠯᠭᠡ 》᠂ 《 ᠪᠡᠭᠡᠵᠢᠩ ᠤᠨ ᠭᠤᠣᠯ ᠲᠡᠩᠭᠡᠯᠢᠭᠲᠦ ᠲᠤᠭᠠᠵᠢᠭᠤᠯᠤᠭᠰᠠᠨ ᠦᠵᠡᠭᠦᠯᠭᠡ 》᠂ 《 ᠪᠡᠭᠡᠵᠢᠩ ᠤᠨ ᠬᠠᠢ ᠳ᠋ᠢᠶᠠᠨ ᠤ ᠭᠤᠷᠪᠠᠨ ᠠᠭᠤᠯᠠ ᠲᠠᠪᠤᠨ ᠬᠦᠷᠢᠶᠡᠯᠡᠩ ᠤᠨ  ᠲᠤᠭᠠᠵᠢᠭᠤᠯᠤᠭᠰᠠᠨ ᠦᠵᠡᠭᠦᠯᠭᠡ 》  ᠶᠢ ᠭᠠᠷᠭᠠᠪᠠ᠃      ᠣᠶᠢᠯᠠᠭᠠᠭᠰᠠᠨ ᠢᠶᠠᠷ᠂ ᠶᠠᠷᠢᠯᠴᠠᠭᠠᠨ ᠤ ᠬᠤᠷᠠᠯ ᠡᠯᠪᠡᠭ ᠦᠷ᠎ᠡ ᠪᠦᠲᠦᠭᠡᠯ ᠣᠯᠵᠤ᠂ ᠳᠤᠮᠳᠠᠳᠤ ᠤᠯᠤᠰ᠂ ᠠᠷᠮᠧᠨᠢᠶ᠎ᠠ᠂ ᠺᠠᠮᠪᠣᠵᠠ᠂ ᠰᠣᠯᠣᠩᠭᠤᠰ᠂ ᠢᠷᠡᠨ᠂ ᠺᠢᠷᠬᠢᠽᠰᠲ᠋ᠠᠨ᠂ ᠫᠠᠺᠢᠰᠲ᠋ᠠᠨ᠂ ᠰᠢᠷᠢᠶ᠎ᠠ᠂ ᠠᠷᠠᠪ ᠤᠨ ᠬᠤᠯᠪᠣᠭᠠᠲᠤ ᠠᠬᠠᠮᠠᠳᠳᠤ ᠤᠯᠤᠰ᠂ ᠶᠧᠮᠧᠨ ᠵᠡᠷᠭᠡ ᠠᠽᠢᠶ᠎ᠠ ᠲᠢᠪ ᠤᠨ 10 ᠤᠯᠤᠰ ᠬᠠᠮᠲᠤ ᠪᠠᠷ 《 ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠬᠤᠯᠪᠣᠭ᠎ᠠ 》 ᠶᠢ ᠡᠭᠦᠰᠭᠡᠨ ᠪᠠᠶᠢᠭᠤᠯᠵᠤ᠂ ᠳᠤᠮᠳᠠᠳᠤ ᠤᠯᠤᠰ ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠰᠠᠭᠤᠷᠢ ᠮᠥᠩᠭᠦ ᠶᠢ ᠪᠠᠶᠢᠭᠤᠯᠵᠤ᠂ 《 ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠵᠠᠯᠠᠭᠤᠴᠤᠳ ᠤᠨ ᠡᠯᠴᠢᠨ ᠰᠠᠶᠢᠳ 》 ᠤᠨ ᠲᠥᠯᠥᠪᠯᠡᠭᠡ ᠶᠢ ᠡᠬᠢᠯᠡᠭᠦᠯᠵᠦ᠂ ᠬᠠᠮᠲᠤᠷᠠᠯᠴᠠᠭᠠᠨ ᠤ ᠲᠣᠭᠲᠠᠴᠠ᠂ ᠦᠷᠬᠦᠯᠵᠢᠯᠡᠭᠰᠡᠨ ᠬᠥᠭᠵᠢᠯᠲᠡ ᠪᠠ ᠴᠢᠳᠠᠪᠤᠷᠢ  ᠶᠢᠨ ᠪᠠᠶᠢᠭᠤᠯᠤᠯᠲᠠ ᠵᠡᠷᠭᠡ ᠲᠠᠯ᠎ᠠ ᠠᠴᠠ ᠠᠽᠢᠶ᠎ᠠ ᠲᠢᠪ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯᠯᠠᠭ᠎ᠠ  ᠶᠢ ᠠᠬᠢᠭᠤᠯᠬᠤ ᠳᠤ ᠦᠨᠡᠨ ᠬᠦ ᠪᠠᠲᠤᠯᠠᠭ᠎ᠠ ᠬᠠᠩᠭᠠᠭᠰᠠᠨ ᠪᠠᠶᠢᠨ᠎ᠠ  ᠃ ᠶᠠᠷᠢᠯᠴᠠᠭᠠᠨ ᠤ ᠬᠤᠷᠠᠯ ᠤᠨ ᠬᠤᠭᠤᠴᠠᠭᠠᠨ  ᠳᠤ᠂ ᠠᠽᠢᠶ᠎ᠠ ᠲᠢᠪ ᠤᠨ 18 ᠤᠯᠤᠰ ᠠᠴᠠ ᠢᠷᠡᠭᠰᠡᠨ ᠲᠤᠰᠬᠠᠶ ᠮᠡᠷᠭᠡᠵᠢᠯᠲᠡᠨ᠂ ᠡᠷᠳᠡᠮᠲᠡᠳ 《 ᠰᠣᠶᠣᠯ ᠤᠨ ᠥᠪ ᠠᠽᠢᠶ᠎ᠠ ᠲᠢᠪ ᠤᠨ ᠦᠷᠬᠦᠯᠵᠢᠯᠡᠭᠰᠡᠨ ᠬᠥᠭᠵᠢᠯᠲᠡ ᠶᠢ ᠠᠬᠢᠭᠤᠯᠬᠤ 》ᠵᠡᠷᠭᠡ ᠭᠤᠤᠯ ᠰᠡᠳᠦᠪ ᠤᠨ ᠲᠣᠭᠤᠷᠢᠨ  ᠳᠤ ᠲᠤᠷᠰᠢᠯᠭ᠎ᠠ ᠪᠠᠨ ᠰᠣᠯᠢᠯᠴᠠᠵᠤ᠂ ᠲᠠᠨᠢᠯᠲᠠ ᠪᠠᠨ ᠨᠢᠭᠲᠠᠷᠠᠭᠤᠯᠵᠤ᠂ ᠠᠽᠢᠶ᠎ᠠ ᠲᠢᠪ ᠤᠨ ᠰᠣᠶᠣᠯ ᠤᠨ ᠥᠪ ᠢ ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠳᠤ ᠣᠶᠤᠨ ᠤᠬᠠᠭᠠᠨ ᠢᠶᠠᠨ ᠡᠷᠭᠦᠪᠡ  ᠃ ( ᠼᠦᠢ ᠵᠧ )  
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map